ᠸᠠᠩ ᠵᠢᠩ ᠯᠢᠨ ᠤᠯᠠᠨ ᠤᠯᠤᠰ᠎ᠤᠨ ᠬᠤᠯᠪᠤᠭᠠᠳᠤ ᠪᠠ ᠵᠢᠭᠤᠯᠭ᠎ᠠ᠎ᠶ᠋ᠢᠨ ᠪᠠᠭᠠᠴᠤᠳ ᠬᠡᠤᠬᠡᠳ᠎ᠤᠨ ᠰᠠᠭᠤᠷᠢ ᠮᠦᠩᠬᠦᠨ᠎ᠤ ᠨᠡ ᠵᠢᠭᠡᠮᠯᠢᠭ᠎ᠤᠨ ᠲᠠᠯᠠᠷᠬᠠᠯ᠎ᠤᠨ ᠵᠠᠬᠢᠳᠠᠯ᠎ᠢ ᠲᠤᠰᠤᠯ᠎ᠠ
2021-10-17 10:22:52
ᠵᠣᠬᠢᠶᠠᠭ᠍ᠴᠢ᠄
​ ᠸ᠊ · ᠭᠡᠷᠡᠯᠳᠤ
ᠣᠩᠱᠢᠭ᠍ᠰᠠᠨ ᠣᠳᠠᠭ᠎ᠠ᠄
★★★☆☆

ᠦᠢᠷ᠎ᠡ᠎ᠳᠤ᠂ ᠤᠯᠠᠨ ᠤᠯᠤᠰ᠎ᠤᠨ ᠬᠤᠯᠪᠤᠭᠠᠳᠤ ᠪᠠ ᠵᠢᠭᠤᠯᠭ᠎ᠠ᠎ᠶ᠋ᠢᠨ ᠪᠠᠭᠠᠴᠤᠳ ᠬᠡᠤᠬᠡᠳ᠎ᠤᠨ ᠰᠠᠭᠤᠷᠢ ᠮᠦᠩᠬᠦᠨ᠎ᠤ ᠨᠡ ᠵᠢᠭᠡᠮᠯᠢᠭ᠎ᠤᠨ ᠲᠤᠮᠳᠠᠳᠤ ᠤᠯᠤᠰ᠎ᠲᠤ ᠰᠠᠭᠤᠭ᠎ᠠ ᠲᠦᠯᠦᠭᠡᠯᠡᠭ᠌ᠴᠢ᠎ᠠᠴᠠ ᠲᠤᠮᠳᠠᠳᠤ ᠤᠯᠤᠰ᠎ᠤᠨ ᠬᠤᠶᠠᠳᠤᠭᠠᠷ ᠲᠡᠮᠦᠷᠯᠢᠭ᠎ᠤᠨ ᠪᠦᠯᠦᠭ᠌ᠯᠡᠯ᠎ᠤᠨ 25 ᠨᠠᠰᠤᠳᠠᠢ ᠵᠠᠯᠠᠭᠤ ᠠᠵᠢᠯᠳᠠᠨ ᠸᠠᠩ ᠵᠢᠩ ᠯᠢᠨ᠎ᠳᠤ ᠲᠠᠯᠠᠷᠬᠠᠯ᠎ᠤᠨ ᠵᠠᠬᠢᠳᠠᠯ ᠪᠤᠯᠤᠨ ᠲᠤᠰ ᠨᠡ ᠵᠢᠭᠡᠮᠯᠢᠭ᠎ᠲᠤ ᠰᠠᠷ᠎ᠠ ᠪᠤᠯᠭᠠᠨ ᠬᠠᠨᠳᠢᠪ ᠡᠷᠭᠦᠭ᠌ᠰᠡᠨ ᠬᠡᠷᠡᠴᠢ ᠪᠢᠴᠢᠭ ᠢᠯᠡᠭᠡᠭ᠌ᠰᠡᠨ ᠵᠠᠬᠢᠳᠠᠯ᠎ᠢ ᠸᠠᠩ ᠵᠢᠩ ᠯᠢᠨ ᠲᠤᠰᠴᠠᠢ᠃ 

ᠲᠠᠯᠠᠷᠬᠠᠯ᠎ᠤᠨ ᠵᠠᠬᠢᠳᠠᠯ᠎ᠳᠤ᠂ ᠤᠯᠠᠨ ᠤᠯᠤᠰ᠎ᠤᠨ ᠬᠤᠯᠪᠤᠭᠠᠳᠤ ᠪᠠ ᠵᠢᠭᠤᠯᠭ᠎ᠠ᠎ᠶ᠋ᠢᠨ ᠪᠠᠭᠠᠴᠤᠳ ᠬᠡᠤᠬᠡᠳ᠎ᠤᠨ ᠰᠠᠭᠤᠷᠢ ᠮᠦᠩᠬᠦᠨ᠎ᠤ ᠨᠡ ᠵᠢᠭᠡᠮᠯᠢᠭ᠎ᠠᠴᠠ ᠸᠠᠩ ᠵᠢᠩ ᠯᠢᠨ᠎ᠤ ᠰᠠᠷ᠎ᠠ ᠪᠤᠯᠭᠠᠨ ᠮᠦᠩᠬᠦ᠌ ᠬᠠᠨᠳᠢᠪᠯᠠᠬᠤ ᠬᠡᠯᠪᠡᠷᠢ᠎ᠪᠠᠷ ᠲᠤᠮᠳᠠᠳᠤ ᠤᠯᠤᠰ᠎ᠤᠨ ᠪᠤ ᠵᠢᠳᠡ ᠪᠦᠭ᠌ᠯᠡᠬᠦᠦ ᠶᠠᠳᠠᠭᠤ ᠬᠦᠴᠢᠷᠳᠠᠯᠳᠠᠢ ᠭᠠᠵᠠᠷ ᠤᠷᠤᠨ᠎ᠤ ᠠᠮᠢᠳᠤᠷᠠᠯ ᠬᠦᠴᠢᠷᠳᠡᠯᠲᠠᠢ ᠪᠠᠭᠠᠴᠤᠳ ᠬᠡᠤᠬᠡᠳ᠎ᠢ ᠬᠠᠯᠠᠮᠵᠢᠯᠠᠨ ᠲᠡᠮᠵᠢᠵᠦ᠍᠂ ᠲᠡᠳᠡᠨ᠎ᠳᠤ ᠠᠮᠢᠳᠤᠷᠠᠯ᠎ᠤᠨ ᠬᠠ ᠵᠢᠷ᠎ᠡ ᠬᠠᠯᠠᠮᠵᠢ ᠤᠯᠭᠤᠵᠦ᠍ ᠪᠠ ᠵᠢᠬᠤ᠎ᠳᠤ ᠴᠢᠩ ᠰᠡᠤᠡᠬᠢᠯ᠎ᠤᠨ ᠲᠠᠯᠠᠷᠬᠠᠯ᠎ᠢᠶᠠᠨ ᠲᠠᠪᠱᠢᠭᠦᠯᠦᠭ᠌ᠰᠡᠨ ᠪᠠ ᠵᠢᠨ᠎ᠠ᠃ ᠸᠠᠩ ᠵᠢᠩ ᠯᠢᠨ ᠪᠤᠯ ᠲᠤᠮᠳᠠᠳᠤ ᠤᠯᠤᠰ᠎ᠤᠨ ᠬᠤᠶᠠᠳᠤᠭᠠᠷ ᠲᠡᠮᠦᠷᠯᠢᠭ᠎ᠤᠨ ᠪᠦᠯᠦᠭ᠌ᠯᠡᠯ᠎ᠤᠨ ᠱᠠᠨᠰᠢ᠎ᠶ᠋ᠢᠨ ᠬᠤᠪᠢᠶᠠᠷᠢ ᠺᠤᠮᠫᠠᠨᠢ᠎ᠶ᠋ᠢᠨ ᠠᠵᠢᠯᠳᠠᠨ ᠮᠦᠨ᠂ ᠮᠦᠨ ᠴᠦ᠍ ᠲᠤᠰ ᠬᠤᠪᠢᠶᠠᠷᠢ ᠺᠤᠮᠫᠠᠨᠢ᠎ᠶ᠋ᠢᠨ ᠡᠪᠯᠡᠯ᠎ᠤᠨ ᠬᠤᠷᠢᠶ᠎ᠠ᠎ᠶ᠋ᠢᠨ ᠬᠠᠷᠢᠭᠤᠴᠠᠯᠭᠠᠳᠠᠨ ᠮᠦᠨ᠃ ᠲᠡᠷᠡ 2019 ᠤᠨ 7 ᠰᠠᠷ᠎ᠠ᠎ᠳᠤ ᠰᠢ ᠠᠨ᠎ᠤ ᠠᠵᠤ ᠦᠢᠯᠡᠳᠪᠦᠷᠢ᠎ᠶ᠋ᠢᠨ ᠶᠡᠭᠡ ᠰᠤᠷᠭᠠᠭᠤᠯᠢ᠎ᠠᠴᠠ ᠲᠡᠭᠦᠰᠴᠦ᠍᠂ ᠲᠤᠬᠠᠢ᠎ᠶ᠋ᠢᠨ ᠵᠢᠯ᠎ᠤᠨ 8 ᠰᠠᠷ᠎ᠠ᠎ᠳᠤ ᠲᠤᠮᠳᠠᠳᠤ ᠤᠯᠤᠰ᠎ᠤᠨ ᠬᠤᠶᠠᠳᠤᠭᠠᠷ ᠲᠡᠮᠦᠷᠯᠢᠭ᠎ᠤᠨ ᠪᠦᠯᠦᠭ᠌ᠯᠡᠯ᠎ᠳᠤ ᠡᠯᠰᠡᠭ᠌ᠳᠡᠨ ᠠᠵᠢᠯᠯᠠᠬ᠍ᠰᠠᠨ ᠪᠠ ᠵᠢᠨ᠎ᠠ᠃ ᠰᠠᠷ᠎ᠠ ᠪᠤᠯᠭᠠᠨ ᠮᠦᠩᠬᠦ᠌ ᠬᠠᠨᠳᠢᠪᠯᠡᠬᠤ᠎ᠠᠴᠠ ᠭᠠᠳᠠᠨ᠎ᠠ ᠸᠠᠩ ᠵᠢᠩ ᠯᠢᠨ ᠪᠠᠰᠠ ᠨᠡ ᠵᠢᠭᠡᠮ᠎ᠤᠨ ᠰᠠ᠊ ᠎ᠶ᠋ᠢᠨ ᠲᠤᠷ᠎ᠠ᠎ᠶ᠋ᠢᠨ ᠦᠢᠯᠡᠴᠢᠯᠡᠭᠡᠨ᠎ᠤ ᠦᠢᠯᠡᠰ᠎ᠲᠤ ᠢᠳᠡᠪᠬᠢᠯᠡᠨ ᠤᠷᠤᠯᠴᠠᠳᠠᠭ᠃ ᠤᠶᠤᠳᠠᠨ ᠪᠠ ᠵᠢᠬᠤ ᠦᠶ᠎ᠠ᠎ᠳᠡᠭᠡᠨ ᠲᠡᠷᠡ ᠠᠰᠠᠷᠠᠮᠵᠢ᠎ᠶ᠋ᠢᠨ ᠬᠦᠷᠢᠶᠡᠯᠡᠩ᠎ᠳᠤ ᠤᠴᠢᠵᠦ᠍ ᠨᠠᠰᠤᠳᠠ ᠵᠢᠴᠤᠳ᠎ᠲᠤ ᠦᠢᠯᠡᠴᠢᠯᠡᠬᠦ᠂ ᠴᠠᠭᠠᠨ ᠰᠠᠷ᠎ᠠ᠎ᠶ᠋ᠢᠨ ᠠᠮᠠᠷᠠᠯᠳᠠ᠎ᠪᠠᠷ᠎ᠢᠶᠠᠨ ᠬᠤᠳᠠ᠎ᠶ᠋ᠢᠨ ᠰᠠ᠊ ᠎ᠶ᠋ᠢᠨ ᠲᠤᠷ᠎ᠠ᠎ᠶ᠋ᠢᠨ ᠦᠢᠯᠡᠴᠢᠯᠡᠭᠡ᠎ᠳᠤ ᠤᠷᠤᠯᠴᠠᠵᠠᠢ᠃ ᠲᠡᠷᠡ ᠮᠦᠨ ᠲᠠᠪᠤ ᠵᠢᠷᠭᠤᠭ᠎ᠠ ᠤᠳᠠᠭ᠎ᠠ ᠦᠨ᠎ᠠ ᠲᠦᠯᠦᠪᠤᠷᠢ ᠦᠭᠡᠢ᠎ᠪᠠᠷ ᠴᠢᠰᠤ ᠬᠠᠨᠳᠢᠪᠯᠠᠬ᠍ᠰᠠᠨ ᠮᠦᠷᠳᠡᠭᠡᠨ ᠴᠢᠰᠤᠨ᠎ᠤ ᠢᠯᠳᠠᠰᠤ᠎ᠪᠠᠨ ᠴᠦ᠍ ᠨᠢᠭᠡ ᠤᠳᠠᠭ᠎ᠠ ᠬᠠᠨᠳᠢᠪᠯᠠᠵᠦ᠍ ᠦᠩᠬᠡᠷᠡᠵᠠᠢ᠃ 2018 ᠤᠨ᠎ᠤ 4 ᠰᠠᠷ᠎ᠠ᠎ᠠᠴᠠ ᠤᠳᠤ ᠪᠤᠯᠳᠠᠯ᠎ᠠ ᠲᠡᠷᠡ ᠤᠯᠠᠨ ᠤᠯᠤᠰ᠎ᠤᠨ ᠬᠤᠯᠪᠤᠭᠠᠳᠤ ᠪᠠ ᠵᠢᠭᠤᠯᠭ᠎ᠠ᠎ᠶ᠋ᠢᠨ ᠪᠠᠭᠠᠴᠤᠳ ᠬᠡᠤᠬᠡᠳ᠎ᠤᠨ ᠰᠠᠭᠤᠷᠢ ᠮᠦᠩᠬᠦᠨ᠎ᠤ ᠨᠡ ᠵᠢᠭᠡᠮᠯᠢᠭ᠎ᠲᠤ ᠨᠡ ᠵᠢᠳᠡ 38 ᠤᠳᠠᠭ᠎ᠠ ᠵᠤᠭᠤᠰ ᠮᠦᠩᠬᠦ᠌ ᠲᠤᠰᠠᠯᠠᠬ᠍ᠰᠠᠨ ᠪᠠ ᠵᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号