ᠳ᠋ᠠ ᠡᠥ ᠵᠢᠶᠠᠨ ᠹᠠᠩ ᠲᠤᠰᠭᠤᠨ ᠴᠢᠴᠠᠷᠭᠠᠨ᠎ᠠ ᠳᠠᠷᠢᠭᠠᠳ ᠪᠠᠶᠠᠵᠢᠯ᠎ᠤᠨ ᠵᠠᠮ᠎ᠢᠶᠠᠷ ᠵᠠᠮᠨᠠᠯ᠎ᠠ
2021-10-15 10:04:03
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠵᠢᠯ᠎ᠳᠤ᠂ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ》 ᠭᠡᠬᠦ᠌ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠪᠣᠯᠤᠨ 《ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ》 ᠪᠠᠢᠷᠢᠯᠠᠭᠤᠯᠤᠯᠲᠠ᠎ᠶ᠋ᠢ ᠭᠦᠨᠵᠡᠭᠡᠢ ᠦᠢᠯᠡᠳᠦᠯᠭᠡᠵᠢᠭᠦᠯᠵᠦ᠍᠂ ᠠᠮᠢ ᠠᠬᠤᠢ᠎ᠶ᠋ᠢ ᠠᠵᠤ ᠦᠢᠯᠡᠰᠵᠢᠭᠦᠯᠬᠦ᠂ ᠠᠵᠤ ᠦᠢᠯᠡᠰ᠎ᠢ ᠠᠮᠢ ᠠᠬᠤᠢ᠍ᠢᠵᠢᠭᠤᠯᠬᠤ ᠬᠥᠭ᠌ᠵᠢᠯᠲᠡ᠎ᠶ᠋ᠢᠨ ᠰᠡᠳᠭᠢᠮᠵᠢ ᠶᠣᠰᠣᠭᠠᠷ ᠠᠮᠢ ᠠᠬᠤᠢ᠎ᠶ᠋ᠢᠨ ᠠᠵᠤ ᠠᠬᠤᠢ᠎ᠶ᠋ᠢᠨ ᠤᠢ᠎ᠶ᠋ᠢ ᠶᠡᠭᠡ᠎ᠪᠠᠷ ᠬᠥᠭ᠌ᠵᠢᠭᠦᠯᠪᠡ᠃

ᠵᠠᠮᠲᠤ ᠪᠠᠯᠭᠠᠰᠤᠨ᠎ᠤ ᠮᠢᠩᠭᠠᠨ ᠮᠥ᠍ ᠴᠢᠴᠠᠷᠭᠠᠨ᠎ᠠ᠎ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ᠎ᠨᠢ ᠳ᠋ᠠ ᠡᠤ ᠵᠢᠶᠠᠨ ᠹᠠᠩ ᠲᠣᠰᠭᠤᠨ᠎ᠤ ᠪᠠᠷᠠᠭᠤᠨ ᠬᠤᠢᠨ᠎ᠠ 1 ᠺᠢᠯᠣᠮᠧᠲᠷ᠎ᠤᠨ ᠵᠠᠢᠳᠠᠢ ᠪᠠᠢᠷᠢᠯᠠᠵᠤ᠂ ᠤᠤᠯ᠎ᠳᠠᠭᠠᠨ ᠤᠷᠭᠤᠭ᠎ᠠ ᠮᠣᠳᠣ ᠥᠬᠡᠶ ᠣᠶ᠎ᠶ᠋ᠢᠨ ᠭᠠᠵᠠᠷ ᠪᠠᠢᠪᠠ᠃ 2018 ᠣᠨ᠎ᠳᠤ᠂ ᠵᠠᠮᠳᠤ ᠪᠠᠯᠭᠠᠰᠤ ᠴᠢᠴᠠᠷᠭᠠᠨ᠎ᠠ᠎ᠶ᠋ᠢᠨ ᠲᠥᠷᠥᠯ ᠵᠥᠢᠯ᠎ᠢ ᠡᠬᠢᠯᠡᠨ ᠬᠡᠷᠡᠭ᠌ᠵᠢᠭᠦᠯᠵᠤ᠂ ᠣᠯᠠᠨ ᠲᠦᠮᠡᠨ ᠤᠬᠠᠮᠰᠠᠷ᠎ᠠᠴᠠ᠎ᠪᠠᠨ ᠴᠢᠬᠢ ᠮᠣᠳᠣ ᠬᠤᠳᠠᠯᠳᠤᠨ ᠠᠪᠬᠤ ᠪᠠ ᠮᠤᠳᠤ ᠵᠠᠢᠯᠠᠬᠤ 200 ᠲᠦᠬᠦᠷᠢᠭ᠎ᠤᠨ ᠵᠠᠷᠤᠳᠠᠯ ᠲᠤᠱᠢᠶᠠᠵᠤ᠂ ᠬᠤᠱᠢᠭᠤᠨ᠎ᠤ ᠣᠶ ᠱᠢᠭᠤᠶ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠮᠡᠷᠭᠡᠵᠢᠯ᠎ᠤᠨ ᠵᠢᠯᠣᠭᠤᠳᠣᠯᠭ᠎ᠠ ᠬᠠᠩᠭᠠᠵᠤ᠂ ᠪᠠᠯᠭᠠᠰᠤᠨ᠎ᠠᠴᠠ ᠲᠤᠰᠭᠠᠶ ᠴᠢᠴᠠᠷᠭᠠᠨ᠎ᠠ ᠵᠠᠢᠯᠠᠬᠤ ᠮᠡᠷᠭᠡᠵᠢᠯᠳᠠᠨ᠎ᠤ ᠡᠩᠨᠡᠭᠡ᠎ᠶ᠋ᠢ ᠵᠣᠬᠢᠶᠠᠨ ᠪᠠᠢᠭᠤᠯᠵᠤ ᠨᠢᠭᠡᠳᠦᠯᠲᠡᠶ ᠵᠠᠢᠯᠠᠵᠤ᠂ ᠲᠤᠰᠭᠤᠨ᠎ᠤ ᠵᠥᠪᠯᠡᠯ᠎ᠠᠴᠠ ᠲᠥᠪᠯᠡᠷᠡᠭᠦᠯᠦᠨ ᠬᠠᠮᠢᠶᠠᠷᠴᠤ᠌ ᠬᠠᠮᠠᠭᠠᠯᠠᠵᠠᠢ᠃ 2020 ᠣᠨ᠎ᠳᠤ᠂ ᠲᠣᠰᠭᠤᠨ᠎ᠤ ᠨᠠᠮ᠎ᠤᠨ ᠡᠭᠦᠷ᠎ᠠᠴᠠ ᠳᠠᠭᠠᠭᠤᠯᠤᠨ ᠡᠷᠬᠢᠯᠡᠭ᠌ᠰᠡᠨ ᠬᠤᠷᠱᠢᠶ᠎ᠠ᠎ᠶ᠋ᠢ ᠲᠤᠰᠭᠠᠢ ᠪᠠᠢᠭᠤᠯᠵᠤ᠂ 2021 ᠣᠨ᠎ᠠᠴᠠ ᠡᠬᠢᠯᠡᠨ 《ᠲᠠᠷᠢᠶᠠᠴᠢᠨ ᠡᠷᠦᠬᠡ + ᠨᠠᠮ᠎ᠤᠨ ᠡᠭᠦᠷ + ᠬᠤᠷᠱᠢᠶ᠎ᠠ + ᠭᠠᠴᠠᠭ᠎ᠠ ᠲᠣᠰᠭᠤᠨ᠎ᠤ ᠬᠠᠮᠲᠤ᠎ᠶ᠋ᠢᠨ ᠠᠵᠤ ᠠᠬᠤᠢ》 ᠎ᠶ᠋ᠢᠨ ᠡᠵᠡᠩᠨᠡᠯᠲᠡ᠎ᠶ᠋ᠢᠨ ᠵᠠᠭ᠍ᠪᠤᠷ᠎ᠢ ᠬᠡᠷᠡᠭ᠌ᠵᠢᠭᠦᠯᠥᠨ᠂ ᠭᠠᠳᠠᠭ᠍ᠰᠢ ᠭᠠᠷᠤᠭ᠍ᠰᠠᠨ ᠲᠠᠷᠢᠶᠠᠴᠢᠨ ᠡᠷᠦᠬᠡ᠎ᠶ᠋ᠢᠨ 830 ᠮᠦ᠍ ᠣᠶ᠎ᠶ᠋ᠢ ᠮᠦ᠍ ᠪᠦᠷᠢ᠎ᠶ᠋ᠢ 300 ᠲᠥᠭᠦᠷᠢᠭ᠎ᠤᠨ ᠦᠨ᠎ᠡ᠎ᠪᠠᠷ ᠨᠢᠭᠡᠳᠦᠯᠲᠡᠢ ᠱᠢᠯᠵᠢᠭᠦᠯᠪᠡ; ᠦᠯᠡᠳᠡᠭ᠌ᠰᠡᠨ 170 ᠮᠦ᠍᠎ᠶ᠋ᠢ 4 ᠲᠠᠷᠢᠶᠠᠴᠢᠨ ᠡᠷᠦᠬᠡ ᠥᠪᠡᠷ᠎ᠲᠡᠭᠡᠨ ᠡᠵᠡᠩᠨᠡᠵᠠᠢ᠃

ᠳ᠋ᠠ ᠡᠤ ᠵᠢᠶᠠᠨ ᠹᠠᠩ ᠲᠣᠰᠭᠤᠨ᠎ᠤ ᠴᠢᠴᠠᠷᠭᠠᠨ᠎ᠠ 2020 ᠣᠨ᠎ᠠᠴᠠ ᠡᠬᠢᠯᠡᠨ ᠵᠢᠮᠢᠰᠯᠠᠵᠤ᠂ ᠵᠢᠱ᠌ᠢᠯᠲᠡ᠎ᠪᠠᠷ ᠮᠦ᠍ ᠪᠦᠷᠢ᠎ᠶ᠋ᠢᠨ ᠤᠨᠠᠯᠲᠠ 500 ᠵᠢᠩ ᠣᠷᠴᠢᠮ᠎ᠳᠤ ᠬᠦᠷᠴᠦ᠍᠂ ᠵᠠᠬ᠎ᠠ ᠳᠡᠯᠭᠡᠭᠦᠷ᠎ᠤᠨ ᠦᠨ᠎ᠡ ᠵᠢᠩ ᠪᠦᠷᠢ᠎ᠳᠡᠭᠡᠨ 2 ᠲᠥᠭᠦᠷᠢᠭ ᠪᠠᠢᠵᠤ᠂ ᠡᠢᠨ ᠬᠦ᠌ ᠮᠦ᠍ ᠪᠦᠷᠢ᠎ᠶ᠋ᠢᠨ ᠠᠱᠢᠭ ᠣᠷᠣᠯᠭ᠎ᠠ 1000 ᠲᠥᠭᠦᠷᠢᠭ᠎ᠲᠤ ᠬᠦᠷᠴᠦ᠍᠂ ᠲᠡᠭᠦᠵᠦ᠍ ᠬᠠᠮᠢᠶᠠᠷᠤᠬ᠍ᠰᠠᠨ ᠵᠡᠷᠭᠡ ᠥᠪᠡᠷ᠎ᠤᠨ ᠥᠷᠲᠡᠭ᠎ᠢ ᠭᠠᠷᠭᠠᠪᠠᠯ 300 ᠲᠥᠭᠦᠷᠢᠭ ᠣᠷᠴᠢᠮ ᠠᠱᠢᠭ ᠣᠯᠤᠨ᠎ᠠ᠃ ᠡᠭᠦᠨ᠎ᠤ ᠬᠠᠮᠲᠤ ᠣᠶ᠎ᠶ᠋ᠢᠨ ᠳᠤᠤᠷ᠎ᠠ ᠲᠠᠷᠢᠬ᠍ᠰᠠᠨ ᠨᠣᠭᠤᠭᠠᠨ ᠪᠤᠷᠴᠠᠭ᠎ᠤᠨ ᠮᠥ᠍ ᠪᠦᠷᠢ᠎ᠶ᠋ᠢᠨ ᠣᠷᠣᠯᠭ᠎ᠠ 400 ᠲᠥᠭᠦᠷᠢᠭ᠎ᠲᠤ ᠬᠥᠷᠴᠥ᠍᠂ 830 ᠮᠥ᠎ᠶ᠋ᠢᠨ ᠴᠢᠴᠠᠷᠭᠠᠨ᠎ᠠ᠎ᠶ᠋ᠢᠨ ᠣᠢ᠎ᠠᠴᠠ 33 ᠲᠦᠮᠡᠨ ᠲᠥᠭᠦᠷᠢᠭ᠎ᠤᠨ ᠠᠱᠢᠭ ᠣᠷᠣᠯᠭ᠎ᠠ ᠣᠯᠬᠤ ᠪᠣᠯᠤᠨ᠎ᠠ᠃ 2018 ᠣᠨ᠎ᠠᠴᠠ 2020 ᠤᠨ ᠪᠣᠯᠲᠠᠯᠠᠬᠢ ᠬᠠᠮᠢᠶᠠᠷᠴᠤ᠌ ᠬᠠᠮᠠᠭᠠᠯᠠᠬ᠍ᠰᠠᠨ ᠥᠪᠡᠷ᠎ᠤᠨ ᠥᠷᠲᠡᠭ 9 ᠲᠦᠮᠡᠨ ᠲᠥᠭᠦᠷᠢᠭ᠎ᠢ ᠬᠠᠰᠤᠪᠠᠯ᠂ ᠦᠯᠡᠳᠡᠭ᠌ᠰᠡᠨ 24 ᠲᠦᠮᠡᠨ ᠲᠥᠭᠦᠷᠢᠭ᠎ᠤᠨ ᠠᠱᠢᠭ ᠣᠷᠣᠯᠭ᠎ᠠ᠎ᠶ᠋ᠢ ᠭᠠᠴᠠᠭ᠎ᠠ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠳᠤ ᠱᠢᠯᠵᠢᠭᠦᠯᠦᠨ᠂ ᠲᠣᠰᠭᠤᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠠᠵᠢᠯ᠎ᠤᠨ ᠪᠠᠢᠷᠢ ᠪᠠ ᠵᠢᠵᠢᠭ ᠬᠡᠯᠪᠡᠷᠢ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠲᠥᠬᠦᠭᠡᠷᠥᠮᠵᠢ᠎ᠶ᠋ᠢᠨ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠨ᠎ᠡ᠃ ᠵᠢᠱ᠌ᠢᠭ᠌ᠰᠡᠨ᠎ᠢᠶᠠᠷ᠂ ᠴᠢᠴᠠᠷᠭᠠᠨ᠎ᠠ ᠪᠣᠯᠪᠠᠰᠤᠷᠠᠭ᠍ᠰᠠᠨ᠎ᠤ ᠳᠠᠷᠠᠭ᠎ᠠ᠂ ᠲᠡᠭᠦᠬᠦ᠌ ᠬᠤᠭᠤᠴᠠᠭ᠎ᠠ᠎ᠨᠢ 30 ᠡᠳᠦᠷ᠂ 4 ᠬᠥᠮᠦᠨ ᠡᠳᠦᠷ᠎ᠲᠤ 1 ᠮᠥ᠍ ᠲᠡᠭᠦᠬᠦ᠌᠎ᠪᠠᠷ ᠪᠤᠳᠤᠬᠤ᠎ᠳᠤ 100 ᠬᠥᠳᠡᠯᠮᠦᠷᠢ ᠬᠦᠴᠦ᠍ ᠬᠡᠷᠡᠭ᠌ᠰᠡᠨ᠎ᠡ᠃ ᠬᠥᠮᠦᠨ ᠪᠦᠷᠢ᠎ᠶ᠋ᠢᠨ ᠡᠳᠦᠷ ᠪᠦᠷᠢ᠎ᠶ᠋ᠢᠨ 150 