ᠰᠠᠨ ᠾᠧ ᠲᠤᠰᠭᠤᠨ᠎ᠤ ᠠᠭᠤᠳᠠᠮ ᠲᠠᠯᠠᠪᠠᠢ ᠮᠠᠨ᠎ᠤ ᠤᠷᠤᠨ ᠡᠨᠧᠷᠬᠢ᠎ᠶ᠋ᠢᠨ ᠬᠠᠩᠭᠠᠯᠭ᠎ᠠ᠎ᠶ᠋ᠢ ᠪᠠᠳᠤᠯᠠᠬᠤ ᠪᠤᠭᠤᠮᠳᠠ ᠱᠢᠪᠳᠤᠯᠬᠤ ᠳᠠ ᠵᠢᠯᠠᠯᠳᠤᠭᠠᠨ᠎ᠢ ᠪᠦᠬᠦ᠌ ᠲᠠᠯ᠎ᠠ᠎ᠪᠠᠷ ᠡᠬᠢᠯᠡᠭᠦᠯᠪᠠ
2021-10-17 10:24:10
ᠵᠣᠬᠢᠶᠠᠭ᠍ᠴᠢ᠄
​ ᠦᠷᠴᠠ ᠵᠢᠬᠤ
ᠣᠩᠱᠢᠭ᠍ᠰᠠᠨ ᠣᠳᠠᠭ᠎ᠠ᠄
★★★☆☆

ᠮᠠᠨ᠎ᠤ ᠣᠷᠣᠨ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ ᠪᠠ ᠲᠣᠭ᠍ᠲᠠᠭᠤᠨ ᠬᠠᠩᠭᠠᠯᠭ᠎ᠠ᠎ᠶ᠋ᠢ ᠦᠨᠡᠨ ᠬᠦ᠌ ᠪᠠᠲᠤᠯᠠᠬᠤ᠎ᠶ᠋ᠢ ᠴᠢᠬᠤᠯᠠ ᠶᠡᠭᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠦᠶ᠋ᠯᠡᠳᠪᠦᠷᠢᠯᠡᠯ᠎ᠳᠤ ᠬᠡᠷᠡᠭ᠌ᠯᠡᠬᠦ᠌ ᠭᠠᠵᠠᠷ᠎ᠤᠨ ᠭᠠᠷᠳᠠᠮ᠎ᠢ ᠭᠦᠶ᠋ᠴᠡᠳᠭᠡᠬᠦ᠂ ᠦᠶ᠋ᠯᠡᠳᠪᠦᠷᠢᠯᠡᠯ᠎ᠤᠨ ᠴᠢᠳᠠᠪᠤᠷᠢ᠎ᠶ᠋ᠢ ᠬᠢᠨᠠᠨ ᠨᠡᠮᠡᠭ᠌ᠳᠡᠭᠦᠯᠬᠦ᠂ ᠳᠤᠮᠳᠠ ᠣᠷᠳᠣ ᠬᠤᠭᠤᠴᠠᠭᠠᠨ᠎ᠤ ᠭᠡᠷ᠎ᠡ᠎ᠶ᠋ᠢ ᠨᠥᠬᠦᠨ ᠲᠣᠭ᠍ᠲᠠᠬᠤ ᠵᠡᠷᠭᠡ ᠦᠶ᠋ᠯᠡᠳᠪᠦᠷᠢᠯᠡᠯ᠎ᠢ ᠨᠡᠮᠡᠭ᠌ᠳᠡᠭᠦᠯᠵᠦ᠍ ᠬᠠᠩᠭᠠᠯᠭ᠎ᠠ᠎ᠶ᠋ᠢ ᠪᠠᠲᠤᠯᠠᠬᠤ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠪᠥᠬᠦ᠌ ᠲᠠᠯ᠎ᠠ᠎ᠪᠠᠷ ᠡᠬᠢᠯᠡᠭᠦᠯᠪᠡ᠃

