ᠮᠣᠩᠭᠤᠯ ᠡᠮ ᠡᠮᠨᠡᠯᠭᠡ᠎ᠶ᠋ᠢᠨ ᠰᠣᠶᠣᠯ᠎ᠤᠨ 《ᠥᠴᠥᠭᠡᠳᠥᠷ ᠪᠠ ᠥᠨᠥᠳᠥᠷ》 ᠎ᠤᠨ ᠬᠦᠦᠷᠨᠢᠯ
2021-10-17 10:25:07
ᠵᠣᠬᠢᠶᠠᠭ᠍ᠴᠢ᠄
​ ᠪᠤᠤ ᠴᠢᠩ ᠱᠸᠡᠭ
ᠣᠩᠱᠢᠭ᠍ᠰᠠᠨ ᠣᠳᠠᠭ᠎ᠠ᠄
★★★☆☆



10 ᠰᠠᠷ᠎ᠠ᠎ᠶ᠋ᠢᠨ 12 ᠎ᠤᠨ ᠡᠳᠦᠷ᠂ ᠨᠢᠭᠡ ᠪᠥᠯᠥᠭ ᠵᠢᠭᠤᠯᠴᠢᠯᠠᠭ᠍ᠴᠢ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭᠠᠭᠤᠯᠢ᠎ᠶ᠋ᠢᠨ ᠮᠣᠩᠭᠤᠯ ᠡᠮ ᠡᠮᠨᠡᠯᠭᠡ᠎ᠶ᠋ᠢᠨ ᠦᠵᠡᠭᠦᠯᠭᠡ᠎ᠶ᠋ᠢᠨ ᠣᠷᠳᠣᠨ᠎ᠢ ᠲᠣᠭᠤᠷᠢᠨ ᠦᠵᠡᠵᠦ᠍ ᠪᠠᠢᠯ᠎ᠠ᠃ 

ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭᠠᠭᠤᠯᠢ᠎ᠶ᠋ᠢᠨ ᠮᠣᠩᠭᠤᠯ ᠡᠮ ᠡᠮᠨᠡᠯᠭᠡ᠎ᠶ᠋ᠢᠨ ᠦᠵᠡᠭᠦᠯᠭᠡ᠎ᠶ᠋ᠢᠨ ᠣᠷᠳᠣᠨ᠎ᠨᠢ 2012 ᠣᠨ᠎ᠳᠤ ᠪᠠᠢᠭᠤᠯᠤᠭ᠍ᠳᠠᠵᠤ᠂ ᠮᠣᠩᠭᠤᠯ ᠡᠮ ᠡᠮᠨᠡᠯᠭᠡ᠎ᠶ᠋ᠢᠨ ᠲᠡᠦᠬᠡ ᠰᠣᠶᠣᠯ᠂ ᠮᠣᠩᠭᠤᠯ ᠡᠮ᠎ᠤᠨ ᠮᠠᠲ᠋ᠧᠷᠢᠶᠠᠯ᠎ᠤᠨ ᠥᠯᠢᠭᠡᠷ᠂ ᠮᠣᠩᠭᠤᠯ ᠡᠮ᠎ᠢ ᠳᠡᠯᠭᠡᠨ ᠦᠵᠡᠭᠦᠯᠬᠦ᠌᠎ᠪᠠᠷ ᠣᠨᠴᠠᠯᠢᠭ ᠪᠣᠯᠭᠠᠨ᠂ ᠮᠣᠩᠭᠤᠯ ᠡᠮ ᠡᠮᠨᠡᠯᠭᠡ᠎ᠶ᠋ᠢᠨ ᠱᠢᠨᠵᠢᠯᠡᠭᠡᠨ᠎ᠤ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠤᠬᠠᠭᠤᠯᠬᠤ ᠴᠣᠩᠬᠤᠪᠴᠢ ᠪᠣᠯᠬᠤ ᠪᠥᠭᠡᠳ ᠪᠠᠰᠠ ᠮᠣᠩᠭᠤᠯ ᠡᠮ ᠡᠮᠨᠡᠯᠭᠡ᠎ᠶ᠋ᠢᠨ ᠲᠤᠰᠭᠠᠶ ᠮᠡᠷᠭᠡᠵᠢᠯ᠎ᠤᠨ ᠰᠤᠷᠤᠭ᠍ᠴᠢᠳ᠎ᠤᠨ ᠦᠶ᠋ᠯᠡᠳᠦᠯᠭᠡ᠎ᠶ᠋ᠢᠨ ᠰᠠᠭᠤᠷᠢᠨ ᠪᠣᠯᠤᠨ᠎ᠠ᠃ 

ᠦᠵᠡᠭᠦᠯᠭᠡ᠎ᠶ᠋ᠢᠨ ᠣᠷᠳᠣᠨ᠎ᠨᠢ ᠮᠣᠩᠭᠤᠯ ᠡᠮ ᠡᠮᠨᠡᠯᠭᠡ᠎ᠶ᠋ᠢᠨ ᠲᠡᠦᠬᠡ ᠰᠣᠶᠣᠯ᠎ᠤᠨ ᠦᠵᠡᠭᠦᠯᠭᠡ᠎ᠶ᠋ᠢᠨ ᠲᠢᠩᠬᠢᠮ᠂ ᠮᠣᠩᠭᠤᠯ ᠡᠮ᠎ᠤᠨ ᠮᠠᠲ᠋ᠧᠷᠢᠶᠠᠯ ᠵᠢᠴᠢ ᠮᠤᠩᠭᠤᠯ ᠡᠮ᠎ᠤᠨ ᠦᠵᠡᠭᠦᠯᠭᠡ᠎ᠶ᠋ᠢᠨ ᠲᠢᠩᠬᠢᠮ᠂ ᠡᠮ᠎ᠳᠤ ᠬᠡᠷᠡᠭ᠌ᠯᠡᠬᠦ᠌ ᠤᠷᠭᠤᠮᠠᠯ᠎ᠤᠨ ᠥᠯᠢᠭᠡᠷ᠎ᠤᠨ ᠦᠵᠡᠭᠦᠯᠭᠡ᠎ᠶ᠋ᠢᠨ ᠲᠢᠩᠬᠢᠮ ᠪᠣᠯᠤᠨ ᠡᠮ᠎ᠳᠤ ᠬᠡᠷᠡᠭ᠌ᠯᠡᠬᠦ᠌ ᠠᠮᠢᠲᠠᠨ᠎ᠤ ᠥᠯᠢᠭᠡᠷ᠎ᠤᠨ ᠦᠵᠡᠭᠦᠯᠭᠡ᠎ᠶ᠋ᠢᠨ ᠲᠢᠩᠬᠢᠮ᠎ᠢᠶᠠᠷ ᠪᠦᠷᠢᠯᠳᠦᠵᠦ᠍᠂ ᠬᠤᠷᠢᠶᠠᠨ ᠬᠠᠳᠠᠭᠠᠯᠠᠬᠤ᠂ ᠬᠠᠮᠠᠭᠠᠯᠠᠬᠤ᠂ ᠰᠤᠳᠤᠯᠬᠤ᠂ ᠰᠤᠷᠭᠠᠨ ᠬᠥᠮᠦᠵᠢᠭᠦᠯᠬᠦ᠌ ᠵᠢᠴᠢ ᠤᠯᠠᠮᠵᠢᠯᠠᠨ ᠳᠡᠯᠭᠡᠷᠡᠭᠦᠯᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠴᠢᠨᠠᠷᠲᠠᠶ ᠦᠵᠡᠭᠦᠯᠭᠡ᠎ᠶ᠋ᠢᠨ ᠣᠷᠳᠣᠨ ᠪᠣᠯᠤᠨ᠎ᠠ᠂ ᠦᠵᠡᠭᠦᠯᠭᠡ᠎ᠶ᠋ᠢᠨ ᠣᠷᠳᠣᠨ᠎ᠨᠢ ᠦᠰᠦᠭ ᠪᠢᠴᠢᠭ᠂ ᠪᠣᠳᠠᠲᠤ ᠶᠠᠭᠤᠮ᠎ᠠ᠂ ᠥᠯᠢᠭᠡᠷ ᠬᠡᠪ᠂ ᠱᠤᠭᠤᠮᠠᠯ᠂ ᠵᠠᠭ᠍ᠪᠤᠷ᠂ ᠭᠡᠷᠡᠯ ᠵᠢᠷᠤᠭ ᠵᠢᠴᠢ ᠪᠠᠢᠭᠠᠯᠢ᠎ᠶ᠋ᠢᠨ ᠦᠵᠡᠭ᠌ᠳᠡᠯ᠎ᠢ ᠰᠡᠷᠭᠦᠭᠡᠬᠦ᠌ ᠵᠡᠷᠭᠡ ᠤᠯᠠᠮᠵᠢᠯᠠᠯᠲᠤ ᠠᠷᠭ᠎ᠠ ᠮᠠᠶᠢᠭ᠎ᠢ ᠭᠦᠶ᠋ᠴᠡᠳ ᠠᠱᠢᠠᠠᠯᠠᠨ᠂ ᠣᠯᠠᠨ ᠵᠠᠭᠤᠴᠢᠲᠤ ᠳᠠᠭᠤ ᠳᠦᠷᠰᠦ ᠵᠡᠷᠭᠡ ᠤᠳᠤ ᠦᠶ᠎ᠡ᠎ᠶ᠋ᠢᠨ ᠮᠡᠷᠭᠡᠵᠢᠯ᠎ᠤᠨ ᠠᠷᠭ᠎ᠠ ᠪᠠᠷᠢᠯ᠎ᠲᠠᠢ ᠤᠶᠠᠯᠳᠤᠭᠤᠯᠵᠤ ᠪᠠ ᠵᠢᠭᠠᠳ ᠮᠣᠩᠭᠤᠯ ᠡᠮ ᠡᠮᠨᠡᠯᠭᠡ᠎ᠶ᠋ᠢᠨ ᠤᠬᠠᠭᠠᠨ᠎ᠤ ᠲᠡᠦᠬᠡ᠎ᠶ᠋ᠢᠨ ᠡᠬᠢ ᠰᠤᠷᠪᠤᠯᠵᠢ ᠪᠠ ᠥᠪᠡᠷᠮᠢᠴᠡ ᠦᠨᠳᠦᠰᠦᠲᠡᠨ᠎ᠤ ᠰᠣᠶᠣᠯ᠎ᠢ ᠪᠥᠬᠦ᠌ ᠲᠠᠯ᠎ᠠ᠎ᠪᠠᠷ ᠳᠡᠯᠭᠡᠨ ᠦᠵᠡᠭᠦᠯᠵᠤ ᠪᠠ ᠵᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号