ᠡᠯᠡᠰᠦ᠎ᠶ᠋ᠢ ᠵᠠᠰᠠᠬᠤ᠎ᠳᠤ ᠡᠪ ᠣᠬᠠᠭᠠᠨ ᠬᠡᠷᠡᠭ᠌ᠲᠡᠢ
2021-10-11 09:50:14
ᠵᠣᠬᠢᠶᠠᠭ᠍ᠴᠢ᠄
ᠸᠠᠩ ᠱᠢᠶᠣᠣ ᠮᠢᠩ
ᠣᠩᠱᠢᠭ᠍ᠰᠠᠨ ᠣᠳᠠᠭ᠎ᠠ᠄
★★★☆☆

ᠡᠯᠡᠰᠦ ᠮᠠᠩᠬ᠎ᠠ᠎ᠶ᠋ᠢ ᠵᠠᠰᠠᠬᠤ ᠪᠣᠯ ᠠᠮᠢ ᠠᠬᠤᠢ ᠣᠷᠴᠢᠨ ᠲᠣᠭᠤᠷᠢᠨ᠎ᠢᠶᠠᠨ ᠰᠠᠢᠵᠢᠷᠠᠭᠤᠯᠵᠦ᠍᠂ ᠣᠷᠣᠱᠢᠯ ᠲᠣᠬ᠍ᠲᠠᠨᠢᠯ᠎ᠢᠶᠠᠨ ᠬᠠᠮᠠᠭᠠᠯᠠᠬᠤ ᠲᠠᠢᠯᠠᠯᠲᠣᠭᠠᠨ ᠪᠣᠯᠬᠤ᠎ᠪᠠᠷ ᠪᠠᠷᠠᠬᠤ ᠦᠭᠡᠢ ᠨᠡᠩ ᠢᠯᠠᠩᠭᠤᠶ᠎ᠠ ᠬᠦᠮᠦᠨ ᠲᠦᠷᠦᠯᠬᠢᠲᠡᠨ ᠬᠢᠬᠡᠳ ᠡᠯᠡᠰᠦ ᠮᠠᠩᠬ᠎ᠠ᠎ᠶ᠋ᠢᠨ ᠬᠤᠭᠤᠷᠣᠨᠲᠦ ᠣᠶᠣᠨ ᠣᠬᠠᠭᠠᠨ᠎ᠢᠶᠠᠨ ᠱᠢᠯᠭᠠᠵᠦ᠍ ᠲᠡᠷ ᠲᠠᠮᠢᠷ ᠰᠣᠷᠢᠬ᠍ᠰᠠᠨ ᠦᠷᠢᠰᠦᠯᠲᠦᠭᠡᠨ ᠪᠣᠯᠬᠤ ᠶᠣᠮ᠃ ᠦᠷᠢᠰᠦᠯᠲᠦᠭᠡᠨ ᠵᠠᠷᠯᠠᠬ᠍ᠰᠠᠨ ᠪᠣᠯᠬᠤᠷ ᠬᠡᠨ᠎ᠨᠢ ᠢᠯᠡᠪᠡᠯ ᠲᠠᠷᠣᠢ ᠣᠷᠣᠬ᠍ᠰᠢᠯᠠᠵᠦ᠍ ᠦᠪᠡᠷ᠎ᠢ᠎ᠪᠠᠨ ᠦᠷᠭᠡᠳᠭᠡᠨ᠎ᠡ ᠭᠡᠰᠨᠨ ᠦᠭᠡ᠃

ᠡᠯᠡᠰᠦ᠎ᠶ᠋ᠢ ᠵᠠᠰᠠᠬ᠍ᠰᠠᠨ ᠲᠣᠷᠱᠢᠯᠭ᠎ᠠ᠎ᠶ᠋ᠢ ᠦᠬᠦᠯᠡᠬᠦ᠌᠎ᠠᠴᠠ ᠡᠩ ᠲᠡᠷᠢᠬᠦᠨ᠎ᠳᠤ ᠬᠦᠪᠴᠢ᠎ᠶ᠋ᠢᠨ ᠵᠠᠬ᠍ᠪᠣᠷ ᠲᠣᠷᠠᠲᠣᠬ᠍ᠲᠠᠲᠠᠬ᠃ ᠬᠦᠪᠴᠢ᠎ᠶ᠋ᠢᠨ ᠵᠠᠬ᠍ᠪᠣᠷ᠎ᠨᠢ ᠵᠠᠬ᠎ᠠ ᠲᠡᠯᠭᠡᠬᠦᠷᠴᠢᠯᠡᠭ᠌ᠰᠡᠨ᠂ ᠠᠵᠦ᠍ ᠦᠢᠯᠡᠰᠴᠢᠯᠡᠭ᠌ᠰᠡᠨ ᠡᠯᠡᠰᠦ ᠮᠠᠩᠬ᠎ᠠ᠎ᠶ᠋ᠢ ᠵᠠᠰᠠᠬᠤ ᠠᠷᠭ᠎ᠠ ᠲᠣᠷᠱᠢᠯᠭ᠎ᠠ᠎ᠶ᠋ᠢ ᠡᠬᠦᠳᠴᠦ᠍᠂ ᠡᠯᠡᠰᠦ᠎ᠶ᠋ᠢ ᠵᠠᠰᠠᠬᠤ᠂ ᠠᠮᠢ ᠠᠬᠤᠢ ᠪᠠ ᠠᠷᠠᠳ᠎ᠤᠨ ᠠᠮᠢᠲᠣᠷᠠᠯ᠂ ᠠᠵᠦ᠍ ᠠᠬᠤᠢ᠎ᠶ᠋ᠢ ᠲᠡᠩᠴᠡᠬᠦᠷᠢᠱᠢᠬᠦᠯᠦᠨ ᠬᠦᠭ᠌ᠵᠢᠬᠦᠯᠵᠦ᠍᠂ ᠠᠷᠭ᠎ᠠ ᠬᠡᠮᠵᠢᠶ᠎ᠡ ᠵᠣᠬᠢᠰᠲᠠᠢ ᠪᠣᠯ ᠠᠷᠲᠠᠬ ᠡᠯᠡᠰᠦ᠎ᠶ᠋ᠢ ᠨᠣᠮᠣᠬᠠᠳᠭᠠᠵᠦ᠍ ᠴᠢᠲᠠᠨ᠎ᠠ ᠭᠡᠲᠡᠭ᠎ᠢ ᠪᠦᠷᠢᠨ ᠭᠡᠷᠡᠴᠢᠯᠡᠪᠡ᠃ ᠡᠢᠨ ᠬᠦ᠌ ᠬᠡᠳᠦᠨ ᠦᠶ᠎ᠡ᠎ᠶ᠋ᠢᠨ ᠬᠦᠮᠦᠰ᠎ᠤᠨ ᠬᠠᠲᠠᠭᠤᠵᠢᠯᠲᠠᠢ ᠴᠢᠷᠮᠠᠢᠯᠭ᠎ᠠ᠎ᠪᠠᠷ᠂ 《ᠠᠮᠢ ᠠᠬᠤᠢ ᠪᠠ ᠠᠵᠦ᠍ ᠦᠢᠯᠡᠰ᠎ᠢ ᠣᠶᠠᠯᠲᠣᠭᠤᠯᠣᠬ᠍ᠰᠠᠨ》 《ᠠᠵᠦ᠍ ᠠᠬᠤᠢ᠍ᠢᠯᠠᠯ᠎ᠤᠨ ᠬᠦᠭ᠌ᠵᠢᠯᠲᠡ ᠪᠣᠯᠣᠨ ᠠᠮᠢ ᠠᠬᠤᠢ᠎ᠶ᠋ᠢᠨ ᠵᠠᠰᠠᠯᠲᠠ᠎ᠶ᠋ᠢ ᠬᠠᠷᠢᠯᠴᠠᠨ ᠣᠶᠠᠯᠲᠣᠭᠤᠯᠣᠬ᠍ᠰᠠᠨ》 《ᠨᠣᠭᠤᠭᠠᠷᠠᠭᠤᠯᠣᠯᠲᠠ ᠪᠠ ᠪᠠᠶᠠᠵᠢᠯ᠎ᠢ ᠬᠠᠷᠢᠯᠴᠠᠨ ᠣᠶᠠᠯᠲᠣᠭᠤᠯᠣᠬ᠍ᠰᠠᠨ》 ᠬᠦᠪᠴᠢ᠎ᠶ᠋ᠢᠨ ᠵᠠᠬ᠍ᠪᠣᠷ᠎ᠤᠨ ᠨᠦᠯᠦᠭᠡ᠎ᠪᠠᠷ ᠣᠷᠢᠳ ᠬᠤᠵᠢᠳ 873.3 ᠲᠦᠮᠡᠨ ᠮᠥ᠍ ᠡᠯᠡᠰᠦ ᠮᠠᠩᠬ᠎ᠠ᠎ᠶ᠋ᠢ ᠰᠡᠷᠭᠦᠭᠡᠨ ᠵᠠᠰᠠᠵᠤ᠂ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ ᠳᠡᠭᠡᠷ᠎ᠡ ᠵᠠᠭᠤᠨ᠎ᠤ ᠨᠠᠶᠠᠭᠠᠳ ᠣᠨ᠎ᠳᠤ 3% ᠬᠥᠷᠬᠦ᠌ ᠥᠬᠡᠶ ᠪᠠᠢᠭ᠍ᠰᠠᠨ᠎ᠠᠴᠠ᠎ᠪᠠᠨ 