ᠨᠡᠭᠦᠷᠡᠰᠦᠨ᠎ᠤ ᠬᠠᠩᠭᠠᠯᠭ᠎ᠠ᠎ᠶ᠋ᠢ ᠪᠠᠲᠤᠯᠠᠬᠤ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ᠎ᠨᠢ ᠪᠠᠢᠭᠠᠯᠢ᠎ᠶ᠋ᠢᠨ ᠡᠬᠢ ᠪᠠᠶᠠᠯᠢᠭ᠂ ᠣᠶ ᠱᠢᠭᠤᠶ ᠪᠡ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ᠎ᠯᠦᠭᠡ᠎ᠶ᠋ᠢᠨ ᠬᠠᠮᠵᠢᠯᠴᠠᠭ᠎ᠠ᠎ᠪᠠᠨ ᠴᠢᠩᠭᠠᠳᠭᠠᠵᠤ᠂ ᠵᠠᠳᠠᠭᠠᠶ ᠨᠡᠭᠦᠷᠡᠰᠦᠨ ᠠᠭᠤᠷᠬᠠᠶ᠎ᠶ᠋ᠢᠨ ᠬᠡᠷᠡᠭ᠌ᠯᠡᠬᠦ᠌ ᠭᠠᠵᠠᠷ᠎ᠤᠨ ᠭᠠᠷᠳᠠᠮ᠎ᠢ ᠭᠦᠢᠴᠡᠳᠭᠡᠬᠦ᠌᠎ᠶ᠋ᠢ ᠢᠳᠡᠪᠬᠢᠲᠡᠶ ᠠᠬᠢᠭᠤᠯᠵᠤ ᠪᠤᠢ᠃ ᠣᠳᠣᠬᠠᠨ᠎ᠳᠤ᠂ ᠣᠷᠳᠣᠰ ᠬᠤᠲᠠ᠎ᠶ᠋ᠢᠨ 44 ᠵᠠᠳᠠᠭᠠᠶ ᠨᠡᠭᠦᠷᠡᠰᠦᠨ ᠠᠭᠤᠷᠬᠠᠶ᠎ᠶ᠋ᠢᠨ ᠲᠦᠷ ᠴᠠᠭ ᠭᠠᠵᠠᠷ ᠬᠡᠷᠡᠭ᠌ᠯᠡᠬᠦ᠌ ᠭᠠᠷᠳᠠᠮ ᠵᠥᠪᠱᠢᠶᠡᠷᠡᠭ᠌ᠳᠡᠵᠦ᠍᠂ ᠵᠢᠯ᠎ᠳᠤ 5450 ᠲᠦᠮᠡᠨ ᠲᠣᠨ ᠦᠶ᠋ᠯᠡᠳᠪᠦᠷᠢᠯᠡᠬᠦ᠌ ᠴᠢᠳᠠᠪᠤᠷᠢ᠎ᠶ᠋ᠢ ᠲᠣᠭ᠍ᠲᠠᠪᠤᠷᠢᠵᠢᠭᠤᠯᠪᠠ᠃

