
ᠶᠠᠩ ᠵᠢᠤᠢ ᠼᠠᠢ ᠴᠠᠰᠤᠨ ᠤᠳᠪᠠᠯᠠ ᠴᠡᠴᠡᠭ ᠲᠡᠭᠦᠵᠤ ᠪᠠᠢᠭ᠎ᠠ᠎ᠨᠢ᠃
ᠰᠤᠷᠪᠤᠯᠵᠢᠯᠠᠭ᠍ᠴᠢ ᠬᠠᠢ ᠵᠢᠶᠦ᠋ᠠ ᠰᠠᠬᠦᠳᠡᠷᠯᠠᠪᠠ
ᠨᠤᠲᠤᠭ᠍ᠴᠢ ᠰᠡᠳᠭᠢᠯᠭᠡ ᠭᠡᠵᠤ ᠬᠦᠮᠦᠨ ᠪᠦᠬᠦᠨ᠎ᠳᠤ ᠪᠠᠢᠵᠤ ᠪᠤᠯᠬᠤ ᠤᠨᠴᠠ ᠰᠡᠳᠭᠢᠯᠭᠡ ᠪᠢᠯᠡ᠃ ᠵᠠᠷᠢᠮ ᠬᠥᠮᠦᠨ ᠨᠤᠲᠤᠭ᠎ᠲᠠᠭᠠᠨ ᠲᠥᠷᠥᠯ ᠵᠦᠢᠯ ᠤᠷᠤᠭᠤᠯᠤᠨ ᠠᠪᠴᠢᠷᠠᠵᠤ ᠲᠤᠬᠠᠶ᠎ᠶ᠋ᠢᠨ ᠭᠠᠵᠠᠷ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢ ᠲᠠᠢᠴᠢᠯᠡᠨᠠ᠂ ᠵᠠᠷᠢᠮ ᠬᠥᠮᠦᠨ ᠨᠤᠲᠤᠭ ᠤᠰᠤᠨ᠎ᠤ᠎ᠪᠠᠨ ᠶᠠᠳᠠᠭᠤ ᠬᠦᠴᠢᠷᠳᠡᠯᠲᠡᠶ ᠰᠣᠷᠣᠭ᠍ᠴᠢ᠎ᠶ᠋ᠢ ᠲᠤᠰᠠᠯᠠᠨ ᠲᠡᠳᠡᠨ᠎ᠤ ᠤᠶᠤᠲᠡᠨ ᠪᠤᠯᠬᠤ ᠬᠦᠰᠡᠯ᠎ᠢ᠎ᠨᠢ ᠲᠡᠷᠭᠡᠯᠱᠢᠬᠦᠯᠤᠨᠠ᠂ ᠪᠠᠰᠠ ᠵᠠᠷᠢᠮ ᠬᠥᠮᠦᠨ ᠨᠤᠲᠤᠭ᠎ᠤᠨ ᠠᠬ᠎ᠠ ᠳᠡᠭᠦᠦ ᠨᠡᠷ᠎ᠢᠶᠠᠨ ᠳᠠᠭᠠᠭᠤᠯᠤᠨ ᠬᠠᠮᠲᠤ᠎ᠪᠠᠷ ᠪᠠᠶᠠᠵᠢᠬᠤ᠎ᠶ᠋ᠢᠨ ᠲᠥᠯᠥᠭᠡ ᠴᠢᠷᠮᠠᠢᠨ ᠲᠡᠮᠡᠴᠡᠨ᠎ᠠ᠃
ᠶᠠᠩ ᠵᠢᠤᠢ ᠼᠠᠢ ᠪᠣᠯ ᠡᠳᠡᠭᠡᠷ ᠬᠦᠮᠦᠰ᠎ᠤᠨ ᠳᠤᠮᠳᠠᠬᠢ ᠨᠢᠭᠡ᠎ᠨᠢ ᠪᠤᠯᠤᠨ᠎ᠠ᠃ ᠲᠡᠷᠡ᠎ᠪᠠᠷ ᠨᠤᠲᠤᠭ᠎ᠤᠨ ᠠᠬ᠎ᠠ ᠳᠡᠭᠦᠦ ᠨᠡᠷ᠎ᠢᠶᠠᠨ ᠳᠠᠭᠠᠭᠤᠯᠤᠨ ᠬᠠᠮᠲᠤ᠎ᠪᠠᠷ ᠪᠠᠶᠠᠵᠢᠬᠤ᠎ᠶ᠋ᠢᠨ ᠲᠥᠯᠥᠭᠡ 50 ᠭᠠᠷᠤᠢ ᠵᠢᠯ ᠲᠠᠷᠢᠶᠠᠨ ᠭᠠᠵᠠᠷ᠎ᠢᠶᠠᠷ ᠬᠠᠨᠢ ᠪᠣᠯᠭᠠᠵᠤ᠂ ᠱᠢᠨᠵᠢᠯᠡᠬᠦ᠌ ᠤᠬᠠᠭᠠᠨᠴᠢ᠎ᠪᠠᠷ ᠲᠠᠷᠢᠵᠥ᠍ ᠠᠷᠠᠴᠢᠯᠠᠬᠤ᠎ᠶ᠋ᠢ ᠰᠤᠳᠤᠯᠤᠬ᠍ᠰᠠᠭᠠᠷ ᠢᠷᠡᠵᠡᠢ᠃ 9 ᠰᠠᠷ᠎ᠠ᠎ᠶ᠋ᠢᠨ 22 ᠤᠨ ᠡᠳᠦᠷ᠂ ᠡᠨᠡ ᠬᠦ᠌ ᠡᠯᠪᠡᠭ ᠬᠤᠷᠢᠶᠠᠯᠲᠠ᠎ᠶ᠋ᠢᠨ ᠡᠭᠡᠱᠢᠭ ᠴᠤᠤᠷᠢᠶᠠᠳᠦᠬ᠍ᠰᠡᠨ ᠠᠯᠳᠠᠨ ᠨᠠᠮᠤᠷ ᠤᠯᠠᠭᠠᠨᠴᠠᠪ ᠬᠤᠲᠠ᠎ᠶ᠋ᠢᠨ ᠰᠠᠢ ᠱᠠᠩ ᠾᠦᠸᠧ ᠯᠢ ᠲᠠᠷᠢᠵᠤ ᠲᠡᠵᠢᠭᠡᠬᠦ᠌ ᠰᠠᠭᠤᠷᠢᠨ᠎ᠤ ᠴᠠᠰᠤᠨ ᠤᠳᠪᠠᠯᠠ ᠳᠠᠷᠢᠬᠤ ᠰᠠᠭᠤᠷᠢᠨ ᠬᠥᠷ ᠬᠥᠭ᠌ᠵᠢᠶᠡᠨ᠎ᠢᠶᠠᠷ ᠪᠢᠯᠬᠠᠨ᠎ᠠ᠃
