84 ᠵᠢᠯ᠎ᠤᠨ ᠠᠭᠤᠰᠤᠯᠴᠠᠯ ᠶᠠᠪᠤᠯᠴᠠᠭ᠎ᠠ ᠪᠦᠯᠬᠦᠮᠳᠡᠯ
2021-10-17 10:26:49
ᠵᠣᠬᠢᠶᠠᠭ᠍ᠴᠢ᠄
​ ᠪᠢᠯᠢᠭ᠌ᠲᠦ ᠼᠠᠢ ᠬᠤᠨᠭ᠌ ᠨᠠᠮᠤᠭ ᠯᠢ ᠴᠢᠦ ᠱᠢᠶᠠᠩ ᠤᠷᠠᠨᠲᠤᠳᠢ
ᠣᠩᠱᠢᠭ᠍ᠰᠠᠨ ᠣᠳᠠᠭ᠎ᠠ᠄
★★★☆☆

— ᠭᠤᠷᠪᠠᠨ ᠭᠤᠤᠯ᠎ᠤᠨ ᠲᠡᠨᠵᠢᠨ᠎ᠳᠠᠬᠢ ᠵᠢᠷᠭᠤᠭᠠᠨ ᠦᠨᠳᠦᠰᠦᠳᠡᠨ᠎ᠤ ᠡᠪ᠎ᠤᠨ ᠲᠤᠮᠤ ᠭᠡᠷ ᠪᠦᠯᠢ


9 ᠰᠠᠷ᠎ᠠ᠎ᠶ᠋ᠢᠨ 6 ᠎ᠤ ᠦᠳᠡ᠎ᠶ᠋ᠢᠨ ᠬᠤ ᠵᠢᠨ᠎ᠠ᠂ ᠬᠢᠩᠭᠠᠨ ᠠᠢᠮᠠᠭ᠎ᠤᠨ ᠤᠯᠠᠭᠠᠨᠬᠤᠲᠠ᠎ᠶ᠋ᠢᠨ ᠰᠠᠨ ᠾᠧ ᠲᠣᠰᠭᠤᠨ᠎ᠳᠤ ᠨᠠᠮᠤᠷ᠎ᠤᠨ ᠪᠤᠷᠤᠭ᠎ᠠ ᠱᠢᠪᠡᠷᠡᠭᠡᠳ ᠪᠤᠷᠤᠭᠠᠨ᠎ᠤ ᠲᠤᠰᠤᠯ ᠪᠤᠯᠪᠠᠰᠤᠷᠠᠭ᠍ᠰᠠᠨ ᠲᠤᠳᠤᠷᠭᠠᠨ ᠲᠠᠷᠢᠶ᠎ᠠ ᠲᠡᠭᠡᠷ᠎ᠡ ᠪᠦᠮᠪᠦᠭᠡᠨᠡᠨ᠂ ᠲᠤᠳᠤᠷᠭᠠᠨ ᠲᠠᠷᠢᠶᠠᠨ᠎ᠳᠤ ᠨᠤᠭᠤᠰᠤ ᠨᠠᠢᠮᠠᠯᠵᠢ ᠱᠤᠩᠪᠠᠭᠠᠳ ᠡᠯᠪᠡᠭ ᠬᠤᠷᠢᠶᠠᠯᠲᠠ᠎ᠶ᠋ᠢ ᠪᠡᠯᠭᠡᠳᠡᠨ᠎ᠡ᠃ ᠲᠤᠰᠭᠤᠨ᠎ᠤ ᠠᠭᠤᠳᠠᠮ ᠲᠠᠯᠠᠪᠠᠢ᠎ᠳᠤ ᠡᠭᠡᠱᠢᠭ ᠳᠠᠭᠤᠤ ᠬᠠᠨᠭ᠌ᠭᠢᠨᠠᠵᠤ᠂ ᠪᠥᠵᠢᠭ᠎ᠤᠨ ᠪᠦᠯᠬᠦᠮ᠎ᠤᠨ ᠳᠠᠷᠤᠭ᠎ᠠ ᠵᠢᠨ ᠶᠢᠩ ᠱᠤ᠌ ᠪᠠᠶᠠᠷ᠎ᠤᠨ ᠡᠳᠦᠷ᠎ᠤᠨ ᠬᠤᠪᠴᠠᠰᠤ᠎ᠪᠠᠨ ᠡᠮᠦᠰᠦᠭᠡᠳ 20 ᠬᠡᠳᠦᠨ ᠡᠭᠡᠴᠢ ᠳᠡᠭᠦᠦ ᠨᠠᠷ᠎ᠢᠶᠠᠨ ᠳᠠᠭᠠᠭᠤᠯᠤᠨ᠂ ᠴᠤᠬᠢᠯᠭ᠎ᠠ ᠪᠦᠷᠢ᠎ᠳᠤ ᠠᠯᠬᠤᠮ ᠳᠠᠭᠠᠷᠠᠭᠤᠯᠤᠨ ᠲᠣᠰᠭᠤᠨ᠎ᠤ᠎ᠪᠠᠨ 40 ᠳ᠋ᠤᠬᠡᠷ ᠬᠤᠭᠤᠴᠠᠭᠠᠨ᠎ᠤ ᠨᠠᠰᠤᠲᠠᠢᠴᠤᠳ᠎ᠤᠨ ᠪᠠᠶᠠᠷ᠎ᠢ ᠤᠭ᠍ᠲᠤᠬᠤ᠎ᠳᠤ ᠪᠡᠯᠡᠳᠭᠡᠭ᠌ᠰᠡᠨ ᠪᠦᠵᠢᠭ᠎ᠢᠶᠠᠨ ᠱᠠᠯᠠᠪᠳᠠᠨ ᠪᠤᠯᠪᠠᠰᠤᠷᠠᠨ᠎ᠠ᠃

《ᠮᠠᠨ᠎ᠤ ᠪᠥᠵᠢᠭ᠎ᠤᠨ ᠪᠦᠯᠬᠦᠮ᠎ᠳᠤ ᠬᠢᠲᠠᠳ ᠦᠨᠳᠦᠰᠦᠲᠡᠨ᠂ ᠰᠣᠯᠣᠩᠭᠤᠰ ᠦᠨᠳᠦᠰᠦᠲᠡᠨ᠂ ᠮᠣᠩᠭᠤᠯ ᠦᠨᠳᠦᠰᠦᠲᠡᠨ᠎ᠤ ᠭᠡᠱᠢᠭᠦᠨ ᠪᠦᠷ ᠪᠠ ᠵᠢᠨ᠎ᠠ᠂ ᠪᠢᠳᠡ ᠡᠳᠦᠷ ᠪᠦᠷᠢ ᠠᠭᠤᠯᠵᠠᠭ᠍ᠰᠠᠭᠠᠷ ᠵᠤᠭᠤᠭ᠍ᠳᠠᠭᠠᠳ ᠪᠠᠷᠠᠬᠤ ᠦᠭᠡᠢ ᠵᠤᠭᠤᠭ᠎ᠲᠠᠢ ᠶᠤᠮ》 ᠭᠡᠵᠦ᠍ ᠶᠢᠨ ᠶᠢᠩ ᠱᠤ᠌ ᠶᠡᠷᠢᠨ᠎ᠠ᠃ ᠲᠠᠷᠢᠶᠠᠯᠠᠩ᠎ᠤᠨ ᠰᠡᠯᠡᠭᠦᠦ ᠴᠠᠭ ᠪᠣᠯᠬᠤ ᠪᠦᠷᠢ᠂ ᠲᠡᠳᠡ ᠬᠠᠮᠲᠤ᠎ᠪᠠᠷ ᠪᠥᠵᠢᠭ ᠪᠣᠯᠪᠠᠰᠤᠷᠠᠵᠤ᠂ ᠦᠨᠳᠦᠰᠦᠲᠡᠨ᠎ᠤ ᠪᠦᠯᠬᠦᠮᠳᠡᠯ᠎ᠨᠢ ᠲᠡᠳᠡᠨ᠎ᠳᠤ ᠠᠪᠴᠤ᠌ ᠬᠡᠯᠡᠪᠡᠯ ᠤᠷᠢᠶ᠎ᠠ ᠪᠢᠰᠢ᠂ ᠬᠠᠷᠢᠨ ᠡᠳᠦᠷ ᠲᠤᠳᠤᠮ᠎ᠤᠨ ᠠᠮᠢᠳᠤᠷᠠᠯ᠎ᠤᠨ ᠬᠢᠨᠢ ᠨᠢᠭᠡ ᠭᠡᠰᠡᠭ ᠪᠤᠯᠤᠭ᠍ᠰᠠᠨ ᠪᠠ ᠵᠢᠨ᠎ᠠ᠃