ᠤᠯᠤᠰ᠎ᠤᠨ ᠬᠥᠭ᠌ᠵᠢᠭᠦᠯᠦᠯᠲᠡ ᠪᠡ ᠥᠭᠡᠷᠡᠴᠢᠯᠡᠯᠲᠡ᠎ᠶ᠋ᠢᠨ ᠵᠥᠪᠯᠡᠯ᠎ᠤᠨ ᠨᠡᠭᠦᠷᠡᠰᠦᠨ᠎ᠤ ᠬᠠᠨᠭ᠌ᠭᠠᠯᠭ᠎ᠠ᠎ᠶ᠋ᠢ ᠪᠠᠲᠤᠯᠠᠬᠤ ᠱᠠᠭᠠᠷᠳᠠᠯᠭ᠎ᠠ ᠶᠣᠰᠣᠭᠠᠷ᠂ ᠮᠠᠨ᠎ᠤ ᠣᠷᠣᠨ ᠤᠯᠤᠰ᠎ᠤᠨ ᠬᠠᠩᠭᠠᠯᠭ᠎ᠠ᠎ᠶ᠋ᠢ ᠪᠠᠲᠤᠯᠠᠬᠤ ᠨᠡᠭᠦᠷᠡᠰᠦᠨ ᠠᠭᠤᠷᠬᠠᠶ᠎ᠶ᠋ᠢᠨ ᠨᠡᠷᠡᠰ᠎ᠲᠤ ᠵᠢᠭ᠍ᠰᠠᠭᠠᠭ᠍ᠳᠠᠭ᠍ᠰᠠᠨ 63 ᠨᠡᠭᠦᠷᠡᠰᠦᠨ ᠠᠭᠤᠷᠬᠠᠶ᠎ᠶ᠋ᠢᠨ ᠳᠥᠷᠪᠡᠳᠦᠭᠡᠷ ᠤᠯᠠᠷᠢᠯ᠎ᠤᠨ ᠳᠤᠮᠳᠠ ᠣᠷᠳᠣ ᠬᠤᠭᠤᠴᠠᠭᠠᠨ᠎ᠤ ᠭᠡᠷ᠎ᠡ᠎ᠶ᠋ᠢ ᠨᠥᠬᠦᠵᠦ᠍ ᠲᠣᠭ᠍ᠲᠠᠬᠤ᠎ᠶ᠋ᠢ ᠢᠳᠡᠪᠬᠢᠲᠡᠶ ᠠᠬᠢᠭᠤᠯᠵᠤ᠂ 1882 ᠲᠦᠮᠡᠨ ᠲᠣᠨ᠎ᠤ ᠨᠡᠬᠦᠷᠠᠰᠤ ᠬᠠᠨᠭ᠌ᠭᠠᠬᠤ ᠪᠠᠳᠤᠯᠠᠭ᠎ᠠ᠎ᠶ᠋ᠢᠨ ᠭᠡᠷ᠎ᠡ᠎ᠳᠤ ᠭᠠᠷ᠎ᠤᠨ ᠥᠰᠥᠭ ᠵᠢᠷᠤᠪᠠ᠃ 9 ᠰᠠᠷ᠎ᠠ᠎ᠶ᠋ᠢᠨ 29 ᠎ᠤ ᠡᠳᠦᠷ᠂ 18 ᠮᠤᠵᠢ ᠦᠪᠡᠷᠳᠡᠭᠡᠨ ᠵᠠᠰᠠᠬᠤ ᠣᠷᠣᠨ ᠬᠤᠲᠠ᠎ᠶ᠋ᠢᠨ 5300 ᠲᠦᠮᠡᠨ ᠲᠣᠨ ᠨᠡᠭᠦᠷᠡᠰᠦᠨ᠎ᠤ ᠢᠷᠡᠯᠲᠡ᠎ᠶ᠋ᠢᠨ ᠡᠭᠦᠷᠭᠡ᠎ᠶ᠋ᠢ ᠪᠦᠬᠦᠨ᠎ᠢ ᠣᠷᠳᠣᠰ ᠬᠤᠲᠠ᠎ᠶ᠋ᠢᠨ 29 ᠭᠤᠤᠯᠳᠠᠯᠭ᠎ᠠ᠎ᠲᠠᠢ ᠨᠡᠭᠦᠷᠡᠰᠦᠨ᠎ᠤ ᠦᠶ᠋ᠯᠡᠳᠪᠦᠷᠢᠯᠡᠯ᠎ᠤᠨ ᠠᠵᠤ ᠠᠬᠤᠢᠯᠠᠯ᠎ᠳᠤ ᠬᠤᠪᠢᠶᠠᠨ ᠥᠭ᠌ᠴᠦ᠂ ᠣᠳᠣᠬᠠᠨ᠎ᠳᠤ 18 ᠮᠤᠵᠢ ᠦᠪᠡᠷᠳᠡᠭᠡᠨ ᠵᠠᠰᠠᠬᠤ ᠣᠷᠣᠨ ᠬᠤᠲᠠ᠎ᠶ᠋ᠢ ᠴᠥᠮ ᠬᠠᠮᠢᠶ᠎ᠠ ᠪᠥᠬᠦᠶ ᠨᠡᠭᠦᠷᠡᠰᠦᠨ ᠠᠭᠤᠷᠬᠠᠶ᠎ᠲᠠᠢ ᠵᠣᠯᠭᠠᠭᠤᠯᠬᠤ᠎ᠶ᠋ᠢᠨ ᠬᠠᠮᠲᠤ ᠪᠣᠳᠠᠲᠠᠶ ᠵᠦᠶ᠋ᠯᠡᠰ᠎ᠢ ᠨᠠᠢᠳᠠᠪᠤᠷᠢᠵᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ᠎ᠠᠴᠠ ᠬᠠᠩᠭᠠᠭ᠍ᠰᠠᠨ ᠲᠤᠭ᠎ᠠ ᠪᠠᠷᠢᠮᠲᠠ᠎ᠶ᠋ᠢ ᠦᠨᠳᠤᠰᠤᠯᠠᠪᠠᠯ᠂ 9 ᠰᠠᠷ᠎ᠠ᠎ᠠᠴᠠ ᠨᠠᠭᠠᠰᠢ᠂ ᠮᠠᠨ᠎ᠤ ᠣᠷᠣᠨ᠎ᠤ ᠨᠡᠭᠦᠷᠡᠰᠦᠨ᠎ᠤ ᠭᠠᠷᠤᠯᠲᠠ ᠢᠯᠡᠳᠲᠡ ᠨᠡᠮᠡᠭ᠌ᠳᠡᠵᠦ᠍᠂ ᠪᠥᠬᠦ᠌ ᠣᠷᠣᠨ᠎ᠤ ᠨᠡᠭᠦᠷᠡᠰᠦᠨ᠎ᠤ ᠡᠳᠦᠷ ᠳᠤᠮᠳᠠᠴᠢ᠎ᠶ᠋ᠢᠨ ᠭᠠᠷᠤᠯᠲᠠ 280 ᠲᠦᠮᠡᠨ ᠲᠣᠨ᠎ᠢ ᠳᠠᠪᠠᠵᠤ᠂ ᠲᠦᠷᠦᠭᠦᠦ ᠬᠤᠶᠠᠷ ᠰᠠᠷ᠎ᠠ᠎ᠶ᠋ᠢᠨ᠎ᠬᠢ᠎ᠠᠴᠠ ᠳᠤᠮᠳᠠᠴᠢ᠎ᠪᠠᠷ 30 ᠲᠦᠮᠡᠨ ᠲᠣᠨ ᠣᠷᠴᠢᠮ ᠨᠡᠮᠡᠭ᠌ᠳᠡᠪᠡ᠃ 10 ᠰᠠᠷ᠎ᠠ᠎ᠶ᠋ᠢᠨ ᠡᠬᠢ᠎ᠪᠠᠷ᠂ ᠨᠡᠭᠦᠷᠡᠰᠦᠨ᠎ᠤ ᠭᠠᠷᠤᠯᠲᠠ ᠤᠯᠠᠮ ᠨᠢᠭᠡ ᠠᠯᠬᠤᠮ ᠨᠡᠮᠡᠭ᠌ᠳᠡᠵᠦ᠍᠂ ᠡᠳᠦᠷ᠎ᠤᠨ ᠭᠠᠷᠤᠯᠲᠠ 300 ᠲᠦᠮᠡᠨ ᠲᠣᠨ᠎ᠳᠤ ᠬᠦᠷᠴᠦ᠍᠂ ᠵᠢᠱ᠌ᠢᠯᠲᠡ᠎ᠪᠠᠷ ᠪᠦᠬᠦ᠌ ᠵᠢᠯ᠎ᠤᠨ ᠭᠠᠷᠤᠯᠲᠠ 10.5 ᠳ᠋ᠦᠩᠱᠢᠭᠤᠷ ᠲᠣᠨ᠎ᠠᠴᠠ ᠳᠡᠭᠡᠭ᠌ᠰᠢ᠎ᠳᠤ ᠬᠦᠷᠬᠦ᠌ ᠪᠣᠯᠤᠨ᠎ᠠ᠃