ᠴᠠᠰᠤᠨ ᠤᠳᠪᠠᠯᠠ᠎ᠶ᠋ᠢᠨ ᠲᠠᠷᠢᠶ᠎ᠠ ᠬᠤᠯᠠ᠎ᠠᠴᠠ ᠬᠠᠷᠠᠬᠤ᠎ᠳᠤ ᠶᠠᠭ ᠯᠠ ᠴᠡᠴᠡᠭ᠎ᠤᠨ ᠳᠠᠯᠠᠢ ᠮᠡᠲᠦ ᠬᠠᠷᠠᠭ᠍ᠳᠠᠨ᠎ᠠ᠃ ᠮᠦᠷᠦᠨ᠎ᠳᠡᠭᠡᠨ ᠪᠣᠭ᠍ᠴᠣ ᠡᠭᠦᠷᠦᠭ᠌ᠰᠡᠨ ᠬᠡᠳᠦᠨ ᠬᠥᠮᠦᠨ ᠴᠠᠰᠤᠨ ᠤᠳᠪᠠᠯᠠ ᠴᠡᠴᠡᠭ ᠲᠡᠭᠦᠵᠦ᠍ ᠶᠠᠭᠠᠷᠠᠬᠤ᠎ᠳᠤ᠂ ᠲᠡᠳᠡᠨ᠎ᠤ ᠳᠤᠮᠳᠠ ᠨᠢᠭᠡᠨ ᠨᠠᠰᠤᠲᠠᠨ ᠴᠠᠰᠤᠨ ᠤᠳᠪᠠᠯᠠ ᠴᠡᠴᠡᠭ ᠲᠡᠭᠦᠬᠦ᠌᠎ᠶ᠋ᠢᠨ ᠵᠡᠷᠬᠡ᠎ᠪᠠᠷ ᠤᠷᠭᠤᠴᠠ᠎ᠶ᠋ᠢ᠎ᠨᠢ ᠠᠵᠢᠬ᠍ᠯᠠᠵᠥ᠍ ᠱᠢᠨᠵᠢᠯᠠᠨᠠ᠂ ᠡᠨᠡ ᠬᠦᠮᠦᠠ ᠪᠤᠯ ᠶᠠᠩ ᠵᠢᠤᠢ ᠼᠠᠢ ᠨᠠᠰᠤᠲᠡᠨ ᠪᠠᠢᠯ᠎ᠠ᠃ 69 ᠨᠡᠰᠦᠳᠡᠢ ᠶᠠᠩ ᠵᠢᠤᠢ ᠼᠠᠢ ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠰᠠᠨ ᠴᠠ ᠺᠸᠤ ᠱᠢᠶᠠᠩ᠎ᠤᠨ ᠯᠢ ᠵᠢᠶᠠ ᠲᠣᠰᠭᠤᠨ᠎ᠤ ᠬᠥᠮᠦᠨ᠃ ᠰᠠᠨᠴᠢᠭ᠎ᠤᠨ ᠦᠰᠦ᠎ᠨᠢ ᠪᠤᠭᠤᠷᠤᠯᠳᠤᠭ᠍ᠰᠠᠠ ᠪᠣᠯᠪᠠᠴᠤ᠌ ᠦᠭᠡ ᠶᠠᠷᠢᠶ᠎ᠠ᠎ᠨᠢ ᠢᠳᠡ ᠬᠦᠴᠦᠲᠡᠶ᠂ ᠵᠢᠪᠬᠤᠭ᠎ᠠ ᠲᠡᠭᠦᠯᠳᠡᠷ ᠪᠠᠢᠯ᠎ᠠ᠃
ᠳᠤᠮᠳᠠᠳᠤ ᠰᠤᠷᠭᠠᠭᠤᠯᠢ᠎ᠪᠠᠨ ᠲᠡᠭᠦᠰᠭᠡᠬᠡᠳ ᠶᠠᠩ ᠵᠢᠤᠢ ᠼᠠᠢ ᠥᠰᠭᠡᠨ ᠪᠤᠢᠵᠢᠭᠤᠯᠤᠭ᠍ᠰᠠᠨ ᠶᠠᠳᠠᠭᠤ ᠬᠦᠴᠢᠷᠳᠡᠯᠲᠡᠶ ᠠᠭᠤᠯᠠᠨ ᠲᠣᠰᠭᠤᠨ᠎ᠳᠠᠭᠠᠨ ᠪᠤᠴᠠᠵᠤ᠂ ᠬᠦᠳᠡᠭᠡ ᠨᠤᠳᠤᠭ᠎ᠤᠨ᠎ᠢᠶᠠᠨ ᠶᠠᠳᠠᠭᠤ ᠬᠦᠴᠢᠷᠳᠡᠯᠳᠠᠢ ᠪᠠᠢᠳᠠᠯ᠎ᠢ ᠬᠤᠪᠢᠷᠠᠭᠤᠯᠤᠨ᠂ ᠨᠤᠲᠤᠭ᠎ᠤᠨ ᠠᠬ᠎ᠠ ᠳᠡᠭᠦᠦ ᠨᠡᠷ᠎ᠢᠶᠠᠨ ᠳᠠᠭᠠᠭᠤᠯᠤᠨ ᠬᠠᠮᠲᠤ᠎ᠪᠠᠷ ᠪᠠᠶᠠᠵᠢᠬᠤ ᠬᠡᠰᠡᠨ ᠪᠤᠷᠤᠬ᠍ᠵᠢᠭᠤᠨ ᠠᠳᠠᠯ᠎ᠠ ᠠᠤᠭ᠎ᠠ ᠪᠤᠳᠤᠯ ᠡᠪᠤᠷᠯᠡᠨ᠂ ᠱᠢᠨᠵᠢᠯᠡᠬᠦ᠌ ᠤᠬᠠᠭᠠᠨᠴᠢ᠎ᠪᠠᠷ ᠲᠠᠷᠢᠶ᠎ᠠ ᠳᠠᠷᠢᠬᠤ ᠮᠡᠷᠭᠡᠵᠢᠯ ᠰᠤᠷᠬᠤ᠎ᠪᠠᠷ ᠵᠤᠷᠢᠭ ᠱᠢᠢᠳᠪᠠ᠃ 1974 ᠣᠨ᠎ᠤ 3 ᠰᠠᠷ᠎ᠠ᠎ᠶ᠋ᠢᠨ 20 ᠤ ᠡᠳᠦᠷ ᠶᠠᠩ ᠵᠢᠤᠢ ᠼᠠᠢ᠎ᠳᠤ ᠠᠪᠴᠤ᠌ ᠬᠡᠯᠡᠪᠡᠯ ᠮᠠᠷᠲᠠᠭ᠍ᠳᠠᠰᠢ ᠥᠬᠡᠶ ᠨᠢᠬᠡᠡ ᠣᠨᠴᠠᠭᠠᠶ ᠡᠳᠦᠷ ᠭᠡᠯᠳᠡᠢ᠃ ᠶᠠᠭ ᠡᠨᠡ ᠡᠳᠦᠷ ᠶᠠᠩ ᠵᠢᠤᠢ ᠼᠠᠢ ᠥᠪᠡᠷ᠎ᠤᠨ ᠱᠢᠨᠵᠢᠯᠡᠬᠦ᠌ ᠤᠬᠠᠭᠠᠨᠴᠢ᠎ᠪᠠᠷ ᠲᠠᠷᠢᠶ᠎ᠠ ᠳᠠᠷᠢᠬᠤ ᠬᠦᠰᠠᠯ᠎ᠢᠶᠠᠨ ᠪᠠᠶᠠᠯᠠᠬᠦᠯᠬᠦ᠌ ᠠᠩᠬᠠᠠ᠎ᠤ ᠠᠶᠠᠨ᠎ᠤ ᠭᠠᠷᠤᠭ᠎ᠠ᠎ᠪᠠᠨ ᠡᠯᠬᠦᠭ᠌ᠰᠡᠨ ᠶᠤᠮ᠃ ᠲᠡᠷᠡ 7 ᠬᠥᠮᠦᠨ᠎ᠢᠶᠠᠷ ᠪᠦᠷᠢᠯᠳᠦᠭ᠌ᠰᠡᠨ ᠱᠢᠨᠵᠢᠯᠡᠬᠦ᠌ ᠤᠬᠠᠭᠠᠨᠴᠢ᠎ᠪᠠᠷ ᠲᠠᠷᠢᠶ᠎ᠠ ᠲᠠᠷᠢᠬᠤ ᠠᠩᠬᠢ ᠪᠠᠢᠭᠤᠯᠵᠤ᠂ ᠱᠠᠲᠤᠨ ᠲᠠᠷᠢᠶ᠎ᠠ ᠵᠠᠰᠠᠬᠤ᠂ ᠲᠠᠷᠢᠮᠠᠯ᠎ᠤᠨ ᠰᠠᠢᠨ ᠡᠭᠦᠯᠳᠡᠷ᠎ᠢ ᠪᠤᠢᠵᠢᠭᠤᠯᠬᠤ ᠵᠡᠷᠭᠡ ᠠᠵᠢᠯ᠎ᠢ ᠰᠤᠳᠤᠯᠵᠤ ᠡᠬᠢᠯᠡᠵᠠᠢ᠃ ᠰᠠᠢᠨ ᠡᠭᠦᠯᠳᠡᠷ ᠰᠠᠢᠨ ᠠᠷᠭ᠎ᠠ ᠡᠷᠢᠯᠬᠢᠯᠡᠬᠦ᠌᠎ᠶ᠋ᠢᠨ ᠲᠥᠯᠥᠭᠡ ᠶᠠᠩ ᠵᠢᠤᠢ ᠼᠠᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠳᠠᠨ᠎ᠢ ᠪᠠᠭ᠍ᠰᠢ ᠪᠠᠷᠢᠵᠦ᠍᠂ ᠴᠢᠳᠠᠪᠤᠷᠢᠲᠠᠨ᠎ᠠᠴᠠ ᠰᠤᠷᠤᠯᠴᠠᠬᠤ᠎ᠶ᠋ᠢᠨ ᠵᠡᠷᠬᠡ᠎ᠪᠠᠷ 《ᠥᠪᠥᠷ ᠮᠣᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠣᠨᠢᠨ》᠂ 《ᠥᠪᠥᠷ ᠮᠣᠩᠭᠤᠯ᠎ᠤᠨ ᠱᠢᠨᠵᠢᠯᠡᠬᠦ᠌ ᠤᠬᠠᠭᠠᠨ᠎ᠤ ᠲᠤᠷᠱᠢᠯᠲᠠ》 ᠵᠡᠷᠭᠡ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠣᠨᠢᠨ ᠰᠡᠳᠬᠦᠯ᠎ᠢ ᠵᠠᠬᠢᠶᠠᠯᠠᠨ ᠤᠩᠱᠢᠵᠦ᠍᠂ ᠤᠷ᠎ᠠ ᠴᠢᠳᠠᠪᠤᠷᠢ᠎ᠪᠠᠨ ᠳᠡᠭᠡᠭ᠌ᠰᠢᠯᠡᠬᠦᠯᠬᠦ᠌᠎ᠪᠠᠷ ᠮᠡᠷᠡᠢᠯᠠ᠃ ᠡᠬᠦᠨ᠎ᠤ ᠳᠠᠭᠠᠤ ᠥᠪᠡᠷᠰᠡᠳ᠎ᠢᠶᠠᠨ ᠱᠢᠰᠲ᠋ᠧᠮ᠎ᠲᠠᠢ ᠰᠤᠷᠬᠤ᠎ᠪᠠᠷ ᠳᠠᠮᠵᠢᠨ ᠤᠨᠳᠤᠤᠱᠢᠭ᠍ᠰᠠᠨ ᠤᠷᠭᠤᠮᠠᠯ᠎ᠢ ᠡᠷᠢᠵᠥ᠍ ᠱᠢᠨ᠎ᠡ ᠡᠭᠦᠯᠳᠡᠷ᠎ᠢ ᠲᠦᠷᠭᠡᠨ ᠰᠣᠩᠭᠤᠨ ᠪᠤᠢᠵᠢᠭᠤᠯᠬᠤ ᠮᠡᠷᠭᠡᠵᠢᠯ᠎ᠢ ᠪᠣᠯᠪᠠᠰᠤᠷᠠᠩᠭᠤᠢ ᠡᠵᠡᠮᠱᠢᠭ᠌ᠰᠡᠨ᠎ᠤ ᠰᠠᠭᠤᠷᠢᠨ ᠳᠡᠭᠡᠷ᠎ᠠ 1976 ᠣᠨ᠎ᠳᠤ᠂ ᠲᠡᠷᠡ ᠪᠤᠭᠤᠳᠠᠢ᠎ᠶ᠋ᠢᠨ ᠲᠠᠷᠢᠶᠠᠨ᠎ᠳᠤ ᠨᠢᠭᠡ ᠰᠠᠭᠤᠷᠢ ᠣᠨᠳᠣᠣᠱᠢᠭ᠍ᠰᠠᠨ ᠤᠷᠭᠤᠮᠠᠯ᠎ᠢ ᠢᠯᠡᠷᠡᠭᠦᠯᠵᠦ᠍᠂ 4 ᠵᠢᠯ ᠴᠥᠬᠦᠷᠡᠰᠢ ᠦᠭᠡᠢ ᠴᠢᠷᠮᠠᠢᠵᠥ᠍ ᠪᠠᠢᠭᠠᠳ 《ᠵᠢᠩ ᠴᠦᠨ ᠨᠢᠭᠡᠳᠦᠭᠡᠷ》 ᠪᠤᠭᠤᠳᠠᠢ᠎ᠶ᠋ᠢᠨ ᠱᠢᠨ᠎ᠡ ᠡᠭᠦᠯᠳᠡᠷ᠎ᠢ ᠰᠣᠩᠭᠤᠨ ᠪᠤᠢᠵᠢᠭᠤᠯᠵᠡᠢ᠂ ᠲᠤᠰ ᠡᠭᠦᠯᠳᠡᠷ᠎ᠤᠨ ᠮᠦ᠍ ᠨᠢᠬᠡᠴᠢ᠎ᠶ᠋ᠢᠨ ᠤᠨᠠᠯᠲᠠ 370 ᠺᠢᠯᠣᠭ᠌ᠷᠠᠮ ᠬᠦᠷᠴᠦ᠍᠂ ᠲᠤᠬᠠᠢ᠎ᠶ᠋ᠢᠨ ᠦᠶ᠎ᠠ᠎ᠳᠤ ᠪᠤᠰᠤᠳ ᠡᠬᠦᠯᠳᠡᠷ᠎ᠤᠨ ᠪᠤᠭᠤᠳᠠᠢᠨᠤᠭᠤᠳᠤᠨ ᠳᠤᠮᠳᠠ᠎ᠠᠴᠠ ᠬᠤᠱᠢᠭᠤᠷᠠᠨ ᠭᠠᠷᠤᠬ᠍ᠰᠠᠨ ᠪᠠᠢᠨ᠎ᠠ᠃
ᠠᠩᠬ᠎ᠠ ᠠᠯᠬᠤᠮ᠎ᠤᠨ ᠠᠮᠵᠢᠯᠳᠠ ᠤᠯᠤᠬ᠍ᠰᠠᠨ ᠶᠠᠩ ᠵᠢᠤᠢ ᠼᠠᠢ᠎ᠶ᠋ᠢᠨ ᠡᠷᠴᠢ ᠵᠤᠷᠢᠭ ᠨᠡᠩ ᠬᠦᠪᠴᠢᠯᠡᠭ᠌ᠳᠡᠵᠦ᠍᠂ ᠱᠢᠯᠭᠠᠯᠲᠠ᠎ᠪᠠᠷ ᠲᠠᠮᠵᠢᠨ ᠨᠢᠭᠡᠨ ᠲᠠᠷᠢᠶᠠᠯᠠᠩ᠎ᠤᠨ ᠮᠡᠷᠭᠡᠵᠢᠯᠲᠡᠨ ᠪᠣᠯᠵᠥ᠍᠂ ᠬᠡᠷᠬᠢᠨ ᠭᠠᠵᠠᠷ ᠱᠢᠷᠣᠢ᠎ᠶ᠋ᠢᠨ ᠳᠠᠯᠳᠠ ᠬᠦᠴᠦᠨ᠎ᠢ ᠴᠢᠨᠠᠭ᠍ᠰᠢᠳᠠ ᠠᠭᠤᠳᠠᠯᠯᠠᠬᠤ᠎ᠪᠠᠷ ᠲᠤᠮᠤ ᠬᠠᠷᠠᠯᠲᠠ᠎ᠪᠠᠨ ᠪᠣᠯᠭᠠᠵᠠᠢ᠃ 1987 