ᠮᠠᠯ᠎ᠤᠨ ᠠᠱᠢᠭ ᠱᠢᠮ᠎ᠠ ᠳᠠᠷᠢᠶᠠᠯᠠᠩ᠎ᠤᠨ ᠪᠦᠳᠦᠭᠡᠭ᠌ᠳᠡᠭᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠢ ᠪᠠᠳᠤᠯᠠᠶ᠎ᠠ
2021-10-15 10:04:47
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠤᠳᠤᠬᠠᠨ᠎ᠳᠤ ᠪᠦᠬᠦ᠌ ᠤᠯᠤᠰ᠎ᠤᠨ ᠬᠡᠪᠴᠢᠶᠡᠨ᠎ᠡ ᠬᠦᠳᠡᠭᠡ ᠠᠵᠤ ᠠᠬᠤᠢ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠪᠠᠢᠷᠢᠯᠠᠭᠤᠯᠤᠨ ᠶᠠᠪᠤᠭ᠍ᠳᠠᠭᠤᠯᠵᠤ᠂ 3 — 5 ᠵᠢᠯ᠎ᠤᠨ ᠴᠢᠷᠮᠠᠢᠯᠭ᠎ᠠ᠎ᠪᠠᠷ ᠳᠡᠮᠵᠢᠨ ᠬᠠᠤᠯᠢ ᠬᠡᠷᠡᠭ᠌ᠵᠢᠭᠦᠯᠬᠦ᠌ ᠠᠵᠢᠯᠲᠠᠨ᠎ᠤ ᠬᠡᠪ ᠪᠤᠯᠪᠠᠰᠤᠷᠠᠯ᠎ᠢ ᠨᠡᠢᠳᠡᠮ ᠳᠡᠭᠡᠭ᠌ᠰᠢᠯᠡᠭᠦᠯᠵᠦ᠍᠂ ᠬᠠᠤᠯᠢ ᠬᠡᠷᠡᠭ᠌ᠵᠢᠭᠦᠯᠬᠦ᠌ ᠲᠦᠷᠢᠮ᠎ᠤᠨ ᠲᠣᠭ᠍ᠲᠠᠴᠠ᠎ᠶ᠋ᠢ ᠨᠠᠩ ᠲᠡᠭᠦᠯᠳᠡᠷᠵᠢᠭᠦᠯᠦᠨ᠂ ᠬᠠᠤᠯᠢ ᠬᠡᠷᠡᠭ᠌ᠵᠢᠭᠦᠯᠬᠦ᠌ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠦᠨᠳᠦᠰᠦᠨ᠎ᠳᠡᠭᠡᠨ ᠨᠠᠢᠳᠠᠪᠤᠷᠢᠵᠢᠭᠤᠯᠵᠤ᠂ ᠬᠠᠤᠯᠢ ᠬᠡᠷᠡᠭ᠌ᠵᠢᠭᠦᠯᠤᠨ ᠬᠡᠷᠡᠭ ᠱᠢᠢᠳᠪᠦᠷᠢᠯᠡᠬᠦ᠌ ᠴᠢᠳᠠᠪᠤᠷᠢ᠎ᠶ᠋ᠢ ᠢᠯᠡᠳᠲᠡ ᠳᠡᠭᠡᠭ᠌ᠰᠢᠯᠡᠭᠦᠯᠵᠦ᠍᠂ 《ᠬᠦᠳᠡᠭᠡ ᠠᠵᠤ ᠠᠬᠤᠢ᠂ ᠬᠦᠳᠡᠭᠡ ᠳᠤᠰᠭᠤᠨ᠂ ᠲᠠᠷᠢᠶᠠᠴᠢᠨ》 ᠎ᠢ ᠬᠠᠮᠠᠭᠠᠯᠠᠬᠤ ᠴᠢᠳᠠᠪᠤᠷᠢ᠎ᠶ᠋ᠢᠨ ᠲᠦᠪᠱᠢᠨ᠎ᠢ ᠢᠯᠡᠳᠲᠡ ᠳᠡᠭᠡᠭ᠌ᠰᠢᠯᠡᠭᠦᠯᠬᠦ᠌᠎ᠪᠠᠷ ᠪᠠᠢᠨ᠎ᠠ᠃ ᠮᠠᠨ᠎ᠤ ᠤᠷᠤᠨ᠎ᠤ᠎ᠬᠢᠨ ᠬᠤᠯᠪᠤᠭ᠍ᠳᠠᠯ ᠪᠦᠬᠦᠢ ᠲᠦᠷᠦ᠎ᠶ᠋ᠢᠨ ᠪᠤᠳᠤᠯᠭ᠎ᠠ᠎ᠶ᠋ᠢ ᠳᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠬᠠᠮᠳᠤ ᠮᠠᠯ ᠠᠵᠤ ᠠᠬᠤᠢ ᠳᠠᠷᠢᠶᠠᠯᠠᠩ᠎ᠤᠨ ᠬᠠᠤᠯᠢ ᠬᠡᠷᠡᠭ᠌ᠵᠢᠭᠦᠯᠦᠯᠳᠡ᠎ᠶ᠋ᠢᠨ ᠡᠩᠨᠡᠭᠡ᠎ᠶ᠋ᠢ ᠴᠢᠩᠭᠠᠳᠭᠠᠨ᠂ ᠬᠠᠤᠯᠢ ᠬᠡᠷᠡᠭ᠌ᠵᠢᠭᠦᠯᠦᠯᠳᠡ᠎ᠶ᠋ᠢᠨ ᠡᠷᠴᠢᠮ᠎ᠢᠶᠠᠨ ᠴᠢᠩᠭᠠᠷᠠᠭᠤᠯᠵᠤ᠂ ᠮᠠᠯ᠎ᠤᠨ ᠠᠱᠢᠭ ᠱᠢᠮ᠎ᠠ ᠳᠠᠷᠢᠶᠠᠯᠠᠩ᠎ᠤᠨ ᠪᠦᠳᠦᠭᠡᠭ᠌ᠳᠡᠭᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠢ ᠪᠦᠬᠦ᠌ ᠬᠦᠴᠦᠨ᠎ᠢᠶᠠᠷ ᠪᠠᠳᠤᠯᠠᠵᠤ ᠪᠤᠢ᠃ 

ᠬᠦᠳᠡᠭᠡ ᠠᠵᠤ ᠠᠬᠤᠢ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠳᠤ ᠲᠦᠷᠢᠮ᠎ᠢ ᠲᠡᠭᠦᠯᠳᠡᠷᠵᠢᠭᠦᠯᠤᠨ ᠬᠠᠤᠯᠢ ᠬᠡᠷᠡᠭ᠌ᠵᠢᠭᠦᠯᠬᠦ᠌ ᠠᠵᠢᠯᠯᠠᠭ᠎ᠠ᠎ᠶ᠋ᠢ ᠵᠢᠷᠤᠮᠵᠢᠭᠤᠯᠬᠤ᠂ ᠲᠦᠷᠦ᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠤᠨ ᠬᠠᠤᠯᠢ ᠬᠡᠷᠡᠭ᠌ᠵᠢᠭᠦᠯᠤᠯᠳᠠ᠎ᠶ᠋ᠢ ᠪᠠᠲᠤᠯᠠᠬᠤ᠂ ᠬᠦᠮᠦᠵᠢᠯ ᠪᠣᠯᠪᠠᠰᠤᠷᠠᠯ ᠬᠦᠷᠳᠡᠭᠡᠨ ᠬᠠᠤᠯᠢ ᠬᠡᠷᠡᠭ᠌ᠵᠢᠭᠦᠯᠬᠦ᠌ ᠲᠦᠪᠱᠢᠨ᠎ᠢ ᠳᠡᠭᠡᠭ᠌ᠰᠢᠯᠡᠭᠦᠯᠬᠦ᠂ ᠬᠡᠷᠡᠭ ᠱᠢᠢᠳᠪᠦᠷᠢᠯᠡᠬᠦ᠌᠎ᠶ᠋ᠢ ᠴᠢᠩᠭᠠᠳᠭᠠᠨ ᠬᠠᠤᠯᠢ ᠬᠡᠷᠡᠭ᠌ᠵᠢᠭᠦᠯᠬᠦ᠌ ᠡᠷᠴᠢᠮ᠎ᠢᠶᠠᠨ ᠴᠢᠩᠭᠠᠷᠠᠭᠤᠯᠬᠤ ᠵᠡᠷᠭᠡ ᠭᠤᠤᠯ ᠡᠭᠦᠷᠭᠡ ᠪᠠᠭ᠍ᠲᠠᠵᠤ ᠪᠤᠢ᠃ ᠬᠦᠳᠡᠭᠡ ᠠᠵᠤ ᠠᠬᠤᠢ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠠᠵᠢᠯ ᠪᠣᠯ ᠮᠠᠨ᠎ᠤ ᠤᠷᠤᠨ᠎ᠤ ᠮᠠᠯ ᠲᠠᠷᠢᠶᠠᠯᠠᠩ᠎ᠳᠤ ᠬᠡᠷᠡᠭ᠌ᠯᠡᠭᠦ᠌ ᠮᠠᠲ᠋ᠧᠷᠢᠶᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠬᠠᠮᠠᠭᠠᠯᠠᠵᠤ᠂ ᠬᠦᠳᠡᠭᠡ ᠳᠤᠰᠭᠤᠨ᠎ᠤ ᠠᠵᠤ ᠠᠬᠤᠶ᠎ᠶ᠋ᠢᠨ ᠦᠷᠭᠦᠯᠵᠢᠯᠡᠨ ᠡᠷᠡᠭᠦᠯ ᠲᠣᠭ᠍ᠲᠠᠭᠤᠨ᠎ᠢᠶᠠᠷ ᠬᠥᠭ᠌ᠵᠢᠬᠦ᠌᠎ᠶ᠋ᠢᠨ ᠦᠨᠳᠦᠰᠤᠨ ᠪᠠᠳᠤᠯᠠᠭ᠎ᠠ ᠪᠤᠯᠤᠨ᠎ᠠ᠂ ᠮᠠᠯ ᠲᠠᠷᠢᠶᠠᠯᠠᠩ᠎ᠳᠤ ᠬᠡᠷᠡᠭ᠌ᠯᠡᠭᠦ᠌ ᠮᠠᠲ᠋ᠧᠷᠢᠶᠠᠯ᠎ᠤᠨ ᠶᠠᠰᠤ ᠴᠢᠨᠠᠷ᠎ᠨᠢ ᠥᠷᠭᠡᠨ ᠣᠯᠠᠨ ᠮᠠᠯᠴᠢᠨ ᠲᠠᠷᠢᠶᠠᠴᠢᠨ᠎ᠤ ᠲᠤᠰ ᠪᠡᠶ᠎ᠡ᠎ᠶ᠋ᠢᠨ ᠠᠱᠢᠭ ᠲᠤᠰᠠ᠎ᠲᠠᠢ ᠱᠢᠭᠤᠳ ᠬᠤᠯᠪᠣᠭ᠍ᠳᠠᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠨᠢ ᠠᠷᠠᠳ ᠣᠯᠠᠨ᠎ᠤ ᠢᠳᠡᠭᠡᠨ ᠤᠮᠳᠠᠭᠠᠨ᠎ᠤ ᠠᠮᠤᠷ ᠲᠦᠪᠱᠢᠨ᠎ᠲᠠᠢ ᠱᠢᠭᠤᠳ ᠬᠤᠯᠪᠣᠭ᠍ᠳᠠᠵᠤ ᠪᠠᠢᠳᠠᠭ᠃ 

