《ᠲᠥᠷᠥ᠍ ᠵᠠᠰᠠᠭ ᠪᠣᠯ ᠲᠠᠷᠤᠢ ᠠᠷᠠᠳ ᠲᠦᠮᠡᠨ ᠮᠦᠨ ᠠᠷᠠᠳ ᠲᠦᠮᠡᠨ ᠪᠣᠯ ᠲᠠᠷᠤᠢ ᠲᠥᠷᠥ᠍ ᠵᠠᠰᠠᠭ ᠮᠦᠨ》 ᠎ᠤ ᠭᠤᠷᠪᠠᠨ ᠯᠣᠭᠢᠭ
2021-10-11 09:48:33
ᠵᠣᠬᠢᠶᠠᠭ᠍ᠴᠢ᠄
● ᠹᠠᠨ᠎ᠶ᠋ᠢᠨ ᠱᠠᠨ
ᠣᠩᠱᠢᠭ᠍ᠰᠠᠨ ᠣᠳᠠᠭ᠎ᠠ᠄
★★★☆☆

ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠠᠢᠴᠢᠯᠠᠯᠳᠠ᠎ᠶ᠋ᠢᠨ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ᠂ ᠲᠦᠷᠦ᠍ ᠵᠠᠰᠠᠭ ᠪᠤᠯ ᠳᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠤᠯ ᠳᠠᠷᠤᠢ ᠲᠦᠷᠦ᠍ ᠵᠠᠰᠠᠭ ᠮᠦᠨ᠂ ᠬᠦᠮᠦᠨ᠎ᠤ ᠰᠡᠳᠭᠢᠯ᠎ᠢ ᠠᠯᠳᠠᠬᠤ ᠪᠤᠯ ᠨᠠᠮ᠎ᠤᠨ ᠮᠠᠨᠳᠦᠵᠦ᠍ ᠮᠦᠬᠦᠬᠦ᠌᠎ᠲᠠᠢ ᠬᠤᠯᠪᠤᠭ᠍ᠳᠠᠨ᠎ᠠ ᠬᠡᠵᠦ᠍ ᠵᠢᠭᠠᠵᠦ᠍ ᠭᠠᠷᠭᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ᠎ᠶ᠋ᠢᠨ ᠫᠢᠩ ᠪᠠᠰᠠ ᠭᠦᠨ ᠵᠤᠵᠠᠭᠠᠨ ᠬᠠᠢᠷ᠎ᠠ ᠰᠡᠳᠭᠢᠯᠭᠡ᠂ ᠠᠯᠤᠰ ᠬᠡᠳᠦ᠎ᠶ᠋ᠢᠨ ᠤᠳᠭ᠎ᠠ ᠠᠭᠤᠯᠭ᠎ᠠ᠎ᠲᠠᠢ᠎ᠪᠠᠷ᠂ ᠲᠦᠷᠦ᠍ ᠵᠠᠰᠠᠭ ᠪᠤᠯ ᠲᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠤᠯ ᠲᠠᠷᠤᠢ ᠲᠦᠷᠦ᠍ ᠵᠠᠰᠠᠭ ᠮᠦᠨ᠂ ᠲᠦᠷᠦ᠍ ᠵᠠᠰᠠᠭ᠎ᠢ ᠪᠠᠢᠭᠤᠯᠵᠦ᠍᠂ ᠲᠦᠷᠦ᠍ ᠵᠠᠰᠠᠭ᠎ᠢ ᠰᠠᠬᠢᠬᠤ᠎ᠨᠢ ᠠᠷᠠᠳ ᠲᠦᠮᠡᠨ᠎ᠤ ᠰᠡᠳᠭᠢᠯ᠎ᠢ ᠰᠠᠬᠢᠵᠦ᠍ ᠪᠠᠢᠭ᠎ᠠ ᠶᠠᠪᠤᠲᠠᠯ ᠪᠤᠯᠤᠨ᠎ᠠ ᠭᠡᠵᠦ᠍ ᠵᠢᠭᠠᠵᠤ ᠭᠠᠷᠭᠠᠪᠠ᠃ ᠲᠤᠯᠤᠭᠠᠨ ᠮᠢᠩᠭ᠎ᠠ ᠭᠠᠷᠤᠢ ᠦᠰᠦᠭ᠎ᠲᠠᠢ ᠶᠠᠷᠢᠶᠠᠨ᠎ᠤ ᠪᠦᠬᠦ᠌ ᠠᠭᠤᠯᠭ᠎ᠠ᠎ᠳᠤ᠂ 《ᠠᠷᠠᠳ ᠲᠦᠮᠡᠨ》 ᠭᠡᠬᠦ᠌ ᠦᠭᠡ 86 ᠤᠳᠠᠭ᠎ᠠ ᠢᠯᠡᠷᠡᠵᠦ᠍᠂ ᠠᠷᠠᠳ ᠲᠦᠮᠡᠨ᠎ᠢᠶᠠᠷ ᠭᠤᠣᠯ ᠪᠣᠯᠭᠠᠬᠤ ᠤᠢ᠍ᠢᠯᠠᠭᠠᠭ᠍ᠳᠠᠬᠤᠨ ᠪᠦᠬᠦ᠌ ᠵᠣᠬᠢᠶᠠᠯ᠎ᠳᠤ ᠲᠤᠭᠤᠱᠢᠯᠠᠭ᠍ᠳᠠᠵᠤ᠂ 《ᠠᠷᠠᠳ ᠲᠦᠮᠡᠨ》 ᠎ᠤ ᠶᠡᠷᠦᠩᠬᠡᠢ ᠱᠦᠵᠢ ᠰᠢ᠎ᠶ᠋ᠢᠨ ᠫᠢᠩ᠎ᠤᠨ ᠰᠡᠳᠭᠢᠯ᠎ᠳᠠᠬᠢ 《ᠭᠤᠣᠯᠳᠠᠯᠭ᠎ᠠ》 ᠎ᠶ᠋ᠢ ᠭᠦᠢᠴᠡᠳ ᠢᠯᠡᠷᠡᠭᠦᠯᠪᠡ᠃ ᠶᠡᠷᠦᠩᠬᠡᠢ ᠱᠦᠵᠢ ᠰᠢ᠎ᠶ᠋ᠢᠨ ᠫᠢᠩ᠎ᠤᠨ 《ᠲᠦᠷᠦ᠍ ᠵᠠᠰᠠᠭ ᠪᠣᠯ ᠳᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠣᠯ ᠳᠠᠷᠤᠢ ᠲᠦᠷᠦ᠍ ᠵᠠᠰᠠᠭ ᠮᠥᠨ》 ᠭᠡᠬᠦ᠌ ᠴᠢᠬᠤᠯᠠ ᠥᠭᠦᠯᠡᠯᠲᠡ᠎ᠶ᠋ᠢ ᠪᠦᠬᠦ᠌ ᠲᠠᠯ᠎ᠠ᠎ᠪᠠᠷ᠂ ᠣᠨᠣᠪᠴᠢᠲᠠᠢ ᠣᠢᠯᠠᠭᠠᠬᠤ᠎ᠳᠤ ᠡᠷᠬᠡᠪᠰᠢ ᠲᠡᠭᠦᠨ᠎ᠤ ᠳᠣᠲᠣᠷᠠᠬᠢ ᠤᠨᠤᠯ᠎ᠤᠨ ᠯᠣᠭᠢᠭ᠂ ᠲᠡᠦᠬᠡ᠎ᠶ᠋ᠢᠨ ᠯᠣᠭᠢᠭ ᠪᠠ ᠦᠢᠯᠡᠳᠦᠯᠭᠡ᠎ᠶ᠋ᠢᠨ ᠯᠣᠭᠢᠭ᠎ᠢ ᠡᠵᠡᠮᠱᠢᠬᠦ᠌ ᠬᠡᠷᠡᠭ᠌ᠲᠡᠢ᠃

ᠤᠨᠤᠯ᠎ᠤᠨ ᠯᠣᠭᠢᠭ᠄ ᠠᠷᠠᠳ ᠲᠦᠮᠡᠨ ᠪᠣᠯ ᠲᠡᠦᠬᠡ᠎ᠶ᠋ᠢᠨ ᠡᠭᠦᠳᠦᠨ ᠪᠦᠲᠦᠭᠡᠭ᠌ᠴᠢ᠂ ᠠᠷᠠᠳ ᠲᠦᠮᠡᠨ ᠪᠣᠯ ᠵᠢᠩᠬᠢᠨᠢ ᠪᠠᠭᠠᠲᠤᠷ ᠮᠥᠨ

