10 ᠰᠠᠷ᠎ᠠ᠎ᠶ᠋ᠢᠨ 14 ᠤ ᠡᠳᠦᠷ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠤᠯ᠎ᠤᠨ ᠡᠨᠧᠷᠭᠢ᠎ᠶ᠋ᠢᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ ᠺᠣᠮᠫᠠᠨᠢ᠎ᠳᠤ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠠᠵᠤ ᠠᠬᠤᠢ᠎ᠶ᠋ᠢᠨ ᠡᠳᠦᠷ᠎ᠤᠨ ᠰᠣᠨᠢᠨ᠎ᠤ ᠬᠤᠷᠢᠶᠠᠨ᠎ᠤ ᠥᠪᠥᠷ ᠮᠣᠩᠭᠤᠯ᠎ᠤᠨ ᠰᠤᠷᠪᠤᠯᠵᠢᠯᠠᠭ᠍ᠴᠢ᠎ᠶ᠋ᠢᠨ ᠥᠷᠲᠡᠭᠡᠨ᠎ᠤ ᠳᠠᠷᠤᠭ᠎ᠠ ᠴᠧᠨ ᠯᠢ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ ᠦᠨᠳᠦᠰᠦᠲᠡᠨ᠎ᠤ ᠠᠵᠢᠯ᠎ᠤᠨ ᠱᠢᠨ᠎ᠡ ᠪᠠᠢᠳᠠᠯ᠎ᠢ ᠡᠭᠦᠤᠨᠰᠦᠭᠡᠢ》 ᠭᠡᠬᠦ᠌ ᠭᠤᠣᠯ ᠰᠡᠳᠦᠪ᠎ᠤᠨ ᠲᠣᠭᠤᠷᠢᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠣᠨᠣᠯ᠎ᠤᠨ ᠠᠴᠢ ᠬᠤᠯᠪᠣᠭ᠍ᠳᠠᠯ᠂ ᠦᠢᠯᠡᠳᠦᠯᠭᠡ᠎ᠶ᠋ᠢᠨ ᠱᠠᠭᠠᠷᠳᠠᠯᠭ᠎ᠠ᠂ ᠭᠤᠣᠯᠳᠠᠯᠭ᠎ᠠ᠎ᠲᠠᠢ ᠰᠠᠢᠲᠤᠷ ᠡᠵᠡᠮᠳᠡᠬᠦ᠌ ᠴᠢᠬᠤᠯᠠᠲᠠᠢ ᠬᠡᠳᠦᠨ ᠶᠡᠭᠡ ᠬᠠᠷᠢᠴᠠᠭ᠎ᠠ᠂ ᠦᠨᠳᠦᠰᠦᠲᠡᠨ᠎ᠤ ᠠᠵᠢᠯ᠎ᠤᠨ ᠱᠢᠨ᠎ᠡ ᠪᠠᠢᠳᠠᠯ᠎ᠢ ᠡᠭᠦᠳᠬᠦ᠌ ᠵᠡᠷᠭᠡ ᠲᠠᠯ᠎ᠠ᠎ᠪᠠᠷ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠸᠢᠳᠢᠣ᠋ ᠬᠡᠯᠪᠡᠷᠢ᠎ᠪᠠᠷ ᠶᠠᠪᠤᠬ᠍ᠳᠠᠭᠤᠯᠵᠤ᠂ ᠡᠨᠧᠷᠬᠢ᠎ᠶ᠋ᠢᠨ ᠪᠡᠯᠡ ᠤᠷᠤᠭᠤᠯᠤᠯᠲᠠ᠎ᠶ᠋ᠢᠨ ᠪᠦᠯᠦᠭ᠌ᠯᠡᠯ ᠺᠤᠮᠫᠠᠨᠢ᠎ᠶ᠋ᠢᠨ ᠭᠤᠤᠯ ᠬᠤᠷᠠᠯ᠎ᠤᠨ ᠲᠠᠯᠠᠪᠠᠢ ᠪᠠ ᠬᠤᠪᠢᠶᠠᠷᠢ ᠬᠤᠷᠠᠯ᠎ᠤᠨ ᠲᠠᠯᠠᠪᠠᠢ᠎ᠶ᠋ᠢᠨ ᠨᠠᠮ᠎ᠤᠨ ᠭᠡᠱᠢᠭᠦᠨ ᠤᠳᠤᠷᠢᠳᠭᠤ ᠺᠠᠳ᠋ᠷ ᠵᠡᠷᠭᠡ 420 ᠭᠠᠷᠤᠢ ᠬᠦᠮᠦᠨ ᠤᠬᠠᠭᠤᠯᠤᠨ ᠲᠠᠢᠯᠪᠤᠷᠢᠯᠠᠯᠲᠠ᠎ᠶ᠋ᠢ ᠰᠤᠨᠤᠰᠪᠠ᠃