ᠣᠨ᠎ᠳᠤ ᠰᠦᠯᠢᠶᠤᠤ ᠪᠦᠷᠭᠦᠪᠴᠢ᠎ᠳᠤ ᠡᠷᠳᠡᠨᠢ ᠱᠢᠰᠢ ᠲᠡᠷᠢᠭᠠᠳ ᠠᠮᠵᠢᠯᠲᠠ ᠤᠯᠤᠭ᠍ᠰᠠᠨ ᠶᠠᠩ ᠵᠢᠤᠢ ᠼᠠᠢ ᠪᠠᠰᠠ ᠰᠦᠯᠢᠶᠤᠤ ᠪᠦᠷᠭᠦᠪᠴᠢ᠎ᠲᠤ ᠲᠥᠮᠥᠰᠥ᠍ ᠳᠠᠷᠢᠬᠤ ᠮᠡᠷᠭᠡᠵᠢᠯ᠎ᠢ ᠲᠤᠷᠱᠢᠨ ᠬᠡᠷᠡᠭ᠌ᠯᠡᠵᠦ᠍᠂ ᠳᠤᠯᠠᠭᠠᠨ᠎ᠤ ᠬᠡᠮᠵᠢᠶ᠎ᠡ ᠳᠤᠤᠷ᠎ᠠ᠂ ᠬᠤᠷ᠎ᠠ ᠲᠤᠨᠳᠠᠰᠤ ᠪᠠᠭ᠎ᠠ ᠮᠠᠯᠵᠢᠬᠤ ᠲᠠᠷᠢᠶᠠᠯᠠᠬᠤ ᠣᠷᠣᠨ᠎ᠳᠤ ᠲᠦᠮᠦᠰᠤ ᠲᠠᠷᠢᠵᠤ ᠥᠨᠳᠥᠷ ᠤᠨᠠᠯᠲᠠ ᠥᠨᠳᠥᠷ ᠦᠷ᠎ᠡ ᠪᠦᠲᠦᠮᠵᠢ ᠤᠯᠵᠤ᠂ ᠡᠨᠡ᠎ᠨᠢ ᠤᠯᠠᠭᠠᠨᠴᠠᠪ ᠣᠷᠣᠨ᠎ᠤ ᠰᠦᠯᠢᠶᠤᠤ ᠪᠦᠷᠭᠦᠪᠴᠢ᠎ᠲᠤ ᠲᠥᠮᠥᠰᠥ᠍ ᠳᠠᠷᠢᠬᠤ ᠵᠠᠬ᠍ᠪᠤᠷ᠎ᠤᠨ ᠠᠩᠬᠠᠨ᠎ᠤ ᠡᠬᠦᠳᠦᠯᠳᠠ ᠪᠤᠯᠤᠬ᠍ᠰᠠᠨ ᠶᠤᠮ᠃
ᠲᠥᠮᠥᠰᠥ᠎ᠶ᠋ᠢᠨ ᠮᠦ᠍ ᠨᠢᠬᠡᠴᠢ᠎ᠶ᠋ᠢᠨ ᠤᠨᠠᠯᠲᠠ 3200 ᠵᠢᠩ᠂ 4500 ᠵᠢᠩ᠂ 7000 ᠵᠢᠩ ᠁ ᠲᠦᠮᠡᠨ ᠵᠢᠩ᠎ᠳᠤ ᠬᠦᠷᠴᠤ᠌ ᠵᠢᠯ ᠳᠠᠷᠠᠭᠠᠯᠠᠨ ᠱᠢᠨ᠎ᠡ ᠲᠡᠮᠳᠡᠭ᠌ᠯᠡᠯ᠎ᠢ ᠡᠭᠦᠳᠤᠨ᠎ᠠ᠃ ᠲᠡᠷᠡ ᠰᠦᠯᠢᠶᠤᠤ ᠪᠦᠷᠭᠦᠪᠴᠢ᠎ᠲᠤ ᠲᠥᠮᠥᠰᠥ᠍ ᠳᠠᠷᠢᠬᠤ ᠮᠡᠷᠭᠡᠵᠢᠯ᠎ᠢᠶᠠᠨ ᠱᠢᠶᠠᠩ᠂ ᠬᠤᠱᠢᠭᠤᠨ᠎ᠳᠠᠭᠠᠨ ᠳᠡᠯᠭᠡᠷᠡᠭᠦᠯᠵᠦ᠍᠂ ᠨᠠᠩ ᠣᠯᠠᠨ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠵᠦ᠍᠂ ᠨᠤᠳᠤᠬ ᠤᠰᠤᠨ᠎ᠳᠠᠭᠠᠨ ᠱᠠᠬ᠍ᠰᠢᠬ᠍ᠳᠠᠨ᠂ ᠠᠷᠠᠳ ᠲᠦᠮᠡᠨ᠎ᠳᠡᠭᠡᠨ ᠬᠦᠷᠢᠶᠡᠯᠡᠭ᠌ᠳᠡᠭ᠌ᠰᠡᠨᠢᠶᠠᠷ᠂ ᠲᠠᠷᠢᠶᠠᠯᠠᠩ᠎ᠤᠨ ᠮᠡᠷᠭᠡᠵᠢᠯᠲᠡᠨ ᠪᠠᠢᠬ᠍ᠰᠠᠨ᠎ᠠᠴᠠ᠎ᠪᠠᠨ ᠳᠡᠳ᠋ ᠱᠢᠶᠠᠩ᠎ᠤᠨ ᠳᠠᠷᠤᠭ᠎ᠠ ᠪᠣᠯᠵᠠᠶ᠃
