10 ᠰᠠᠷ᠎ᠠ᠎ᠶ᠋ᠢᠨ 12 ᠤᠨ ᠡᠳᠦᠷ᠂ ᠦᠪᠡᠷᠳᠡᠭᠡᠨ ᠵᠠᠰᠠᠬᠤ ᠤᠷᠤᠨ᠎ᠤ ᠡᠮᠡᠭ᠌ᠳᠡᠢᠴᠦᠳ᠎ᠤᠨ ᠬᠤᠯᠪᠤᠭ᠎ᠠ᠎ᠠᠴᠠ ᠦᠪᠦᠷ ᠮᠤᠩᠭᠤᠯ᠎ᠤᠨ ᠡᠮᠡᠭ᠌ᠳᠡᠢᠴᠤᠳ ᠬᠡᠦᠬᠡᠳ᠎ᠤᠨ ᠴᠡᠴᠡᠷᠯᠢᠭ᠎ᠲᠤ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬ᠍ᠴᠠᠯᠠᠶᠠ》 ᠭᠡᠬᠦ᠌ ᠭᠤᠣᠯ ᠰᠡᠳᠦᠪᠲᠦ ᠱᠤᠭᠤᠮᠠᠯ᠎ᠤᠨ ᠬᠥᠱᠢᠭᠡ ᠰᠡᠬᠦᠬᠦ᠌ ᠶᠣᠰᠣᠯᠠᠯ᠂ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠤᠬᠠᠭᠤᠯᠭ᠎ᠠ ᠬᠥᠮᠦᠵᠢᠯ᠎ᠤᠨ ᠰᠠᠭᠤᠷᠢᠨ ᠪᠣᠯᠤᠨ ᠭᠡᠷ᠎ᠤᠨ ᠬᠥᠮᠦᠵᠢᠯ᠎ᠤᠨ ᠰᠠᠭᠤᠷᠢᠨ᠎ᠤ ᠫᠠᠢᠰᠠ ᠣᠯᠭᠤᠬᠤ ᠶᠣᠰᠣᠯᠠᠯ ᠵᠢᠴᠢ ᠤᠮᠠᠷᠠᠲᠤ ᠬᠢᠯᠢ᠎ᠶ᠋ᠢᠨ ᠪᠦᠰᠡᠭᠦᠢ ᠬᠤᠪᠴᠠᠰᠤ ᠵᠠᠰᠠᠯ᠎ᠤᠨ ᠱᠢᠨ᠎ᠡ᠎ᠶ᠋ᠢ ᠡᠭᠦᠳᠴᠤ᠌ ᠦᠢᠯᠡᠰ ᠪᠤᠰᠭᠠᠬᠤ ᠰᠠᠭᠤᠷᠢᠨ᠎ᠤ ᠫᠠᠢᠰᠡ ᠰᠡᠬᠦᠬᠦ᠌ ᠶᠤᠰᠤᠯᠠᠯ ᠶᠠᠪᠤᠭ᠍ᠳᠠᠵᠠᠢ᠃ ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠪᠠᠰᠠ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠤᠬᠠᠭᠤᠯᠭ᠎ᠠ᠎ᠶ᠋ᠢᠨ ᠭᠠᠷᠠᠭ᠎ᠤᠨ ᠠᠵᠢᠯᠯᠠᠭ᠎ᠠ᠎ᠶ᠋ᠢ ᠦᠷᠨᠢᠬᠦᠯᠵᠦ᠍᠂ 1000 ᠭᠠᠷᠤᠢ ᠬᠤᠪᠢ ᠤᠬᠠᠭᠤᠯᠭ᠎ᠠ᠎ᠶ᠋ᠢᠨ ᠮᠠᠲ᠋ᠧᠷᠢᠶᠠᠯ ᠲᠠᠷᠬᠠᠭᠠᠬᠤ᠎ᠶ᠋ᠢᠨ ᠬᠠᠮᠲᠤ᠌᠂ ᠡᠮᠡᠭ᠌ᠲᠡᠢᠴᠦᠳ᠎ᠢ ᠵᠣᠬᠢᠶᠠᠨ ᠪᠠᠢᠭᠤᠯᠵᠤ ᠰᠣᠶᠣᠯ ᠦᠵᠡᠭᠦᠯᠭᠡ᠎ᠶ᠋ᠢᠨ ᠲᠣᠭ᠍ᠯᠠᠯᠲᠠ ᠭᠠᠷᠭᠠᠪᠠ᠃
ᠲᠤᠰ ᠤᠳᠠᠭ᠎ᠠ᠎ᠶ᠋ᠢᠨ ᠠᠵᠢᠯᠯᠠᠭ᠎ᠠ᠎ᠨᠢ ᠲᠥᠪ᠎ᠤᠨ ᠦᠨᠳᠦᠰᠦᠳᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠡᠩ ᠣᠯᠠᠨ ᠡᠮᠡᠭ᠌ᠲᠡᠢᠴᠦᠳ᠎ᠢ ᠳᠠᠢᠴᠢᠯᠠᠵᠤ᠂ ᠨᠡᠩ ᠦᠷᠭᠡᠨ ᠬᠦᠨᠵᠡᠭᠡᠢ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬ᠍ᠴᠠᠯᠠᠬᠤ》 ᠭᠤᠣᠯ ᠰᠡᠳᠦᠪᠲᠦ ᠠᠵᠢᠯᠯᠠᠭ᠎ᠠ᠎ᠳᠤ ᠣᠷᠣᠯᠴᠠᠭᠤᠯᠬᠤ᠎ᠶ᠋ᠢ ᠵᠤᠷᠢᠵᠠᠢ᠃
ᠶᠤᠰᠤᠯᠠᠯ ᠲᠡᠭᠡᠷ᠎ᠡ᠂ ᠦᠷᠭᠡᠨ ᠤᠯᠠᠨ ᠡᠮᠡᠭ᠌ᠳᠡᠢᠴᠤᠳ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢ ᠭᠦᠨᠵᠡᠭᠡᠢ ᠰᠤᠷᠤᠯᠴᠠᠵᠤ᠂ ᠭᠦᠨᠵᠡᠭᠡᠢ ᠣᠢᠯᠠᠭᠠᠵᠤ᠂ ᠨᠡᠢᠭᠡᠮ᠎ᠤᠨ ᠠᠮᠢᠳᠤᠷᠠᠯ ᠪᠠ ᠭᠡᠷ ᠪᠦᠯᠢ᠎ᠶ᠋ᠢᠨ ᠠᠮᠢᠳᠤᠷᠠᠯ ᠳᠤᠮᠳᠠᠬᠢ ᠡᠮᠡᠭ᠌ᠳᠡᠢᠴᠦᠳ᠎ᠤᠨ ᠥᠪᠡᠷᠮᠢᠴᠡ ᠦᠢᠯᠡᠳᠦᠯ᠎ᠢᠶᠠᠨ ᠨᠡᠩ ᠰᠠᠢᠨ ᠪᠠᠳᠠᠷᠠᠭᠤᠯᠵᠤ᠂ ᠨᠡᠢᠭᠡᠮ ᠵᠢᠷᠤᠮ᠎ᠤᠨ ᠭᠡᠷ ᠪᠦᠯᠢ᠎ᠶ᠋ᠢᠨ ᠪᠣᠯᠪᠠᠰᠤᠨ ᠱᠢᠨ᠎ᠡ ᠰᠤᠷᠲᠠᠯ᠎ᠢ ᠪᠤᠢ ᠪᠤᠯᠭᠠᠬᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠭᠡᠷ ᠪᠦᠯᠢ ᠳᠤᠮᠳᠠ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠠ ᠦᠵᠡᠰᠭᠦᠯᠡᠩᠲᠦ ᠰᠠᠢᠬᠠᠨ ᠦᠪᠦᠷ ᠮᠤᠩᠭᠤᠯ᠎ᠢ ᠪᠦᠳᠦᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠶ᠋ᠢ ᠬᠠᠮᠲᠤ᠎ᠪᠠᠷ ᠲᠡᠷᠭᠡᠯᠱᠢᠭᠦᠯᠬᠦ᠌᠎ᠳᠤ ᠡᠮᠡᠭ᠌ᠳᠠᠢᠴᠤᠳᠤᠨ ᠬᠦᠴᠦᠨ ᠴᠢᠳᠠᠯ᠎ᠢᠶᠠᠨ ᠡᠷᠭᠦᠬᠦ᠌᠎ᠶ᠋ᠢ ᠴᠢᠬᠤᠯᠠᠴᠢᠯᠠᠪᠠ᠃