ᠤᠢ᠍ᠢᠷ᠎ᠠ᠎ᠳᠤ᠂ ᠳᠤᠮᠳᠠᠳᠤ ᠤᠯᠤᠰ᠎ᠤᠨ ᠬᠠᠷᠢᠶᠠᠲᠤ ᠨᠠᠷ᠎ᠤᠨ ᠬᠤᠯᠪᠣᠭ᠎ᠠ᠎ᠶ᠋ᠢᠨ ᠶᠡᠷᠦᠩᠬᠡᠢᠯᠡᠭ᠌ᠰᠡᠨ ᠬᠢᠨᠠᠨ ᠱᠢᠯᠭᠠᠷᠠᠭᠤᠯᠤᠯᠲᠠ᠎ᠪᠠᠷ ᠳᠡᠮᠵᠢᠨ᠂ ᠬᠦᠬᠡᠬᠤᠳᠠ᠎ᠶ᠋ᠢᠨ ᠬᠠᠷᠢᠶᠠᠲᠤ ᠨᠠᠷ᠎ᠤᠨ ᠬᠤᠯᠪᠣᠭ᠎ᠠ᠎ᠶ᠋ᠢᠨ ᠮᠡᠳᠡᠭᠦᠯᠦᠭ᠌ᠰᠡᠨ ᠥᠪᠥᠷ ᠮᠣᠩᠭᠤᠯ᠎ᠤᠨ ᠦᠵᠡᠰᠭᠦᠯᠡᠩ᠎ᠤᠨ ᠣᠷᠳᠣᠨ᠂ ᠵᠣᠣ ᠵᠢᠶᠦ᠋ᠨ ᠮᠦᠽᠧᠶ ᠶᠢᠰᠦᠳᠦᠭᠡᠷ ᠪᠦᠯᠦᠭ᠎ᠤᠨ ᠳᠤᠮᠳᠠᠳᠤ ᠤᠯᠤᠰ᠎ᠤᠨ ᠬᠠᠷᠢᠶᠠᠲᠤ ᠨᠠᠷ᠎ᠤᠨ ᠣᠯᠠᠨ ᠤᠯᠤᠰ᠎ᠤᠨ ᠰᠣᠶᠣᠯ᠎ᠤᠨ ᠰᠣᠯᠢᠯᠴᠠᠭᠠᠨ᠎ᠤ ᠰᠠᠭᠤᠷᠢᠨ᠎ᠢᠶᠠᠷ ᠰᠣᠩᠭᠤᠭ᠍ᠳᠠᠵᠤ᠂ ᠵᠢᠩᠬᠢᠨᠢ᠎ᠪᠠᠷ ᠳᠤᠮᠳᠠᠳᠤ ᠤᠯᠤᠰ᠎ᠤᠨ ᠬᠠᠷᠢᠶᠠᠲᠤ ᠨᠠᠷ᠎ᠤᠨ ᠣᠯᠠᠨ ᠤᠯᠤᠰ᠎ᠤᠨ ᠰᠣᠶᠣᠯ᠎ᠤᠨ ᠰᠣᠯᠢᠯᠴᠠᠭᠠᠨ᠎ᠤ ᠰᠠᠭᠤᠷᠢᠨ ᠪᠤᠯᠵᠠᠢ᠃
ᠲᠠᠷᠠᠭᠠᠴᠢ᠎ᠶ᠋ᠢᠨ ᠠᠯᠬᠤᠮ᠎ᠳᠤ ᠬᠦᠬᠡᠬᠤᠳᠠ᠎ᠶ᠋ᠢᠨ ᠬᠠᠷᠢᠶᠠᠲᠤ ᠨᠠᠷ᠎ᠤᠨ ᠬᠤᠯᠪᠣᠭ᠎ᠠ ᠰᠣᠯᠢᠯᠴᠠᠭᠠᠨ᠎ᠤ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠦᠨᠡᠨ ᠬᠦ᠌ ᠴᠢᠩᠭᠠᠳᠭᠠᠨ᠂ ᠳᠤᠮᠳᠠᠳᠤ ᠤᠯᠤᠰ᠎ᠤᠨ ᠬᠠᠷᠢᠶᠠᠲᠤ ᠨᠠᠷ᠎ᠤᠨ ᠣᠯᠠᠨ ᠤᠯᠤᠰ᠎ᠤᠨ ᠰᠣᠶᠣᠯ᠎ᠤᠨ ᠰᠣᠯᠢᠯᠴᠠᠭᠠᠨ᠎ᠤ ᠰᠠᠭᠤᠷᠢᠨ᠎ᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠣᠯᠢᠯᠴᠠᠭᠠᠨ᠎ᠤ ᠰᠠᠭᠤᠷᠢᠨ᠎ᠢ ᠠᠱᠢᠭ᠍ᠯᠠᠨ ᠤᠯᠤᠰ᠎ᠲᠠᠭᠠᠨ ᠪᠤᠴᠠᠵᠤ ᠢᠷᠡᠭ᠌ᠰᠡᠨ ᠬᠠᠷᠢᠶᠠᠲᠤ ᠨᠠᠷ ᠪᠠ ᠬᠠᠷᠢᠶᠠᠲᠤ ᠨᠠᠷ᠎ᠤᠨ ᠬᠡᠷ ᠪᠦᠯᠢ ᠪᠣᠯᠤᠨ ᠭᠠᠳᠠᠭᠠᠳᠤ᠎ᠳᠤ ᠪᠠᠢᠭ᠎ᠠ ᠬᠠᠷᠢᠶᠠᠲᠤ ᠠᠬ᠎ᠠ ᠳᠡᠭᠦᠦ ᠨᠡᠷ᠎ᠤᠨ ᠡᠯᠪᠡᠭ ᠪᠠᠶᠠᠯᠢᠭ ᠰᠣᠶᠣᠯ᠎ᠤᠨ ᠰᠣᠯᠢᠯᠴᠠᠭᠠᠨ᠎ᠤ ᠠᠵᠢᠯᠯᠠᠭ᠎ᠠ᠎ᠶ᠋ᠢ ᠢᠳᠡᠪᠬᠢᠲᠡᠶ ᠵᠣᠬᠢᠶᠠᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠣᠶ ᠪᠤᠯᠭᠠᠨ᠂ ᠳᠤᠮᠳᠠᠳᠤ ᠤᠯᠤᠰ᠎ᠤᠨ ᠥᠯᠢᠭᠡᠷ᠎ᠢ ᠰᠠᠢᠲᠤᠷ ᠶᠠᠷᠢᠵᠤ᠂ ᠳᠤᠮᠳᠠᠳᠤ ᠤᠯᠤᠰ᠎ᠤᠨ ᠲᠠᠭᠤᠨ᠎ᠢ ᠰᠠᠢᠲᠤᠷ ᠳᠠᠮᠵᠢᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠬᠦᠴᠦᠨ ᠴᠢᠳᠠᠯ᠎ᠢᠶᠠᠨ ᠡᠷᠭᠦᠭᠦ᠌ ᠪᠤᠯᠤᠨ᠎ᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号