ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠪᠤᠭᠤᠲᠤ᠎ᠳᠤ ᠤᠬᠠᠭᠤᠯᠤᠨ ᠲᠠᠢᠯᠪᠤᠷᠢᠯᠠᠪᠠ
2021-10-14 09:35:01
ᠵᠣᠬᠢᠶᠠᠭ᠍ᠴᠢ᠄
ᠯᠢᠦ ᠱᠢᠶᠠᠩ ᠫᠢᠩ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 13 ᠎ᠤ ᠦᠳᠡ᠎ᠶ᠋ᠢᠨ ᠡᠮᠦᠨ᠎ᠡ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ᠎ᠬᠢᠨ ᠪᠤᠭᠤᠲᠤ᠎ᠳᠤ ᠤᠬᠠᠭᠤᠯᠤᠨ ᠲᠠᠢᠯᠪᠤᠷᠢᠯᠠᠵᠤ᠂ ᠬᠤᠳᠠ᠂ ᠬᠤᠱᠢᠭᠤ ᠱᠢᠶᠠᠨ ᠲᠣᠭᠤᠷᠢᠭ ᠬᠤᠶᠠᠷ ᠱᠠᠲᠤᠨ᠎ᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠰᠤᠷᠲᠠᠯ ᠤᠬᠠᠭᠤᠯᠭ᠎ᠠ ᠰᠣᠶᠣᠯ᠎ᠤᠨ ᠱᠢᠰᠲ᠋ᠧᠮ᠎ᠤᠨ ᠭᠤᠣᠯ ᠬᠠᠷᠢᠭᠤᠴᠠᠯᠭᠠᠲᠠᠨ ᠨᠥᠬᠦᠳ ᠵᠢᠴᠢ ᠡᠯ᠎ᠡ ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ) ᠎ᠶ᠋ᠢᠨ ᠤᠬᠠᠭᠤᠯᠬᠤ ᠭᠡᠱᠢᠭᠦᠨ ᠪᠣᠯᠤᠨ ᠪᠦᠬᠦ᠌ ᠬᠤᠳᠠ᠎ᠶ᠋ᠢᠨ ᠰᠣᠨᠢᠨ ᠮᠡᠳᠡᠭᠡᠨ᠎ᠤ ᠠᠵᠢᠯᠳᠠᠨ 200 ᠭᠠᠷᠤᠢ ᠬᠥᠮᠦᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠨᠠᠮ᠎ᠤᠨ ᠲᠡᠦᠬᠡ ᠪᠠ ᠲᠤᠯᠭᠤᠷ ᠪᠢᠴᠢᠭ ᠰᠤᠳᠤᠯᠬᠤ ᠲᠠᠰᠤᠬ᠎ᠤᠨ ᠡᠷᠬᠢᠯᠡᠭ᠌ᠴᠢ ᠳ᠋ᠦ᠋ ᠢ ᠱᠢᠨ ᠡᠩ ᠲᠡᠷᠢᠭᠦᠨ᠎ᠳᠤ ᠲᠡᠦᠬᠡ᠎ᠶ᠋ᠢᠨ ᠬᠠᠷᠠᠭᠠᠰᠤ᠎ᠠᠴᠠ ᠦᠨᠳᠦᠰᠦᠲᠡᠨ᠎ᠤ ᠠᠵᠢᠯ ᠪᠠ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠬᠤᠯᠪᠤᠬ᠍ᠳᠠᠯ ᠪᠦᠬᠦᠢ ᠠᠬᠤᠢ ᠪᠠᠢᠳᠠᠯ᠎ᠢ ᠲᠠᠨᠢᠯᠴᠠᠭᠤᠯᠤᠭ᠍ᠰᠠᠨ ᠪᠥᠭᠡᠳ 5 ᠲᠠᠯ᠎ᠠ᠎ᠠᠴᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠢ ᠲᠠᠨᠢᠯᠲᠠ᠎ᠶ᠋ᠢ ᠲᠣᠳᠣᠷᠬᠠᠢᠯᠠᠨ ᠥᠭᠦᠯᠡᠵᠦ᠍᠂ ᠪᠠᠰᠠ ᠵᠦᠪᠯᠡᠯᠳᠤ ᠬᠤᠯᠪᠣᠭᠠᠲᠤ ᠤᠯᠤᠰ᠎ᠢᠶᠠᠷ ᠵᠢᠱ᠌ᠢᠶ᠎ᠡ ᠪᠣᠯᠭᠠᠵᠤ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ ᠳᠤᠲᠠᠭ᠍ᠳᠠᠭ᠍ᠰᠠᠨ ᠬᠦᠨᠳᠦ ᠨᠣᠴᠢᠲᠠᠢ ᠦᠷ᠎ᠡ ᠳ᠋ᠦᠩ᠎ᠢ ᠲᠣᠳᠣᠷᠬᠠᠢᠯᠠᠵᠤ᠂ ᠡᠴᠦᠰ᠎ᠲᠤ ᠤᠯᠠᠨ ᠲᠠᠯ᠎ᠠ᠎ᠠᠴᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠦᠢᠯ᠎ᠤᠨ ᠴᠢᠬᠤᠯᠠ ᠴᠢᠨᠠᠷ᠎ᠢ ᠨᠤᠲᠠᠯᠠᠬ᠍ᠰᠡᠨ ᠪᠠᠢᠨ᠎ᠡ᠃

ᠬᠥᠨᠳᠡᠯᠡᠨ ᠲᠣᠭᠤᠷᠢᠭ᠎ᠤᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠪᠠᠢᠩᠭᠤ᠎ᠶ᠋ᠢᠨ ᠳᠡᠳ᠋ ᠳᠠᠷᠤᠭ᠎ᠠ ᠫᠢᠩ ᠹᠦ᠋ ᠯᠦᠩ᠄ 《ᠳ᠋ᠦ᠋ ᠢ ᠱᠢᠨ ᠡᠷᠬᠢᠯᠡᠭ᠌ᠴᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ᠌ ᠲᠠᠯ᠎ᠠ᠎ᠪᠠᠷ ᠡᠵᠡᠮᠱᠢᠨ ᠲᠤᠭᠤᠱᠢᠯᠠᠭᠤᠯᠬᠤ᠎ᠳᠤ ᠤᠬᠠᠭ᠍ᠳᠠᠬᠤᠨ᠎ᠢ ᠲᠣᠳᠣᠷᠬᠠᠢᠯᠠᠵᠤ᠂ ᠪᠤᠳᠡᠳᠦ ᠰᠡᠳᠭᠢᠮᠵᠢ ᠬᠠᠩᠭᠠᠪᠠ᠃ ᠪᠢᠳᠡ ᠰᠣᠨᠢᠨ ᠮᠡᠳᠡᠭᠡᠨ᠎ᠤ ᠤᠬᠠᠭᠤᠯᠭ᠎ᠠ ᠪᠠ ᠨᠡᠢᠭᠡᠮ᠎ᠤᠨ ᠤᠬᠠᠭᠤᠯᠭ᠎ᠠ ᠬᠥᠮᠦᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠥᠷᠭᠡᠨ ᠤᠯᠠᠨ ᠺᠠᠳ᠋ᠷ ᠤᠯᠠᠨ ᠲᠦᠮᠡᠨ᠎ᠤ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠢ ᠨᠢᠭᠡᠳᠭᠡᠬᠦ᠌᠎ᠶ᠋ᠢ ᠬᠦᠳᠦᠯᠦᠨ ᠵᠢᠯᠣᠭᠤᠳᠤᠨ᠎ᠡ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠥᠷᠭᠡᠨ᠎ᠢᠶᠠᠷ ᠥᠷᠨᠢᠭᠦᠯᠵᠦ᠍᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠴᠡᠴᠡᠭ᠌ᠯᠡᠨ ᠬᠥᠭ᠌ᠵᠢᠭ᠌ᠰᠡᠨ᠂ ᠬᠦᠭ᠌ᠵᠢᠨ ᠪᠠᠳᠠᠷᠠᠬ᠍ᠰᠡᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮᠳᠤ ᠣᠳᠣᠬᠢᠴᠢᠯᠠᠭ᠍ᠰᠠᠨ ᠱᠢᠨ᠎ᠡ ᠪᠤᠭᠤᠲᠤ᠎ᠶ᠋ᠢ ᠪᠥᠲᠥᠭᠡᠨ ᠪᠠᠢᠭᠤᠯᠬᠤ ᠬᠠᠮᠲᠤᠷᠠᠯ ᠬᠦᠴᠦᠨ᠎ᠢ ᠨᠢᠭ᠍ᠲᠠᠷᠠᠭᠤᠯᠤᠨ᠎ᠡ》 ᠭᠡᠵᠦ᠍ ᠬᠡᠯᠡᠪᠡ᠃

