ᠥᠪᠡᠷᠲᠡᠭᠡᠨ ᠵᠠᠰᠠᠬᠤ ᠣᠷᠣᠨ᠎ᠤ ᠲᠤᠭ᠎ᠠ ᠪᠦᠷᠢᠳᠭᠡᠯ᠎ᠤᠨ ᠲᠣᠪᠴᠢᠶ᠎ᠠ ᠣᠷᠣᠨ᠎ᠤ ᠲᠥᠪ ᠬᠦᠬᠡᠬᠤᠳᠡ᠎ᠶ᠋ᠢᠨ ᠪᠥᠬᠦ᠌ ᠤᠯᠤᠰ᠎ᠤᠨ ᠪᠣᠯᠪᠠᠰᠤᠨ ᠬᠤᠲᠠ᠎ᠶ᠋ᠢ ᠪᠠᠢᠭᠤᠯᠬᠤ᠎ᠳᠤ ᠬᠦᠴᠦᠨ ᠨᠡᠮᠡᠷᠢᠯᠡᠵᠦ᠍ ᠪᠤᠢ
2021-10-15 10:03:27
ᠵᠣᠬᠢᠶᠠᠭ᠍ᠴᠢ᠄
ᠼᠠᠢ ᠬᠤᠨᠭ᠌
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠣᠷᠣᠨ᠎ᠤ ᠲᠥᠪ ᠬᠦᠬᠡᠬᠤᠳᠠ᠎ᠶ᠋ᠢᠨ ᠪᠥᠬᠦ᠌ ᠤᠯᠤᠰ᠎ᠤᠨ ᠪᠣᠯᠪᠠᠰᠤᠨ ᠬᠤᠲᠠ᠎ᠶ᠋ᠢ ᠪᠦᠳᠦᠬᠡᠨ ᠪᠠᠢᠭᠤᠯᠬᠤ᠎ᠳᠤ ᠬᠦᠴᠦᠨ ᠨᠡᠮᠡᠷᠢᠯᠡᠬᠦ᠌᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠲᠤᠭ᠎ᠠ ᠪᠦᠷᠢᠳᠭᠡᠯ᠎ᠤᠨ ᠲᠣᠪᠴᠢᠶ᠎ᠠ᠎ᠠᠴᠠ 30 ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠤᠨ ᠮᠧᠩ ᠵᠢᠶ ᠯᠢ ᠰᠠᠭᠤᠭᠠᠯᠢ ᠠᠷᠠᠳ᠎ᠤᠨ ᠲᠣᠭᠤᠷᠢᠭ᠎ᠲᠤ ᠭᠦᠨᠵᠡᠭᠡᠢᠷᠡᠨ᠂ ᠣᠷᠴᠢᠨ ᠲᠣᠭᠤᠷᠢᠨ᠎ᠤ ᠡᠷᠡᠭᠦᠯ ᠬᠠᠮᠠᠭᠠᠯᠠᠯ᠎ᠤᠨ ᠴᠡᠭ᠌ᠴᠡᠯᠡᠨ ᠵᠠᠰᠠᠯᠲᠠ᠂ ᠵᠠᠮ ᠬᠠᠷᠢᠯᠴᠠᠭᠠᠨ᠎ᠤ ᠡᠮᠬᠢ ᠳᠢᠭ᠌ᠯᠢᠮ᠎ᠢ ᠱᠢᠯᠤᠭᠤᠳᠭᠠᠬᠤ᠂ ᠰᠠᠭᠤᠭᠠᠯᠢ ᠠᠷᠠᠳ᠎ᠤᠨ ᠲᠣᠭᠤᠷᠢᠭ᠎ᠤᠨ ᠵᠠᠷ ᠮᠡᠳᠡᠭᠡ᠎ᠶ᠋ᠢ ᠠᠷᠢᠯᠭᠠᠬᠤ᠂ ᠳᠤᠭᠤᠶ ᠲᠡᠷᠭᠡ ᠪᠠ ᠬᠠᠮᠲᠤ᠎ᠪᠠᠷ ᠡᠳ᠋ᠯᠡᠬᠦ᠌ ᠳᠤᠭᠤᠶ ᠲᠡᠷᠭᠡ᠎ᠶ᠋ᠢ ᠲᠡᠭ᠌ᠰᠢᠯᠡᠨ ᠲᠠᠯᠪᠢᠬᠤ᠂ ᠪᠣᠯᠪᠠᠰᠤᠨ᠎ᠢᠶᠠᠷ ᠨᠣᠬᠠᠶ ᠲᠡᠵᠢᠭᠡᠬᠦ᠌ ᠵᠡᠷᠭᠡ ᠪᠣᠯᠪᠠᠰᠤᠨ ᠦᠢᠯᠡ ᠠᠵᠢᠯᠯᠠᠭ᠎ᠠ᠎ᠶ᠋ᠢᠨ ᠲᠣᠭᠤᠷᠢᠨ᠎ᠳᠤ ᠰᠠᠢᠨ ᠲᠤᠷᠠᠴᠤᠳ᠎ᠤᠨ ᠦᠢᠯᠡᠴᠢᠯᠡᠭᠡᠨ᠎ᠤ ᠠᠵᠢᠯᠯᠠᠭ᠎ᠠ ᠦᠷᠨᠢᠭᠦᠯᠪᠡ᠃

ᠨᠠᠮ᠎ᠤᠨ ᠭᠡᠱᠢᠭᠦᠨ ᠺᠠᠳ᠋ᠷᠴᠤᠳ ᠪᠣᠯᠤᠨ ᠨᠡᠢᠭᠡᠮ ᠲᠣᠭᠤᠷᠢᠭ᠎ᠤᠨ ᠠᠵᠢᠯᠲᠠᠳ ᠬᠠᠮᠲᠤ᠎ᠪᠠᠷ ᠬᠤᠶᠠᠷ ᠰᠠᠭᠤᠭᠠᠯᠢ ᠲᠣᠭᠤᠷᠢᠭ᠎ᠤᠨ ᠠᠰᠠᠷ᠎ᠤᠨ ᠳᠠᠪᠬᠤᠷᠯᠢᠭ᠎ᠤᠨ ᠫᠠᠢᠰᠠ᠎ᠶ᠋ᠢ ᠰᠣᠯᠢᠵᠤ᠂ ᠰᠠᠭᠤᠭᠠᠯᠢ ᠲᠣᠭᠤᠷᠢᠭ᠎ᠤᠨ ᠭᠠᠯ ᠤᠨᠲᠠᠷᠠᠭᠠᠬᠤ ᠪᠡᠯᠡᠳᠭᠡᠯ ᠲᠦᠬᠦᠭᠡᠷᠦᠮᠵᠢ᠎ᠶ᠋ᠢ ᠬᠢᠨᠠᠮᠠᠭᠠᠶ ᠪᠠᠢᠴᠠᠭᠠᠨ᠂ ᠳᠤᠭᠤᠶ ᠲᠡᠷᠭᠡ ᠪᠣᠯᠤᠨ ᠴᠠᠬᠢᠯᠭᠠᠨ ᠬᠥᠳᠡᠯᠭᠡᠭᠦᠷᠲᠦ ᠲᠡᠷᠭᠡ᠎ᠶ᠋ᠢ ᠳᠠᠬᠢᠨ ᠪᠠᠢᠷᠢᠯᠠᠭᠤᠯᠵᠤ᠂ ᠰᠠᠭᠤᠭᠠᠯᠢ ᠠᠷᠠᠳ᠎ᠢ ᠬᠠᠪᠰᠤᠷᠤᠨ ᠬᠤᠭ ᠨᠣᠪᠰᠢ᠎ᠶ᠋ᠢ ᠴᠡᠪᠡᠷᠯᠡᠨ᠂ ᠠᠰᠠᠷ᠎ᠤᠨ ᠬᠤᠩᠭᠢᠯ᠎ᠢ ᠴᠡᠪᠡᠷᠯᠡᠵᠦ᠍ ᠣᠷᠣᠨ᠎ᠤ ᠲᠥᠪ᠎ᠤᠨ ᠪᠣᠯᠪᠠᠰᠤᠨ ᠬᠤᠲᠠ᠎ᠶ᠋ᠢ ᠪᠦᠲᠦᠭᠡᠨ ᠪᠠᠢᠭᠤᠯᠬᠤ᠎ᠳᠤ ᠬᠦᠴᠦᠨ ᠨᠡᠮᠡᠷᠢᠯᠡᠪᠡ᠃

ᠪᠥᠬᠦ᠌ ᠤᠯᠤᠰ᠎ᠤᠨ ᠪᠣᠯᠪᠠᠰᠤᠨ ᠬᠤᠲᠠ᠎ᠶ᠋ᠢ ᠪᠦᠲᠦᠭᠡᠨ ᠪᠠᠢᠭᠤᠯᠬᠤ ᠪᠣᠯ ᠶᠡᠷᠦᠩᠬᠡᠶ ᠱᠦᠵᠢ ᠰᠢ᠎ᠶ᠋ᠢᠨ ᠫᠢᠩ᠎ᠤᠨ 《ᠠᠷᠠᠳ ᠲᠦᠮᠡᠨ᠎ᠢᠶᠠᠷ ᠭᠤᠤᠯ ᠪᠣᠯᠭᠠᠬᠤ》 ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠮᠢᠳᠤᠯᠢᠭ ᠦᠢᠯᠡᠳᠦᠯᠭᠡ ᠮᠥᠨ᠂ ᠬᠤᠲᠠ᠎ᠶ᠋ᠢᠨ ᠪᠣᠯᠪᠠᠰᠤᠨ᠎ᠤ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠂ ᠣᠷᠣᠨ᠎ᠤ ᠲᠥᠪ᠎ᠤᠨ ᠥᠨᠳᠥᠷ ᠪᠦᠲᠦᠮᠵᠢᠲᠡᠶ ᠵᠠᠰᠠᠯᠲᠠ᠎ᠶ᠋ᠢ ᠠᠬᠢᠭᠤᠯᠬᠤ᠂ ᠬᠤᠲᠠ᠎ᠶ᠋ᠢᠨ ᠠᠷᠠᠳ᠎ᠤᠨ ᠴᠢᠨᠠᠷ ᠰᠠᠢᠲᠠᠶ ᠠᠮᠢᠳᠤᠷᠠᠯ᠎ᠢ ᠳᠡᠭᠡᠭ᠌ᠰᠢᠯᠡᠭᠦᠯᠬᠦ᠂ ᠭᠠᠵᠠᠷ ᠣᠷᠣᠨ᠎ᠤ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠠᠢᠴᠢᠯᠠᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠬᠤᠢᠱᠢᠲᠠ᠂ ᠥᠪᠡᠷᠲᠡᠭᠡᠨ ᠵᠠᠰᠠᠬᠤ ᠣᠷᠣᠨ᠎ᠤ ᠲᠤᠭ᠎ᠠ ᠪᠦᠷᠢᠳᠭᠡᠯ᠎ᠤᠨ ᠲᠣᠪᠴᠢᠶ᠎ᠠ᠎ᠠᠴᠠ 《ᠲᠠᠨ᠎ᠳᠤ ᠲᠤᠰᠠᠯᠠᠶ᠎ᠠ》 ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠢᠯᠡᠴᠢᠯᠡᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠣᠷᠣᠨ᠎ᠤ ᠲᠥᠪ᠎ᠤᠨ ᠪᠣᠯᠪᠠᠰᠤᠨ ᠬᠤᠲᠠ᠎ᠶ᠋ᠢ ᠪᠦᠲᠦᠭᠡᠨ ᠪᠠᠢᠭᠤᠯᠬᠤ᠎ᠳᠤ ᠦᠷᠬᠦᠯᠵᠢᠯᠡᠨ ᠬᠦᠴᠦᠨ ᠨᠡᠮᠡᠷᠢᠯᠡᠬᠦ᠌᠎ᠪᠠᠷ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号