ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ᠂ ᠤᠮᠠᠷᠠᠲᠤ ᠣᠷᠣᠨ᠎ᠤ ᠡᠪᠦᠯ᠎ᠤᠨ ᠤᠯᠠᠷᠢᠯ᠎ᠤᠨ ᠳᠤᠯᠠᠭᠠᠯᠠᠭ᠎ᠠ᠎ᠶ᠋ᠢᠨ ᠬᠤᠭᠤᠴᠠᠭ᠎ᠠ ᠬᠦᠷᠴᠦ᠍ ᠢᠷᠡᠬᠦ᠌᠎ᠶ᠋ᠢ ᠳᠠᠭᠠᠯᠳᠤᠨ᠂ ᠡᠨᠧᠷᠭᠢ᠂ ᠤᠯᠤᠰ᠎ᠤᠨ ᠭᠠᠵᠠᠷ ᠱᠢᠷᠣᠶ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠬᠠᠮᠲᠤᠷᠠᠨ ᠨᠡᠭᠦᠷᠡᠰᠦᠨ ᠠᠭᠤᠷᠬᠠᠶ᠎ᠶ᠋ᠢᠨ ᠦᠶ᠋ᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠭᠠᠷᠳᠠᠮ ᠭᠦᠶ᠋ᠴᠡᠳᠭᠡᠬᠦ᠌᠎ᠶ᠋ᠢ ᠲᠦᠷᠭᠡᠳᠭᠡᠨ᠂ ᠴᠠᠬᠢᠯᠭᠠᠨ ᠭᠠᠷᠭᠠᠬᠤ᠎ᠳᠤ ᠬᠡᠷᠡᠭ᠌ᠯᠡᠬᠦ᠌ ᠨᠡᠭᠦᠷᠡᠰᠦᠨ᠎ᠤ ᠳᠤᠮᠳᠠ ᠣᠷᠳᠣ ᠬᠤᠭᠤᠴᠠᠭᠠᠨ᠎ᠤ ᠵᠦᠪᠯᠡᠯᠴᠡᠭᠡᠷ᠎ᠢ ᠨᠦᠭᠦᠵᠦ᠍ ᠲᠣᠭ᠍ᠲᠠᠬᠤ ᠠᠵᠢᠯ᠎ᠢ ᠢᠳᠡᠪᠬᠢᠲᠡᠶ ᠨᠠᠢᠳᠠᠪᠤᠷᠢᠵᠢᠭᠤᠯᠵᠤ᠂ ᠡᠨᠡ ᠡᠪᠦᠯ ᠢᠷᠡᠬᠦ᠌ ᠬᠠᠪᠤᠷ᠎ᠤᠨ ᠨᠡᠭᠦᠷᠡᠰᠦᠨ᠎ᠤ ᠬᠠᠩᠭᠠᠯᠭ᠎ᠠ᠎ᠶ᠋ᠢ ᠴᠢᠷᠮᠠᠢᠨ ᠲᠣᠭ᠍ᠲᠠᠪᠤᠷᠢᠵᠢᠭᠤᠯᠵᠦ᠍ ᠪᠣᠶ᠃
ᠣᠷᠳᠣᠰ ᠪᠣᠯ ᠮᠠᠨ᠎ᠤ ᠤᠯᠤᠰ᠎ᠤᠨ ᠨᠡᠭᠦᠷᠡᠰᠦᠨ᠎ᠤ ᠦᠶ᠋ᠯᠡᠳᠪᠦᠷᠢᠯᠡᠯ᠎ᠤᠨ ᠲᠣᠮᠣ ᠬᠤᠲᠠ ᠮᠥᠨ᠂ ᠨᠡᠭᠦᠷᠡᠰᠦᠨ᠎ᠤ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ᠎ᠶ᠋ᠢᠨ ᠲᠥᠯᠥᠭᠡ᠂ ᠲᠣᠰ ᠬᠤᠲᠠ ᠣᠢᠷ᠎ᠠ᠎ᠶ᠋ᠢᠨ ᠬᠤᠭᠤᠴᠠᠭᠠᠨ᠎ᠳᠤ ᠨᠥᠬᠦᠴᠡᠯ ᠪᠦᠷᠢᠯᠳᠦᠭᠦᠯᠦᠭ᠌ᠰᠡᠨ ᠨᠡᠭᠦᠷᠡᠰᠦᠨ᠎ᠤ ᠠᠵᠤ ᠠᠬᠤᠢᠯᠠᠯ᠎ᠤᠨ ᠠᠵᠢᠯ ᠡᠬᠢᠯᠡᠭᠦᠯᠬᠦ᠌ ᠳᠠᠩᠰᠠᠯᠠᠯᠲᠠ ᠬᠢᠬᠦ᠌ ᠵᠢᠴᠢ ᠬᠠᠮᠲᠤᠷᠠᠨ ᠲᠤᠷᠱᠢᠨ ᠠᠵᠢᠯᠯᠠᠬᠤ ᠵᠡᠷᠭᠡ ᠠᠵᠢᠯ᠎ᠢ ᠢᠳᠡᠪᠬᠢᠲᠡᠶ ᠠᠬᠢᠭᠤᠯᠵᠤ᠂ ᠴᠢᠨᠠᠷ ᠰᠠᠢᠲᠠᠶ ᠦᠶ᠋ᠯᠡᠳᠪᠦᠷᠢᠯᠡᠬᠦ᠌ ᠴᠢᠳᠠᠪᠤᠷᠢ ᠪᠥᠬᠦᠶ ᠨᠡᠭᠦᠷᠡᠰᠦᠨ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠲᠦᠷᠭᠡᠳᠭᠡᠪᠡ᠃ ᠡᠨᠡ ᠵᠢᠯ᠎ᠠᠴᠠ ᠨᠠᠭᠠᠰᠢ᠂ ᠣᠷᠳᠣᠰ ᠬᠤᠲᠠ᠎ᠶ᠋ᠢᠨ 107 ᠵᠠᠳᠠᠭᠠᠶ ᠨᠡᠭᠦᠷᠡᠰᠦᠨ ᠠᠭᠤᠷᠬᠠᠶ ᠲᠦᠷ ᠴᠠᠭ ᠭᠠᠵᠠᠷ ᠬᠡᠷᠡᠭ᠌ᠯᠡᠬᠦ᠌ ᠡᠷᠬᠡ ᠤᠯᠵᠤ᠂ ᠬᠢᠨᠠᠨ ᠳᠤᠭ᠍ᠳᠠᠭᠠᠭ᠍ᠰᠠᠨ ᠦᠶ᠋ᠯᠡᠳᠪᠦᠷᠢᠯᠡᠬᠦ᠌ ᠴᠢᠳᠠᠪᠤᠷᠢ 1.69 ᠳ᠋ᠦᠩᠱᠢᠭᠤᠷ ᠲᠣᠨ᠎ᠳᠤ ᠬᠦᠷᠪᠡ᠃ 10 ᠰᠠᠷ᠎ᠠ᠎ᠶ᠋ᠢᠨ ᠡᠬᠢᠨ ᠪᠣᠯᠲᠠᠯ᠎ᠠ᠂ ᠣᠷᠳᠣᠰ ᠬᠤᠲᠠ᠎ᠶ᠋ᠢᠨ 225 ᠨᠡᠭᠦᠷᠡᠰᠦᠨ ᠠᠭᠤᠷᠬᠠᠶ ᠬᠡᠪ᠎ᠤᠨ ᠦᠶ᠋ᠯᠡᠳᠪᠦᠷᠢᠯᠡᠯ᠎ᠢᠶᠠᠨ ᠪᠠᠲᠤᠯᠠᠵᠤ᠂ ᠦᠶ᠋ᠯᠡᠳᠪᠦᠷᠢᠯᠡᠬᠦ᠌ ᠴᠢᠳᠠᠪᠤᠷᠢ᠎ᠨᠢ ᠵᠢᠯ ᠪᠦᠷᠢ 6.4 ᠳ᠋ᠦᠩᠱᠢᠭᠤᠷ ᠲᠣᠨ᠎ᠳᠤ ᠬᠦᠷᠴᠦ᠍᠂ ᠡᠳᠦᠷ ᠳᠤᠮᠳᠠᠴᠢ᠎ᠶ᠋ᠢᠨ ᠭᠠᠷᠤᠯᠲᠠ᠎ᠨᠢ 210 ᠲᠦᠮᠡᠨ ᠲᠣᠨ᠎ᠢ ᠳᠠᠪᠠᠵᠤ᠂ ᠡᠨᠡ ᠵᠢᠯ᠎ᠠᠴᠠ ᠨᠠᠭᠠᠱᠢᠬᠢ ᠣᠷᠭᠢᠯ ᠬᠡᠮᠵᠢᠶ᠎ᠠ᠎ᠳᠤ ᠬᠦᠷᠴᠡᠶ᠃
ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠎ᠤᠨ ᠴᠠᠬᠢᠯᠭᠠᠨ ᠭᠠᠷᠭᠠᠵᠤ ᠢᠯᠴᠢ ᠬᠠᠩᠭᠠᠬᠤ ᠨᠡᠭᠦᠷᠡᠰᠦ ᠬᠡᠷᠡᠭ᠌ᠯᠡᠬᠦ᠌ ᠳᠤᠮᠳᠠ ᠣᠷᠳᠣ ᠬᠤᠭᠤᠴᠠᠭᠠᠨ᠎ᠤ ᠭᠡᠷ᠎ᠡ᠎ᠳᠠᠬᠢ ᠨᠡᠭᠦᠷᠡᠰᠦᠨ᠎ᠤ ᠢᠷᠡᠯᠲᠡ᠎ᠶ᠋ᠢ ᠪᠠᠲᠤᠯᠠᠬᠤ᠎ᠶ᠋ᠢᠨ ᠲᠥᠯᠥᠭᠡ᠂ ᠥᠪᠥᠷ ᠮᠣᠩᠭᠤᠯ ᠨᠡᠭᠦᠷᠡᠰᠦᠨ᠎ᠤ ᠢᠷᠡᠯᠲᠡ᠎ᠶ᠋ᠢ ᠢᠳᠡᠪᠬᠢᠲᠡᠶ ᠵᠣᠬᠢᠴᠠᠭᠤᠯᠵᠤ᠂ ᠬᠠᠮᠢᠶ᠎ᠠ ᠪᠥᠬᠦᠶ ᠮᠤᠵᠢ (ᠣᠷᠣᠨ᠂ ᠬᠤᠲᠠ) ᠲᠠᠢ ᠵᠣᠯᠭᠠᠭᠤᠯᠵᠤ᠂ ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠶ᠋ᠢ ᠨᠠᠢᠳᠠᠪᠤᠷᠢᠵᠢᠭᠤᠯᠪᠠ᠃ ᠣᠳᠣᠬᠠᠨ᠎ᠳᠤ᠂ 18 ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) ᠶ᠋ᠢᠨ 5300 ᠲᠦᠮᠡᠨ ᠲᠣᠨ ᠨᠡᠭᠦᠷᠡᠰᠦᠨ᠎ᠤ ᠢᠷᠡᠯᠲᠡ᠎ᠶ᠋ᠢᠨ ᠡᠭᠦᠷᠭᠡ᠎ᠶ᠋ᠢ ᠪᠦᠬᠦᠨ᠎ᠢ 29 ᠭᠤᠤᠯᠳᠠᠯᠭ᠎ᠠ᠎ᠲᠠᠢ ᠨᠡᠭᠦᠷᠡᠰᠦᠨ᠎ᠤ ᠦᠶ᠋ᠯᠡᠳᠪᠦᠷᠢᠯᠡᠯ᠎ᠤᠨ ᠠᠵᠤ ᠠᠬᠤᠢᠯᠠᠯ᠎ᠳᠤ ᠬᠤᠪᠢᠶᠠᠨ ᠥᠭ᠌ᠴᠦ᠂ ᠴᠡᠭ᠎ᠲᠠᠢ ᠬᠠᠷᠠᠭᠠᠯᠵᠠᠭᠤᠯᠬᠤ ᠠᠷᠭ᠎ᠠ ᠮᠠᠶᠢᠭ᠎ᠢᠶᠠᠷ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) ᠳᠤ ᠵᠣᠬᠢᠴᠠᠭᠤᠯᠪᠠ᠃