ᠥᠪᠥᠷ ᠮᠣᠩᠭᠤᠯ᠎ᠤᠨ ᠡᠨᠧᠷᠭᠢ᠎ᠶ᠋ᠢᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ ᠺᠣᠮᠫᠠᠨᠢ᠎ᠶ᠋ᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠪᠠᠢᠩᠭᠤ᠎ᠶ᠋ᠢᠨ ᠳᠡᠳ᠋ ᠳᠠᠷᠤᠭ᠎ᠠ ᠶᠦᠨ ᠶᠤᠸᠠᠢ ᠱᠢᠶᠠ᠄ 《ᠶᠡᠷᠦᠩᠬᠡᠢ ᠱᠦᠵᠢ ᠰᠢ᠎ᠶ᠋ᠢᠨ ᠫᠢᠩ᠎ᠤᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠨᠠᠮ᠎ᠤᠨ ᠭᠡᠱᠢᠭᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠪᠢᠳᠡ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠲᠤᠬᠠᠢᠯᠠᠭ᠍ᠰᠠᠨ ᠠᠵᠢᠯ᠎ᠤᠨ ᠳᠤᠮᠳᠠ᠎ᠪᠠᠨ ᠦᠨᠳᠦᠰᠦᠲᠡᠨ᠎ᠤ ᠪᠦᠯᠬᠦᠮᠳᠡᠯ᠎ᠢ ᠤᠬᠠᠮᠰᠠᠷ᠎ᠠᠴᠠ᠎ᠪᠠᠨ ᠬᠠᠮᠠᠭᠠᠯᠠᠵᠤ᠂ ᠪᠦᠯᠦᠭ᠌ᠯᠡᠯ ᠺᠣᠮᠫᠠᠨᠢ᠎ᠶ᠋ᠢᠨ ᠦᠨᠳᠦᠰᠦᠲᠡᠨ᠎ᠨᠦᠭᠦᠳ᠎ᠤᠨ ᠠᠵᠢᠯᠲᠠᠨ ᠠᠵᠢᠯᠴᠢᠨ᠎ᠢ ᠬᠥᠲᠥᠯᠥᠨ ᠵᠢᠯᠣᠭᠤᠳᠴᠤ᠌ ᠪᠠᠢᠭᠠᠳ ᠰᠣᠶᠣᠯ᠎ᠤᠨ ᠲᠠᠯ᠎ᠠ᠎ᠪᠠᠷ ᠬᠠᠷᠢᠯᠴᠠᠨ ᠬᠦᠨᠳᠦᠳᠭᠡᠵᠦ᠍᠂ ᠬᠠᠷᠢᠯᠴᠠᠨ ᠰᠤᠷᠤᠯᠴᠠᠵᠤ᠂ ᠨᠢᠭᠡ ᠰᠡᠳᠭᠢᠯ ᠨᠢᠭᠡ ᠴᠢᠭ᠌ᠯᠡᠯ᠎ᠢᠶᠠᠷ ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ》 ᠭᠡᠵᠦ᠍ ᠤᠬᠠᠭᠤᠯᠤᠨ ᠲᠠᠢᠯᠪᠤᠷᠢᠯᠠᠯᠲᠠ᠎ᠶ᠋ᠢ ᠰᠤᠨᠤᠰᠤᠬ᠍ᠰᠠᠨ᠎ᠤ ᠳᠠᠷᠠᠭᠠᠬᠢ ᠤᠯᠤᠯᠳᠠ ᠲᠦᠷᠦᠭ᠌ᠳᠡᠯ᠎ᠢᠶᠠᠨ ᠭᠡᠯᠡᠨ᠎ᠠ᠃
ᠱᠢᠯᠢ᠎ᠶ᠋ᠢᠨ ᠭᠤᠤᠯ᠎ᠤᠨ ᠱᠧᠩᠯᠢ ᠠᠭᠤᠷᠬᠠᠢ᠎ᠶ᠋ᠢᠨ ᠦᠢᠯᠡᠰ᠎ᠤᠨ ᠺᠣᠮᠫᠠᠨᠢ᠎ᠶ᠋ᠢᠨ ᠨᠠᠮ᠎ᠤᠨ ᠬᠤᠷᠢᠶᠠᠨ᠎ᠤ ᠱᠦᠵᠢ᠂ ᠭᠦᠢᠴᠡᠳᠭᠡᠭ᠌ᠴᠢ ᠬᠡᠷᠡᠭ ᠮᠡᠳᠡᠭ᠌ᠴᠢ ᠫᠸᠢ ᠭᠦᠸᠧ ᠴᠢᠩ᠂ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠭᠤ᠎ᠪᠠᠷ ᠳᠠᠮᠵᠢᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠴᠢᠬᠤᠯᠠ ᠶᠡᠭᠡ ᠠᠴᠢ ᠬᠤᠯᠪᠣᠭ᠍ᠳᠠᠯ᠎ᠢ ᠨᠡᠩ ᠭᠦᠨᠵᠡᠭᠡᠢ ᠲᠠᠨᠢᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠮᠰᠠᠷᠲᠤ ᠴᠢᠨᠠᠷ᠂ ᠡᠷᠡᠰ ᠪᠠᠲᠤ ᠴᠢᠨᠠᠷ᠎ᠢ ᠨᠠᠩ ᠴᠢᠩᠭᠠᠳᠭᠠᠪᠠ᠃ ᠲᠠᠷᠠᠭᠠᠴᠢ᠎ᠪᠠᠷ᠂ ᠠᠭᠤᠷᠬᠠᠶ ᠪᠤᠯᠤᠨ ᠣᠷᠣᠨ ᠨᠤᠳᠤᠭ ᠡᠶ᠎ᠡ ᠵᠣᠬᠢᠴᠠᠩᠭᠤᠶ ᠪᠠᠢᠬᠤ ᠪᠣᠬᠢᠷᠲᠤᠯ ᠥᠬᠡᠶ ᠠᠭᠤᠷᠬᠠᠶ᠎ᠶ᠋ᠢᠨ ᠲᠤᠭᠤᠷᠢᠭ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠬᠤ ᠨᠡᠢᠭᠡᠮ᠎ᠤᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠳᠤ ᠨᠠᠩ ᠶᠡᠭᠡ ᠬᠤᠪᠢ ᠨᠠᠮᠠᠷᠢ ᠨᠡᠮᠡᠷᠢᠯᠡᠨ᠎ᠡ ᠭᠡᠯ᠎ᠠ᠃
ᠥᠪᠥᠷ ᠮᠣᠩᠭᠤᠯ᠎ᠤᠨ ᠡᠨᠧᠷᠭᠢ᠎ᠶ᠋ᠢᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ ᠺᠣᠮᠫᠠᠨᠢ᠎ᠶ᠋ᠢᠨ ᠬᠠᠷᠢᠶ᠎ᠠ ᠦᠨᠳᠦᠰᠦᠨ ᠱᠠᠲᠤᠨ᠎ᠤ ᠨᠢᠭᠡᠴᠢ᠎ᠶ᠋ᠢᠨ ᠡᠪᠯᠡᠯ᠎ᠤᠨ ᠬᠤᠷᠢᠶᠠᠨ᠎ᠤ ᠱᠦᠵᠢ ᠲᠢᠶᠠᠨ ᠶᠧ᠄ 《ᠡᠪᠯᠡᠯ᠎ᠤᠨ ᠬᠤᠷᠢᠶᠠᠨ᠎ᠤ ᠱᠦᠵᠢ ᠪᠣᠯᠤᠭ᠍ᠰᠠᠨ᠎ᠤ ᠬᠤᠪᠢ᠎ᠳᠤ᠂ ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠭ᠍ᠴᠠᠯᠠᠵᠤ᠂ ᠨᠠᠮ᠎ᠤᠨ ᠦᠨᠳᠦᠰᠦᠲᠡᠨ᠎ᠤ ᠠᠵᠢᠯ᠎ᠤᠨ ᠣᠨᠣᠯ ᠪᠠ ᠲᠥᠷᠥ᠎ᠶ᠋ᠢᠨ ᠪᠣᠳᠣᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠬᠤᠢᠱᠢᠳᠠ᠎ᠶ᠋ᠢᠨ ᠠᠵᠢᠯ᠎ᠳᠠᠭᠠᠨ ᠤᠯᠤᠰ᠎ᠢᠶᠠᠨ ᠬᠠᠢᠷᠠᠯᠠᠬᠤ ᠦᠵᠡᠯ᠎ᠤᠨ ᠬᠥᠮᠦᠵᠢᠯ ᠪᠠ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠴᠢᠬᠤᠯᠠᠴᠢᠯᠠᠨ ᠭᠦᠨᠵᠡᠭᠡᠢᠷᠡᠭᠦᠯᠵᠦ᠍᠂ 〈ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ〉 ᠶ᠋ᠢ ᠵᠠᠯᠠᠭᠤ ᠠᠵᠢᠯᠳᠠᠨ ᠠᠵᠢᠯᠴᠢᠨ᠎ᠤ ᠠᠵᠢᠯ ᠰᠤᠷᠤᠯᠴᠠᠯᠭ᠎ᠠ ᠠᠮᠢᠳᠤᠷᠠᠯ ᠳᠤᠮᠳᠠ ᠠᠭᠤᠰᠤᠯᠴᠠᠭᠤᠯᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠶᠡᠭᠡ ᠡᠭᠦᠷᠭᠡ᠎ᠶ᠋ᠢ ᠡᠭᠦᠷᠭᠡᠯᠡᠬᠦ᠌ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠥᠮᠦᠵᠢᠭᠦᠯᠬᠦ᠌᠎ᠶ᠋ᠢᠨ ᠲᠥᠯᠥᠭᠡ ᠴᠥᠬᠦᠷᠡᠰᠢ ᠦᠭᠡᠢ ᠴᠢᠷᠮᠠᠢᠨ᠎ᠠ》 ᠭᠡᠵᠦ᠍ ᠢᠲᠡᠭᠡᠯ ᠵᠤᠷᠢᠭ᠎ᠢᠶᠠᠨ ᠲᠤᠳᠤᠷᠠᠭᠤᠯᠤᠨ᠎ᠠ᠃