ᠪᠤᠭᠤᠲᠤ ᠬᠤᠳᠠ᠎ᠶ᠋ᠢᠨ ᠬᠤᠶᠠᠳᠤᠭᠠᠷ ᠳᠡᠰ᠎ᠠᠴᠠ ᠳᠡᠭᠡᠭ᠌ᠰᠢᠬᠢ ᠡᠮᠨᠡᠯᠭᠡ᠎ᠶ᠋ᠢᠨ ᠬᠤᠷᠢᠶ᠎ᠠ ᠤᠷᠢᠳᠴᠢᠯᠠᠨ ᠪᠣᠯᠵᠣᠵᠤ ᠡᠮᠨᠡᠭᠦᠯᠬᠦ᠌᠎ᠶ᠋ᠢ ᠪᠥᠬᠦ᠌ ᠲᠠᠯ᠎ᠠ᠎ᠪᠠᠷ ᠬᠡᠷᠡᠭ᠌ᠵᠢᠭᠦᠯᠪᠡ
2021-10-12 10:07:31
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠰᠤᠷᠪᠤᠯᠵᠢᠯᠠᠭ᠍ᠴᠢ ᠪᠤᠭᠤᠲᠤ ᠬᠤᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ᠎ᠠᠴᠠ ᠣᠢᠯᠠᠭᠠᠭ᠍ᠰᠠᠨ᠎ᠢᠶᠠᠷ᠂ ᠪᠤᠭᠤᠲᠤ ᠬᠤᠳᠠ᠎ᠶ᠋ᠢᠨ ᠬᠤᠶᠠᠳᠤᠭᠠᠷ ᠳᠡᠰ᠎ᠠᠴᠠ ᠳᠡᠭᠡᠭ᠌ᠰᠢᠬᠢ ᠡᠮᠨᠡᠯᠭᠡ᠎ᠶ᠋ᠢᠨ ᠬᠤᠷᠢᠶ᠎ᠠ ᠤᠷᠢᠳᠴᠢᠯᠠᠨ ᠪᠣᠯᠵᠣᠵᠤ ᠡᠮᠨᠡᠭᠦᠯᠬᠦ᠌᠎ᠶ᠋ᠢ ᠪᠥᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠲᠤᠬᠠᠶ᠎ᠶ᠋ᠢᠨ ᠲᠠᠯᠠᠪᠤᠷ᠎ᠲᠤ ᠳ᠋ᠤᠭᠠᠷᠯᠠᠬᠤ᠎ᠶ᠋ᠢ ᠬᠦᠴᠦᠨ ᠥᠬᠡᠶ ᠪᠣᠯᠭᠠᠪᠠ᠃

ᠤᠢ᠍ᠢᠯᠠᠭᠠᠭ᠍ᠰᠠᠨ᠎ᠢᠶᠠᠷ᠂ ᠪᠤᠭᠤᠲᠤ ᠬᠤᠲᠠ᠎ᠶ᠋ᠢᠨ ᠬᠤᠶᠠᠳᠤᠭᠠᠷ ᠳᠡᠰ᠎ᠠᠴᠠ ᠳᠡᠭᠡᠭ᠌ᠰᠢᠬᠢ ᠡᠮᠨᠡᠯᠭᠡ᠎ᠶ᠋ᠢᠨ ᠬᠤᠷᠢᠶ᠎ᠠ᠎ᠶ᠋ᠢᠨ ᠲᠦᠷᠭᠡᠨ ᠡᠮᠨᠡᠯᠭᠡ᠂ ᠬᠠᠯᠠᠭᠤᠷᠠᠯ᠎ᠤᠨ ᠡᠭᠦᠳᠡᠨ ᠡᠮᠨᠡᠯᠭᠡ᠎ᠠᠴᠠ ᠭᠠᠳᠠᠨ᠎ᠠ᠂ ᠪᠣᠶ ᠪᠥᠬᠦᠶ ᠡᠩ᠎ᠤᠨ ᠡᠭᠦᠳᠡᠨ ᠡᠮᠨᠡᠯᠭᠡ᠂ ᠲᠤᠰᠭᠠᠶ ᠮᠡᠷᠭᠡᠵᠢᠯ᠎ᠤᠨ ᠡᠭᠦᠳᠡᠨ ᠡᠮᠨᠡᠯᠭᠡ᠂ ᠲᠤᠰᠭᠠᠶ ᠮᠡᠷᠭᠡᠵᠢᠯᠲᠡᠨ᠎ᠤ ᠡᠭᠦᠳᠡᠨ ᠡᠮᠨᠡᠯᠭᠡ᠎ᠳᠤ ᠤᠷᠢᠳᠴᠢᠯᠠᠨ ᠪᠣᠯᠵᠣᠵᠤ ᠣᠨᠣᠱᠢᠯᠠᠨ ᠡᠮᠨᠡᠬᠦ᠌᠎ᠶ᠋ᠢ ᠪᠥᠬᠦ᠌ ᠲᠠᠯ᠎ᠠ᠎ᠪᠠᠷ ᠬᠡᠷᠡᠭ᠌ᠵᠢᠭᠦᠯᠤᠨ᠂ ᠲᠤᠬᠠᠶ᠎ᠶ᠋ᠢᠨ ᠲᠠᠯᠠᠪᠤᠷ᠎ᠲᠤ ᠳ᠋ᠤᠭᠠᠷᠯᠠᠬᠤ᠎ᠶ᠋ᠢ ᠬᠦᠴᠦᠨ ᠥᠬᠡᠶ ᠪᠣᠯᠭᠠᠵᠤ᠂ ᠴᠠᠭ ᠬᠤᠭᠤᠴᠠᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠬᠤᠪᠢᠶᠠᠷᠢᠯᠠᠨ᠂ ᠡᠯ᠎ᠡ ᠴᠠᠭ ᠬᠤᠭᠤᠴᠠᠭᠠᠨ᠎ᠤ ᠡᠮᠨᠡᠬᠦᠯᠬᠦ᠌ ᠬᠥᠮᠦᠨ᠎ᠤ ᠲᠤᠭ᠎ᠠ᠎ᠶ᠋ᠢ ᠲᠣᠭ᠍ᠲᠠᠭᠠᠵᠤ᠂ ᠤᠷᠢᠳᠴᠢᠯᠠᠨ ᠪᠣᠯᠵᠣᠵᠤ ᠳ᠋ᠤᠭᠠᠷᠯᠠᠭᠠᠳ ᠪᠤᠯᠵᠤᠭ᠍ᠰᠠᠨ ᠶᠤᠰᠤᠭᠠᠷ ᠬᠦᠷᠦᠭ᠌ᠰᠡᠨ ᠦᠭᠡᠢ ᠦᠢᠯᠡ ᠠᠵᠢᠯᠯᠠᠭ᠎ᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠪᠠ᠃ ᠤᠷᠢᠳᠴᠢᠯᠠᠨ ᠪᠣᠯᠵᠣᠵᠤ ᠳ᠋ᠤᠭᠠᠷᠯᠠᠬᠤ᠎ᠳᠤ ᠦᠨᠡᠬᠡᠷ ᠬᠦᠴᠢᠷᠲᠡᠶ ᠨᠠᠰᠤᠲᠠᠶ ᠡᠪᠡᠳᠴᠢᠲᠡᠨ ᠵᠡᠷᠭᠡ᠎ᠳᠤ ᠡᠮᠴᠢᠯᠡᠭᠡᠨ᠎ᠤ ᠪᠠᠢᠭᠤᠯᠤᠮᠵᠢ ᠬᠠᠪᠰᠤᠷᠴᠤ᠌ ᠬᠡᠪ᠎ᠤᠨ ᠡᠮᠴᠢᠯᠡᠭᠡ ᠬᠠᠩᠭᠠᠨ᠎ᠠ᠃ ᠡᠭᠦᠨ᠎ᠤ ᠬᠠᠮᠲᠤ᠌᠂ ᠡᠯ᠎ᠡ ᠱᠠᠲᠤᠨ᠎ᠤ ᠡᠮᠨᠡᠯᠭᠡ᠎ᠶ᠋ᠢᠨ ᠬᠤᠷᠢᠶ᠎ᠠ᠎ᠶ᠋ᠢᠨ ᠲᠦᠷᠭᠡᠨ ᠡᠮᠨᠡᠯᠭᠡ᠎ᠨᠢ ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠲᠡᠨ᠎ᠤ ᠡᠮᠨᠡᠬᠦᠯᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠡᠨ ᠬᠦ᠌ ᠪᠠᠲᠤᠯᠠᠵᠤ᠂ ᠡᠯ᠎ᠡ ᠵᠦᠢᠯ᠎ᠤᠨ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ ᠪᠣᠳᠠᠲᠠᠢᠵᠢᠭᠤᠯᠬᠤ᠎ᠶ᠋ᠢ ᠯᠠᠪᠳᠠᠭᠤᠨ᠎ᠢᠶᠠᠷ ᠠᠬᠢᠭᠤᠯᠤᠨ᠎ᠠ᠃ ᠡᠯ᠎ᠡ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠨᠤᠭᠤᠳ ᠡᠭᠦᠳᠡᠨ ᠡᠮᠨᠡᠯᠭᠡ᠂ ᠲᠦᠷᠭᠡᠨ ᠡᠮᠨᠡᠯᠭᠡ᠎ᠶ᠋ᠢᠨ ᠤᠷᠢᠳᠴᠢᠯᠠᠨ ᠪᠠᠢᠴᠠᠭᠠᠵᠦ᠍ ᠰᠠᠯᠭᠠᠨ ᠤᠨᠤᠱᠢᠯᠠᠬᠤ ᠪᠠ ᠬᠠᠯᠠᠭᠤᠷᠠᠯ᠎ᠤᠨ ᠡᠭᠦᠳᠡᠨ ᠡᠮᠨᠡᠯᠭᠡ᠎ᠶ᠋ᠢᠨ ᠬᠠᠮᠢᠶᠠᠷᠤᠯᠲᠠ᠎ᠪᠠᠨ ᠴᠢᠩᠭᠠᠳᠭᠠᠵᠤ᠂ ᠡᠪᠡᠳᠴᠢᠲᠡᠨ ᠡᠮᠨᠡᠭᠦᠯᠬᠦ᠌᠎ᠪᠠᠷ ᠬᠦᠯᠢᠶᠡᠬᠦ᠌ ᠵᠡᠷᠭᠡ ᠡᠯ᠎ᠡ ᠭᠤᠭ᠍ᠴᠤᠭ᠎ᠠ᠎ᠳᠤ 1.5 ᠮᠧᠲᠷ᠎ᠤᠨ ᠵᠠᠶ᠎ᠲᠠᠢ ᠪᠠᠢᠬᠤ᠎ᠶ᠋ᠢ ᠪᠠᠲᠤᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号