ᠯᠢᠶᠣᠤ ᠤᠯᠤᠰ᠎ᠤᠨ ᠳᠡᠭᠡᠳᠦ ᠨᠡᠢᠰᠯᠡᠯ᠎ᠤᠨ ᠰᠢ ᠱᠠᠨ ᠫᠦᠸᠧ᠎ᠶ᠋ᠢᠨ ᠪᠤᠷᠬᠠᠨ᠎ᠤ ᠰᠦᠮ᠎ᠡ ᠬᠡᠢᠳ᠎ᠤᠨ ᠪᠠᠭᠤᠷᠢ᠎ᠶ᠋ᠢᠨ ᠪᠠᠢᠷᠢᠱᠢᠯ᠎ᠢ ᠬᠠᠭᠤᠴᠢ ᠰᠤᠳᠤᠯᠤᠯ᠎ᠢᠶᠠᠷ ᠲᠣᠳᠣᠷᠬᠠᠢᠯᠠᠵᠠᠢ
2021-10-12 10:07:42
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠯᠢᠶᠣᠤ ᠤᠯᠤᠰ᠎ᠤᠨ ᠳᠡᠭᠡᠳᠦ ᠨᠡᠢᠰᠯᠡᠯ᠎ᠤᠨ ᠬᠠᠭᠤᠴᠢ ᠰᠤᠳᠤᠯᠤᠯ᠎ᠤᠨ ᠠᠩᠭᠢ᠎ᠠᠴᠠ ᠣᠢᠯᠠᠭᠠᠭ᠍ᠰᠠᠨ᠎ᠢᠶᠠᠷ᠂ ᠳᠤᠮᠳᠠᠳᠤ ᠤᠯᠤᠰ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠬᠠᠭᠤᠴᠢ ᠰᠤᠳᠤᠯᠤᠯ᠎ᠤᠨ ᠰᠤᠳᠤᠯᠭᠠᠨ᠎ᠤ ᠭᠠᠵᠠᠷ᠎ᠤᠨ ᠠᠵᠢᠯᠲᠠᠨ ᠯᠢᠶᠣᠤ ᠤᠯᠤᠰ᠎ᠤᠨ ᠳᠡᠭᠡᠳᠦ ᠨᠡᠢᠰᠯᠡᠯ᠎ᠤᠨ ᠬᠠᠭᠠᠨ᠎ᠤ ᠬᠤᠲᠠ᠎ᠶ᠋ᠢᠨ ᠰᠢ ᠱᠠᠨ ᠫᠦᠸᠧ᠎ᠶ᠋ᠢᠨ ᠪᠤᠷᠬᠠᠨ᠎ᠤ ᠰᠦᠮ᠎ᠡ ᠬᠡᠢᠳ᠎ᠤᠨ ᠪᠠᠭᠤᠷᠢ᠎ᠳᠠᠬᠢ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯᠯᠠᠭ᠎ᠠ᠎ᠪᠠᠷ ᠳᠠᠮᠵᠢᠨ᠂ ᠰᠢ ᠱᠠᠨ ᠫᠦᠸᠧ᠎ᠶ᠋ᠢᠨ ᠪᠤᠷᠬᠠᠨ᠎ᠤ ᠰᠦᠮ᠎ᠡ ᠬᠡᠢᠳ᠎ᠤᠨ ᠪᠠᠭᠤᠷᠢ᠎ᠶ᠋ᠢᠨ ᠪᠠᠢᠷᠢᠱᠢᠯ᠎ᠢ ᠲᠣᠳᠣᠷᠬᠠᠶ ᠲᠣᠭ᠍ᠲᠠᠭᠠᠪᠠ᠃ 

