ᠲᠦᠷᠦᠬᠦᠬᠡᠨ᠂ ᠰᠤᠷᠪᠤᠯᠵᠢᠯᠠᠭ᠍ᠴᠢ ᠪᠠᠶᠠᠨᠨᠠᠭᠤᠷ ᠬᠤᠲᠠ᠎ᠶ᠋ᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠠᠴᠠ ᠣᠢᠯᠠᠭᠠᠭ᠍ᠰᠠᠨ᠎ᠢᠶᠠᠷ᠂ ᠣᠢᠷ᠎ᠠ᠎ᠳᠤ᠂ ᠪᠥᠬᠦ᠌ ᠤᠯᠤᠰ᠎ᠤᠨ ᠭᠦᠨ ᠤᠬᠠᠭᠠᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠠᠵᠢᠯ᠎ᠤᠨ ᠠᠯᠪᠠᠨ ᠬᠡᠷ 2021 ᠣᠨ᠎ᠤ ᠤᠯᠤᠰ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠦ᠎ᠶ᠋ᠢᠨ ᠣᠨ᠎ᠤ ᠲᠥᠷᠥᠯ ᠵᠦᠢᠯ ᠪᠠ ᠵᠠᠯᠠᠭᠤᠴᠤᠳ᠎ᠤᠨ ᠲᠥᠷᠥᠯ ᠵᠦᠢᠯ᠎ᠤᠨ ᠰᠡᠳᠦᠪ ᠲᠣᠭ᠍ᠲᠠᠭᠠᠭ᠍ᠰᠠᠨ ᠦᠷ᠎ᠡ ᠳ᠋ᠦᠩ᠎ᠢ ᠨᠡᠢᠲᠡᠯᠡᠵᠦ᠍᠂ ᠥᠪᠥᠷ ᠮᠣᠩᠭᠤᠯ᠎ᠤᠨ ᠪᠣᠷᠣᠲᠣᠬᠤᠶ᠎ᠶ᠋ᠢᠨ ᠰᠣᠶᠣᠯ᠎ᠤᠨ ᠰᠤᠳᠤᠯᠭᠠᠨ᠎ᠤ ᠭᠠᠵᠠᠷ᠎ᠤᠨ ᠭᠤᠶᠤᠴᠢᠯᠠᠨ ᠮᠡᠳᠡᠭᠦᠯᠦᠭ᠌ᠰᠡᠨ 《ᠥᠪᠥᠷ ᠮᠣᠩᠭᠤᠯ᠎ᠤᠨ ᠤᠷᠠᠳ᠎ᠤᠨ ᠳᠤᠮᠳᠠᠳᠤ ᠬᠤᠱᠢᠭᠤᠨ᠎ᠤ ᠮᠤᠨᠢ ᠠᠭᠤᠯᠠ᠎ᠶ᠋ᠢᠨ ᠬᠠᠲᠠᠨ ᠵᠢᠷᠤᠭ᠎ᠤᠨ ᠮᠠᠲ᠋ᠧᠷᠢᠶᠠᠯ᠎ᠤᠨ ᠡᠮᠬᠢᠳᠭᠡᠯ ᠪᠠ ᠰᠤᠳᠤᠯᠭᠠᠨ》 ᠬᠡᠬᠦ᠌ ᠰᠤᠳᠤᠯᠭᠠᠨ᠎ᠤ ᠰᠡᠳᠦᠪ᠎ᠨᠢ ᠤᠯᠤᠰ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠦ᠎ᠶ᠋ᠢᠨ ᠲᠥᠷᠥᠯ ᠵᠦᠢᠯ᠎ᠤᠨ ᠬᠠᠭᠤᠴᠢ ᠰᠤᠳᠤᠯᠤᠯ᠎ᠤᠨ ᠰᠤᠳᠤᠯᠭᠠᠨ᠎ᠤ ᠰᠡᠳᠦᠪ᠎ᠢᠶᠠᠷ ᠲᠤᠭ᠍ᠲᠠᠭᠠᠭ᠍ᠳᠠᠪᠠ᠃
2017 ᠣᠨ᠎ᠠᠴᠠ ᠨᠠᠭᠠᠰᠢ᠂ ᠥᠪᠥᠷ ᠮᠣᠩᠭᠤᠯ᠎ᠤᠨ ᠪᠣᠷᠣᠲᠣᠬᠤᠶ᠎ᠶ᠋ᠢᠨ ᠰᠣᠶᠣᠯ᠎ᠤᠨ ᠰᠤᠳᠤᠯᠭᠠᠨ᠎ᠤ ᠭᠠᠵᠠᠷ᠎ᠤᠨ᠎ᠬᠢᠨ ᠵᠠᠯᠠᠭᠤ ᠲᠤᠰᠭᠠᠶ ᠮᠡᠷᠭᠡᠵᠢᠯᠲᠡᠨ᠂ ᠲᠣᠬᠠᠢ᠎ᠶ᠋ᠢᠨ ᠭᠠᠵᠠᠷ᠎ᠤᠨ ᠲᠤᠰᠭᠠᠶ ᠮᠡᠷᠭᠡᠵᠢᠯᠲᠡᠨ᠎ᠢ ᠬᠥᠮᠦᠵᠢᠭᠦᠯᠬᠦ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ᠎ᠶ᠋ᠢᠨ ᠬᠠᠮᠲᠤ᠌᠂ ᠡᠷᠳᠡᠮ ᠱᠢᠨᠵᠢᠯᠡᠭᠡᠨ᠎ᠤ ᠰᠤᠳᠤᠯᠭᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ᠎ᠶ᠋ᠢ ᠲᠣᠭ᠍ᠲᠠᠭᠠᠵᠤ᠂ ᠢᠯᠠᠩᠭᠤᠶ᠎ᠠ ᠮᠤᠨᠢ ᠠᠭᠤᠯᠠ᠎ᠶ᠋ᠢᠨ ᠬᠠᠲᠠᠨ ᠵᠢᠷᠤᠭ᠎ᠤᠨ ᠰᠤᠳᠤᠯᠭᠠᠨ᠎ᠤ ᠲᠠᠰᠤᠭ᠎ᠢ ᠪᠠᠢᠭᠤᠯᠵᠤ᠂ ᠪᠠᠶᠠᠨᠨᠠᠭᠤᠷ ᠬᠤᠲᠠ᠎ᠶ᠋ᠢᠨ ᠮᠤᠨᠢ ᠠᠭᠤᠯᠠ᠎ᠶ᠋ᠢᠨ ᠬᠠᠲᠠᠨ ᠵᠢᠷᠤᠭ᠎ᠢ ᠳᠡᠯᠡᠬᠡᠶ᠎ᠶ᠋ᠢᠨ ᠰᠣᠶᠣᠯ᠎ᠤᠨ ᠥᠪ᠎ᠢᠶᠠᠷ ᠭᠤᠶᠤᠴᠢᠯᠠᠨ ᠮᠡᠳᠡᠭᠦᠯᠬᠦ᠌ ᠰᠠᠭᠤᠷᠢ ᠰᠤᠳᠤᠯᠭᠠᠨ᠂ ᠠᠷᠭ᠎ᠠ ᠵᠠᠮ᠎ᠤᠨ ᠰᠤᠳᠤᠯᠭᠠᠨ᠎ᠤ ᠲᠠᠯ᠎ᠠ᠎ᠪᠠᠷ ᠣᠯᠠᠨ ᠰᠤᠳᠤᠯᠭᠠᠨ᠎ᠤ ᠰᠡᠳᠦᠪ᠎ᠤᠨ ᠲᠥᠷᠥᠯ ᠵᠦᠢᠯ᠎ᠢ ᠥᠷᠨᠢᠭᠦᠯᠵᠦ᠍᠂ ᠮᠤᠨᠢ ᠠᠭᠤᠯᠠ᠎ᠶ᠋ᠢᠨ ᠬᠠᠲᠠᠨ ᠵᠢᠷᠤᠭ᠎ᠢ ᠳᠡᠯᠡᠬᠡᠶ᠎ᠶ᠋ᠢᠨ ᠰᠣᠶᠣᠯ᠎ᠤᠨ ᠥᠪ᠎ᠢᠶᠠᠷ ᠭᠤᠶᠤᠴᠢᠯᠠᠨ ᠮᠡᠳᠡᠭᠦᠯᠬᠦ᠌ ᠰᠠᠭᠤᠷᠢ ᠴᠢᠨᠠᠷᠲᠠᠶ ᠰᠤᠳᠤᠯᠭᠠᠨ ᠬᠦᠷᠦᠯᠴᠡᠬᠦ᠌ ᠥᠬᠡᠶ ᠪᠠᠢᠬᠤ ᠰᠠᠭᠠᠳ ᠳᠤᠳᠠᠭᠤᠳᠠᠯ᠎ᠢ ᠨᠦᠬᠦᠪᠦᠷᠢᠯᠡᠵᠠᠢ᠃ ᠲᠣᠰ ᠰᠤᠳᠤᠯᠭᠠᠨ᠎ᠤ ᠲᠤᠰᠭᠠᠶ ᠰᠡᠳᠦᠪ ᠪᠣᠯ ᠥᠪᠥᠷ ᠮᠣᠩᠭᠤᠯ᠎ᠤᠨ ᠪᠣᠷᠣᠲᠣᠬᠤᠶ᠎ᠶ᠋ᠢᠨ ᠰᠣᠶᠣᠯ᠎ᠤᠨ ᠰᠤᠳᠤᠯᠭᠠᠨ᠎ᠤ ᠭᠠᠵᠠᠷ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠦ᠎ᠶ᠋ᠢᠨ ᠲᠥᠷᠥᠯ ᠵᠦᠢᠯ 《ᠮᠤᠨᠢ ᠠᠭᠤᠯᠠ᠎ᠶ᠋ᠢᠨ ᠬᠠᠲᠠᠨ ᠵᠢᠷᠤᠭ᠎ᠤᠨ ᠲᠠᠢᠯᠤᠮᠵᠢ ᠳ᠋ᠧᠩᠺᠸᠤ᠎ᠶ᠋ᠢᠨ ᠪᠣᠲᠢ》 ᠭᠡᠬᠦ᠌ ᠰᠡᠳᠦᠪ᠎ᠢ ᠣᠯᠤᠭ᠍ᠰᠠᠨ᠎ᠤ ᠳᠠᠷᠠᠭᠠᠬᠢ ᠤᠯᠤᠰ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠦ᠎ᠶ᠋ᠢᠨ ᠲᠥᠷᠥᠯ ᠵᠦᠢᠯ ᠪᠠᠢᠭᠤᠯᠬᠤ ᠴᠢᠬᠤᠯᠠ ᠶᠡᠭᠡ ᠱᠢᠪᠲᠤᠯᠤᠯᠲᠠ ᠪᠣᠯᠤᠨ᠎ᠠ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号