ᠴᠠᠬᠢᠯᠭᠠᠨ ᠬᠦᠴᠦᠨ᠎ᠤ ᠬᠠᠩᠭᠠᠯᠭ᠎ᠠ᠎ᠶ᠋ᠢ ᠪᠠᠲᠤᠯᠠᠬᠤ ᠲᠠᠯ᠎ᠠ᠎ᠪᠠᠷ᠂ ᠮᠠᠨ᠎ᠤ ᠣᠷᠣᠨ ᠡᠮᠬᠢ ᠵᠢᠷᠤᠮ᠎ᠲᠠᠢ᠎ᠪᠠᠷ ᠴᠠᠬᠢᠯᠭᠠᠨ ᠬᠡᠷᠡᠭ᠌ᠯᠡᠬᠦ᠌ ᠲᠥᠰᠦᠯ᠎ᠢ ᠡᠷᠡᠰ ᠬᠡᠷᠡᠭ᠌ᠵᠢᠭᠦᠯᠵᠦ᠍᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠨᠡᠢᠲᠡ᠎ᠶ᠋ᠢᠨ ᠬᠡᠷᠡᠭ᠌ᠯᠡᠭᠡᠨ᠎ᠤ ᠬᠠᠷᠢᠭᠤᠴᠠᠯᠭ᠎ᠠ᠎ᠶ᠋ᠢ ᠪᠠᠲᠤᠯᠠᠬᠤ᠎ᠶ᠋ᠢ ᠪᠥᠬᠦ᠌ ᠬᠦᠴᠦᠨ᠎ᠢᠶᠠᠷ᠎ᠢᠶᠠᠨ ᠨᠠᠢᠳᠠᠪᠤᠷᠢᠵᠢᠭᠤᠯᠵᠤ᠂ ᠴᠠᠬᠢᠯᠭᠠᠨ ᠲᠤᠤᠷ᠎ᠤᠨ ᠠᠮᠤᠷ ᠲᠦᠪᠱᠢᠨ᠎ᠢ ᠦᠨᠡᠨ ᠬᠦ᠌ ᠪᠠᠲᠤᠯᠠᠪᠠ᠃ 9 ᠰᠠᠷ᠎ᠠ᠎ᠶ᠋ᠢᠨ ᠰᠡᠭᠦᠯᠴᠢ᠎ᠠᠴᠠ ᠨᠠᠭᠠᠰᠢ᠂ ᠥᠪᠥᠷ ᠮᠣᠩᠭᠤᠯ᠎ᠤᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠢᠯᠴᠢ᠎ᠶ᠋ᠢᠨ ᠴᠠᠬᠢᠯᠭᠠᠨ᠎ᠤ ᠭᠠᠷᠭᠠᠯᠲᠠ ᠢᠯᠡᠳᠲᠡ ᠳᠡᠭᠡᠭ᠌ᠰᠢᠯᠡᠵᠦ᠍᠂ ᠰᠠᠯᠬᠢᠨ ᠬᠦᠴᠦᠨ᠎ᠤ ᠴᠠᠬᠢᠯᠭᠠᠨ᠎ᠤ ᠡᠳᠦᠷ᠎ᠤᠨ ᠴᠠᠬᠢᠯᠭᠠᠨ ᠭᠠᠷᠭᠠᠬᠤ ᠬᠡᠮᠵᠢᠶ᠎ᠡ ᠵᠤᠨ᠎ᠤ ᠤᠯᠠᠷᠢᠯ᠎ᠤᠨ ᠳᠤᠮᠳᠠᠴᠢ ᠬᠡᠮᠵᠢᠭ᠌ᠳᠡᠯ᠎ᠠᠴᠠ 70% ᠎ᠪᠠᠷ ᠳᠡᠭᠡᠭ᠌ᠰᠢᠯᠡᠵᠦ᠍᠂ ᠴᠠᠬᠢᠯᠭᠠᠨ ᠬᠦᠴᠦᠨ᠎ᠤ ᠬᠠᠩᠭᠠᠯᠭ᠎ᠠ ᠢᠯᠡᠳᠲᠡ ᠳᠡᠭᠡᠭ᠌ᠰᠢᠯᠡᠵᠦ᠍᠂ ᠴᠠᠬᠢᠯᠭᠠᠨ ᠬᠦᠴᠦᠨ᠎ᠤ ᠳᠤᠲᠠᠭᠤᠳᠠᠯ ᠤᠯᠠᠮ᠎ᠢᠶᠠᠷ ᠪᠠᠭᠠᠰᠴᠤ᠌᠂ ᠴᠠᠬᠢᠯᠭᠠᠨ᠎ᠢ ᠬᠢᠵᠠᠭᠠᠷᠯᠠᠬᠤ ᠬᠡᠪᠴᠢᠶ᠎ᠡ ᠪᠦᠬᠦ᠌ ᠵᠢᠯ᠎ᠤᠨ ᠬᠠᠮᠤᠭ᠎ᠤᠨ ᠳᠣᠣᠷ᠎ᠠ ᠬᠡᠮᠵᠢᠶᠡᠨ᠎ᠳᠤ ᠬᠦᠷᠲᠡᠯ᠎ᠡ ᠪᠠᠭᠤᠷᠠᠪᠠ᠃ ᠡᠭᠦᠨ᠎ᠤ ᠬᠠᠮᠲᠤ ᠴᠠᠬᠢᠯᠭᠠᠨ ᠬᠦᠴᠦᠨ᠎ᠤ ᠠᠷᠠᠯᠵᠢᠶᠠᠨ᠎ᠤ ᠦᠨ᠎ᠡ ᠬᠠᠩᠰᠢ᠎ᠶ᠋ᠢ ᠤᠯᠠᠮ᠎ᠢᠶᠠᠷ ᠱᠢᠯᠢᠳᠡᠭ᠌ᠵᠢᠭᠦᠯᠦᠨ ᠲᠣᠬᠢᠷᠠᠭᠤᠯᠵᠤ᠂ ᠥᠪᠥᠷ ᠮᠣᠩᠭᠤᠯ᠎ᠤᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠴᠠᠬᠢᠯᠭᠠᠨ ᠬᠦᠴᠦᠨ᠎ᠤ ᠠᠷᠠᠯᠵᠢᠶᠠᠨ᠎ᠤ ᠰᠠᠭᠤᠷᠢ ᠪᠠᠷᠢᠮᠵᠢᠶᠠᠲᠤ ᠴᠠᠬᠢᠯᠭᠠᠨ᠎ᠤ ᠦᠨ᠎ᠡ᠎ᠶ᠋ᠢ 10% ᠎ᠪᠠᠷ ᠥᠰᠭᠡᠭ᠌ᠰᠡᠨ ᠰᠠᠭᠤᠷᠢᠨ ᠳᠡᠭᠡᠷ᠎ᠡ᠂ ᠪᠣᠯᠣᠳ ᠲᠡᠮᠦᠷ᠂ ᠲᠡᠮᠦᠷ᠎ᠤᠨ ᠬᠠᠢᠯᠤᠰᠢ ᠵᠡᠷᠭᠡ ᠬᠡᠰᠡᠭ ᠴᠠᠬᠢᠯᠭᠠᠨ ᠬᠡᠷᠡᠭ᠌ᠯᠡᠬᠦ᠌ ᠠᠵᠤ ᠠᠬᠤᠢᠯᠠᠯ᠎ᠤᠨ ᠴᠠᠬᠢᠯᠭᠠᠨ ᠬᠦᠴᠦᠨ᠎ᠤ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠦᠨ᠎ᠡ ᠬᠠᠩᠰᠢ᠎ᠳᠤ ᠣᠷᠣᠯᠴᠠᠬᠤ᠎ᠶ᠋ᠢ ᠤᠯᠠᠮ᠎ᠢᠶᠠᠷ ᠴᠢᠯᠥᠭᠡᠲᠡᠶ ᠪᠣᠯᠭᠠᠵᠤ᠂ ᠠᠷᠠᠯᠵᠢᠶᠠᠨ᠎ᠤ ᠦᠨ᠎ᠡ ᠬᠠᠩᠰᠢ᠎ᠶ᠋ᠢᠨ ᠳᠡᠭᠡᠳᠦ ᠬᠢᠵᠠᠭᠠᠷ᠎ᠢ ᠦᠭᠡᠢᠰᠭᠡᠪᠠ᠃