ᠯᠢᠶᠣᠤ ᠤᠯᠤᠰ᠎ᠤᠨ ᠳᠡᠭᠡᠳᠦ ᠨᠡᠢᠰᠯᠡᠯ᠎ᠤᠨ ᠪᠠᠭᠤᠷᠢ ᠥᠪᠥᠷ ᠮᠣᠩᠭᠤᠯ᠎ᠤᠨ ᠤᠯᠠᠭᠠᠨᠬᠠᠳᠠ ᠬᠤᠲᠠ᠎ᠶ᠋ᠢᠨ ᠪᠠᠭᠠᠷᠢᠨ ᠵᠡᠭᠦᠨ ᠬᠤᠱᠢᠭᠤᠨ᠎ᠤ ᠯᠢᠨᠳᠦ᠋ᠩ ᠪᠠᠯᠭᠠᠰᠤᠨ᠎ᠤ ᠵᠡᠭᠦᠨ ᠡᠮᠦᠨ᠎ᠡ ᠪᠠᠢᠷᠢᠯᠠᠵᠤ᠂ ᠰᠢ ᠱᠠᠨ ᠫᠦᠸᠧ᠎ᠶ᠋ᠢᠨ ᠪᠤᠷᠬᠠᠨ᠎ᠤ ᠰᠦᠮ᠎ᠡ ᠬᠡᠢᠳ᠎ᠤᠨ ᠪᠠᠭᠤᠷᠢ ᠪᠣᠯ ᠯᠢᠶᠣᠤ ᠤᠯᠤᠰ᠎ᠤᠨ ᠳᠡᠭᠡᠳᠦ ᠨᠡᠢᠰᠯᠡᠯ᠎ᠤᠨ ᠬᠠᠭᠠᠨ᠎ᠤ ᠬᠤᠲᠠ᠎ᠶ᠋ᠢᠨ ᠳᠣᠲᠣᠷᠠᠬᠢ ᠨᠢᠭᠡᠨ ᠲᠣᠮᠣ ᠬᠡᠪᠴᠢᠶᠡᠨ᠎ᠤ ᠰᠦᠮ᠎ᠡ ᠬᠡᠢᠳ᠎ᠤᠨ ᠪᠠᠭᠤᠷᠢ ᠪᠠᠢᠵᠤ᠂ ᠬᠠᠭᠠᠨ᠎ᠤ ᠬᠤᠲᠠ᠎ᠶ᠋ᠢᠨ ᠪᠠᠷᠠᠭᠤᠨ ᠬᠡᠰᠡᠭ᠎ᠲᠤ ᠪᠠᠢᠷᠢᠯᠠᠳᠠᠭ ᠪᠦᠭᠡᠳ ᠭᠠᠵᠠᠷ᠎ᠤᠨ ᠪᠠᠢᠴᠠ᠎ᠨᠢ ᠨᠡᠯᠢᠶᠡᠳ ᠥᠨᠳᠥᠷ ᠪᠤᠯᠬᠤᠷ ᠢᠩᠭᠢᠵᠦ᠍ ᠨᠡᠷᠡᠯᠡᠭ᠌ᠳᠡᠪᠡ᠃ ᠪᠤᠷᠬᠠᠨ᠎ᠤ ᠰᠦᠮ᠎ᠡ ᠬᠡᠢᠳ᠎ᠤᠨ ᠪᠠᠭᠤᠷᠢ᠎ᠨᠢ ᠣᠯᠠᠨ ᠬᠡᠰᠡᠭ ᠬᠦᠷᠢᠶ᠎ᠡ ᠬᠠᠱᠢᠶ᠎ᠠ᠎ᠠᠴᠠ ᠪᠦᠷᠢᠯᠳᠤᠵᠤ᠂ ᠭᠠᠵᠠᠷ᠎ᠤᠨ ᠭᠠᠳᠠᠷᠭᠤ᠎ᠶ᠋ᠢᠨ ᠪᠠᠭᠤᠷᠢ᠎ᠨᠢ ᠨᠡᠯᠢᠶᠡᠳ ᠰᠠᠢᠨ ᠬᠠᠳᠠᠭᠠᠯᠠᠭ᠍ᠳᠠᠵᠠᠢ᠃ ᠪᠤᠷᠬᠠᠨ᠎ᠤ ᠰᠦᠮ᠎ᠡ ᠬᠡᠢᠳ᠎ᠤᠨ ᠭᠤᠣᠯ ᠪᠠᠷᠢᠯᠭ᠎ᠠ᠎ᠨᠢ ᠰᠢ ᠱᠠᠨ ᠫᠦᠸᠧ᠎ᠶ᠋ᠢᠨ ᠬᠥᠲᠥᠯ᠎ᠤᠨ ᠥᠨᠳᠦᠷᠯᠢᠭ᠎ᠲᠤ ᠪᠠᠢᠷᠢᠯᠠᠵᠤ᠂ ᠪᠤᠷᠬᠠᠨ᠎ᠤ ᠰᠤᠪᠤᠷᠭ᠎ᠠ᠎ᠪᠠᠷ ᠲᠥᠪ ᠪᠣᠯᠭᠠᠭ᠍ᠰᠠᠨ ᠬᠤᠢᠲᠤ ᠬᠦᠷᠢᠶ᠎ᠡ ᠪᠣᠯᠤᠨ ᠪᠤᠷᠬᠠᠨ᠎ᠤ ᠳᠤᠭᠠᠩ᠎ᠢᠶᠠᠷ ᠲᠥᠪ ᠪᠣᠯᠭᠠᠭ᠍ᠰᠠᠨ ᠡᠮᠦᠨ᠎ᠡ ᠬᠦᠷᠢᠶ᠎ᠡ᠎ᠪᠠᠷ ᠪᠦᠷᠢᠯᠳᠦᠵᠦ᠍᠂ ᠬᠤᠶᠠᠷ ᠲᠠᠯ᠎ᠠ᠎ᠪᠠᠷ᠎ᠨᠢ ᠪᠠᠰᠠ ᠳᠠᠭᠠᠯᠳᠤᠭ᠍ᠰᠠᠨ ᠬᠦᠷᠢᠶ᠎ᠡ᠎ᠲᠠᠢ ᠪᠠᠢᠳᠠᠭ᠃ 

ᠬᠠᠭᠤᠴᠢ ᠰᠤᠳᠤᠯᠭᠠᠳᠠᠳ᠎ᠤᠨ ᠲᠠᠨᠢᠯᠴᠠᠭᠤᠯᠤᠭ᠍ᠰᠠᠨ᠎ᠢᠶᠠᠷ᠂ ᠰᠢ ᠱᠠᠨ ᠫᠦᠸᠧ᠎ᠶ᠋ᠢᠨ ᠪᠤᠷᠬᠠᠨ᠎ᠤ ᠰᠦᠮ᠎ᠡ ᠬᠡᠢᠳ᠎ᠨᠢ ᠶᠡᠷᠦᠩᠬᠡᠢ᠎ᠳᠡᠭᠡᠨ ᠰᠤᠪᠤᠷᠭᠠᠨ ᠬᠠᠷᠰᠢ᠎ᠶ᠋ᠢ ᠬᠤᠣᠰᠯᠠᠭᠤᠯᠤᠭ᠍ᠰᠠᠨ ᠪᠦᠲᠦᠴᠡ᠎ᠲᠠᠢ᠂ ᠮᠠᠨ᠎ᠤ ᠤᠯᠤᠰ᠎ᠤᠨ ᠪᠤᠷᠬᠠᠨ᠎ᠤ ᠰᠦᠮ᠎ᠡ ᠬᠡᠢᠳ᠎ᠤᠨ ᠬᠦᠭ᠌ᠵᠢᠯᠲᠡ᠎ᠶ᠋ᠢᠨ ᠶᠠᠪᠤᠴᠠ᠎ᠳᠠᠬᠢ ᠲᠠᠩ ᠤᠯᠤᠰ᠂ ᠰᠦᠩ ᠤᠯᠤᠰ᠎ᠤᠨ ᠦᠶ᠎ᠡ ᠪᠤᠯ ᠰᠤᠪᠤᠷᠭ᠎ᠠ᠎ᠪᠠᠷ ᠲᠥᠪ ᠪᠣᠯᠭᠠᠨ ᠪᠠᠢᠷᠢᠱᠢᠭᠤᠯᠵᠤ ᠪᠠᠢᠭ᠍ᠰᠠᠨ᠎ᠠᠴᠠ᠎ᠪᠠᠨ ᠬᠠᠷᠰᠢ᠎ᠪᠠᠷ ᠲᠥᠪ ᠪᠣᠯᠭᠠᠨ ᠪᠠᠢᠷᠢᠱᠢᠭᠤᠯᠬᠤ ᠱᠢᠯᠵᠢᠯᠲᠡ᠎ᠶ᠋ᠢᠨ ᠦᠶ᠎ᠡ ᠪᠤᠯᠤᠨ᠎ᠠ᠃ ᠰᠢ ᠱᠠᠨ ᠫᠦᠸᠧ᠎ᠶ᠋ᠢᠨ ᠪᠤᠷᠬᠠᠨ᠎ᠤ ᠰᠦᠮ᠎ᠡ ᠬᠡᠢᠳ᠎ᠤᠨ ᠪᠠᠭᠤᠷᠢ᠎ᠨᠢ ᠶᠠᠭ ᠡᠨᠡ ᠬᠦ᠌ ᠬᠤᠭᠤᠴᠠᠭᠠᠨ᠎ᠳᠠᠬᠢ ᠰᠦᠮ᠎ᠡ ᠬᠡᠢᠳ᠎ᠢ ᠰᠤᠳᠤᠯᠬᠤ᠎ᠳᠤ ᠴᠢᠬᠤᠯᠠ ᠨᠢᠭᠡᠨ ᠵᠢᠱ᠌ᠢᠶ᠎ᠡ ᠪᠤᠯᠵᠠᠢ᠃ 

ᠡᠨᠡ ᠵᠢᠯ᠎ᠤᠨ ᠯᠢᠶᠣᠤ ᠤᠯᠤᠰ᠎ᠤᠨ ᠳᠡᠭᠡᠳᠦ ᠨᠡᠢᠰᠯᠡᠯ᠎ᠤᠨ ᠬᠠᠭᠤᠴᠢ ᠰᠤᠳᠤᠯᠤᠯ᠎ᠤᠨ ᠠᠵᠢᠯ 6 ᠰᠠᠷ᠎ᠠ᠎ᠶ᠋ᠢᠨ 3 ᠎ᠤ ᠡᠳᠦᠷ᠎ᠠᠴᠠ ᠡᠬᠢᠯᠡᠵᠦ᠍᠂ ᠬᠠᠭᠤᠴᠢ ᠰᠤᠳᠤᠯᠭᠠᠳᠠᠳ ᠰᠦᠮ᠎ᠡ ᠬᠡᠢᠳ᠎ᠤᠨ ᠡᠮᠦᠨ᠎ᠡ ᠬᠦᠷᠢᠶᠡᠨ᠎ᠤ ᠲᠡᠩᠭᠡᠯᠢᠭ ᠱᠤᠭᠤᠮ ᠳᠡᠭᠡᠷᠡᠬᠢ ᠬᠤᠶᠠᠷ ᠪᠠᠷᠢᠯᠭ᠎ᠠ᠎ᠶ᠋ᠢᠨ ᠰᠠᠭᠤᠷᠢ ᠪᠠ ᠬᠤᠢᠲᠤ ᠲᠠᠯ᠎ᠠ᠎ᠶ᠋ᠢᠨ ᠬᠤᠩᠭᠢᠯ ᠳᠡᠭᠡᠷᠡᠬᠢ ᠬᠤᠶᠠᠷ ᠪᠠᠷᠢᠯᠭ᠎ᠠ᠎ᠶ᠋ᠢᠨ ᠰᠠᠭᠤᠷᠢᠨ᠎ᠢ ᠭᠤᠤᠯᠳᠠᠯᠭ᠎ᠠ᠎ᠲᠠᠢ᠎ᠪᠠᠷ ᠮᠠᠯᠲᠠᠨ ᠰᠤᠳᠤᠯᠪᠠ᠃ 

ᠳᠤᠮᠳᠠᠳᠤ ᠤᠯᠤᠰ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠬᠠᠭᠤᠴᠢ ᠰᠤᠳᠤᠯᠤᠯ᠎ᠤᠨ ᠰᠤᠳᠤᠯᠭᠠᠨ᠎ᠤ ᠭᠠᠵᠠᠷ᠎ᠤᠨ ᠰᠤᠳᠤᠯᠤᠭ᠍ᠴᠢ᠂ ᠯᠢᠶᠣᠤ ᠤᠯᠤᠰ᠎ᠤᠨ ᠳᠡᠭᠡᠳᠦ ᠨᠡᠢᠰᠯᠡᠯ᠎ᠤᠨ ᠬᠠᠭᠤᠴᠢ ᠰᠤᠳᠤᠯᠤᠯ᠎ᠤᠨ ᠠᠩᠭᠢ᠎ᠶ᠋ᠢᠨ ᠳᠠᠷᠤᠭ᠎ᠠ ᠳ᠋ᠦᠩ ᠱᠢᠨ ᠯᠢᠨ᠎ᠤ ᠬᠡᠯᠡᠬᠦ᠌᠎ᠪᠠᠷ᠂ ᠣᠳᠣᠬᠠᠨ᠎ᠳᠤ ᠡᠮᠦᠨᠡᠲᠦ ᠬᠦᠷᠢᠶᠡᠯᠡᠩ᠎ᠤᠨ ᠲᠡᠩᠭᠡᠯᠢᠭ ᠱᠤᠭᠤᠮ ᠳᠡᠭᠡᠷ᠎ᠡ ᠠᠭᠤᠯᠠᠨ ᠡᠭᠦᠳᠡ᠂ ᠡᠮᠦᠨ᠎ᠡ ᠳᠤᠭᠠᠩ ᠪᠠ ᠬᠤᠢᠲᠤ ᠳᠤᠭᠠᠩ᠎ᠲᠠᠢ᠂ ᠬᠤᠶᠠᠷ ᠲᠠᠯ᠎ᠠ᠎ᠪᠠᠷ᠎ᠢᠶᠠᠨ ᠲᠣᠭᠤᠷᠢᠯ ᠬᠤᠩᠭᠢᠯ᠎ᠲᠠᠢ᠂ ᠳᠦᠷᠪᠡᠯᠵᠢᠯᠡᠭ᠌ᠰᠡᠨ ᠬᠦᠷᠢᠶ᠎ᠡ ᠪᠦᠬᠦᠢ ᠪᠢᠲᠡᠭᠦᠮᠵᠢᠯᠡᠭ᠌ᠰᠡᠨ ᠪᠠᠷᠢᠯᠭ᠎ᠠ ᠱᠢᠬ᠂ ᠭᠤᠤᠯ ᠬᠠᠷᠰᠢ ᠪᠠ ᠠᠭᠤᠯᠠᠨ ᠡᠭᠦᠳᠡᠨ᠎ᠤ ᠬᠤᠭᠤᠷᠣᠨᠳᠣᠬᠢ ᠲᠣᠭᠤᠷᠢᠯ ᠬᠤᠩᠭᠢᠯ ᠳᠡᠭᠡᠷ᠎ᠡ ᠪᠠᠰᠠ ᠳᠠᠭᠠᠯᠲᠠ ᠳᠤᠭᠠᠩ᠎ᠲᠠᠢ᠂ ᠯᠢᠶᠣᠤ ᠤᠯᠤᠰ᠎ᠤᠨ ᠦᠶ᠎ᠡ᠎ᠶ᠋ᠢᠨ ᠬᠠᠭᠠᠨ᠎ᠤ ᠣᠷᠳᠣᠨ᠎ᠤ ᠴᠣᠷ᠎ᠤᠨ ᠭᠠᠭ᠍ᠴᠠ ᠨᠡᠯᠢᠶᠡᠳ ᠲᠣᠮᠣ ᠬᠡᠯᠪᠡᠷᠢ᠎ᠶ᠋ᠢᠨ ᠰᠦᠮ᠎ᠡ ᠬᠡᠢᠳ᠎ᠤᠨ ᠪᠠᠭᠤᠷᠢ ᠪᠣᠯᠬᠤ᠎ᠶ᠋ᠢ ᠬᠠᠭᠤᠴᠢ ᠰᠤᠳᠤᠯᠤᠯ᠎ᠢᠶᠠᠷ ᠳᠠᠮᠵᠢᠨ ᠢᠯᠡᠷᠡᠭᠦᠯᠪᠡ ᠬᠡᠵᠡᠢ᠃ 