2010 ᠣᠨ᠎ᠳᠤ ᠠᠵᠢᠯ᠎ᠤᠨ ᠠᠮᠠᠷᠠᠯᠳᠠ᠎ᠪᠠᠨ ᠠᠪᠤᠬ᠍ᠰᠠᠨ ᠶᠠᠩ ᠵᠢᠤᠢ ᠼᠠᠢ ᠥᠪᠥᠷ ᠮᠣᠩᠭᠤᠯ᠎ᠤᠨ ᠮᠢᠨ ᠹᠧᠩ ᠲᠥᠮᠥᠰᠥ᠎ᠶ᠋ᠢᠨ ᠦᠢᠯᠡᠰ᠎ᠤᠨ ᠬᠢᠵᠠᠭᠠᠷᠲᠤ ᠺᠣᠮᠫᠠᠨᠢ᠎ᠳᠤ ᠬᠡᠰᠡᠭ ᠬᠤᠭᠤᠴᠠᠭ᠎ᠠ ᠠᠵᠢᠯᠯᠠᠵᠤ᠂ ᠪᠠᠰᠠ ᠲᠦᠮᠦᠰᠤ ᠲᠠᠷᠢᠵᠤ ᠤᠨᠠᠯᠲᠠ ᠨᠡᠮᠡᠭ᠌ᠳᠡᠭᠦᠯᠬᠦ᠌ ᠲᠠᠯ᠎ᠠ᠎ᠪᠠᠷ ᠦᠯᠡᠮᠵᠢ ᠤᠯᠠᠨ ᠠᠮᠵᠢᠯᠳᠠ ᠭᠠᠷᠭᠠᠵᠦ᠍᠂ ᠤᠯᠠᠨ ᠤᠳᠠᠭ᠎ᠠ ᠲᠡᠮᠳᠡᠭ᠌ᠯᠡᠯ᠎ᠢ ᠱᠢᠨᠡᠳᠭᠡᠪᠡ᠃
《ᠪᠠᠭ᠎ᠠ ᠪᠠᠢᠬᠤ᠎ᠳᠤ ᠠᠪᠤ ᠮᠢᠨᠢ ᠮᠡᠳᠡᠷᠡᠯ᠎ᠤᠨ ᠡᠪᠡᠳᠴᠢᠨ᠎ᠲᠠᠢ᠂ ᠠᠮᠢᠳᠤᠷᠠᠯ ᠣᠨᠴᠠ ᠬᠦᠴᠢᠷᠳᠡᠯᠲᠡᠢ᠂ ᠲᠡᠷᠡ ᠦᠶ᠎ᠠ᠎ᠠᠴᠠ ᠨᠤᠲᠤᠭ᠎ᠤᠨ ᠪᠠᠢᠳᠠᠯ᠎ᠢᠶᠠᠨ ᠬᠤᠪᠢᠷᠠᠭᠤᠯᠵᠥ᠍ ᠠᠷᠠᠳ ᠤᠯᠠᠠ᠎ᠢᠶᠠᠨ ᠪᠠᠶᠠᠠ ᠴᠢᠨᠡᠬᠡᠯᠢᠭ ᠠᠮᠢᠳᠤᠷᠠᠭᠤᠯᠬᠤ ᠬᠦᠰᠠᠯ᠎ᠲᠠᠢ ᠪᠠᠢᠬ᠍ᠰᠠᠠ》 ᠬᠡᠵᠤ ᠶᠠᠩ ᠵᠢᠤᠢ ᠼᠠᠢ ᠲᠤᠬᠠᠢ᠎ᠶ᠋ᠢᠨ ᠦᠶ᠎ᠠ᠎ᠶ᠋ᠢᠨ ᠪᠠᠢᠳᠠᠯ᠎ᠢᠶᠠᠨ ᠡᠷᠬᠢᠴᠡᠬᠦᠯᠦᠨ᠎ᠠ᠃ ᠶᠠᠭ ᠡᠢᠨ ᠬᠦ᠌ ᠨᠤᠲᠤᠭ ᠤᠰᠤᠨ᠎ᠤ᠎ᠪᠠᠨ ᠪᠠᠢᠳᠠᠯ᠎ᠢ ᠬᠤᠪᠢᠷᠠᠭᠤᠯᠬᠤ ᠬᠦᠰᠡᠯ ᠵᠣᠷᠢᠯᠲᠠᠳᠤ ᠬᠦᠳᠦᠯᠦᠭ᠌ᠳᠡᠨ᠂ ᠶᠠᠩ ᠵᠢᠤᠢ ᠼᠠᠢ ᠥᠪᠡᠷ᠎ᠤᠨ ᠰᠤᠷᠴᠤ᠌ ᠡᠵᠡᠮᠱᠢᠵᠥ᠍ ᠬᠤᠷᠠᠮᠳᠤᠭᠤᠯᠤᠭ᠍ᠰᠠᠠ ᠮᠡᠷᠭᠡᠵᠢᠯ᠎ᠢᠶᠠᠨ ᠪᠦᠬᠦ᠋ᠢᠯᠡ ᠤᠯᠠᠭᠠᠨᠴᠠᠪ ᠬᠤᠲᠠ᠎ᠳᠤ ᠳᠡᠯᠭᠡᠷᠡᠭᠦᠯᠵᠦ᠍᠂ ᠬᠤᠲᠠ᠎ᠶ᠋ᠢᠨ᠎ᠢᠶᠠᠨ ᠲᠥᠮᠥᠰᠥ᠍ ᠳᠠᠷᠢᠬᠤ ᠡᠷᠦᠬᠡ᠎ᠶ᠋ᠢ ᠲᠠᠭᠠᠭᠤᠯᠤᠨ ᠪᠠᠶᠠᠵᠢᠭᠤᠯᠬᠤ ᠬᠠᠷᠠᠯᠲᠠ᠎ᠳᠠᠭᠠᠨ ᠬᠦᠷᠬᠦ᠌᠎ᠶ᠋ᠢᠨ ᠲᠥᠯᠥᠭᠡ ᠲᠡᠷᠡ ᠲᠠᠬᠢᠨᠳᠠ ᠱᠢᠭᠤᠷᠬᠠᠢ ᠰᠤᠩᠭᠤᠯᠳᠠ ᠬᠢᠵᠦ᠍᠂ ᠺᠣᠮᠫᠠᠨᠢ᠎ᠶ᠋ᠢᠨ ᠠᠵᠢᠯ᠎ᠢᠶᠠᠨ ᠬᠠᠶᠠᠵᠤ ᠨᠤᠲᠤᠭ᠎ᠲᠠᠭᠠᠨ ᠪᠤᠴᠠᠪᠠ᠃
