ᠨᠠᠮ᠎ᠤᠨ ᠠᠷᠪᠠᠨ ᠲᠠᠪᠤᠳᠤᠭᠠᠷ ᠶᠡᠭᠡ ᠬᠤᠷᠠᠯ᠄ ᠨᠡᠢᠭᠡᠮ ᠵᠢᠷᠦᠮ᠎ᠤᠨ ᠠᠩᠬᠠᠨ᠎ᠤ ᠱᠠᠲᠤᠨ᠎ᠳᠠᠬᠢ ᠨᠠᠮ᠎ᠤᠨ ᠦᠨᠳᠦᠰᠦᠨ ᠬᠦᠲᠦᠯᠪᠦᠷᠢ᠎ᠶ᠋ᠢ ᠲᠤᠷᠠᠳᠤᠨ ᠭᠠᠷᠭᠠᠪᠠ
2021-10-11 09:48:18
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠤᠮᠲᠠᠲᠤ ᠤᠯᠤᠰ᠎ᠤᠨ ᠡᠪ ᠬᠠᠮᠲᠦ ᠨᠠᠮ᠎ᠤᠨ ᠠᠷᠪᠠᠨ ᠲᠠᠪᠤᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ 1997 ᠤᠨ᠎ᠤ 9 ᠰᠠᠷ᠎ᠠ᠎ᠶ᠋ᠢᠨ 12 ᠎ᠤᠨ ᠡᠲᠦᠷ᠎ᠠᠴᠠ 18 ᠎ᠤ ᠡᠲᠦᠷ ᠪᠤᠯᠲᠠᠯ᠎ᠠ ᠪᠡᠭᠡᠵᠢᠩ᠎ᠳᠤ ᠬᠤᠷᠠᠯᠳᠤᠪᠠ᠃ ᠵᠢᠶᠠᠩ ᠽᠧ ᠮᠢᠨ 《ᠳ᠋ᠧᠩ ᠱᠢᠶᠤᠤ ᠫᠢᠩ᠎ᠤᠨ ᠤᠨᠤᠯ᠎ᠤᠨ ᠠᠭᠤᠤ ᠶᠡᠭᠡ ᠲᠤᠬ᠎ᠢ ᠦᠨᠳᠦᠷ ᠮᠠᠨᠳᠤᠭᠤᠯᠵᠦ᠍᠂ ᠲᠤᠮᠲᠠᠲᠤ ᠤᠯᠤᠰ᠎ᠤᠨ ᠤᠨᠴᠠᠯᠢᠬ᠎ᠲᠠᠢ ᠨᠡᠢᠭᠡᠮ ᠵᠢᠷᠦᠮ᠎ᠢ ᠪᠦᠲᠦᠭᠡᠨ ᠪᠠᠢᠭᠤᠯᠬᠤ ᠦᠢᠯᠡᠰ᠎ᠢ ᠬᠤᠷᠢᠨ ᠨᠢᠭᠡᠲᠦᠭᠡᠷ ᠵᠠᠭᠤᠨ ᠲᠡᠢᠰᠢ ᠪᠦᠬᠦ᠌ ᠲᠠᠯ᠎ᠠ᠎ᠪᠠᠷ ᠠᠬᠢᠭᠤᠯᠤᠶ᠎ᠠ》 ᠬᠡᠬᠦ᠌ ᠰᠡᠲᠦᠪ᠎ᠢᠶᠠᠷ ᠢᠯᠡᠳᠭᠡᠯ ᠬᠢᠪᠡ᠃

ᠨᠠᠮ᠎ᠤᠨ ᠠᠷᠪᠠᠨ ᠲᠠᠪᠤᠳᠤᠭᠠᠷ ᠶᠡᠭᠡ ᠬᠤᠷᠠᠯ ᠪᠤᠯ ᠡᠷᠢᠨ ᠵᠠᠭᠤᠨ᠎ᠤ ᠠᠭᠤᠯᠵᠠᠷ ᠪᠤᠯᠬᠤ ᠬᠡᠵᠦ᠍ ᠪᠠᠢᠭ᠎ᠠ ᠦᠶ᠎ᠡ᠎ᠳᠤ ᠬᠤᠷᠠᠯᠳᠤᠭᠤᠯᠤᠬ᠍ᠰᠠᠨ ᠪᠦᠭᠡᠳ ᠵᠠᠭᠤᠨ ᠰᠤᠨᠲᠠᠯᠬᠠᠰᠠᠨ ᠨᠠᠮ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ ᠪᠤᠯᠤᠬ᠍ᠰᠠᠨ᠎ᠢᠶᠠᠷ ᠲᠡᠦᠬᠡᠨ ᠬᠠᠭᠤᠲᠠᠰᠤᠨ᠎ᠳᠤ ᠲᠡᠮᠲᠡᠭ᠌ᠯᠡᠭ᠌ᠲᠡᠭ᠌ᠰᠡᠨ ᠶᠤᠮ᠃

ᠶᠡᠭᠡ ᠬᠤᠷᠠᠯ᠎ᠠᠴᠠ 《ᠳ᠋ᠧᠩ ᠱᠢᠶᠤᠤ ᠫᠢᠩ᠎ᠤᠨ ᠤᠨᠤᠯ》 ᠬᠡᠰᠡᠨ ᠤᠬᠠᠬ᠍ᠲᠠᠬᠤᠨ᠎ᠢ ᠠᠩᠬ᠎ᠠ ᠤᠳᠠᠭ᠎ᠠ ᠬᠡᠷᠡᠭ᠌ᠯᠡᠵᠦ᠍᠂ ᠳ᠋ᠧᠩ ᠱᠢᠶᠤᠤ ᠫᠢᠩ᠎ᠤᠨ ᠤᠨᠤᠯ᠎ᠤᠨ ᠲᠡᠦᠬᠡᠨ ᠪᠠᠢᠷᠢ ᠰᠠᠭᠤᠷᠢ ᠪᠠ ᠵᠢᠯᠤᠭᠤᠳᠭᠤ ᠠᠴᠢ ᠬᠤᠯᠪᠤᠬ᠍ᠲᠠᠯ᠎ᠢ ᠵᠠᠲᠠᠯᠵᠦ᠍᠂ 《ᠱᠢᠨ᠎ᠡ ᠰᠠᠨᠠᠭ᠎ᠠ ᠠᠬᠤᠢ》᠂ 《ᠱᠢᠨ᠎ᠡ ᠬᠢᠷᠢ ᠲᠦᠪᠱᠢᠨ》᠂ 《ᠱᠢᠨ᠎ᠡ ᠮᠠᠭᠠᠳᠯᠠᠯᠲᠠ》᠂ 《ᠱᠢᠨ᠎ᠡ ᠱᠢᠰᠲ᠋ᠧᠮ》 ᠬᠡᠬᠦ᠌ ᠲᠦᠷᠪᠡᠨ ᠲᠠᠯ᠎ᠠ᠎ᠠᠴᠠ ᠳ᠋ᠧᠩ ᠱᠢᠶᠤᠤ ᠫᠢᠩ᠎ᠤᠨ ᠤᠨᠤᠯ ᠪᠤᠯ ᠤᠳᠤ ᠦᠶ᠎ᠡ᠎ᠶ᠋ᠢᠨ ᠲᠤᠮᠲᠠᠲᠤ ᠤᠯᠤᠰ᠎ᠤᠨ ᠮᠠᠷᠺᠰ᠎ᠤᠨ ᠦᠵᠡᠯ ᠮᠦᠨ᠂ ᠮᠠᠷᠺᠰ᠎ᠤᠨ ᠦᠵᠡᠯ᠎ᠤᠨ ᠲᠤᠮᠲᠠᠲᠤ ᠤᠯᠤᠰ᠎ᠲᠠᠬᠢ ᠬᠦᠭ᠌ᠵᠢᠯᠲᠡ᠎ᠶ᠋ᠢᠨ ᠱᠢᠨ᠎ᠡ ᠱᠠᠲᠦ ᠦᠶ᠎ᠡ ᠮᠦᠨ ᠬᠡᠲᠡᠭ᠎ᠢ ᠬᠦᠢᠴᠡᠳ ᠨᠤᠲᠠᠯᠠᠪᠠ᠃ ᠶᠡᠭᠡ ᠬᠤᠷᠠᠯ᠎ᠠᠴᠠ ᠵᠠᠰᠠᠪᠤᠷᠢ ᠤᠷᠤᠭᠤᠯᠤᠬ᠍ᠰᠠᠨ᠎ᠤ ᠲᠠᠷᠠᠭᠠᠬᠢ ᠨᠠᠮ᠎ᠤᠨ ᠲᠦᠷᠢᠮ᠎ᠳᠤ ᠳ᠋ᠧᠩ ᠱᠢᠶᠤᠤ ᠫᠢᠩ᠎ᠤᠨ ᠤᠨᠤᠯ᠎ᠢ ᠨᠠᠮ᠎ᠤᠨ ᠵᠢᠯᠤᠭᠤᠳᠭᠤ ᠦᠵᠡᠯ ᠰᠠᠨᠠᠭ᠎ᠠ ᠪᠤᠯᠭᠠᠬᠤ᠎ᠪᠠᠷ ᠲᠤᠲᠤᠷᠬᠠᠢ ᠲᠤᠬ᠍ᠲᠠᠭᠠᠪᠠ᠃

ᠶᠡᠭᠡ ᠬᠤᠷᠠᠯ᠎ᠠᠴᠠ ᠠᠩᠬᠠᠳᠤᠭᠠᠷ ᠤᠳᠠᠭ᠎ᠠ ᠲᠤᠮᠲᠠᠲᠤ ᠤᠯᠤᠰ᠎ᠤᠨ ᠤᠨᠴᠠᠯᠢᠬ᠎ᠲᠠᠢ ᠨᠡᠢᠭᠡᠮ ᠵᠢᠷᠦᠮ᠎ᠤᠨ ᠠᠵᠦ᠍ ᠠᠬᠤᠢ᠂ ᠤᠯᠤᠰ ᠲᠦᠷᠦ᠍᠂ ᠰᠤᠶᠤᠯ᠎ᠢ ᠪᠠᠢᠭᠤᠯᠬᠤ ᠦᠨᠳᠦᠰᠦᠨ ᠬᠠᠷᠠᠯᠲᠠ ᠪᠤᠯᠤᠨ ᠦᠨᠳᠦᠰᠦᠨ ᠲᠦᠷᠦ᠎ᠶ᠋ᠢᠨ ᠪᠤᠳᠤᠯᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠬᠤᠷᠢᠶᠠᠩᠭᠤᠢ᠍ᠢᠯᠠᠵᠠᠢ᠃ ᠡᠲᠡᠭᠡᠷ ᠦᠨᠳᠦᠰᠦᠨ ᠬᠠᠷᠠᠯᠲᠠ ᠪᠤᠯᠤᠨ ᠲᠦᠷᠦ᠎ᠶ᠋ᠢᠨ ᠪᠤᠳᠤᠯᠭ᠎ᠠ ᠪᠤᠯ ᠤᠷᠭᠠᠨᠢᠬ᠎ᠢᠶᠠᠷ ᠨᠢᠭᠡᠳᠴᠤ᠌᠂ ᠰᠠᠯᠭᠠᠵᠦ᠍ ᠪᠤᠯᠤᠰᠢ ᠦᠭᠡᠢ᠂ ᠨᠡᠢᠭᠡᠮ ᠵᠢᠷᠦᠮ᠎ᠤᠨ ᠠᠩᠬᠠᠨ᠎ᠤ ᠱᠠᠲᠤᠨ᠎ᠳᠠᠬᠢ ᠨᠠᠮ᠎ᠤᠨ ᠦᠨᠳᠦᠰᠦᠨ ᠬᠦᠲᠦᠯᠪᠦᠷᠢ᠎ᠶ᠋ᠢ ᠪᠦᠷᠢᠯᠲᠦᠭᠦᠯᠦᠭ᠌ᠰᠡᠨ ᠬᠡᠵᠦ᠍ ᠲᠤᠲᠤᠷᠬᠠᠢ ᠲᠤᠷᠠᠳᠴᠠᠢ᠃ ᠱᠢᠨ᠎ᠡ ᠡᠷᠢᠨ ᠵᠠᠭᠤᠨ᠎ᠳᠤ᠂ ᠲᠤᠮᠲᠠᠲᠤ ᠤᠯᠤᠰ᠎ᠤᠨ ᠤᠨᠴᠠᠯᠢᠬ᠎ᠲᠠᠢ ᠨᠡᠢᠭᠡᠮ ᠵᠢᠷᠦᠮ᠎ᠤᠨ ᠠᠵᠦ᠍ ᠠᠬᠤᠢ᠂ ᠤᠯᠤᠰ ᠲᠦᠷᠦ᠍᠂ ᠰᠤᠶᠤᠯ ᠵᠡᠷᠭᠡ ᠭᠤᠷᠪᠠᠨ ᠲᠠᠯ᠎ᠠ᠎ᠶ᠋ᠢᠨ ᠪᠠᠢᠭᠤᠯᠤᠯᠲᠠ᠎ᠶ᠋ᠢ ᠦᠨᠡᠨ ᠬᠦ᠌ ᠴᠢᠩᠭᠠᠳᠭᠠᠵᠦ᠍᠂ ᠨᠡᠢᠭᠡᠮ ᠵᠢᠷᠦᠮ᠎ᠤᠨ ᠪᠤᠲᠠᠰ᠎ᠤᠨ ᠪᠤᠯᠪᠠᠰᠤᠨ᠂ ᠤᠯᠤᠰ ᠲᠦᠷᠦ᠎ᠶ᠋ᠢᠨ ᠪᠤᠯᠪᠠᠰᠤᠨ᠂ ᠤᠶᠤᠨ᠎ᠤ ᠪᠤᠯᠪᠠᠰᠤᠨ᠎ᠤ ᠵᠤᠬᠢᠴᠠᠩᠭᠤᠢ ᠬᠦᠭ᠌ᠵᠢᠯᠲᠡ᠎ᠶ᠋ᠢ ᠠᠬᠢᠭᠤᠯᠤᠨ᠎ᠠ ᠬᠡᠵᠡᠢ᠃

ᠶᠡᠭᠡ ᠬᠤᠷᠠᠯ᠎ᠠᠴᠠ ᠬᠠᠤᠯᠢ᠎ᠪᠠᠷ ᠤᠯᠤᠰ᠎ᠢᠶᠠᠨ ᠵᠠᠰᠭᠠᠤ ᠦᠨᠳᠦᠰᠦᠨ ᠠᠷᠭ᠎ᠠ ᠪᠤᠳᠤᠯᠭ᠎ᠠ᠎ᠶ᠋ᠢ ᠲᠤᠷᠠᠳᠤᠨ ᠭᠠᠷᠭᠠᠵᠦ᠍᠂ ᠬᠠᠤᠯᠢ᠎ᠪᠠᠷ ᠤᠯᠤᠰ᠎ᠢᠶᠠᠨ ᠵᠠᠰᠭᠠᠤ᠂ ᠨᠡᠢᠭᠡᠮ ᠵᠢᠷᠦᠮ᠎ᠤᠨ ᠬᠠᠤᠯᠢᠵᠢᠯ᠎ᠤᠨ ᠤᠯᠤᠰ᠎ᠢ ᠪᠦᠲᠦᠭᠡᠨ ᠪᠠᠢᠭᠤᠯᠬᠤ ᠪᠤᠯ ᠨᠠᠮ᠎ᠠᠴᠠ ᠠᠷᠠᠳ ᠲᠦᠮᠡᠨ᠎ᠢ ᠤᠳᠤᠷᠢᠳᠤᠨ ᠤᠯᠤᠰ᠎ᠢ ᠵᠠᠰᠠᠬᠤ ᠦᠨᠳᠦᠰᠦᠨ ᠠᠷᠭ᠎ᠠ ᠪᠤᠳᠤᠯᠭ᠎ᠠ ᠮᠦᠨ ᠬᠡᠵᠦ᠍ ᠴᠢᠬᠤᠯᠠᠴᠢᠯᠠᠵᠠᠢ᠃

ᠶᠡᠭᠡ ᠬᠤᠷᠠᠯ᠎ᠠᠴᠠ 193 ᠬᠡᠱᠢᠭᠦᠨ ᠪᠠ 151 ᠤᠷᠤᠯᠠᠬ᠍ᠴᠢ ᠬᠡᠱᠢᠭᠦᠨ᠎ᠢᠶᠠᠷ ᠪᠦᠷᠢᠯᠲᠦᠭ᠌ᠰᠡᠨ ᠲᠦᠪ ᠬᠤᠷᠢᠶ᠎ᠠ᠎ᠶ᠋ᠢ ᠰᠤᠩᠭᠤᠨ ᠭᠠᠷᠭᠠᠵᠦ᠍᠂ 115 ᠬᠡᠱᠢᠭᠦᠨ᠎ᠢᠶᠠᠷ ᠪᠦᠷᠢᠯᠲᠦᠭ᠌ᠰᠡᠨ ᠲᠦᠪ᠎ᠤᠨ ᠰᠠᠬᠢᠯᠭ᠎ᠠ ᠪᠠᠲᠦ ᠪᠠᠢᠴᠠᠭᠠᠬᠤ ᠬᠤᠷᠢᠶ᠎ᠠ᠎ᠶ᠋ᠢ ᠰᠤᠩᠭᠤᠵᠠᠢ᠃ ᠡᠭᠦᠨ᠎ᠤ ᠲᠠᠷᠠᠭᠠᠬᠠᠨ ᠬᠤᠷᠠᠯᠳᠤᠭᠤᠯᠤᠬ᠍ᠰᠠᠨ ᠨᠠᠮ᠎ᠤᠨ ᠠᠷᠪᠠᠨ ᠲᠠᠪᠤᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠠᠩᠬᠠᠳᠤᠭᠠᠷ ᠪᠦᠬᠦᠲᠡ ᠬᠤᠷᠠᠯ᠎ᠠᠴᠠ ᠨᠠᠮ᠎ᠤᠨ ᠲᠦᠪ ᠬᠤᠷᠢᠶᠠᠨ᠎ᠤ ᠤᠯᠤᠰ ᠲᠦᠷᠦ᠎ᠶ᠋ᠢᠨ ᠲᠤᠪᠴᠢᠶ᠎ᠠ ᠵᠢᠴᠢ ᠪᠠᠢᠩᠭᠤ᠎ᠶ᠋ᠢᠨ ᠬᠤᠷᠢᠶ᠎ᠠ᠎ᠶ᠋ᠢ ᠰᠤᠩᠭᠤᠨ ᠭᠠᠷᠭᠠᠵᠦ᠍᠂ ᠵᠢᠶᠠᠩ ᠽᠧ ᠮᠢᠨ᠎ᠢ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ᠎ᠪᠠᠷ ᠰᠤᠩᠭᠤᠪᠠ; ᠪᠠᠰᠠ ᠵᠢᠶᠠᠩ ᠽᠧ ᠮᠢᠨ᠎ᠢ ᠲᠦᠪ᠎ᠤᠨ ᠴᠡᠷᠢᠭ᠎ᠤᠨ ᠶᠠᠪᠤᠲᠠᠯ᠎ᠤᠨ ᠬᠤᠷᠢᠶᠠᠨ᠎ᠤ ᠲᠡᠷᠢᠭᠦᠯᠡᠭ᠌ᠴᠢ᠎ᠪᠠᠷ ᠲᠤᠬ᠍ᠲᠠᠭᠠᠵᠦ᠍᠂ ᠸᠧᠢ ᠵᠢᠶᠠᠨ ᠱᠢᠩ᠎ᠢ ᠨᠠᠮ᠎ᠤᠨ ᠲᠦᠪ ᠬᠤᠷᠢᠶᠠᠨ᠎ᠤ ᠰᠠᠬᠢᠯᠭ᠎ᠠ ᠪᠠᠲᠦ ᠪᠠᠢᠴᠠᠭᠠᠬᠤ ᠬᠤᠷᠢᠶᠠᠨ᠎ᠤ ᠱᠦᠵᠢ᠎ᠪᠠᠷ ᠵᠦᠪᠱᠢᠶᠡᠷᠡᠪᠡ᠃

 (《ᠰᠤᠷᠤᠯᠴᠠᠯᠭ᠎ᠠ᠎ᠶ᠋ᠢᠨ ᠬᠦᠴᠦᠷᠭᠡᠭ ᠤᠯᠤᠰ》 ᠱᠢᠯᠵᠢᠶ᠎ᠡ᠎ᠠᠴᠠ ᠬᠠᠨ ᠯᠢᠩ ᠯᠢᠩ ᠤᠷᠴᠢᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号