《ᠥᠩᠭᠡᠷᠡᠭ᠌ᠰᠡᠨ᠎ᠳᠤ᠂ ᠡᠨᠡ ᠬᠡᠳᠦᠨ ᠮᠦ᠍ ᠲᠠᠷᠢᠶ᠎ᠠ᠎ᠪᠠᠨ ᠲᠦᠱᠢᠭᠡᠳ ᠢᠳᠡᠵᠦ᠍ ᠡᠮᠦᠰᠭᠦ᠎ᠳᠡᠭᠡᠨ ᠯᠡ ᠵᠥᠪ ᠪᠠᠢᠭ᠍ᠰᠠᠨ᠂ ᠤᠳᠤ ᠬᠠᠷᠢᠨ ᠮᠠᠨ᠎ᠤ ᠭᠡᠷ᠎ᠤᠨ 〈ᠡᠳ᠋᠎ᠤᠨ ᠬᠡᠱᠢᠭ᠌ᠲᠡᠨ〉 ᠪᠣᠯᠵᠠᠢ》 ᠬᠡᠵᠦ᠍ ᠳᠤᠯᠠᠭᠠᠨ ᠬᠦᠯᠡᠮᠵᠢ᠎ᠶ᠋ᠢᠨ᠎ᠢᠶᠠᠨ ᠭᠠᠳᠠᠨ᠎ᠠ ᠵᠣᠭ᠍ᠰᠣᠵᠤ ᠪᠠᠢᠭ᠎ᠠ ᠬᠥᠬᠡᠬᠤᠲᠠ᠎ᠶ᠋ᠢᠨ ᠢᠦ᠋ᠢᠴᠢᠤᠸᠠᠨ ᠲᠣᠭᠤᠷᠢᠭ᠎ᠤᠨ ᠡᠮᠦᠨ᠎ᠡ ᠲᠠᠢᠱ᠌ᠢ ᠲᠣᠰᠭᠤᠨ᠎ᠤ ᠠᠷᠠᠳ ᠰᠦᠩ ᠶᠤᠸᠠᠢ ᠴᠦᠸᠧ ᠠᠮᠠ ᠬᠠᠮᠬᠢᠯ ᠦᠭᠡᠢ ᠪᠠᠶᠠᠷᠯᠠᠨ᠎ᠠ᠃
ᠡᠨᠡ ᠵᠢᠯ ᠪᠣᠯ ᠰᠦᠩ ᠶᠤᠸᠠᠢ ᠴᠦᠸᠧ᠎ᠶ᠋ᠢᠨ ᠲᠤᠮᠤ ᠬᠦᠯᠡᠮᠵᠢ ᠡᠵᠡᠩᠨᠡᠭ᠌ᠰᠡᠨ ᠭᠤᠷᠪᠠᠲᠠᠬᠢ ᠵᠢᠯ ᠪᠤᠯᠤᠨ᠎ᠠ᠃ ᠡᠨᠡ 3 ᠵᠢᠯ᠎ᠳᠤ᠂ ᠲᠡᠳᠡᠨ᠎ᠤ ᠬᠦᠯᠡᠮᠵᠢ᠎ᠶ᠋ᠢᠨ ᠲᠤᠭ᠎ᠠ ᠤᠯᠠᠮ᠎ᠠᠴᠠ ᠤᠯᠠᠮ ᠣᠯᠠᠱᠢᠷᠠᠵᠤ᠂ ᠲᠠᠷᠢᠮᠠᠯ᠎ᠤᠨ ᠲᠦᠷᠦᠯ ᠵᠦᠢᠯ ᠴᠦ᠍ ᠤᠯᠠᠮ᠎ᠠᠴᠠ ᠤᠯᠠᠮ ᠪᠦᠷᠢᠨ ᠪᠤᠯᠵᠦ᠍᠂ ᠣᠷᠣᠯᠭ᠎ᠠ᠎ᠨᠢ ᠴᠦ᠍ ᠤᠯᠠᠮ᠎ᠠᠴᠠ ᠤᠯᠠᠮ ᠨᠡᠮᠡᠭ᠌ᠳᠡᠵᠡᠢ᠃
《ᠡᠳᠦᠷ ᠪᠦᠷᠢ ᠮᠠᠰᠢ ᠤᠯᠠᠨ ᠵᠤᠭᠠᠴᠠᠭ᠍ᠰᠠᠳ ᠢᠷᠡᠵᠦ᠍ ᠬᠦᠯᠡᠮᠵᠢ᠎ᠳᠤ ᠲᠠᠷᠢᠬ᠍ᠰᠡᠨ 5 ᠵᠦᠢᠯ᠎ᠤᠨ ᠦᠵᠦᠮ᠎ᠢ ᠲᠤᠭᠤᠷᠢᠨ ᠦᠵᠡᠬᠦ᠌ ᠪᠦᠬᠡᠤᠨ ᠦᠵᠦᠮ ᠲᠡᠬᠦᠲᠡᠭ ᠶᠤᠮ᠃ ᠠᠮᠢᠳᠤᠷᠠᠯ ᠤᠯᠠᠮ᠎ᠠᠴᠠ ᠤᠯᠠᠮ ᠴᠢᠨᠡᠭᠡᠯᠢᠭ᠌ᠵᠢᠵᠦ᠍ ᠢᠷᠡᠭᠡᠳᠤᠢ᠎ᠳᠡᠭᠡᠨ ᠨᠡᠩ ᠶᠡᠭᠡ ᠬᠦᠰᠡᠯ ᠡᠷᠡᠮᠡᠯᠵᠡᠯ᠎ᠲᠠᠢ ᠪᠣᠯᠵᠠᠢ》 ᠭᠡᠵᠦ᠍ ᠰᠦᠩ ᠶᠤᠸᠠᠢ ᠴᠦᠸᠧ ᠬᠡᠯᠡᠨ᠎ᠡ᠃
ᠰᠦᠩ ᠶᠤᠸᠠᠢ ᠴᠦᠸᠧ᠎ᠶ᠋ᠢᠨ ᠲᠠᠨᠢᠯᠴᠠᠭᠤᠯᠤᠭ᠍ᠰᠠᠨ᠎ᠢᠶᠠᠷ᠂ ᠥᠩᠭᠡᠷᠡᠭ᠌ᠰᠡᠨ᠎ᠳᠤ ᠦᠵᠦᠮ ᠪᠣᠯᠪᠠᠰᠤᠷᠠᠬᠤ ᠦᠶ᠎ᠡ᠎ᠳᠤ ᠲᠡᠷᠡ ᠵᠠᠬ᠎ᠠ ᠲᠡᠯᠭᠡᠭᠦᠷ ᠳᠡᠭᠡᠷ᠎ᠡ ᠬᠤᠳᠠᠯᠳᠤᠬᠤ ᠪᠤᠶᠤ ᠵᠢᠵᠢᠭ ᠬᠤᠳᠠᠯᠳᠤᠭᠠᠴᠢᠨ ᠢᠷᠡᠵᠦ᠍ ᠬᠤᠳᠠᠯᠳᠤᠨ ᠠᠪᠲᠠᠭ ᠪᠠᠢᠵᠠᠢ᠃ ᠡᠨᠡ ᠬᠤᠶᠠᠷ ᠵᠢᠯ᠎ᠳᠤ᠂ ᠲᠣᠰᠭᠤᠨ᠎ᠳᠤ ᠰᠠᠭᠤᠭ᠎ᠠ ᠨᠢᠭᠡᠳᠦᠭᠡᠷ ᠱᠦᠵᠢ᠎ᠶ᠋ᠢᠨ ᠬᠠᠪᠰᠤᠷᠤᠯᠭ᠎ᠠ ᠳᠤᠤᠷ᠎ᠠ᠂ ᠲᠡᠷᠡ ᠰᠡᠳᠭᠢᠴᠡ᠎ᠪᠠᠨ ᠬᠤᠪᠢᠷᠠᠭᠤᠯᠵᠤ᠂ ᠨᠡᠢᠭᠡᠮ᠎ᠤᠨ ᠬᠠᠷᠢᠯᠴᠠᠭᠠᠨ᠎ᠤ ᠵᠠᠭᠤᠴᠢᠯᠠᠭᠤᠷ᠎ᠤᠨ ᠲᠠᠪᠴᠠᠩ᠎ᠢᠶᠠᠷ ᠳᠠᠮᠵᠢᠭᠤᠯᠤᠨ ᠤᠬᠠᠭᠤᠯᠤᠨ ᠪᠣᠷᠣᠯᠠᠭᠤᠯᠵᠦ᠍᠂ ᠣᠲᠣ ᠳᠠᠷᠢᠵᠤ ᠪᠠᠢᠭ᠎ᠠ ᠦᠵᠦᠮ᠎ᠤᠨ ᠬᠢᠨᠢ 70% ᠶ᠋ᠢ᠎ᠨᠢ ᠴᠥᠮ ᠵᠢᠭᠤᠯᠴᠢᠯᠠᠬ᠍ᠰᠠᠳ ᠪᠤᠶᠤ ᠬᠤᠳᠠ᠎ᠶ᠋ᠢᠨ ᠠᠷᠠᠳ ᠢᠷᠡᠵᠦ᠍ ᠲᠡᠭᠦᠵᠦ᠍᠂ ᠬᠡᠷ᠎ᠤᠨ᠎ᠢᠶᠠᠨ ᠡᠭᠦᠳᠡᠨ᠎ᠳᠡᠭᠡᠨ ᠲᠠᠷᠤᠢ ᠬᠢᠯᠪᠠᠷᠬᠠᠨ᠎ᠢᠶᠠᠷ ᠵᠤᠭᠤᠰ ᠤᠯᠲᠠᠭ ᠪᠤᠯᠵᠠᠢ᠃
ᠨᠠᠮ᠎ᠤᠨ ᠪᠠᠢᠭᠤᠯᠤᠯᠲᠠ᠎ᠪᠠᠷ ᠬᠥᠲᠥᠯᠦᠨ ᠳᠠᠭᠠᠭᠤᠯᠵᠤ᠂ 《ᠠᠵᠤ ᠦᠢᠯᠡᠰ᠎ᠤᠨ ᠬᠤᠯᠪᠣᠭᠠᠲᠤ ᠴᠣᠭ᠍ᠴᠠ》 ᠪᠠᠷ ᠬᠥᠭ᠌ᠵᠢᠯᠲᠡ᠎ᠶ᠋ᠢ ᠳᠡᠮᠵᠢᠪᠡ᠃ ᠣᠢᠷ᠎ᠠ᠎ᠶ᠋ᠢᠨ ᠵᠢᠯ᠎ᠤᠨ ᠲᠤᠷᠰᠢ᠂ ᠬᠥᠬᠡᠬᠤᠲᠠ᠎ᠶ᠋ᠢᠨ ᠢᠦ᠋ᠢᠴᠢᠤᠸᠠᠨ ᠲᠣᠭᠤᠷᠢᠭ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ ᠳᠠᠷᠢᠬᠤ ᠪᠠ ᠰᠡᠯᠡᠭᠦᠴᠡᠯ ᠰᠣᠶᠣᠯ ᠵᠢᠭᠤᠯᠴᠢᠯᠠᠯ᠎ᠢ ᠬᠥᠭ᠌ᠵᠢᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠣᠰᠭᠤᠨ᠎ᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠪᠠᠷ ᠲᠦᠷᠦᠭᠦᠯᠡᠭᠦᠯᠦᠨ᠂ ᠬᠠᠮᠢᠶ᠎ᠠ ᠪᠥᠬᠦᠶ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠬᠤᠯᠪᠤᠭᠠᠯᠠᠨ ᠪᠠᠢᠭᠤᠯᠵᠦ᠍ ᠬᠠᠮᠲᠤᠷᠠᠨ ᠪᠠᠢᠭᠤᠯᠬᠤ᠎ᠪᠠᠷ ᠳᠠᠮᠵᠢᠭᠤᠯᠤᠨ᠂ ᠨᠠᠮ᠎ᠤᠨ ᠪᠠᠢᠭᠤᠯᠤᠯᠲᠠ᠎ᠪᠠᠷ ᠬᠥᠲᠥᠯᠦᠨ ᠳᠠᠭᠠᠭᠤᠯᠬᠤ᠂ 《ᠠᠵᠤ ᠦᠢᠯᠡᠰ᠎ᠤᠨ ᠬᠤᠯᠪᠣᠭᠠᠲᠤ ᠴᠣᠭ᠍ᠴᠠ》 ᠪᠠᠷ ᠦᠢᠯᠡᠴᠢᠯᠡᠬᠦ᠌ ᠬᠥᠭ᠌ᠵᠢᠯᠲᠡ᠎ᠶ᠋ᠢᠨ ᠵᠠᠭ᠍ᠪᠤᠷ᠎ᠢ ᠪᠣᠶ ᠪᠣᠯᠭᠠᠭ᠍ᠰᠠᠨ ᠪᠥᠭᠡᠳ ᠡᠯ᠎ᠡ 《ᠠᠵᠤ ᠦᠢᠯᠡᠰ᠎ᠤᠨ ᠬᠤᠯᠪᠣᠭᠠᠲᠤ ᠴᠣᠭ᠍ᠴᠠ》 ᠶ᠋ᠢᠨ ᠪᠦᠷᠢᠯᠳᠦᠬᠦᠨ ᠨᠢᠭᠡᠴᠢ᠎ᠪᠠᠷ ᠳᠠᠮᠵᠢᠭᠤᠯᠤᠨ ᠬᠠᠮᠲᠤ᠎ᠪᠠᠷ ᠬᠦᠴᠦᠯᠡᠵᠦ᠍᠂ 《ᠬᠤᠳᠤᠬ᠍ᠲᠦ ᠤᠷᠤᠨ ᠢᠦ᠋ᠢᠴᠢᠤᠸᠠᠨ᠂ ᠬᠥᠳᠡᠭᠡ ᠨᠤᠲᠤᠭ᠎ᠤᠨ ᠱᠢᠯᠢᠳᠡᠭ ᠪᠦᠲᠦᠭᠡᠭ᠌ᠳᠡᠬᠦᠨ》 ᠤ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠣᠷᠣᠨ ᠪᠦᠰᠡ᠎ᠶ᠋ᠢᠨ ᠣᠯᠠᠨ ᠨᠡᠢᠲᠡ᠎ᠶ᠋ᠢᠨ ᠲᠦᠷᠦᠯ ᠲᠡᠮᠲᠡᠭ᠎ᠢ ᠳᠠᠩᠰᠠᠯᠠᠭᠤᠯᠵᠤ᠂ ᠬᠥᠳᠡᠭᠡ ᠲᠣᠰᠭᠤᠨ᠎ᠤ ᠠᠵᠤ ᠦᠢᠯᠡᠰ᠎ᠤᠨ ᠲᠦᠷᠭᠡᠨ ᠬᠥᠭ᠌ᠵᠢᠯᠲᠡ᠎ᠶ᠋ᠢ ᠠᠬᠢᠭᠤᠯᠪᠠ᠃
《ᠡᠨᠡ ᠵᠢᠯ᠎ᠤᠨ ᠯᠠᠵᠤᠤ᠎ᠶ᠋ᠢᠨ ᠭᠠᠷᠤᠯᠲᠠ ᠥᠨᠳᠥᠷ᠂ ᠴᠢᠨᠠᠷ ᠰᠠᠢᠨ ᠪᠠᠢᠨ᠎ᠠ᠂ ᠪᠠᠰᠠ ᠨᠢᠭᠡᠨ ᠡᠯᠪᠡᠭ ᠬᠤᠷᠢᠶᠠᠯᠲᠠ᠎ᠶ᠋ᠢᠨ ᠵᠢᠯ ᠪᠣᠯᠤᠨ᠎ᠠ!》 ᠬᠡᠵᠦ᠍ ᠢᠦ᠋ᠢᠴᠢᠤᠸᠠᠨ ᠲᠣᠭᠤᠷᠢᠭ᠎ᠤᠨ ᠪᠠᠭ᠎ᠠ ᠲᠦᠷᠭᠡᠨ ᠭᠤᠣᠯ ᠪᠠᠯᠭᠠᠰᠤ᠎ᠶ᠋ᠢᠨ ᠵᠢᠶᠠᠩ ᠵᠢᠶᠠ ᠶᠢᠩ ᠲᠣᠰᠭᠤᠨ᠎ᠤ ᠠᠷᠠᠳ ᠵᠤᠸᠠᠩ ᠵᠢᠶᠠᠨ ᠪᠢᠩ ᠰᠠᠶᠢᠬᠠᠨ ᠲᠡᠭᠦᠭ᠌ᠰᠡᠨ ᠯᠠᠵᠤᠤ᠎ᠶ᠋ᠢᠨ ᠣᠪᠣᠭᠠᠨᠤᠪᠠᠨ ᠬᠠᠵᠠᠭᠤ᠎ᠳᠤ ᠵᠣᠭ᠍ᠰᠣᠵᠤ ᠪᠠᠶᠠᠷᠲᠠᠢ ᠬᠡᠯᠡᠨ᠎ᠡ᠃
《ᠪᠥᠬᠦ᠌ ᠲᠣᠰᠭᠤᠨ᠎ᠤ ᠯᠠᠵᠤᠤ᠎ᠶ᠋ᠢᠨ ᠳᠠᠷᠢᠮᠠᠯ᠎ᠤᠨ ᠳᠠᠯᠠᠪᠠᠢ ᠨᠡᠢᠲᠡ 230 ᠮᠥ᠍ ᠪᠠᠢᠵᠤ᠂ ᠮᠦ᠍ ᠪᠦᠷᠢ᠎ᠶ᠋ᠢᠨ ᠤᠨᠠᠯᠲᠠ᠎ᠨᠢ 4500 ᠠᠴᠠ 5000 ᠵᠢᠩ᠎ᠳᠤ ᠬᠦᠷᠳᠡᠭ᠃ ᠪᠦᠬᠦᠨ᠎ᠢ ᠮᠠᠱᠢᠨ᠎ᠢᠶᠠᠷ ᠨᠢᠭᠡᠳᠦᠯᠲᠡᠶ ᠬᠠᠳᠤᠵᠤ ᠬᠤᠷᠢᠶᠠᠵᠦ᠍᠂ ᠨᠢᠭᠡᠳᠦᠯᠲᠡᠶ ᠰᠠᠯᠭᠠᠵᠠᠢ᠃ ᠵᠠᠬ᠎ᠠ ᠳᠡᠯᠭᠡᠭᠦᠷ᠎ᠤᠨ ᠯᠠᠵᠤᠤ᠎ᠶ᠋ᠢᠨ ᠦᠨᠳᠦᠰᠦᠨ ᠦᠨ᠎ᠡ ᠬᠠᠩᠰᠢ ᠵᠢᠱ᠌ᠢᠯᠲᠡ᠎ᠪᠠᠷ ᠥᠩᠭᠡᠷᠡᠭ᠌ᠰᠡᠨ ᠵᠢᠯ᠎ᠤᠨ ᠡᠷᠳᠡᠨᠢ ᠱᠢᠰᠢ ᠲᠠᠷᠢᠭ᠍ᠰᠠᠨ ᠠᠵᠤ ᠠᠬᠤᠢ᠎ᠶ᠋ᠢᠨ ᠣᠷᠣᠯᠭ᠎ᠠ᠎ᠠᠴᠠ ᠥᠨᠳᠥᠷ ᠪᠤᠯᠤᠨ᠎ᠠ ᠳ᠋ᠠ》 ᠬᠡᠵᠦ᠍ ᠵᠤᠸᠠᠩ ᠵᠢᠶᠠᠨ ᠪᠢᠩ ᠬᠦᠰᠡᠯ ᠳᠦᠭᠦᠷᠡᠩ ᠬᠡᠯᠡᠪᠡ᠃
ᠵᠢᠶᠠᠩ ᠵᠢᠶᠠ ᠶᠢᠩ ᠲᠣᠰᠭᠤᠨ᠎ᠤ ᠤᠤᠯ᠎ᠤᠨ ᠲᠠᠷᠢᠶᠠᠯᠠᠩ ᠦᠢᠯᠡᠳᠪᠦᠷᠢᠯᠡᠯ᠎ᠨᠢ ᠡᠷᠳᠡᠨᠢ ᠱᠢᠰᠢ ᠲᠠᠷᠢᠬᠤ᠎ᠪᠠᠷ ᠭᠤᠣᠯ ᠪᠣᠯᠭᠠᠵᠤ ᠪᠠᠢᠪᠠ᠃ ᠭᠠᠷᠤᠯᠲᠠ᠎ᠪᠠᠨ ᠨᠡᠮᠡᠭ᠌ᠳᠡᠭᠦᠯᠵᠦ᠍ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠨᠡᠩ ᠰᠠᠢᠲᠤᠷ ᠪᠡᠶᠡᠯᠡᠭᠦᠯᠬᠦ᠌᠎ᠶ᠋ᠢᠨ ᠲᠥᠯᠥᠭᠡ᠂ ᠲᠠᠷᠢᠮᠠᠯ᠎ᠤᠨ ᠪᠦᠲᠦᠴᠡ᠎ᠳᠡᠭᠡᠨ ᠲᠤᠬᠢᠷᠠᠭᠤᠯᠤᠯᠲᠠ ᠬᠢᠵᠦ᠍᠂ ᠯᠠᠵᠤᠤ᠂ ᠱᠢᠰᠢ ᠵᠡᠷᠭᠡ ᠤᠯᠠᠨ ᠲᠦᠷᠦᠯ ᠵᠦᠢᠯ᠎ᠢ ᠲᠠᠷᠢᠬᠤ᠎ᠪᠠᠷ ᠲᠤᠷᠱᠢᠭ᠍ᠰᠠᠨ ᠪᠥᠭᠡᠳ 《ᠠᠵᠤ ᠦᠢᠯᠡᠰ᠎ᠤᠨ ᠬᠤᠯᠪᠣᠭᠠᠲᠤ ᠴᠣᠭ᠍ᠴᠠ》 ᠶ᠋ᠢᠨ ᠪᠦᠷᠢᠯᠳᠦᠬᠦᠨ ᠨᠢᠭᠡᠴᠢ ᠢᠦ᠋ᠢᠴᠢᠤᠸᠠᠨ ᠲᠣᠭᠤᠷᠢᠭ᠎ᠤᠨ ᠲᠠᠷᠢᠶᠠᠯᠠᠩ ᠮᠠᠯ ᠠᠵᠤ ᠠᠬᠤᠢ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠤᠪᠴᠢᠶ᠎ᠠ᠎ᠳᠤ ᠲᠦᠱᠢᠭ᠌ᠯᠡᠨ ᠵᠠᠬᠢᠶᠠᠯᠠᠭ᠎ᠠ᠎ᠶ᠋ᠢᠨ ᠬᠠᠭᠤᠳᠠᠰᠤ ᠣᠷᠣᠭᠤᠯᠤᠨ᠂ ᠵᠠᠬᠢᠶᠠᠯᠠᠭ᠎ᠠ᠎ᠶ᠋ᠢᠨ ᠬᠠᠭᠤᠳᠠᠰᠤ ᠰᠣᠩᠭᠤᠵᠤ᠂ ᠲᠣᠰᠭᠤᠨ᠎ᠤ ᠠᠷᠠᠳ ᠡᠵᠡᠩᠨᠡᠵᠦ᠍ ᠲᠠᠷᠢᠬᠤ ᠴᠢᠭ᠌ᠯᠡᠯ᠎ᠢᠶᠠᠨ ᠡᠵᠡᠨ ᠮᠡᠳᠡᠨ ᠰᠣᠩᠭᠤᠵᠤ᠂ ᠭᠠᠷᠤᠯᠲᠠ᠎ᠪᠠᠨ ᠨᠡᠮᠡᠭ᠌ᠳᠡᠭᠦᠯᠵᠦ᠍ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠪᠠᠲᠤᠯᠠᠭ᠍ᠰᠠᠨ᠎ᠢᠶᠠᠷ ᠪᠠᠷᠠᠬᠤ ᠦᠭᠡᠢ᠂ ᠪᠣᠷᠣᠯᠠᠭᠤᠯᠭ᠎ᠠ᠎ᠳᠤ ᠵᠣᠪᠠᠭ᠍ᠤ ᠦᠭᠡᠢ ᠪᠣᠯᠪᠠ᠃
ᠨᠠᠮ᠎ᠤᠨ ᠡᠭᠦᠷ ᠵᠠᠮ ᠳᠠᠭᠠᠭᠤᠯᠵᠤ᠂ 《ᠲᠠᠷᠢᠶᠠᠯᠠᠩ᠎ᠤᠨ ᠬᠤᠷᠱᠢᠶ᠎ᠠ》 ᠡᠷᠬᠢᠯᠡᠵᠦ᠍ ᠣᠷᠣᠯᠭ᠎ᠠ᠎ᠪᠠᠨ ᠨᠡᠮᠡᠭ᠌ᠳᠡᠭᠦᠯᠵᠠᠢ᠃ ᠲᠤᠬᠠᠶ᠎ᠶ᠋ᠢᠨ ᠭᠠᠵᠠᠷ᠎ᠤᠨ ᠡᠯ᠎ᠡ ᠲᠣᠰᠭᠤᠨ ᠬᠤᠲᠠ᠎ᠶ᠋ᠢᠨ ᠲᠡᠭᠦᠷᠭᠡ᠎ᠶ᠋ᠢᠨ ᠠᠭᠤᠯᠵᠠᠷ ᠬᠡᠰᠡᠭ᠎ᠤᠨ ᠣᠷᠣᠨ ᠪᠦᠰᠡ᠎ᠶ᠋ᠢᠨ ᠳᠠᠪᠠᠭᠤᠯᠢᠭ᠎ᠢ ᠡᠵᠡᠮᠱᠢᠵᠦ᠍᠂ ᠲᠣᠰᠭᠤᠨ᠎ᠤ ᠨᠠᠮ᠎ᠤᠨ ᠡᠭᠦᠷ᠎ᠢᠶᠠᠷ ᠲᠦᠷᠦᠭᠦᠯᠡᠭᠦᠯᠦᠨ ᠣᠯᠠᠨ ᠲᠥᠷᠥᠯ᠎ᠤᠨ ᠲᠠᠷᠢᠶᠠᠯᠠᠩ᠎ᠤᠨ ᠬᠤᠷᠱᠢᠶ᠎ᠠ᠎ᠶ᠋ᠢ ᠪᠠᠢᠭᠤᠯᠵᠤ᠂ ᠣᠨᠴᠠᠯᠢᠭ᠍ᠲᠤ ᠲᠠᠷᠢᠶᠠᠯᠠᠩ᠎ᠢ ᠬᠥᠭ᠌ᠵᠢᠭᠦᠯᠬᠦ᠌᠎ᠶ᠋ᠢ ᠬᠥᠲᠥᠯᠥᠨ ᠳᠠᠭᠠᠭᠤᠯᠵᠤ᠂ ᠠᠮᠢ ᠠᠬᠤᠶ᠎ᠶ᠋ᠢᠨ ᠲᠠᠷᠢᠶᠠᠯᠠᠩ᠂ ᠢᠳᠡᠱᠢᠨ ᠨᠣᠭᠤᠭ᠎ᠠ ᠲᠠᠷᠢᠬᠤ᠂ ᠲᠣᠭᠤᠷᠢᠨ ᠵᠢᠭᠤᠯᠴᠢᠯᠠᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠣᠳᠣ ᠦᠶ᠎ᠡ᠎ᠶ᠋ᠢᠨ ᠲᠠᠷᠢᠶᠠᠯᠠᠩ᠎ᠤᠨ ᠶᠡᠷᠦᠩᠬᠡᠢᠯᠡᠭ᠌ᠰᠡᠨ ᠴᠣᠭ᠍ᠴᠠ᠎ᠶ᠋ᠢᠨ ᠲᠥᠷᠥᠯ ᠵᠦᠢᠯ᠎ᠢ ᠪᠠᠢᠭᠤᠯᠵᠤ᠂ ᠲᠠᠷᠢᠶᠠᠯᠠᠩ᠎ᠤᠨ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠬᠦ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠠᠵᠤ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠵᠠᠮ᠎ᠢ ᠨᠡᠭᠡᠭᠡᠵᠦ᠍᠂ ᠦᠢᠯᠡᠳᠪᠦᠷᠢᠯᠡᠯ ᠪᠣᠷᠣᠯᠠᠭᠤᠯᠭ᠎ᠠ ᠵᠡᠷᠭᠡ᠎ᠪᠠᠷ ᠬᠥᠭ᠌ᠵᠢᠬᠦ᠌᠎ᠶ᠋ᠢ ᠪᠡᠶᠡᠯᠡᠭᠦᠯᠪᠡ᠃
