ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠬᠢᠩᠭᠠᠨ ᠠᠢᠮᠠᠭ᠎ᠲᠤ ᠤᠬᠠᠭᠤᠯᠤᠨ ᠲᠠᠢᠯᠪᠤᠷᠢᠯᠠᠪᠠ
2021-10-16 11:26:15
ᠵᠣᠬᠢᠶᠠᠭ᠍ᠴᠢ᠄
ᠬᠤᠷᠴᠠ ᠭᠤᠤ ᠮᠢᠨ ᠨᠠ ᠱᠢᠤᠢ ᠸᠧᠨ ᠵᠢᠶᠦ᠋ᠨ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 14 ᠎ᠤ ᠡᠳᠦᠷ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠬᠢᠩᠭᠠᠨ ᠠᠢᠮᠠᠭ᠎ᠲᠤ ᠤᠬᠠᠭᠤᠯᠤᠨ ᠲᠠᠢᠯᠪᠤᠷᠢᠯᠠᠪᠠ᠃ ᠮᠡᠳᠡᠭᠦᠯᠦᠯᠲᠡ᠎ᠶ᠋ᠢᠨ ᠬᠤᠷᠠᠯ᠎ᠢ ᠸᠢᠳᠢᠣ᠋ ᠬᠡᠯᠪᠡᠷᠢ᠎ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠳᠥᠷᠪᠡᠳᠦᠭᠡᠷ ᠲᠣᠭᠤᠷᠢᠨ ᠵᠢᠯᠣᠭᠤᠳᠭᠤ ᠳᠤᠭᠤᠢᠯᠠᠩ᠎ᠤᠨ ᠳᠠᠷᠤᠭ᠎ᠠ ᠶᠠᠩ ᠰᠢ ᠵᠢᠯᠣᠭᠤᠳᠭᠤ ᠳᠤᠭᠤᠢᠯᠠᠩ᠎ᠤᠨ ᠪᠦᠬᠦ᠌ ᠪᠦᠷᠢᠯᠳᠦᠬᠦᠨ᠎ᠢ ᠳᠠᠭᠠᠭᠤᠯᠤᠨ ᠭᠤᠣᠯ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠣᠯᠴᠠᠪᠠ᠃ ᠬᠢᠩᠭᠠᠨ ᠠᠢᠮᠠᠭ᠎ᠤᠨ ᠠᠢᠮᠠᠭ ᠬᠤᠱᠢᠭᠤ ᠬᠤᠶᠠᠷ ᠱᠠᠲᠤᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠣᠭᠤᠷᠢᠨ ᠵᠢᠯᠣᠭᠤᠳᠭᠤ ᠳᠤᠭᠤᠢᠯᠠᠩ᠎ᠤᠨ ᠳᠠᠷᠤᠭ᠎ᠠ᠂ ᠳᠡᠳ᠋ ᠳᠤᠭᠤᠢᠯᠠᠩ᠎ᠤᠨ ᠳᠠᠷᠤᠭ᠎ᠠ᠂ ᠬᠤᠯᠪᠣᠭᠠᠴᠢᠨ᠂ ᠡᠯ᠎ᠡ ᠰᠠᠯᠠᠭ᠎ᠠ ᠮᠥᠴᠢᠷ ᠪᠠᠢᠭᠤᠯᠭ᠎ᠠ ᠨᠢᠭᠡᠴᠢ᠎ᠶ᠋ᠢᠨ ᠦᠨᠳᠦᠰᠦᠳᠡᠨ᠎ᠤ ᠠᠵᠢᠯ᠎ᠢ ᠬᠤᠪᠢᠳᠠᠨ ᠬᠠᠮᠢᠶᠠᠷᠴᠤ᠌ ᠪᠠᠢᠭ᠎ᠠ ᠬᠠᠷᠢᠭᠤᠴᠠᠯᠭᠠᠲᠠᠨ ᠵᠢᠴᠢ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ ᠵᠡᠷᠭᠡ 496 ᠬᠥᠮᠦᠨ ᠲᠤᠰᠭᠠᠢ ᠮᠡᠳᠡᠭᠦᠯᠦᠯᠲᠡ᠎ᠶ᠋ᠢᠨ ᠬᠤᠷᠠᠯ᠎ᠢ ᠰᠣᠨᠣᠰᠪᠠ᠃

14 ᠎ᠤ ᠦᠳᠡ᠎ᠶ᠋ᠢᠨ ᠡᠮᠦᠨ᠎ᠡ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠦᠨᠳᠦᠰᠦᠲᠡᠨ᠎ᠤ ᠣᠨᠣᠯ ᠬᠢᠭᠡᠳ ᠲᠥᠷᠥ᠎ᠶ᠋ᠢᠨ ᠪᠣᠳᠣᠯᠭ᠎ᠠ᠎ᠶ᠋ᠢᠨ ᠵᠢᠭᠠᠨ ᠰᠤᠳᠤᠯᠬᠤ ᠬᠡᠯᠲᠡᠰ᠎ᠤᠨ ᠶᠠᠩ ᠱᠢᠩ ᠮᠸᠡᠭ ᠫᠷᠤᠹᠧᠰᠰᠤᠷ᠂ 《ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠵᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠤᠯᠠᠮ ᠴᠢᠨᠠᠭ᠍ᠰᠢᠳᠠ ᠪᠠᠲᠤ ᠴᠤᠭ᠍ᠴᠠᠯᠠᠶ᠎ᠠ》 ᠭᠡᠬᠦ᠌ ᠰᠡᠳᠦᠪ᠎ᠢᠶᠠᠷ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠭᠦᠨᠵᠡᠭᠡᠶ ᠠᠭᠤᠯᠤᠭ᠍ᠳᠠᠬᠤᠨ ᠪᠠ ᠴᠢᠬᠤᠯᠠ ᠶᠡᠭᠡ ᠠᠴᠢ ᠬᠤᠯᠪᠣᠭ᠍ᠳᠠᠯ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ 《ᠳᠥᠷᠪᠡᠨ ᠶᠡᠭᠡ ᠬᠠᠷᠢᠴᠠᠭ᠎ᠠ》 ᠪᠠ 《ᠲᠠᠪᠤᠨ ᠡᠭᠦᠷᠭᠡ》᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠨ ᠲᠡᠭᠦᠯᠳᠡᠷᠵᠢᠭᠦᠯᠬᠦ᠌ ᠪᠣᠯ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠤᠯᠤᠰ ᠲᠦᠷᠦ᠎ᠶ᠋ᠢᠨ ᠪᠠᠲᠤᠯᠠᠭ᠎ᠠ ᠮᠥᠨ ᠭᠡᠬᠦ᠌ ᠵᠡᠷᠭᠡ 4 ᠲᠠᠯ᠎ᠠ᠎ᠠᠴᠠ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠣᠯᠤᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠢ ᠭᠦᠨᠵᠡᠭᠡᠢ ᠲᠠᠢᠯᠤᠮᠵᠢ ᠬᠢᠪᠡ᠃

ᠶᠠᠩ ᠱᠢᠩ ᠮᠧᠩ᠂ ᠲᠣᠰ ᠤᠳᠠᠭᠠᠨ᠎ᠤ ᠮᠡᠳᠡᠭᠦᠯᠦᠯᠲᠡ᠎ᠶ᠋ᠢᠨ ᠬᠤᠷᠠᠯ᠎ᠤᠨ ᠵᠣᠷᠢᠯᠭ᠎ᠠ ᠪᠣᠯ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠱᠢᠯᠠᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠬᠢᠩᠭᠠᠨ ᠠᠢᠮᠠᠭ᠎ᠲᠤ ᠦᠨᠳᠦᠰᠦᠯᠡᠭᠦᠯᠦᠨ ᠵᠢᠮᠢᠰᠯᠡᠭᠦᠯᠬᠦ᠌᠎ᠶ᠋ᠢ ᠳᠥᠯᠭᠢᠨ ᠠᠬᠢᠭᠤᠯᠬᠤ ᠭᠡᠷᠡᠭ᠌ᠳᠡᠢ ᠭᠡᠵᠦ᠍ ᠢᠯᠡᠳᠭᠡᠪᠡ᠃

ᠤᠯᠠᠭᠠᠨᠬᠤᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠪᠠᠭ᠍ᠰᠢ ᠡᠤ ᠭᠦᠸᠧ ᠴᠢᠦ ᠮᠡᠳᠡᠭᠦᠯᠦᠯᠲᠡ᠎ᠶ᠋ᠢᠨ ᠬᠤᠷᠠᠯ᠎ᠢ ᠰᠣᠨᠣᠰᠤᠭ᠍ᠰᠠᠨ᠎ᠤ ᠳᠠᠷᠠᠭ᠎ᠠ᠄ 《ᠰᠤᠷᠭᠠᠨ ᠬᠥᠮᠦᠵᠢᠯ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠵᠠᠪᠠᠯ ᠨᠠᠮ᠎ᠤᠨ ᠦᠨᠳᠦᠰᠦᠲᠡᠨ᠎ᠤ ᠣᠨᠣᠯ ᠪᠠ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠡᠳᠦᠷ ᠲᠤᠲᠤᠮ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠳᠤ ᠠᠭᠤᠰᠤᠯᠴᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠥᠪᠡᠷ᠎ᠤᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠭᠦᠨ ᠲᠦᠷᠦᠭ᠌ᠳᠡᠯ᠎ᠲᠠᠢ ᠶᠠᠷᠢᠪᠠ᠃

14 ᠎ᠤ ᠦᠳᠡ᠎ᠶ᠋ᠢᠨ ᠬᠤᠢᠨ᠎ᠠ᠂ ᠶᠠᠩ ᠱᠢᠩ ᠮᠧᠩ ᠫᠷᠤᠹᠧᠰᠰᠤᠷ ᠪᠠᠰᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠵᠠᠨ ᠢ ᠲᠠᠷᠢᠮᠠᠯ᠎ᠤᠨ ᠲᠤᠰᠭᠠᠢ ᠬᠤᠷᠱᠢᠶ᠎ᠠ᠎ᠳᠤ ᠬᠦᠷᠴᠦ᠍᠂ 《ᠪᠦᠬᠦ᠌ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠭ᠍ᠰᠠᠨ ᠲᠡᠷᠢᠭᠦᠨ᠎ᠤ ᠬᠤᠪᠢ ᠬᠥᠮᠦᠨ》᠂ 《ᠪᠦᠬᠦ᠌ ᠤᠯᠤᠰ᠎ᠤᠨ 