ᠮᠠᠨ᠎ᠤ ᠤᠷᠤᠨ 4.5 ᠳ᠋ᠦᠩᠱᠢᠭᠤᠷ ᠭᠠᠷᠤᠢ ᠲᠦᠬᠦᠷᠢᠭ᠎ᠤᠨ ᠲᠤᠰᠭᠠᠢ ᠪᠡᠯᠡ ᠮᠦᠩᠬᠦ᠌ ᠳᠤᠬᠢᠷᠠᠭᠤᠯᠤᠨ 360 ᠲᠦᠷᠦᠯ ᠵᠦᠢᠯ᠎ᠤᠨ ᠪᠦᠳᠦᠬᠡᠨ ᠪᠠᠢᠭᠤᠯᠤᠯᠳᠠ᠎ᠶ᠋ᠢ ᠳᠡᠮᠵᠢᠵᠤ ᠪᠤᠢ
2021-10-12 09:00:00
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠦᠪᠡᠷᠳᠡᠭᠡᠨ ᠵᠠᠰᠠᠬᠤ ᠤᠷᠤᠨ᠎ᠤ ᠠᠵᠤ ᠦᠢᠯᠡᠳᠪᠤᠷᠢ ᠪᠡ ᠮᠡᠳᠡᠭᠡ ᠵᠠᠩᠬᠢᠵᠢᠯᠳᠡ᠎ᠶ᠋ᠢᠨ ᠲᠢᠩᠬᠢᠮ᠎ᠠᠴᠠ ᠤᠢ᠍ᠢᠯᠠᠭᠠᠭ᠍ᠰᠠᠨ᠎ᠢᠶᠠᠷ᠂ ᠮᠠᠨ᠎ᠤ ᠤᠷᠤᠨ ᠡᠨᠡ ᠵᠢᠯ 4.58 ᠳ᠋ᠦᠩᠱᠢᠭᠤᠷ ᠲᠦᠭᠦᠷᠢᠭ᠎ᠤᠨ ᠲᠤᠰᠭᠠᠢ ᠪᠡᠯᠡ ᠮᠦᠩᠬᠦ᠌ ᠳᠤᠬᠢᠷᠠᠭᠤᠯᠤᠨ 360 ᠲᠦᠷᠦᠯ ᠵᠦᠢᠯ᠎ᠢ ᠳᠡᠮᠵᠢᠬᠦ᠌᠎ᠪᠠᠷ ᠪᠤᠯᠵᠦ᠍ ᠭᠤᠤᠯᠳᠠᠯᠭ᠎ᠠ᠎ᠲᠠᠢ ᠠᠵᠤ ᠦᠢᠯᠡᠰ᠎ᠤᠨ ᠬᠦᠭ᠌ᠵᠢᠯᠳᠡ᠎ᠶ᠋ᠢ ᠳᠡᠮᠵᠢᠵᠦ᠍ ᠪᠤᠢ᠃

ᠡᠨᠡ ᠵᠢᠯ᠎ᠤᠨ ᠲᠤᠰᠭᠠᠢ ᠪᠡᠯᠡ ᠮᠦᠩᠬᠦ᠌᠎ᠪᠠᠷ ᠲᠤᠭᠠᠴᠢᠯᠠᠭ᠍ᠰᠠᠨ ᠠᠵᠤ ᠠᠬᠤᠢ᠂ ᠪᠤᠬᠢᠷᠳᠦᠯ ᠦᠭᠡᠢ ᠬᠦᠭ᠌ᠵᠢᠯᠳᠡ᠂ ᠤᠶᠤᠨᠴᠢ ᠦᠢᠯᠡᠳᠭᠡᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠠ ᠡᠭᠦᠳᠦᠯᠳᠡ᠂ ᠲᠧᠭ᠌ᠨᠢᠭ ᠮᠡᠷᠭᠡᠵᠢᠯ᠎ᠤᠨ ᠦᠭᠡᠷᠡᠴᠢᠯᠡᠯᠳᠡ ᠵᠡᠷᠭᠡ ᠲᠠᠯ᠎ᠠ᠎ᠪᠠᠷ ᠠᠵᠤ ᠠᠬᠤᠢ᠍ᠢᠯᠠᠯ᠎ᠤᠨ ᠬᠦᠴᠦᠷᠬᠡᠭ᠌ᠵᠢᠨ ᠪᠤᠵᠠᠭᠠᠢᠷᠠᠬᠤ᠎ᠶ᠋ᠢ ᠭᠤᠤᠯᠳᠠᠯᠭ᠎ᠠ᠎ᠲᠠᠢ ᠠᠬᠢᠭᠤᠯᠵᠤ᠂ ᠠᠵᠤ ᠦᠢᠯᠡᠰ᠎ᠤᠨ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠂ ᠦᠢᠯᠡᠳᠬᠦ᠌ ᠦᠢᠯᠡᠰ᠎ᠤᠨ ᠪᠤᠬᠢᠷᠳᠦᠯ ᠦᠭᠡᠢ ᠤᠶᠤᠨᠴᠢᠯᠠᠭ᠍ᠰᠠᠨ ᠴᠢᠨᠠᠷᠯᠢᠭ ᠬᠦᠭ᠌ᠵᠢᠯᠳᠡ᠎ᠶ᠋ᠢ ᠠᠬᠢᠭᠤᠯᠬᠤ ᠪᠤᠯᠤᠨ᠎ᠠ᠃ ᠡᠭᠦᠨ᠎ᠳᠤ᠂ ᠤᠶᠤᠨᠴᠢ ᠦᠢᠯᠡᠳᠭᠡᠯ᠎ᠤᠨ ᠵᠢᠱ᠌ᠢᠶ᠎ᠡ ᠦᠵᠡᠭᠦᠯᠬᠦ᠌ ᠲᠤᠷᠱᠢᠯᠲᠠ᠎ᠶ᠋ᠢᠨ ᠴᠡᠭ (ᠮᠠᠱᠢᠨ᠎ᠢᠶᠠᠷ ᠬᠥᠮᠦᠨ᠎ᠢ ᠤᠷᠤᠯᠠᠭᠤᠯᠬᠤ) ᠎ᠤᠨ 32 ᠲᠥᠷᠥᠯ ᠵᠦᠢᠯ᠎ᠳᠤ 6476 ᠲᠦᠮᠡᠨ ᠲᠥᠭᠦᠷᠢᠭ᠎ᠤᠨ ᠪᠠᠯᠠ ᠮᠥᠩᠭᠦ᠌ ᠲᠣᠬᠢᠷᠠᠭᠤᠯᠪᠠ; 《ᠲᠤᠰᠭᠠᠢᠵᠢᠭ᠍ᠰᠠᠨ ᠨᠠᠷᠢᠯᠢᠭ᠍ᠵᠢᠭ᠍ᠰᠠᠨ ᠤᠨᠴᠠᠯᠢᠭ᠍ᠳᠤ ᠱᠢᠨ᠎ᠠ》 ᠵᠢᠱ᠌ᠢᠶ᠎ᠡ ᠦᠵᠡᠭᠦᠯᠬᠦ᠌ ᠳᠤᠮᠳᠠ ᠪᠠᠭ᠎ᠠ ᠠᠵᠤ ᠠᠬᠤᠢᠯᠠᠯ ᠪᠠ ᠵᠠᠬ᠎ᠠ ᠳᠡᠯᠭᠡᠭᠦᠷ᠎ᠢ ᠨᠠᠷᠢᠯᠢᠭ ᠬᠤᠪᠢᠶᠠᠷᠢᠯᠠᠬᠤ ᠬᠦᠷᠢᠶᠡᠨ᠎ᠤ ᠲᠤᠰᠭᠠᠢᠵᠢᠭ᠍ᠰᠠᠨ 61 《ᠪᠢᠴᠢᠬᠠᠨ ᠠᠪᠤᠷᠭᠤ》 ᠠᠵᠤ ᠠᠬᠤᠢᠯᠠᠯ᠎ᠳᠤ 3850 ᠲᠦᠮᠡᠨ ᠲᠥᠭᠦᠷᠢᠭ᠎ᠤᠨ ᠪᠠᠯᠠ ᠮᠥᠩᠭᠦ᠌ ᠲᠣᠬᠢᠷᠠᠭᠤᠯᠪᠠ; ᠠᠵᠤ ᠠᠬᠤᠢᠯᠠᠯ᠎ᠤᠨ ᠲᠧᠭ᠌ᠨᠢᠭ ᠮᠡᠷᠭᠡᠵᠢᠯ᠎ᠤᠨ ᠥᠭᠡᠷᠡᠴᠢᠯᠡᠯᠲᠡ᠎ᠶ᠋ᠢᠨ 24 ᠲᠥᠷᠥᠯ ᠵᠦᠢᠯ᠎ᠳᠤ 5657 ᠲᠦᠮᠡᠨ ᠲᠥᠭᠦᠷᠢᠭ᠎ᠤᠨ ᠪᠡᠯᠡ ᠮᠥᠩᠭᠦ᠌ ᠲᠣᠬᠢᠷᠠᠭᠤᠯᠵᠠᠢ; ᠪᠣᠬᠢᠷᠲᠤᠯ ᠥᠬᠡᠶ ᠦᠢᠯᠡᠳᠬᠦ᠌ ᠦᠢᠯᠡᠰ᠎ᠤᠨ ᠵᠢᠱ᠌ᠢᠶ᠎ᠡ ᠦᠵᠡᠭᠦᠯᠬᠦ᠌ 59 ᠲᠥᠷᠥᠯ ᠵᠦᠢᠯ᠎ᠳᠤ 2950 ᠲᠦᠮᠡᠨ ᠲᠥᠭᠦᠷᠢᠭ᠎ᠤᠨ ᠪᠠᠯᠠ ᠮᠥᠩᠭᠦ᠌ ᠲᠣᠬᠢᠷᠠᠭᠤᠯᠪᠠ; ᠮᠡᠷᠭᠡᠵᠢᠯ᠎ᠤᠨ ᠲᠣᠨᠣᠭ᠍ᠯᠠᠯ᠎ᠤᠨ ᠠᠩᠬᠠᠨ᠎ᠤ ᠢᠵᠢ ᠲᠦᠬᠦᠭᠡᠷᠦᠮᠵᠢ᠂ ᠵᠠᠩᠭᠢᠯᠠᠭ᠎ᠠ᠎ᠶ᠋ᠢᠨ ᠰᠡᠯᠪᠢᠭ ᠲᠣᠨᠤᠭ ᠵᠢᠴᠢ ᠱᠢᠨ᠎ᠡ ᠮᠠᠲ᠋ᠧᠷᠢᠶᠠᠯ᠎ᠤᠨ ᠲᠦᠷᠦᠭᠦᠦ ᠪᠦᠯᠦᠭ᠎ᠤᠨ ᠳᠠᠭᠠᠳᠭᠠᠯ᠎ᠤᠨ ᠨᠥᠬᠦᠪᠥᠷᠢ᠎ᠶ᠋ᠢᠨ 26 ᠲᠥᠷᠥᠯ ᠵᠦᠢᠯ᠎ᠳᠤ 4389 ᠲᠦᠮᠡᠨ ᠲᠥᠭᠦᠷᠢᠭ᠎ᠤᠨ ᠪᠠᠯᠠ ᠮᠥᠩᠭᠦ᠌ ᠲᠣᠬᠢᠷᠠᠭᠤᠯᠪᠠ; ᠠᠵᠤ ᠦᠢᠯᠡᠳᠪᠦᠷᠢ᠎ᠶ᠋ᠢᠨ ᠵᠢᠷᠤᠭ ᠲᠥᠯᠥᠪᠯᠡᠭᠡ᠎ᠶ᠋ᠢᠨ ᠲᠥᠪ᠎ᠤᠨ 8 ᠲᠥᠷᠥᠯ ᠵᠦᠢᠯ᠎ᠳᠤ 400 ᠲᠦᠮᠡᠨ ᠲᠥᠭᠦᠷᠢᠭ᠎ᠤᠨ ᠪᠡᠯᠡ ᠮᠥᠩᠭᠦ᠌ ᠲᠣᠬᠢᠷᠠᠭᠤᠯᠵᠠᠢ; ᠳᠠᠭᠤᠷᠢᠶᠠᠮᠠᠯ ᠡᠮ᠎ᠤᠨ ᠨᠢᠭᠡᠳᠦᠯᠲᠦ ᠴᠢᠨᠠᠷ᠎ᠤᠨ ᠦᠨᠡᠯᠡᠯᠲᠡ᠎ᠶ᠋ᠢᠨ 2 ᠲᠥᠷᠥᠯ ᠵᠦᠢᠯ᠎ᠳᠤ 360 ᠲᠦᠮᠡᠨ ᠲᠥᠭᠦᠷᠢᠭ᠎ᠤᠨ ᠪᠠᠯᠠ ᠮᠥᠩᠭᠦ᠌ ᠲᠣᠬᠢᠷᠠᠭᠤᠯᠪᠡ; ᠣᠯᠠᠨ ᠤᠯᠤᠰ ᠪᠠ ᠤᠯᠤᠰ (ᠠᠵᠢᠯ ᠲᠥᠷᠥᠯ) ᠎ᠤᠨ ᠪᠠᠷᠢᠮᠵᠢᠶ᠎ᠠ᠎ᠶ᠋ᠢᠨ 26 ᠲᠥᠷᠥᠯ ᠵᠦᠢᠯ᠎ᠳᠤ 1810 ᠲᠦᠮᠡᠨ ᠲᠥᠭᠦᠷᠢᠭ᠎ᠤᠨ ᠪᠠᠯᠠ ᠮᠥᠩᠭᠦ᠌ ᠲᠣᠬᠢᠷᠠᠭᠤᠯᠪᠡ; ᠠᠵᠤ ᠦᠢᠯᠡᠳᠪᠦᠷᠢ᠎ᠶ᠋ᠢᠨ ᠪᠣᠬᠢᠷᠲᠤᠯ ᠥᠬᠡᠶ ᠥᠭᠡᠷᠡᠴᠢᠯᠡᠯᠲᠡ᠎ᠶ᠋ᠢᠨ 33 ᠲᠥᠷᠥᠯ ᠵᠦᠢᠯ᠎ᠳᠤ 8412 ᠲᠦᠮᠡᠨ ᠲᠥᠭᠦᠷᠢᠭ᠎ᠤᠨ ᠪᠠᠯᠠ ᠮᠥᠩᠭᠦ᠌ ᠲᠣᠬᠢᠷᠠᠭᠤᠯᠪᠠ; ᠠᠵᠤ ᠦᠢᠯᠡᠳᠪᠦᠷᠢ᠎ᠶ᠋ᠢᠨ ᠮᠡᠳᠡᠭᠡ ᠵᠠᠩᠭᠢᠵᠢᠯᠳᠠ᠎ᠶ᠋ᠢᠨ ᠬᠦᠷᠢᠶᠡᠨ᠎ᠤ 33 ᠲᠥᠷᠥᠯ ᠵᠦᠢᠯ᠎ᠳᠤ 7244 ᠲᠦᠮᠡᠨ ᠲᠥᠭᠦᠷᠢᠭ᠎ᠤᠨ ᠪᠡᠯᠡ ᠮᠦᠩᠬᠦ᠌ ᠲᠣᠬᠢᠷᠠᠭᠤᠯᠵᠠᠢ; ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠠᠵᠤ ᠦᠢᠯᠡᠰᠵᠢᠭᠦᠯᠬᠦ᠌ 7 ᠲᠥᠷᠥᠯ ᠵᠦᠢᠯ᠎ᠳᠤ 860 ᠲᠦᠮᠡᠨ ᠲᠥᠭᠦᠷᠢᠭ᠎ᠤᠨ ᠪᠡᠯᠡ ᠮᠥᠩᠭᠦ᠌ ᠲᠣᠬᠢᠷᠠᠭᠤᠯᠪᠡ; ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢᠨ 36 ᠲᠥᠷᠥᠯ ᠵᠦᠢᠯ᠎ᠳᠤ 2750 ᠲᠦᠮᠡᠨ ᠲᠥᠭᠦᠷᠢᠭ᠎ᠤᠨ ᠪᠠᠯᠠ ᠮᠥᠩᠭᠦ᠌ ᠲᠣᠬᠢᠷᠠᠭᠤᠯᠪᠡ; ᠬᠢᠵᠢᠭ᠎ᠢ ᠰᠡᠷᠭᠡᠢᠯᠡᠨ ᠡᠵᠡᠮᠳᠡᠬᠦ᠌ ᠡᠳ᠋ ᠪᠣᠳᠠᠰ ᠦᠢᠯᠡᠳᠪᠦᠷᠢᠯᠡᠬᠦ᠌ ᠠᠵᠤ ᠠᠬᠤᠢᠯᠠᠯ᠎ᠤᠨ ᠵᠢᠭᠡᠯᠡᠯᠭᠡ᠎ᠶ᠋ᠢᠨ ᠬᠦᠦ ᠮᠦᠩᠬᠦ᠌᠎ᠶ᠋ᠢ ᠨᠦᠬᠦᠪᠤᠷᠢᠯᠡᠬᠦ᠌ 13 ᠲᠥᠷᠥᠯ ᠵᠦᠢᠯ᠎ᠳᠤ 607 ᠲᠦᠮᠡᠨ ᠲᠥᠭᠦᠷᠢᠭ᠎ᠤᠨ ᠪᠠᠯᠠ ᠮᠥᠩᠭᠦ᠌ ᠲᠣᠬᠢᠷᠠᠭᠤᠯᠤᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号