ᠡᠨᠡ ᠤᠳᠠᠭ᠎ᠠ ᠢᠯᠡᠷᠡᠭᠦᠯᠦᠭ᠌ᠰᠡᠨ ᠪᠤᠶᠤ ᠲᠤᠷᠱᠢᠨ ᠮᠠᠯᠲᠠᠭ᠍ᠰᠠᠨ ᠪᠠᠷᠢᠯᠭ᠎ᠠ᠎ᠶ᠋ᠢᠨ ᠰᠠᠭᠤᠷᠢ᠎ᠨᠢ ᠪᠦᠷ ᠯᠢᠶᠣᠤ ᠤᠯᠤᠰ ᠠᠯᠲᠠᠨ ᠤᠯᠤᠰ᠎ᠤᠨ ᠦᠶ᠎ᠡ᠎ᠳᠤ ᠣᠯᠠᠨ ᠤᠳᠠᠭ᠎ᠠ ᠰᠡᠯᠪᠢᠨ ᠪᠠᠢᠭᠤᠯᠤᠭ᠍ᠰᠠᠨ ᠪᠤᠳᠤᠯᠢᠶᠠᠨᠲᠠᠶ ᠲᠡᠦᠬᠡᠨ ᠦᠯᠡᠳᠡᠭ᠌ᠳᠡᠯ ᠪᠣᠯᠤᠨ᠎ᠠ᠃ ᠯᠢᠶᠣᠤ ᠤᠯᠤᠰ᠎ᠤᠨ ᠦᠶ᠎ᠡ᠎ᠳᠤ ᠪᠠᠢᠭᠤᠯᠬᠤ ᠦᠶ᠎ᠡ᠎ᠳᠤ ᠪᠠᠭ᠍ᠲᠠᠭᠠᠮᠵᠢ᠎ᠨᠢ ᠨᠡᠩ ᠶᠡᠭᠡ᠂ ᠪᠠᠷᠢᠮᠵᠢᠶ᠎ᠠ᠎ᠨᠢ ᠨᠡᠩ ᠥᠨᠳᠥᠷ ᠪᠠᠢᠵᠤ᠂ ᠠᠯᠲᠠᠨ ᠤᠯᠤᠰ᠎ᠤᠨ ᠦᠶ᠎ᠡ᠎ᠳᠤ ᠪᠠᠭ᠍ᠲᠠᠭᠠᠮᠵᠢ᠎ᠪᠠᠷ ᠬᠠᠷᠢᠴᠠᠩᠭᠤᠢ ᠪᠠᠭ᠎ᠠ ᠪᠦᠭᠡᠳ ᠬᠦᠷᠢᠶᠡᠨ᠎ᠤ ᠳᠤᠲᠤᠷᠠᠬᠢ ᠵᠠᠢ᠎ᠨᠢ ᠴᠤ᠌ ᠪᠠᠭᠠᠰᠤᠭ᠍ᠰᠠᠨ ᠪᠠᠢᠨ᠎ᠠ᠃ 《ᠡᠨᠡ᠎ᠨᠢ ᠯᠢᠶᠣᠤ ᠤᠯᠤᠰ᠎ᠤᠨ ᠨᠡᠢᠰᠯᠡᠯ ᠬᠤᠲᠠ᠎ᠶ᠋ᠢᠨ ᠪᠤᠷᠬᠠᠨ᠎ᠤ ᠰᠦᠮ᠎ᠡ ᠬᠡᠢᠳ᠎ᠠᠴᠠ ᠠᠯᠲᠠᠨ ᠤᠯᠤᠰ᠎ᠤᠨ ᠣᠷᠣᠨ ᠨᠤᠲᠤᠭ᠎ᠤᠨ ᠪᠤᠷᠬᠠᠨ᠎ᠤ ᠰᠦᠮ᠎ᠡ ᠬᠡᠢᠳ ᠬᠦᠷᠲᠡᠯᠡᠬᠢ ᠲᠡᠦᠬᠡᠨ ᠬᠤᠪᠢᠰᠤᠯ᠎ᠢ ᠬᠠᠷᠠᠭᠤᠯᠵᠤ ᠪᠠᠢᠨ᠎ᠠ》 ᠭᠡᠵᠦ᠍ ᠳ᠋ᠦᠩ ᠱᠢᠨ ᠯᠢᠨ ᠬᠡᠯᠡᠪᠡ᠃ 