〈3 · 8〉 ᠎ᠶ᠋ᠢᠨ ᠤᠯᠠᠭᠠᠨ ᠲᠤᠭ᠍ᠴᠢ》 ᠵᠡᠷᠭᠡ ᠢᠷᠠᠭᠤ ᠠᠯᠳᠠᠷ ᠬᠦᠷᠳᠡᠭ᠌ᠰᠡᠳ ᠴᠢ ᠱᠢᠶᠤᠤ ᠵᠢᠩ ᠵᠢᠴᠢ ᠲᠤᠬᠠᠢ᠎ᠶ᠋ᠢᠨ ᠲᠠᠯᠠᠪᠠᠢ᠎ᠳᠤ ᠪᠠᠢᠭ᠍ᠰᠠᠨ ᠲᠣᠰᠭᠤᠨ᠎ᠤ ᠠᠷᠠᠳ᠎ᠲᠠᠢ ᠨᠢᠭᠤᠷᠳᠠᠨ ᠶᠠᠷᠢᠯᠴᠠᠵᠤ᠂ ᠬᠤᠷᠱᠢᠯᠴᠠᠬᠤ ᠬᠡᠯᠪᠡᠷᠢ᠎ᠪᠠᠷ ᠤᠬᠠᠭᠤᠯᠤᠨ ᠲᠠᠢᠯᠪᠤᠷᠢᠯᠠᠵᠤ ᠰᠠᠨᠠᠯ᠎ᠢᠶᠠᠨ ᠰᠣᠯᠢᠯᠴᠠᠵᠤ᠂ ᠤᠯᠠᠨ᠎ᠤ ᠳᠤᠷᠠᠳᠤᠭ᠍ᠰᠠᠨ ᠠᠰᠠᠭᠤᠳᠠᠯ᠎ᠳᠤ ᠴᠢᠭ᠌ᠯᠡᠭᠦᠯᠦᠨ ᠨᠠᠷᠢᠨ ᠬᠠᠷᠢᠭᠤᠯᠲᠠ ᠥᠭ᠌ᠪᠡ᠃ 《ᠶᠠᠩ ᠱᠢᠩ ᠮᠧᠩ ᠫᠷᠤᠹᠧᠰᠰᠤᠷ᠎ᠲᠠᠢ ᠰᠠᠨᠠᠯ᠎ᠢᠶᠠᠨ ᠭᠦᠨᠵᠡᠭᠡᠢ ᠰᠣᠯᠢᠯᠴᠠᠭ᠍ᠰᠠᠨ᠎ᠤ ᠳᠠᠷᠠᠭ᠎ᠠ᠂ ᠪᠢ ᠨᠤᠲᠤᠭ᠎ᠤᠨ ᠠᠬ᠎ᠠ ᠳᠡᠭᠦᠦ ᠨᠡᠷ᠎ᠲᠠᠢ᠎ᠪᠠᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠣᠯᠤᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠢ ᠨᠡᠩ ᠪᠦᠬᠦ᠌ ᠲᠠᠯ᠎ᠠ᠎ᠶ᠋ᠢᠨ ᠲᠠᠨᠢᠯᠲᠠ᠎ᠲᠠᠢ ᠪᠤᠯᠵᠤ᠂ ᠮᠠᠰᠢ ᠤᠯᠠᠨ ᠣᠯᠤᠯᠲᠠ ᠲᠦᠷᠦᠭ᠌ᠳᠡᠯ᠎ᠲᠠᠢ ᠪᠣᠯᠵᠠᠢ᠃ ᠳᠠᠷᠠᠭᠠᠴᠢ᠎ᠶ᠋ᠢᠨ ᠠᠯᠬᠤᠮ᠎ᠳᠤ᠂ ᠪᠢ ᠦᠷᠭᠦᠯᠵᠢᠯᠡᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠲᠠᠢ ᠪᠦᠯᠬᠦᠮᠳᠡᠵᠦ᠍᠂ ᠬᠠᠮᠲᠤ᠎ᠪᠠᠷ ᠬᠥᠭ᠌ᠵᠢᠵᠦ᠍᠂ ᠨᠤᠲᠤᠭ᠎ᠤᠨ ᠠᠬ᠎ᠠ ᠳᠡᠭᠦᠦ ᠨᠡᠷ᠎ᠢᠶᠠᠨ ᠳᠠᠭᠠᠭᠤᠯᠤᠨ ᠣᠷᠣᠯᠭ᠎ᠠ᠎ᠶ᠋ᠢ᠎ᠨᠢ ᠨᠡᠮᠡᠭ᠌ᠳᠡᠭᠦᠯᠦᠨ ᠪᠠᠶᠠᠵᠢᠭᠤᠯᠤᠨ᠎ᠠ》 ᠭᠡᠵᠦ᠍ ᠴᠢ ᠱᠢᠶᠤᠤ ᠵᠢᠩ ᠢᠲᠡᠭᠡᠯ ᠲᠡᠭᠦᠯᠳᠡᠷ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠢᠶ᠎ᠡ ᠪᠦᠬᠦᠢ ᠰᠣᠨᠢᠨ
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号