ᠥᠩᠭᠡᠷᠡᠭ᠌ᠰᠡᠨ᠎ᠳᠤ᠂ ᠯᠢᠶᠠᠨ ᠵᠢᠶᠠ ᠶᠢᠩ ᠲᠣᠰᠭᠤᠨ ᠶᠡᠷᠦ᠎ᠠᠴᠠ ᠡᠷᠳᠡᠨᠢ ᠱᠢᠰᠢ ᠳᠠᠷᠢᠬᠤ᠎ᠪᠠᠷ ᠭᠤᠤᠯ ᠪᠣᠯᠭᠠᠵᠤ ᠪᠠᠢᠪᠠ᠃ ᠲᠣᠰᠭᠤᠨ᠎ᠤ ᠲᠠᠷᠢᠮᠠᠯ᠎ᠤᠨ ᠦᠢᠯᠡᠰ᠎ᠤᠨ ᠠᠵᠤ ᠦᠢᠯᠡᠰ᠎ᠤᠨ ᠲᠠᠰ ᠳᠡᠪᠱᠢᠬᠦ᠌᠎ᠶ᠋ᠢ ᠳᠠᠢᠴᠢᠯᠠᠵᠤ᠂ ᠲᠣᠰᠭᠤᠨ᠎ᠤ ᠠᠷᠠᠳ᠎ᠢ ᠳᠠᠢᠴᠢᠯᠠᠨ ᠬᠠᠮᠲᠤ᠎ᠪᠠᠷ ᠪᠠᠶᠠᠵᠢᠬᠤ᠎ᠶ᠋ᠢᠨ ᠲᠥᠯᠥᠭᠡ᠂ ᠲᠣᠰᠭᠤᠨ᠎ᠳᠠᠭᠠᠨ ᠲᠠᠷᠢᠶᠠᠯᠠᠩ᠎ᠤᠨ ᠬᠤᠷᠱᠢᠶ᠎ᠠ ᠪᠠᠢᠭᠤᠯᠵᠤ᠂ ᠬᠤᠯᠤᠰᠤᠨ ᠰᠦᠶ᠎ᠡ᠂ ᠯᠠᠵᠤᠤ ᠵᠡᠷᠭᠡ ᠲᠠᠷᠢᠮᠠᠯ᠎ᠤᠨ ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ ᠲᠠᠷᠢᠮᠠᠯ᠎ᠤᠨ ᠦᠷ᠎ᠡ᠂ ᠮᠡᠷᠭᠡᠵᠢᠯ ᠪᠠ ᠪᠣᠷᠣᠯᠠᠭᠤᠯᠭ᠎ᠠ᠎ᠶ᠋ᠢᠨ ᠠᠷᠭ᠎ᠠ ᠵᠠᠮ ᠬᠠᠩᠭᠠᠬᠤ᠎ᠪᠠᠷ ᠳᠠᠮᠵᠢᠭᠤᠯᠤᠨ ᠡᠷᠬᠢᠨ ᠲᠣᠭᠤᠷᠢᠨ᠎ᠤ ᠲᠣᠰᠭᠤᠨ᠎ᠤ ᠠᠷᠠᠳ᠎ᠢ ᠳᠠᠢᠴᠢᠯᠠᠨ ᠲᠠᠷᠢᠮᠠᠯ᠎ᠤᠨ ᠠᠵᠢᠯ᠎ᠳᠤ ᠣᠷᠣᠯᠴᠠᠭᠤᠯᠵᠠᠶ᠃
《ᠪᠢᠳᠡ ᠭᠠᠳᠠᠭ᠍ᠰᠢ ᠭᠠᠷᠴᠤ᠌ ᠲᠡᠷᠢᠭᠦᠨ᠎ᠤ ᠠᠷᠭ᠎ᠠ ᠬᠢᠳᠡᠯ᠂ ᠲᠠᠷᠢᠮᠠᠯ᠎ᠤᠨ ᠲᠤᠷᠱᠢᠯᠭ᠎ᠠ᠎ᠶ᠋ᠢ ᠪᠠᠢᠴᠠᠭᠠᠨ ᠰᠤᠷᠤᠯᠴᠠᠵᠤ᠂ ᠨᠤᠲᠠᠯᠠᠯᠲᠠ ᠵᠠᠳᠠᠯᠤᠯᠲᠠ ᠬᠢᠬᠦ᠌᠎ᠪᠠᠷ ᠳᠡᠮᠵᠢᠨ᠂ ᠣᠯᠠᠨ ᠲᠥᠷᠥᠯ᠎ᠤᠨ ᠲᠠᠷᠢᠶᠠᠯᠠᠩ᠎ᠤᠨ ᠬᠤᠷᠱᠢᠶ᠎ᠠ᠎ᠶ᠋ᠢ ᠲᠦᠷᠦᠭᠦᠯᠡᠨ ᠪᠠᠢᠭᠤᠯᠵᠤ ᠦᠪᠡᠷ᠎ᠤᠨ ᠪᠣᠳᠠᠲᠤ ᠪᠠᠢᠳᠠᠯ᠎ᠲᠠᠢ᠎ᠪᠠᠨ ᠨᠡᠢᠴᠡᠭ᠌ᠰᠡᠨ ᠣᠨᠴᠠᠯᠢᠭ᠍ᠲᠤ ᠠᠵᠤ ᠦᠢᠯᠡᠰ᠎ᠢ ᠬᠥᠭ᠌ᠵᠢᠭᠦᠯᠬᠦ᠌᠎ᠶ᠋ᠢᠨ ᠬᠠᠮᠲᠤ ᠥᠩᠭᠡᠷᠡᠭ᠌ᠰᠡᠨ᠎ᠤ ᠦᠢᠯᠡᠳᠬᠦᠨ᠂ ᠠᠵᠤ ᠦᠢᠯᠡᠰ᠎ᠤᠨ ᠲᠠᠩ ᠴᠤᠯᠭᠤᠶ ᠪᠠᠢᠳᠠᠯ᠎ᠢ ᠰᠠᠢᠵᠢᠷᠠᠭᠤᠯᠵᠤ᠂ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠨᠠᠮ᠎ᠤᠨ ᠭᠡᠱᠢᠭᠦᠨ ᠲᠣᠰᠭᠤᠨ᠎ᠤ ᠺᠠᠳ᠋ᠷ ᠲᠦᠷᠦᠭᠦᠯᠡᠨ ᠠᠵᠤ ᠦᠢᠯᠡᠰ᠎ᠤᠨ ᠬᠥᠭ᠌ᠵᠢᠯᠲᠡ᠎ᠳᠤ ᠣᠷᠣᠯᠴᠠᠵᠤ᠂ ᠲᠠᠷᠢᠶᠠᠴᠢᠳ᠎ᠢ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠦᠨ ᠪᠠᠶᠠᠵᠢᠭᠤᠯᠪᠠ》 ᠬᠡᠵᠦ᠍ ᠯᠢᠶᠠᠨ ᠵᠢᠶᠠ ᠶᠢᠩ ᠲᠣᠰᠭᠤᠨ᠎ᠤ ᠨᠠᠮ᠎ᠤᠨ ᠡᠭᠦᠷ᠎ᠤᠨ ᠱᠦᠵᠢ᠂ ᠲᠣᠰᠭᠤᠨ᠎ᠤ ᠠᠷᠠᠳ᠎ᠤᠨ ᠵᠥᠪᠯᠡᠯ᠎ᠤᠨ ᠡᠷᠬᠢᠯᠡᠭ᠌ᠴᠢ ᠯᠠᠨ ᠬᠤᠢ ᠬᠡᠯᠡᠪᠡ᠃
ᠣᠢᠯᠠᠭᠠᠭ᠍ᠰᠠᠨ᠎ᠢᠶᠠᠷ᠂ ᠬᠤᠷᠱᠢᠶ᠎ᠠ᠎ᠨᠢ ᠲᠣᠰᠭᠤᠨ᠎ᠤ ᠠᠷᠠᠳ᠎ᠢ ᠠᠵᠤ ᠦᠢᠯᠡᠰ᠎ᠤᠨ ᠬᠥᠭ᠌ᠵᠢᠯᠲᠡ᠎ᠳᠤ ᠣᠷᠣᠯᠴᠠᠬᠤ᠎ᠶ᠋ᠢ ᠵᠣᠷᠢᠭ᠍ᠵᠢᠭᠤᠯᠵᠤ᠂ ᠲᠤᠬᠠᠶ᠎ᠶ᠋ᠢᠨ ᠭᠠᠵᠠᠷ᠎ᠤᠨ ᠪᠤᠶᠤ ᠣᠢᠷ᠎ᠠ ᠬᠠᠪᠢ᠎ᠶ᠋ᠢᠨ ᠲᠣᠰᠭᠤᠨ᠎ᠤ ᠠᠷᠠᠳ᠎ᠢ ᠣᠢᠷ᠎ᠠ ᠬᠠᠪᠢ᠎ᠳᠠᠭᠠᠨ ᠬᠥᠯᠥᠰᠥᠯᠡᠵᠦ᠍᠂ ᠲᠠᠷᠢᠶᠠᠯᠠᠩ᠎ᠤᠨ ᠲᠤᠰᠭᠠᠶ ᠮᠡᠷᠭᠡᠵᠢᠯᠲᠡᠨ᠎ᠢ ᠤᠷᠢᠵᠤ ᠲᠣᠰᠭᠤᠨ᠎ᠤ ᠠᠷᠠᠳ᠎ᠲᠤ ᠱᠢᠨ᠎ᠡ ᠬᠡᠯᠪᠡᠷᠢ᠎ᠶ᠋ᠢᠨ ᠠᠵᠤ ᠠᠬᠤᠶ᠎ᠶ᠋ᠢᠨ ᠲᠠᠷᠢᠮᠠᠯ ᠳᠠᠷᠢᠬᠤ ᠤᠷ᠎ᠠ ᠮᠡᠷᠭᠡᠵᠢᠯ᠂ ᠡᠪᠡᠳᠴᠢᠨ ᠬᠤᠷᠣᠬᠠᠶ᠎ᠶ᠋ᠢᠨ ᠬᠥᠨᠥᠭᠡᠯ᠎ᠢ ᠰᠡᠷᠭᠡᠢᠯᠡᠨ ᠵᠠᠰᠠᠬᠤ᠂ ᠤᠰᠤ ᠪᠣᠷᠲᠣᠭᠤᠷ᠎ᠤᠨ ᠬᠠᠮᠢᠶᠠᠷᠤᠯᠲᠠ ᠵᠢᠴᠢ ᠠᠵᠤ ᠠᠬᠤᠶ᠎ᠶ᠋ᠢᠨ ᠦᠷ᠎ᠡ ᠠᠱᠢᠭ ᠵᠡᠷᠭᠡ ᠲᠠᠯ᠎ᠠ᠎ᠶ᠋ᠢᠨ ᠮᠡᠳᠡᠯᠭᠡ᠎ᠶ᠋ᠢᠨ ᠪᠣᠯᠪᠠᠰᠤᠷᠠᠯ ᠪᠠ ᠮᠡᠷᠭᠡᠵᠢᠯ᠎ᠤᠨ ᠵᠢᠯᠣᠭᠤᠳᠣᠯᠭ᠎ᠠ ᠬᠠᠩᠭᠠᠵᠤ᠂ ᠲᠣᠰᠭᠤᠨ᠎ᠤ ᠠᠷᠠᠳ᠎ᠢ ᠬᠠᠪᠰᠤᠷᠤᠨ ᠮᠡᠷᠭᠡᠵᠢᠯ ᠰᠤᠷᠴᠤ᠌ ᠶᠠᠳᠠᠭᠤ᠎ᠠᠴᠠ ᠠᠩᠭᠢᠵᠢᠷᠠᠭᠤᠯᠬᠤ᠎ᠳᠤᠨᠢ ᠲᠤᠰᠠᠯᠠᠵᠤ᠂ ᠳᠠᠷᠢᠵᠤ ᠤᠷᠭᠤᠭᠤᠯᠬᠤ᠂ ᠲᠡᠵᠢᠭᠡᠨ ᠦᠷᠡᠵᠢᠭᠦᠯᠬᠦ᠌ ᠲᠤᠷᠱᠢᠯᠭ᠎ᠠ ᠬᠤᠷᠠᠮᠳᠤᠭᠤᠯᠵᠤ᠂ ᠲᠠᠷᠢᠶᠠᠴᠢᠳ᠎ᠤᠨ ᠲᠤᠰᠭᠠᠶ ᠮᠡᠷᠭᠡᠵᠢᠯ᠎ᠤᠨ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠲᠡᠳᠡᠨ᠎ᠤ ᠣᠷᠣᠯᠭ᠎ᠠ᠎ᠪᠠᠨ ᠨᠡᠮᠡᠭ᠌ᠳᠡᠭᠦᠯᠵᠦ᠍ ᠪᠡᠶ᠎ᠡ᠎ᠵᠢᠨ ᠴᠢᠨᠡᠭᠡᠯᠢᠭ᠌ᠵᠢᠬᠦ᠌ ᠲᠣᠰ ᠪᠡᠶ᠎ᠡ᠎ᠶ᠋ᠢᠨ 《ᠡᠨᠧᠷᠭᠢ》 ᠶ᠋ᠢ᠎ᠨᠢ ᠬᠥᠭ᠌ᠵᠢᠭᠡᠵᠦ᠍᠂ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢᠨ ᠬᠥᠭ᠌ᠵᠢᠨ ᠪᠤᠵᠠᠭᠠᠢᠷᠬᠠᠤᠳᠤ ᠬᠦᠴᠦᠨ ᠨᠡᠮᠡᠷᠢᠯᠡᠪᠡ᠃
ᠯᠢᠶᠠᠨ ᠵᠢᠶᠠ ᠶᠢᠩ ᠲᠣᠰᠭᠤᠨ᠎ᠤ ᠠᠷᠠᠳ ᠯᠢᠶᠠᠨ ᠸᠧᠨ ᠺᠦᠢ᠄ 《ᠣᠳᠣᠬᠠᠨ᠎ᠤ ᠡᠳᠦᠷ ᠪᠦᠷᠢ᠎ᠶ᠋ᠢᠨ ᠠᠵᠢᠯ᠎ᠢ ᠪᠦᠷ ᠬᠤᠷᠱᠢᠶ᠎ᠠ ᠬᠠᠪᠰᠤᠷᠤᠨ ᠬᠠᠷᠢᠯᠴᠠᠵᠤ ᠥᠭ᠌ᠭᠦᠭ᠌ᠰᠡᠨ ᠶᠤᠮ᠂ ᠰᠠᠨᠠᠭ᠎ᠠ ᠠᠮᠤᠷ᠂ ᠣᠷᠣᠯᠭ᠎ᠠ ᠪᠠᠰᠠ ᠲᠣᠭ᠍ᠲᠠᠭᠤᠨ ᠪᠠᠢᠨ᠎ᠠ᠃ ᠬᠡᠷ᠎ᠤᠨ᠎ᠢᠶᠠᠨ ᠡᠭᠦᠳᠡᠨ᠎ᠳᠤ ᠬᠥᠯᠥᠰᠥᠨ ᠠᠵᠢᠯ ᠬᠢᠵᠦ᠍ ᠵᠣᠭᠤᠰ ᠣᠯᠤᠨ᠎ᠠ ᠭᠡᠵᠦ᠍ ᠥᠩᠭᠡᠷᠡᠭ᠌ᠰᠡᠨ᠎ᠳᠤ ᠪᠤᠳᠤᠵᠤ ᠣᠯᠤᠭ᠍ᠰᠠᠨ ᠥᠬᠡᠶ》 ᠬᠡᠵᠦ᠍ ᠬᠡᠯᠡᠨ᠎ᠡ᠃
ᠠᠯᠳᠠᠨ ᠨᠠᠮᠤᠷ᠎ᠤᠨ ᠬᠦᠬᠡᠬᠤᠲᠠ᠎ᠶ᠋ᠢᠨ ᠢᠦ᠋ᠢᠴᠢᠤᠸᠠᠨ ᠲᠤᠭᠤᠷᠢᠭ᠎ᠲᠤ ᠡᠯᠪᠡᠭ ᠬᠤᠷᠢᠶᠠᠯᠳᠠ᠎ᠶ᠋ᠢᠨ ᠳᠠᠭᠤᠨ ᠬᠠᠩᠬᠢᠨᠠᠵᠦ᠍᠂ 《ᠲᠠᠪᠤᠨ ᠦᠩᠭᠡᠲᠦ ᠤᠨᠴᠠᠯᠢᠬ᠍ᠳᠤ ᠲᠠᠷᠢᠶᠠᠯᠠᠩ》 ᠤᠨ ᠵᠢᠷᠤᠭ ᠦᠩᠭᠡ ᠢᠯᠭᠠᠷᠠᠨ ᠲᠡᠯᠭᠡᠭ᠌ᠲᠡᠵᠦ᠍᠂ ᠵᠢᠶᠠᠩ ᠵᠢᠶᠠ ᠶᠢᠩ ᠲᠤᠰᠭᠤᠨ᠎ᠤ ᠤᠯᠠᠭᠠᠨ ᠦᠩᠭᠡᠲᠡᠢ ᠯᠠᠵᠤᠤ᠂ ᠯᠢᠶᠠᠨ ᠵᠢᠶᠠ ᠶᠢᠩ ᠲᠤᠰᠭᠤᠨ᠎ᠤ ᠨᠤᠭᠤᠭᠠᠨ ᠦᠩᠭᠡᠲᠡᠢ ᠬᠤᠯᠤᠰᠤᠨ ᠰᠦᠶ᠎ᠡ᠂ ᠤᠯᠠᠭᠠᠨᠪᠠᠭᠠᠲᠦᠷ ᠲᠤᠰᠭᠤᠨ᠎ᠤ ᠴᠠᠭᠠᠨ ᠦᠩᠭᠡᠲᠡᠢ ᠮᠦᠬᠦ᠂ ᠺᠸᠦ ᠵᠢᠶᠠ ᠶᠢᠩ ᠲᠤᠰᠭᠤᠨ᠎ᠤ ᠱᠢᠷ᠎ᠠ ᠦᠩᠭᠡᠲᠡᠢ ᠴᠡᠴᠡᠭ᠂ ᠡᠮᠦᠨ᠎ᠡ ᠲᠠᠢᠱ᠌ᠢ ᠲᠤᠰᠭᠤᠨ᠎ᠤ ᠪᠤᠷᠤ ᠦᠩᠭᠡᠲᠡᠢ ᠦᠵᠦᠮ ᠵᠡᠷᠭᠡ ᠤᠨᠴᠠᠯᠢᠬ᠍ᠲᠦ ᠲᠠᠷᠢᠶᠠᠯᠠᠩ᠎ᠤᠨ ᠡᠯᠪᠡᠭ ᠬᠤᠷᠢᠶᠠᠯᠳᠠ ᠬᠦᠮᠦᠰ᠎ᠢ ᠤᠷᠮᠠᠱᠢᠭᠤᠯᠤᠨ ᠳᠤᠬ᠍ᠳᠤᠯᠤᠭᠤᠯᠤᠨᠠ᠃