ᠯᠢᠶᠣᠤ ᠤᠯᠤᠰ᠎ᠤᠨ ᠦᠶ᠎ᠡ᠎ᠠᠴᠠ ᠠᠯᠲᠠᠨ ᠤᠯᠤᠰ᠎ᠤᠨ ᠦᠶ᠎ᠡ ᠪᠣᠯᠲᠠᠯ᠎ᠠ ᠭᠤᠷᠪᠠ ᠤᠳᠠᠭ᠎ᠠ ᠨᠡᠯᠢᠶᠡᠳ ᠶᠡᠭᠡ ᠬᠡᠪᠴᠢᠶᠡᠨ᠎ᠤ ᠪᠥᠲᠥᠭᠡᠨ ᠪᠠᠢᠭᠤᠯᠤᠯᠲᠠ ᠬᠢᠭ᠌ᠰᠡᠨ ᠪᠥᠭᠡᠳ ᠬᠠᠭᠤᠴᠢ ᠰᠤᠳᠤᠯᠤᠯ᠎ᠤᠨ ᠮᠠᠯᠲᠠᠵᠤ ᠭᠠᠷᠭᠠᠭ᠍ᠰᠠᠨ ᠪᠠᠷᠢᠯᠭ᠎ᠠ᠎ᠶ᠋ᠢᠨ ᠪᠦᠲᠦᠴᠡ᠎ᠶ᠋ᠢᠨ ᠦᠯᠡᠳᠡᠭ᠌ᠳᠡᠯ᠂ ᠸᠠᠭᠠᠷ ᠱᠠᠭᠠᠵᠠᠩ᠎ᠤᠨ ᠥᠯᠢᠭᠡᠷ ᠬᠡᠪ ᠵᠡᠷᠭᠡ ᠦᠯᠡᠳᠡᠭ᠌ᠳᠡᠯ ᠡᠳ᠋᠎ᠨᠢ ᠴᠥᠮ ᠲᠣᠳᠣᠷᠬᠠᠶ ᠭᠠᠵᠠᠷ᠎ᠤᠨ ᠳᠠᠪᠬᠤᠷᠭ᠎ᠠ᠎ᠶ᠋ᠢᠨ ᠳᠠᠪᠬᠤᠷᠳᠠᠯ᠎ᠤᠨ ᠬᠠᠷᠢᠴᠠᠭ᠎ᠠ᠎ᠲᠠᠢ ᠪᠠᠢᠵᠤ᠂ ᠯᠢᠶᠣᠤ ᠤᠯᠤᠰ᠎ᠤᠨ ᠳᠡᠭᠡᠳᠦ ᠨᠡᠢᠰᠯᠡᠯ᠎ᠤᠨ ᠪᠠᠭᠤᠷᠢ᠎ᠠᠴᠠ ᠮᠠᠯᠲᠠᠵᠤ ᠭᠠᠷᠭᠠᠭ᠍ᠰᠠᠨ ᠦᠯᠡᠳᠡᠭ᠌ᠳᠡᠯ ᠡᠳ᠋᠎ᠤᠨ ᠵᠢᠯ᠎ᠤᠨ ᠳᠠᠷᠠᠭᠠᠯᠠᠯ᠎ᠢ ᠲᠤᠭ᠍ᠲᠠᠭᠠᠬᠤ᠎ᠳᠤ ᠮᠠᠰᠢ ᠨᠠᠢᠳᠠᠪᠤᠷᠢᠲᠠᠶ ᠦᠨᠳᠦᠰᠦᠯᠡᠯ ᠬᠠᠩᠭᠠᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号