ᠡᠯ᠎ᠡ ᠵᠦᠶ᠋ᠯ᠎ᠤᠨ ᠦᠶ᠋ᠯᠡᠳᠪᠦᠷᠢᠯᠡᠯ᠎ᠢ ᠨᠡᠮᠡᠭ᠌ᠳᠡᠭᠦᠯᠵᠦ᠍ ᠬᠠᠩᠭᠠᠯᠭ᠎ᠠ᠎ᠶ᠋ᠢ ᠪᠠᠲᠤᠯᠠᠬᠤ ᠠᠷᠭ᠎ᠠ ᠬᠡᠮᠵᠢᠶ᠎ᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠮᠠᠨ᠎ᠤ ᠣᠷᠣᠨ ᠡᠨᠧᠷᠭᠢ᠎ᠶ᠋ᠢᠨ ᠪᠠᠲᠤᠯᠠᠭ᠎ᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ ᠪᠣᠯᠤᠨ ᠨᠡᠭᠦᠷᠡᠰᠦ᠂ ᠴᠠᠬᠢᠯᠭᠠᠨ ᠬᠦᠴᠦᠨ᠎ᠤ ᠬᠠᠩᠭᠠᠯᠭ᠎ᠠ᠎ᠶ᠋ᠢᠨ ᠪᠠᠲᠤᠯᠠᠬᠤ ᠬᠤᠶᠠᠷ ᠠᠵᠢᠯ᠎ᠤᠨ ᠲᠤᠭᠤ ᠵᠢᠯᠠᠩ ᠭᠠᠷᠭᠠᠵᠤ᠂ ᠡᠳᠦᠷ᠎ᠤᠨ ᠲᠣᠬᠢᠷᠠᠭᠤᠯᠤᠯᠲᠠ᠂ ᠡᠳᠦᠷ᠎ᠤᠨ ᠮᠡᠳᠡᠭᠦᠯᠦᠯᠲᠡ᠎ᠶ᠋ᠢ ᠪᠠᠷᠢᠮᠲᠠᠯᠠᠨ᠂ ᠰᠤᠳᠤᠯᠤᠨ ᠮᠠᠭᠠᠳᠯᠠᠵᠤ ᠬᠢᠨᠠᠨ ᠬᠡᠮᠵᠢᠬᠦ᠌ ᠪᠠ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌᠎ᠪᠠᠨ ᠴᠢᠩᠭᠠᠳᠭᠠᠵᠤ᠂ ᠡᠨᠧᠷᠭᠢ᠎ᠶ᠋ᠢᠨ ᠪᠠᠲᠤᠯᠠᠭ᠎ᠠ᠎ᠶ᠋ᠢ ᠨᠠᠷᠢᠯᠢᠭ᠍ᠵᠢᠭᠤᠯᠤᠨ᠂ ᠨᠠᠷᠢᠯᠢᠭ ᠣᠨᠣᠪᠴᠢᠲᠠᠶ᠎ᠪᠠᠷ ᠰᠠᠢᠲᠤᠷ ᠬᠢᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号