ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠮᠡᠳᠡᠭᠦᠯᠦᠯᠲᠡ᠎ᠶ᠋ᠢᠨ ᠬᠤᠷᠠᠯ ᠬᠥᠬᠡᠬᠤᠲᠠ᠎ᠳᠤ ᠡᠬᠢᠯᠡᠯ᠎ᠠ
2021-10-13 11:10:20
ᠵᠣᠬᠢᠶᠠᠭ᠍ᠴᠢ᠄
ᠬᠤᠸᠠᠩ ᠹᠦ᠋ ᠱᠢᠤ ᠯᠢᠩ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 11 ᠎ᠤ ᠦᠳᠡ᠎ᠶ᠋ᠢᠨ ᠬᠤᠢᠨ᠎ᠠ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠮᠡᠳᠡᠭᠦᠯᠦᠯᠲᠡ᠎ᠶ᠋ᠢᠨ ᠬᠤᠷᠠᠯ ᠬᠥᠬᠡᠬᠤᠲᠠ᠎ᠳᠤ ᠡᠬᠢᠯᠡᠪᠡ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠠᠮ᠎ᠤᠨ ᠲᠡᠦᠬᠡ ᠪᠠ ᠲᠤᠯᠭᠤᠷ ᠪᠢᠴᠢᠭ ᠰᠤᠳᠤᠯᠬᠤ ᠲᠠᠰᠤᠭ᠎ᠤᠨ ᠡᠷᠬᠢᠯᠡᠭ᠌ᠴᠢ ᠳ᠋ᠦ᠋ ᠢ ᠱᠢᠨ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠰᠠᠨᠠᠭᠠᠴᠢᠯᠠᠭ᠎ᠠ᠎ᠠᠴᠠ᠎ᠪᠠᠨ ᠪᠠᠲᠤ ᠴᠣᠭ᠍ᠴᠠᠯᠠᠰᠤᠭᠠᠢ》 ᠎ᠪᠠᠷ ᠰᠡᠳᠦᠪ ᠪᠣᠯᠭᠠᠵᠤ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠣᠯᠤᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠲᠡᠰ ᠳᠠᠪᠬᠤᠷᠭ᠎ᠠ ᠲᠣᠳᠣᠷᠬᠠᠢ᠂ ᠵᠠᠳᠠᠯᠤᠯᠲᠠ ᠲᠤᠭᠤᠱᠢᠳᠠᠢ ᠪᠠᠢᠵᠤ᠂ ᠲᠤᠬᠠᠢ᠎ᠶ᠋ᠢᠨ ᠲᠠᠯᠠᠪᠠᠢ᠎ᠳᠤ ᠪᠠᠢᠭ᠎ᠠ ᠰᠤᠨᠤᠰᠤᠭ᠍ᠴᠢᠳ᠎ᠲᠤ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭᠠᠨ᠎ᠤ ᠠᠭᠤᠯᠤᠭ᠍ᠳᠠᠬᠤᠨ᠎ᠢ ᠤᠯᠠᠮ ᠴᠢᠨᠠᠭ᠍ᠰᠢᠳᠠ ᠤᠢ᠍ᠢᠯᠠᠭᠠᠭᠤᠯᠪᠠ᠃

ᠬᠥᠬᠡᠬᠤᠲᠠ᠎ᠶ᠋ᠢᠨ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠰᠤᠳᠤᠯᠬᠤ ᠲᠠᠰᠤᠭ᠎ᠤᠨ ᠺᠠᠳ᠋ᠷ ᠸᠠᠩ ᠹᠧᠩ ᠨᠠᠨ᠄ 《ᠳ᠋ᠦ᠋ ᠡᠷᠬᠢᠯᠡᠭ᠌ᠴᠢ᠎ᠶ᠋ᠢᠨ ᠬᠢᠭ᠌ᠰᠡᠨ ᠤᠬᠠᠭᠤᠯᠤᠨ ᠲᠠᠢᠯᠪᠤᠷᠢᠯᠠᠯᠲᠠ᠎ᠨᠢ ᠬᠠᠷᠠᠭᠠᠰᠤ ᠥᠷᠭᠡᠨ᠂ ᠠᠭᠤᠯᠭ᠎ᠠ ᠪᠠᠶᠠᠯᠢᠭ᠂ ᠭᠤᠣᠯᠳᠠᠯᠭ᠎ᠠ ᠲᠤᠪᠤᠢᠮ᠎ᠠ ᠪᠠᠢᠵᠤ᠂ ᠡᠷᠲᠡᠨ ᠡᠳᠦᠭᠡ ᠳᠣᠲᠣᠭᠠᠳᠤ ᠭᠠᠳᠠᠭᠠᠳᠤ᠎ᠶ᠋ᠢᠨ ᠡᠯᠪᠡᠭ ᠪᠠᠶᠠᠯᠢᠭ ᠲᠡᠦᠬᠡ᠎ᠶ᠋ᠢᠨ ᠮᠠᠲ᠋ᠧᠷᠢᠶᠠᠯ᠂ ᠵᠥᠪ ᠪᠤᠷᠤᠭᠤ ᠬᠤᠶᠠᠷ ᠲᠠᠯ᠎ᠠ᠎ᠶ᠋ᠢᠨ ᠵᠢᠱ᠌ᠢᠶ᠎ᠡ᠎ᠪᠠᠷ᠂ ᠭᠦᠨᠵᠡᠭᠡᠢ ᠪᠦᠭᠡᠳ ᠤᠢ᠍ᠢᠯᠠᠭᠠᠮᠵᠢᠲᠠᠢ᠎ᠪᠠᠷ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠨᠠᠷᠢᠯᠢᠭ ᠲᠠᠢᠯᠪᠤᠷᠢᠯᠠᠨ ᠲᠤᠳᠤᠷᠬᠠᠢᠯᠠᠯᠲᠠ ᠬᠢᠵᠦ᠍᠂ ᠪᠢᠳᠡᠨ᠎ᠤ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ᠌ ᠲᠠᠯ᠎ᠠ᠎ᠪᠠᠷ ᠡᠵᠡᠮᠱᠢᠨ ᠲᠤᠭᠤᠱᠢᠯᠠᠭᠤᠯᠬᠤ᠎ᠳᠤ ᠤᠬᠠᠭ᠍ᠳᠠᠬᠤᠨ᠎ᠢ ᠲᠣᠳᠣᠷᠬᠠᠢᠯᠠᠨ ᠦᠭ᠌ᠭᠦᠭ᠌ᠰᠡᠨ ᠪᠠ ᠪᠤᠲᠠᠲᠠᠢ ᠰᠡᠳᠭᠢᠴᠡ᠎ᠶ᠋ᠢ ᠬᠠᠩᠭᠠᠨ ᠦᠭ᠌ᠪᠡ᠃ ᠳᠠᠷᠠᠭᠠᠴᠢ᠎ᠶ᠋ᠢᠨ ᠠᠯᠬᠤᠮ᠎ᠳᠤ᠂ ᠪᠢᠳᠡ ᠤᠯᠠᠨ᠎ᠢ ᠳᠠᠢᠴᠢᠯᠠᠨ ᠤᠨᠤᠯ᠎ᠤᠨ ᠮᠡᠳᠡᠯᠭᠡ ᠰᠤᠷᠤᠯᠴᠠᠬᠤ᠎ᠶ᠋ᠢ ᠴᠢᠩᠭᠠᠳᠭᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ᠎ᠤ ᠭᠤᠣᠯ ᠠᠭᠤᠯᠭ᠎ᠠ᠂ ᠵᠣᠷᠢᠭ ᠰᠠᠨᠠᠭᠠᠨ᠎ᠤ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠵᠤ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠦᠵᠡᠯᠲᠡ᠎ᠶ᠋ᠢ ᠪᠠᠲᠤ ᠪᠤᠢ ᠪᠣᠯᠭᠠᠵᠤ᠂ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠪᠤᠳᠤᠯ᠎ᠢ ᠲᠠᠰᠤᠷᠠᠯᠲᠠ ᠦᠭᠡᠢ ᠴᠢᠩᠭᠠᠳᠭᠠᠨ᠎ᠠ; ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠵᠤ᠂ ᠣᠷᠣᠨ᠎ᠤ ᠲᠥᠪ᠎ᠤᠨ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠮᠠᠲ᠋ᠧᠷᠢᠶᠠᠯ᠎ᠢ ᠠᠭᠤᠳᠠᠯᠤᠨ ᠡᠮᠬᠢᠳᠭᠡᠵᠦ᠍᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠲᠡᠷᠢᠭᠦᠨ᠎ᠤ ᠦᠢᠯᠡ ᠠᠵᠢᠯᠯᠠᠭ᠎ᠠ᠎ᠶ᠋ᠢ ᠤᠬᠠᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠤᠳᠴᠤ᠌ ᠪᠠᠢᠭᠠᠳ ᠵᠥᠪ ᠣᠨᠣᠪᠴᠢᠲᠠᠶ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠲᠠᠢ ᠪᠣᠯᠭᠠᠵᠤ᠂ ᠦᠵᠡᠯ ᠰᠠᠨᠠᠭ᠎ᠠ ᠦᠢᠯᠡ ᠠᠵᠢᠯᠯᠠᠭ᠎ᠠ᠎ᠪᠠᠨ ᠤᠯᠠᠮ ᠴᠢᠨᠠᠬ᠍ᠰᠢᠳᠠ ᠨᠢᠭᠡᠳᠭᠡᠵᠦ᠍᠂ ᠬᠦᠴᠦᠷᠬᠡᠭ ᠶᠡᠭᠡ ᠬᠠᠮᠳᠤᠷᠠᠯ ᠬᠦᠴᠦᠨ᠎ᠢ ᠬᠤᠷᠠᠮᠳᠤᠭᠤᠯᠵᠤ᠂ ᠪᠦᠬᠦ᠌ ᠬᠤᠲᠠ᠎ᠶ᠋ᠢᠨ ᠦᠨᠳᠦᠰᠦᠲᠡᠨ᠎ᠤ ᠠᠵᠢᠯ᠎ᠤᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌᠎ᠶ᠋ᠢᠨ ᠲᠥᠯᠥᠭᠡ ᠢᠳᠡᠪᠬᠢᠲᠡᠶ ᠴᠢᠷᠮᠠᠢᠨ᠎ᠠ》 ᠭᠡᠵᠤ ᠬᠦᠨ ᠰᠠᠭᠤᠬ᠍ᠳᠠᠯ᠎ᠲᠠᠢ ᠲᠦᠷᠦᠭ᠌ᠳᠡᠯ᠎ᠢᠶᠠᠨ ᠬᠡᠯᠡᠪᠡ᠃

《ᠶᠡᠷᠦᠩᠬᠡᠢ ᠱᠦᠵᠢ ᠰᠢ᠎ᠶ᠋ᠢᠨ ᠫᠢᠩ᠎ᠤᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯ ᠪᠢᠳᠡᠨ᠎ᠤ ᠣᠳᠣᠬᠠᠨ᠎ᠤ ᠪᠠ ᠬᠤᠢᠱᠢᠳᠠ᠎ᠶ᠋ᠢᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠶ᠋ᠢᠨ ᠠᠵᠢᠯᠯᠠᠭᠠᠨ᠎ᠤ ᠬᠥᠲᠥᠯᠪᠦᠷᠢ ᠪᠠ ᠦᠨᠳᠦᠰᠦᠨ ᠵᠢᠷᠤᠮᠯᠠᠯ ᠪᠣᠯᠬᠤ ᠪᠥᠭᠡᠳ ᠪᠢᠳᠡᠨ᠎ᠤ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠦᠨᠳᠦᠰᠦᠨ ᠱᠠᠲᠤᠨ᠎ᠤ ᠺᠠᠳ᠋ᠷ ᠪᠣᠯᠤᠭ᠍ᠰᠠᠨ᠎ᠤ ᠬᠤᠪᠢ᠎ᠳᠤ᠂ ᠪᠢᠳᠡ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠵᠤ ᠤᠬᠠᠭᠤᠯᠤᠨ ᠲᠤᠭᠤᠱᠢᠯᠠᠭᠤᠯᠬᠤ᠎ᠪᠠᠷ ᠭᠤᠣᠯᠳᠠᠯᠭ᠎ᠠ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠤᠣᠯ ᠱᠢᠵᠢᠮ ᠪᠣᠯᠭᠠᠵᠤ᠂ ᠡᠨᠡ ᠤᠳᠠᠭ᠎ᠠ᠎ᠶ᠋ᠢᠨ ᠬᠤᠷᠠᠯ᠎ᠤᠨ ᠱᠠᠭᠠᠷᠳᠠᠯᠭ᠎ᠠ᠎ᠶ᠋ᠢ ᠦᠨᠡᠨ ᠬᠦ᠌ ᠦᠨᠳᠦᠰᠦᠨ ᠱᠠᠲᠤᠨ᠎ᠳᠤ ᠨᠠᠷᠢᠯᠢᠭ ᠪᠣᠳᠠᠲᠠᠢ ᠨᠠᠢᠳᠠᠪᠤᠷᠢᠵᠢᠭᠤᠯᠵᠤ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠎ᠤ ᠡᠷᠬᠢᠮ ᠳᠡᠭᠡᠳᠦ ᠢᠷᠠᠭᠤ ᠠᠯᠳᠠᠷ᠎ᠢ ᠬᠠᠮᠠᠭᠠᠯᠠᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠢᠦ᠋ᠢᠴᠢᠤᠸᠠᠨ ᠲᠣᠭᠤᠷᠢᠭ᠎ᠤᠨ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠢᠦ᠋ᠢᠴᠢᠤᠸᠠᠨ ᠲᠣᠭᠤᠷᠢᠭ᠎ᠤᠨ ᠦᠨᠳᠦᠰᠦᠲᠡᠨ᠎ᠤ ᠬᠡᠷᠡᠭ ᠡᠷᠬᠢᠯᠡᠬᠦ᠌ ᠵᠥᠪᠯᠡᠯ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠨᠡᠷᠡᠨ ᠬᠡᠯᠡᠯ᠎ᠠ᠃

《ᠨᠢᠭᠡᠨ ᠦᠨᠳᠦᠰᠦᠨ ᠱᠠᠲᠤᠨ᠎ᠤ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠲᠤᠬᠠᠢᠯᠠᠭ᠍ᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠲᠥᠷᠥ᠎ᠶ᠋ᠢᠨ ᠪᠣᠳᠣᠯᠭ᠎ᠠ᠎ᠶ᠋ᠢᠨ 〈ᠳᠠᠮᠵᠢᠭᠤᠯᠤᠭ᠍ᠴᠢ〉 ᠎ᠶ᠋ᠢᠨ ᠠᠵᠢᠯ᠎ᠢ ᠰᠠᠢᠲᠤᠷ ᠬᠢᠵᠦ᠍᠂ ᠳᠡᠭᠡᠭ᠌ᠰᠢ᠎ᠪᠠᠨ ᠠᠴᠢᠳᠤ ᠨᠠᠮ᠎ᠲᠠᠢ᠎ᠪᠠᠨ ᠰᠡᠳᠭᠢᠯ ᠵᠢᠷᠦᠬᠡ᠎ᠪᠠᠨ ᠬᠤᠯᠪᠣᠵᠤ᠂ ᠳᠣᠷᠣᠭ᠍ᠰᠢ᠎ᠪᠠᠨ ᠠᠷᠠᠳ ᠲᠦᠮᠡᠨ᠎ᠲᠠᠢ᠎ᠪᠠᠨ ᠰᠡᠳᠭᠢᠯ ᠵᠢᠷᠦᠬᠡ᠎ᠪᠠᠨ ᠬᠤᠯᠪᠣᠵᠤ᠂ ᠨᠠᠮ᠎ᠤᠨ ᠡᠯ᠎ᠡ ᠵᠦᠢᠯ᠎ᠤᠨ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢ ᠦᠨᠳᠦᠰᠦᠨ ᠱᠠᠲᠤᠨ᠎ᠳᠤ ᠪᠤᠲᠠᠲᠠᠢ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ》 ᠭᠡᠵᠦ᠍ ᠬᠤᠲᠣᠩ ᠠᠷᠠᠳ᠎ᠤᠨ ᠲᠣᠭᠤᠷᠢᠭ᠎ᠤᠨ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ ᠼᠤᠤ ᠵᠢᠩ ᠵᠢᠶᠠᠩ ᠢᠲᠡᠭᠡᠯ ᠲᠡᠭᠦᠯᠳᠡᠷ ᠶᠡᠷᠢᠵᠠᠢ᠃

ᠬᠥᠬᠡᠬᠤᠲᠠ᠎ᠶ᠋ᠢᠨ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠲᠠᠩ ᠶᠦᠩ᠄ 《ᠡᠨᠡ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ ᠪᠣᠯ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠣᠷᠣᠨ᠎ᠤ ᠲᠥᠪ᠎ᠲᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠢᠴᠢ ᠦᠷ᠎ᠡ ᠪᠦᠲᠦᠮᠵᠢ ᠭᠠᠷᠭᠠᠬᠤ ᠴᠢᠬᠤᠯᠠ ᠰᠤᠷᠤᠯᠴᠠᠯᠭ᠎ᠠ᠎ᠶ᠋ᠢᠨ ᠬᠢᠴᠢᠶᠡᠯ᠎ᠤᠨ ᠲᠠᠩᠬᠢᠮ ᠮᠥᠨ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ 〈ᠬᠥᠲᠥᠯᠪᠦᠷᠢ〉 ᠮᠥᠨ᠃ ᠪᠥᠬᠦ᠌ ᠬᠤᠲᠠ᠎ᠶ᠋ᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠭᠦᠨᠵᠡᠭᠡᠶ ᠲᠤᠭᠤᠱᠢᠯᠠᠭᠤᠯᠵᠤ᠂ ᠦᠵᠡᠯ ᠰᠠᠨᠠᠭ᠎ᠠ ᠪᠠ  ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶᠠᠨ᠎ᠤ  ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠲᠠᠢ ᠦᠨᠡᠨ ᠬᠦ᠌ ᠳᠡᠭᠡᠳᠦ ᠬᠡᠮᠵᠢᠶ᠎ᠡ᠎ᠪᠠᠷ ᠨᠢᠭᠡᠳᠭᠡᠨ᠂ 〈ᠳᠥᠷᠪᠡᠨ ᠤᠬᠠᠮᠰᠠᠷ〉 ᠎ᠢᠶᠠᠨ ᠴᠢᠩᠭᠠᠳᠭᠠᠵᠤ᠂ 〈ᠳᠥᠷᠪᠡᠨ ᠢᠲᠡᠭᠡᠯ〉 ᠎ᠢᠶᠠᠨ ᠪᠠᠲᠤᠳᠭᠠᠨ᠂ 〈ᠬᠤᠶᠠᠷ᠎ᠢ ᠬᠠᠮᠠᠭᠠᠯᠠᠬᠤ〉 ᠎ᠶ᠋ᠢ ᠪᠡᠶᠡᠯᠡᠭᠦᠯᠵᠦ᠍᠂ ᠭᠡᠬᠦᠳᠡᠭ ᠴᠡᠭᠡᠵᠢᠨ᠎ᠳᠡᠭᠡᠨ 〈ᠬᠤᠶᠠᠷ ᠶᠡᠭᠡ ᠲᠠᠯ᠎ᠠ〉 ᠎ᠶ᠋ᠢ ᠪᠤᠳᠤᠵᠤ᠂ 〈ᠤᠯᠤᠰ᠎ᠤᠨ ᠶᠡᠭᠡ ᠶᠠᠪᠤᠳᠠᠯ〉 ᠎ᠲᠠᠢ ᠰᠡᠳᠭᠢᠯ ᠵᠢᠷᠦᠬᠡ᠎ᠪᠠᠨ ᠬᠤᠯᠪᠣᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ᠎ᠲᠠᠢ ᠨᠢᠭ᠍ᠲᠠ ᠤᠶᠠᠯᠳᠤᠭᠤᠯᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠪᠥᠬᠦ᠌ ᠬᠤᠲᠠ᠎ᠶ᠋ᠢᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠬᠡᠷ ᠪᠦᠯᠢ᠎ᠳᠤ ᠠᠬ᠎ᠠ ᠳᠡᠭᠦᠦ ᠮᠡᠲᠦ ᠳᠣᠲᠣᠨᠣ ᠪᠠᠢᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠨ᠂ ᠪᠦᠯᠬᠦᠮᠳᠡᠯ᠎ᠲᠠᠢ ᠡᠶ᠎ᠡ ᠨᠠᠢᠷᠲᠠᠢ᠂ ᠬᠠᠮᠲᠤ᠎ᠪᠠᠷ ᠬᠦᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ; ᠬᠥᠬᠡᠬᠤᠲᠠ᠎ᠶ᠋ᠢᠨ ᠠᠷᠪᠠᠨ ᠭᠤᠷᠪᠠᠳᠤᠭᠠᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠣᠷᠣᠨ᠎ᠤ ᠲᠥᠪ᠎ᠤᠨ ᠦᠨᠳᠦᠰᠦᠲᠡᠨ᠎ᠤ ᠠᠵᠢᠯ᠎ᠤᠨ ᠡᠮᠦᠨ᠎ᠡ᠎ᠨᠢ ᠬᠤᠱᠢᠭᠤᠷᠠᠨ ᠳᠠᠭᠤᠷᠢᠶᠠᠯ ᠪᠣᠯᠬᠤ᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠵᠤ᠂ ᠪᠥᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠤᠲᠠ᠎ᠶ᠋ᠢ ᠴᠢᠷᠮᠠᠢᠨ ᠪᠠᠢᠭᠤᠯᠵᠤ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠎ᠤ ᠡᠷᠬᠢᠮ ᠳᠡᠭᠡᠳᠦ ᠢᠷᠠᠭᠤ ᠠᠯᠳᠠᠷ᠎ᠢ ᠢᠮᠠᠭ᠍ᠲᠠ ᠰᠠᠢᠲᠤᠷ ᠬᠠᠮᠠᠭᠠᠯᠠᠬᠤ ᠬᠡᠷᠡᠭ᠌ᠲᠡᠢ!》 ᠭᠡᠵᠦ᠍ ᠢᠯᠡᠳᠭᠡᠪᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号