ᠬᠠᠤᠯᠢ ᠬᠡᠷᠡᠭ᠌ᠵᠢᠭᠦᠯᠦᠯᠲᠡ᠎ᠶ᠋ᠢᠨ ᠵᠢᠷᠤᠮᠵᠢᠭᠤᠯᠤᠯᠲᠠ᠎ᠶ᠋ᠢᠨ ᠪᠠᠢᠭᠤᠯᠤᠯᠲᠠ ᠲᠠᠰᠤᠷᠠᠯᠲᠠ ᠦᠭᠡᠶ ᠭᠦᠨᠵᠡᠭᠡᠢᠷᠡᠨ ᠠᠬᠢᠬᠤ᠎ᠶ᠋ᠢ ᠳᠠᠭᠠᠯᠳᠤᠨ᠂ ᠬᠠᠤᠯᠢ ᠬᠡᠷᠡᠭ᠌ᠵᠢᠭᠦᠯᠬᠦ᠌ ᠠᠵᠢᠯᠲᠠᠳ ᠬᠦᠳᠡᠭᠡ ᠠᠵᠤ ᠠᠬᠤᠢ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠠᠵᠢᠯ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ᠂ ᠱᠢᠨ᠎ᠡ ᠱᠠᠭᠠᠷᠳᠠᠯᠭ᠎ᠠ᠎ᠶ᠋ᠢ ᠭᠦᠢᠴᠡᠳ ᠲᠠᠨᠢᠵᠤ᠂ ᠠᠷᠠᠳ ᠲᠦᠮᠡᠨ᠎ᠳᠤ ᠦᠢᠯᠡᠴᠢᠯᠡᠬᠦ᠌ ᠤᠬᠠᠮᠰᠠᠷ᠎ᠢᠶᠠᠨ ᠴᠢᠩᠭᠠᠷᠠᠭᠤᠯᠤᠨ᠂ ᠬᠠᠤᠯᠢ ᠬᠡᠷᠡᠭ᠌ᠵᠢᠭᠦᠯᠬᠦ᠌ ᠠᠵᠢᠯ᠎ᠤᠨ ᠬᠠᠷᠢᠭᠤᠴᠠᠯᠭᠠᠲᠤ ᠰᠡᠳᠭᠢᠯᠭᠡ ᠪᠠ ᠲᠤᠯᠭᠠᠮ ᠰᠡᠳᠭᠢᠯᠭᠡ᠎ᠪᠠᠨ ᠴᠢᠩᠭᠠᠳᠭᠠᠵᠤ᠂ ᠬᠦᠳᠡᠭᠡ ᠠᠵᠤ ᠠᠬᠤᠢ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠡᠷᠬᠡ᠎ᠶ᠋ᠢᠨ ᠬᠦᠢᠴᠡᠳᠭᠡᠭᠦ᠌ ᠬᠦᠴᠦᠨ ᠪᠠ ᠢᠲᠡᠭᠡᠭᠦᠯᠬᠦ᠌ ᠬᠦᠴᠦᠨ᠎ᠢ ᠦᠨᠡᠨ ᠬᠦ᠌ ᠳᠡᠭᠡᠭ᠌ᠰᠢᠯᠡᠭᠦᠯᠬᠦ᠌ ᠴᠢᠬᠤᠯᠠᠳᠠᠢ ᠪᠤᠯᠤᠭᠠᠳ ᠪᠤᠢ᠃ ᠡᠭᠦᠨ᠎ᠤ ᠳᠤᠯᠠᠳᠠ᠂ ᠬᠠᠤᠯᠢ ᠬᠡᠷᠡᠭ᠌ᠵᠢᠭᠦᠯᠬᠦ᠌ ᠠᠵᠢᠯᠲᠠᠳ ᠲᠤᠬᠠᠢᠯᠠᠭ᠍ᠰᠠᠨ ᠠᠵᠢᠯ᠎ᠤᠨ ᠰᠤᠷᠤᠯᠴᠠᠯᠭ᠎ᠠ᠎ᠪᠠᠨ ᠳᠠᠰᠤᠷᠠᠯᠳᠠ ᠦᠬᠡᠢ ᠴᠢᠩᠭᠠᠳᠭᠠᠨ᠂ ᠳᠤᠰ ᠪᠡᠶ᠎ᠡ᠎ᠶ᠋ᠢᠨ ᠬᠡᠪ ᠪᠤᠯᠪᠠᠰᠤᠷᠠᠯ᠎ᠢᠶᠠᠨ ᠳᠡᠭᠡᠭ᠌ᠰᠢᠯᠡᠭᠦᠯᠵᠦ᠍᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠬᠢᠭᠡᠳ ᠲᠤᠰᠭᠠᠶ ᠵᠦᠢᠯ᠎ᠢᠶᠠᠷ ᠴᠡᠭ᠌ᠴᠡᠯᠡᠨ ᠵᠠᠰᠠᠬᠤ᠎ᠶ᠋ᠢ ᠬᠠᠷᠢᠯᠴᠠᠨ ᠤᠶᠠᠯᠳᠤᠭᠤᠯᠬᠤ᠎ᠶ᠋ᠢ ᠪᠠᠷᠢᠮᠲᠠᠯᠠᠨ᠂ ᠬᠡᠷᠡᠭ᠎ᠢ ᠪᠠᠢᠴᠠᠭᠠᠨ ᠱᠢᠢᠳᠪᠦᠷᠢᠯᠡᠬᠦ᠌ ᠡᠷᠴᠢᠮ᠎ᠢᠶᠠᠨ ᠢᠮᠠᠭ᠍ᠲᠠ ᠴᠢᠩᠭᠠᠷᠠᠭᠤᠯᠵᠤ᠂ ᠮᠠᠯ᠎ᠤᠨ ᠠᠱᠢᠭ ᠱᠢᠮ᠎ᠠ ᠳᠠᠷᠢᠶᠠᠯᠠᠩ᠎ᠤᠨ ᠪᠦᠳᠦᠭᠡᠭ᠌ᠳᠡᠭᠦᠨ᠎ᠤ ᠵᠠᠬ᠎ᠠ ᠳᠡᠯᠭᠡᠭᠦᠷ᠎ᠢ ᠵᠢᠷᠤᠮᠵᠢᠭᠤᠯᠤᠨ᠂ ᠮᠠᠯ ᠵᠢᠭᠦᠷᠳᠡᠨ᠎ᠢ ᠳᠤᠷ᠎ᠠ᠎ᠪᠠᠷ ᠨᠢᠳᠤᠯᠤᠨ ᠡᠳ᠋ᠱᠢᠬᠦᠯᠬᠦ᠌᠎ᠶ᠋ᠢ ᠴᠠᠭᠠᠵᠠᠯᠠᠬᠤ᠂ ᠬᠡᠮᠨᠡᠵᠤ ᠥᠭᠦᠭ᠌ᠰᠡᠨ ᠮᠠᠯ ᠵᠢᠭᠦᠷᠳᠡᠨ᠎ᠢ ᠬᠤᠤᠷ ᠦᠭᠡᠢᠳᠡᠬᠦᠯᠦᠨ ᠱᠢᠢᠳᠪᠦᠷᠢᠯᠡᠭᠦ᠌᠂ ᠮᠠᠯ ᠲᠠᠷᠢᠶᠠᠯᠠᠩ᠎ᠳᠤ ᠬᠡᠷᠡᠭ᠌ᠯᠡᠭᠦ᠌ ᠮᠠᠲ᠋ᠧᠷᠢᠶᠠᠯ᠎ᠤᠨ ᠶᠠᠰᠤ ᠴᠢᠨᠠᠷ᠎ᠢ ᠪᠠᠳᠤᠯᠠᠬᠤ ᠵᠡᠷᠭᠡ ᠠᠵᠢᠯᠯᠠᠭ᠎ᠠ᠎ᠶ᠋ᠢ ᠬᠦᠢᠴᠡᠳᠭᠡᠭᠦ᠎ᠳᠤ ᠬᠠᠤᠯᠢ ᠲᠦᠷᠢᠮ᠎ᠢ ᠴᠢᠩᠭ᠎ᠠ ᠵᠢᠷᠤᠮᠯᠠᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠠᠵᠢᠯ᠎ᠢ ᠲᠦᠷᠭᠡᠨ ᠠᠬᠢᠭᠤᠯᠬᠤ᠎ᠳᠤ ᠲᠤᠰᠭᠠᠢᠵᠢᠬ᠍ᠰᠡᠨ ᠬᠠᠤᠯᠢ ᠬᠡᠷᠡᠭ᠌ᠵᠢᠭᠦᠯᠬᠦ᠌ ᠡᠩᠨᠡᠭᠡ᠎ᠶ᠋ᠢ ᠴᠤᠭ᠍ᠴᠠᠯᠠᠬᠤ ᠴᠢᠬᠤᠯᠠᠳᠠᠢ᠃ 

