ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠬᠥᠬᠡᠬᠤᠲᠠ᠎ᠶ᠋ᠢᠨ ᠲᠥᠪ ᠰᠠᠯᠪᠤᠷᠢ ᠪᠠᠩᠬᠢ ᠤᠬᠠᠭᠤᠯᠭ᠎ᠠ᠎ᠶ᠋ᠢᠨ ᠠᠵᠢᠯᠯᠠᠭ᠎ᠠ ᠦᠷᠨᠢᠬᠦᠯᠪᠠ
2021-10-17 10:23:54
ᠵᠣᠬᠢᠶᠠᠭ᠍ᠴᠢ᠄
​ ᠠᠭᠤᠯᠠ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 15 ᠎ᠤ ᠡᠳᠦᠷ᠂ ᠤᠯᠤᠰ᠎ᠤᠨ ᠰᠦᠯᠵᠢᠶᠠᠨ᠎ᠤ ᠠᠮᠤᠷ ᠲᠦᠪᠱᠢᠨ᠎ᠤ ᠤᠬᠠᠭᠤᠯᠭ᠎ᠠ᠎ᠶ᠋ᠢᠨ ᠭᠠᠷᠠᠭ᠎ᠤᠨ ᠠᠵᠢᠯᠯᠠᠭ᠎ᠠ᠎ᠶ᠋ᠢᠨ ᠨᠢᠭᠡ ᠪᠤᠯᠬᠤ ᠮᠦᠡᠭ᠌ᠬᠦᠨ ᠬᠦᠢᠯᠭᠡᠭᠡᠨ᠎ᠤ ᠡᠳᠤᠷ ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠬᠥᠬᠡᠬᠤᠲᠠ᠎ᠶ᠋ᠢᠨ ᠲᠥᠪ ᠰᠠᠯᠪᠤᠷᠢ ᠪᠠᠩᠬᠢ᠎ᠶ᠋ᠢᠨ᠎ᠬᠢᠨ ᠬᠠᠷᠢᠶ᠎ᠠ ᠭᠠᠵᠠᠷ᠎ᠤᠨ᠎ᠢᠶᠠᠨ ᠬᠤᠪᠢᠶᠠᠷᠢ ᠰᠠᠯᠪᠤᠷᠢ ᠪᠠ ᠵᠢᠭᠤᠯᠤᠮᠵᠢ ᠪᠠ ᠪᠠᠩᠬᠢ᠎ᠶ᠋ᠢᠨ ᠦᠢᠯᠡᠰ᠎ᠤᠨ ᠮᠦᠡᠭ᠌ᠬᠦᠨ ᠬᠦᠢᠯᠭᠡᠭᠡᠨ᠎ᠤ ᠪᠠ ᠵᠢᠭᠤᠯᠤᠮᠵᠢ᠎ᠶ᠋ᠢ ᠵᠤᠬᠢᠶᠠᠨ ᠪᠠ ᠵᠢᠭᠤᠯᠵᠤ᠂ 《ᠰᠦᠯᠵᠢᠶᠡᠨ᠎ᠤ ᠠᠮᠤᠷ ᠲᠦᠪᠱᠢᠨ ᠠᠷᠠᠳ ᠲᠦᠮᠡᠨ᠎ᠤ ᠲᠥᠯᠥᠭᠡ᠂ ᠰᠦᠯᠵᠢᠶᠡᠨ᠎ᠤ ᠠᠮᠤᠷ ᠲᠦᠪᠱᠢᠨ ᠠᠷᠠᠳ ᠲᠦᠮᠡᠨ᠎ᠳᠤ ᠲᠦᠱᠢᠭ᠌ᠯᠡᠬᠦ᠌》 ᠭᠤᠤᠯ ᠰᠡᠳᠦᠪᠳᠤ ᠤᠬᠠᠭᠤᠯᠭ᠎ᠠ᠎ᠶ᠋ᠢᠨ ᠠᠵᠢᠯᠯᠠᠭ᠎ᠠ ᠦᠷᠨᠢᠬᠦᠯᠪᠠ᠃

