ᠡᠮᠦᠨ᠎ᠡ ᠤᠭᠠᠯᠵᠠ ᠭᠠᠴᠠᠭᠠᠨ᠎ᠤ ᠡᠮᠡᠭ᠌ᠲᠡᠢᠴᠦᠳ᠎ᠤᠨ ᠬᠤᠯᠪᠤᠭ᠎ᠠ ᠤᠯᠤᠰ᠎ᠢᠶᠠᠨ ᠬᠠᠢᠷᠠᠯᠠᠬᠤ ᠬᠥᠮᠦᠵᠢᠯ᠎ᠤᠨ ᠠᠵᠢᠯᠯᠠᠭ᠎ᠠ ᠥᠷᠨᠢᠭᠦᠯᠪᠠ
2021-10-11 10:11:44
ᠵᠣᠬᠢᠶᠠᠭ᠍ᠴᠢ᠄
ᠲᠤᠷᠠᠨ
ᠣᠩᠱᠢᠭ᠍ᠰᠠᠨ ᠣᠳᠠᠭ᠎ᠠ᠄
★★★☆☆

ᠤᠢᠷ᠎ᠠ᠎ᠶ᠋ᠢᠨ ᠡᠳᠦᠷ᠂ ᠵᠠᠷᠤᠳ ᠬᠤᠱᠢᠭᠤᠨ᠎ᠤ ᠴᠢᠪᠠᠭᠠᠲᠤ ᠰᠤᠮᠤᠨ᠎ᠤ ᠡᠮᠦᠨ᠎ᠡ ᠤᠭᠠᠯᠵᠠ ᠭᠠᠴᠠᠭᠠᠨ᠎ᠤ ᠡᠮᠡᠭ᠌ᠲᠡᠢᠴᠦᠳ᠎ᠤᠨ ᠬᠤᠯᠪᠣᠭ᠎ᠠ 《ᠵᠠᠭᠤᠨ ᠵᠢᠯ᠎ᠤᠨ ᠴᠤᠭ ᠵᠢᠪᠬᠤᠭ᠎ᠠ᠎ᠶ᠋ᠢ ᠮᠠᠭ᠍ᠲᠠᠨ ᠳᠠᠭᠤᠯᠠᠵᠤ᠂ ᠬᠤᠪᠢᠰᠭᠠᠯ᠎ᠤᠨ ᠤᠳᠤᠮᠱᠢᠯ᠎ᠢ ᠤᠯᠠᠮᠵᠢᠯᠠᠬᠤ》 ᠎ᠪᠠᠷ ᠭᠤᠤᠯ ᠰᠡᠳᠦᠪ ᠪᠤᠯᠭᠠᠭ᠍ᠰᠠᠨ᠂ ᠥᠷᠭᠡᠨ ᠣᠯᠠᠨ ᠡᠮᠡᠭ᠌ᠲᠡᠢᠴᠦᠳ᠎ᠤᠨ ᠳᠤᠮᠳᠠ ᠨᠣᠮ ᠤᠩᠱᠢᠬᠤ ᠬᠥᠮᠦᠵᠢᠯ᠎ᠤᠨ ᠠᠵᠢᠯᠯᠠᠭ᠎ᠠ ᠦᠷᠨᠢᠭᠦᠯᠵᠦ᠍᠂ ᠨᠠᠮ᠎ᠢᠶᠠᠨ ᠬᠠᠢᠷᠠᠯᠠᠵᠤ᠂ ᠤᠯᠤᠰ᠎ᠢᠶᠠᠨ ᠬᠠᠢᠷᠠᠯᠠᠬᠤ ᠬᠠᠯᠠᠭᠤᠨ ᠰᠡᠤᠡᠬᠢᠯᠭᠡ᠎ᠶ᠋ᠢ ᠨᠡᠩ ᠤᠷᠬᠢᠯᠤᠭᠤᠯᠵᠠᠢ᠃