53% ᠪᠣᠯᠵᠣ᠂ 10 ᠲᠦᠮᠡᠨ ᠮᠠᠯᠴᠢᠨ ᠲᠠᠷᠢᠶᠠᠴᠢᠨ ᠡᠷᠦᠭᠡ᠎ᠶ᠋ᠢ ᠲᠠᠢᠴᠢᠯᠠᠨ ᠶᠠᠲᠠᠭᠤ᠎ᠠᠴᠠ ᠠᠩᠬᠢᠵᠢᠷᠠᠭᠤᠯᠣᠬ᠍ᠰᠠᠨ ᠠᠤᠭ᠎ᠠ ᠠᠮᠵᠢᠯᠲᠠ᠎ᠶ᠋ᠢ ᠪᠢᠴᠢᠭ᠌ᠯᠡᠭ᠌ᠰᠡᠨ ᠪᠠᠢᠨ᠎ᠠ᠃ ᠬᠦᠪᠴᠢ᠎ᠶ᠋ᠢᠨ ᠵᠠᠬ᠍ᠪᠣᠷ᠎ᠤᠨ ᠣᠨᠴᠠᠯᠢᠬ ᠪᠣᠯ ᠡᠬᠡ ᠪᠠᠢᠭᠠᠯᠢ᠎ᠶ᠋ᠢ ᠲᠡᠭᠡᠲᠦᠯᠡᠵᠦ᠍᠂ ᠪᠠᠢᠭᠠᠯᠢ᠎ᠶ᠋ᠢ ᠠᠶᠠᠯᠲᠣᠨ᠂ ᠪᠠᠢᠭᠠᠯᠢ᠎ᠶ᠋ᠢ ᠠᠱᠢᠬ᠍ᠯᠠᠵᠦ᠍ ᠵᠠᠰᠠᠬ᠎ᠤᠨ ᠣᠷᠲᠣᠨ᠎ᠤ ᠲᠦᠷᠦ᠎ᠶ᠋ᠢᠨ ᠪᠣᠲᠣᠯᠭ᠎ᠠ᠎ᠶ᠋ᠢᠨ ᠲᠡᠮᠵᠢᠯᠭᠡ᠂ ᠠᠵᠦ᠍ ᠠᠬᠤᠢ᠍ᠢᠯᠠᠯ᠎ᠤᠨ ᠠᠷᠠᠯᠵᠢᠶᠠᠨ᠎ᠤ ᠪᠡᠯᠡ ᠣᠷᠣᠭᠤᠯᠣᠯᠲᠠ᠂ ᠮᠠᠯᠴᠢᠨ ᠲᠠᠷᠢᠶᠠᠴᠢᠳ᠎ᠤᠨ ᠵᠠᠬ᠎ᠠ ᠲᠡᠯᠭᠡᠬᠦᠷᠴᠢᠯᠡᠭ᠌ᠰᠡᠨ ᠣᠷᠣᠯᠴᠠᠯᠭ᠎ᠠ ᠪᠣᠯᠣᠨ ᠠᠮᠢ ᠠᠬᠤᠢ᠎ᠶ᠋ᠢᠨ ᠦᠷᠬᠦᠯᠵᠢ᠎ᠶ᠋ᠢᠨ ᠴᠢᠨᠠᠷᠲᠠᠢ ᠰᠠᠢᠵᠢᠷᠠᠯᠲᠠ᠎ᠪᠠᠷ ᠲᠠᠮᠵᠢᠭᠤᠯᠣᠨ ᠡᠯᠡᠰᠦ ᠮᠠᠩᠬ᠎ᠠ᠎ᠶ᠋ᠢᠨ ᠠᠰᠠᠭᠤᠲᠠᠯ᠎ᠢ ᠠᠵᠠ ᠲᠣᠬᠢᠶᠠᠯ ᠪᠣᠯᠭᠠᠬ᠍ᠰᠠᠨ᠎ᠳᠤ ᠣᠷᠣᠱᠢᠬᠤ ᠶᠣᠮ᠃

ᠬᠦᠪᠴᠢ᠎ᠶ᠋ᠢᠨ ᠵᠠᠬ᠍ᠪᠣᠷ᠎ᠨᠢ ᠬᠦᠮᠦᠰ᠎ᠲᠤ ᠡᠯᠡᠰᠦ᠎ᠶ᠋ᠢ ᠵᠠᠰᠠᠬᠤ ᠡᠬᠦᠲᠦᠨ ᠪᠦᠲᠦᠭᠡᠯᠴᠢ ᠬᠦᠭ᠌ᠵᠢᠯᠲᠡ᠎ᠶ᠋ᠢᠨ ᠠᠷᠭ᠎ᠠ ᠪᠣᠲᠣᠯᠭ᠎ᠠ᠎ᠶ᠋ᠢ ᠲᠠᠨᠢᠭᠤᠯᠣᠬ᠍ᠰᠠᠨ ᠪᠠᠢᠨ᠎ᠠ᠃ ᠡᠯᠡᠰᠦ᠎ᠶ᠋ᠢ ᠵᠠᠰᠠᠬᠤ᠎ᠳᠤ ᠡᠷᠴᠢ ᠵᠣᠷᠢᠬ᠎ᠢᠶᠠᠨ ᠬᠠᠷᠠᠭᠤᠯᠵᠦ᠍ ᠵᠢᠯ ᠪᠣᠯᠭᠠᠨ ᠣᠢᠵᠢᠭᠤᠯᠵᠦ᠍ ᠨᠣᠭᠤᠭᠠᠷᠠᠭᠤᠯᠣᠬ᠍ᠰᠠᠨ 《ᠲᠤᠭ᠎ᠠ ᠪᠠᠷᠢᠮᠲᠠ》 ᠎ᠪᠠᠨ ᠦᠵᠡᠬᠦᠯᠦᠭᠡᠳ ᠪᠣᠯᠬᠤ ᠪᠢᠰᠢ᠂ ᠬᠠᠷᠢᠨ ᠦᠷ᠎ᠡ ᠪᠦᠲᠦᠮᠵᠢ᠎ᠪᠠᠷ ᠱᠢᠯᠭᠠᠬᠤ ᠬᠡᠷᠡᠭ᠌ᠲᠡᠢ᠃ ᠣᠷᠣᠨ ᠨᠣᠲᠤᠬ᠎ᠤᠨ ᠪᠣᠲᠠᠲᠣ ᠪᠠᠢᠳᠠᠯ᠎ᠢᠶᠠᠨ ᠦᠨᠳᠦᠰᠦᠯᠡᠵᠦ᠍᠂ ᠬᠠᠮᠠᠭᠠᠯᠠᠬᠤ᠂ ᠵᠠᠰᠠᠬᠤ ᠪᠠ ᠠᠱᠢᠬ᠍ᠯᠠᠬᠤ᠎ᠶ᠋ᠢ ᠣᠶᠠᠯᠲᠣᠭᠤᠯᠵᠦ᠍᠂ ᠡᠯᠡᠰᠦᠷᠭᠡᠭ᠌ᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠪᠠ ᠣᠷᠣᠨ ᠨᠤᠲᠤᠭ᠎ᠤᠨ ᠠᠵᠤ ᠠᠬᠤᠶ᠎ᠪᠠᠨ ᠬᠥᠭ᠌ᠵᠢᠭᠦᠯᠬᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌᠎ᠯᠦᠭᠡ ᠨᠢᠭ᠍ᠲᠠ ᠤᠶᠠᠯᠳᠤᠭᠤᠯᠵᠤ᠂ ᠣᠯᠠᠨ ᠲᠥᠷᠥᠯ ᠬᠡᠯᠪᠡᠷᠢ᠎ᠶ᠋ᠢᠨ ᠠᠵᠤ ᠦᠢᠯᠡᠰᠵᠢᠯᠲᠡ᠎ᠪᠠᠷ ᠰᠡᠷᠭᠡᠢᠯᠡᠨ ᠵᠠᠰᠠᠬᠤ ᠵᠠᠭ᠍ᠪᠤᠷ᠎ᠢ ᠰᠦᠪᠡᠭ᠌ᠴᠢᠯᠡᠨ ᠭᠠᠷᠭᠠᠵᠤ᠂ ᠡᠯᠡᠰᠦᠨ᠎ᠳᠤ ᠤᠷᠭᠤᠬᠤ ᠤᠷᠭᠤᠮᠠᠯ ᠳᠠᠷᠢᠬᠤ ᠪᠠ ᠨᠡᠭᠡᠭᠡᠨ ᠠᠱᠢᠬ᠍ᠯᠠᠬᠤ᠂ ᠣᠨᠴᠠ ᠲᠥᠷᠥᠯ᠎ᠤᠨ ᠡᠮ᠎ᠳᠤ ᠣᠷᠣᠬᠤ ᠤᠷᠭᠤᠮᠠᠯ ᠳᠠᠷᠢᠬᠤ ᠪᠠ ᠡᠳ᠋ᠱᠢᠭᠦᠯᠦᠨ ᠡᠵᠡᠩᠨᠡᠬᠦ᠂ ᠡᠯᠡᠰᠦ ᠮᠠᠩᠬᠠᠨ᠎ᠤ ᠦᠵᠡᠮᠵᠢ᠎ᠶ᠋ᠢᠨ ᠵᠢᠭᠤᠯᠴᠢᠯᠠᠯ ᠵᠡᠷᠭᠡ ᠠᠵᠤ ᠦᠢᠯᠡᠰ᠎ᠢ ᠭᠤᠤᠯᠳᠠᠯᠭ᠎ᠠ᠎ᠲᠠᠢ ᠬᠥᠭ᠌ᠵᠢᠭᠦᠯᠵᠦ᠍᠂ 《ᠵᠠᠰᠠᠭ ᠵᠠᠬᠢᠷᠭᠠᠨ᠎ᠢᠶᠠᠷ ᠠᠬᠢᠭᠤᠯᠬᠤ᠂ ᠲᠥᠷᠥ᠎ᠶ᠋ᠢᠨ ᠪᠣᠳᠣᠯᠭ᠎ᠠ᠎ᠪᠠᠷ ᠠᠬᠢᠭᠤᠯᠬᠤ᠂ ᠠᠵᠤ ᠦᠢᠯᠡᠰ᠎ᠢᠶᠠᠷ ᠳᠠᠢᠴᠢᠯᠠᠬᠤ᠂ ᠨᠡᠢᠲᠡᠯᠢᠭ ᠵᠢᠱ᠌ᠢᠶ᠎ᠡ᠎ᠪᠠᠷ ᠳᠠᠢᠴᠢᠯᠠᠬᠤ》 ᠡᠯᠡᠰᠦᠷᠭᠡᠭ᠌ᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠡᠬᠦᠲᠦᠨ ᠪᠦᠲᠦᠭᠡᠯᠴᠢ ᠱᠢᠨ᠎ᠡ ᠵᠠᠮ᠎ᠢ ᠡᠬᠦᠳᠬᠦ᠌ ᠬᠡᠷᠡᠭ᠌ᠲᠡᠢ ᠪᠢᠯᠡ᠃

ᠠᠭᠠᠰᠢ᠎ᠶ᠋ᠢ ᠠᠷᠭ᠎ᠠ᠎ᠪᠠᠷ ᠲᠡᠢᠯᠦᠨ᠎ᠡ ᠭᠡᠲᠡᠭ᠃ ᠠᠷᠲᠠᠬ ᠡᠯᠡᠰᠦ᠎ᠶ᠋ᠢ ᠨᠣᠮᠣᠬᠠᠳᠭᠠᠬᠤ᠎ᠳᠤ ᠴᠦ᠍ ᠣᠬᠠᠭᠠᠨ ᠲᠡᠮ ᠬᠡᠷᠡᠭ᠌ᠯᠡᠵᠦ᠍᠂ ᠣᠯᠠᠨ ᠵᠦᠢᠯ᠎ᠢ ᠣᠶᠠᠯᠲᠣᠭᠤᠯᠣᠨ 《ᠪᠦᠯᠬᠦᠮᠲᠡᠵᠦ᠍ ᠪᠣᠯᠬᠤ ᠬᠦᠴᠦᠨ ᠪᠦᠬᠦᠨ᠎ᠲᠠᠢ ᠪᠦᠯᠬᠦᠮᠲᠡᠵᠦ᠍》 ᠪᠦᠰᠡᠯᠡᠨ ᠲᠠᠭᠠᠷᠢᠪᠠᠯ ᠰᠠᠶᠢ ᠢᠯᠠᠯᠲᠠ ᠣᠯᠬᠤ ᠶᠣᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠳᠤᠮᠳᠠᠳᠤ ᠤᠯᠤᠰ᠎ᠤᠨ ᠰᠣᠨᠢᠨ ᠮᠡᠳᠡᠭᠡᠨ᠎ᠤ ᠰᠦᠯᠵᠢᠶ᠎ᠡ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号