10 ᠰᠠᠷ᠎ᠠ᠎ᠶ᠋ᠢᠨ 12 ᠤᠨ ᠡᠳᠦᠷ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠮᠡᠳᠡᠭᠦᠯᠦᠯᠲᠡ᠎ᠶ᠋ᠢᠨ ᠬᠤᠷᠠᠯ ᠬᠥᠯᠥᠨ ᠪᠤᠢᠷ ᠬᠤᠳᠠ᠎ᠳᠤ ᠡᠬᠢᠯᠡᠪᠡ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ ᠶᠠᠩ ᠱᠢᠩ ᠮᠧᠩ 《ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠰᠤᠭᠠᠢ》 ᠪᠠᠷ ᠭᠤᠤᠯ ᠰᠡᠳᠦᠪ ᠪᠣᠯᠭᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ᠎ᠤ 《12 ᠡᠷᠬᠡᠪᠰᠢ》 《ᠳᠥᠷᠪᠡᠨ ᠶᠡᠭᠡ ᠬᠠᠷᠢᠴᠠᠭ᠎ᠠ》 《ᠲᠠᠪᠤᠨ ᠡᠭᠦᠷᠭᠡ》 ᠶ᠋ᠢ ᠱᠢᠰᠲ᠋ᠧᠮ᠎ᠲᠠᠢ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠯᠲᠠ᠎ᠶ᠋ᠢᠨ ᠭᠤᠣᠯ ᠰᠡᠳᠦᠪ᠎ᠨᠢ ᠢᠯᠡ ᠲᠣᠳᠣ᠂ ᠠᠭᠤᠯᠭ᠎ᠠ᠎ᠨᠢ ᠪᠠᠶᠠᠯᠢᠭ᠂ ᠥᠭᠦᠯᠡᠯᠲᠡ᠎ᠨᠢ ᠨᠡᠪᠲᠡᠷᠬᠡᠢ ᠪᠠᠢᠵᠤ᠂ ᠤᠨᠤᠯ᠎ᠤᠨ ᠲᠠᠯ᠎ᠠ᠎ᠶ᠋ᠢᠨ ᠬᠤᠷᠢᠶᠠᠩᠭᠤᠢᠯᠠᠯ ᠪᠤᠯᠬᠤ ᠪᠥᠭᠡᠳ ᠦᠢᠯᠡᠳᠦᠯᠭᠡ᠎ᠶ᠋ᠢᠨ ᠲᠠᠯ᠎ᠠ᠎ᠶ᠋ᠢᠨ᠎ᠬᠢ ᠵᠢᠯᠤᠭᠤᠳᠤᠯᠭ᠎ᠠ ᠪᠤᠯᠵᠠᠢ᠃
ᠬᠥᠯᠥᠨ ᠪᠤᠢᠷ ᠳᠡᠭᠡᠳᠦ ᠰᠤᠷᠭᠠᠭᠤᠯᠢ᠎ᠶ᠋ᠢᠨ ᠨᠠᠮ᠎ᠤᠨ ᠬᠤᠷᠢᠶᠠᠨ᠎ᠤ ᠱᠦᠵᠢ ᠸᠠᠩ ᠭᠤᠸᠠᠩ ᠯᠢ ᠤᠬᠠᠭᠤᠯᠤᠨ ᠲᠠᠢᠯᠪᠤᠷᠢᠯᠠᠯᠲᠠ᠎ᠶ᠋ᠢ ᠰᠣᠨᠣᠰᠤᠭᠠᠳ᠄ 《ᠬᠥᠯᠥᠨ ᠪᠤᠢᠷ ᠳᠡᠭᠡᠳᠦ ᠰᠤᠷᠭᠠᠭᠤᠯᠢ 〈ᠤᠯᠤᠰ᠎ᠤᠨ ᠶᠡᠭᠡ ᠶᠠᠪᠤᠳᠠᠯ〉 ᠢ ᠪᠠᠲᠤ ᠴᠡᠭᠡᠵᠢᠯᠡᠵᠦ᠍᠂ ᠨᠠᠮ᠎ᠤᠨ ᠰᠤᠷᠭᠠᠨ ᠬᠥᠮᠦᠵᠢᠯ᠎ᠤᠨ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠨᠡᠢᠭᠡᠮ ᠵᠢᠷᠤᠮ᠎ᠤᠨ ᠰᠤᠷᠭᠠᠭᠤᠯᠢ ᠡᠷᠬᠢᠯᠡᠬᠦ᠌ ᠴᠢᠭ᠌ᠯᠡᠯ᠎ᠢ ᠪᠠᠷᠢᠮᠲᠠᠯᠠᠵᠤ᠂ ᠦᠨᠳᠦᠰᠦᠲᠡᠨ᠎ᠤ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠥᠮᠦᠵᠢᠭᠦᠯᠬᠦ᠌ ᠪᠦᠬᠦ᠌ ᠶᠠᠪᠤᠴᠠ᠎ᠳᠤ ᠠᠭᠤᠰᠤᠯᠴᠠᠭᠤᠯᠵᠤ᠂ ᠦᠨᠳᠦᠰᠦᠲᠡᠨ᠎ᠨᠦᠭᠦᠳ᠎ᠤᠨ ᠪᠠᠭ᠍ᠰᠢ ᠰᠤᠷᠤᠭ᠍ᠴᠢᠳ᠎ᠤᠨ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠡᠷᠡᠰ ᠪᠠᠲᠤ ᠳᠡᠭᠡᠳᠦ ᠬᠡᠮᠵᠢᠶᠡᠨ᠎ᠤ ᠬᠠᠮᠲᠤ᠎ᠶ᠋ᠢᠨ ᠲᠠᠨᠢᠯᠲᠠ᠎ᠶ᠋ᠢ ᠲᠠᠰᠤᠷᠠᠯᠲᠠ ᠦᠭᠡᠢ ᠨᠡᠮᠡᠭ᠌ᠳᠡᠭᠦᠯᠪᠡ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠴᠢᠬᠤᠯᠠ ᠠᠭᠤᠯᠭ᠎ᠠ ᠪᠣᠯᠭᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠠᠭᠤᠯᠤᠭ᠍ᠳᠠᠬᠤᠨ᠎ᠢ ᠪᠠᠶᠠᠯᠢᠭ᠍ᠵᠢᠭᠤᠯᠤᠨ ᠥᠷᠭᠡᠳᠭᠡᠵᠦ᠍᠂ ᠨᠡᠢᠭᠡᠮ ᠵᠢᠷᠤᠮ᠎ᠤᠨ ᠭᠤᠣᠯᠯᠠᠭ᠍ᠴᠢ ᠦᠷᠳᠡᠭ᠎ᠤᠨ ᠦᠵᠡᠯᠲᠡ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠵᠤ᠂ ᠤᠯᠤᠰ᠎ᠢᠶᠠᠨ ᠬᠠᠢᠷᠠᠯᠠᠬᠤ ᠦᠵᠡᠯ᠎ᠤᠨ ᠬᠥᠮᠦᠵᠢᠯ᠎ᠢᠶᠠᠷ ᠭᠤᠣᠯ ᠪᠣᠯᠭᠠᠵᠤ᠂ ᠡᠯ᠎ᠡ ᠦᠨᠳᠦᠰᠦᠲᠡᠨ᠎ᠤ ᠪᠠᠭ᠍ᠰᠢ ᠰᠤᠷᠤᠭ᠍ᠴᠢᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠭᠠᠭᠤᠯᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠦᠨᠡᠨ ᠬᠦ᠌ ᠠᠬᠢᠭᠤᠯᠵᠤ᠂ ᠰᠤᠷᠭᠠᠭᠤᠯᠢ᠎ᠶ᠋ᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠲᠤ ᠴᠢᠩᠭ᠎ᠠ ᠵᠢᠭ᠍ᠰᠠᠭᠠᠯ᠎ᠤᠨ ᠭᠠᠵᠠᠷ ᠪᠣᠯᠭᠠᠨ ᠪᠠᠢᠭᠤᠯᠬᠤ᠎ᠪᠠᠷ ᠴᠢᠷᠮᠠᠢᠬᠤ ᠬᠡᠷᠡᠭ᠌ᠲᠡᠢ》 ᠭᠡᠵᠦ᠍ ᠭᠦᠨ ᠰᠠᠭᠤᠭ᠍ᠳᠠᠯ᠎ᠲᠠᠢ ᠲᠦᠷᠦᠭ᠌ᠳᠡᠯ᠎ᠢᠶᠠᠨ ᠬᠡᠯᠡᠪᠡ᠃
《ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠎ᠶ᠋ᠢᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠪᠦᠷᠢᠨ ᠪᠦᠲᠦᠨ᠂ ᠣᠨᠣᠪᠴᠢᠲᠠᠶ᠂ ᠪᠥᠬᠦ᠌ ᠲᠠᠯ᠎ᠠ᠎ᠪᠠᠷ ᠡᠵᠡᠮᠱᠢᠵᠦ᠍᠂ ᠡᠨᠡ ᠬᠦ᠌ ᠴᠢᠬᠤᠯᠠ ᠦᠵᠡᠯ ᠰᠠᠨᠠᠭᠠᠨ᠎ᠤ ᠭᠤᠤᠯ ᠠᠭᠤᠯᠭ᠎ᠠ᠂ ᠵᠣᠷᠢᠭ ᠰᠠᠨᠠᠭᠠᠨ᠎ᠤ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠵᠤ᠂ ᠣᠳᠣᠬᠢ ᠱᠠᠲᠤᠨ᠎ᠤ ᠦᠨᠳᠦᠰᠦᠲᠡᠨ᠎ᠤ ᠠᠵᠢᠯ᠎ᠤᠨ ᠲᠡᠦᠬᠡᠨ ᠣᠷᠣᠨ ᠪᠠᠢᠷᠢ ᠪᠠ ᠴᠢᠬᠤᠯᠠ ᠡᠭᠦᠷᠭᠡ᠎ᠶ᠋ᠢ ᠦᠨᠡᠨ ᠬᠦ᠌ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠡᠦᠬᠡ᠎ᠶ᠋ᠢᠨ ᠵᠠᠢᠯᠠᠰᠢ ᠥᠬᠡᠶ ᠴᠢᠨᠠᠷ᠂ ᠲᠦᠢᠯ᠎ᠤᠨ ᠴᠢᠬᠤᠯᠠ ᠴᠢᠨᠠᠷ ᠪᠠ ᠪᠣᠳᠠᠲᠤ ᠬᠠᠨᠳᠤᠯᠭᠠᠲᠤ ᠴᠢᠨᠠᠷ᠎ᠢ ᠭᠦᠨᠵᠡᠭᠡᠶ ᠲᠠᠨᠢᠵᠤ᠂ ᠲᠡᠭᠦᠨ᠎ᠢ ᠮᠠᠨ᠎ᠤ ᠠᠵᠢᠯ᠎ᠤᠨ ᠡᠯ᠎ᠡ ᠬᠦᠷᠢᠶ᠎ᠡ ᠪᠥᠬᠦ᠌ ᠶᠠᠪᠤᠴᠠ᠎ᠳᠤ ᠲᠤᠭᠤᠱᠢᠯᠠᠭᠤᠯᠬᠤ ᠬᠡᠷᠡᠭ᠌ᠲᠡᠢ》 ᠭᠡᠵᠦ᠍ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠯᠢ ᠴᠢᠶᠣᠤ ᠢᠯᠡᠳᠭᠡᠪᠡ᠃
《ᠱᠢᠨ᠎ᠡ ᠴᠠᠭ ᠦᠶ᠎ᠡ᠎ᠶ᠋ᠢᠨ ᠵᠠᠯᠠᠭᠤᠴᠤᠳ ᠪᠣᠯᠤᠭ᠍ᠰᠠᠨ᠎ᠤ ᠬᠤᠪᠢ᠎ᠳᠤ᠂ ᠪᠢ ᠯᠠᠪᠲᠠᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠬᠥᠯᠥᠨ ᠪᠤᠢᠷ ᠳᠡᠭᠡᠳᠦ ᠰᠤᠷᠭᠠᠭᠤᠯᠢ᠎ᠶ᠋ᠢᠨ ᠰᠤᠷᠤᠬ᠍ᠴᠢ ᠯᠢᠶᠠᠩ ᠳ᠋ᠦᠩ ᠮᠧᠢ ᠶᠠᠷᠢᠪᠠ᠃