ᠠᠵᠢᠯᠯᠠᠭ᠎ᠠ᠎ᠳᠤ᠂ ᠡᠯ᠎ᠠ ᠪᠠᠢᠭᠤᠯᠤᠮᠵᠢ᠎ᠶ᠋ᠢᠨ᠎ᠬᠢᠨ 《ᠮᠥᠩᠭᠦᠨ ᠭᠦᠶ᠋ᠯᠭᠡᠭᠡᠨ᠎ᠤ ᠲᠤᠭ᠎ᠠ ᠪᠠᠷᠢᠮᠲᠠ᠎ᠶ᠋ᠢᠨ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠪᠠᠲᠤ ᠰᠠᠬᠢᠵᠤ᠂ ᠮᠥᠩᠭᠦᠨ ᠭᠦᠶ᠋ᠯᠭᠡᠭᠡᠨ᠎ᠤ ᠲᠤᠭ᠎ᠠ ᠪᠠᠷᠢᠮᠲᠠ᠎ᠶ᠋ᠢᠨ ᠶᠡᠷᠦᠩᠬᠡᠢᠯᠡᠭ᠌ᠰᠡᠨ ᠬᠡᠷᠡᠭ᠌ᠯᠡᠭᠡ᠎ᠶ᠋ᠢ ᠠᠬᠢᠭᠤᠯᠬᠤ》 ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠦᠯᠵᠢᠶ᠎ᠡ ᠪᠠ ᠪᠤᠳᠠᠳᠤ ᠴᠤᠬ᠍ᠴᠠ᠎ᠶ᠋ᠢ ᠤᠶᠠᠯᠳᠤᠭᠤᠯᠬᠤ ᠠᠷᠭ᠎ᠠ ᠬᠡᠯᠪᠡᠷᠢ᠎ᠶ᠋ᠢ ᠬᠡᠷᠡᠭ᠌ᠯᠡᠨ᠂ ᠣᠯᠠᠨ ᠨᠡᠢᠲᠡ᠎ᠶ᠋ᠢᠨ ᠲᠠᠪᠴᠡᠩ᠂ ᠡᠯᠧᠺᠲᠷᠣᠨ ᠪᠠᠩᠬᠢ ᠵᠡᠷᠭᠡ᠎ᠶ᠋ᠢ ᠲᠦᠱᠢᠭ᠌ᠯᠡᠨ ᠤᠬᠠᠭᠤᠯᠭ᠎ᠠ ᠬᠢᠵᠤ᠂ ᠡᠵᠡᠩᠨᠡᠯᠲᠡ᠎ᠶ᠋ᠢᠨ ᠲᠢᠩᠬᠢᠮ᠎ᠳᠤ ᠤᠬᠠᠭᠤᠯᠭ᠎ᠠ᠎ᠶ᠋ᠢᠨ ᠬᠠᠭᠤᠳᠠᠰᠤ ᠲᠠᠷᠬᠠᠭᠠᠨ᠂ ᠤᠬᠠᠭᠤᠯᠭ᠎ᠠ᠎ᠶ᠋ᠢᠨ ᠸᠢᠳᠢᠣ᠋ ᠨᠡᠪᠲᠡᠷᠡᠭᠦᠯᠵᠦ᠍᠂ ᠲᠠᠷᠠᠴᠢᠯᠠᠨ ᠨᠡᠢᠭᠡᠮ ᠲᠣᠭᠤᠷᠢᠭ᠂ ᠵᠡᠭᠡᠯᠢ ᠭᠤᠳᠤᠮᠵᠢ᠂ ᠬᠥᠳᠡᠭᠡ ᠲᠣᠰᠭᠤᠨ᠎ᠳᠤ ᠭᠦᠨᠵᠡᠭᠡᠢᠷᠡᠨ ᠤᠬᠠᠭᠤᠯᠭ᠎ᠠ᠎ᠶ᠋ᠢᠨ ᠠᠵᠢᠯᠯᠠᠭ᠎ᠠ ᠦᠷᠨᠢᠬᠦᠯᠵᠤ᠂ ᠨᠡᠢᠭᠡᠮ ᠨᠡᠢᠲᠡ᠎ᠳᠤ ᠮᠥᠩᠭᠦᠨ ᠭᠦᠶ᠋ᠯᠭᠡᠭᠡᠨ᠎ᠤ ᠰᠦᠯᠵᠢᠶᠡᠨ᠎ᠤ ᠠᠮᠤᠷ ᠲᠦᠪᠱᠢᠨ᠂ ᠬᠤᠪᠢ ᠬᠥᠮᠦᠨ᠎ᠤ ᠮᠥᠩᠭᠦᠨ ᠭᠦᠶ᠋ᠯᠭᠡᠭᠡᠨ᠎ᠤ ᠮᠡᠳᠡᠭᠡ ᠵᠠᠩᠭᠢ᠎ᠶ᠋ᠢᠨ ᠬᠠᠮᠠᠭᠠᠯᠠᠯᠲᠠ ᠵᠡᠷᠭᠡ ᠮᠡᠳᠡᠯᠭᠡ᠎ᠶ᠋ᠢ ᠲᠦᠭᠡᠮᠡᠯᠵᠢᠭᠦᠯᠪᠡ᠃ ᠮᠥᠩᠭᠦᠨ ᠭᠦᠶ᠋ᠯᠭᠡᠭᠡᠨ᠎ᠤ ᠰᠦᠯᠵᠢᠶᠠᠨ᠎ᠤ ᠮᠡᠭᠡᠯᠡᠯ᠎ᠤᠨ ᠨᠡᠢᠲᠡᠯᠢᠭ ᠬᠡᠷᠡᠭ᠎ᠢ ᠵᠠᠳᠠᠯᠤᠨ ᠱᠢᠨᠵᠢᠯᠡᠵᠦ᠍᠂ ᠰᠦᠯᠵᠢᠶᠠᠨ᠎ᠤ ᠮᠡᠭᠡᠯᠡᠯ᠎ᠤᠨ ᠪᠠᠢᠩᠭᠤ ᠬᠡᠷᠡᠭ᠌ᠯᠡᠬᠦ᠌ ᠠᠷᠭ᠎ᠠ ᠪᠠᠷᠢᠯ ᠪᠠ ᠠᠷᠭ᠎ᠠ᠎ᠶ᠋ᠢ ᠢᠯᠡᠴᠢᠯᠡᠨ᠂ ᠤᠯᠠᠨ ᠲᠦᠮᠡᠨ᠎ᠤ ᠰᠦᠯᠵᠢᠶᠠᠨ᠎ᠤ ᠮᠡᠭᠡᠯᠡᠯ᠎ᠠᠴᠠ ᠰᠡᠷᠭᠡᠢᠯᠡᠬᠦ᠌ ᠤᠬᠠᠮᠰᠠᠷ ᠴᠢᠳᠠᠪᠤᠷᠢ᠎ᠶ᠋ᠢᠨ ᠲᠦᠪᠱᠢᠨ᠎ᠢ᠎ᠨᠢ ᠳᠡᠭᠡᠭ᠌ᠰᠢᠯᠡᠭᠦᠯᠪᠡ᠃ ᠬᠤᠪᠢ ᠬᠥᠮᠦᠨ᠎ᠤ ᠮᠥᠩᠭᠦᠨ ᠭᠦᠶ᠋ᠯᠭᠡᠭᠡᠨ᠎ᠤ ᠮᠡᠳᠡᠭᠡ ᠵᠠᠩᠭᠢ᠂ ᠮᠥᠩᠭᠦᠨ ᠭᠦᠶ᠋ᠯᠭᠡᠭᠡᠨ᠎ᠤ ᠲᠤᠭ᠎ᠠ ᠪᠠᠷᠢᠮᠲᠠ᠎ᠶ᠋ᠢ ᠬᠠᠮᠠᠭᠠᠯᠠᠬᠤ ᠪᠠ ᠮᠥᠩᠭᠦᠨ ᠭᠦᠶ᠋ᠯᠭᠡᠭᠡᠨ᠎ᠤ ᠰᠦᠯᠵᠢᠶᠡᠨ᠎ᠤ ᠠᠮᠤᠷ ᠲᠦᠪᠱᠢᠨ᠎ᠢ ᠬᠠᠮᠠᠭᠠᠯᠠᠬᠤ ᠲᠠᠯ᠎ᠠ᠎ᠪᠠᠷ᠎ᠬᠢ ᠮᠥᠩᠭᠦᠨ ᠭᠦᠶ᠋ᠯᠭᠡᠭᠡᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠵᠢᠴᠢ ᠮᠥᠩᠭᠦᠨ ᠭᠦᠶ᠋ᠯᠭᠡᠭᠡᠨ᠎ᠤ ᠲᠤᠭ᠎ᠠ ᠪᠠᠷᠢᠮᠲᠠ᠎ᠶ᠋ᠢ ᠶᠡᠷᠦᠩᠬᠡᠢᠯᠡᠨ ᠬᠡᠷᠡᠭ᠌ᠯᠡᠭ᠌ᠰᠡᠨ ᠱᠢᠯᠢᠳᠡᠭ ᠦᠶ᠋ᠯᠡᠳᠦᠯᠭᠡ᠎ᠶ᠋ᠢᠨ ᠬᠡᠷᠡᠭ᠎ᠤᠨ ᠵᠢᠱ᠌ᠢᠶ᠎ᠡ᠎ᠶ᠋ᠢ ᠤᠬᠠᠭᠤᠯᠵᠤ᠂ ᠮᠥᠩᠭᠦᠨ ᠭᠦᠶ᠋ᠯᠭᠡᠭᠡᠨ᠎ᠤ ᠰᠦᠯᠵᠢᠶᠡᠨ᠎ᠤ ᠠᠮᠤᠷ ᠲᠦᠪᠱᠢᠨ ᠬᠢᠭᠡᠳ ᠲᠤᠭ᠎ᠠ ᠪᠠᠷᠢᠮᠲᠠ᠎ᠶ᠋ᠢᠨ ᠠᠮᠤᠷ ᠲᠦᠪᠱᠢᠨ᠎ᠤ ᠲᠤᠬᠠᠢ ᠤᠯᠠᠨ ᠲᠦᠮᠡᠨ᠎ᠤ ᠢᠲᠡᠭᠡᠯ᠎ᠢ ᠨᠡᠮᠡᠭ᠌ᠳᠡᠭᠦᠯᠦᠨ᠂ ᠪᠥᠬᠦ᠌ ᠨᠡᠢᠭᠡᠮ᠎ᠢᠶᠠᠷ᠎ᠢᠶᠠᠨ ᠰᠦᠯᠵᠢᠶᠡᠨ᠎ᠤ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠱᠤᠭᠤᠮ᠎ᠢ ᠬᠠᠮᠲᠤ᠎ᠪᠠᠷ ᠪᠠᠢᠭᠤᠯᠬᠤ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠤᠯᠭᠠᠬᠤ᠎ᠳᠤ ᠠᠬᠢᠭᠤᠯᠬᠤ ᠦᠢᠯᠡᠳᠤᠯ ᠦᠵᠡᠬᠦᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号