ᠮᠦᠩᠬᠦᠨ ᠬᠦᠢᠯᠬᠡᠬᠡᠨ᠎ᠤ ᠲᠡᠮᠵᠢᠯᠬᠡ᠎ᠪᠠᠷ ᠴᠢᠬᠤᠯᠠ ᠶᠡᠭᠡ ᠲᠦᠷᠦᠯ ᠵᠦᠢᠯ᠎ᠤᠨ ᠨᠠᠢᠳᠠᠪᠤᠷᠢᠵᠢᠭᠤᠯᠤᠯᠳᠠ᠎ᠶ᠋ᠢ ᠠᠬᠢᠭᠤᠯᠤᠨ᠎ᠠ ​
2021-10-12 10:08:16
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠡᠨᠡ ᠵᠢᠯ᠂ ᠮᠠᠨ᠎ᠤ ᠤᠷᠤᠨ ᠮᠦᠩᠬᠦᠨ ᠬᠦᠢᠯᠬᠡᠬᠡᠨ᠎ᠤ ᠲᠡᠮᠵᠢᠯᠭᠡ᠎ᠪᠠᠷ ᠲᠦᠷᠦᠯ ᠵᠦᠢᠯ᠎ᠢ ᠪᠤᠳᠠᠳᠡᠢ᠎ᠳᠤ ᠨᠠᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ᠎ᠤᠨ 《ᠲᠠᠭᠠᠭᠤᠯᠤᠭ᠍ᠴᠢ ᠪᠠᠩᠬᠢ》 ᠎ᠶ᠋ᠢᠨ ᠲᠦᠷᠢᠮ᠎ᠢ ᠬᠡᠷᠡᠭ᠌ᠵᠢᠬᠦᠯᠵᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ ᠭᠤᠣᠯᠳᠠᠯᠭ᠎ᠠ᠎ᠲᠠᠢ ᠬᠦᠷᠢᠶᠡᠨ᠎ᠳᠠᠬᠢ ᠴᠢᠬᠤᠯᠠ ᠶᠡᠭᠡ ᠲᠥᠷᠥᠯ ᠵᠦᠢᠯ᠎ᠤᠨ ᠨᠠᠷᠢᠨ ᠲᠠᠩᠰᠠ᠎ᠶ᠋ᠢ ᠴᠤᠭ᠍ᠯᠠᠭᠤᠯᠤᠨ ᠡᠮᠬᠢᠳᠭᠡᠵᠤ᠂ ᠤᠷᠤᠨ᠎ᠤ ᠲᠤᠳᠤᠷᠠᠬᠢ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠳᠤ ᠴᠠᠭ ᠲᠤᠬᠠᠶ᠎ᠳᠤᠨᠢ ᠲᠠᠨᠢᠯᠴᠠᠭᠤᠯᠵᠤ᠂ ᠪᠠᠩᠬᠢ᠎ᠨᠤᠭᠤᠳ᠎ᠤᠨ ᠴᠢᠬᠤᠯᠠ ᠶᠡᠭᠡ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ᠎ᠶ᠋ᠢ ᠠᠬᠢᠭᠤᠯᠪᠠ᠃ 

ᠵᠠᠰᠠᠭ᠎ᠤᠨ ᠤᠷᠳᠤᠨ ᠮᠥᠩᠭᠦᠨ ᠬᠦᠢᠯᠬᠡᠬᠡ ᠠᠵᠤ ᠠᠬᠤᠢᠯᠠᠯ᠎ᠢ ᠵᠤᠯᠭᠠᠭᠤᠯᠬᠤ ᠪᠠᠢᠩᠭᠤᠵᠢᠭ᠍ᠰᠠᠨ ᠲᠣᠭ᠍ᠲᠠᠴᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠦᠪᠡᠷᠳᠡᠭᠡᠨ ᠵᠠᠰᠠᠬᠤ ᠤᠷᠤᠨ᠎ᠤ ᠤᠷᠤᠨ ᠨᠤᠳᠤᠭ᠎ᠤᠨ ᠮᠦᠩᠬᠦᠨ ᠬᠦᠢᠯᠬᠡᠬᠡᠨ᠎ᠤ ᠬᠢᠨᠠᠯᠳᠡ ᠬᠠᠮᠢᠶᠠᠷᠤᠯᠳᠡ᠎ᠶ᠋ᠢᠨ ᠲᠤᠪᠴᠢᠶ᠎ᠠ᠎ᠠᠴᠠ ᠮᠥᠩᠭᠦᠨ ᠬᠦᠢᠯᠭᠡᠭᠡᠨ᠎ᠤ ᠪᠠᠢᠭᠤᠯᠤᠮᠵᠢ ᠪᠣᠯᠤᠨ ᠠᠢᠮᠠᠭ ᠬᠤᠲᠠ᠎ᠶ᠋ᠢ ᠬᠥᠲᠥᠯᠥᠨ ᠵᠢᠯᠣᠭᠤᠳᠴᠤ᠌ ᠵᠠᠰᠠᠭ᠎ᠤᠨ ᠤᠷᠳᠤᠨ ᠮᠥᠩᠭᠦᠨ ᠬᠦᠢᠯᠬᠡᠬᠡ ᠠᠵᠤ ᠠᠬᠤᠢᠯᠠᠯ᠎ᠢ ᠵᠣᠯᠭᠠᠭᠤᠯᠬᠤ ᠠᠵᠢᠯᠯᠠᠭ᠎ᠠ᠎ᠶ᠋ᠢ ᠡᠭᠡᠯᠵᠢᠯᠡᠨ ᠦᠷᠨᠢᠬᠦᠯᠵᠤ᠂ 12 ᠠᠢᠮᠠᠭ ᠬᠤᠲᠠ᠎ᠶ᠋ᠢᠨ ᠭᠤᠤᠯᠳᠠᠯᠭ᠎ᠠ᠎ᠲᠠᠢ ᠲᠥᠷᠥᠯ ᠵᠦᠢᠯ᠎ᠤᠨ ᠬᠦᠮᠦᠷᠭᠡ᠎ᠳᠤ 1489 ᠭᠤᠤᠯᠳᠠᠯᠭ᠎ᠠ᠎ᠲᠠᠢ ᠲᠥᠷᠥᠯ ᠵᠦᠢᠯ᠎ᠢ ᠬᠠᠮᠤᠷᠪᠠ; ᠴᠢᠬᠤᠯᠠ ᠶᠡᠭᠡ ᠲᠥᠷᠥᠯ ᠵᠦᠢᠯ᠎ᠤᠨ ᠬᠠᠷᠢᠶ᠎ᠠ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ᠎ᠶ᠋ᠢ ᠢᠳᠡᠪᠬᠢᠲᠡᠶ ᠬᠠᠪᠰᠤᠷᠴᠤ᠌᠂ ᠨᠠᠩ ᠣᠯᠠᠨ ᠲᠥᠷᠥᠯ ᠵᠦᠢᠯ᠎ᠢ ᠨᠠᠢᠳᠠᠪᠤᠷᠢᠵᠢᠭᠤᠯᠬᠤ᠎ᠶ᠋ᠢ ᠪᠠᠳᠤᠯᠠᠪᠠ᠃ 

ᠳᠤᠮᠳᠠᠳᠤ ᠤᠯᠤᠰ᠎ᠤᠨ ᠪᠠᠩᠬᠢ᠎ᠶ᠋ᠢᠨ ᠥᠪᠥᠷ ᠮᠣᠩᠭᠤᠯ᠎ᠳᠠᠬᠢ ᠬᠤᠪᠢᠶᠠᠷᠢ ᠪᠠᠩᠬᠢ᠎ᠶ᠋ᠢᠨ᠎ᠬᠢᠨ ᠣᠷᠳᠣᠰ᠎ᠤᠨ ᠢ ᠬᠤᠸᠠ ᠠᠭᠤᠷᠬᠠᠶ᠎ᠶ᠋ᠢᠨ ᠡᠬᠢ ᠪᠠᠶᠠᠯᠢᠭ᠎ᠤᠨ ᠬᠢᠵᠠᠭᠠᠷᠳᠤ ᠺᠤᠮᠫᠠᠨᠢ᠂ ᠤᠮᠠᠷᠠᠳᠤ᠎ᠶ᠋ᠢᠨ ᠬᠠᠮᠳᠤᠷᠠᠭ᠍ᠰᠠᠨ ᠴᠠᠬᠢᠯᠭᠠᠨ ᠬᠦᠴᠦᠨ᠎ᠤ ᠬᠢᠵᠠᠭᠠᠷᠳᠤ ᠺᠤᠮᠫᠠᠨᠢ ᠵᠡᠷᠭᠡ ᠨᠢᠭᠡ ᠪᠦᠯᠦᠭ ᠭᠤᠤᠯᠳᠠᠯᠭ᠎ᠠ᠎ᠲᠠᠢ ᠬᠡᠷᠡᠭ᠌ᠯᠡᠭ᠌ᠴᠢᠳ᠎ᠲᠤ ᠵᠢᠭᠡᠯᠡᠯᠭᠡ ᠲᠠᠯᠪᠢᠵᠤ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠶ᠋ᠢ ᠲᠠᠮᠵᠢᠪᠡ᠃ ᠤᠯᠤᠰ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠪᠠᠩᠬᠢ᠎ᠶ᠋ᠢᠨ ᠥᠪᠥᠷ ᠮᠣᠩᠭᠤᠯ᠎ᠳᠠᠬᠢ ᠬᠤᠪᠢᠶᠠᠷᠢ ᠪᠠᠩᠬᠢ᠎ᠶ᠋ᠢᠨ᠎ᠬᠢᠨ ᠪᠤᠭᠤᠲᠤ᠎ᠠᠴᠠ ᠢᠷᠭᠠᠢ ᠬᠦᠷᠬᠦ᠌ ᠲᠦᠷᠭᠡᠨ᠎ᠤ ᠲᠡᠮᠤᠷ ᠵᠠᠮ ᠵᠡᠷᠭᠡ ᠴᠢᠬᠤᠯᠠ ᠶᠡᠭᠡ ᠵᠠᠮ ᠬᠠᠷᠢᠯᠴᠠᠭᠠᠨ᠎ᠤ ᠲᠥᠷᠥᠯ ᠵᠦᠢᠯ᠎ᠤᠨ ᠬᠠᠷᠢᠶ᠎ᠠ ᠠᠵᠤ ᠠᠬᠤᠢᠯᠠᠯ᠎ᠳᠤ 48.49 ᠳ᠋ᠦᠩᠱᠢᠭᠤᠷ ᠲᠥᠭᠦᠷᠢᠭ᠎ᠤᠨ ᠵᠢᠭᠡᠯᠡᠯᠭᠡ ᠲᠠᠯᠪᠢᠵᠤ᠂ ᠤᠯᠠᠭᠠᠨᠴᠠᠪ᠎ᠤᠨ ᠰᠠᠯᠬᠢᠨ ᠬᠦᠴᠦᠨ᠎ᠤ ᠴᠠᠬᠢᠯᠭᠠᠨ᠎ᠤ ᠰᠠᠭᠤᠷᠢᠨ ᠵᠡᠷᠭᠡ ᠴᠢᠬᠤᠯᠠ ᠶᠡᠭᠡ ᠡᠨᠧᠷᠭᠢ᠎ᠶ᠋ᠢᠨ ᠲᠥᠷᠥᠯ ᠵᠦᠢᠯ᠎ᠤᠨ ᠬᠠᠷᠢᠶ᠎ᠠ ᠠᠵᠤ ᠠᠬᠤᠢᠯᠠᠯ᠎ᠳᠤ 54.82 ᠳ᠋ᠦᠩᠱᠢᠭᠤᠷ ᠲᠥᠭᠦᠷᠢᠭ᠎ᠤᠨ ᠵᠢᠭᠡᠯᠡᠯᠭᠡ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠰᠠᠭᠤᠷᠢ ᠲᠦᠬᠦᠬᠡᠷᠤᠮᠵᠢ᠎ᠶ᠋ᠢᠨ ᠲᠥᠷᠥᠯ ᠵᠦᠢᠯ᠎ᠤᠨ ᠬᠦᠷᠢᠶᠡᠨ᠎ᠳᠤ᠂ ᠵᠠᠮ ᠬᠠᠷᠢᠯᠴᠠᠭᠠᠨ᠎ᠤ ᠪᠠᠩᠬᠢ᠎ᠶ᠋ᠢᠨ ᠥᠪᠥᠷ ᠮᠣᠩᠭᠤᠯ᠎ᠳᠠᠬᠢ ᠬᠤᠪᠢᠶᠠᠷᠢ ᠪᠠᠩᠬᠢ᠎ᠶ᠋ᠢᠨ ᠵᠢᠭᠡᠯᠡᠯᠭᠡ᠎ᠶ᠋ᠢᠨ ᠵᠤᠭᠤᠰ᠎ᠤᠨ ᠲᠤᠭ᠎ᠠ᠎ᠨᠢ 200.6 ᠳ᠋ᠦᠩᠱᠢᠭᠤᠷ ᠲᠥᠭᠦᠷᠢᠭ᠎ᠲᠤ ᠬᠦᠷᠴᠡᠢ᠃ 

ᠡᠨᠡ ᠵᠢᠯ᠎ᠤᠨ ᠳᠡᠭᠡᠷ᠎ᠡ ᠬᠠᠭᠠᠰ ᠵᠢᠯ᠎ᠳᠤ᠂ ᠡᠯ᠎ᠡ ᠠᠢᠮᠠᠭ ᠬᠤᠲᠠ ᠵᠠᠰᠠᠭ᠎ᠤᠨ ᠣᠷᠳᠣᠨ ᠮᠥᠩᠭᠦᠨ ᠬᠦᠢᠯᠬᠡᠬᠡ ᠠᠵᠤ ᠠᠬᠤᠢᠯᠠᠯ᠎ᠢ ᠵᠣᠯᠭᠠᠭᠤᠯᠬᠤ ᠠᠵᠢᠯᠯᠠᠭ᠎ᠠ᠎ᠶ᠋ᠢ 182 ᠤᠳᠠᠭ᠎ᠠ ᠵᠣᠬᠢᠶᠠᠨ ᠪᠠᠢᠭᠤᠯᠵᠤ᠂ 1184 ᠲᠥᠷᠥᠯ ᠵᠦᠢᠯ᠎ᠳᠤ ᠭᠡᠷ᠎ᠡ ᠲᠣᠭ᠍ᠲᠠᠵᠤ᠂ ᠪᠠᠯᠠ ᠣᠷᠣᠭᠤᠯᠤᠯᠲᠠ᠎ᠶ᠋ᠢᠨ ᠵᠣᠭᠤᠰ᠎ᠤᠨ ᠲᠤᠭ᠎ᠠ᠎ᠨᠢ 2805.38 ᠳ᠋ᠦᠩᠱᠢᠭᠤᠷ ᠲᠥᠭᠦᠷᠢᠭ᠎ᠲᠤ ᠬᠦᠷᠴᠦ᠍᠂ ᠴᠢᠬᠤᠯᠠ ᠶᠡᠭᠡ ᠪᠠᠯᠠ ᠣᠷᠣᠭᠤᠯᠤᠯᠲᠠ᠎ᠶ᠋ᠢᠨ ᠲᠥᠷᠥᠯ ᠵᠦᠢᠯ᠎ᠨᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠂ ᠣᠲᠣ ᠦᠶ᠎ᠡ᠎ᠶ᠋ᠢᠨ ᠡᠨᠧᠷᠭᠢ᠂ ᠲᠡᠷᠢᠭᠦᠨ᠎ᠤ ᠦᠢᠯᠡᠳᠬᠦ᠌ ᠦᠢᠯᠡᠰ ᠵᠡᠷᠭᠡ ᠣᠯᠠᠨ ᠠᠵᠤ ᠠᠬᠤᠶ᠎ᠶ᠋ᠢᠨ ᠬᠡᠯᠪᠡᠷᠢ᠎ᠪᠠᠨ ᠬᠤᠪᠢᠷᠠᠭᠤᠯᠬᠤ ᠬᠦᠷᠢᠶᠡᠨ᠎ᠳᠤ ᠬᠤᠯᠪᠤᠭ᠍ᠳᠠᠭ᠍ᠰᠠᠨ ᠪᠠᠢᠨ᠎ᠠ᠃ 

ᠡᠨᠡ ᠵᠢᠯ᠎ᠠᠴᠠ ᠨᠠᠭᠠᠰᠢ᠂ ᠮᠠᠨ᠎ᠤ ᠤᠷᠤᠨ ᠠᠵᠤ ᠠᠬᠤᠢ᠍ᠢᠯᠡᠯ᠎ᠤᠨ ᠵᠠᠬ᠎ᠠ ᠲᠡᠯᠬᠡᠬᠦᠷ᠎ᠲᠤ ᠭᠠᠷᠬᠤ ᠡᠷᠴᠢᠮ᠎ᠢ ᠴᠢᠩᠭᠠᠷᠠᠭᠤᠯᠵᠤ᠂ ᠥᠪᠥᠷ ᠮᠣᠩᠭᠤᠯ᠎ᠤᠨ ᠳ᠋ᠠ ᠵᠦᠩ ᠠᠭᠤᠷᠬᠠᠢ᠎ᠶ᠋ᠢᠨ ᠦᠢᠯᠡᠰ᠎ᠤᠨ ᠬᠢᠵᠠᠭᠠᠷᠳᠤ ᠺᠤᠮᠫᠠᠨᠢ᠎ᠨᠢ ᠱᠧᠨ᠋ᠵᠧᠨ᠎ᠤ ᠦᠨᠡᠲᠦ ᠲᠡᠮᠳᠡᠭ᠌ᠲᠦ᠎ᠶ᠋ᠢᠨ ᠠᠷᠠᠯᠵᠢᠶᠠᠨ᠎ᠤ ᠭᠠᠵᠠᠷ᠎ᠤᠨ ᠵᠠᠬ᠎ᠠ ᠲᠡᠯᠬᠡᠬᠦᠷ᠎ᠲᠤ ᠭᠠᠷᠴᠤ᠌᠂ ᠶᠢᠦ ᠷᠠᠨ ᠮᠠᠯ ᠠᠵᠤ ᠠᠬᠤᠢ᠎ᠨᠢ ᠱᠢᠶᠠᠩᠭᠠᠩ᠎ᠤᠨ ᠦᠨᠡᠲᠦ ᠲᠡᠮᠳᠡᠭ᠌ᠲᠦ᠎ᠶ᠋ᠢᠨ ᠠᠷᠠᠯᠵᠢᠶᠠᠨ᠎ᠤ ᠭᠠᠵᠠᠷ᠎ᠤᠨ ᠵᠠᠬ᠎ᠠ ᠲᠡᠯᠬᠡᠬᠦᠷ᠎ᠲᠤ ᠭᠠᠷᠴᠤ᠌᠂ ᠮᠠᠨ᠎ᠤ ᠣᠷᠣᠨ᠎ᠤ ᠠᠵᠤ ᠠᠬᠤᠢᠯᠠᠯ᠎ᠤᠨ ᠠᠷᠠᠳ᠎ᠤᠨ ᠵᠤᠭᠤᠰ᠎ᠤᠨ ᠡᠩ᠎ᠤᠨ ᠰᠲ᠋ᠣᠺ᠎ᠤᠨ ᠵᠠᠬ᠎ᠠ ᠳᠡᠯᠭᠡᠭᠦᠷ᠎ᠲᠤ 9 ᠵᠢᠯ᠂ ᠱᠢᠶᠠᠩᠭᠠᠩ᠎ᠤᠨ ᠰᠲ᠋ᠣᠺ᠎ᠤᠨ ᠵᠠᠬ᠎ᠠ ᠳᠡᠯᠭᠡᠭᠦᠷ᠎ᠲᠤ 4 ᠵᠢᠯ ᠭᠠᠷᠤᠭ᠍ᠰᠠᠨ ᠦᠬᠡᠢ ᠬᠤᠭᠤᠰᠤᠨ᠎ᠢ ᠨᠦᠬᠦᠪᠤᠷᠢᠯᠡᠪᠡ; 9 ᠠᠵᠤ ᠠᠬᠤᠢᠯᠠᠯ ᠵᠠᠬ᠎ᠠ ᠳᠡᠯᠭᠡᠭᠦᠷ᠎ᠲᠤ ᠭᠠᠷᠬᠤ᠎ᠶ᠋ᠢ ᠬᠠᠪᠰᠤᠷᠤᠨ ᠵᠢᠯᠣᠭᠤᠳᠭᠤ ᠬᠤᠭᠤᠴᠠᠭᠠᠨ᠎ᠳᠤ ᠣᠷᠣᠵᠤ᠂ 30 ᠱᠢᠬᠠᠮ ᠠᠵᠤ ᠠᠬᠤᠢᠯᠠᠯ ᠭᠤᠤᠯᠳᠠᠯᠭ᠎ᠠ᠎ᠲᠠᠢ ᠪᠤᠢᠵᠢᠭᠤᠯᠬᠤ ᠱᠠᠲᠤᠨ᠎ᠳᠤ ᠣᠷᠣᠵᠤ᠂ ᠱᠢᠨᠬᠤᠸᠠ ᠲᠠᠷᠬᠠᠭᠠᠯᠲᠠ᠂ ᠡᠸᠦ ᠵᠢᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠢᠵᠠᠭᠠᠷᠳᠤ ᠺᠤᠮᠫᠠᠨᠢ ᠡᠨᠡ ᠵᠢᠯ ᠠᠩᠬ᠎ᠠ ᠤᠳᠠᠭ᠎ᠠ ᠵᠠᠬ᠎ᠠ ᠳᠡᠯᠭᠡᠭᠦᠷ᠎ᠲᠤ ᠭᠠᠷᠬᠤ ᠪᠤᠯᠤᠮᠵᠢ᠎ᠲᠠᠢ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号