ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠤ᠎ᠬᠢᠨ ᠰᠠᠢᠨ ᠳᠤᠷ᠎ᠠ᠎ᠶ᠋ᠢᠨ ᠦᠢᠯᠡᠴᠢᠯᠡᠬᠡᠨ᠎ᠤ ᠠᠵᠢᠯᠯᠠᠭ᠎ᠠ ᠦᠷᠨᠢᠬᠦᠯᠪᠡ
2021-10-16 12:16:07
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠤ ᠦᠨᠳᠦᠰᠦᠲᠡᠨ ᠪᠠ ᠱᠠᠱᠢᠨ ᠰᠤᠷᠲᠠᠬᠤᠨ᠎ᠤ ᠵᠦᠪᠯᠡᠯ᠎ᠤᠨ᠎ᠬᠢᠨ ᠬᠡᠰᠡᠭ ᠬᠡᠱᠢᠬᠦᠳ᠎ᠢᠶᠠᠨ ᠵᠤᠬᠢᠶᠠᠨ ᠪᠠᠢᠭᠤᠯᠵᠦ᠍᠂ 《ᠪᠢ ᠪᠤᠯ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠨ · ᠲᠠᠨ᠎ᠳᠤ ᠲᠤᠰᠠᠯᠠᠶ᠎ᠠ》 ᠭᠡᠬᠦ᠌ ᠭᠤᠤᠯ ᠰᠡᠳᠦᠪᠲᠦ ᠰᠠᠢᠨ ᠳᠤᠷ᠎ᠠ᠎ᠶ᠋ᠢᠨ ᠦᠢᠯᠡᠴᠢᠯᠡᠬᠡᠨ᠎ᠤ ᠠᠵᠢᠯᠯᠠᠭ᠎ᠠ ᠦᠷᠨᠢᠬᠦᠯᠪᠡ᠃

ᠲᠤᠰ ᠤᠳᠠᠭᠠᠨ᠎ᠤ ᠰᠠᠢᠨ ᠳᠤᠷ᠎ᠠ᠎ᠶ᠋ᠢᠨ ᠦᠢᠯᠡᠴᠢᠯᠡᠬᠡᠨ᠎ᠤ ᠠᠵᠢᠯᠯᠠᠭ᠎ᠠ᠎ᠳᠤ᠂ ᠲᠦᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠨᠡᠷᠡᠲᠦ ᠲᠤᠰᠭᠠᠢ ᠮᠡᠷᠭᠡᠵᠢᠯᠲᠡᠨ (ᠬᠡᠱᠢᠬᠦᠨ) ᠎ᠠᠴᠠ ᠬᠡᠥᠬᠡᠳ᠎ᠤᠨ ᠰᠠᠯᠠᠭ᠎ᠠ᠂ ᠬᠦᠩᠭᠡᠵᠢᠬᠦᠯᠬᠦ᠌ ᠰᠠᠯᠠᠭ᠎ᠠ᠂ ᠵᠢᠷᠦᠭᠡ ᠲᠠᠷᠢᠬᠢ ᠴᠢᠰᠤᠨ ᠰᠤᠳᠠᠯ᠎ᠤᠨ ᠰᠠᠯᠠᠭ᠎ᠠ ᠵᠡᠷᠭᠡ ᠭᠤᠷᠪᠠᠨ ᠡᠮᠴᠢᠯᠡᠬᠡᠨ᠎ᠤ ᠲᠡᠪᠴᠡᠩ ᠭᠠᠷᠭᠠᠵᠦ᠍ ᠤᠯᠠᠨ ᠨᠡᠢᠲᠡ᠎ᠳᠤ ᠡᠮᠴᠢᠯᠡᠭᠡ ᠬᠠᠩᠭᠠᠬᠤ ᠵᠡᠷᠭᠡ ᠠᠭᠤᠯᠭ᠎ᠠ᠎ᠶ᠋ᠢ ᠲᠤᠬᠢᠷᠠᠭᠤᠯᠵᠠᠢ᠃ ᠡᠬᠦᠨ᠎ᠳᠤ᠂ ᠲᠤᠬᠠᠢ᠎ᠶ᠋ᠢᠨ ᠲᠠᠯᠠᠪᠠᠢ᠎ᠶ᠋ᠢᠨ ᠤᠯᠠᠨ ᠲᠦᠮᠡᠨ᠎ᠠᠴᠠ᠂ ᠦᠨᠳᠦᠰᠦᠲᠡᠨ ᠪᠠ ᠱᠠᠱᠢᠨ ᠰᠤᠷᠲᠠᠬᠤᠨ᠎ᠤ ᠵᠦᠪᠯᠡᠯ᠎ᠤᠨ᠎ᠬᠢᠨ᠎ᠤ ᠬᠦᠨ ᠬᠦᠨᠵᠡᠬᠡᠢ᠂ ᠠᠮᠢᠲᠦ ᠲᠦᠷᠰᠦᠯᠢᠭ ᠤᠬᠠᠭᠤᠯᠤᠨ ᠲᠠᠢᠯᠪᠤᠷᠢᠯᠠᠬᠤ᠎ᠶ᠋ᠢ ᠰᠤᠨᠤᠰᠭᠤ᠎ᠪᠠᠷ ᠳᠠᠮᠵᠢᠭᠤᠯᠵᠦ᠍᠂ ᠬᠤᠢᠱᠢᠲᠠ ᠨᠠᠮ᠎ᠤᠨ ᠦᠭᠡ᠎ᠶ᠋ᠢ ᠰᠤᠨᠤᠰᠴᠦ᠍᠂ ᠨᠠᠮ᠎ᠳᠠᠭᠠᠨ ᠲᠠᠯᠠᠷᠬᠠᠵᠦ᠍᠂ ᠨᠠᠮ᠎ᠢᠶᠠᠨ ᠳᠠᠭᠠᠵᠦ᠍᠂ ᠤᠳᠤᠬᠢᠴᠢᠯᠠᠬ᠍ᠰᠠᠨ ᠦᠪᠦᠷ ᠮᠤᠩᠭᠤᠯ᠎ᠢᠶᠠᠨ ᠪᠦᠲᠦᠭᠡᠨ ᠪᠠᠢᠭᠤᠯᠬᠤ᠎ᠳᠤ ᠦᠵᠡᠬᠦᠯᠪᠡᠰᠦ ᠵᠤᠬᠢᠬᠤ ᠬᠤᠪᠢ ᠨᠡᠮᠡᠷᠢ᠎ᠪᠠᠨ ᠦᠵᠡᠬᠦᠯᠦᠨ᠎ᠡ ᠭᠡᠵᠦ᠍ ᠢᠯᠡᠷᠬᠡᠢᠯᠡᠵᠡᠭᠡᠵᠡᠢ; ᠡᠪᠡᠳᠴᠢᠨ᠎ᠢᠶᠠᠨ ᠡᠮᠨᠡᠬᠦᠯᠬᠦ᠌᠎ᠪᠠᠷ ᠬᠦᠷᠦᠯᠴᠡᠨ ᠢᠷᠡᠭ᠌ᠰᠡᠨ ᠤᠯᠠᠨ ᠲᠦᠮᠡᠨ᠎ᠠᠴᠠ᠂ ᠠᠷᠠᠳ᠎ᠤᠨ ᠤᠯᠤᠰ ᠲᠦᠷᠦ᠎ᠶ᠋ᠢᠨ ᠵᠦᠪᠯᠡᠯᠬᠡᠨ᠎ᠨᠢ ᠠᠷᠠᠳ ᠲᠦᠮᠡᠨ᠎ᠤ ᠲᠦᠯᠦᠭᠡ᠂ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠨ᠎ᠨᠢ ᠤᠯᠠᠨ ᠲᠦᠮᠡᠨ᠎ᠲᠠᠢ ᠰᠡᠳᠭᠢᠯ ᠵᠢᠷᠦᠭᠡ᠎ᠪᠠᠨ ᠬᠤᠯᠪᠤᠬ᠍ᠰᠠᠨ ᠬᠠᠢᠷ᠎ᠠ ᠰᠡᠳᠭᠢᠯᠬᠡ᠎ᠶ᠋ᠢ ᠬᠦᠢᠴᠡᠳ ᠢᠯᠡᠷᠡᠬᠦᠯᠵᠦ᠍᠂ ᠤᠯᠠᠨ ᠲᠦᠮᠡᠨ᠎ᠳᠤ ᠦᠨᠡᠨ ᠬᠦ᠌ ᠠᠱᠢᠭ ᠲᠤᠰᠠ ᠬᠦᠷᠲᠡᠭᠡᠵᠡᠢ ᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号