ᠠᠷᠠᠳ ᠤᠯᠠᠨ᠎ᠤ ᠲᠡᠦᠬᠡᠨ ᠳᠡᠭᠡᠷᠡᠬᠢ ᠦᠢᠯᠡᠳᠦᠯ᠎ᠢ ᠬᠡᠷᠬᠢᠨ ᠲᠠᠨᠢᠬᠤ ᠪᠣᠯ ᠨᠡᠢᠭᠡᠮ᠎ᠤᠨ ᠲᠡᠦᠬᠡ᠎ᠶ᠋ᠢᠨ ᠦᠵᠡᠯᠲᠡ᠎ᠶ᠋ᠢᠨ ᠴᠢᠬᠤᠯᠠ ᠶᠡᠭᠡ ᠠᠰᠠᠭᠤᠳᠠᠯ ᠮᠥᠨ᠃ ᠮᠠᠷᠺᠰ᠎ᠤᠨ ᠦᠵᠡᠯ᠎ᠤᠨ ᠦᠵᠡᠬᠦ᠌᠎ᠪᠠᠷ᠂ ᠬᠥᠮᠦᠨ ᠲᠥᠷᠥᠯᠬᠢᠲᠡᠨ᠎ᠤ ᠲᠡᠦᠬᠡ ᠪᠣᠯ ᠨᠡᠢᠭᠡᠮ᠎ᠤᠨ ᠦᠨᠳᠦᠰᠦᠨ ᠵᠥᠷᠢᠴᠡᠯ᠎ᠤᠨ ᠬᠥᠳᠡᠯᠭᠡᠭᠡᠨ᠎ᠤ ᠳᠤᠮᠳᠠ ᠶᠠᠪᠤᠭ᠍ᠳᠠᠳᠠᠭ᠂ ᠲᠡᠦᠬᠡ᠎ᠶ᠋ᠢᠨ ᠪᠡᠶᠡᠴᠢ ᠴᠣᠭ᠍ᠴᠠ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠪᠣᠳᠠᠰ᠎ᠤᠨ ᠡᠳ᠋ ᠪᠠᠶᠠᠯᠢᠭ᠎ᠢ ᠡᠭᠦᠳᠦᠨ ᠪᠦᠲᠦᠭᠡᠭ᠌ᠴᠢ ᠮᠥᠨ᠂ ᠤᠶᠤᠨ᠎ᠤ ᠡᠳ᠋ ᠪᠠᠶᠠᠯᠢᠭ᠎ᠢ ᠡᠭᠦᠳᠦᠨ ᠪᠦᠲᠦᠭᠡᠭ᠌ᠴᠢ ᠮᠥᠨ᠂ ᠲᠡᠦᠬᠡ᠎ᠶ᠋ᠢᠨ ᠠᠬᠢᠴᠠ᠎ᠶ᠋ᠢᠨ ᠡᠴᠦᠰ᠎ᠤᠨ ᠱᠢᠢᠳᠪᠦᠷᠢᠯᠡᠭ᠌ᠴᠢ ᠴᠢᠨᠠᠷᠲᠠᠢ ᠬᠦᠴᠦᠨ ᠮᠥᠨ᠂ ᠠᠷᠠᠳᠴᠢ ᠴᠢᠨᠠᠷ ᠪᠣᠯ ᠮᠠᠷᠺᠰ᠎ᠤᠨ ᠦᠵᠡᠯ᠎ᠤᠨ ᠬᠠᠮᠤᠭ᠎ᠤᠨ ᠢᠯᠡ ᠲᠣᠳᠣ ᠤᠨᠤᠯ᠎ᠤᠨ ᠬᠡᠪ ᠴᠢᠨᠠᠷ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠮᠠᠷᠺᠰ᠎ᠤᠨ ᠦᠵᠡᠯ᠎ᠢᠶᠠᠷ ᠵᠢᠯᠤᠭᠤᠳᠤᠯᠭ᠎ᠠ ᠪᠣᠯᠭᠠᠭ᠍ᠰᠠᠨ ᠨᠠᠮ ᠮᠥᠨ᠂ ᠠᠷᠠᠳ ᠲᠦᠮᠡᠨ᠎ᠤ ᠵᠣᠭ᠍ᠰᠣᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠨ ᠤᠯᠤᠰ ᠲᠦᠷᠦ᠎ᠶ᠋ᠢᠨ ᠵᠣᠭ᠍ᠰᠣᠯᠲᠠ ᠮᠥᠨ᠃ ᠵᠠᠭᠤᠨ ᠵᠢᠯ᠎ᠤᠨ ᠲᠡᠦᠬᠡ᠎ᠶ᠋ᠢᠨ ᠠᠬᠢᠴᠠ ᠳᠤᠮᠳᠠ᠂ ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠢ ᠲᠠᠰᠤᠷᠠᠯᠲᠠ ᠦᠭᠡᠢ ᠪᠠᠷᠢᠮᠲᠠᠯᠠᠨ ᠬᠥᠭ᠌ᠵᠢᠭᠦᠯᠵᠦ᠍᠂ ᠠᠷᠠᠳ ᠲᠦᠮᠡᠨ᠎ᠢ ᠢᠮᠠᠭ᠍ᠲᠠ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠪᠠ᠃ ᠠᠷᠠᠳ ᠲᠦᠮᠡᠨ᠂ ᠭᠠᠭ᠍ᠴᠠ ᠬᠦ᠌ ᠠᠷᠠᠳ ᠲᠦᠮᠡᠨ ᠪᠣᠯ ᠰᠠᠶᠢ ᠳᠡᠯᠡᠬᠡᠢ᠎ᠶ᠋ᠢᠨ ᠲᠡᠦᠬᠡ᠎ᠶ᠋ᠢ ᠡᠭᠦᠳᠦᠨ ᠪᠦᠲᠦᠭᠡᠬᠦ᠌ ᠬᠥᠳᠡᠯᠭᠡᠭ᠌ᠴᠢ ᠬᠦᠴᠦᠨ ᠮᠥᠨ᠃ ᠳ᠋ᠧᠩ ᠱᠢᠶᠤᠤ ᠫᠢᠩ ᠨᠥᠬᠦᠷ᠂ ᠲᠡᠦᠬᠡ᠎ᠶ᠋ᠢ ᠠᠷᠠᠳ ᠲᠦᠮᠡᠨ ᠡᠭᠦᠳᠦᠨ ᠪᠦᠲᠦᠭᠡᠭ᠌ᠰᠡᠨ ᠪᠥᠭᠡᠳ ᠠᠷᠠᠳ ᠲᠦᠮᠡᠨ ᠰᠡᠳᠭᠢᠯ ᠬᠠᠨᠤᠮᠵᠢᠲᠠᠢ ᠪᠠᠢᠬᠤ ᠡᠰᠡᠬᠦ᠂ ᠪᠠᠶᠠᠷᠯᠠᠬᠤ ᠡᠰᠡᠬᠦ᠂ ᠬᠦᠷᠢᠶᠡᠯᠡᠬᠦ᠌ ᠡᠰᠡᠬᠦ᠂ ᠬᠦᠯᠢᠶᠡᠬᠦ᠌ ᠡᠰᠡᠬᠦ᠌᠎ᠪᠠᠷ ᠨᠠᠮ᠎ᠤᠨ ᠡᠯ᠎ᠡ ᠵᠦᠢᠯ᠎ᠤᠨ ᠠᠵᠢᠯ᠎ᠢ ᠬᠡᠮᠵᠢᠬᠦ᠌ ᠪᠠᠷᠢᠮᠵᠢᠶ᠎ᠠ ᠪᠣᠯᠭᠠᠨ᠎ᠠ ᠭᠡᠵᠦ᠍ ᠴᠢᠨᠠᠬ᠍ᠰᠢᠲᠠ ᠵᠢᠭᠠᠵᠤ ᠭᠠᠷᠭᠠᠭ᠍ᠰᠠᠨ ᠶᠤᠮ᠃ ᠵᠢᠶᠠᠩ ᠽᠧ ᠮᠢᠨ ᠨᠥᠬᠦᠷ ᠨᠡᠢᠭᠡᠮ ᠵᠢᠷᠤᠮ᠎ᠤᠨ ᠥᠭᠡᠷᠡᠴᠢᠯᠡᠯᠲᠡ ᠪᠠ ᠪᠦᠳᠦᠭᠡᠨ ᠪᠠᠢᠭᠤᠯᠤᠯᠲᠠ᠎ᠶ᠋ᠢᠨ ᠦᠢᠯᠡᠳᠦᠯᠭᠡ᠎ᠲᠠᠢ ᠤᠶᠠᠯᠳᠤᠭᠤᠯᠤᠨ᠂ ᠮᠠᠨ᠎ᠤ ᠥᠭᠡᠷᠡᠴᠢᠯᠡᠯᠲᠡ ᠪᠠ ᠪᠦᠳᠦᠭᠡᠨ ᠪᠠᠢᠭᠤᠯᠤᠯᠲᠠ ᠭᠠᠭ᠍ᠴᠠ ᠬᠦ᠌ ᠠᠷᠠᠳ ᠤᠯᠠᠨ᠎ᠤ ᠣᠢᠯᠠᠭᠠᠯᠲᠠ᠂ ᠳᠡᠮᠵᠢᠯᠭᠡ ᠪᠠ ᠤᠷᠤᠯᠴᠠᠯᠭ᠎ᠠ᠎ᠶ᠋ᠢ ᠣᠯᠵᠤ᠂ ᠠᠷᠠᠳ ᠤᠯᠠᠨ᠎ᠤ ᠢᠳᠡᠪᠬᠢᠵᠢᠯ ᠪᠠ ᠪᠦᠲᠦᠭᠡᠯᠴᠢ ᠴᠢᠨᠠᠷ᠎ᠢ ᠭᠦᠢᠴᠡᠳ ᠪᠠᠳᠠᠷᠠᠭᠤᠯᠪᠠᠯ ᠰᠠᠶᠢ ᠤᠷᠤᠭ᠍ᠰᠢᠲᠠᠢ ᠶᠠᠪᠤᠭ᠍ᠳᠠᠵᠤ ᠴᠢᠳᠠᠨ᠎ᠠ ᠭᠡᠵᠦ᠍ ᠵᠢᠭᠠᠵᠤ ᠭᠠᠷᠭᠠᠭ᠍ᠰᠠᠨ ᠪᠥᠭᠡᠳ ᠨᠠᠮ ᠢᠮᠠᠭ᠍ᠲᠠ ᠳᠤᠮᠳᠠᠳᠤ ᠤᠯᠤᠰ᠎ᠤᠨ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠶ᠋ᠢ ᠲᠥᠯᠥᠭᠡᠯᠡᠬᠦ᠌ ᠬᠡᠷᠡᠭ᠌ᠲᠡᠢ ᠭᠡᠵᠦ᠍ ᠳᠤᠷᠠᠳᠤᠨ ᠭᠠᠷᠭᠠᠵᠠᠢ᠃ ᠬᠤ᠌᠎ᠶ᠋ᠢᠨ ᠲᠤᠤ ᠨᠥᠬᠦᠷ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ᠎ᠶ᠋ᠢᠨ ᠦᠢᠯᠡᠳᠦᠯᠭᠡ᠎ᠲᠠᠢ ᠤᠶᠠᠯᠳᠤᠭᠤᠯᠤᠨ᠂ ᠳᠤᠮᠳᠠᠳᠤ ᠤᠯᠤᠰ᠎ᠤᠨ ᠬᠠᠮᠤᠭ᠎ᠤᠨ ᠥᠷᠭᠡᠨ ᠤᠯᠠᠨ ᠠᠷᠠᠳ ᠲᠦᠮᠡᠨ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠢᠯᠡᠰ᠎ᠢ ᠪᠦᠳᠦᠭᠡᠨ ᠪᠠᠢᠭᠤᠯᠬᠤ ᠪᠡᠶᠡᠴᠢ ᠴᠣᠭ᠍ᠴᠠ ᠮᠥᠨ᠂ ᠲᠡᠷᠢᠭᠦᠨ᠎ᠤ ᠦᠢᠯᠡᠳᠪᠦᠷᠢᠯᠡᠯ᠎ᠤᠨ ᠬᠦᠴᠦᠨ ᠪᠠ ᠲᠡᠷᠢᠭᠦᠨ᠎ᠤ ᠰᠣᠶᠣᠯ᠎ᠤᠨ ᠡᠭᠦᠳᠦᠨ ᠪᠦᠲᠦᠭᠡᠭ᠌ᠴᠢ ᠮᠥᠨ᠂ ᠨᠡᠢᠭᠡᠮ ᠵᠢᠷᠤᠮ᠎ᠤᠨ ᠪᠣᠳᠠᠰ᠎ᠤᠨ ᠪᠣᠯᠪᠠᠰᠤᠨ᠂ ᠤᠯᠤᠰ ᠲᠦᠷᠦ᠎ᠶ᠋ᠢᠨ ᠪᠣᠯᠪᠠᠰᠤᠨ ᠪᠠ ᠤᠶᠤᠨ᠎ᠤ ᠪᠣᠯᠪᠠᠰᠤᠨ᠎ᠤ ᠵᠣᠬᠢᠴᠠᠩᠭᠤᠢ ᠬᠥᠭ᠌ᠵᠢᠯᠲᠡ᠎ᠶ᠋ᠢᠨ ᠠᠬᠢᠭᠤᠯᠤᠭ᠍ᠴᠢ ᠮᠥᠨ ᠭᠡᠵᠦ᠍ ᠵᠢᠭᠠᠵᠤ ᠭᠠᠷᠭᠠᠭ᠍ᠰᠠᠨ ᠪᠥᠭᠡᠳ ᠬᠥᠮᠦᠨ᠎ᠢᠶᠠᠷ ᠦᠨᠳᠦᠰᠦ ᠪᠣᠯᠭᠠᠬᠤ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠳᠤᠷᠠᠳᠤᠨ ᠭᠠᠷᠭᠠᠵᠠᠢ᠃ ᠡᠭᠦᠨ᠎ᠠᠴᠠ ᠦᠵᠡᠪᠡᠯ᠂ ᠳᠤᠮᠳᠠᠳᠤ ᠤᠯᠤᠰ᠎ᠤᠨ ᠡᠪ ᠬᠠᠮᠲᠤ ᠨᠠᠮ ᠬᠤᠪᠢᠰᠭᠠᠯ᠂ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ᠎ᠶ᠋ᠢ ᠥᠩᠭᠡᠷᠡᠭᠡᠭᠡᠳ 《ᠠᠷᠠᠳ ᠲᠦᠮᠡᠨ》 ᠎ᠢ ᠢᠮᠠᠭ᠍ᠲᠠ ᠥᠪᠡᠷ᠎ᠤᠨ ᠲᠤᠭ ᠳᠡᠭᠡᠷ᠎ᠡ᠎ᠪᠠᠨ ᠰᠡᠢᠯᠦᠭ᠌ᠰᠡᠨ ᠪᠠᠢᠨ᠎ᠠ᠃

ᠨᠠᠮ᠎ᠤᠨ ᠠᠷᠪᠠᠨ ᠨᠠᠢ᠍ᠮᠠᠳᠣᠭᠠᠷ ᠶᠡᠭᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ᠎ᠶ᠋ᠢᠨ ᠫᠢᠩ ᠮᠠᠷᠺᠰ᠎ᠤᠨ ᠦᠵᠡᠯ᠎ᠤᠨ ᠠᠷᠠᠳ᠎ᠤᠨ ᠦᠵᠡᠯᠲᠡ᠎ᠶ᠋ᠢ ᠵᠠᠯᠭᠠᠮᠵᠢᠯᠠᠨ ᠬᠥᠭ᠌ᠵᠢᠭᠦᠯᠵᠦ᠍᠂ 《ᠠᠷᠠᠳ ᠲᠦᠮᠡᠨ ᠪᠣᠯ ᠲᠡᠦᠬᠡ᠎ᠶ᠋ᠢ ᠡᠭᠦᠳᠦᠨ ᠪᠦᠲᠦᠭᠡᠭ᠌ᠴᠢ ᠮᠥᠨ᠂ ᠵᠢᠩᠬᠢᠨᠢ ᠪᠠᠭᠠᠲᠤᠷ ᠮᠥᠨ》 ᠬᠡᠵᠦ᠍ ᠲᠤᠲᠤᠷᠬᠠᠢ ᠲᠤᠷᠠᠳᠤᠨ ᠭᠠᠷᠭᠠᠬ᠍ᠰᠠᠨ ᠪᠦᠭᠡᠳ ᠮᠠᠷᠺᠰ᠎ᠤᠨ ᠦᠵᠡᠯ᠎ᠤᠨ ᠠᠷᠠᠳ ᠲᠦᠮᠡᠨ᠎ᠤ ᠪᠡᠶᠡᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢᠨ ᠲᠤᠬᠠᠢ ᠲᠠᠨᠢᠯᠲᠠ᠎ᠪᠠᠨ ᠴᠢᠨᠠᠬ᠍ᠰᠢᠲᠠ ᠭᠦᠨᠵᠡᠭᠡᠢᠷᠡᠭᠦᠯᠵᠦ᠍᠂ 《ᠲᠥᠷᠥ᠍ ᠵᠠᠰᠠᠭ ᠪᠣᠯ ᠳᠠᠷᠤᠢ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠢ ᠲᠦᠷᠦ᠍ ᠵᠠᠰᠠᠭ ᠮᠥᠨ》 ᠭᠡᠬᠦ᠌ ᠴᠢᠬᠤᠯᠠ ᠨᠤᠲᠠᠯᠠᠯᠲᠠ᠎ᠶ᠋ᠢ ᠲᠤᠷᠠᠳᠤᠨ ᠭᠠᠷᠭᠠᠵᠦ᠍᠂ ᠠᠷᠠᠳ ᠲᠦᠮᠡᠨ ᠪᠣᠯᠤᠨ ᠲᠦᠷᠦ᠍ ᠵᠠᠰᠠᠭ᠎ᠤᠨ ᠬᠤᠭᠤᠷᠣᠨᠳᠣᠬᠢ ᠬᠤᠪᠢᠰᠤᠩᠭᠤᠶ ᠬᠠᠷᠢᠴᠠᠭ᠎ᠠ᠎ᠶ᠋ᠢ ᠲᠣᠳᠣᠷᠬᠠᠢᠯᠠᠵᠦ᠍᠂ ᠡᠨᠡ ᠬᠦ᠌ ᠥᠭᠦᠯᠡᠯᠲᠡ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ ᠲᠦᠮᠡᠨ᠎ᠢ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠬᠤ ᠨᠠᠮᠴᠢ ᠴᠢᠨᠠᠷ᠎ᠤᠨ ᠵᠠᠷᠴᠢᠮ᠎ᠢ ᠢᠯᠡᠷᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 《ᠰᠠᠭᠤᠷᠢ᠎ᠨᠢ ᠠᠷᠠᠳ ᠲᠦᠮᠡᠨ᠎ᠳᠤ ᠪᠤᠢ᠂ ᠠᠮᠢᠨ ᠰᠤᠳᠠᠰᠤ᠎ᠨᠢ ᠠᠷᠠᠳ ᠲᠦᠮᠡᠨ᠎ᠳᠤ ᠪᠤᠢ᠂ ᠬᠦᠴᠦᠨ ᠴᠢᠳᠠᠯ᠎ᠨᠢ ᠠᠷᠠᠳ ᠲᠦᠮᠡᠨ᠎ᠳᠤ ᠪᠤᠢ》 ᠭᠡᠬᠦ᠌ ᠢᠲᠡᠭᠡᠯ ᠪᠢᠱᠢᠷᠡᠯ᠎ᠢ ᠲᠠᠩᠭᠠᠷᠢᠬ᠍ᠯᠠᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ ᠲᠦᠮᠡᠨ᠎ᠢ ᠳᠡᠭᠡᠳᠦᠯᠡᠬᠦ᠌ ᠥᠷᠲᠡᠭ᠎ᠤᠨ ᠬᠠᠨᠳᠤᠰᠢ᠎ᠶ᠋ᠢ ᠢᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠭ ᠰᠠᠨᠠᠭ᠎ᠠ᠎ᠪᠠᠨ ᠦᠯᠦ᠍ ᠮᠠᠷᠲᠠᠵᠦ᠍᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠍᠂ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭᠠᠨ᠎ᠤ ᠭᠦᠨᠵᠡᠭᠡᠢᠷᠡᠯ ᠪᠠᠢᠵᠦ᠍᠂ ᠲᠡᠦᠬᠡ᠎ᠶ᠋ᠢᠨ ᠪᠣᠳᠠᠰᠴᠢ ᠦᠵᠡᠯ᠎ᠤᠨ ᠦᠨᠡᠨ ᠶᠣᠰᠣᠨ᠎ᠤ ᠭᠡᠷᠡᠯ ᠭᠢᠯᠪᠠᠭ᠎ᠠ ᠰᠠᠴᠤᠷᠠᠵᠤ ᠪᠠᠢᠨ᠎ᠠ᠃

ᠲᠡᠦᠬᠡ᠎ᠶ᠋ᠢᠨ ᠯᠣᠭᠢᠭ᠄ ᠠᠷᠠᠳ ᠲᠦᠮᠡᠨ ᠪᠣᠯ ᠨᠠᠮ᠎ᠤᠨ ᠬᠦᠴᠦᠨ ᠴᠢᠳᠠᠯ᠎ᠤᠨ ᠡᠬᠢ ᠪᠤᠯᠠᠭ ᠮᠥᠨ᠂ ᠨᠠᠮ᠎ᠤᠨ ᠲᠦᠷᠦ᠍ ᠪᠠᠷᠢᠬᠤ᠎ᠶ᠋ᠢᠨ ᠬᠠᠮᠤᠭ᠎ᠤᠨ ᠪᠠᠲᠤ ᠪᠠᠬᠢ ᠦᠨᠳᠦᠰᠦ ᠰᠠᠭᠤᠷᠢ ᠮᠥᠨ

ᠵᠠᠭᠤᠨ ᠵᠢᠯ᠎ᠤᠨ ᠰᠦᠷ ᠳᠠᠯᠠᠢᠴᠠᠲᠠᠢ ᠲᠡᠦᠬᠡᠨ ᠠᠬᠢᠴᠠ ᠳᠤᠮᠳᠠ᠂ ᠳᠤᠮᠳᠠᠳᠤ ᠤᠯᠤᠰ᠎ᠤᠨ ᠡᠪ ᠬᠠᠮᠲᠤ ᠨᠠᠮ ᠤᠳᠠᠭ᠎ᠠ ᠲᠠᠷᠠᠭ᠎ᠠ᠎ᠶ᠋ᠢᠨ ᠠᠶᠤᠯ ᠲᠦᠭ᠌ᠰᠢᠭᠦᠷᠢ᠎ᠶ᠋ᠢ ᠠᠷᠢᠯᠭᠠᠵᠤ᠂ ᠬᠦᠴᠢᠷ ᠪᠡᠷᠬᠡᠱᠢᠶᠡᠯ ᠪᠦᠬᠦᠨ᠎ᠢ ᠢᠯᠠᠨ ᠳᠠᠪᠠᠵᠤ᠂ ᠴᠢᠰᠤᠲᠤ ᠲᠡᠮᠡᠴᠡᠯ᠎ᠤᠨ ᠳᠤᠮᠳᠠ ᠲᠠᠰᠤᠷᠠᠯᠳᠠ ᠦᠭᠡᠢ ᠬᠥᠭ᠌ᠵᠢᠨ ᠪᠤᠵᠠᠭᠠᠢᠷᠠᠵᠤ᠂ ᠬᠦᠴᠢᠷ ᠪᠡᠷᠬᠡᠱᠢᠶᠡᠯ᠎ᠤᠨ ᠳᠤᠮᠳᠠ ᠬᠤᠪᠢᠰᠭᠠᠯ᠎ᠤᠨ ᠵᠠᠰᠠᠭ᠎ᠤᠨ ᠡᠷᠬᠡ᠎ᠶ᠋ᠢ ᠣᠯᠤᠭ᠍ᠰᠠᠨ᠎ᠤ ᠦᠨᠳᠦᠰᠦᠨ ᠱᠢᠯᠲᠠᠭᠠᠨ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭ᠍ᠲᠠ ᠠᠷᠠᠳ ᠲᠦᠮᠡᠨ᠎ᠳᠤ ᠴᠢᠩᠭ᠎ᠠ ᠲᠦᠱᠢᠭ᠌ᠯᠡᠵᠦ᠍᠂ ᠠᠷᠠᠳ ᠲᠦᠮᠡᠨ᠎ᠤ ᠳᠤᠮᠳᠠ ᠭᠦᠨ ᠦᠨᠳᠦᠰᠦᠯᠡᠵᠦ᠍᠂ ᠠᠷᠠᠳ ᠲᠦᠮᠡᠨ᠎ᠢ ᠨᠠᠮ᠎ᠤᠨ ᠬᠦᠴᠦᠨ ᠴᠢᠳᠠᠯ᠎ᠤᠨ ᠡᠬᠢ ᠪᠤᠯᠠᠭ ᠪᠣᠯᠭᠠᠭ᠍ᠰᠠᠨ᠎ᠳᠤ ᠪᠠᠢᠨ᠎ᠠ᠃ ᠨᠠᠮ᠎ᠤᠨ ᠬᠤᠪᠢᠰᠭᠠᠯ᠎ᠤᠨ ᠲᠡᠦᠬᠡ᠎ᠶ᠋ᠢ ᠡᠷᠭᠢᠴᠡᠭᠦᠯᠪᠡᠯ᠂ ᠶᠡᠭᠡ ᠬᠤᠪᠢᠰᠭᠠᠯ ᠢᠯᠠᠭ᠍ᠳᠠᠭ᠍ᠰᠠᠨ᠎ᠤ ᠲᠠᠷᠠᠭ᠎ᠠ᠂ ᠮᠠᠨ᠎ᠤ ᠨᠠᠮ᠎ᠢ ᠲᠠᠭᠠᠵᠤ ᠬᠤᠪᠢᠰᠭᠠᠯ ᠬᠢᠵᠦ᠍ ᠪᠡᠶ᠎ᠡ ᠦᠷᠡᠭ᠌ᠳᠡᠭ᠌ᠰᠡᠨ ᠬᠤᠪᠢᠰᠭᠠᠯᠴᠢᠳ 30 ᠭᠠᠷᠤᠢ ᠲᠦᠮᠡ ᠪᠠᠢᠵᠤ᠂ ᠲᠡᠳᠡᠨ᠎ᠤ ᠳᠣᠲᠣᠷᠠᠬᠢ ᠣᠯᠠᠩᠬᠢ᠎ᠨᠢ ᠠᠷᠠᠳ ᠲᠦᠮᠡᠨ ᠪᠣᠯᠤᠨ᠎ᠠ᠂ ᠤᠯᠠᠭᠠᠨ ᠴᠡᠷᠢᠭ᠎ᠤᠨ ᠦᠶ᠎ᠡ᠎ᠳᠤ ᠠᠷᠠᠳ ᠤᠯᠠᠨ ᠪᠣᠯ ᠳᠠᠷᠤᠢ ᠨᠠᠮ ᠪᠠ ᠠᠷᠠᠳ ᠲᠦᠮᠡᠨ᠎ᠤ ᠴᠡᠷᠢᠭ ᠠᠩᠭᠢ᠎ᠶ᠋ᠢᠨ ᠪᠤᠯᠤᠳ ᠬᠡᠷᠡᠮ ᠲᠡᠮᠦᠷ ᠬᠠᠨ᠎ᠠ ᠪᠠᠢᠭ᠍ᠰᠠᠨ ᠶᠤᠮ᠃ ᠶᠠᠫᠣᠨ᠎ᠢ ᠡᠰᠡᠷᠭᠦᠴᠡᠬᠦ᠌ ᠳᠠᠢᠨ᠎ᠤ ᠦᠶ᠎ᠡ᠎ᠳᠤ᠂ ᠮᠠᠨ᠎ᠤ ᠨᠠᠮ ᠤᠯᠠᠨ ᠲᠦᠮᠡᠨ᠎ᠢ ᠥᠷᠭᠡᠨ᠎ᠢᠶᠠᠷ ᠳᠠᠢᠴᠢᠯᠠᠵᠤ᠂ ᠶᠠᠫᠣᠨ᠎ᠤ ᠲᠦᠷᠢᠮᠡᠬᠡᠢᠯᠡᠭ᠌ᠴᠢᠳ᠎ᠢ ᠠᠷᠠᠳ᠎ᠤᠨ ᠳᠠᠢᠨ᠎ᠤ ᠨᠡᠯᠦᠭᠡᠷ ᠳᠠᠯᠠᠢ᠎ᠳᠤ ᠣᠷᠣᠭᠤᠯᠪᠠ᠃ ᠴᠢᠯᠥᠭᠡᠯᠡᠬᠦ᠌ ᠲᠠᠢᠨ᠎ᠤ ᠦᠶ᠎ᠡ᠎ᠳᠤ᠂ ᠬᠤᠸᠠᠢ ᠬᠠᠢ᠎ᠶ᠋ᠢᠨ ᠳᠠᠢᠯᠠᠯᠳᠤᠭᠠᠨ᠎ᠤ ᠡᠮᠦᠨ᠎ᠡ ᠹᠷᠣᠨᠲ᠎ᠢ ᠲᠤᠰᠠᠯᠠᠬᠤ ᠡᠷᠤᠭᠡ᠎ᠶ᠋ᠢᠨ ᠠᠵᠢᠯᠴᠢᠨ 543 ᠲᠦᠮᠡ᠂ ᠮᠥᠷᠡᠨ ᠭᠠᠲᠤᠯᠬᠤ ᠳᠠᠢᠯᠠᠯᠳᠤᠭᠠᠨ᠎ᠤ ᠡᠮᠦᠨ᠎ᠡ ᠹᠷᠣᠨᠲ᠎ᠢ ᠲᠤᠰᠠᠯᠠᠬᠤ ᠡᠷᠤᠭᠡ᠎ᠶ᠋ᠢᠨ ᠠᠵᠢᠯᠴᠢᠨ 320 ᠲᠦᠮᠡ ᠪᠠᠢᠵᠤ᠂ ᠠᠷᠠᠳ ᠲᠦᠮᠡᠨ 《ᠬᠠᠮᠤᠭ᠎ᠤᠨ ᠰᠡᠭᠦᠯᠴᠢ᠎ᠶ᠋ᠢᠨ ᠨᠢᠭᠡ ᠠᠶᠠᠭ᠎ᠠ ᠪᠤᠳᠠᠭ᠎ᠠ᠎ᠪᠠᠨ ᠴᠡᠷᠢᠭ᠎ᠤᠨ ᠠᠮᠤ ᠬᠦᠨᠡᠰᠦ ᠪᠤᠯᠭᠠᠨ ᠬᠦᠷᠭᠡᠵᠦ᠍᠂ ᠬᠠᠮᠤᠭ᠎ᠤᠨ ᠰᠡᠭᠦᠯᠴᠢ᠎ᠶ᠋ᠢᠨ ᠨᠢᠭᠡ ᠲᠤᠬᠤᠢ ᠪᠦᠰ᠎ᠢᠶᠠᠨ ᠴᠡᠷᠢᠭ᠎ᠤᠨ ᠬᠤᠪᠴᠠᠰᠤ ᠪᠤᠯᠭᠠᠨ ᠬᠦᠷᠭᠡᠵᠦ᠍᠂ ᠬᠠᠮᠤᠭ᠎ᠤᠨ ᠰᠡᠭᠦᠯᠴᠢ᠎ᠶ᠋ᠢᠨ ᠨᠢᠭᠡ ᠬᠠᠭᠤᠴᠢᠨ ᠬᠥᠪᠥᠩ ᠣᠯᠣᠨᠳᠠᠢ᠎ᠪᠠᠨ ᠳᠠᠮᠨᠠᠭᠤᠷ ᠲᠡᠭᠡᠷ᠎ᠡ ᠬᠤᠴᠢᠵᠤ᠂ ᠬᠠᠮᠤᠭ᠎ᠤᠨ ᠰᠡᠭᠦᠯᠴᠢ᠎ᠶ᠋ᠢᠨ ᠦᠷ᠎ᠡ ᠬᠡᠦᠬᠡᠳ᠎ᠢᠶᠠᠨ ᠲᠠᠢᠨ᠎ᠤ ᠲᠠᠯᠠᠪᠤᠷ᠎ᠲᠤ ᠬᠦᠷᠭᠡᠵᠡᠢ》᠂ ᠶᠡᠷᠦᠩᠬᠡᠢ ᠱᠦᠵᠢ ᠰᠢ᠎ᠶ᠋ᠢᠨ ᠫᠢᠩ᠂ ᠬᠤᠸᠠᠢ ᠬᠠᠢ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠠᠷᠠᠳ ᠲᠦᠮᠡᠨ ᠵᠢᠵᠢᠭ ᠲᠡᠷᠭᠡ᠎ᠪᠠᠷ ᠲᠦᠯᠬᠢᠵᠦ᠍ ᠪᠠᠢᠭᠠᠳ ᠣᠯᠤᠭ᠍ᠰᠠᠨ ᠶᠤᠮ᠂ ᠮᠥᠷᠡᠨ ᠭᠠᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠠᠷᠠᠳ ᠲᠦᠮᠡᠨ ᠵᠢᠵᠢᠭ ᠣᠩᠭᠤᠴᠠ᠎ᠪᠠᠷ ᠰᠡᠯᠢᠵᠦ᠍ ᠭᠠᠷᠭᠠᠭ᠍ᠰᠠᠨ ᠶᠤᠮ ᠭᠡᠵᠦ᠍ ᠭᠦᠨ ᠰᠡᠳᠭᠢᠯᠭᠡ᠎ᠲᠠᠢ᠎ᠪᠠᠷ ᠶᠠᠷᠢᠵᠤ᠂ ᠬᠤᠸᠠᠢ ᠬᠠᠢ᠎ᠶ᠋ᠢᠨ ᠳᠠᠢᠯᠠᠯᠳᠤᠭᠠᠨ᠎ᠤ ᠢᠯᠠᠯᠲᠠ ᠪᠣᠯ 《ᠠᠷᠠᠳ ᠲᠦᠮᠡᠨ᠎ᠤ ᠢᠯᠠᠯᠲᠠ》 ᠬᠡᠲᠡᠭ᠎ᠢ ᠠᠮᠢᠳᠤᠯᠢᠬ᠎ᠢᠶᠠᠷ ᠲᠠᠢᠯᠪᠤᠷᠢᠯᠠᠪᠠ᠃ ᠠᠷᠠᠳ ᠲᠦᠮᠡᠨ ᠪᠣᠯ ᠨᠠᠮ᠎ᠤᠨ ᠬᠦᠴᠦᠨ ᠴᠢᠳᠠᠯ᠎ᠤᠨ ᠡᠬᠢ ᠪᠤᠯᠠᠭ ᠪᠠ ᠢᠯᠠᠯᠲᠠ᠎ᠶ᠋ᠢᠨ ᠦᠨᠳᠦᠰᠦ ᠮᠥᠨ ᠬᠡᠲᠡᠭ᠎ᠢ ᠲᠡᠦᠬᠡ ᠬᠦᠢᠴᠡᠳ ᠬᠡᠷᠡᠴᠢᠯᠡᠪᠡ᠃

ᠠᠷᠠᠳ᠎ᠤᠨ ᠰᠡᠳᠭᠢᠯ᠎ᠢ ᠣᠯᠤᠭ᠍ᠰᠠᠳ ᠲᠦᠷᠦ᠎ᠶ᠋ᠢ ᠣᠯᠤᠮᠤᠢ᠂ ᠠᠷᠠᠳ ᠲᠦᠮᠡᠨ᠎ᠤ ᠬᠦᠷᠢᠶᠡᠯᠡᠯ ᠳᠡᠮᠵᠢᠯᠭᠡ ᠪᠣᠯ ᠨᠠᠮ᠎ᠤᠨ ᠲᠦᠷᠦ᠍ ᠪᠠᠷᠢᠬᠤ᠎ᠶ᠋ᠢᠨ ᠬᠠᠮᠤᠭ᠎ᠤᠨ ᠪᠠᠲᠤ ᠪᠠᠬᠢ ᠰᠠᠭᠤᠷᠢ ᠮᠥᠨ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 70 ᠭᠠᠷᠤᠶ ᠵᠢᠯ᠎ᠤᠨ ᠲᠤᠷᠰᠢ᠂ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭ᠌ᠰᠡᠨ 40 ᠭᠠᠷᠤᠶ ᠵᠢᠯ᠎ᠤᠨ ᠲᠤᠷᠰᠢ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠲᠠᠰᠤᠷᠠᠯᠲᠠ ᠥᠬᠡᠶ ᠤᠷᠤᠭ᠍ᠰᠢᠯᠠᠵᠤ᠂ ᠪᠢᠳᠡ ᠬᠡᠳᠦᠨ ᠠᠷᠪᠠᠨ ᠵᠢᠯ᠎ᠤᠨ ᠴᠠᠭ᠎ᠢ ᠬᠡᠷᠡᠭ᠌ᠰᠡᠵᠦ᠍ ᠪᠠᠢᠭᠠᠳ ᠪᠤᠰᠤᠳ ᠬᠥᠭ᠌ᠵᠢᠭ᠌ᠰᠡᠨ ᠤᠯᠤᠰ᠎ᠤᠨ ᠬᠡᠳᠦᠨ ᠵᠠᠭᠤᠨ ᠵᠢᠯ᠎ᠤᠨ ᠬᠥᠭ᠌ᠵᠢᠯᠲᠡ᠎ᠶ᠋ᠢᠨ ᠶᠠᠪᠤᠴᠠ᠎ᠶ᠋ᠢ ᠪᠡᠶᠡᠯᠡᠭᠦᠯᠵᠦ᠍᠂ ᠠᠯᠢ ᠣᠯᠠᠨ 《ᠪᠣᠯᠤᠮᠵᠢ ᠥᠬᠡᠶ ᠵᠦᠢᠯ》 ᠎ᠢ ᠪᠡᠶᠡᠯᠡᠭᠦᠯᠵᠦ᠍᠂ ᠠᠯᠢ ᠣᠯᠠᠨ ᠢᠲᠡᠭᠡᠵᠦ᠍ ᠶᠠᠳᠠᠮ᠎ᠠ ᠭᠠᠢᠬᠠᠮᠱᠢᠭ᠎ᠢ ᠡᠭᠦᠳᠦᠭ᠌ᠰᠡᠨ᠎ᠤ ᠰᠠᠭᠤᠷᠢ᠎ᠨᠢ ᠠᠷᠠᠳ ᠲᠦᠮᠡᠨ᠎ᠳᠤ ᠪᠣᠶ᠃ ᠨᠡᠢᠭᠡᠮ ᠵᠢᠷᠤᠮᠲᠤ ᠬᠤᠪᠢᠰᠭᠠᠯ ᠪᠣᠯᠤᠨ ᠪᠦᠳᠦᠭᠡᠨ ᠪᠠᠢᠭᠤᠯᠤᠯᠲᠠ᠎ᠶ᠋ᠢᠨ ᠠᠮᠵᠢᠯᠲᠠ᠎ᠶ᠋ᠢ ᠠᠷᠠᠳ ᠲᠦᠮᠡᠨ ᠬᠢᠵᠦ᠍ ᠪᠦᠲᠦᠭᠡᠭ᠌ᠰᠡᠨ ᠶᠤᠮ᠂ ᠥᠭᠡᠷᠡᠴᠢᠯᠡᠯᠲᠡ ᠨᠡᠭᠡᠭᠡᠯᠳᠠ᠎ᠶ᠋ᠢᠨ ᠲᠡᠦᠬᠡ᠎ᠶ᠋ᠢᠨ ᠠᠭᠤᠤ ᠦᠢᠯᠡᠰ᠎ᠢ ᠠᠷᠠᠳ ᠲᠦᠮᠡᠨ ᠬᠠᠢᠨ ᠰᠦᠪᠡᠭ᠌ᠴᠢᠯᠡᠵᠦ᠍ ᠭᠠᠷᠭᠠᠭ᠍ᠰᠠᠨ ᠶᠤᠮ᠂ ᠱᠢᠨ᠎ᠡ ᠴᠠᠭ ᠦᠶ᠎ᠡ᠎ᠶ᠋ᠢᠨ ᠭᠡᠷᠡᠯ ᠰᠠᠴᠤᠷᠠᠩᠭᠤᠢ ᠠᠮᠵᠢᠯᠲᠠ᠎ᠶ᠋ᠢ ᠲᠦᠭ ᠲᠦᠮᠡᠨ ᠠᠷᠠᠳ ᠲᠦᠮᠡᠨ ᠲᠡᠮᠡᠴᠡᠵᠦ᠍ ᠪᠠᠢᠭᠠᠳ ᠣᠯᠤᠭ᠍ᠰᠠᠨ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠤ ᠲᠥᠯᠥᠭᠡ ᠲᠦᠷᠦᠵᠦ᠍᠂ ᠠᠷᠠᠳ ᠲᠦᠮᠡᠨ᠎ᠤ ᠲᠥᠯᠥᠭᠡ ᠬᠥᠭ᠌ᠵᠢᠨ ᠮᠠᠨᠳᠤᠭ᠍ᠰᠠᠨ ᠶᠤᠮ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠦᠬᠡ ᠪᠣᠯ ᠳᠠᠷᠤᠢ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠦᠢᠯᠡᠳᠦᠯᠭᠡᠵᠢᠭᠦᠯᠦᠭ᠌ᠰᠡᠨ ᠲᠡᠦᠬᠡ ᠮᠥᠨ᠂ ᠳᠠᠷᠤᠢ ᠨᠠᠮ ᠪᠣᠯᠤᠨ ᠠᠷᠠᠳ ᠲᠦᠮᠡᠨ ᠰᠡᠳᠭᠢᠯ ᠵᠢᠷᠦᠬᠡ᠎ᠪᠠᠨ ᠬᠤᠯᠪᠣᠵᠤ᠂ ᠠᠮᠢᠰᠭᠤᠭ᠎ᠠ᠎ᠪᠠᠨ ᠨᠢᠭᠡᠳᠭᠡᠵᠦ᠍᠂ ᠬᠤᠪᠢ ᠵᠠᠶᠠᠭ᠎ᠠ᠎ᠪᠠᠨ ᠬᠠᠮᠲᠤᠳᠭᠠᠭ᠍ᠰᠠᠨ ᠲᠡᠦᠬᠡ ᠮᠥᠨ᠃ ᠲᠦᠷᠦ᠍ ᠵᠠᠰᠠᠭ ᠪᠣᠯ ᠲᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠣᠯ ᠲᠠᠷᠤᠢ ᠲᠦᠷᠦ᠍ ᠵᠠᠰᠠᠭ ᠮᠥᠨ᠂ ᠬᠦᠮᠦᠨ᠎ᠤ ᠰᠡᠳᠭᠢᠯ᠎ᠢ ᠠᠯᠳᠠᠬᠤ ᠪᠤᠯ ᠨᠠᠮ᠎ᠤᠨ ᠮᠠᠨᠳᠦᠵᠦ᠍ ᠮᠦᠬᠦᠬᠦ᠌᠎ᠲᠠᠢ ᠬᠤᠯᠪᠤᠭ᠍ᠳᠠᠨ᠎ᠠ᠂ ᠠᠷᠠᠳ ᠲᠦᠮᠡᠨ᠎ᠤ ᠢᠳᠡᠭᠡᠯ᠎ᠢ ᠤᠯᠵᠤ᠂ ᠠᠷᠠᠳ ᠲᠦᠮᠡᠨ᠎ᠤ ᠳᠡᠮᠵᠢᠯᠭᠡ᠎ᠶ᠋ᠢ ᠤᠯᠪᠠᠯ᠂ ᠨᠠᠮ ᠶᠠᠮᠠᠷᠪᠠ ᠬᠦᠴᠢᠷ ᠪᠡᠷᠬᠡᠱᠢᠶᠡᠯ᠎ᠢ ᠴᠦ᠍ ᠲᠤᠭᠤᠯᠵᠤ᠂ ᠬᠠᠨᠳᠤᠬ᠍ᠰᠠᠨ ᠵᠦᠭ᠎ᠲᠤ ᠬᠠᠷᠰᠢ ᠰᠠᠭᠠᠳ ᠦᠭᠡᠢ ᠤᠷᠤᠬ᠍ᠰᠢᠯᠠᠵᠦ᠍ ᠴᠢᠳᠠᠨ᠎ᠠ ᠬᠡᠲᠡᠭ᠎ᠢ ᠲᠡᠦᠬᠡ ᠬᠦᠢᠴᠡᠳ ᠬᠡᠷᠡᠴᠢᠯᠡᠪᠡ᠃

ᠦᠢᠯᠡᠳᠦᠯᠭᠡ᠎ᠶ᠋ᠢᠨ ᠯᠣᠭᠢᠭ᠄ ᠠᠷᠠᠳ ᠲᠦᠮᠡᠨ ᠪᠣᠯ ᠨᠠᠮ᠎ᠤᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠢᠯᠠᠨ ᠳᠠᠪᠠᠭ᠍ᠤ ᠪᠠᠲᠤᠯᠠᠭ᠎ᠠ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠬᠥᠳᠡᠯᠭᠡᠬᠦ᠌ ᠬᠦᠴᠦᠨ ᠮᠥᠨ

ᠠᠯᠢᠪᠠ ᠪᠦᠬᠦᠨ᠎ᠳᠤ ᠠᠷᠠᠳ ᠲᠦᠮᠡᠨ᠎ᠢ ᠲᠦᠱᠢᠭ᠌ᠯᠡᠵᠦ᠍᠂ ᠠᠯᠢᠪᠠ ᠪᠦᠬᠦᠨ᠎ᠳᠤ ᠠᠷᠠᠳ ᠲᠦᠮᠡᠨ᠎ᠤ ᠲᠥᠯᠥᠭᠡ ᠪᠠᠢᠪᠠᠯ ᠰᠠᠶᠢ ᠤᠷᠤᠭ᠍ᠰᠢᠯᠠᠯᠲᠠ᠎ᠶ᠋ᠢᠨ ᠵᠠᠮ ᠳᠡᠭᠡᠷᠡᠬᠢ ᠡᠯ᠎ᠡ ᠵᠦᠢᠯ᠎ᠤᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠢᠯᠠᠨ ᠳᠠᠪᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠱᠢᠨ᠎ᠡ ᠲᠡᠦᠬᠡ᠎ᠶ᠋ᠢᠨ ᠭᠡᠷᠡᠯ ᠰᠠᠴᠤᠷᠠᠩᠭᠤᠢ ᠠᠮᠵᠢᠯᠲᠠ᠎ᠶ᠋ᠢ ᠲᠠᠰᠤᠷᠠᠯᠳᠠ ᠦᠭᠡᠢ ᠡᠭᠦᠳᠴᠦ᠍ ᠴᠢᠳᠠᠨ᠎ᠠ ᠭᠡᠳᠡᠭ᠎ᠢ ᠲᠡᠦᠬᠡ ᠪᠠ ᠪᠣᠳᠠᠲᠤ ᠠᠬᠤᠢ ᠴᠥᠮ ᠪᠢᠳᠡᠨ᠎ᠳᠤ ᠬᠡᠯᠡᠵᠦ᠍ ᠥᠭ᠌ᠪᠡ᠃ ᠣᠳᠣᠬᠠᠨ᠎ᠤ ᠳᠡᠯᠡᠬᠡᠢ ᠶᠢᠷᠲᠢᠨᠴᠦ᠍ ᠶᠠᠭ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠶ᠋ᠢ ᠥᠩᠭᠡᠷᠡᠭᠡᠵᠦ᠍᠂ ᠮᠠᠨ᠎ᠤ ᠤᠯᠤᠰ ᠶᠠᠭ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠴᠠᠭ ᠦᠶ᠎ᠡ᠎ᠳᠤ ᠣᠷᠣᠱᠢᠵᠤ᠂ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠳᠤ᠂ ᠮᠠᠨ᠎ᠤ ᠤᠯᠤᠰ᠎ᠤᠨ ᠬᠥᠭ᠌ᠵᠢᠯᠲᠡ ᠮᠥᠨ ᠬᠦ᠌ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯᠳᠤ ᠬᠤᠭᠤᠴᠠᠭᠠᠨ᠎ᠳᠤ ᠣᠷᠣᠱᠢᠬᠤ ᠪᠣᠯᠤᠨ᠎ᠠ᠂ ᠭᠡᠪᠡᠴᠦ᠍ ᠠᠵᠠ ᠲᠣᠬᠢᠶᠠᠯ ᠪᠠ ᠥᠷᠢᠰᠥᠯᠳᠦᠭᠡᠨ ᠴᠥᠮ ᠱᠢᠨ᠎ᠡ ᠬᠥᠭ᠌ᠵᠢᠯᠲᠡ ᠬᠤᠪᠢᠷᠠᠯᠲᠠ᠎ᠲᠠᠢ ᠶᠤᠮ᠃ ᠤᠯᠠᠨ ᠤᠯᠤᠰ᠎ᠤᠨ ᠪᠠᠢᠳᠠᠯ᠎ᠠᠴᠠ ᠦᠵᠡᠪᠡᠯ᠂ ᠣᠳᠣᠬᠠᠨ᠎ᠤ ᠳᠡᠯᠡᠬᠡᠶ ᠶᠢᠷᠲᠢᠨᠴᠦ᠍ ᠶᠠᠭ ᠵᠠᠭᠤᠨ ᠵᠢᠯ᠎ᠳᠤ ᠲᠣᠬᠢᠶᠠᠯᠳᠤᠭ᠎ᠠ ᠥᠬᠡᠶ ᠶᠡᠭᠡ ᠬᠤᠪᠢᠰᠤᠯᠲᠠ᠎ᠶ᠋ᠢ ᠥᠩᠭᠡᠷᠡᠭᠡᠵᠦ᠍᠂ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠤᠪᠢᠰᠭᠠᠯ ᠪᠣᠯᠤᠨ ᠠᠵᠤ ᠦᠢᠯᠡᠰ᠎ᠤᠨ ᠬᠤᠪᠢᠰᠤᠯᠲᠠ ᠭᠦᠨᠵᠡᠭᠡᠢᠷᠡᠨ ᠬᠥᠭ᠌ᠵᠢᠵᠦ᠍᠂ ᠣᠯᠠᠨ ᠤᠯᠤᠰ᠎ᠤᠨ ᠬᠦᠴᠦᠨ᠎ᠤ ᠬᠠᠷᠢᠴᠠᠯ᠎ᠳᠤ ᠭᠦᠨᠵᠡᠭᠡᠶ ᠲᠣᠬᠢᠷᠠᠭᠤᠯᠤᠯᠲᠠ ᠬᠢᠵᠦ᠍᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠨᠥᠯᠥᠭᠡ ᠥᠷᠭᠡᠨ ᠳᠡᠯᠭᠡᠷ ᠠᠯᠤᠰ ᠬᠡᠲᠦ᠎ᠶ᠋ᠢᠨ ᠪᠠᠢᠵᠤ᠂ ᠠᠵᠤ ᠠᠬᠤᠶ᠎ᠶ᠋ᠢᠨ ᠳᠡᠯᠡᠬᠡᠢᠵᠢᠯᠲᠡ ᠰᠥᠷᠭᠡᠦ ᠤᠷᠤᠰᠭᠠᠯ᠎ᠳᠤ ᠤᠴᠠᠷᠠᠵᠤ᠂ ᠳᠡᠯᠡᠬᠡᠶ ᠶᠢᠷᠲᠢᠨᠴᠦ᠍ ᠣᠷᠤᠭ᠎ᠠ ᠪᠤᠰᠭᠠᠭ᠎ᠠ ᠬᠤᠪᠢᠰᠤᠯᠲᠠ᠎ᠶ᠋ᠢᠨ ᠬᠤᠭᠤᠴᠠᠭᠠᠨ᠎ᠳᠤ ᠣᠷᠣᠵᠤ᠂ ᠭᠠᠭ᠍ᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠡᠵᠡᠷᠬᠡᠬᠦ᠌ ᠦᠵᠡᠯ᠎ᠨᠢ ᠳᠡᠯᠡᠬᠡᠶ᠎ᠶ᠋ᠢᠨ ᠡᠩᠬᠡ ᠲᠠᠢᠪᠤᠩ ᠪᠣᠯᠤᠨ ᠬᠥᠭ᠌ᠵᠢᠯᠲᠡ᠎ᠳᠤ ᠰᠦᠷᠳᠡᠭᠦᠯᠦᠯ ᠪᠣᠯᠵᠣ᠂ ᠣᠯᠠᠨ ᠤᠯᠤᠰ᠎ᠤᠨ ᠣᠷᠴᠢᠨ ᠲᠣᠭᠤᠷᠢᠨ ᠡᠳᠦᠷ ᠢᠷᠡᠬᠦᠶ᠎ᠡ ᠪᠤᠳᠤᠯᠢᠶᠠᠨᠲᠠᠶ ᠪᠣᠯᠵᠣ᠂ ᠲᠣᠭ᠍ᠲᠠᠭᠤᠨ ᠪᠤᠰᠤ ᠴᠢᠨᠠᠷ ᠲᠣᠭ᠍ᠲᠠᠭᠠᠯᠲᠤ ᠪᠤᠰᠤ ᠴᠢᠨᠠᠷ ᠢᠯᠡᠳᠲᠡ ᠨᠡᠮᠡᠭ᠌ᠳᠡᠪᠡ᠃ ᠤᠯᠤᠰ᠎ᠤᠨ ᠳᠣᠲᠣᠭᠠᠳᠤ᠎ᠠᠴᠠ ᠦᠵᠡᠪᠡᠯ᠂ ᠮᠠᠨ᠎ᠤ ᠤᠯᠤᠰ ᠨᠢᠭᠡᠨᠲᠡ ᠴᠢᠨᠠᠷ ᠰᠠᠢᠲᠠᠢ ᠬᠥᠭ᠌ᠵᠢᠯᠲᠡ᠎ᠶ᠋ᠢᠨ ᠱᠠᠲᠤᠨ᠎ᠳᠤ ᠱᠢᠯᠵᠢᠵᠦ᠍᠂ ᠪᠠᠢᠭᠤᠯᠤᠯ᠎ᠤᠨ ᠳᠠᠪᠠᠭᠤᠯᠢᠭ ᠲᠣᠪᠤᠢᠮ᠎ᠠ ᠪᠣᠯᠵᠦ᠍᠂ ᠵᠠᠰᠠᠯᠲᠠ᠎ᠶ᠋ᠢᠨ ᠦᠷ᠎ᠡ ᠪᠦᠲᠦᠮᠵᠢ ᠳᠡᠭᠡᠭ᠌ᠰᠢᠯᠡᠨ᠂ ᠠᠵᠤ ᠠᠬᠤᠶ ᠤᠷᠲᠤ ᠬᠤᠭᠤᠴᠠᠭ᠎ᠠ᠎ᠪᠠᠷ ᠰᠠᠢᠵᠢᠷᠠᠵᠦ᠍᠂ ᠪᠣᠳᠠᠰ᠎ᠤᠨ ᠰᠠᠭᠤᠷᠢ ᠵᠤᠵᠠᠭᠠᠨ᠂ ᠬᠥᠮᠦᠨ᠎ᠤ ᠬᠦᠴᠦᠨ᠎ᠤ ᠡᠬᠢ ᠪᠠᠶᠠᠯᠢᠭ ᠡᠯᠪᠡᠭ᠂ ᠵᠠᠬ᠎ᠠ ᠳᠡᠯᠭᠡᠭᠦᠷ᠎ᠤᠨ ᠣᠷᠣᠨ ᠵᠠᠶ ᠥᠷᠭᠡᠨ ᠠᠭᠤᠳᠠᠮ᠂ ᠬᠥᠭ᠌ᠵᠢᠯᠲᠡ᠎ᠶ᠋ᠢᠨ ᠤᠶᠠᠨ ᠬᠠᠳᠠᠨ ᠴᠢᠨᠠᠷ ᠴᠢᠩᠭ᠎ᠠ᠂ ᠨᠡᠢᠭᠡᠮ᠎ᠤᠨ ᠶᠡᠭᠡ ᠲᠠᠯ᠎ᠠ ᠲᠣᠭ᠍ᠲᠠᠭᠤᠨ ᠪᠠᠢᠵᠦ᠍᠂ ᠦᠷᠭᠦᠯᠵᠢᠯᠡᠨ ᠬᠥᠭ᠌ᠵᠢᠭᠦᠯᠬᠦ᠌᠎ᠳᠤ ᠤᠯᠠᠨ ᠲᠠᠯ᠎ᠠ᠎ᠶ᠋ᠢᠨ ᠳᠠᠪᠠᠭᠤᠯᠢᠭ ᠪᠠ ᠨᠥᠬᠦᠴᠡᠯ᠎ᠲᠠᠢ ᠶᠤᠮ᠂ ᠡᠭᠦᠨ᠎ᠤ ᠬᠠᠮᠲᠤ ᠮᠠᠨ᠎ᠤ ᠤᠯᠤᠰ᠎ᠤᠨ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠮᠥᠨ ᠲᠤᠪᠤᠢᠮ᠎ᠠ ᠪᠠᠢᠵᠦ᠍᠂ ᠭᠤᠣᠯᠳᠠᠯᠭ᠎ᠠ᠎ᠲᠠᠢ ᠬᠦᠷᠢᠶᠡᠨ᠎ᠤ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢᠨ ᠥᠭᠡᠷᠡᠴᠢᠯᠡᠯᠲᠡ᠎ᠶ᠋ᠢᠨ ᠡᠭᠦᠷᠭᠡ ᠮᠥᠨ ᠬᠦ᠌ ᠪᠡᠷᠬᠡ ᠬᠠᠲᠠᠭᠤᠵᠢᠯᠲᠠᠢ ᠪᠠᠢᠭ᠍ᠰᠠᠭᠠᠷ᠂ ᠱᠢᠨ᠎ᠡ᠎ᠶ᠋ᠢ ᠡᠭᠦᠳᠬᠦ᠌ ᠴᠢᠳᠠᠪᠤᠷᠢ ᠴᠢᠨᠠᠷ ᠰᠠᠢᠲᠠᠢ ᠬᠥᠭ᠌ᠵᠢᠯᠲᠡ᠎ᠶ᠋ᠢᠨ ᠱᠠᠭᠠᠷᠳᠠᠯᠭ᠎ᠠ᠎ᠳᠤ ᠵᠣᠬᠢᠴᠠᠬᠤ ᠦᠭᠡᠢ ᠪᠠᠢᠨ᠎ᠠ᠂ ᠲᠠᠷᠢᠶᠠᠯᠠᠩ᠎ᠤᠨ ᠰᠠᠭᠤᠷᠢ ᠪᠠᠰᠠ ᠪᠠᠲᠤ ᠪᠠᠬᠢ ᠪᠢᠰᠢ᠂ ᠬᠤᠳᠠ ᠬᠥᠳᠡᠭᠡ ᠣᠷᠣᠨ ᠪᠦᠰᠡ᠎ᠶ᠋ᠢᠨ ᠬᠥᠭ᠌ᠵᠢᠯᠲᠡ ᠪᠠ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠵᠦᠷᠢᠶ᠎ᠡ ᠨᠡᠯᠢᠶᠡᠳ ᠶᠡᠭᠡ᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠡᠭᠦᠷᠭᠡ ᠬᠦᠨᠳᠦ ᠵᠠᠮ ᠬᠤᠯᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠳᠤ ᠳᠤᠲᠠᠭᠤᠳᠠᠯ ᠣᠷᠣᠱᠢᠵᠤ᠂ ᠨᠡᠢᠭᠡᠮ᠎ᠤᠨ ᠵᠠᠰᠠᠯᠲᠠ᠎ᠳᠤ ᠪᠠᠰᠠ ᠪᠠᠭᠤᠷᠠᠶ ᠲᠠᠯ᠎ᠠ ᠪᠠᠢᠨ᠎ᠠ᠃ ᠠᠶᠤᠯ ᠲᠦᠭ᠌ᠰᠢᠭᠦᠷᠢ ᠥᠷᠢᠰᠥᠯᠳᠦᠭᠡᠨ᠎ᠤ ᠡᠮᠦᠨ᠎ᠡ᠂ ᠭᠠᠭ᠍ᠴᠠ ᠬᠦ᠌ ᠠᠷᠠᠳ ᠲᠦᠮᠡᠨ᠎ᠳᠤ ᠴᠢᠩᠭ᠎ᠠ ᠲᠦᠱᠢᠭ᠌ᠯᠡᠵᠦ᠍᠂ ᠠᠷᠠᠳ ᠲᠦᠮᠡᠨ᠎ᠲᠠᠢ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠵᠤ᠂ ᠴᠢᠰᠤ ᠮᠢᠬᠠᠨ᠎ᠤ ᠪᠠᠷᠢᠯᠳᠤᠯᠭ᠎ᠠ᠎ᠲᠠᠢ ᠪᠤᠯᠵᠤ᠂ ᠦᠬᠦᠵᠦ᠍ ᠰᠡᠭᠡᠬᠦ᠌᠎ᠪᠠᠨ ᠬᠠᠮᠲᠤᠳᠭᠠᠪᠠᠯ ᠰᠠᠶᠢ ᠠᠭᠤᠯᠠ ᠳᠠᠭᠠᠷᠠᠪᠠᠯ ᠵᠠᠮ ᠨᠡᠭᠡᠭᠡᠵᠦ᠍᠂ ᠤᠰᠤ ᠳᠠᠭᠠᠷᠠᠪᠠᠯ ᠬᠥᠭᠦᠷᠭᠡ ᠲᠠᠯᠪᠢᠵᠤ᠂ ᠬᠠᠷᠰᠢ ᠰᠠᠭᠠᠳ᠎ᠢ ᠢᠯᠠᠨ ᠳᠠᠪᠠᠵᠤ᠂ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠢᠯᠠᠯᠲᠠ ᠣᠯᠵᠤ ᠴᠢᠳᠠᠨ᠎ᠠ᠃

ᠲᠡᠦᠬᠡ᠎ᠶ᠋ᠢᠨ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠬᠠᠨᠳᠤᠬᠤ᠎ᠳᠤ᠂ ᠪᠢᠳᠡ ᠡᠷᠬᠡᠪᠰᠢ ᠢᠮᠠᠭ᠍ᠲᠠ ᠠᠷᠠᠳ ᠲᠦᠮᠡᠨ᠎ᠤ ᠭᠤᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠬᠠᠮᠲᠤ᠎ᠪᠠᠷ ᠴᠢᠨᠡᠭᠡᠯᠢᠭ᠌ᠵᠢᠬᠦ᠌ ᠴᠢᠭ᠌ᠯᠡᠯ᠎ᠢ ᠪᠠᠷᠢᠮᠲᠠᠯᠠᠵᠤ᠂ ᠢᠮᠠᠭ᠍ᠲᠠ ᠠᠷᠠᠳ ᠲᠦᠮᠡᠨ᠎ᠤ ᠲᠥᠯᠥᠭᠡ ᠬᠥᠭ᠌ᠵᠢᠭᠦᠯᠬᠦ᠂ ᠬᠥᠭ᠌ᠵᠢᠭᠦᠯᠬᠦ᠌᠎ᠳᠤ ᠠᠷᠠᠳ ᠲᠦᠮᠡᠨ᠎ᠳᠤ ᠲᠦᠱᠢᠭ᠌ᠯᠡᠬᠦ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠠᠷᠠᠳ ᠲᠦᠮᠡᠨ᠎ᠳᠤ ᠬᠠᠮᠲᠤ᠎ᠪᠠᠷ ᠡᠳ᠋ᠯᠡᠭᠦᠯᠬᠦ᠌᠎ᠶ᠋ᠢ ᠪᠡᠶᠡᠯᠡᠭᠦᠯᠵᠦ᠍᠂ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠶ᠋ᠢ ᠬᠠᠮᠠᠭᠠᠯᠠᠵᠤ᠂ ᠪᠦᠬᠦ᠌ ᠠᠷᠠᠳ ᠲᠦᠮᠡᠨ᠎ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠬᠥᠭ᠌ᠵᠢᠭᠡᠵᠦ᠍᠂ ᠨᠡᠢᠭᠡᠮ᠎ᠤᠨ ᠡᠷᠬᠡ ᠲᠡᠭ᠌ᠰᠢ᠎ᠶ᠋ᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠵᠦ᠍᠂ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠴᠢᠷᠮᠠᠢᠨ ᠠᠬᠢᠭᠤᠯᠬᠤ ᠬᠡᠷᠡᠭ᠌ᠲᠡᠢ᠃

 (《ᠰᠤᠷᠤᠯᠴᠠᠯᠭ᠎ᠠ᠎ᠶ᠋ᠢᠨ ᠬᠦᠴᠦᠷᠭᠡᠭ ᠤᠯᠤᠰ》 ᠱᠢᠯᠵᠢᠶ᠎ᠡ᠎ᠠᠴᠠ ᠬᠠᠨ ᠯᠢᠩ ᠯᠢᠩ ᠤᠷᠴᠢᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号