ᠥᠪᠥᠷ ᠮᠣᠩᠭᠤᠯ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠡᠬᠢ ᠪᠠᠶᠠᠯᠢᠭ᠎ᠤᠨ ᠴᠢᠬᠤᠯᠠ ᠤᠷᠤᠨ ᠪᠣᠯᠤᠭ᠍ᠰᠠᠨ᠎ᠤ ᠬᠤᠪᠢ᠎ᠳᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠠᠴᠠ 6 ᠭᠠᠵᠠᠷ ᠤᠷᠤᠨ᠎ᠢ ᠤᠯᠤᠰ᠎ᠤᠨ ᠲᠠᠰ᠎ᠤᠨ ᠭᠤᠤᠯᠳᠠᠯᠭ᠎ᠠ᠎ᠲᠠᠢ ᠬᠠᠮᠠᠭᠠᠯᠠᠬᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠲᠥᠪᠯᠡᠷᠡᠩᠭᠦᠶ ᠭᠠᠷᠤᠯᠲᠠ᠎ᠶ᠋ᠢᠨ ᠣᠷᠣᠨ᠎ᠢᠶᠠᠷ ᠵᠦᠪᠱᠢᠶᠡᠷᠡᠨ ᠲᠣᠭ᠍ᠲᠠᠭᠠᠪᠠ᠃ ᠳᠡᠳᠡᠭᠡᠷ᠎ᠨᠢ ᠳᠠᠷᠤᠢ ᠡᠷᠢᠶᠡᠨ ᠬᠤᠲᠠ᠎ᠶ᠋ᠢᠨ ᠴᠢᠯᠠᠭᠤᠵᠢᠮᠠᠯ᠎ᠤᠨ ᠭᠠᠷᠤᠯᠲᠠ᠎ᠶ᠋ᠢᠨ ᠣᠷᠣᠨ᠂ ᠨᠢᠩᠴᠧᠩ᠎ᠤᠨ ᠴᠢᠯᠠᠭᠤᠵᠢᠮᠠᠯ᠎ᠤᠨ ᠭᠠᠷᠤᠯᠲᠠ᠎ᠶ᠋ᠢᠨ ᠣᠷᠣᠨ᠂ ᠣᠷᠳᠣᠰ᠎ᠤᠨ ᠴᠢᠯᠠᠭᠤᠵᠢᠮᠠᠯ᠎ᠤᠨ ᠭᠠᠷᠤᠯᠲᠠ᠎ᠶ᠋ᠢᠨ ᠣᠷᠣᠨ᠂ ᠪᠠᠶᠠᠨᠨᠠᠭᠤᠷ᠎ᠤᠨ ᠴᠢᠯᠠᠭᠤᠵᠢᠮᠠᠯ᠎ᠤᠨ ᠭᠠᠷᠤᠯᠲᠠ᠎ᠶ᠋ᠢᠨ ᠣᠷᠣᠨ᠂ ᠳᠥᠷᠪᠡᠳ ᠬᠤᠱᠢᠭᠤᠨ᠎ᠤ ᠴᠢᠯᠠᠭᠤᠵᠢᠮᠠᠯ᠎ᠤᠨ ᠭᠠᠷᠤᠯᠲᠠ᠎ᠶ᠋ᠢᠨ ᠣᠷᠣᠨ᠂ ᠰᠥᠨᠢᠳ ᠵᠡᠭᠦᠨ ᠬᠤᠱᠢᠭᠤᠨ᠎ᠤ ᠴᠢᠯᠠᠭᠤᠵᠢᠮᠠᠯ᠎ᠤᠨ ᠭᠠᠷᠤᠯᠲᠠ᠎ᠶ᠋ᠢᠨ ᠣᠷᠣᠨ ᠪᠣᠯᠤᠨ᠎ᠠ᠃
ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠶ᠎ᠶ᠋ᠢᠨ᠎ᠬᠢᠨ ᠥᠪᠥᠷ ᠮᠣᠩᠭᠤᠯ᠎ᠤᠨ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠢ ᠬᠠᠮᠠᠭᠠᠯᠠᠬᠤ ᠰᠤᠳᠤᠯᠭᠠᠨ᠎ᠤ ᠭᠠᠵᠠᠷ ᠭᠡᠵᠤ ᠨᠠᠷᠡᠢᠳᠦᠭ᠌ᠳᠡᠭ᠌ᠰᠡᠨᠤ ᠲᠠᠷᠠᠭ᠎ᠠ᠂ ᠴᠢᠯᠠᠭᠤᠵᠢᠮᠠᠯ᠎ᠢ ᠬᠠᠮᠠᠭᠠᠯᠠᠬᠤ ᠪᠠ ᠪᠠᠢᠴᠠᠭᠠᠨ ᠰᠤᠳᠤᠯᠬᠤ ᠡᠭᠦᠷᠭᠡ ᠴᠢᠳᠠᠪᠤᠷᠢ᠎ᠪᠠᠨ ᠨᠠᠩ ᠰᠠᠢᠲᠤᠷ ᠭᠦᠢᠴᠡᠳᠭᠡᠬᠦ᠌᠎ᠶ᠋ᠢᠨ ᠲᠥᠯᠥᠭᠡ᠂ ᠴᠢᠯᠠᠭᠤᠵᠢᠮᠠᠯ᠎ᠤᠨ ᠡᠬᠢ ᠪᠠᠶᠠᠯᠢᠭ ᠢᠯᠠ ᠪᠠᠢᠭ᠎ᠠ᠂ ᠤᠰᠠᠳᠴᠤ᠌ ᠭᠡᠭᠡᠭ᠌ᠳᠡᠬᠦ᠌ ᠠᠶᠤᠯᠲᠠᠢ᠂ ᠬᠠᠳᠠᠭᠠᠯᠠᠬᠤ᠎ᠳᠤ ᠬᠢᠯᠪᠠᠷ ᠥᠬᠡᠶ ᠡᠷᠢᠶᠡᠨ ᠬᠤᠲᠠ᠂ ᠣᠷᠳᠣᠰ᠂ ᠪᠠᠶᠠᠨᠨᠠᠭᠤᠷ᠂ ᠳᠥᠷᠪᠡᠳ ᠬᠤᠱᠢᠭᠤ ᠵᠡᠷᠭᠡ ᠳᠥᠷᠪᠡᠨ ᠭᠤᠤᠯᠳᠠᠯᠭ᠎ᠠ᠎ᠲᠠᠢ ᠴᠢᠯᠠᠭᠤᠵᠢᠮᠠᠯ᠎ᠤᠨ ᠭᠠᠷᠤᠯᠲᠠ᠎ᠶ᠋ᠢᠨ ᠣᠷᠣᠨ᠎ᠤ ᠴᠢᠯᠠᠭᠤᠵᠢᠮᠠᠯ᠎ᠤᠨ ᠡᠬᠢ ᠪᠠᠶᠠᠯᠢᠭ᠎ᠢ ᠬᠠᠮᠠᠭᠠᠯᠠᠬᠤ ᠠᠵᠢᠯᠯᠠᠭ᠎ᠠ᠎ᠶ᠋ᠢ ᠡᠬᠢᠯᠡᠭᠦᠯᠬᠦ᠌᠎ᠪᠠᠷ ᠲᠤᠭ᠍ᠳᠠᠪᠠ᠃ ᠡᠬᠦᠨ᠎ᠳᠤ ᠠᠵᠢᠯᠯᠠᠭ᠎ᠠ᠎ᠶ᠋ᠢᠨ ᠤᠷᠤᠭ᠍ᠰᠢᠳᠠᠢ ᠶᠠᠪᠤᠭ᠍ᠳᠠᠬᠤ᠎ᠶ᠋ᠢ ᠪᠠᠳᠤᠯᠠᠬᠤ᠎ᠶ᠋ᠢᠨ ᠲᠦᠯᠦᠭᠡ᠂ ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠶ᠎ᠶ᠋ᠢᠨ᠎ᠬᠢᠨ ᠲᠦᠷᠦᠬᠦᠬᠡᠨ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠲᠦᠷᠦᠯ ᠵᠦᠢᠯ᠎ᠤᠨ ᠰᠡᠳᠤᠪ ᠲᠤᠭ᠍ᠳᠠᠭᠠᠬᠤ ᠮᠡᠳᠡᠬᠦᠯᠤᠯᠳᠠ᠎ᠶ᠋ᠢ ᠬᠢᠨᠠᠨ ᠦᠨᠡᠯᠠᠪᠠ᠃
ᠬᠢᠨᠠᠨ ᠦᠨᠡᠯᠡᠬᠦ᠌᠎ᠪᠠᠷ ᠳᠡᠮᠵᠢᠨ᠂ ᠲᠥᠷᠥᠯ ᠵᠦᠢᠯ᠎ᠤᠨ ᠰᠡᠳᠦᠪ ᠲᠣᠭ᠍ᠲᠠᠭᠠᠨ ᠨᠠᠢᠷᠠᠭᠤᠯᠬᠤ ᠠᠵᠢᠯ᠎ᠨᠢ ᠡᠷᠢᠶᠡᠨ ᠬᠤᠲᠠ᠂ ᠣᠷᠳᠣᠰ᠂ ᠪᠠᠶᠠᠨᠨᠠᠭᠤᠷ᠂ ᠳᠥᠷᠪᠡᠳ ᠬᠤᠱᠢᠭᠤ ᠵᠡᠷᠭᠡ 4 ᠤᠯᠤᠰ᠎ᠤᠨ ᠲᠠᠰ᠎ᠤᠨ ᠭᠤᠤᠯᠳᠠᠯᠭ᠎ᠠ᠎ᠲᠠᠢ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠭᠠᠷᠤᠯᠲᠠ᠎ᠶ᠋ᠢᠨ ᠣᠷᠣᠨ᠎ᠤ ᠮᠦᠽᠧᠶ᠎ᠳᠤ ᠲᠤᠬᠠᠶ᠎ᠶ᠋ᠢᠨ ᠭᠠᠵᠠᠷ᠎ᠤᠨ ᠪᠠᠢᠴᠠᠭᠠᠯᠲᠠ ᠪᠠ ᠪᠠᠢᠴᠠᠭᠠᠨ ᠰᠤᠳᠤᠯᠤᠯᠲᠠ ᠬᠢᠭ᠌ᠰᠡᠨ ᠰᠠᠭᠤᠷᠢᠨ ᠳᠡᠭᠡᠷ᠎ᠡ ᠨᠠᠢᠷᠠᠭᠤᠯᠤᠨ ᠵᠣᠬᠢᠶᠠᠵᠤ᠂ ᠨᠠᠢᠷᠠᠭᠤᠯᠤᠨ ᠵᠣᠬᠢᠶᠠᠬᠤ ᠦᠨᠳᠦᠰᠦᠯᠡᠯ᠎ᠨᠢ ᠭᠦᠢᠴᠡᠳ᠂ ᠡᠭᠦᠨ᠎ᠤ ᠬᠠᠮᠲᠤ 4 ᠭᠠᠵᠠᠷ ᠣᠷᠣᠨ᠎ᠤ 5 ᠮᠦᠽᠧᠶ᠎ᠳᠤ ᠬᠠᠳᠠᠭᠠᠯᠠᠵᠤ ᠪᠠᠢᠭ᠎ᠠ ᠪᠠ ᠤᠤᠯ ᠭᠠᠵᠠᠷ᠎ᠲᠤᠨᠢ ᠪᠤᠯᠠᠭ᠍ᠳᠠᠵᠤ ᠪᠠᠢᠭ᠎ᠠ ᠴᠢᠯᠠᠭᠤᠵᠢᠮᠠᠯ᠎ᠳᠤ ᠴᠢᠭ᠌ᠯᠡᠭᠦᠯᠦᠨ ᠱᠢᠰᠲ᠋ᠧᠮ᠎ᠲᠠᠢ ᠰᠡᠷᠭᠦᠭᠡᠨ ᠬᠠᠮᠠᠭᠠᠯᠠᠬᠤ ᠠᠵᠢᠯ ᠬᠢᠵᠦ᠍᠂ ᠥᠪᠥᠷ ᠮᠣᠩᠭᠤᠯ᠎ᠤᠨ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠡᠬᠢ ᠪᠠᠶᠠᠯᠢᠭ᠎ᠢ ᠬᠠᠮᠠᠭᠠᠯᠠᠬᠤ᠎ᠳᠤ ᠲᠦᠢᠯ᠎ᠤᠨ ᠴᠢᠬᠤᠯᠠ ᠪᠣᠳᠠᠲᠤ ᠠᠴᠢ ᠬᠤᠯᠪᠣᠭ᠍ᠳᠠᠯ᠎ᠲᠠᠢ ᠪᠠᠢᠨ᠎ᠠ ᠭᠡᠵᠤ ᠨᠤᠳᠠᠯᠠᠪᠠ᠃