ᠬᠤᠪᠢᠰᠭᠠᠯ᠎ᠤᠨ ᠵᠣᠷᠢᠭ ᠰᠠᠨᠠᠭ᠎ᠠ ᠪᠣᠯ ᠨᠠᠮ ᠪᠠ ᠤᠯᠤᠰ᠎ᠤᠨ ᠡᠷᠬᠢᠮ ᠨᠠᠨᠳᠢᠨ ᠥᠪ ᠬᠥᠷᠥᠩᠭᠡ ᠮᠥᠨ
2021-10-13 09:04:57
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠳᠡ ᠢᠷᠡᠭᠡᠳ ᠪᠢ ᠮᠠᠰᠢ ᠳᠣᠭ᠍ᠳᠣᠯᠵᠤ᠂ ᠶᠡᠬᠡᠳᠡ ᠬᠥᠮᠦᠵᠢᠯ ᠬᠦᠷᠲᠡᠪᠡ᠃ ᠮᠠᠨ᠎ᠤ ᠨᠠᠮ᠎ᠤᠨ ᠬᠤᠪᠢᠰᠭᠠᠯ᠎ᠤᠨ ᠲᠡᠦᠬᠡ ᠨᠢᠭᠡᠪᠦᠷᠢ ᠪᠣᠯ ᠴᠥᠮ ᠬᠦᠰᠡᠯᠡᠩ ᠢᠲᠡᠭᠡᠯ ᠪᠢᠱᠢᠷᠡᠯ᠎ᠤᠨ ᠠᠮᠢᠳᠤᠯᠢᠭ ᠵᠢᠭᠠᠬᠤ ᠮᠠᠲ᠋ᠧᠷᠢᠶᠠᠯ ᠮᠥᠨ᠃ ᠪᠦᠬᠦ᠌ ᠨᠠᠮ᠎ᠤᠨ ᠨᠥᠬᠦᠳ ᠡᠷᠬᠡᠪᠰᠢ ᠤᠭ ᠰᠠᠨᠠᠭ᠎ᠠ᠎ᠪᠠᠨ ᠦᠯᠦ᠍ ᠮᠠᠷᠲᠠᠵᠤ᠂ ᠦᠷᠭᠦᠯᠵᠢᠯᠡᠨ ᠤᠷᠤᠭ᠍ᠰᠢᠯᠠᠵᠤ᠂ ᠦᠨᠳᠦᠰᠦᠲᠡᠨ᠎ᠤ ᠲᠤᠰᠠᠭᠠᠷ ᠲᠣᠭ᠍ᠲᠠᠨᠢᠯ᠂ ᠠᠷᠠᠳ ᠲᠦᠮᠡᠨ᠎ᠤ ᠴᠢᠯᠥᠭᠡᠯᠡᠯᠲᠡ᠎ᠶ᠋ᠢᠨ ᠲᠥᠯᠥᠭᠡ ᠬᠠᠯᠠᠭᠤᠨ ᠴᠢᠰᠤ᠎ᠪᠠᠨ ᠤᠷᠤᠰᠭᠠᠭ᠍ᠰᠠᠨ ᠬᠤᠪᠢᠰᠭᠠᠯ᠎ᠤᠨ ᠪᠠᠭᠠᠲᠤᠷᠴᠤᠳ᠎ᠢ ᠡᠭᠦᠷᠢᠳᠡ ᠪᠠᠲᠤ ᠴᠡᠭᠡᠵᠢᠯᠡᠵᠦ᠍᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠲᠡᠮᠡᠴᠡᠯ᠎ᠤᠨ ᠵᠣᠷᠢᠭ ᠰᠠᠨᠠᠭ᠎ᠠ᠎ᠶ᠋ᠢ ᠡᠭᠦᠷᠢᠳᠡ ᠪᠠᠷᠢᠮᠲᠠᠯᠠᠵᠤ᠂ ᠠᠷᠠᠳ ᠲᠦᠮᠡᠨ᠎ᠳᠤ ᠦᠨᠡᠨᠴᠢ ᠱᠢᠳᠤᠷᠭᠤ ᠪᠠᠢᠬᠤ ᠰᠡᠳᠭᠢᠯ᠎ᠢᠶᠠᠨ ᠡᠭᠦᠷᠢᠳᠡ ᠪᠠᠲᠤᠯᠠᠵᠤ᠂ ᠠᠷᠠᠳ ᠲᠦᠮᠡᠨ᠎ᠳᠤ ᠨᠡᠩ ᠰᠠᠢᠨ ᠰᠠᠢᠬᠠᠨ᠂ ᠨᠡᠩ ᠵᠣᠯ ᠵᠢᠷᠭᠠᠯ᠎ᠲᠠᠢ ᠠᠮᠢᠳᠤᠷᠠᠯ᠎ᠢ ᠴᠢᠷᠮᠠᠢᠨ ᠴᠣᠭ᠍ᠴᠠᠯᠠᠬᠤ ᠬᠡᠷᠡᠭ᠌ᠲᠡᠢ᠃