ᠴᠢᠩᠱᠠᠨ ᠲᠣᠭᠤᠷᠢᠭ᠎ᠤᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠪᠠᠢᠩᠭᠤ᠎ᠶ᠋ᠢᠨ ᠳᠡᠳ᠋ ᠳᠠᠷᠤᠭ᠎ᠠ ᠱᠢᠤᠢ ᠱᠢᠶᠤᠤ ᠶᠢᠩ᠄ 《ᠥᠨᠥᠳᠦᠷ᠎ᠤᠨ ᠤᠬᠠᠭᠤᠯᠤᠨ ᠲᠠᠢᠯᠪᠤᠷᠢᠯᠠᠯᠲᠠ᠎ᠨᠢ ᠪᠢᠳᠡᠨ᠎ᠤ ᠬᠤᠢᠱᠢᠳᠠ᠎ᠶ᠋ᠢᠨ ᠠᠵᠢᠯ᠎ᠢᠶᠠᠨ ᠥᠷᠨᠢᠭᠦᠯᠬᠦ᠌᠎ᠳᠤ ᠮᠠᠰᠢ ᠶᠡᠭᠡ ᠵᠢᠯᠣᠭᠤᠳᠭᠤ ᠠᠴᠢ ᠬᠤᠯᠪᠣᠭ᠍ᠳᠠᠯ᠎ᠲᠠᠢ᠂ ᠪᠢᠳᠡ ᠵᠠᠪᠠᠯ ᠭᠤᠣᠯ ᠰᠡᠳᠦᠪ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠮ᠎ᠤᠨ ᠦᠨᠳᠦᠰᠦᠲᠡᠨ᠎ᠤ ᠤᠨᠤᠯ ᠲᠦᠷᠦ᠎ᠶ᠋ᠢᠨ ᠪᠤᠳᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠬᠦᠳᠤᠯᠤᠨ ᠵᠢᠯᠣᠭᠤᠳᠴᠤ᠌ ᠵᠥᠪ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠤᠯᠤᠰ᠎ᠤᠨ ᠦᠵᠡᠯᠲᠡ᠂ ᠰᠣᠶᠣᠯ᠎ᠤᠨ ᠦᠵᠡᠯᠲᠡ᠎ᠲᠠᠢ ᠪᠤᠯᠭᠠᠬᠤ ᠬᠡᠷᠡᠭ᠌ᠲᠡᠢ᠃ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠨᠡᠮᠡᠭ᠌ᠳᠡᠭᠦᠯᠬᠦ᠌ ᠠᠯᠤᠰ ᠬᠡᠳᠦ᠎ᠶ᠋ᠢᠨ ᠠᠵᠢᠯ᠎ᠢ ᠭᠦᠨᠵᠡᠭᠡᠢ ᠰᠠᠢᠲᠤᠷ ᠬᠢᠵᠦ᠍᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠬᠤ ᠬᠡᠷᠡᠭ᠌ᠲᠡᠢ》 ᠭᠡᠪᠡ᠃

ᠪᠤᠭᠤᠲᠤ᠎ᠶ᠋ᠢᠨ ᠪᠠᠭ᠍ᠰᠢ᠎ᠶ᠋ᠢᠨ ᠳᠡᠭᠡᠳᠦ ᠰᠤᠷᠭᠠᠭᠤᠯᠢ᠎ᠶ᠋ᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠭᠡᠱᠢᠭᠦᠨ ᠶᠣᠣ ᠯᠠᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ ᠭᠦᠨ ᠰᠡᠩᠬᠡᠷᠡᠭᠦᠯᠦᠯ ᠣᠯᠵᠠᠢ᠂ ᠲᠡᠷᠡ᠂ ᠶᠡᠭᠡ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠦᠷᠦ᠎ᠶ᠋ᠢᠨ ᠬᠥᠮᠦᠵᠢᠯ ᠤᠬᠠᠭᠤᠯᠭ᠎ᠠ᠎ᠶ᠋ᠢᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠵᠠᠪᠠᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠰᠡᠳᠭᠢᠯ ᠵᠢᠷᠦᠬᠡᠨ᠎ᠳᠡᠭᠡᠨ ᠬᠠᠳᠠᠩᠱᠢᠭᠤᠯᠵᠤ᠂ ᠦᠢᠯᠡ ᠠᠵᠢᠯᠯᠠᠭ᠎ᠠ᠎ᠳᠠᠭᠠᠨ ᠨᠠᠢᠳᠠᠪᠤᠷᠢᠵᠢᠭᠤᠯᠵᠤ᠂ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠦᠢᠯᠡᠳᠦᠯᠭᠡᠵᠢᠭᠦᠯᠦᠭ᠌ᠴᠢ᠂ ᠤᠬᠠᠭᠤᠯᠤᠭ᠍ᠴᠢ᠂ ᠠᠬᠢᠭᠤᠯᠤᠭ᠍ᠴᠢ ᠪᠣᠯᠬᠤ ᠬᠡᠷᠡᠭ᠌ᠲᠡᠢ ᠭᠡᠵᠦ᠍ ᠢᠯᠡᠳᠭᠡᠪᠡ᠃

ᠬᠥᠨᠳᠡᠯᠡᠨ ᠲᠣᠭᠤᠷᠢᠭ᠎ᠤᠨ ᠪᠠᠢ ᠶᠦᠨ ᠵᠠᠮ᠎ᠤᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠰᠠᠢᠨ ᠳᠤᠷᠠᠴᠤᠤᠯ ᠠᠨ ᠽᠢ ᠱᠢᠤᠸᠠᠨ᠄ 《ᠦᠨᠳᠦᠰᠦᠨ ᠱᠠᠲᠤᠨ᠎ᠤ ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠵᠠᠪᠠᠯ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠳᠡᠭᠡᠷ᠎ᠡ᠎ᠪᠠᠨ ᠢᠮᠠᠭ᠍ᠲᠠ ᠨᠠᠮ᠎ᠤᠨ ᠤᠳᠤᠷᠢᠳᠤᠯᠭ᠎ᠠ᠎ᠶ᠋ᠢ ᠭᠤᠢᠪᠢᠰᠢ ᠦᠭᠡᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠥᠪᠡᠷ᠎ᠤᠨ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ》 ᠭᠡᠪᠡ᠃

ᠤᠬᠠᠭᠤᠯᠤᠨ ᠲᠠᠢᠯᠪᠤᠷᠢᠯᠠᠵᠤ ᠳᠠᠭᠤᠰᠤᠭ᠍ᠰᠠᠨ᠎ᠤ ᠳᠠᠷᠠᠭ᠎ᠠ᠂ ᠡᠷᠬᠢᠯᠡᠭ᠌ᠴᠢ ᠳ᠋ᠦ᠋ ᠢ ᠱᠢᠨ ᠪᠠᠰᠠ ᠪᠤᠭᠤᠲᠤ ᠬᠤᠲᠠ᠎ᠶ᠋ᠢᠨ ᠨᠠᠮ᠎ᠤᠨ ᠬᠤᠷᠢᠶᠠᠨ᠎ᠤ ᠨᠠᠮ᠎ᠤᠨ ᠪᠠᠢᠭᠤᠯᠭ᠎ᠠ᠎ᠶ᠋ᠢᠨ ᠠᠵᠢᠯ᠎ᠤᠨ ᠬᠤᠷᠢᠶ᠎ᠠ᠎ᠶ᠋ᠢᠨ ᠰᠤᠷᠤᠯᠴᠠᠯᠭ᠎ᠠ᠎ᠶ᠋ᠢᠨ ᠬᠦᠷᠢᠶᠡᠯᠡᠩ᠎ᠳᠤ ᠬᠦᠷᠴᠦ᠍᠂ ᠪᠤᠭᠤᠲᠤ ᠬᠤᠲᠠ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ ᠵᠢᠴᠢ ᠬᠡᠰᠡᠭ ᠵᠠᠯᠠᠭᠤ ᠺᠠᠳ᠋ᠷᠴᠤᠳ᠎ᠲᠠᠢ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠢᠶ᠎ᠡ ᠪᠦᠬᠦᠢ ᠰᠣᠨᠢᠨ
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号