ᠦᠦᠱᠢᠨ ᠨᠤᠲᠤᠭ᠎ᠲᠤ ᠪᠠᠳᠮᠠᠯᠠᠨ ᠳᠡᠯᠭᠡᠷᠡᠭ᠌ᠰᠡᠨ ᠦᠨᠳᠦᠰᠦᠲᠡᠨ᠎ᠤ ᠪᠦᠯᠬᠦᠮᠳᠡᠯ᠎ᠤᠨ ᠴᠡᠴᠡᠭᠡᠰ
2021-10-15 10:03:14
ᠵᠣᠬᠢᠶᠠᠭ᠍ᠴᠢ᠄
ᠡᠷᠳᠡᠨᠢᠵᠢᠷᠭᠠᠯ
ᠣᠩᠱᠢᠭ᠍ᠰᠠᠨ ᠣᠳᠠᠭ᠎ᠠ᠄
★★★☆☆

ᠦᠦᠱᠢᠨ ᠬᠤᠱᠢᠭᠤᠨ᠎ᠤ ᠨᠠᠮ᠎ᠤᠨ ᠬᠤᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠯᠧᠺᠲ᠋ᠣᠷ ᠴᠧᠨ ᠬᠤᠤ ᠶᠤᠸᠠᠨ ᠣᠢᠷ᠎ᠠ᠎ᠳᠤ ᠡᠯ᠎ᠡ ᠭᠠᠴᠠᠭ᠎ᠠ ᠲᠣᠰᠭᠤᠨ᠂ ᠨᠡᠢᠭᠡᠮ ᠲᠣᠭᠤᠷᠢᠭ᠂ ᠦᠢᠯᠡᠳᠪᠦᠷᠢ ᠠᠭᠤᠷᠬᠠᠶ᠂ ᠠᠵᠤ ᠠᠬᠤᠢᠯᠠᠯ᠂ ᠰᠤᠷᠭᠠᠭᠤᠯᠢ᠎ᠪᠠᠷ ᠬᠦᠨᠵᠡᠬᠡᠢᠷᠡᠡ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠬᠡᠬᠦ᠌ ᠰᠡᠳᠣᠪ᠎ᠢᠶᠠᠷ ᠤᠬᠠᠭᠤᠯᠤᠨ ᠲᠠᠢᠯᠪᠤᠷᠢᠯᠠᠪᠠ᠃ ᠲᠡᠷᠡ᠄ 《ᠨᠠᠮ᠎ᠤᠨ ᠲᠥᠪ ᠬᠤᠷᠢᠶᠠᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠠᠵᠢᠯ᠎ᠤᠨ ᠱᠠᠭᠠᠷᠳᠠᠯᠭ᠎ᠠ᠎ᠶ᠋ᠢᠨ ᠲᠣᠭᠤᠷᠢᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠨᠳᠦᠰᠦᠲᠡᠨ᠎ᠤ ᠠᠵᠢᠯ᠎ᠤᠨ ᠭᠤᠤᠯ ᠰᠡᠳᠦᠪ ᠪᠠ ᠭᠤᠤᠯ ᠱᠤᠭᠤᠮ ᠪᠣᠯᠤᠨ᠎ᠠ᠂ ᠪᠢᠳᠡ ᠬᠠᠮᠵᠢᠯᠴᠠᠨ ᠬᠥᠳᠡᠯᠦᠯᠴᠡᠵᠦ᠍᠂ ᠳᠡᠭᠡᠳᠦ ᠳᠤᠤᠷᠠᠳᠤ ᠱᠠᠲᠤ᠎ᠪᠠᠷ᠎ᠢᠶᠠᠨ ᠰᠡᠳᠭᠢᠯ ᠨᠢᠭᠡᠳᠦᠨ᠂ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠵᠦ᠍᠂ ᠵᠣᠯ ᠵᠢᠷᠭᠠᠯᠲᠤ ᠰᠠᠢᠨ ᠰᠠᠢᠬᠠᠨ ᠠᠮᠢᠳᠤᠷᠠᠯ᠎ᠢ ᠴᠢᠷᠮᠠᠢᠨ ᠡᠭᠦᠳᠬᠦ᠌ ᠬᠡᠷᠡᠭ᠌ᠲᠡᠶ》 ᠬᠡᠵᠣ ᠦᠨᠳᠦᠰᠦᠲᠡᠨ᠎ᠤ ᠪᠦᠯᠬᠦᠮᠳᠡᠯ᠎ᠤᠨ ᠴᠢᠬᠤᠯᠠ ᠴᠢᠨᠠᠷ᠎ᠢ ᠳᠠᠬᠢᠨ ᠳᠠᠪᠲᠠᠨ ᠴᠢᠬᠤᠯᠠᠴᠢᠯᠠᠪᠠ᠃

ᠳᠣᠰ ᠬᠤᠱᠢᠭᠤᠨ᠎ᠳᠤ ᠣᠳᠣ ᠮᠣᠩᠭᠤᠯ᠂ ᠬᠢᠲᠠᠳ᠂ ᠬᠤᠲᠣᠩ᠂ ᠮᠠᠨᠵᠤ ᠵᠡᠷᠭᠡ 17 ᠦᠨᠳᠦᠰᠦᠲᠡᠨ᠎ᠤ 15 ᠲᠦᠮᠡᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠠᠮᠳᠤ ᠠᠮᠢᠳᠤᠷᠠᠵᠤ ᠪᠠᠢᠨ᠎ᠠ᠂ ᠡᠭᠦᠨ᠎ᠳᠤ ᠴᠥᠭᠡᠨ ᠲᠣᠭᠠᠲᠤ ᠦᠨᠳᠦᠰᠦᠲᠡᠨ 20% ᠎ᠶ᠋ᠢ ᠡᠵᠡᠯᠡᠵᠣ ᠪᠣᠢ᠃ ᠲᠡᠬᠡᠪᠡᠯ 《ᠪᠥᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ ᠬᠤᠱᠢᠭᠤ》 ᠪᠣᠯᠤᠭ᠍ᠰᠠᠨ᠎ᠤ ᠬᠤᠪᠢ᠎ᠳᠤ᠂ ᠲᠤᠰ ᠬᠤᠱᠢᠭᠤ ᠦᠨᠳᠦᠰᠦᠲᠡᠨ᠎ᠤ ᠪᠦᠯᠬᠦᠮᠳᠡᠯ᠎ᠤᠨ ᠠᠵᠢᠯ᠎ᠢ ᠬᠡᠷᠬᠢᠨ ᠬᠤᠱᠢᠭᠤᠨ᠎ᠤ᠎ᠪᠠᠨ ᠤᠯᠤᠰ ᠲᠥᠷᠥ᠍᠂ ᠠᠵᠤ ᠠᠬᠤᠶ᠂ ᠰᠣᠶᠣᠯ᠂ ᠨᠡᠢᠭᠡᠮ ᠵᠡᠷᠭᠡ ᠡᠯ᠎ᠡ ᠬᠦᠷᠢᠶᠡᠨ᠎ᠳᠤ ᠠᠭᠤᠰᠭᠠᠨ᠂ ᠬᠤᠱᠢᠭᠤᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠠᠴᠠ ᠬᠢᠷᠢ ᠵᠡᠷᠬᠡ ᠬᠦᠴᠦ᠍ ᠣᠷᠣᠭᠤᠯᠤᠭ᠍ᠰᠠᠨ ᠪᠣᠶ?

ᠦᠨᠳᠦᠰᠦᠲᠡᠨ᠎ᠤ ᠰᠣᠶᠣᠯ᠎ᠤᠨ ᠢᠲᠡᠭᠡᠯ᠎ᠢᠶᠠᠷ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠪᠠ᠃ ᠥᠢᠷ᠎ᠠ᠎ᠶ᠋ᠢᠨ ᠵᠢᠯ᠎ᠳᠤ᠂ ᠲᠤᠰ ᠬᠤᠱᠢᠭᠤ 《ᠳᠤᠮᠳᠠᠳᠤ ᠤᠯᠤᠰ᠎ᠤᠨ ᠱᠢᠷᠬᠤᠰᠣ᠎ᠶ᠋ᠢᠨ ᠠᠷᠠᠳ᠎ᠤᠨ ᠤᠷᠠᠯᠢᠭ᠎ᠤᠨ ᠨᠠᠢᠷ》᠂ 《ᠳᠤᠮᠳᠠᠳᠤ ᠤᠯᠤᠰ᠎ᠤᠨ ᠦᠦᠱᠢᠨ ᠮᠤᠷᠢᠨ ᠬᠤᠭᠤᠷ᠎ᠤᠨ ᠤᠷᠠᠯᠢᠭ᠎ᠤᠨ ᠨᠠᠢᠷ》 ᠵᠡᠷᠭᠡ ᠰᠣᠶᠣᠯ ᠣᠷᠠᠯᠢᠬ᠎ᠤᠨ ᠨᠠᠢᠷ᠎ᠢ ᠵᠣᠬᠢᠶᠠᠨ ᠪᠠᠢᠭᠤᠯᠵᠤ᠂ ᠲᠠᠯ᠎ᠠ ᠨᠤᠲᠤᠭ᠎ᠤᠨ ᠨᠠᠭᠠᠳᠤᠮ᠂ ᠤᠳᠭ᠎ᠠ ᠤᠷᠠᠯᠢᠭ᠎ᠤᠨ ᠴᠤᠭ᠍ᠯᠠᠭᠠᠨ᠂ 《ᠭᠤᠷᠪᠠ᠎ᠶ᠋ᠢ ᠬᠦᠷᠭᠡᠵᠦ᠍᠂ ᠲᠠᠪᠤ᠎ᠶ᠋ᠢ ᠣᠷᠣᠭᠤᠯᠬᠤ》 ᠵᠡᠷᠭᠡ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌ ᠱᠢᠷᠢᠰ ᠠᠵᠢᠯᠯᠠᠭ᠎ᠠ᠎ᠶ᠋ᠢ ᠪᠠᠢᠩᠭᠤ ᠥᠷᠨᠢᠭᠦᠯᠵᠦ᠍᠂ 《ᠵᠢᠷᠭᠤᠭᠠᠨ ᠪᠠᠢᠬᠤ》 ᠪᠠᠷᠢᠮᠵᠢᠶ᠎ᠠ ᠶᠣᠰᠣᠭᠠᠷ᠂ 《ᠨᠢᠭᠡ ᠣᠷᠳᠣᠨ᠂ ᠨᠢᠭᠡ ᠲᠣᠭᠤᠷᠢᠭ᠂ ᠨᠢᠭᠡ ᠰᠠᠭᠤᠷᠢᠨ》 ᠎ᠢᠶᠠᠷ ᠭᠤᠣᠯ ᠪᠣᠯᠭᠠᠭ᠍ᠰᠠᠨ ᠤᠨᠴᠠᠯᠢᠬ᠍ᠳᠤ ᠡᠭᠦᠳᠦᠨ ᠪᠠᠢᠭᠤᠯᠬᠤ ᠠᠵᠢᠯᠯᠠᠭ᠎ᠠ᠎ᠶ᠋ᠢᠨ ᠵᠢᠱ᠌ᠢᠶ᠎ᠠ ᠦᠵᠡᠭᠦᠯᠬᠦ᠌ ᠴᠡᠭ᠎ᠢ ᠴᠣᠭ᠍ᠴᠠᠯᠠᠵᠤ᠂ ᠤᠯᠠᠨ ᠲᠡᠰ ᠳᠠᠪᠬᠤᠷᠭ᠎ᠠ᠂ ᠤᠯᠠᠨ ᠠᠷᠭ᠎ᠠ ᠵᠠᠮ᠎ᠢᠶᠠᠷ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ 《ᠵᠢᠷᠭᠤᠭ᠎ᠠ᠎ᠶ᠋ᠢ ᠣᠷᠣᠭᠤᠯᠬᠤ》 ᠠᠵᠢᠯᠯᠠᠭ᠎ᠠ᠎ᠶ᠋ᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠤᠬᠠᠭᠤᠯᠭ᠎ᠠ ᠬᠥᠮᠦᠵᠢᠯ᠎ᠤᠨ ᠭᠤᠣᠯ ᠵᠢᠭ᠍ᠰᠠᠭᠠᠯ᠎ᠤᠨ ᠭᠠᠵᠠᠷ᠂ ᠭᠤᠣᠯ ᠠᠷᠭ᠎ᠠ ᠵᠠᠮ᠎ᠤᠨ ᠦᠢᠯᠡᠳᠦᠯ᠎ᠢ ᠨᠡᠯᠢᠶᠡᠳ ᠰᠠᠢᠨ ᠪᠠᠳᠠᠷᠠᠭᠤᠯᠪᠠ᠃

ᠦᠨᠳᠦᠰᠦᠲᠡᠨ᠎ᠤ ᠬᠠᠢᠷ᠎ᠠ ᠰᠡᠳᠭᠢᠯᠭᠡ᠎ᠪᠠᠷ ᠦᠨᠳᠦᠰᠦᠲᠡᠨ᠎ᠤ ᠪᠥᠯᠬᠦᠮᠳᠡᠯ᠎ᠢ ᠠᠬᠢᠭᠤᠯᠪᠠ᠃ ᠡᠨᠡ ᠵᠢᠯ ᠲᠣᠰ ᠬᠤᠱᠢᠭᠤ 《ᠦᠨᠳᠦᠰᠦᠳᠡᠨ᠎ᠨᠦᠭᠦᠳ ᠪᠦᠯᠬᠦᠮᠳᠡᠨ ᠨᠢᠭᠡ ᠭᠡᠷ ᠪᠦᠯᠢ᠎ᠶ᠋ᠢᠨ᠎ᠬᠢᠨ ᠮᠡᠳᠦ ᠲᠤᠳᠤᠨᠤᠰᠤᠭ》 ᠬᠡᠬᠦ᠌ ᠠᠵᠢᠯᠯᠠᠭ᠎ᠠ᠎ᠪᠠᠷ ᠭᠠᠷᠳᠠᠴᠠ ᠪᠣᠯᠭᠠᠵᠤ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠬᠠᠮᠠᠭᠠᠯᠠᠬᠤ ᠠᠯᠢ ᠣᠯᠠᠨ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠪᠡ᠃ ᠣᠳᠣ ᠪᠣᠯᠲᠠᠯ᠎ᠠ ᠲᠤᠰ ᠬᠤᠱᠢᠭᠤᠨ᠎ᠤ ᠤᠳᠤᠷᠢᠳᠭᠤ ᠺᠠᠳ᠋ᠷ᠂ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ 504 ᠲᠠᠯᠠᠪᠠᠶ ᠤᠳᠠᠭ᠎ᠠ ᠥᠷᠨᠢᠭᠦᠯᠵᠦ᠍᠂ ᠭᠥᠯᠢᠶᠡᠨ ᠠᠪᠤᠭ᠍ᠰᠠᠳ᠎ᠤᠨ ᠲᠤᠭ᠎ᠠ 8338 ᠬᠦᠷᠴᠤ᠌᠂ 191 ᠵᠤᠷᠪᠤᠰ ᠰᠠᠨᠠᠯ ᠰᠠᠨᠠᠭᠤᠯᠭ᠎ᠠ ᠬᠤᠷᠢᠶᠠᠵᠤ᠂ 308 ᠵᠥᠷᠢᠴᠡᠯ ᠵᠠᠭᠤᠷᠠᠭᠠᠨ᠎ᠢ ᠨᠠᠮᠳᠠᠭᠤᠯᠵᠤ᠂ ᠲᠦᠪᠡᠭ ᠪᠤᠳᠤᠯᠢᠶᠠᠠ᠎ᠲᠠᠢ 609 ᠬᠡᠷᠡᠭ᠎ᠢ ᠱᠢᠢᠳᠪᠤᠷᠢᠯᠡᠵᠦ᠍᠂ 1058 ᠶᠠᠳᠠᠭᠤ ᠬᠦᠴᠢᠷᠳᠡᠯᠲᠡᠶ ᠣᠯᠠᠨ ᠲᠦᠮᠡᠨ᠎ᠢ ᠲᠣᠬᠤᠨᠢᠭᠤᠯᠵᠤ᠂ 406 ᠵᠦᠢᠯ᠎ᠤᠨ ᠦᠢᠯᠡᠳᠪᠦᠷᠢᠯᠡᠯ ᠠᠮᠢᠳᠤᠷᠠᠯ᠎ᠤᠨ ᠬᠦᠴᠢᠷᠳᠡᠯ᠎ᠢ ᠬᠠᠪᠰᠤᠷᠤᠨ ᠱᠢᠢᠳᠪᠤᠷᠢᠯᠡᠵᠤ᠂ 175 ᠵᠤᠷᠪᠤᠰ ᠠᠵᠢᠯ᠎ᠤᠨ ᠰᠠᠨᠠᠯ᠎ᠢ ᠰᠣᠨᠣᠰᠴᠤ᠌᠂ ᠺᠠᠳ᠋ᠷ ᠠᠵᠢᠯᠲᠠᠨ ᠠᠵᠢᠯᠴᠢᠨ ᠪᠠ ᠣᠯᠠᠨ ᠲᠦᠮᠡᠨ᠎ᠤ ᠦᠨᠳᠦᠰᠦᠲᠡᠨ᠎ᠤ ᠬᠠᠢᠷ᠎ᠠ ᠰᠡᠳᠭᠢᠯᠭᠡ᠎ᠶ᠋ᠢ ᠵᠤᠵᠠᠭᠠᠳᠭᠠᠵᠠᠢ᠃

ᠠᠵᠤ ᠦᠢᠯᠡᠰ᠎ᠤᠨ ᠬᠥᠭ᠌ᠵᠢᠯᠲᠡ᠎ᠪᠠᠷ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠪᠠ᠃ ᠲᠤᠰ ᠬᠤᠱᠢᠭᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠪᠣᠬᠢᠷᠲᠤᠯ ᠦᠭᠡᠢ ᠦᠦᠱᠢᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠠ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠲᠠᠢ ᠣᠷᠭᠠᠨᠢᠭ᠎ᠢᠶᠠᠷ ᠤᠶᠠᠯᠳᠤᠭᠤᠯᠵᠤ᠂ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠂ ᠰᠣᠶᠣᠯ ᠵᠢᠭᠤᠯᠴᠢᠯᠠᠯ ᠵᠡᠷᠭᠡ ᠠᠵᠤ ᠦᠢᠯᠡᠰ᠎ᠢ ᠬᠥᠭ᠌ᠵᠢᠭᠦᠯᠵᠦ᠍᠂ ᠬᠤᠱᠢᠭᠤᠨ᠎ᠤ᠎ᠪᠠᠨ ᠡᠯ᠎ᠡ ᠵᠦᠢᠯ᠎ᠤᠨ ᠠᠵᠢᠯ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠲᠦᠷᠭᠡᠨ᠎ᠤ ᠵᠠᠮ᠎ᠳᠤ ᠣᠷᠣᠬᠤ᠎ᠶ᠋ᠢ ᠠᠬᠢᠭᠤᠯᠪᠠ᠃ ᠮᠠᠯᠴᠢᠨ ᠲᠠᠷᠢᠶᠠᠴᠢᠳ᠎ᠤᠨ ᠬᠥᠳᠡᠭᠡ ᠲᠣᠰᠭᠤᠨ᠎ᠤ ᠵᠢᠭᠤᠯᠴᠢᠯᠠᠯ᠎ᠤᠨ ᠦᠢᠯᠡᠰ᠂ ᠤᠯᠠᠮᠵᠢᠯᠠᠯᠲᠤ ᠭᠠᠷ ᠦᠢᠯᠡᠳᠭᠡᠯ ᠵᠡᠷᠭᠡ ᠣᠨᠴᠠᠯᠢᠭ᠍ᠲᠤ ᠠᠵᠤ ᠦᠢᠯᠡᠰ᠎ᠢ ᠬᠥᠭ᠌ᠵᠢᠭᠦᠯᠬᠦ᠌᠎ᠶ᠋ᠢ ᠵᠣᠷᠢᠭ᠍ᠵᠢᠭᠤᠯᠤᠨ᠂ ᠮᠠᠯ ᠠᠵᠤ ᠠᠬᠤᠶ ᠲᠡᠷᠢᠶᠠᠯᠠᠩ᠎ᠢ ᠬᠦᠴᠦᠷᠬᠡᠭ᠌ᠵᠢᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠢ ᠭᠤᠶᠣᠵᠢᠭᠤᠯᠤᠨ᠂ ᠮᠠᠯᠴᠢᠨ ᠲᠠᠷᠢᠶᠠᠴᠢᠳ᠎ᠢ ᠪᠠᠶᠠᠵᠢᠭᠤᠯᠬᠤ᠎ᠶ᠋ᠢ ᠠᠬᠢᠭᠤᠯᠪᠠ᠃

ᠰᠣᠶᠣᠯ᠎ᠤᠨ ᠪᠦᠲᠦᠭᠡᠯᠴᠢ ᠲᠥᠰᠦᠪᠯᠡᠯ᠎ᠤᠨ ᠠᠵᠤ ᠦᠢᠯᠡᠰ᠎ᠤᠨ ᠬᠦᠷᠢᠶᠡᠯᠡᠩ᠂ ᠱᠢᠨ᠎ᠡ᠎ᠶ᠋ᠢ ᠡᠭᠦᠳᠦᠨ ᠦᠢᠯᠡᠰ ᠪᠣᠰᠭᠠᠬᠤ ᠬᠦᠷᠢᠶᠡᠯᠡᠩ ᠵᠡᠷᠭᠡ ᠬᠥᠭ᠌ᠵᠢᠯᠲᠡ᠎ᠶ᠋ᠢᠨ ᠲᠠᠪᠴᠠᠩ᠎ᠤᠨ ᠦᠢᠯᠡᠳᠦᠯ᠎ᠢ ᠪᠠᠳᠠᠷᠠᠭᠤᠯᠵᠤ᠂ ᠴᠥᠭᠡᠨ ᠲᠣᠭᠠᠲᠤ ᠦᠨᠳᠦᠰᠦᠲᠡᠨ᠎ᠤ ᠤᠯᠠᠮᠵᠢᠯᠠᠯᠲᠤ ᠰᠣᠶᠣᠯ᠎ᠢ ᠲᠡᠳᠬᠦᠬᠦ᠌᠎ᠲᠠᠢ ᠤᠶᠠᠯᠳᠤᠭᠤᠯᠤᠨ᠂ 《ᠦᠦᠱᠢᠨ ᠭᠠᠷ ᠤᠷᠠᠯᠠᠯ》 ᠎ᠢ ᠬᠥᠭ᠌ᠵᠢᠬᠦᠯᠬᠦ᠌ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠦᠦᠱᠢᠨ᠎ᠤ ᠣᠨᠴᠠᠯᠢᠭ᠎ᠲᠠᠢ ᠨᠢᠭᠡ ᠪᠦᠯᠦᠭ 《ᠵᠠᠭᠤᠨ ᠵᠢᠯ᠎ᠤᠨ ᠬᠠᠭᠤᠴᠢᠨ ᠳᠡᠯᠭᠡᠭᠦᠷ》 ᠎ᠢ ᠪᠠᠢᠭᠤᠯᠪᠠ᠃ ᠲᠤᠰ ᠬᠤᠱᠢᠭᠤᠨ᠎ᠤ ᠠᠵᠤ ᠠᠬᠤᠢ ᠨᠡᠢᠭᠡᠮ᠎ᠤᠨ ᠡᠯ᠎ᠡ ᠲᠥᠷᠥᠯ᠎ᠤᠨ ᠠᠵᠢᠯ ᠦᠢᠯᠡᠰ ᠥᠷᠨᠢᠨ ᠬᠥᠭ᠌ᠵᠢᠵᠦ᠍᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠦᠢᠯᠡᠰ ᠴᠦ᠍ ᠬᠤᠱᠢᠭᠤᠨ᠎ᠤ ᠶᠡᠷᠦᠩᠬᠡᠢᠯᠡᠭ᠌ᠰᠡᠨ ᠪᠣᠳᠠᠲᠤ ᠬᠦᠴᠦᠨ᠎ᠤ ᠳᠡᠭᠡᠭ᠌ᠰᠢᠯᠡᠯᠲᠡ᠎ᠶ᠋ᠢ ᠠᠬᠢᠭᠤᠯᠵᠤ᠂ ᠠᠵᠤ ᠦᠢᠯᠡᠳᠪᠦᠷᠢ᠎ᠶ᠋ᠢᠨ ᠠᠵᠤ ᠠᠬᠤᠢ᠎ᠨᠢ ᠪᠦᠬᠦ᠌ ᠤᠯᠤᠰ᠎ᠤᠨ ᠵᠠᠭᠤᠨ ᠬᠦᠴᠦᠷᠬᠡᠭ ᠬᠤᠱᠢᠭᠤ ᠱᠢᠶᠠᠨ᠎ᠤ 50 ᠳ᠋ᠤᠭᠠᠷ᠎ᠲᠤ ᠣᠷᠣᠵᠤ᠂ ᠶᠡᠷᠦᠩᠬᠡᠢ ᠪᠣᠳᠠᠲᠤ ᠬᠦᠴᠦᠨ᠎ᠨᠢ ᠳᠤᠮᠳᠠᠳᠤ ᠤᠯᠤᠰ᠎ᠤᠨ ᠪᠠᠷᠠᠭᠤᠨ ᠣᠷᠣᠨ᠎ᠤ ᠵᠠᠭᠤᠨ ᠬᠦᠴᠦᠷᠬᠡᠭ ᠬᠤᠱᠢᠭᠤ ᠱᠢᠶᠠᠨ᠎ᠤ 18 ᠳ᠋ᠤᠭᠠᠷ᠎ᠲᠤ ᠣᠷᠣᠪᠠ᠃

ᠳᠣᠰ ᠬᠤᠱᠢᠭᠤ ᠣᠳᠣ ᠪᠥᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠤᠱᠢᠭᠤ᠎ᠶ᠋ᠢ ᠡᠭᠦᠳᠦᠨ ᠪᠠᠢᠭᠤᠯᠤᠭ᠍ᠰᠠᠨ ᠦᠷ᠎ᠡ ᠪᠦᠲᠦᠮᠵᠢ᠎ᠪᠠᠨ ᠣᠯᠠᠮ ᠪᠠᠬᠢᠵᠢᠭᠦᠯᠦᠨ ᠳᠡᠭᠡᠭ᠌ᠰᠢᠯᠡᠭᠦᠯᠬᠦ᠌᠎ᠪᠠᠷ ᠦᠨᠳᠦᠰᠦᠲᠡᠨ᠎ᠤ ᠪᠦᠯᠬᠦᠮᠳᠡᠯ᠎ᠤᠨ ᠠᠵᠢᠯ᠎ᠢ ᠬᠤᠱᠢᠭᠤᠨ᠎ᠤ ᠨᠠᠮ᠎ᠤᠨ ᠬᠤᠷᠢᠶᠠᠨ᠎ᠤ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ᠂ ᠬᠤᠱᠢᠭᠤᠨ᠎ᠤ ᠨᠠᠮ᠎ᠤᠨ ᠰᠤᠷᠭᠠᠭᠤᠯᠢ᠎ᠶ᠋ᠢᠨ ᠪᠣᠯᠪᠠᠰᠤᠷᠠᠯ᠎ᠤᠨ ᠲᠥᠯᠥᠪᠯᠡᠭᠡ᠎ᠳᠤ ᠣᠷᠣᠭᠤᠯᠤᠭ᠍ᠰᠠᠨ ᠪᠥᠭᠡᠳ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠲᠠᠢ ᠤᠶᠠᠯᠳᠤᠭᠤᠯᠤᠨ᠂ ᠬᠤᠱᠢᠭᠤᠨ᠎ᠤ᠎ᠪᠠᠨ ᠺᠠᠳ᠋ᠷ ᠠᠵᠢᠯᠲᠠᠨ ᠠᠵᠢᠯᠴᠢᠨ᠎ᠢ ᠬᠥᠲᠥᠯᠥᠨ ᠵᠢᠯᠣᠭᠤᠳᠴᠤ᠌᠂ ᠨᠠᠮ᠎ᠤᠨ ᠦᠨᠳᠦᠰᠦᠲᠡᠨ᠎ᠤ ᠲᠡᠦᠬᠡ᠎ᠶ᠋ᠢᠨ ᠰᠤᠷᠤᠯᠴᠠᠯᠭ᠎ᠠ ᠰᠤᠳᠤᠯᠭᠠᠨ᠎ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍᠂ ᠬᠦᠴᠢᠷ ᠠᠰᠠᠭᠤᠳᠠᠯ᠎ᠢ ᠱᠢᠢᠳᠪᠤᠷᠢᠯᠡᠭᠦ᠌ ᠠᠵᠢᠯᠯᠠᠭ᠎ᠠ ᠪᠣᠯᠭᠠᠵᠣ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号