ᠪᠥᠬᠦ᠌ ᠣᠷᠣᠨ᠎ᠤ ᠤᠳᠭ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠪᠥᠵᠢᠭ ᠨᠠᠢᠷᠠᠭᠤᠯᠤᠨ ᠤᠳᠤᠷᠢᠳᠤᠭᠠᠬᠤ ᠴᠢᠳᠠᠪᠤᠷᠢᠲᠠᠨ᠎ᠤ ᠪᠣᠯᠪᠠᠰᠤᠷᠠᠯ ᠶᠠᠪᠤᠬ᠍ᠳᠠᠵᠠᠢ
2021-10-14 10:20:35
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠡᠷᠭᠢᠯᠡᠭ᠌ᠰᠡᠨ 2021 ᠣᠨ᠎ᠤ ᠪᠥᠬᠦ᠌ ᠣᠷᠣᠨ᠎ᠤ ᠤᠳᠭ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠪᠥᠵᠢᠭ ᠨᠠᠢᠷᠠᠭᠤᠯᠤᠨ ᠤᠳᠤᠷᠢᠳᠤᠭᠠᠬᠤ ᠴᠢᠳᠠᠪᠤᠷᠢᠲᠠᠨ᠎ᠤ ᠪᠣᠯᠪᠠᠰᠤᠷᠠᠯ᠎ᠤᠨ ᠠᠩᠭᠢ ᠤᠢ᠍ᠢᠷ᠎ᠠ᠎ᠳᠤ ᠬᠥᠯᠥᠨ ᠪᠤᠢᠷ ᠬᠤᠲᠠ᠎ᠶ᠋ᠢᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠳᠤ ᠠᠮᠵᠢᠯᠲᠠ᠎ᠲᠠᠢ ᠥᠨᠳᠥᠷᠯᠡᠪᠠ᠃ ᠲᠣᠰ ᠪᠣᠯᠪᠠᠰᠤᠷᠠᠯ᠎ᠤᠨ ᠠᠩᠭᠢ᠎ᠳᠤ 13 ᠠᠢᠮᠠᠭ ᠬᠤᠲᠠ᠎ᠶ᠋ᠢᠨ ᠨᠡᠢᠲᠡ 65 ᠤᠳᠭ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ 65 ᠰᠣᠷᠣᠭ᠍ᠴᠢ ᠣᠷᠣᠯᠴᠠᠵᠠᠶ᠃

ᠪᠦᠬᠦ᠌ ᠣᠷᠣᠨ᠎ᠤ ᠪᠥᠵᠢᠭ ᠨᠠᠢᠷᠠᠭᠤᠯᠤᠨ ᠤᠳᠤᠷᠢᠳᠤᠭᠠᠬᠤ ᠴᠢᠳᠠᠪᠤᠷᠢᠲᠠᠨ᠎ᠤ ᠶᠡᠷᠦᠩᠬᠡᠢᠯᠡᠭ᠌ᠰᠡᠨ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠪᠥᠵᠢᠭ ᠨᠠᠢᠷᠠᠭᠤᠯᠤᠨ ᠤᠳᠤᠷᠢᠳᠤᠭᠠᠬᠤ ᠴᠢᠳᠠᠪᠤᠷᠢᠲᠠᠨ᠎ᠤ ᠡᠩᠨᠡᠭᠡ᠎ᠶ᠋ᠢᠨ ᠪᠦᠲᠦᠴᠡ᠎ᠶ᠋ᠢ ᠲᠡᠭᠦᠯᠳᠡᠷᠵᠢᠭᠦᠯᠦᠨ᠂ ᠤᠳᠭ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠪᠥᠵᠢᠭ ᠨᠠᠢᠷᠠᠭᠤᠯᠤᠨ ᠤᠳᠤᠷᠢᠳᠤᠭᠠᠴᠢ᠎ᠶ᠋ᠢᠨ ᠪᠦᠬᠦᠯᠢ ᠴᠣᠭ᠍ᠴᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠲᠤᠰ ᠪᠣᠯᠪᠠᠰᠤᠷᠠᠯ᠎ᠳᠤ ᠳᠤᠮᠳᠠᠳᠤ ᠤᠯᠤᠰ᠎ᠤᠨ ᠳᠠᠭᠤᠯᠠᠯᠲᠤ ᠵᠦᠴᠦᠭᠡ ᠪᠥᠵᠢᠭ᠌ᠲᠦ ᠵᠦᠴᠦᠭᠡ᠎ᠶ᠋ᠢᠨ ᠬᠦᠷᠢᠶᠡᠯᠡᠩ᠎ᠤᠨ ᠪᠥᠵᠢᠭ᠌ᠲᠦ ᠵᠦᠴᠦᠭᠡ᠎ᠶ᠋ᠢᠨ ᠤᠳᠤᠷᠢᠳᠤᠭᠠᠴᠢ ᠺᠦᠩ ᠳ᠋ᠧ ᠱᠢᠨ᠂ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠭᠡ᠎ᠶ᠋ᠢᠨ ᠰᠤᠳᠤᠯᠭᠠᠨ᠎ᠤ ᠲᠥᠪ᠎ᠤᠨ ᠲᠤᠰᠭᠠᠢ ᠮᠡᠷᠭᠡᠵᠢᠯᠲᠡᠨ᠎ᠤ ᠵᠥᠪᠯᠡᠯ᠎ᠤᠨ ᠡᠷᠬᠢᠯᠡᠭ᠌ᠴᠢ ᠮᠠ ᠱᠧᠩ ᠳ᠋ᠧ ᠨᠠᠷ᠎ᠢ ᠤᠷᠢᠵᠤ ᠥᠨᠳᠥᠷ ᠲᠦᠪᠱᠢᠨ ᠪᠦᠬᠦᠢ ᠵᠢᠭᠠᠨ ᠰᠤᠷᠭᠠᠯᠲᠠ᠎ᠶ᠋ᠢᠨ ᠪᠦᠯᠬᠦᠮ ᠪᠠᠢᠭᠤᠯᠵᠤ᠂ ᠰᠤᠷᠤᠭ᠍ᠴᠢᠳ᠎ᠲᠤ ᠬᠢᠴᠢᠶᠡᠯ ᠣᠷᠣᠭᠤᠯᠪᠠ᠃ ᠲᠣᠰ ᠪᠣᠯᠪᠠᠰᠤᠷᠠᠯ᠎ᠤᠨ ᠠᠩᠭᠢ᠎ᠶ᠋ᠢᠨ ᠰᠤᠷᠤᠭ᠍ᠴᠢᠳ᠎ᠤᠨ ᠢᠷᠡᠯᠲᠡ ᠦᠷᠭᠡᠨ᠂ ᠣᠷᠣᠨ᠎ᠤ ᠱᠢᠭᠤᠳ ᠬᠠᠷᠢᠶ᠎ᠠ ᠪᠠ ᠪᠥᠬᠦ᠌ ᠣᠷᠣᠨ᠎ᠤ ᠡᠯ᠎ᠡ ᠠᠢᠮᠠᠭ ᠬᠤᠲᠠ᠂ ᠬᠤᠱᠢᠭᠤ ᠱᠢᠶᠠᠨ᠎ᠤ ᠤᠯᠠᠭᠠᠨᠮᠥ᠋ᠴᠢᠷ ᠵᠢᠴᠢ ᠤᠯᠤᠰ᠎ᠤᠨ ᠥᠮᠴᠢᠯᠡᠯᠲᠦ ᠤᠳᠭ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠨᠢᠭᠡᠳᠦᠭᠡᠷ ᠹᠷᠣᠨᠲ᠎ᠤᠨ ᠨᠠᠢᠷᠠᠭᠤᠯᠤᠨ ᠤᠳᠤᠷᠢᠳᠤᠭᠠᠬᠤ ᠴᠢᠳᠠᠪᠤᠷᠢᠲᠠᠨ᠎ᠢ ᠬᠠᠮᠤᠷᠴᠠᠶ᠃ ᠤᠢ᠍ᠢᠯᠠᠭᠠᠭ᠍ᠰᠠᠨ᠎ᠢᠶᠠᠷ᠂ ᠡᠨᠡ ᠪᠣᠯ ᠪᠥᠵᠢᠭ ᠨᠠᠢᠷᠠᠭᠤᠯᠤᠨ ᠤᠳᠤᠷᠢᠳᠤᠭᠠᠴᠢ᠎ᠶ᠋ᠢᠨ ᠪᠣᠯᠪᠠᠰᠤᠷᠠᠯ ᠡᠷᠬᠢᠯᠡᠭ᠌ᠰᠡᠨ᠎ᠠᠴᠠ ᠨᠠᠭᠠᠱᠢᠬᠢ ᠬᠥᠮᠦᠨ᠎ᠤ ᠲᠤᠭ᠎ᠠ᠎ᠪᠠᠷ ᠬᠠᠮᠤᠭ᠎ᠤᠨ ᠣᠯᠠᠨ᠂ ᠦᠷᠭᠦᠯᠵᠢᠯᠡᠭ᠌ᠰᠡᠨ ᠴᠠᠭ᠎ᠢᠶᠠᠷ ᠬᠠᠮᠤᠭ᠎ᠤᠨ ᠣᠷᠳᠣ ᠨᠢᠭᠡᠨ ᠤᠳᠠᠭᠠᠨ᠎ᠤ ᠪᠤᠯᠪᠠᠰᠤᠷᠠᠯ ᠪᠣᠯᠤᠨ᠎ᠠ᠃ ᠡᠨᠡ ᠬᠦ᠌ ᠪᠤᠯᠪᠠᠰᠤᠷᠠᠯ᠎ᠤᠨ ᠠᠩᠭᠢ᠎ᠨᠢ ᠤᠯᠤᠰ᠎ᠤᠨ ᠳᠣᠲᠣᠭᠠᠳᠤ ᠵᠢᠴᠢ ᠣᠷᠣᠨ᠎ᠤ ᠳᠣᠲᠣᠷᠠᠬᠢ ᠨᠢᠭᠡᠳᠦᠭᠡᠷ ᠹᠷᠣᠨᠲ᠎ᠤᠨ ᠲᠤᠰᠭᠠᠶ ᠮᠡᠷᠭᠡᠵᠢᠯᠲᠡᠨ᠎ᠢ ᠤᠷᠢᠵᠤ ᠲᠤᠰᠭᠠᠶ ᠮᠡᠷᠭᠡᠵᠢᠯ᠎ᠤᠨ ᠵᠢᠭᠠᠨ ᠰᠤᠷᠭᠠᠯᠲᠠ᠎ᠶ᠋ᠢᠨ ᠪᠦᠯᠬᠦᠮ᠎ᠢ ᠪᠦᠷᠢᠯᠳᠦᠭᠦᠯᠵᠦ᠍᠂ ᠡᠯ᠎ᠡ ᠠᠢᠮᠠᠭ ᠬᠤᠲᠠ᠎ᠶ᠋ᠢᠨ ᠲᠤᠬᠠᠢ᠎ᠶ᠋ᠢᠨ ᠭᠠᠵᠠᠷ᠎ᠤᠨ ᠱᠢᠯᠢᠳᠡᠭ ᠪᠥᠵᠢᠭ᠎ᠤᠨ ᠨᠠᠢᠷᠠᠭᠤᠯᠤᠨ ᠤᠳᠤᠷᠢᠳᠤᠭᠠᠴᠢ᠎ᠶ᠋ᠢ ᠰᠣᠩᠭᠤᠵᠤ ᠲᠥᠪᠯᠡᠷᠡᠭᠦᠯᠦᠨ ᠬᠢᠴᠢᠶᠡᠯ ᠤᠷᠤᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号