ᠲᠤᠰ ᠡᠳᠦᠷ᠎ᠤᠨ ᠦᠳᠡ᠎ᠶ᠋ᠢᠨ ᠬᠤᠢᠨ᠎ᠠ᠂ ᠤᠬᠠᠭᠤᠯᠤᠨ ᠲᠠᠢᠯᠪᠤᠷᠢᠯᠠᠬᠤ ᠪᠦᠯᠬᠦᠮ ᠬᠠᠭᠤᠴᠢᠨ ᠪᠠᠷᠭᠤ ᠬᠤᠱᠢᠭᠤᠨ᠎ᠤ ᠪᠠᠶᠠᠨᠬᠦ᠋ᠷᠢᠶ᠎ᠡ ᠪᠠᠯᠭᠠᠰᠤᠨ᠎ᠤ ᠲᠥᠪᠱᠢᠨ ᠨᠡᠢᠭᠡᠮ ᠲᠣᠭᠤᠷᠢᠭ᠎ᠲᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ᠃ ᠬᠤᠱᠢᠭᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠬᠠᠮᠢᠶ᠎ᠠ ᠪᠦᠬᠦᠢ ᠬᠥᠮᠦᠰ ᠵᠢᠴᠢ ᠲᠥᠪᠱᠢᠨ ᠨᠡᠢᠭᠡᠮ ᠲᠣᠭᠤᠷᠢᠭ᠎ᠤᠨ ᠺᠠᠳ᠋ᠷ ᠠᠵᠢᠯᠲᠠᠨ᠂ ᠨᠠᠮ᠎ᠤᠨ ᠭᠡᠱᠢᠭᠦᠨ᠂ ᠣᠯᠠᠨ ᠲᠦᠮᠡᠨ ᠤᠬᠠᠭᠤᠯᠤᠨ ᠲᠠᠢᠯᠪᠦᠷᠢᠯᠠᠯᠲᠠᠶ᠋ᠢ ᠬᠠᠮᠲᠤ᠎ᠪᠠᠷ ᠰᠣᠨᠣᠰᠴᠠᠢ᠃
《ᠤᠬᠠᠭᠤᠯᠤᠨ ᠲᠠᠢᠯᠪᠤᠷᠢᠯᠠᠯᠲᠠ᠎ᠨᠢ ᠮᠠᠨ᠎ᠤ ᠬᠤᠱᠢᠭᠤᠨ᠎ᠤ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠣᠶ ᠪᠣᠯᠭᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠬᠠᠭᠤᠴᠢᠨ ᠪᠠᠷᠭᠤ ᠬᠤᠱᠢᠭᠤᠨ᠎ᠳᠤ ᠨᠠᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ᠎ᠶ᠋ᠢ ᠲᠦᠯᠬᠢᠨ ᠠᠬᠢᠭᠤᠯᠬᠤ᠎ᠳᠤ ᠴᠢᠬᠤᠯᠠ ᠵᠢᠯᠣᠭᠤᠳᠭᠤ ᠠᠴᠢ ᠬᠤᠯᠪᠣᠭ᠍ᠳᠠᠯ᠎ᠲᠠᠢ》 ᠭᠡᠵᠦ᠍ ᠬᠠᠭᠤᠴᠢᠨ ᠪᠠᠷᠭᠤ ᠬᠤᠱᠢᠭᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠪᠠᠢᠩᠭᠤ᠎ᠶ᠋ᠢᠨ ᠳᠡᠳ᠋ ᠳᠠᠷᠤᠭ᠎ᠠ ᠬᠥᠭ᠌ᠵᠢᠯ ᠶᠠᠷᠢᠨ᠎ᠠ᠃