ᠲᠣᠰ ᠤᠳᠠᠭᠠᠨ᠎ᠤ ᠠᠵᠢᠯᠯᠠᠭ᠎ᠠ᠎ᠳᠤ ᠨᠡᠢᠲᠡ 40 ᠭᠠᠷᠤᠶ ᠡᠮᠡᠭ᠌ᠲᠡᠢᠴᠦᠳ ᠣᠷᠣᠯᠴᠠᠵᠤ᠂ 《ᠨᠠᠮ᠎ᠤᠨ ᠦᠯᠢᠭᠡᠷ᠎ᠢ ᠶᠠᠷᠢᠶ᠎ᠠ》 ᠭᠡᠬᠦ᠌ ᠬᠥᠮᠦᠵᠢᠯ᠎ᠤᠨ ᠠᠵᠢᠯᠯᠠᠭ᠎ᠠ᠎ᠳᠤ ᠨᠠᠮ᠎ᠤᠨ ᠲᠡᠦᠬᠡ᠎ᠶ᠋ᠢᠨ ᠥᠯᠢᠭᠡᠷ᠂ ᠬᠤᠪᠢᠰᠭᠠᠯᠳᠤ ᠪᠠᠭᠠᠲᠤᠷ᠎ᠤᠨ ᠥᠯᠢᠭᠡᠷ ᠪᠠ ᠳᠡᠷᠭᠡᠳᠡᠬᠢ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠎ᠤ ᠥᠯᠢᠭᠡᠷ᠎ᠢ ᠶᠠᠷᠢᠵᠦ᠍᠂ ᠡᠮᠡᠭ᠌ᠲᠡᠢᠴᠦᠳ᠎ᠲᠤ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠲᠤᠷᠱᠢᠬᠢ ᠬᠦᠴᠢᠷ ᠪᠡᠷᠬᠡᠱᠢᠶᠡᠯ ᠠᠯᠳᠠᠷ ᠭᠠᠪᠢᠶ᠎ᠠ ᠪᠠ ᠠᠬᠠᠮᠠᠳ ᠬᠤᠪᠢᠰᠭᠠᠯᠴᠢᠳ᠎ᠤᠨ ᠱᠢᠨᠳᠠᠷᠠᠰᠢ ᠦᠭᠡᠢ ᠲᠡᠮᠡᠴᠡᠭ᠌ᠰᠡᠨ ᠪᠠᠭᠠᠳᠤᠷᠯᠢᠭ ᠦᠢᠯᠡ ᠠᠵᠢᠯᠯᠠᠭ᠎ᠠ᠎ᠶ᠋ᠢ ᠨᠡᠩ ᠬᠦᠨᠵᠡᠭᠡᠢ ᠤᠢᠯᠠᠭᠠᠭᠤᠯᠬᠤ᠎ᠶ᠋ᠢᠨ ᠬᠠᠮᠲᠤ ᠡᠪ ᠬᠠᠮᠲᠤ ᠨᠠᠮ᠎ᠤᠨ ᠭᠡᠱᠢᠭᠦᠨ᠎ᠤ ᠬᠠᠷᠢᠭᠤᠴᠠᠯᠭ᠎ᠠ ᠪᠠ ᠡᠭᠦᠷᠭᠡᠯᠡᠯ᠎ᠢᠶᠠᠨ ᠨᠠᠩ ᠲᠣᠳᠣᠷᠬᠠᠶ ᠪᠤᠯᠭᠠᠭ᠍ᠰᠠᠨ ᠪᠠᠢᠨ᠎ᠠ᠃

ᠤᠯᠠᠨ᠎ᠢᠶᠠᠷ᠎ᠢᠶᠠᠨ᠂ ᠲᠤᠰ ᠤᠳᠠᠭᠠᠨ᠎ᠤ ᠬᠥᠮᠦᠵᠢᠯ᠎ᠤᠨ ᠠᠵᠢᠯᠯᠠᠭ᠎ᠠ᠎ᠨᠢ ᠪᠢᠳᠡᠨ᠎ᠤ ᠨᠠᠮ᠎ᠢᠶᠠᠨ ᠬᠠᠢᠷᠠᠯᠠᠵᠦ᠍ ᠤᠯᠤᠰ᠎ᠢᠶᠠᠨ ᠬᠠᠢᠷᠠᠯᠠᠬᠤ ᠰᠡᠳᠭᠢᠯ᠎ᠢ ᠬᠥᠭ᠌ᠵᠢᠭᠡᠭ᠌ᠰᠡᠨ ᠪᠥᠭᠡᠳ ᠨᠠᠮ᠎ᠢᠶᠠᠨ ᠳᠠᠭᠠᠵᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠎ᠢᠶᠠᠷ ᠵᠠᠮᠨᠠᠬᠤ ᠢᠲᠡᠭᠡᠯ ᠵᠣᠷᠢᠭ᠎ᠢ ᠪᠠᠲᠤᠳᠭᠠᠵᠠᠢ ᠭᠡᠵᠦ᠍ ᠢᠯᠡᠳᠭᠡᠵᠡᠭᠡᠪᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号