(ᠰᠢ᠎ᠶ᠋ᠢᠨ ᠫᠢᠩ᠎ᠤᠨ 2017 ᠣᠨ᠎ᠤ 6 ᠰᠠᠷ᠎ᠠ᠎ᠶ᠋ᠢᠨ 21 ᠎ᠤ ᠡᠳᠦᠷ᠎ᠠᠴᠠ 23 ᠎ᠤ ᠡᠳᠦᠷ ᠪᠣᠯᠲᠠᠯ᠎ᠠ ᠱᠠᠨ ᠰᠢ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠶᠠᠷᠢᠶ᠎ᠠ᠎ᠠᠴᠠ)

ᠸᠠᠩ ᠵᠢᠶᠧ 《ᠢᠷᠠᠭᠤ ᠠᠯᠳᠠᠷ᠎ᠤᠨ ᠲᠠᠯ᠎ᠠ᠎ᠪᠠᠷ ᠭᠠᠷ ᠰᠤᠩᠭᠠᠬᠤ ᠦᠭᠡᠢ᠂ ᠬᠠᠷᠠᠭᠠᠯᠵᠠᠯ᠎ᠤᠨ ᠲᠠᠯ᠎ᠠ᠎ᠪᠠᠷ ᠭᠠᠷ ᠰᠤᠩᠭᠠᠬᠤ ᠦᠭᠡᠢ᠂ ᠪᠣᠳᠠᠰ᠎ᠤᠨ ᠲᠠᠯ᠎ᠠ᠎ᠪᠠᠷ ᠭᠠᠷ ᠰᠤᠩᠭᠠᠬᠤ ᠦᠭᠡᠢ》᠂ ᠡᠨᠡ ᠬᠦ᠌ 《ᠭᠤᠷᠪᠠᠨ ᠭᠠᠷ ᠰᠤᠩᠭᠠᠬᠤ ᠦᠭᠡᠢ》 ᠪᠣᠯ ᠨᠢᠭᠡᠨ ᠲᠣᠯᠢ ᠮᠥᠨ᠂ ᠡᠪ ᠬᠠᠮᠲᠤ ᠨᠠᠮ᠎ᠤᠨ ᠭᠡᠱᠢᠭᠦᠨ ᠴᠥᠮ ᠡᠨᠡ ᠲᠣᠯᠢ᠎ᠪᠠᠷ ᠰᠠᠢᠲᠤᠷ ᠲᠣᠯᠢᠳᠠᠬᠤ ᠬᠡᠷᠡᠭ᠌ᠲᠡᠢ᠃ ᠨᠢᠭᠡ᠎ᠳᠤ ᠬᠦᠴᠢᠷ᠎ᠠᠴᠠ ᠠᠶᠤᠬᠤ ᠦᠭᠡᠢ᠂ ᠬᠤᠶᠠᠷ᠎ᠲᠤ ᠦᠬᠦᠬᠦ᠌᠎ᠠᠴᠠ ᠠᠶᠤᠬᠤ ᠦᠭᠡᠢ ᠪᠠᠢᠬᠤ ᠪᠣᠯ ᠰᠥᠰᠥ᠍ ᠵᠣᠷᠢᠭ᠎ᠤᠨ ᠠᠮᠢᠳᠤᠯᠢᠭ ᠵᠢᠷᠤᠭ᠍ᠯᠠᠯ ᠮᠥᠨ᠂ ᠬᠤᠪᠢᠰᠭᠠᠯᠲᠤ ᠴᠡᠷᠢᠭ᠎ᠤᠨ ᠬᠢᠴᠢᠶᠡᠰᠦ ᠪᠣᠯᠬᠤ ᠬᠡᠷᠡᠭ᠌ᠲᠡᠢ᠃ ᠸᠠᠩ ᠵᠢᠶᠧ᠎ᠶ᠋ᠢᠨ ᠵᠣᠷᠢᠭ ᠰᠠᠨᠠᠭ᠎ᠠ᠎ᠨᠢ ᠥᠩᠭᠡᠷᠡᠭ᠌ᠰᠡᠨ᠎ᠳᠤ᠂ ᠣᠲᠣ᠎ᠳᠤ᠂ ᠢᠷᠡᠭᠡᠳᠦᠶ᠎ᠳᠤ ᠥᠨᠢ ᠡᠭᠦᠷᠢᠳᠡ ᠪᠢᠳᠡᠨ᠎ᠤ ᠡᠷᠬᠢᠮ ᠨᠠᠨᠳᠢᠨ ᠣᠶᠤᠨ ᠰᠠᠨᠠᠭᠠᠨ᠎ᠤ ᠥᠪ ᠬᠥᠷᠥᠩᠭᠡ ᠪᠣᠯᠤᠨ᠎ᠠ᠂ ᠸᠠᠩ ᠵᠢᠶᠧ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠦᠢᠯᠡᠳᠣᠯᠭᠡᠵᠢᠭᠦᠯᠵᠦ᠍᠂ ᠸᠠᠩ ᠵᠢᠶᠧ᠎ᠶ᠋ᠢᠨ ᠵᠣᠷᠢᠭ ᠰᠠᠨᠠᠭ᠎ᠠ᠎ᠶ᠋ᠢ ᠱᠢᠨ᠎ᠡ ᠴᠠᠭ ᠦᠶ᠎ᠡ᠎ᠶ᠋ᠢᠨ ᠬᠡᠷᠡᠯ ᠭᠢᠯᠪᠠᠭ᠎ᠠ ᠰᠠᠴᠤᠷᠠᠭᠤᠯᠬᠤ ᠬᠡᠷᠡᠭ᠌ᠲᠡᠶ᠃

(ᠰᠢ᠎ᠶ᠋ᠢᠨ ᠫᠢᠩ᠎ᠤᠨ 2017 ᠣᠨ᠎ᠤ 12 ᠰᠠᠷ᠎ᠠ᠎ᠶ᠋ᠢᠨ 13 ᠎ᠤ ᠡᠳᠦᠷ 71 ᠳ᠋ᠦ᠍ᠭᠡᠷ ᠨᠢᠭᠡᠳᠭᠡᠯ ᠠᠷᠮᠢ᠎ᠶ᠋ᠢ ᠪᠠᠢᠴᠠᠭᠠᠨ ᠦᠵᠡᠬᠦ᠌ ᠦᠶ᠎ᠡ᠎ᠶ᠋ᠢᠨ ᠶᠠᠷᠢᠶ᠎ᠠ᠎ᠠᠴᠠ)

ᠯᠸᠢ ᠹᠧᠩ ᠪᠣᠯ ᠴᠠᠭ ᠦᠶ᠎ᠡ᠎ᠶ᠋ᠢᠨ ᠦᠯᠢᠭᠡᠷ ᠳᠠᠭᠤᠷᠢᠶᠠᠯ ᠮᠥᠨ᠂ ᠯᠸᠢ ᠹᠧᠩ᠎ᠤᠨ ᠵᠣᠷᠢᠭ ᠰᠠᠨᠠᠭ᠎ᠠ ᠮᠦᠩᠭᠡ ᠤᠷᠤᠱᠢᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠨᠡᠩ ᠤᠯᠠᠨ ᠴᠠᠭ ᠦᠶ᠎ᠡ᠎ᠶ᠋ᠢᠨ ᠦᠯᠢᠭᠡᠷ ᠳᠠᠭᠤᠷᠢᠶᠠᠯ ᠱᠠᠭᠠᠷᠳᠠᠭ᠍ᠳᠠᠨ᠎ᠠ᠃ ᠪᠢᠳᠡ ᠯᠸᠢ ᠹᠧᠩ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠪᠠᠷ ᠪᠠᠷᠠᠬᠤ ᠦᠭᠡᠢ ᠪᠠᠰᠠ ᠯᠸᠢ ᠹᠧᠩ᠎ᠤᠨ ᠠᠷᠭ᠎ᠠ ᠬᠢᠳᠡᠯ᠎ᠢ ᠰᠤᠷᠤᠯᠴᠠᠵᠤ᠂ ᠡᠷᠬᠢᠮ ᠳᠡᠭᠡᠳᠦ ᠬᠦᠰᠡᠯᠡᠩ ᠢᠲᠡᠭᠡᠯ ᠪᠢᠱᠢᠷᠡᠯ ᠪᠠ ᠶᠣᠰᠣ ᠮᠣᠷᠠᠯ ᠵᠠᠩ ᠴᠢᠨᠠᠷ᠎ᠤᠨ ᠬᠥᠭᠡᠭᠡᠴᠡᠯᠳᠦᠯ᠎ᠢ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠡᠭᠡᠯ ᠵᠢᠷ᠎ᠤᠨ ᠠᠵᠢᠯ ᠠᠮᠢᠳᠤᠷᠠᠯ ᠳᠤᠮᠳᠠ᠎ᠪᠠᠨ ᠢᠯᠡᠷᠡᠭᠦᠯᠵᠦ᠍᠂ ᠥᠪᠡᠷ᠎ᠤᠨ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠵᠦ᠍᠂ ᠯᠸᠢ ᠹᠧᠩ᠎ᠤᠨ ᠵᠣᠷᠢᠭ ᠰᠠᠨᠠᠭ᠎ᠠ᠎ᠶ᠋ᠢ ᠦᠶ᠎ᠡ᠎ᠶ᠋ᠢᠨ ᠦᠶ᠎ᠡ᠎ᠳᠡᠭᠡᠨ ᠤᠯᠠᠮᠵᠢᠯᠠᠨ ᠵᠠᠯᠭᠠᠮᠵᠢᠯᠠᠬᠤ ᠬᠡᠷᠡᠭ᠌ᠲᠡᠢ᠃

(ᠰᠢ᠎ᠶ᠋ᠢᠨ ᠫᠢᠩ᠎ᠤᠨ 2018 ᠣᠨ᠎ᠤ 9 ᠰᠠᠷ᠎ᠠ᠎ᠶ᠋ᠢᠨ 25 ᠎ᠤ ᠡᠳᠦᠷ᠎ᠠᠴᠠ 28 ᠎ᠤ ᠡᠳᠦᠷ ᠪᠣᠯᠲᠠᠯ᠎ᠠ ᠵᠡᠭᠦᠨ ᠬᠤᠢᠲᠤ᠎ᠶ᠋ᠢᠨ ᠭᠤᠷᠪᠠᠨ ᠮᠤᠵᠢ᠎ᠳᠤ ᠱᠢᠨᠵᠢᠯᠡᠨ ᠪᠠᠢᠴᠠᠭᠠᠭ᠍ᠰᠠᠨ ᠪᠥᠭᠡᠳ ᠵᠡᠭᠦᠨ ᠬᠤᠢᠲᠤ ᠣᠷᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ ᠦᠶ᠎ᠡ᠎ᠶ᠋ᠢᠨ ᠶᠠᠷᠢᠶ᠎ᠠ᠎ᠠᠴᠠ) 

(ᠢᠷᠡᠯᠲᠡ᠄ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠤᠬᠡ᠎ᠶ᠋ᠢ ᠦᠭᠦᠯᠡᠭ᠌ᠰᠡᠨ᠎ᠨᠢ》)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号