《ᠨᠠᠰᠤᠲᠠᠢᠴᠤᠳ᠎ᠤᠨ ᠪᠠᠶᠠᠷ ᠪᠣᠯ ᠰᠣᠯᠣᠩᠭᠤᠰ ᠦᠨᠳᠦᠰᠦᠲᠡᠨ᠎ᠤ ᠤᠯᠠᠮᠵᠢᠯᠠᠯᠲᠤ ᠪᠠᠶᠠᠷ ᠲᠤᠷᠠᠰᠭᠠᠯ᠎ᠤᠨ ᠡᠳᠦᠷ ᠮᠥᠨ᠂ ᠨᠠᠰᠤᠲᠠᠢᠴᠤᠳ᠎ᠢ ᠬᠦᠨᠳᠦᠳᠭᠡᠬᠦ᠌ ᠪᠣᠯ ᠳᠤᠮᠳᠠᠳᠤ᠎ᠶ᠋ᠢᠨ ᠦᠨᠳᠦᠰᠦᠲᠡᠨ᠎ᠤ ᠱᠢᠯᠢᠳᠡᠭ ᠤᠯᠠᠮᠵᠢᠯᠠᠯᠲᠤ ᠰᠤᠷᠲᠠᠯ᠂ ᠵᠢᠯ ᠪᠦᠷᠢ᠎ᠶ᠋ᠢᠨ ᠨᠠᠰᠤᠲᠠᠢᠴᠤᠳ᠎ᠤᠨ ᠪᠠᠶᠠᠷ᠎ᠤᠨ ᠡᠳᠦᠷ ᠪᠤᠯᠤᠭ᠍ᠰᠠᠭᠠᠷ ᠮᠠᠨ᠎ᠤ ᠲᠤᠰᠭᠤᠨ ᠱᠢᠨᠡᠯᠡᠵᠦ᠍ ᠴᠠᠭᠠᠯᠠᠬᠤ᠎ᠠᠴᠠ ᠴᠦ᠍ ᠢᠯᠡᠭᠦᠦ ᠪᠠᠶᠠᠷ ᠬᠦᠷ᠎ᠲᠠᠢ ᠪᠠ ᠵᠢᠳᠠᠭ᠃ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠦᠷ ᠰᠠᠨᠠᠭᠠᠴᠢᠯᠠᠭ᠎ᠠ᠎ᠠᠴᠠ᠎ᠪᠠᠨ ᠢᠳᠡᠭᠡᠨ ᠤᠮᠳᠠᠭᠠᠨ ᠬᠤᠳᠠᠯᠳᠤᠨ ᠠᠪᠴᠤ᠌᠂ ᠬᠠᠮᠲᠤ᠎ᠪᠠᠷ ᠬᠤᠭᠤᠯᠠ ᠬᠢᠵᠦ᠍᠂ ᠬᠠᠮᠲᠤ᠎ᠪᠠᠷ ᠨᠠᠭᠠᠳᠴᠤ᠌᠂ ᠬᠠᠮᠲᠤ᠎ᠪᠠᠷ ᠳᠠᠭᠤᠯᠠᠵᠤ ᠪᠥᠵᠢᠭ᠌ᠯᠡᠳᠡᠭ》 ᠭᠡᠵᠦ᠍ ᠰᠠᠨ ᠾᠧ ᠲᠣᠰᠭᠤᠨ᠎ᠤ ᠨᠠᠮ᠎ᠤᠨ ᠡᠭᠦᠷ᠎ᠤᠨ ᠱᠦᠵᠢ᠂ ᠲᠣᠰᠭᠤᠨ᠎ᠤ ᠵᠦᠪᠯᠡᠯ᠎ᠤᠨ ᠡᠷᠬᠢᠯᠡᠭ᠌ᠴᠢ ᠱᠢᠤᠢ ᠵᠦᠩ ᠹᠧᠩ ᠶᠠᠷᠢᠨ᠎ᠠ᠃ ᠰᠠᠨ ᠾᠧ ᠲᠣᠰᠭᠤᠨ᠎ᠤ ᠦᠨᠳᠦᠰᠦᠲᠡᠨ᠎ᠨᠦᠭᠦᠳ᠎ᠤᠨ ᠢᠳᠡᠭᠡᠨ ᠤᠮᠳᠠᠭᠠᠨ᠎ᠤ ᠰᠤᠶᠤᠯ᠎ᠤᠨ ᠠᠭᠤᠰᠤᠯᠴᠠᠯ᠎ᠠᠴᠠ ᠪᠤᠯᠵᠤ᠂ ᠰᠣᠯᠣᠩᠭᠤᠰ ᠦᠨᠳᠦᠰᠦᠲᠡᠨ᠎ᠤ ᠣᠨᠴᠠᠯᠢᠭ᠎ᠲᠠᠢ ᠳᠠᠪᠤᠰᠤᠯᠠᠭ᠍ᠰᠠᠨ ᠨᠣᠭᠤᠭ᠎ᠠ᠂ ᠮᠣᠩᠭᠤᠯ ᠦᠨᠳᠦᠰᠦᠲᠡᠨ᠎ᠤ ᠤᠯᠠᠮᠵᠢᠯᠠᠯᠲᠤ ᠴᠠᠭᠠᠨ ᠢᠳᠡᠭᠡᠨ᠂ ᠬᠢᠲᠠᠳ ᠦᠨᠳᠦᠰᠦᠲᠡᠨ᠎ᠤ ᠬᠠᠭᠤᠷᠤᠯᠭ᠎ᠠ ᠬᠠᠭᠠᠷᠢᠯᠭ᠎ᠠ᠎ᠨᠢ ᠪᠦᠷ ᠲᠤᠰᠭᠤᠨ᠎ᠤ ᠠᠷᠠᠳ᠎ᠤᠨ ᠡᠳᠦᠷ ᠳᠤᠲᠤᠮ᠎ᠤᠨ ᠬᠤᠭᠤᠯᠠᠨ ᠱᠢᠷᠡᠭᠡᠨ᠎ᠳᠠᠬᠢ ᠳᠤᠲᠠᠭ᠍ᠳᠠᠵᠤ ᠪᠤᠯᠤᠰᠢ ᠦᠭᠡᠢ ᠠᠮᠲᠠᠳᠤ ᠢᠳᠡᠭᠡᠨ ᠪᠤᠯᠵᠠᠢ᠃

84 ᠵᠢᠯ᠎ᠤᠨ ᠲᠤᠷᠰᠢ᠂ ᠰᠠᠨ ᠾᠧ ᠲᠣᠰᠭᠤᠨ᠎ᠳᠤ ᠰᠠᠭᠤᠷᠢᠱᠢᠭ᠎ᠠ ᠰᠣᠯᠣᠩᠭᠤᠰ᠂ ᠬᠢᠲᠠᠳ᠂ ᠮᠣᠩᠭᠤᠯ᠂ ᠮᠠᠨᠵᠤ᠂ ᠳᠠᠭᠤᠷ᠂ ᠬᠤᠲᠣᠩ ᠵᠡᠷᠭᠡ 6 ᠦᠨᠳᠦᠰᠦᠲᠡᠨ᠎ᠤ ᠠᠷᠠᠳ ᠲᠦᠮᠡᠨ ᠠᠮᠤᠭᠤᠯᠠᠩ ᠭᠤᠣᠯ᠂ ᠭᠦᠢᠯᠡᠷ᠎ᠤᠨ ᠭᠤᠣᠯ᠂ ᠲᠤᠭᠤᠷ᠎ᠤᠨ ᠭᠤᠣᠯ᠎ᠤᠨ᠎ᠢᠶᠠᠨ ᠲᠡᠨᠵᠢᠨ᠎ᠳᠤ ᠬᠠᠷᠢᠯᠴᠠᠨ ᠬᠦᠨᠳᠦᠳᠭᠡᠵᠦ᠍᠂ ᠬᠠᠷᠢᠯᠴᠠᠨ ᠪᠦᠯᠬᠦᠮᠳᠡᠨ᠂ ᠡᠨᠡ ᠬᠦ᠌ ᠬᠠᠯᠠᠭᠤᠨ ᠳᠤᠯᠠᠭᠠᠨ ᠭᠡᠷ ᠪᠦᠯᠢ᠎ᠶ᠋ᠢ ᠪᠠ ᠵᠢᠭᠤᠯᠤᠭ᠍ᠰᠠᠨ ᠪᠠ ᠵᠢᠨ᠎ᠠ᠃

《ᠪᠢᠳᠡᠨ᠎ᠤ ᠡᠪᠦᠭᠡ ᠳᠡᠭᠡᠳᠦᠰ᠎ᠤᠨ ᠦᠶ᠎ᠡ᠎ᠳᠤ ᠬᠡᠴᠢᠨᠡᠬᠡᠨ ᠬᠦᠴᠢᠷ ᠵᠤᠪᠠᠯᠠᠩ᠎ᠲᠠᠢ ᠪᠠ ᠵᠢᠭ᠍ᠰᠠᠨ᠎ᠢ ᠪᠤᠦ ᠮᠡᠳᠡ᠂ ᠲᠡᠳᠡ ᠦᠨᠦᠳᠦᠷ᠎ᠤᠨ ᠰᠠᠨ ᠾᠧ ᠲᠣᠰᠭᠤᠨ ᠢᠡᠭ᠌ᠭᠢᠵᠦ᠍ ᠶᠡᠭᠡ ᠬᠦᠭ᠌ᠵᠢᠵᠦ᠍᠂ ᠦᠷ᠎ᠡ ᠠᠴᠢᠨᠠᠷ᠎ᠨᠢ ᠡ ᠵᠢᠮᠦ᠍ ᠰᠠ ᠵᠢᠬᠠᠨ ᠠᠮᠢᠳᠤᠷᠠᠯ᠎ᠢ ᠡᠳ᠋ᠯᠡᠨ᠎ᠡ ᠭᠡᠳᠡᠭ᠎ᠢ ᠬᠡᠷᠬᠢᠨ ᠪᠤᠳᠤᠵᠤ ᠤᠯᠬᠤ ᠪᠢᠯᠠ》 ᠭᠡᠬᠦ᠌ ᠱᠢᠤᠢ ᠱᠦᠵᠢ᠎ᠶ᠋ᠢᠨ ᠶᠠᠷᠢᠶᠠᠨ᠎ᠠᠴᠠ ᠰᠠᠨ ᠾᠧ ᠲᠣᠰᠭᠤᠨ᠎ᠤ ᠬᠦᠴᠢᠷ ᠵᠤᠪᠠᠯᠠᠩᠲᠤ ᠲᠡᠤᠬᠡ᠎ᠶ᠋ᠢᠨ ᠤᠯᠠ ᠮᠦᠷ ᠰᠤᠷᠪᠤᠯᠵᠢᠯᠠᠭ᠍ᠴᠢ᠎ᠶ᠋ᠢᠨ ᠡᠮᠦᠨ᠎ᠡ ᠳᠡᠯᠭᠡᠭ᠌ᠳᠡᠨ᠎ᠡ᠃ 1937 ᠣᠨ᠎ᠤ ᠬᠠᠪᠤᠷ᠂ ᠲᠤᠬᠠᠢ᠎ᠶ᠋ᠢᠨ ᠦᠶ᠎ᠡ᠎ᠶ᠋ᠢᠨ ᠭᠠᠵᠠᠷ᠎ᠤᠨ ᠡᠵᠡᠨ 100 ᠭᠠᠷᠤᠢ ᠡᠷᠤᠭᠡ ᠰᠣᠯᠣᠩᠭᠤᠰ ᠲᠠᠷᠢᠶᠠᠴᠢᠨ᠎ᠢ ᠡᠯᠰᠡᠨ ᠤᠰᠤᠨ ᠲᠤᠲᠤᠷᠭ᠎ᠠ ᠲᠠᠷᠢᠭᠤᠯᠵᠤ᠂ ᠰᠠᠨ ᠾᠧ ᠲᠠᠷᠢᠶᠠᠯᠠᠩ᠎ᠤᠨ ᠲᠠᠯᠠᠪᠠᠢ᠂ ᠳᠠᠷᠤᠢ ᠤᠳᠤ᠎ᠶ᠋ᠢᠨ ᠰᠠᠨ ᠾᠧ ᠲᠣᠰᠭᠤᠨ᠎ᠢ ᠪᠠ ᠵᠢᠭᠤᠯᠵᠠᠢ᠃ ᠲᠤᠬᠠᠢ᠎ᠶ᠋ᠢᠨ ᠦᠶ᠎ᠡ᠎ᠳᠤ ᠲᠠᠷᠢᠶᠠᠴᠢᠳ ᠦᠬᠦᠨ ᠬᠠᠳᠠᠨ ᠨᠢᠭᠡ ᠵᠢᠯ ᠠᠵᠢᠯᠯᠠᠭᠠᠳ ᠵᠢᠯ᠎ᠤᠨ ᠡᠴᠦᠰ ᠪᠣᠯᠬᠤ᠎ᠳᠤ ᠭᠠᠵᠠᠷ᠎ᠤᠨ ᠲᠦᠷᠢᠶᠡᠰᠦ᠎ᠪᠠᠨ ᠲᠤᠱᠢᠶᠠᠵᠤ᠂ ᠲᠠᠬᠡᠷ᠎ᠠ᠎ᠨᠢ ᠬᠦᠨᠡᠰᠦᠨ ᠠᠮᠤ᠂ ᠲᠠᠷᠢᠶᠠᠨ ᠦᠷ᠎ᠡ᠂ ᠬᠥᠯᠥᠱᠢᠨ ᠦᠬᠡᠷ ᠵᠢᠴᠢ ᠡᠯ᠎ᠡ ᠵᠦᠢᠯ᠎ᠤᠨ ᠲᠠᠷᠢᠶᠠᠯᠠᠩ᠎ᠤᠨ ᠪᠠᠭᠠᠵᠢ᠎ᠶ᠋ᠢ ᠪᠠᠭ᠍ᠲᠠᠭᠠᠭ᠍ᠰᠠᠨ ᠪᠣᠳᠠᠰ᠎ᠤᠨ ᠵᠢᠭᠡᠯᠡᠯᠭᠡ᠎ᠶ᠋ᠢ ᠬᠠᠰᠤᠪᠠᠯ᠂ ᠰᠣᠬᠤᠷ ᠵᠣᠭᠤᠰ ᠴᠤ᠌ ᠦᠯᠡᠳᠡᠬᠦ᠌ ᠦᠭᠡᠢ ᠮᠥᠷᠲᠡᠭᠡᠨ ᠬᠠᠷᠢᠨ ᠭᠠᠵᠠᠷ᠎ᠤᠨ ᠡᠵᠡᠨ᠎ᠳᠤ ᠦᠷᠢᠲᠡᠴᠢᠭᠡᠳᠡᠭ᠃ ᠬᠡᠴᠢᠨᠡᠬᠡᠨ ᠬᠦᠴᠢᠷ ᠪᠡᠷᠬᠡᠱᠢᠶᠡᠯᠲᠡᠢ ᠣᠷᠴᠢᠨ ᠲᠣᠭᠤᠷᠢᠨ᠎ᠳᠤ ᠴᠤ᠌ ᠭᠡᠰᠡᠨ ᠰᠠᠨ ᠾᠧ ᠲᠣᠰᠭᠤᠨ᠎ᠤ ᠠᠷᠠᠳ ᠲᠦᠮᠡᠨ ᠢᠮᠠᠭ᠍ᠲᠠ ᠠᠵᠢᠯᠴᠢ ᠬᠥᠳᠡᠯᠮᠦᠷᠢᠴᠢ᠂ ᠴᠠᠢᠯᠭᠠᠨ ᠴᠠᠭᠠᠪᠤᠷ᠂ ᠡᠷᠡᠯᠬᠡᠭ ᠪᠠᠭᠠᠲᠤᠷᠯᠢᠭ᠂ ᠪᠦᠯᠬᠦᠮᠳᠡᠯ᠎ᠤᠨ ᠵᠣᠷᠢᠭ ᠰᠠᠨᠠᠭ᠎ᠠ᠎ᠪᠠᠨ ᠪᠠᠷᠢᠮᠳᠠᠯᠠᠭ᠍ᠰᠠᠭᠠᠷ ᠢᠷᠡᠵᠡᠢ᠃

《ᠦᠨᠳᠦᠰᠦᠲᠡᠨ᠎ᠨᠦᠭᠦᠳ ᠬᠠᠷᠢᠯᠴᠠᠨ ᠪᠦᠯᠬᠦᠮᠳᠡᠨ ᠬᠠᠷᠢᠯᠴᠠᠨ ᠬᠠᠪᠰᠤᠷᠤᠯᠴᠠᠬᠤ ᠪᠣᠯ ᠰᠠᠨ ᠾᠧ ᠲᠣᠰᠭᠤᠨ᠎ᠤ ᠡᠬᠦᠷᠢᠳᠡ᠎ᠶ᠋ᠢᠨ ᠱᠢᠯᠢᠳᠡᠭ ᠤᠯᠠᠮᠵᠢᠯᠠᠯ ᠮᠥᠨ᠃ ᠠᠩᠬ᠎ᠠ ᠡᠬᠢᠨ᠎ᠳᠡᠭᠡᠨ ᠲᠣᠰᠭᠤᠨ᠎ᠳᠤ ᠵᠦᠪᠭᠡᠨ ᠰᠣᠯᠣᠩᠭᠤᠰ ᠦᠨᠳᠦᠰᠦᠲᠡᠨ᠎ᠤ ᠠᠷᠠᠳ ᠲᠦᠮᠡᠨ ᠯᠠ ᠤᠰᠤᠨ ᠲᠤᠲᠤᠷᠭ᠎ᠠ ᠳᠠᠷᠢᠵᠤ ᠪᠠ ᠵᠢᠵᠠᠢ᠃ ᠬᠤᠵᠢᠮ᠎ᠨᠢ ᠰᠣᠯᠣᠩᠭᠤᠰ ᠦᠨᠳᠦᠰᠦᠲᠡᠨ᠎ᠤ ᠣᠯᠠᠨ ᠲᠦᠮᠡᠨ᠎ᠤ ᠬᠠᠷᠠᠮ ᠥᠬᠡᠶ ᠵᠢᠭᠠᠨ ᠰᠤᠷᠭᠠᠯᠲᠠ᠎ᠪᠠᠷ ᠲᠠᠮᠵᠢᠭᠠᠳ ᠪᠤᠰᠤᠳ ᠦᠨᠳᠦᠰᠦᠲᠡᠨ᠎ᠤ ᠣᠯᠠᠨ ᠲᠦᠮᠡᠨ ᠴᠦ᠍ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠤᠰᠤᠨ ᠲᠤᠲᠤᠷᠭ᠎ᠠ ᠲᠠᠷᠢᠵᠤ ᠡᠬᠢᠯᠡᠭᠡᠳ ᠲᠣᠰᠭᠤᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠠᠮᠲᠤ᠎ᠪᠠᠷ ᠳᠠᠷᠢᠵᠤ ᠠᠷᠠᠴᠢᠯᠠᠵᠤ ᠪᠠ ᠵᠢᠭ᠎ᠠ ᠰᠠᠢᠨ ᠰᠠᠢᠬᠠᠨ ᠠᠬᠤᠢ ᠪᠠ ᠵᠢᠳᠠᠯ ᠪᠤᠢ ᠪᠤᠯᠵᠠᠢ᠃ ᠤᠳᠤ ᠮᠠᠨ᠎ᠤ ᠲᠤᠰᠭᠤᠨ᠎ᠤ ᠤᠰᠤᠨ ᠲᠤᠲᠤᠷᠭ᠎ᠠ᠎ᠶ᠋ᠢᠨ ᠲᠠᠯᠠᠪᠠᠢ ᠨᠢᠭᠡᠨᠲᠡ ᠲᠦᠮᠡᠨ ᠮᠦ᠍᠎ᠶ᠋ᠢ ᠳᠠᠪᠠᠪᠠ》 ᠭᠡᠵᠦ᠍ ᠱᠢᠤᠢ ᠵᠦᠩ ᠹᠧᠩ ᠤᠮᠤᠭ᠍ᠲᠠᠢ ᠶᠠᠷᠢᠨ᠎ᠠ᠃ ᠲᠡᠭᠦᠨ᠎ᠤ ᠳᠠᠨᠢᠯᠴᠠᠭᠤᠯᠬᠤ᠎ᠪᠠᠷ᠂ ᠰᠠᠨ ᠾᠧ ᠲᠣᠰᠭᠤᠨ ᠪᠣᠯ ᠬᠢᠩᠭᠠᠨ ᠠᠢᠮᠠᠭ᠎ᠤᠨ ᠤᠰᠤᠨ ᠲᠤᠲᠤᠷᠭ᠎ᠠ᠎ᠶ᠋ᠢᠨ ᠦᠢᠯᠡᠳᠪᠦᠷᠢᠯᠡᠯ᠎ᠤᠨ ᠴᠢᠬᠤᠯᠠ ᠰᠠᠭᠤᠷᠢᠨ ᠪᠤᠯᠤᠨ᠎ᠠ᠃ ᠠᠯᠲᠠᠨ ᠱᠢᠷᠭᠠᠯ ᠳᠤᠲᠤᠷᠭ᠎ᠠ᠎ᠨᠢ ᠮᠦᠨ ᠴᠦ᠍ ᠲᠤᠰᠭᠤᠨ᠎ᠤ ᠠᠷᠠᠳ ᠲᠦᠮᠡᠨ᠎ᠤ ᠣᠷᠣᠯᠭ᠎ᠠ᠎ᠪᠠᠨ ᠨᠡᠮᠡᠭ᠌ᠳᠡᠭᠦᠯᠵᠦ᠍ ᠪᠠᠶᠠᠵᠢᠨ ᠴᠢᠨᠡᠭᠡᠯᠢᠭ᠌ᠵᠢᠬᠦ᠌᠎ᠶ᠋ᠢᠨ ᠦᠨᠡᠲᠦ ᠵᠤᠷ ᠪᠤᠯᠤᠭ᠍ᠰᠠᠨ ᠪᠠ ᠵᠢᠨ᠎ᠠ᠃

《ᠬᠥᠷᠰᠢ ᠰᠠᠭᠠᠬᠠᠯᠲᠠ᠎ᠶ᠋ᠢᠨ ᠬᠤᠭᠤᠷᠤᠨᠳᠤᠬᠢ ᠦᠨᠡᠨ ᠰᠡᠳᠭᠢᠯ᠎ᠤᠨ ᠬᠠᠪᠰᠤᠷᠤᠯᠴᠠᠭ᠎ᠠ᠂ ᠦᠨᠳᠦᠰᠦᠲᠡᠨ᠎ᠨᠦᠭᠦᠳ᠎ᠤᠨ ᠵᠦᠷᠢᠶ᠎ᠠ᠎ᠠᠴᠠ ᠬᠤᠯᠠ ᠳᠠᠪᠠᠭ᠍ᠰᠠᠨ ᠪᠠᠢᠨ᠎ᠠ》᠃ 70 ᠵᠢᠯ᠎ᠤᠨ ᠡᠮᠦᠨ᠎ᠡ᠂ ᠲᠣᠰᠭᠤᠨ᠎ᠤ ᠠᠷᠠᠳ ᠦ᠋ ᠲᠢᠩ ᠼᠠᠢ᠎ᠶ᠋ᠢᠨ ᠡᠪᠦᠭᠡ᠎ᠨᠢ ᠭᠡᠷ ᠪᠦᠯᠢ᠎ᠪᠠᠨ ᠳᠠᠭᠠᠭᠤᠯᠤᠨ ᠯᠢᠶᠣᠤᠨᠢᠩ ᠮᠤᠵᠢ᠎ᠶ᠋ᠢᠨ ᠴᠠᠩ ᠲᠦ ᠱᠢᠶᠠᠨ᠎ᠠᠴᠠ ᠰᠠᠨ ᠾᠧ ᠲᠣᠰᠭᠤᠨ᠎ᠳᠤ ᠢᠷᠡᠵᠦ᠍᠂ ᠪᠤᠰᠤᠳ᠎ᠲᠤ ᠬᠦᠴᠦ᠍ ᠶᠠᠪᠤᠵᠤ ᠠᠮᠢᠳᠤᠷᠠᠯ᠎ᠢᠶᠠᠨ ᠠᠷᠭᠠᠴᠠᠭᠠᠳᠠᠭ ᠪᠠ ᠵᠢᠵᠠᠢ᠃ ᠲᠡᠳᠡᠨ᠎ᠤ᠎ᠬᠢᠨ ᠪᠤᠯ ᠮᠠᠨᠵᠤ ᠦᠨᠳᠦᠰᠦᠲᠡᠨ ᠶᠤᠮ᠂ ᠬᠡᠪᠡᠴᠦ᠍ ᠲᠣᠰᠭᠤᠨ᠎ᠤ ᠠᠷᠠᠳ᠎ᠤᠨ ᠡᠳᠦᠷ ᠲᠤᠲᠤᠮ᠎ᠤᠨ ᠬᠠᠷᠢᠯᠴᠠᠭ᠎ᠠ ᠨᠡᠮᠡᠭ᠌ᠳᠡᠬᠦ᠌᠎ᠶ᠋ᠢ ᠳᠠᠭᠠᠯᠳᠤᠨ ᠡᠤ ᠲᠢᠩ ᠼᠠᠢ᠎ᠶ᠋ᠢᠨ ᠡᠪᠦᠭᠡ᠎ᠨᠢ ᠪᠠᠰᠠ ᠤᠰᠤᠨ ᠲᠤᠲᠤᠷᠭ᠎ᠠ ᠲᠠᠷᠢᠬᠤ ᠮᠡᠷᠭᠡᠵᠢᠯ᠎ᠢ ᠡᠵᠡᠮᠱᠢᠭ᠌ᠰᠡᠨ ᠪᠠ ᠵᠢᠨ᠎ᠠ᠃ 《ᠨᠠᠮᠠᠶ᠋ᠢ ᠤᠬᠠᠭᠠᠨ ᠤᠷᠤᠭ᠍ᠰᠠᠨ᠎ᠠᠴᠠ ᠨᠠᠭᠠᠰᠢ ᠮᠠᠨ᠎ᠤ᠎ᠬᠢᠨ ᠲᠠᠷᠤᠢ ᠤᠰᠤᠨ ᠲᠤᠲᠤᠷᠭ᠎ᠠ ᠳᠠᠷᠢᠵᠤ ᠪᠠ ᠵᠢᠵᠠᠢ᠃ ᠰᠠᠢᠨ ᠰᠠᠢᠬᠠᠨ ᠠᠮᠢᠳᠤᠷᠠᠯ᠎ᠢ ᠡᠳ᠋ᠯᠡᠬᠦ᠌᠎ᠳᠤ ᠣᠯᠠᠨ᠎ᠤ ᠬᠠᠪᠰᠤᠷᠤᠯᠭ᠎ᠠ᠎ᠠᠴᠠ ᠰᠠᠯᠵᠤ ᠴᠢᠳᠠᠬᠤ ᠥᠬᠡᠶ᠂ ᠲᠣᠰᠭᠤᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠲᠠᠢ ᠪᠦᠯᠬᠦᠮᠳᠡᠨ ᠨᠥᠬᠦᠷᠯᠡᠵᠦ᠍᠂ ᠬᠠᠷᠢᠯᠴᠠᠨ ᠬᠠᠪᠰᠤᠷᠤᠯᠴᠠᠵᠤ᠂ ᠬᠠᠮᠲᠤ᠎ᠪᠠᠷ ᠳᠠᠪᠱᠢᠬᠤ ᠬᠡᠷᠡᠭ᠌ᠲᠡᠶ ᠬᠡᠮᠡᠨ ᠠᠪᠤ ᠮᠢᠨᠢ ᠪᠠᠰᠠ ᠨᠠᠮᠠᠶ᠋ᠢ ᠰᠤᠷᠭᠠᠳᠠᠭ》 ᠭᠡᠵᠦ᠍ ᠡᠦ ᠲᠢᠩ ᠼᠠᠢ ᠦᠡᠭ᠌ᠭᠡᠷᠡᠭ᠌ᠰᠡᠨ᠎ᠢᠶᠠᠨ ᠡᠷᠭᠢᠴᠡᠭᠦᠯᠦᠨ᠎ᠡ᠃

ᠰᠣᠯᠣᠩᠭᠤᠰ ᠦᠨᠳᠦᠰᠦᠲᠡᠨ᠎ᠤ ᠬᠦᠮᠦᠰ ᠡᠦ ᠲᠢᠩ ᠼᠠᠢ᠎ᠶ᠋ᠢᠨ ᠭᠡᠷ ᠪᠦᠯᠢ᠎ᠳᠤ ᠵᠦᠪᠭᠡᠨ ᠳᠤᠲᠤᠷᠭ᠎ᠠ ᠲᠠᠷᠢᠬᠤ ᠮᠡᠷᠭᠡᠵᠢᠯ᠎ᠢ ᠤᠯᠠᠮᠵᠢᠯᠠᠭ᠍ᠰᠠᠨ᠎ᠢᠶᠠᠷ ᠵᠤᠭ᠍ᠰᠤᠬᠤ ᠦᠬᠡᠢ ᠶᠤᠮ᠂ ᠬᠡᠳᠦᠨ ᠵᠢᠯ᠎ᠤᠨ ᠡᠮᠦᠨ᠎ᠡ ᠡᠦ ᠲᠢᠩ ᠼᠠᠢ ᠨᠢᠭᠡᠨ ᠬᠤᠭᠤᠯᠠᠨ ᠭᠡᠷ ᠡᠵᠡᠩᠨᠡᠵᠦ᠍᠂ ᠰᠠᠨ ᠾᠧ ᠲᠣᠰᠭᠤᠨ᠎ᠤ ᠦᠨᠳᠦᠰᠦᠲᠡᠨ᠎ᠤ ᠣᠨᠴᠠᠯᠢᠭ᠎ᠲᠤ ᠲᠦᠱᠢᠭ᠌ᠯᠡᠨ᠂ ᠬᠤᠭᠤᠯᠠᠨ ᠭᠡᠷ᠎ᠨᠢ ᠰᠣᠯᠣᠩᠭᠤᠰ ᠦᠨᠳᠦᠰᠦᠲᠡᠨ᠎ᠤ ᠠᠮᠲᠠᠲᠤ ᠢᠳᠡᠭᠡᠨ᠎ᠢᠶᠠᠷ ᠭᠤᠤᠯᠯᠠᠵᠤ ᠪᠠᠢᠵᠠᠢ᠃

ᠬᠤᠭᠤᠯᠠᠨ ᠭᠡᠷ᠎ᠢᠶᠠᠨ ᠠᠩᠬ᠎ᠠ ᠨᠡᠭᠡᠭᠡᠬᠦ᠌ ᠦᠶ᠎ᠡ᠎ᠳᠤ᠂ ᠲᠣᠰᠭᠤᠨ᠎ᠤ ᠬᠠᠯᠠᠭᠤᠨ ᠰᠡᠳᠭᠢᠯᠲᠦ ᠰᠣᠯᠣᠩᠭᠤᠰ ᠦᠨᠳᠦᠰᠦᠲᠡᠨ᠎ᠤ ᠵᠢᠶᠠᠩ ᠱᠢᠨ ᠱᠤ᠌ ᠡᠵᠢ ᠪᠣᠯᠤᠨ ᠵᠢᠨ ᠶᠢᠩ ᠱᠤ᠌ ᠡᠵᠢ᠎ᠶ᠋ᠢᠨ ᠵᠢᠭᠠᠨ ᠵᠢᠯᠤᠭᠤᠳᠤᠯᠭ᠎ᠠ᠎ᠪᠠᠷ ᠬᠤᠭᠤᠯᠠᠨ ᠭᠡᠷ᠎ᠤᠨ ᠰᠤᠯᠤᠩᠭᠤᠰ ᠬᠤᠭᠤᠯᠠ᠎ᠨᠢ ᠦᠨᠦᠷ ᠠᠮᠲᠠ ᠦᠡᠭ᠌ᠭᠡ ᠦᠵᠡᠮᠦᠷᠢ᠎ᠶ᠋ᠢ ᠪᠦᠷᠢᠳᠦᠭᠦᠯᠵᠦ᠍᠂ ᠰᠣᠯᠣᠩᠭᠤᠰ ᠦᠨᠳᠦᠰᠦᠲᠡᠨ᠎ᠤ ᠥᠪᠡᠷᠮᠢᠴᠡ ᠣᠨᠴᠠᠯᠢᠭ᠎ᠲᠠᠢ ᠨᠣᠬᠠᠢ᠎ᠶ᠋ᠢᠨ ᠮᠢᠬᠠᠨ ᠱᠥᠯᠥ᠎ᠨᠢ ᠬᠤᠭᠤᠯᠠᠨ ᠭᠡᠷ᠎ᠤᠨ ᠬᠢᠨᠢ ᠨᠡᠷᠡᠲᠦ ᠵᠠᠭᠤᠰᠢ ᠪᠤᠯᠤᠭ᠍ᠰᠠᠨ ᠪᠠ ᠵᠢᠨ᠎ᠠ᠃

ᠪᠠᠰᠠ ᠨᠢᠭᠡᠨ ᠡᠭᠡᠯᠵᠢ᠎ᠶ᠋ᠢᠨ ᠤᠰᠤᠨ ᠲᠤᠲᠤᠷᠭ᠎ᠠ ᠬᠤᠷᠢᠶᠠᠬᠤ ᠤᠯᠠᠷᠢᠯ ᠬᠦᠷᠴᠦ᠍ ᠢᠷᠡᠯ᠎ᠠ᠂ ᠤᠯᠠᠭᠠᠨᠬᠤᠲᠠ᠎ᠶ᠋ᠢᠨ ᠰᠠᠨ ᠾᠧ ᠲᠣᠰᠭᠤᠨ᠎ᠤ ᠣᠷᠭᠠᠨᠢᠭ ᠤᠰᠤᠨ ᠲᠤᠲᠤᠷᠭ᠎ᠠ ᠲᠠᠷᠢᠬᠤ ᠲᠤᠰᠭᠠᠢ ᠬᠤᠷᠱᠢᠶ᠎ᠠ᠎ᠶ᠋ᠢᠨ ᠡᠳ᠋ᠱᠢᠭᠦᠯᠦᠨ ᠪᠣᠯᠪᠠᠰᠤᠷᠠᠭᠤᠯᠬᠤ ᠲᠠᠰᠤᠭ᠎ᠲᠤ᠌᠂ ᠠᠵᠢᠯᠴᠢᠳ ᠲᠤᠲᠤᠷᠭ᠎ᠠ ᠴᠠ ᠵᠢᠯᠭᠠᠬᠤ᠂ ᠬᠤᠪᠢᠶᠠᠷᠢᠯᠠᠬᠤ᠂ ᠪᠣᠭᠤᠳᠠᠯᠯᠠᠬᠤ᠂ ᠪᠠ ᠵᠢᠴᠠᠭᠠᠬᠤ ᠁ ᠵᠡᠷᠭᠡ᠎ᠪᠠᠷ ᠡᠮᠬᠢ ᠳᠠᠷᠠᠭᠠᠯᠠᠯ᠎ᠲᠠᠢ ᠠᠵᠢᠯᠯᠠᠨ᠎ᠠ᠃ ᠬᠤᠷᠱᠢᠶ᠎ᠠ᠎ᠨᠢ 2014 ᠣᠨ᠎ᠳᠤ ᠪᠠᠢᠭᠤᠯᠤᠭ᠍ᠳᠠᠭ᠍ᠰᠠᠨ᠎ᠠᠴᠠ ᠨᠠᠭᠠᠰᠢ ᠤᠳᠤ ᠪᠣᠯᠲᠠᠯ᠎ᠠ᠂ ᠬᠡᠷᠡᠭ ᠮᠡᠳᠡᠭ᠌ᠴᠢᠳ᠎ᠤᠨ ᠳᠠᠷᠤᠭ᠎ᠠ ᠵᠠᠩ ᠬᠠᠢ ᠹᠧᠩ 803 ᠭᠡᠱᠢᠭᠦᠨ ᠡᠷᠦᠬᠡ ᠪᠣᠯᠤᠨ ᠵᠠᠬᠢᠶᠠᠯᠠᠭ᠎ᠠ᠎ᠶ᠋ᠢᠨ ᠡᠷᠦᠬᠡ᠎ᠪᠠᠨ ᠳᠠᠭᠠᠭᠤᠯᠤᠨ ᠴᠢᠨᠡᠭᠡᠯᠢᠭ᠌ᠵᠢᠯ᠎ᠢ ᠪᠠᠶᠡᠯᠡᠭᠦᠯᠵᠡᠢ᠃ 《ᠬᠤᠷᠱᠢᠶ᠎ᠠ᠎ᠳᠤ ᠤᠯᠠᠨ ᠦᠨᠳᠦᠰᠦᠲᠡᠨ᠎ᠤ ᠠᠵᠢᠯᠲᠠᠨ ᠪᠤᠢ᠂ ᠣᠯᠠᠨ᠎ᠢᠶᠠᠷ᠎ᠢᠶᠠᠨ ᠬᠠᠮᠲᠤ ᠠᠵᠢᠯᠯᠠᠵᠤ᠂ ᠲᠠᠰᠤᠷᠠᠯᠲᠠ ᠦᠭᠡᠢ ᠶᠠᠪᠤᠯᠴᠠᠨ ᠰᠣᠯᠢᠯᠴᠠᠵᠤ ᠠᠭᠤᠰᠤᠯᠴᠠᠨ᠂ ᠣᠷᠣᠯᠭ᠎ᠠ᠎ᠨᠢ ᠴᠦ᠍ ᠠᠭᠠᠵᠢᠮ᠎ᠢᠶᠠᠷ ᠨᠡᠮᠡᠭ᠌ᠳᠡᠵᠦ᠍᠂ ᠠᠮᠢᠳᠤᠷᠠᠯ᠎ᠨᠢ ᠴᠦ᠍ ᠡᠳᠦᠷ᠎ᠠᠴᠠ ᠡᠳᠦᠷ ᠰᠠᠢᠵᠢᠷᠠᠵᠤ ᠪᠠᠢᠨ᠎ᠠ》 ᠭᠡᠵᠦ᠍ ᠵᠠᠩ ᠬᠠᠢ ᠹᠧᠩ ᠬᠡᠯᠡᠨ᠎ᠡ᠃

ᠲᠠᠷᠢᠶᠠᠨ ᠭᠠᠵᠠᠷ᠎ᠨᠢ ᠮᠦᠨ ᠯᠡ ᠲᠡᠷᠡ ᠬᠦ᠌ ᠭᠡᠰᠡᠭ ᠲᠠᠷᠢᠶᠠᠨ ᠭᠠᠵᠠᠷ ᠪᠤᠯᠪᠠᠴᠤ᠌ ᠤᠨᠠᠯᠲᠠ᠎ᠨᠢ ᠶᠡᠬᠡᠪᠠᠷ ᠨᠡᠮᠡᠭ᠌ᠳᠠᠵᠠᠢ᠃ ᠣᠳᠣᠬᠠᠨ᠎ᠤ ᠰᠠᠨ ᠾᠧ ᠲᠣᠰᠭᠤᠨ ᠣᠲᠣ ᠦᠶ᠎ᠡ᠎ᠶ᠋ᠢᠨ ᠲᠠᠷᠢᠶᠠᠯᠠᠩ᠎ᠤᠨ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠨ᠂ ᠲᠠᠷᠢᠶᠠᠯᠠᠩ᠎ᠤᠨ ᠠᠭᠤᠰᠤᠯᠴᠠᠨ ᠬᠥᠭ᠌ᠵᠢᠬᠦ᠌᠎ᠶ᠋ᠢ ᠲᠥᠯᠥᠪᠯᠡᠭᠡ᠎ᠲᠠᠢ᠎ᠪᠠᠷ ᠠᠬᠢᠭᠤᠯᠵᠤ᠂ 《ᠬᠤᠷᠱᠢᠶ᠎ᠠ + ᠲᠠᠷᠢᠶᠠᠴᠢᠨ ᠡᠷᠦᠬᠡ》 ᠎ᠶ᠋ᠢᠨ ᠳᠠᠷᠢᠵᠤ ᠡᠵᠡᠩᠨᠡᠬᠦ᠌ ᠵᠠᠭ᠍ᠪᠤᠷ᠎ᠢ ᠬᠡᠷᠡᠭ᠌ᠵᠢᠭᠦᠯᠦᠨ᠂ ᠨᠢᠭᠡᠳᠦᠯᠲᠡᠶ ᠦᠷ᠎ᠡ᠎ᠶ᠋ᠢ ᠨᠢᠭᠡᠳᠦᠯᠲᠡᠶ ᠲᠠᠷᠢᠵᠤ᠂ ᠨᠢᠭᠡᠳᠦᠯᠲᠡᠶ ᠬᠠᠮᠢᠶᠠᠷᠤᠨ᠂ ᠨᠢᠭᠡᠳᠦᠯᠲᠡᠶ ᠬᠠᠳᠤᠵᠤ ᠬᠤᠷᠢᠶᠠᠵᠤ᠂ ᠨᠢᠭᠡᠳᠦᠯᠲᠡᠶ ᠡᠳ᠋ᠱᠢᠭᠦᠯᠦᠨ᠂ ᠨᠢᠭᠡᠳᠦᠯᠲᠡᠶ ᠤᠬᠠᠭᠤᠯᠵᠤ᠂ ᠨᠢᠭᠡᠳᠦᠯᠲᠡᠶ ᠪᠣᠷᠣᠯᠠᠭᠤᠯᠬᠤ 《ᠲᠤᠯᠤᠭᠠᠨ ᠨᠢᠭᠡᠳᠦᠯᠲᠡᠶ》 ᠎ᠶ᠋ᠢᠨ ᠬᠠᠮᠢᠶᠠᠷᠤᠯᠲᠠ᠎ᠶ᠋ᠢᠨ ᠵᠠᠭ᠍ᠪᠤᠷ᠎ᠨᠢ ᠰᠠᠨ ᠾᠧ ᠲᠣᠰᠭᠤᠨ᠎ᠤ 《ᠪᠣᠬᠢᠷᠲᠤᠯ ᠥᠬᠡᠶ ᠳᠤᠲᠤᠷᠭ᠎ᠠ》 ᠎ᠶ᠋ᠢᠨ ᠶᠠᠰᠤ ᠴᠢᠨᠠᠷ᠎ᠢ ᠤᠯᠠᠮ ᠨᠢᠭᠡ ᠠᠯᠬᠤᠮ ᠪᠠᠲᠤᠯᠠᠭ᠎ᠠ᠎ᠲᠠᠢ ᠪᠣᠯᠭᠠᠪᠠ᠃ ᠡᠭᠦᠨ᠎ᠤ ᠬᠠᠮᠲᠤ᠌᠂ ᠰᠠᠨ ᠾᠧ ᠲᠣᠰᠭᠤᠨ ᠪᠠᠰᠠ ᠵᠠᠩ ᠦᠶ᠋ᠯᠡ᠎ᠶ᠋ᠢᠨ ᠵᠢᠭᠤᠯᠴᠢᠯᠠᠯ ᠪᠠ ᠤᠨᠴᠠᠯᠢᠬ᠍ᠳᠤ ᠲᠠᠷᠢᠶᠠᠯᠠᠩ᠎ᠤᠨ ᠬᠥᠭ᠌ᠵᠢᠯᠲᠡ᠎ᠪᠠᠷ ᠤᠳᠤᠷᠢᠳᠤᠮᠵᠢ ᠪᠤᠯᠭᠠᠨ᠂ ᠣᠷᠣᠨ ᠪᠠᠢᠷᠢ ᠪᠠ ᠡᠬᠢ ᠪᠠᠶᠠᠯᠢᠭ᠎ᠤᠨ ᠳᠠᠪᠠᠭᠤᠯᠢᠭ᠎ᠢᠶᠠᠨ ᠠᠱᠢᠭ᠍ᠯᠠᠵᠤ᠂ ᠪᠥᠬᠦ᠌ ᠬᠤᠲᠠ᠎ᠶ᠋ᠢᠨ ᠤᠰᠤᠨ ᠲᠤᠲᠤᠷᠭ᠎ᠠ᠎ᠶ᠋ᠢᠨ ᠠᠵᠤ ᠦᠶ᠋ᠯᠡᠰ᠎ᠤᠨ 《ᠨᠢᠭᠡ ᠪᠦᠰᠡ ᠳᠥᠷᠪᠡᠨ ᠣᠷᠣᠨ》 ᠎ᠤ ᠳᠠᠪᠠᠭᠤᠯᠢᠭ ᠪᠠ ᠲᠤᠰᠭᠤᠨ᠎ᠤ᠎ᠪᠠᠨ 1 ᠲᠦᠮᠡᠨ ᠮᠥ᠍ ᠤᠰᠤᠨ ᠳᠤᠲᠤᠷᠭ᠎ᠠ᠎ᠳᠠᠭᠠᠨ ᠲᠦᠱᠢᠭ᠌ᠯᠡᠨ ᠤᠰᠤᠨ ᠲᠤᠲᠤᠷᠭ᠎ᠠ᠎ᠶ᠋ᠢᠨ ᠲᠠᠷᠢᠶ᠎ᠠ᠎ᠶ᠋ᠢ ᠲᠤᠭᠤᠷᠢᠵᠤ ᠦᠵᠡᠬᠦ᠂ ᠲᠠᠷᠢᠶ᠎ᠠ᠎ᠶ᠋ᠢ ᠲᠡᠵᠢᠭᠡᠨ ᠠᠷᠠᠴᠢᠯᠠᠬᠤ᠂ ᠳᠤᠲᠤᠷᠭᠠᠨ ᠲᠠᠷᠢᠶᠠᠨ᠎ᠳᠠᠭᠠᠨ ᠵᠢᠭᠠᠰᠤ ᠲᠡᠵᠢᠭᠡᠬᠦ᠌ ᠵᠡᠷᠭᠡ᠎ᠶ᠋ᠢ ᠤᠶᠠᠯᠳᠤᠭᠤᠯᠤᠭ᠍ᠰᠠᠨ ᠤᠰᠤᠨ ᠲᠤᠲᠤᠷᠭ᠎ᠠ᠎ᠶ᠋ᠢᠨ ᠠᠵᠤ ᠦᠶ᠋ᠯᠡᠰ᠎ᠤᠨ ᠲᠤᠰᠭᠠᠶ ᠮᠡᠷᠭᠡᠵᠢᠯ᠎ᠤᠨ ᠲᠣᠰᠭᠤᠨ᠎ᠢ ᠪᠠ ᠵᠢᠭᠤᠯᠵᠤ ᠪᠤᠢ᠃

《ᠮᠠᠨ᠎ᠤ ᠰᠠᠨ ᠾᠧ ᠲᠣᠰᠭᠤᠨ ᠠᠯᠢ ᠡᠷᠲᠡ ᠶᠠᠳᠠᠭᠤ᠎ᠠᠴᠠ ᠠᠩᠭᠢᠵᠢᠷᠠᠵᠤ᠂ ᠴᠢᠨᠡᠭᠡᠯᠢᠭ᠌ᠵᠢᠯ᠎ᠤᠨ ᠵᠠᠮ᠎ᠢᠶᠠᠷ ᠵᠠᠮᠨᠠᠵᠠᠢ᠃ ᠬᠤ ᠵᠢᠱᠢᠲᠠ ᠬᠥᠭ᠌ᠵᠢᠯᠲᠡ᠎ᠶ᠋ᠢᠨ ᠠᠱᠢᠭ ᠤᠯᠵᠠᠪᠤᠷᠢ᠎ᠶ᠋ᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠦᠷᠲᠡᠮᠵᠢ᠎ᠶ᠋ᠢᠨ ᠲᠦᠷᠦᠭ᠌ᠳᠡᠯ ᠪᠤᠯᠭᠠᠨ ᠬᠤᠪᠢᠷᠠᠭᠤᠯᠤᠨ᠎ᠠ》 ᠭᠡᠵᠦ᠍ ᠱᠢᠤᠢ ᠵᠦᠩ ᠹᠧᠩ ᠶᠠᠷᠢᠨ᠎ᠠ᠃ 《ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠣᠯ ᠴᠢᠭ᠌ᠯᠡᠯᠲᠡ ᠮᠥᠨ᠂ ᠤᠰᠤᠨ ᠲᠤᠲᠤᠷᠭ᠎ᠠ᠎ᠪᠠᠨ ᠰᠠ ᠵᠢᠳᠤᠷ ᠲᠠᠷᠢᠵᠤ᠂ ᠠᠯᠲᠠᠨ ᠳᠡᠯᠡᠬᠡᠢ᠎ᠳᠤ ᠠᠯᠳᠠᠷᠱᠢᠭᠤᠯᠤᠨ᠎ᠠ᠃ ᠰᠠᠨ ᠾᠧ ᠲᠣᠰᠭᠤᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠦᠮᠦᠨ᠎ᠨᠢ ᠬᠠᠷᠢ᠎ᠳᠤ ᠪᠠ ᠵᠢᠪᠠᠴᠤ᠌ ᠰᠡᠳᠭᠢᠯ᠎ᠨᠢ ᠨᠤᠲᠤᠭ᠎ᠲᠠᠭᠠᠨ᠂ ᠬᠠᠷᠢᠯᠴᠠᠨ ᠪᠦᠯᠬᠦᠮᠳᠡᠵᠦ᠍᠂ ᠨᠢᠭᠡ ᠬᠡᠷ᠎ᠤᠨ ᠬᠦᠮᠦᠰ ᠮᠡᠲᠦ ᠳᠣᠲᠣᠨᠣ ᠁》 ᠰᠠᠨ ᠾᠧ ᠲᠣᠰᠭᠤᠨ᠎ᠤ 《ᠬᠤᠶᠠᠷ ᠵᠥᠪᠯᠡᠯ》 ᠎ᠤᠨ ᠭᠡᠱᠢᠭᠦᠳ᠎ᠤᠨ ᠬᠠᠮᠲᠤ᠎ᠪᠠᠷ ᠵᠣᠬᠢᠶᠠᠨ ᠪᠦᠲᠦᠭᠡᠭ᠌ᠰᠡᠨ 《ᠲᠣᠰᠭᠤᠨ᠎ᠤ ᠲᠦᠷᠢᠮ ᠠᠷᠠᠳ᠎ᠤᠨ ᠲᠤᠭ᠍ᠲᠠᠭᠠᠯ》 ᠭᠡᠬᠦ᠌ ᠳᠠᠭᠤᠤ᠎ᠳᠤ᠂ ᠬᠠᠮᠲᠤ᠎ᠪᠠᠷ ᠣᠷᠣᠱᠢᠨ ᠠᠮᠢᠳᠤᠷᠠᠬᠤ᠂ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠠᠵᠢᠯᠯᠠᠬᠤ᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠬᠤ ᠲᠤᠬᠠᠢ ᠬᠠᠢᠷ᠎ᠠ ᠰᠡᠳᠭᠢᠯᠭᠡ᠎ᠶ᠋ᠢ ᠳᠠᠭᠤᠯᠠᠪᠠ᠃ ᠤ ᠵᠢᠷ᠎ᠠ᠎ᠶ᠋ᠢᠨ ᠵᠢᠯ᠎ᠤᠨ ᠲᠤᠷᠰᠢ᠂ ᠰᠠᠨ ᠾᠧ ᠲᠣᠰᠭᠤᠨ ᠤᠷᠢᠳ ᠬᠤᠵᠢᠳ 《ᠪᠦᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠲᠡᠷᠢᠭᠦᠨ᠎ᠤ ᠬᠠᠮᠲᠤ》᠂ 《ᠳᠤᠮᠳᠠᠳᠤ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠤ ᠤᠨᠴᠠᠯᠢᠬ᠍ᠳᠤ ᠲᠣᠰᠭᠤᠨ》᠂ 《ᠤᠯᠤᠰ᠎ᠤᠨ ᠤᠰᠤᠨ ᠠᠱᠢᠭ᠍ᠯᠠᠯᠲᠠ᠎ᠶ᠋ᠢᠨ ᠦᠵᠡᠮᠵᠢ᠎ᠶ᠋ᠢᠨ ᠣᠷᠣᠨ》᠂ 《ᠪᠦᠬᠦ᠌ ᠤᠯᠤᠰ᠎ᠤᠨ ᠠᠮᠢ ᠠᠬᠤᠢ᠎ᠶ᠋ᠢᠨ ᠰᠣᠶᠣᠯ᠎ᠤᠨ ᠲᠣᠰᠭᠤᠨ》 ᠵᠡᠷᠭᠡ ᠢᠷᠠᠭᠤ ᠠᠯᠳᠠᠷ᠎ᠢ ᠬᠦᠷᠳᠡᠪᠡ᠃ ᠡᠳᠡᠭᠡᠷ ᠢᠷᠠᠭᠤ ᠠᠯᠳᠠᠷ ᠪᠤᠯ ᠤᠷᠤᠯᠭ᠎ᠠ᠎ᠪᠠᠨ ᠨᠡᠮᠡᠭ᠌ᠳᠡᠭᠦᠯᠦᠨ ᠴᠢᠨᠡᠭᠡᠯᠢᠭ᠌ᠵᠢᠯ᠎ᠤᠨ ᠵᠠᠮ᠎ᠢᠶᠠᠷ ᠵᠠᠮᠨᠠᠭ᠍ᠰᠠᠨ ᠭᠡᠷ ᠪᠦᠯᠢ᠂ ᠪᠦᠬᠦ᠌ ᠲᠠᠯ᠎ᠠ᠎ᠪᠠᠷ ᠠᠬᠢᠭ᠍ᠰᠠᠨ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠤᠨ ᠲᠦᠷᠦᠯ ᠵᠦᠢᠯ᠂ ᠲᠠᠰᠤᠷᠠᠯᠳᠠ ᠦᠭᠡᠢ ᠪᠤᠵᠠᠭᠠᠢᠷᠠᠭ᠍ᠰᠠᠨ ᠦᠨᠳᠦᠰᠦᠲᠡᠨ᠎ᠤ ᠤᠨᠴᠠᠯᠢᠬ᠍ᠳᠤ ᠠᠵᠤ ᠦᠢᠯᠡᠰ᠂ ᠭᠡᠷᠡᠯ ᠭᠢᠯᠪᠠᠭ᠎ᠠ ᠰᠠᠴᠤᠷᠠᠭ᠍ᠰᠠᠨ ᠤᠯᠠᠨ ᠡᠱᠢᠲᠦ ᠦᠨᠳᠦᠰᠦᠲᠡᠨ᠎ᠤ ᠰᠣᠶᠣᠯ᠎ᠢ ᠬᠦᠭ᠌ᠵᠢᠬᠦᠯᠦᠭ᠌ᠰᠡᠨ ᠦᠷ᠎ᠡ ᠪᠦᠳᠦᠬᠡᠯ ᠪᠤᠯᠤᠨ᠎ᠠ᠃

ᠪᠢᠳᠡ ᠰᠠᠨ ᠾᠧ ᠲᠤᠰᠭᠤᠨ᠎ᠤ ᠰᠤᠯᠤᠩᠭᠤᠰ ᠦᠨᠳᠦᠰᠦᠳᠡᠨ᠎ᠤ ᠵᠠᠩ ᠦᠢᠯᠡ᠎ᠶ᠋ᠢᠨ ᠤᠷᠳᠤᠨ᠎ᠳᠤ ᠰᠤᠯᠤᠩᠭᠤᠰ ᠦᠨᠳᠦᠰᠦᠳᠡᠨ ᠪᠤᠯᠤᠨ ᠡᠯ᠎ᠡ ᠦᠨᠳᠦᠰᠦᠳᠡᠨ᠎ᠤ ᠬᠠᠮᠳᠤ᠎ᠪᠠᠷ ᠪᠦᠯᠬᠦᠮᠳᠡᠨ ᠲᠡᠮᠡᠴᠡᠭ᠌ᠰᠡᠨ ᠲᠡᠦᠭᠡ᠎ᠶ᠋ᠢ ᠰᠤᠨᠢᠷᠬᠠᠭᠠᠳ ᠭᠠᠷᠴᠤ᠌ ᠢᠷᠡᠬᠦ᠌᠎ᠳᠤ ᠨᠠᠮᠤᠷ᠎ᠤᠨ ᠪᠤᠷᠤᠭᠠᠨ ᠮᠦᠨ ᠯᠡ ᠱᠢᠪᠡᠷᠡᠭ᠌ᠰᠡᠭᠡᠷ ᠪᠠ ᠵᠢᠯ᠎ᠠ᠃ ᠪᠤᠷᠤᠭᠠᠨ᠎ᠤ ᠲᠤᠰᠤᠯ ᠪᠦᠮᠪᠦᠭᠡᠨᠡᠭᠦᠯᠦᠭ᠌ᠰᠡᠨ ᠠᠯᠳᠠᠨ ᠱᠢᠷᠭᠠᠯ ᠲᠤᠳᠤᠷᠭ᠎ᠠ᠎ᠶ᠋ᠢᠨ ᠲᠦᠷᠦᠬᠦᠦ ᠡᠯᠪᠡᠭ ᠬᠤᠷᠢᠶᠠᠯᠳᠠ᠎ᠪᠠᠨ ᠪᠡᠯᠭᠡᠳᠡᠨ ᠲᠤᠬᠢᠯᠵᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号