ᠤᠢ᠍ᠢᠷ᠎ᠡ᠎ᠶ᠋ᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠬ᠍ᠯᠠᠯᠲᠠ᠎ᠶ᠋ᠢᠨ ᠲᠢᠩᠬᠢᠮ ᠪᠣᠯᠤᠨ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ᠎ᠶ᠋ᠢᠨ ᠥᠪᠥᠷ ᠮᠣᠩᠭᠤᠯ᠎ᠤᠨ ᠬᠤᠪᠢᠶᠠᠷᠢ ᠪᠠᠩᠬᠢ ᠮᠥᠩᠭᠦᠨ ᠭᠦᠢᠯᠭᠡᠭᠡᠨ᠎ᠢᠶᠠᠷ ᠤᠰᠤᠨ ᠠᠱᠢᠬ᠍ᠯᠠᠯᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌ ᠬᠠᠮᠲᠤᠷᠠᠯᠴᠠᠭᠠᠨ᠎ᠤ ᠵᠥᠪᠯᠡᠯᠴᠡᠭᠡᠷ ᠲᠤᠬ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠬ᠍ᠯᠠᠯᠲᠠ᠎ᠶ᠋ᠢᠨ ᠲᠢᠩᠬᠢᠮ ᠪᠣᠯᠤᠨ ᠲᠠᠷᠢᠶᠠᠯᠠᠩ᠎ᠤᠨ ᠪᠠᠩᠬᠢ᠎ᠶ᠋ᠢᠨ ᠥᠪᠥᠷ ᠮᠣᠩᠭᠤᠯ᠎ᠤᠨ ᠬᠤᠪᠢᠶᠠᠷᠢ ᠪᠠᠩᠬᠢ᠎ᠶ᠋ᠢᠨ ᠬᠠᠮᠢᠶ᠎ᠠ ᠪᠥᠬᠦᠶ ᠤᠳᠤᠷᠢᠳᠤᠯᠭ᠎ᠠ ᠲᠣᠰ ᠲᠣᠰ ᠬᠤᠶᠠᠷ ᠲᠠᠯ᠎ᠠ᠎ᠶ᠋ᠢ ᠲᠥᠯᠥᠭᠡᠯᠡᠨ ᠬᠠᠮᠲᠤᠷᠠᠯᠴᠠᠭᠠᠨ᠎ᠤ ᠵᠥᠪᠯᠡᠯᠴᠡᠭᠡᠷ᠎ᠲᠤ ᠭᠠᠷᠤᠨ ᠦᠰᠦᠭ ᠵᠢᠷᠤᠵᠠᠢ᠃
ᠲᠤᠰ ᠤᠳᠠᠭ᠎ᠠ᠎ᠶ᠋ᠢᠨ ᠵᠦᠪᠯᠡᠯᠴᠡᠭᠡᠷ᠎ᠤᠨ ᠭᠠᠷᠤᠨ ᠦᠰᠦᠭ ᠵᠢᠷᠤᠬᠤ ᠶᠣᠰᠣᠯᠠᠯ᠎ᠨᠢ ᠸᠢᠳᠢᠣ᠋ ᠬᠤᠷᠠᠯ᠎ᠤᠨ ᠬᠡᠯᠪᠡᠷᠢ᠎ᠪᠠᠷ ᠶᠠᠪᠤᠭ᠍ᠳᠠᠪᠠ᠃ ᠡᠨᠡ᠎ᠨᠢ ᠬᠤᠶᠠᠷ ᠲᠠᠯ᠎ᠠ᠎ᠶ᠋ᠢᠨ ᠬᠠᠮᠲᠤᠷᠠᠯᠴᠠᠭ᠎ᠠ ᠱᠢᠨ᠎ᠡ ᠱᠠᠲᠤᠨ᠎ᠳᠤ ᠤᠷᠤᠬ᠍ᠰᠠᠨ᠎ᠢ ᠬᠠᠷᠠᠭᠤᠯᠵᠤ ᠪᠠᠢᠨ᠎ᠠ᠃ ᠬᠤᠶᠠᠷ ᠲᠠᠯ᠎ᠠ᠎ᠪᠠᠷ᠎ᠢᠶᠠᠨ ᠡᠭᠦᠨ᠎ᠢᠶᠠᠷ ᠠᠵᠠ ᠲᠣᠬᠢᠶᠠᠯ ᠪᠣᠯᠭᠠᠵᠤ᠂ ᠨᠡᠩ ᠥᠷᠭᠡᠨ ᠳᠡᠯᠭᠡᠷ ᠨᠡᠩ ᠭᠦᠨ ᠳᠠᠪᠬᠤᠷᠭ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠬᠠᠷᠢᠯᠴᠠᠭ᠎ᠠ᠎ᠶ᠋ᠢ ᠤᠯᠠᠮ ᠴᠢᠨᠠᠭ᠍ᠰᠢᠳᠠ ᠪᠠᠢᠭᠤᠯᠵᠤ᠂ ᠥᠪᠥᠷ ᠮᠣᠩᠭᠤᠯ᠎ᠤᠨ ᠤᠰᠤᠨ ᠠᠱᠢᠬ᠍ᠯᠠᠯᠲᠠ᠎ᠶ᠋ᠢᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠭᠠᠷ ᠬᠤᠯᠪᠣᠨ ᠠᠬᠢᠭᠤᠯᠵᠤ᠂ ᠪᠦᠬᠦ᠌ ᠣᠷᠣᠨ᠎ᠤ ᠠᠮᠢ ᠠᠬᠤᠢ᠎ᠶ᠋ᠢᠨ ᠬᠠᠮᠠᠭᠠᠯᠠᠯᠲᠠ ᠪᠣᠯᠤᠨ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠳᠤ ᠬᠦᠴᠦᠲᠡᠢ ᠲᠤᠯᠭᠠᠭᠤᠷᠢᠯᠠᠯ ᠬᠠᠩᠭᠠᠬᠤ᠎ᠶ᠋ᠢ ᠬᠦᠰᠡᠵᠦ᠍ ᠪᠠᠢᠨ᠎ᠠ ᠭᠡᠵᠦ᠍ ᠵᠢᠭᠠᠵᠤ ᠭᠠᠷᠭᠠᠪᠠ᠃
ᠲᠣᠰ ᠤᠳᠠᠭ᠎ᠠ᠎ᠶ᠋ᠢᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠭ᠍ᠲᠠᠭ᠍ᠰᠠᠨ᠎ᠨᠢ ᠬᠤᠶᠠᠷ ᠲᠠᠯ᠎ᠠ᠎ᠪᠠᠷ᠎ᠢᠶᠠᠨ 《ᠬᠥᠬᠡᠮᠳᠦᠭ ᠨᠣᠭᠤᠭᠠᠨ ᠠᠭᠤᠯᠠ ᠤᠰᠤ ᠪᠣᠯ ᠲᠠᠷᠤᠢ ᠠᠯᠲᠠ ᠮᠥᠩᠭᠦᠨ ᠠᠭᠤᠯᠠ》 ᠭᠡᠬᠦ᠌ ᠣᠢᠯᠠᠭᠠᠭ᠍ᠳᠠᠬᠤᠨ᠎ᠢ ᠭᠦᠨᠵᠡᠭᠡᠶ ᠦᠢᠯᠡᠳᠦᠯᠭᠡᠵᠢᠭᠦᠯᠵᠦ᠍᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠬᠤᠶᠠᠷ ᠲᠠᠯ᠎ᠠ᠎ᠶ᠋ᠢᠨ ᠬᠠᠮᠲᠤᠷᠠᠯᠴᠠᠭ᠎ᠠ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠬᠠᠮᠲᠤ᠎ᠪᠠᠷ ᠠᠱᠢᠭ ᠭᠥᠷᠳᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠤᠶᠠᠷ ᠲᠠᠯ᠎ᠠ᠎ᠪᠠᠷ᠎ᠢᠶᠠᠨ ᠬᠠᠮᠲᠤᠷᠠᠯᠴᠠᠭ᠎ᠠ᠎ᠪᠠᠨ ᠤᠯᠠᠮ ᠨᠢᠭ᠍ᠲᠠᠷᠠᠭᠤᠯᠵᠤ᠂ ᠱᠢᠨ᠎ᠡ᠎ᠶ᠋ᠢ ᠡᠭᠦᠳᠬᠦ᠌ ᠡᠷᠴᠢᠮ᠎ᠢᠶᠠᠨ ᠴᠢᠩᠭᠠᠷᠠᠭᠤᠯᠵᠤ᠂ ᠤᠯᠤᠯᠴᠠᠭ᠎ᠠ᠂ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠤ᠂ ᠪᠦᠳᠦᠭᠦᠪᠴᠢ ᠵᠥᠪᠯᠡᠯᠴᠡᠭᠡᠷ᠎ᠤᠨ ᠠᠭᠤᠯᠭ᠎ᠠ᠎ᠶ᠋ᠢᠨ ᠬᠡᠷᠡᠭ᠌ᠵᠢᠭᠦᠯᠦᠯᠲᠡ ᠪᠠ ᠨᠠᠢᠳᠠᠪᠤᠷᠢᠵᠢᠭᠤᠯᠤᠯᠲᠠ᠎ᠶ᠋ᠢ ᠬᠠᠮᠲᠤ᠎ᠪᠠᠷ ᠴᠢᠷᠮᠠᠢᠨ ᠠᠬᠢᠭᠤᠯᠬᠤ᠎ᠶ᠋ᠢ ᠬᠦᠰᠡᠵᠦ᠍ ᠪᠠᠢᠨ᠎ᠠ ᠭᠡᠵᠦ᠍ ᠴᠢᠬᠤᠯᠠᠴᠢᠯᠠᠪᠠ᠃