ᠨᠤᠲᠤᠭ᠎ᠲᠠᠭᠠᠨ ᠪᠤᠴᠠᠭ᠍ᠰᠠᠨ᠎ᠤ ᠳᠠᠷᠠᠭ᠎ᠠ᠂ ᠲᠡᠷᠡ ᠤᠯᠠᠭᠠᠨᠴᠠᠪ ᠬᠤᠲᠠ᠎ᠶ᠋ᠢᠨ ᠵᠢᠤᠢ ᠼᠠᠢ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ᠂ ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠰᠠᠨ ᠴᠠ ᠺᠧᠤ ᠳ᠋ᠠ ᠲᠥ᠋ ᠴᠧᠩ ᠪᠣᠬᠢᠷᠲᠤᠯ ᠥᠬᠡᠶ ᠳᠠᠷᠢᠵᠤ ᠲᠡᠵᠢᠭᠡᠬᠦ᠌ ᠲᠤᠰᠭᠠᠶ ᠮᠡᠷᠭᠡᠵᠢᠯ᠎ᠤᠨ ᠨᠡᠢᠭᠡᠮᠯᠢᠭ᠂ ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠰᠠᠶ ᠱᠠᠩ ᠾᠦᠸᠧ ᠯᠢ ᠳᠠᠷᠢᠵᠤ ᠲᠡᠵᠢᠭᠡᠬᠦ᠌ ᠲᠤᠰᠭᠠᠶ ᠬᠤᠷᠱᠢᠶ᠎ᠠ᠎ᠶ᠋ᠢ ᠳᠠᠩᠰᠠᠯᠠᠭᠤᠯᠤᠨ ᠪᠠᠢᠭᠤᠯᠵᠤ᠂ ᠨᠤᠳᠤᠬ᠎ᠤᠨ ᠤᠯᠠᠨ᠎ᠢᠶᠠᠨ ᠳᠠᠭᠠᠭᠤᠯᠤᠨ ᠬᠠᠮᠳᠤ᠎ᠪᠠᠷ ᠴᠢᠨᠡᠭᠡᠯᠢᠭ᠌ᠵᠢᠬᠦ᠌ ᠠᠶᠠᠨ᠎ᠳᠠᠭᠠᠨ ᠢᠳᠡᠷᠡᠬᠦᠨ ᠠᠯᠬᠤᠭ᠎ᠠ᠎ᠪᠠᠷ ᠤᠷᠤᠬ᠍ᠰᠢᠯᠠᠵᠠᠢ᠃ ᠲᠡᠭᠦᠨ᠎ᠤ ᠨᠦᠯᠦᠬᠡ᠎ᠪᠠᠷ ᠬᠦᠦ ᠶᠠᠩ ᠯᠢᠨ᠎ᠢ ᠨᠤᠲᠤᠭ᠎ᠲᠠᠭᠠᠨ ᠪᠤᠴᠠᠵᠤ ᠦᠢᠯᠡᠰ ᠪᠤᠰᠭᠠᠬᠤ ᠵᠠᠮ᠎ᠢ ᠰᠤᠩᠭᠤᠠ ᠣᠳᠣ ᠰᠠᠶ ᠱᠠᠩ ᠾᠦᠸᠧ ᠯᠢ ᠳᠠᠷᠢᠵᠤ ᠲᠡᠵᠢᠭᠡᠬᠦ᠌ ᠲᠤᠰᠭᠠᠶ ᠬᠤᠷᠱᠢᠶ᠎ᠠ᠎ᠶ᠋ᠢ ᠡᠵᠡᠩᠨᠡᠡ 《ᠺᠣᠮᠫᠠᠨᠢ + ᠰᠠᠭᠤᠷᠢᠨ + ᠨᠡᠢᠭᠡᠮᠯᠢᠭ + ᠬᠤᠷᠱᠢᠶ᠎ᠠ + ᠲᠠᠷᠢᠶᠠᠴᠢᠨ ᠡᠷᠦᠬᠡ》 ᠶ᠋ᠢᠨ ᠠᠵᠤ ᠦᠢᠯᠡᠰᠵᠢᠯᠲᠡ᠎ᠶ᠋ᠢᠨ ᠵᠠᠬ᠍ᠪᠤᠷ᠎ᠢᠶᠠᠷ ᠪᠣᠬᠢᠷᠲᠤᠯ ᠥᠬᠡᠶ ᠲᠠᠷᠢᠶᠠᠯᠠᠩ᠎ᠤᠨ ᠲᠤᠰᠠᠯᠠᠬᠤ ᠪᠦᠲᠦᠭᠡᠭ᠌ᠳᠡᠬᠦᠨ᠎ᠢ ᠬᠥᠭ᠌ᠵᠢᠭᠦᠯᠵᠤ᠂ ᠳᠠᠷᠢᠵᠤ ᠲᠡᠵᠢᠭᠡᠬᠦ᠌᠎ᠶ᠋ᠢ ᠤᠶᠠᠯᠳᠤᠭᠤᠯᠬᠤ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ᠂ ᠮᠠᠯ ᠠᠵᠤ ᠠᠬᠤᠶ ᠲᠠᠷᠢᠶᠠᠯᠠᠩ᠎ᠤᠨ ᠦᠷᠭᠦᠯᠵᠢᠯᠡᠭᠦ᠋ᠢᠴᠡ ᠬᠥᠭ᠌ᠵᠢᠯᠲᠡ᠎ᠶ᠋ᠢᠨ ᠡᠵᠡᠩᠨᠡᠯᠲᠡ᠎ᠶ᠋ᠢᠨ ᠣᠢᠯᠠᠭᠠᠭ᠍ᠳᠠᠬᠤᠨ᠎ᠢᠶᠠᠷ᠂ ᠲᠤᠬᠠᠶ᠎ᠶ᠋ᠢᠨ ᠭᠠᠵᠠᠷ᠎ᠤᠨ ᠠᠮᠢ ᠠᠬᠤᠶ᠎ᠶ᠋ᠢᠨ ᠣᠷᠴᠢᠨ ᠲᠣᠭᠤᠷᠢᠨ ᠪᠠ ᠭᠠᠵᠠᠷ ᠵᠦᠶ᠎ᠶ᠋ᠢᠨ ᠳᠠᠪᠠᠭᠤᠯᠢᠭ᠎ᠢᠶᠠᠨ ᠭᠦᠢᠴᠡᠳ ᠠᠱᠢᠬ᠍ᠯᠠᠠ᠂ ᠨᠠᠩ ᠣᠯᠠᠨ ᠪᠣᠬᠢᠷᠲᠤᠯ ᠥᠬᠡᠶ ᠠᠮᠢ ᠠᠬᠤᠶ᠎ᠶ᠋ᠢᠨ ᠣᠨᠴᠠᠯᠢᠭ᠍ᠲᠤ ᠲᠠᠷᠢᠶᠠᠯᠠᠩ᠎ᠤᠨ ᠲᠤᠰᠠᠯᠠᠬᠤ ᠪᠦᠲᠦᠭᠡᠭ᠌ᠳᠡᠬᠦᠨ᠎ᠢ ᠴᠤᠭ᠍ᠴᠠᠯᠠᠨ᠂ ᠨᠠᠩ ᠣᠯᠠᠨ ᠲᠠᠷᠢᠶᠠᠴᠢᠨ᠎ᠢ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠠᠮᠢᠵᠢᠷᠠᠯ᠎ᠤᠨ ᠬᠦᠴᠦᠨ ᠨᠡᠮᠡᠷᠢᠯᠡᠵᠦ᠍ ᠪᠠᠢᠨ᠎ᠠ᠃
ᠶᠠᠩ ᠵᠢᠤᠢ ᠼᠠᠢ ᠤᠷᠢᠳ ᠬᠤᠵᠢᠳ ᠦᠪᠡᠷᠳᠡᠭᠡᠨ ᠵᠠᠰᠠᠬᠤ ᠣᠷᠣᠨ᠎ᠤ ᠱᠢᠯᠢᠳᠡᠭ ᠵᠠᠯᠠᠭᠤᠴᠤᠳ᠂ ᠥᠪᠡᠷᠲᠡᠭᠡᠨ ᠵᠠᠰᠠᠬᠤ ᠣᠷᠣᠨ᠎ᠤ 《ᠬᠥᠳᠡᠯᠮᠦᠷᠢ᠎ᠶ᠋ᠢᠨ ᠵᠢᠱ᠌ᠢᠶᠡᠴᠢ》᠂ ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠱᠢᠨᠵᠢᠯᠡᠬᠦ᠌ ᠤᠬᠠᠭᠠᠨ ᠮᠡᠷᠭᠡᠵᠢᠯ᠎ᠤᠨ ᠣᠨᠴᠠ ᠲᠣᠮᠢᠯᠠᠭ᠍ᠴᠢ᠂ ᠤᠯᠤᠰ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠳᠠᠭᠠᠭᠤᠯᠤᠭ᠍ᠴᠢ ᠵᠡᠷᠭᠡ ᠢᠷᠠᠭᠤ ᠠᠯᠳᠠᠷᠤᠳᠢ ᠬᠦᠷᠳᠡᠵᠤ᠂ ᠡᠳᠡᠭᠡᠷ ᠢᠷᠠᠭᠤ ᠠᠯᠳᠠᠷᠨᠤᠭᠤᠳᠨᠢ ᠲᠡᠬᠦᠨ᠎ᠤ ᠵᠢᠳᠬᠦᠯ ᠴᠢᠷᠮᠠᠢᠯᠭ᠎ᠠ᠎ᠶ᠋ᠢᠨ ᠠᠴᠢ ᠬᠠᠷᠢᠭᠤ ᠪᠤᠯᠤᠭ᠍ᠰᠠᠨ᠎ᠢᠶᠠᠷ ᠪᠠᠷᠠᠬᠤ ᠦᠭᠡᠢ ᠨᠡᠩ ᠴᠦ᠍ ᠨᠤᠳᠤᠬ ᠤᠰᠤᠨ᠎ᠳᠠᠭᠠᠨ ᠦᠵᠡᠬᠦᠯᠦᠭ᠌ᠰᠡᠨ ᠭᠠᠪᠢᠶ᠎ᠠ ᠵᠢᠳᠬᠦᠯ᠎ᠤᠨ ᠬᠢᠨᠢ ᠠᠮᠢᠳᠤ ᠭᠡᠷᠡᠴᠢ ᠪᠤᠯᠵᠦ᠍ ᠪᠠᠢᠨᠠᠮ᠃