ᠬᠥᠬᠡᠬᠤᠲᠠ 5512 ᠴᠠᠬ᠍ᠳᠠᠭ᠎ᠠ ᠪᠠ ᠲᠤᠰᠠᠯᠠᠬ᠍ᠴᠢ ᠴᠠᠬ᠍ᠳᠠᠭ᠎ᠠ᠎ᠳᠤ ᠰᠡᠳᠭᠢᠴᠡ᠎ᠶ᠋ᠢᠨ ᠡᠷᠡᠬᠦᠯ ᠮᠡᠨᠳᠦ᠎ᠶ᠋ᠢᠨ ᠪᠠ ᠵᠢᠴᠠᠭᠠᠯᠳᠠ ᠬᠢᠪᠡ
2021-10-17 10:24:33
ᠵᠣᠬᠢᠶᠠᠭ᠍ᠴᠢ᠄
​ ᠱᠢᠨᠡᠪᠢᠯᠢᠭ
ᠣᠩᠱᠢᠭ᠍ᠰᠠᠨ ᠣᠳᠠᠭ᠎ᠠ᠄
★★★☆☆

ᠤ ᠵᠢᠷ᠎ᠠ᠎ᠶ᠋ᠢᠨ ᠬᠤᠭᠤᠴᠠᠭᠠᠨ᠎ᠳᠤ᠂ ᠬᠦᠬᠡᠬᠤᠳᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠤᠪᠴᠢᠶ᠎ᠠ ᠴᠠᠭ᠍ᠳᠠᠭ᠎ᠠ᠎ᠶ᠋ᠢ ᠬᠠᠷᠠᠭᠠᠯᠵᠠᠵᠤ᠂ ᠴᠠᠭ᠍ᠳᠠᠭ᠎ᠠ᠎ᠶ᠋ᠢ ᠬᠠᠯᠠᠮᠵᠢᠯᠠᠵᠤ᠂ ᠴᠠᠬ᠍ᠳᠠᠭ᠎ᠠ᠎ᠳᠤ ᠠᠱᠢᠬ ᠬᠦᠷᠳᠡᠬᠡᠬᠦ᠌᠎ᠶ᠋ᠢ ᠪᠠᠷᠢᠮᠳᠠᠯᠠᠵᠤ᠂ ᠴᠠᠬ᠍ᠳᠠᠭ᠎ᠠ ᠪᠠ ᠲᠤᠰᠠᠯᠠᠬ᠍ᠴᠢ ᠴᠠᠬ᠍ᠳᠠᠭ᠎ᠠ ᠨᠠᠷ᠎ᠤᠨ ᠲᠠᠷᠤᠭᠠᠰᠤ᠎ᠶ᠋ᠢ ᠬᠦᠩᠬᠡᠷᠡᠬᠦᠯᠵᠦ᠍᠂ ᠰᠡᠳᠭᠢᠴᠡ᠎ᠶ᠋ᠢᠨ ᠡᠷᠡᠭᠦᠯ ᠮᠡᠨᠳᠦ᠎ᠶ᠋ᠢᠨ ᠦᠶ᠋ᠯᠡᠴᠢᠯᠡᠭᠡᠨ᠎ᠤ ᠲᠥᠪ᠎ᠢ ᠪᠠ ᠵᠢᠭᠤᠯᠪᠠ᠃ 

ᠬᠦᠬᠡᠬᠤᠳᠠ᠎ᠶ᠋ᠢᠨ ᠲᠤᠳᠤᠭᠠᠳᠤ᠎ᠶ᠋ᠢ ᠬᠠᠮᠠᠭᠠᠯᠠᠬᠤ ᠲᠤᠪᠴᠢᠶ᠎ᠠ᠎ᠶ᠋ᠢᠨ᠎ᠬᠢᠨ 2020 ᠣᠨ᠎ᠤ 10 ᠰᠠᠷ᠎ᠠ᠎ᠳᠤ᠂ 95 ᠲᠦᠮᠡ ᠭᠠᠷᠤᠶ ᠲᠥᠭᠦᠷᠢᠭ᠎ᠤᠨ ᠪᠠᠯᠠ ᠣᠷᠣᠭᠤᠯᠵᠤ᠂ ᠰᠡᠳᠭᠢᠴᠡ᠎ᠶ᠋ᠢᠨ ᠡᠷᠡᠭᠦᠯ ᠮᠡᠨᠳᠦ᠎ᠶ᠋ᠢᠨ ᠦᠶ᠋ᠯᠡᠴᠢᠯᠡᠭᠡᠨ᠎ᠤ ᠲᠥᠪ᠎ᠢ ᠪᠠ ᠵᠢᠭᠤᠯᠤᠬ᠍ᠰᠠᠨ᠎ᠠᠴᠠ ᠨᠠᠭᠠᠰᠢ᠂ 5512 ᠴᠠᠬ᠍ᠳᠠᠭ᠎ᠠ ᠲᠤᠰᠠᠯᠠᠬ᠍ᠴᠢ ᠴᠠᠬ᠍ᠳᠠᠭ᠎ᠠ᠎ᠳᠤ ᠰᠡᠳᠭᠢᠴᠡ᠎ᠶ᠋ᠢᠨ ᠡᠷᠡᠬᠦᠯ ᠮᠡᠨᠳᠦ᠎ᠶ᠋ᠢᠨ ᠪᠠ ᠵᠢᠴᠠᠭᠠᠯᠳᠠ ᠬᠢᠵᠦ᠍᠂ ᠰᠡᠳᠭᠢᠴᠡ᠎ᠶ᠋ᠢᠨ ᠡᠷᠡᠭᠦᠯ ᠮᠡᠨᠳᠦ᠎ᠶ᠋ᠢᠨ ᠲᠠᠩᠰᠠ ᠡᠪᠬᠡᠮᠡᠯ ᠪᠠᠢᠭᠤᠯᠵᠤ᠂ ᠰᠡᠳᠭᠢᠴᠡ᠎ᠶ᠋ᠢᠨ ᠡᠷᠡᠭᠦᠯ ᠮᠡᠨᠳᠦ᠎ᠶ᠋ᠢᠨ ᠬᠥᠮᠦᠵᠢᠯ᠎ᠤᠨ ᠲᠠᠢᠯᠤᠮᠵᠢ 40 ᠭᠠᠷᠤᠶ ᠤᠳᠠᠭ᠎ᠠ ᠡᠷᠭᠢᠯᠡᠵᠦ᠍ ᠶᠠᠪᠤᠬ᠍ᠳᠠᠭᠤᠯᠪᠠ᠃ ᠰᠤᠷᠤᠯᠴᠠᠯᠭ᠎ᠠ᠎ᠳᠤ ᠤᠷᠤᠯᠴᠠᠬ᠍ᠰᠠᠨ ᠴᠠᠭ᠍ᠳᠠᠭ᠎ᠠ ᠪᠠ ᠲᠤᠰᠠᠯᠠᠬ᠍ᠴᠢ ᠴᠠᠭ᠍ᠳᠠᠭ᠎ᠠ 2545 ᠬᠥᠮᠦᠨ ᠪᠠᠢᠵᠤ᠂ ᠪᠦᠯᠬᠦᠮ᠎ᠤᠨ ᠰᠡᠳᠭᠢᠴᠡ᠎ᠶ᠋ᠢᠨ ᠬᠠᠪᠰᠤᠷᠤᠨ ᠵᠢᠯᠣᠭᠤᠳᠣᠯᠭ᠎ᠠ᠎ᠶ᠋ᠢ 60 ᠭᠠᠷᠤᠶ ᠤᠳᠠᠭ᠎ᠠ ᠵᠣᠬᠢᠶᠠᠨ ᠪᠠᠢᠭᠤᠯᠤᠨ ᠥᠷᠨᠢᠭᠦᠯᠵᠦ᠍᠂ ᠰᠤᠷᠤᠯᠴᠠᠯᠭ᠎ᠠ᠎ᠳᠤ ᠣᠷᠣᠯᠴᠠᠬᠤ ᠴᠠᠭ᠍ᠳᠠᠭ᠎ᠠ ᠪᠠ ᠲᠤᠰᠠᠯᠠᠬ᠍ᠴᠢ ᠴᠠᠭ᠍ᠳᠠᠭ᠎ᠠ 2200 ᠭᠠᠷᠤᠶ ᠬᠥᠮᠦᠨ᠎ᠳᠤ ᠬᠦᠷᠴᠦ᠍᠂ 46 ᠴᠠᠭ᠍ᠳᠠᠭ᠎ᠠ ᠪᠠ ᠲᠤᠰᠠᠯᠠᠬ᠍ᠴᠢ ᠴᠠᠭ᠍ᠳᠠᠭ᠎ᠠ᠎ᠳᠤ ᠬᠤᠪᠢ᠎ᠶ᠋ᠢᠨ ᠰᠡᠳᠭᠢᠴᠡ᠎ᠶ᠋ᠢᠨ ᠵᠢᠯᠣᠭᠤᠳᠣᠯᠭ᠎ᠠ᠎ᠶ᠋ᠢ 82 ᠤᠳᠠᠭ᠎ᠠ ᠥᠷᠨᠢᠭᠦᠯᠵᠦ᠍᠂ ᠴᠠᠬ᠍ᠳᠠᠭ᠎ᠠ ᠪᠠ ᠲᠤᠰᠠᠯᠠᠬ᠍ᠴᠢ ᠴᠬᠠᠳᠠᠭ᠎ᠠ᠎ᠶ᠋ᠢᠨ ᠰᠡᠳᠭᠢᠴᠡ᠎ᠶ᠋ᠢᠨ ᠡᠷᠡᠬᠦᠯ ᠮᠡᠨᠳᠦ᠎ᠶ᠋ᠢᠨ ᠲᠤᠬᠠᠢ ᠱᠢᠨᠵᠢᠯᠡᠬᠦ᠌ ᠤᠬᠠᠭᠠᠨᠴᠢ ᠲᠠᠨᠢᠨ ᠮᠡᠳᠡᠷᠡᠬᠦᠢ᠎ᠶ᠋ᠢᠨ ᠬᠡᠮᠵᠢᠶ᠎ᠡ ᠪᠤᠯᠤᠨ ᠠᠩᠬᠠᠷᠤᠯ᠎ᠤᠨ ᠬᠡᠮᠵᠢᠶ᠎ᠡ᠎ᠶ᠋ᠢ ᠶᠡᠭᠡ᠎ᠪᠠᠷ ᠲᠡᠭᠡᠭ᠌ᠰᠢᠯᠡᠬᠦᠯᠵᠦ᠍᠂ ᠬᠦᠬᠡᠬᠤᠳᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠱᠢᠯᠭᠠᠷᠠᠬ᠍ᠰᠠᠨ ᠡᠩᠨᠡᠭᠡ᠎ᠶ᠋ᠢ ᠪᠠᠢᠭᠤᠯᠬᠤ᠎ᠳᠤ ᠰᠠᠢᠨ ᠰᠠᠢᠬᠠᠨ ᠰᠡᠳᠭᠢᠴᠡ᠎ᠶ᠋ᠢᠨ ᠰᠠᠭᠤᠷᠢ᠎ᠶ᠋ᠢ ᠲᠠᠯᠪᠢᠵᠤ ᠦᠭ᠌ᠬᠦᠭ᠌ᠰᠡᠨ ᠪᠠ ᠵᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号