ᠬᠠᠤᠯᠢ᠎ᠶ᠋ᠢ ᠴᠡᠭᠡᠵᠢᠨ᠎ᠳᠡᠭᠡᠨ᠂ ᠭᠠᠤᠯᠢ᠎ᠶ᠋ᠢ ᠴᠡᠭᠡᠷ᠎ᠲᠡᠭᠡᠨ ᠬᠡᠳᠡᠭ᠃ ᠤᠷᠤᠨ ᠲᠠᠶᠠᠭᠠᠷ᠎ᠢᠶᠠᠨ ᠬᠦᠳᠡᠭᠡ ᠠᠵᠤ ᠠᠬᠤᠢ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠮᠠᠯ᠎ᠤᠨ ᠠᠱᠢᠭ ᠱᠢᠮ᠎ᠠ ᠳᠠᠷᠢᠶᠠᠯᠠᠩ᠎ᠤᠨ ᠪᠦᠳᠦᠭᠡᠭ᠌ᠳᠡᠭᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠢ ᠪᠠᠳᠤᠯᠠᠬᠤ ᠡᠯ᠎ᠡ ᠵᠦᠢᠯ᠎ᠤᠨ ᠪᠣᠳᠠᠲᠠᠶ ᠠᠵᠢᠯ᠎ᠳᠠᠭᠠᠨ ᠠᠭᠤᠰᠭᠠᠵᠤ᠂ ᠬᠤᠯᠪᠤᠭ᠍ᠳᠠᠯ ᠪᠦᠬᠦᠢ ᠬᠠᠤᠯᠢ ᠴᠠᠭᠠᠵᠠ᠎ᠶ᠋ᠢ ᠤᠬᠠᠮᠰᠠᠷ᠎ᠠᠴᠠ᠎ᠪᠠᠨ ᠵᠢᠷᠤᠮᠯᠠᠨ᠂ ᠮᠠᠯᠵᠢᠬᠤ ᠳᠠᠷᠢᠶᠠᠯᠠᠬᠤ ᠤᠷᠤᠨ᠎ᠤ ᠬᠠᠤᠯᠢ ᠲᠦᠭᠡᠮᠡᠯᠵᠢᠭᠦᠯᠬᠦ᠌ ᠠᠵᠢᠯ᠎ᠢ ᠢᠳᠡᠪᠬᠢᠲᠡᠶ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠦᠢᠯᠡᠳᠪᠦᠷᠢᠯᠡᠯ᠎ᠢ ᠠᠬᠢᠭᠤᠯᠬᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠠᠤᠯᠢ ᠬᠡᠷᠡᠭ᠌ᠵᠢᠭᠦᠯᠤᠯᠳᠠ᠎ᠶ᠋ᠢᠨ ᠬᠦᠴᠦᠳᠤ ᠪᠠᠲᠤᠯᠠᠭ᠎ᠠ ᠬᠠᠩᠭᠠᠶ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号