ᠲᠥᠭᠦᠷᠢᠭ᠎ᠤᠨ ᠲᠡᠭᠦᠬᠦ᠌ ᠵᠠᠷᠤᠳᠠᠯ᠎ᠢᠶᠠᠷ ᠪᠣᠳᠣᠪᠠᠯ᠂ ᠬᠥᠮᠦᠨ ᠪᠦᠷᠢ᠎ᠶ᠋ᠢᠨ ᠬᠦᠴᠦ᠍ ᠶᠠᠪᠤᠭ᠍ᠰᠠᠨ ᠣᠷᠣᠯᠭ᠎ᠠ᠎ᠨᠢ 4500 ᠲᠥᠭᠦᠷᠢᠭ᠎ᠠᠴᠠ ᠳᠡᠭᠡᠭ᠌ᠰᠢ᠎ᠳᠤ ᠬᠥᠷᠥᠨ᠎ᠡ᠃ ᠲᠣᠰ ᠲᠥᠷᠥᠯ ᠵᠦᠢᠯ᠎ᠨᠢ ᠢᠷᠡᠬᠦ᠌ ᠵᠢᠯ ᠡᠯᠪᠡᠭ ᠬᠤᠷᠢᠶᠠᠯᠲᠠ᠎ᠶ᠋ᠢᠨ ᠬᠤᠭᠤᠴᠠᠭᠠᠨ᠎ᠳᠤ ᠣᠷᠣᠵᠤ᠂ ᠮᠥ᠍ ᠪᠦᠷᠢ᠎ᠶ᠋ᠢᠨ ᠤᠨᠠᠯᠲᠠ᠎ᠨᠢ 2000 ᠵᠢᠩ᠎ᠳᠤ ᠬᠦᠷᠴᠦ᠍᠂ ᠠᠱᠢᠭ ᠣᠷᠣᠯᠭ᠎ᠠ᠎ᠨᠢ 4000 ᠲᠥᠭᠦᠷᠢᠭ ᠣᠷᠴᠢᠮ ᠬᠦᠷᠬᠦ᠌ ᠪᠤᠯᠤᠨ᠎ᠠ᠃

ᠪᠣᠷᠣᠯᠠᠭᠤᠯᠬᠤ ᠠᠰᠠᠭᠤᠳᠠᠯ᠎ᠢ ᠱᠢᠢᠳᠪᠤᠷᠢᠯᠡᠭᠦ᠎ᠶ᠋ᠢᠨ ᠲᠥᠯᠥᠭᠡ᠂ ᠲᠤᠰ ᠬᠤᠱᠢᠭᠤᠨ᠎ᠤ ᠣᠶ ᠱᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠶ᠋ᠢᠨ ᠵᠤᠬᠢᠴᠠᠭᠤᠯᠭ᠎ᠠ ᠳᠤᠤᠷ᠎ᠠ᠂ ᠵᠠᠮᠲᠤ ᠪᠠᠯᠭᠠᠰᠤ᠎ᠨᠢ ᠱᠠᠨᠰᠢ ᠮᠤᠵᠢ᠎ᠶ᠋ᠢᠨ ᠶᠧ ᠱᠠᠨ ᠫᠦᠸᠧ ᠺᠣᠮᠫᠠᠨᠢ ᠪᠣᠯᠤᠨ ᠱᠢᠨ ᠮᠥ᠍ ᠪᠦᠯᠦᠭ᠌ᠯᠡᠯ ᠵᠡᠷᠭᠡ ᠬᠤᠶᠠᠷ ᠣᠶ ᠱᠢᠭᠤᠶ ᠵᠢᠮᠢᠰ᠎ᠤᠨ ᠠᠵᠤ ᠦᠢᠯᠡᠰ᠎ᠤᠨ ᠠᠵᠤ ᠠᠬᠤᠢᠯᠠᠯ᠎ᠲᠠᠢ ᠬᠠᠷᠢᠯᠴᠠᠵᠤ ᠴᠢᠴᠠᠷᠭᠠᠨ᠎ᠠ᠎ᠶ᠋ᠢᠨ ᠪᠣᠷᠣᠯᠠᠭᠤᠯᠭ᠎ᠠ᠎ᠶ᠋ᠢᠨ ᠠᠰᠠᠭᠤᠳᠠᠯ᠎ᠢ ᠱᠢᠢᠳᠪᠦᠷᠢᠯᠡᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号