ᠰᠤᠷᠪᠤᠯᠵᠢᠯᠠᠭ᠍ᠴᠢ ᠦᠪᠡᠷᠳᠡᠭᠡᠨ ᠵᠠᠰᠭᠠᠤ ᠤᠷᠤᠨ᠎ᠤ ᠰᠤᠷᠭᠠᠨ ᠬᠦᠮᠦᠵᠢᠯ᠎ᠤᠨ ᠲᠢᠩᠬᠢᠮ᠎ᠠᠴᠠ ᠤ ᠵᠢᠯᠠᠭᠠᠭ᠍ᠰᠠᠨᠢᠶᠠᠷ᠂ 2021 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ᠎ᠠᠴᠠ ᠡᠬᠢᠯᠡᠨ᠂ ᠮᠠᠨ᠎ᠤ ᠤᠷᠤᠨ ᠦᠪᠡᠷᠳᠡᠭᠡᠨ ᠵᠠᠰᠠᠬᠤ ᠣᠷᠣᠨ ᠪᠠ ᠠᠢᠮᠠᠭ ᠬᠤᠲᠠ ᠬᠤᠶᠠᠷ ᠱᠠᠲᠤᠨ᠎ᠤ ᠬᠡᠦᠬᠡᠳ᠎ᠤᠨ ᠴᠡᠴᠡᠷᠯᠢᠭ ᠪᠤᠯᠤᠨ ᠪᠠᠭ᠎ᠠ ᠰᠤᠷᠭᠠᠭᠤᠯᠢ᠎ᠶ᠋ᠢ 《ᠬᠤᠤᠰ ᠴᠢᠭ᠌ᠯᠡᠯ᠎ᠢᠶᠠᠷ ᠵᠣᠯᠭᠠᠭᠤᠯᠬᠤ》 ᠵᠢᠱ᠌ᠢᠶ᠎ᠡ ᠦᠵᠡᠭᠦᠯᠬᠦ᠌ ᠣᠷᠣᠨ᠂ ᠲᠤᠷᠱᠢᠯᠲᠠ᠎ᠶ᠋ᠢᠨ ᠴᠡᠭ᠎ᠤᠨ ᠴᠡᠴᠡᠷᠯᠢᠭ (ᠰᠤᠷᠭᠠᠭᠤᠯᠢ) ᠢ ᠡᠭᠦᠳᠦᠨ ᠪᠠᠢᠭᠤᠯᠬᠤ ᠠᠵᠢᠯ᠎ᠢ ᠥᠷᠨᠢᠭᠦᠯᠵᠦ᠍᠂ ᠪᠦᠬᠦ᠌ ᠤᠷᠤᠨ᠎ᠤ ᠬᠡᠤᠬᠡᠳ᠎ᠤᠨ ᠴᠡᠴᠡᠷᠯᠢᠭ ᠪᠠ ᠪᠠᠭ᠎ᠠ ᠰᠤᠷᠭᠠᠭᠤᠯᠢ 2022 ᠤᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ ᠪᠤᠯᠬᠤ᠎ᠳᠤ ᠰᠤᠷᠭᠠᠭᠤᠯᠢ᠎ᠳᠤ ᠣᠷᠣᠬᠤ ᠪᠡᠯᠡᠳᠭᠡᠯ ᠪᠠ ᠰᠤᠷᠭᠠᠭᠤᠯᠢ᠎ᠳᠤ ᠵᠣᠬᠢᠴᠠᠬᠤ ᠬᠥᠮᠦᠵᠢᠯ᠎ᠢ ᠪᠥᠬᠦ᠌ ᠲᠠᠯ᠎ᠠ᠎ᠪᠠᠷ ᠬᠡᠷᠡᠭ᠌ᠵᠢᠭᠦᠯᠬᠦ᠌᠎ᠶ᠋ᠢ ᠲᠦᠯᠬᠢᠨ ᠠᠬᠢᠭᠤᠯᠵᠤ᠂ ᠬᠡᠦᠬᠡᠳ᠎ᠢ ᠬᠠᠪᠰᠤᠷᠤᠨ ᠴᠡᠴᠡᠷᠯᠢᠭ᠎ᠠᠴᠠ ᠪᠠᠭ᠎ᠠ ᠰᠤᠷᠭᠠᠭᠤᠯᠢ᠎ᠳᠤ ᠤᠷᠤᠬᠤ ᠱᠢᠯᠵᠢᠯᠲᠡ᠎ᠶ᠋ᠢ ᠤᠷᠤᠭ᠍ᠰᠢᠲᠠᠶ ᠪᠡᠶᠡᠯᠡᠭᠦᠯᠬᠦ᠌ ᠪᠤᠯᠤᠨ᠎ᠠ᠃
ᠣᠢᠯᠠᠭᠠᠭ᠍ᠰᠠᠨ᠎ᠢᠶᠠᠷ᠂ ᠮᠠᠨ᠎ᠤ ᠤᠷᠤᠨ ᠲᠦᠷᠦᠭᠦᠦ ᠪᠦᠯᠦᠭ᠎ᠲᠤ ᠣᠷᠣᠨ᠎ᠤ ᠲᠠᠰ᠎ᠤᠨ ᠬᠡᠦᠬᠡᠳ᠎ᠤᠨ ᠴᠡᠴᠡᠷᠯᠢᠭ ᠪᠠ ᠪᠠᠭ᠎ᠠ ᠰᠤᠷᠭᠠᠭᠤᠯᠢ᠎ᠶ᠋ᠢ 《ᠬᠤᠤᠰ ᠴᠢᠭ᠌ᠯᠡᠯ᠎ᠢᠶᠠᠷ ᠵᠣᠯᠭᠠᠭᠤᠯᠬᠤ》 ᠵᠢᠱ᠌ᠢᠶ᠎ᠡ ᠦᠵᠡᠭᠦᠯᠬᠦ᠌ ᠲᠤᠭᠤᠷᠢᠭ᠎ᠢ 3᠂ ᠲᠤᠷᠱᠢᠯᠲᠠ᠎ᠶ᠋ᠢᠨ ᠴᠡᠭ᠎ᠤᠨ ᠴᠡᠴᠡᠷᠯᠢᠭ (ᠰᠤᠷᠭᠠᠭᠤᠯᠢ) ᠢ 24 ᠳᠤᠭᠤᠢᠯᠠᠩ ᠡᠭᠦᠳᠦᠨ ᠪᠠᠢᠭᠤᠯᠬᠤ᠎ᠪᠠᠷ ᠪᠣᠶ᠃ ᠪᠥᠬᠦ᠌ ᠣᠷᠣᠨ᠎ᠤ ᠡᠯ᠎ᠡ ᠠᠢᠮᠠᠭ ᠬᠤᠲᠠ᠂ ᠬᠤᠱᠢᠭᠤ ᠱᠢᠶᠠᠨ (ᠬᠤᠲᠠ᠂ ᠲᠣᠭᠤᠷᠢᠭ) ᠨᠢ ᠵᠢᠱ᠌ᠢᠶ᠎ᠡ ᠦᠵᠡᠭᠦᠯᠬᠦ᠌ ᠲᠤᠭᠤᠷᠢᠭ ᠪᠠ ᠲᠤᠷᠱᠢᠯᠲᠠ᠎ᠶ᠋ᠢᠨ ᠴᠡᠭ᠎ᠤᠨ ᠴᠡᠴᠡᠷᠯᠢᠭ (ᠰᠤᠷᠭᠠᠭᠤᠯᠢ) ᠢ ᠡᠭᠦᠳᠦᠨ ᠪᠠᠢᠭᠤᠯᠬᠤ᠎ᠶ᠋ᠢ ᠵᠡᠷᠭᠡ᠎ᠪᠠᠷ ᠥᠷᠨᠢᠭᠦᠯᠵᠦ᠍᠂ ᠠᠢᠮᠠᠭ ᠬᠤᠲᠠ ᠨᠢᠭᠡᠪᠦᠷᠢ᠎ᠨᠢ ᠠᠢᠮᠠᠭ ᠬᠤᠲᠠ᠎ᠶ᠋ᠢᠨ ᠲᠠᠰ᠎ᠤᠨ ᠵᠢᠱ᠌ᠢᠶ᠎ᠡ ᠦᠵᠡᠭᠦᠯᠬᠦ᠌ ᠲᠤᠭᠤᠷᠢᠭ 2᠂ ᠲᠤᠷᠱᠢᠯᠲᠠ᠎ᠶ᠋ᠢᠨ ᠴᠡᠴᠡᠷᠯᠢᠭ (ᠰᠤᠷᠭᠠᠭᠤᠯᠢ) ᠢ ᠨᠠᠭᠠᠳᠤ ᠵᠠᠬ᠎ᠠ᠎ᠳᠠᠭᠠᠨ 6 ᠳᠤᠭᠤᠢᠯᠠᠩ ᠡᠭᠦᠳᠦᠨ ᠪᠠᠢᠭᠤᠯᠤᠨ᠎ᠠ᠃
ᠱᠠᠭᠠᠷᠳᠠᠯᠭ᠎ᠠ ᠶᠣᠰᠣᠭᠠᠷ᠂ ᠡᠯ᠎ᠡ ᠬᠡᠦᠬᠡᠳ᠎ᠤᠨ ᠴᠡᠴᠡᠷᠯᠢᠭ᠎ᠨᠢ ᠰᠤᠷᠭᠠᠭᠤᠯᠢ᠎ᠳᠤ ᠣᠷᠣᠬᠤ ᠪᠡᠯᠡᠳᠭᠡᠯ ᠬᠥᠮᠦᠵᠢᠯ᠎ᠢ ᠰᠠᠢᠲᠤᠷ ᠥᠷᠨᠢᠭᠦᠯᠵᠦ᠍᠂ ᠲᠣᠭ᠍ᠯᠠᠭᠠᠮ᠎ᠤᠨ ᠬᠡᠯᠪᠡᠷᠢ᠎ᠪᠠᠷ ᠰᠤᠷᠭᠠᠭᠤᠯᠢ᠎ᠳᠤ ᠣᠷᠣᠬᠤ ᠪᠡᠯᠡᠳᠭᠡᠯ ᠬᠥᠮᠦᠵᠢᠯ᠎ᠢ ᠱᠢᠨᠵᠢᠯᠡᠬᠦ᠌ ᠤᠬᠠᠭᠠᠨᠴᠢ᠎ᠪᠠᠷ ᠬᠡᠦᠬᠡᠳ᠎ᠤᠨ ᠨᠢᠭᠡ ᠡᠳᠦᠷ᠎ᠤᠨ ᠠᠮᠢᠳᠤᠷᠠᠯ᠎ᠳᠤ ᠠᠭᠤᠰᠤᠯᠴᠠᠭᠤᠯᠤᠨ᠎ᠠ᠃ ᠤᠯᠤᠰ᠎ᠤᠨ ᠨᠡ ᠵᠢᠳᠡᠮ ᠬᠡᠷᠡᠭ᠌ᠯᠡᠭᠦ᠌ ᠦᠭᠡ ᠬᠡᠯᠡ ᠦᠰᠦᠭ ᠪᠢᠴᠢᠭ᠎ᠢ ᠬᠡᠷᠡᠭ᠌ᠯᠡᠨ ᠠᠰᠠᠷᠠᠵᠤ ᠬᠠᠷᠠᠭᠠᠯᠵᠠᠬᠤ ᠬᠦᠮᠦᠵᠢᠯ ᠦᠷᠨᠢᠭᠦᠯᠬᠦ᠌᠎ᠶ᠋ᠢ ᠪᠠᠷᠢᠮᠳᠠᠯᠠᠵᠤ᠂ ᠬᠠᠮᠢᠶ᠎ᠠ ᠪᠦᠬᠦᠢ ᠱᠠᠭᠠᠷᠳᠠᠯᠭ᠎ᠠ᠎ᠲᠠᠢ ᠤᠶᠠᠯᠳᠤᠭᠤᠯᠤᠨ᠂ ᠰᠤᠷᠭᠠᠭᠤᠯᠢ᠎ᠶ᠋ᠢᠨ ᠨᠠᠰᠤᠨ᠎ᠠᠴᠠ ᠡᠮᠦᠨ᠎ᠡ ᠨᠡ ᠵᠢᠳᠡᠯᠢᠭ ᠬᠡᠯᠡ᠎ᠶ᠋ᠢ ᠰᠤᠷᠴᠤ᠌ ᠴᠢᠳᠠᠬᠤ᠎ᠶ᠋ᠢ ᠰᠤᠷᠭᠠᠭᠤᠯᠢ᠎ᠳᠤ ᠤᠷᠤᠬᠤ ᠪᠡᠯᠡᠳᠭᠡᠯ ᠬᠦᠮᠦᠵᠢᠯ᠎ᠳᠤ ᠤᠷᠤᠭᠤᠯᠵᠤ᠂ ᠲᠤᠭ᠍ᠯᠠᠭᠠᠮ᠂ ᠪᠡᠶᠡᠳᠡᠨ ᠤᠷᠤᠯᠴᠠᠬᠤ ᠵᠡᠷᠭᠡ ᠬᠡᠯᠪᠡᠷᠢ᠎ᠪᠠᠷ ᠲᠠᠮᠵᠢᠨ ᠬᠡᠤᠬᠡᠳ᠎ᠤᠨ ᠰᠠ᠊ ᠶ᠋ᠢᠨ ᠰᠠ ᠵᠢᠬᠠᠨ ᠬᠡᠯᠡ ᠶᠠᠷᠢᠶᠠᠨ᠎ᠤ ᠲᠠᠳᠭᠠᠯ ᠪᠠ ᠨᠡ ᠵᠢᠳᠡᠯᠢᠭ ᠬᠡᠯᠡ᠎ᠶ᠋ᠢ ᠰᠤᠷᠤᠯᠴᠠᠬᠤ ᠰᠤᠨᠢᠷᠬᠠᠯ᠎ᠢ ᠬᠦᠮᠦᠵᠢᠬᠦᠯᠵᠦ᠍᠂ ᠬᠡᠤᠬᠡᠳ᠎ᠢ ᠠᠯᠪᠠᠨ ᠵᠢᠷᠤᠮ᠎ᠤᠨ ᠰᠤᠷᠭᠠᠨ ᠬᠦᠮᠦᠵᠢᠯ ᠬᠦᠷᠳᠡᠬᠦ᠌᠎ᠠᠴᠠ ᠡᠮᠦᠨ᠎ᠡ ᠨᠡ ᠵᠢᠳᠡᠯᠢᠭ ᠬᠡᠯᠡ᠎ᠶ᠋ᠢ ᠤ ᠵᠢᠯᠠᠭᠠᠬᠤ᠂ ᠶᠠᠷᠢᠵᠤ ᠲᠡ ᠵᠢᠯᠭᠦ᠌ ᠪᠤᠯᠭᠠᠨ᠎ᠠ᠃ ᠪᠠᠭ᠎ᠠ ᠰᠤᠷᠭᠠᠭᠤᠯᠢ᠎ᠨᠤᠭᠤᠳ ᠰᠤᠷᠭᠠᠭᠤᠯᠢ᠎ᠳᠤ ᠵᠤᠬᠢᠴᠠᠬᠤ ᠬᠥᠮᠦᠵᠢᠯ᠎ᠢ ᠰᠠᠢᠲᠤᠷ ᠥᠷᠨᠢᠭᠦᠯᠵᠦ᠍᠂ ᠨᠢᠭᠡᠳᠦᠭᠡᠷ ᠣᠨ᠎ᠤ ᠲᠡᠭᠡᠳᠦ ᠬᠤᠭᠤᠴᠠᠭ᠎ᠠ᠎ᠶ᠋ᠢ ᠰᠤᠷᠭᠠᠭᠤᠯᠢ᠎ᠳᠤ ᠵᠤᠬᠢᠴᠠᠬᠤ ᠬᠤᠭᠤᠴᠠᠭ᠎ᠠ ᠪᠣᠯᠭᠠᠨ ᠲᠣᠬᠢᠷᠠᠭᠤᠯᠵᠤ᠂ ᠬᠢᠴᠢᠶᠡᠯ᠎ᠤᠨ ᠲᠣᠬᠢᠷᠠᠭᠤᠯᠤᠯᠲᠠ᠎ᠪᠠᠨ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠵᠤ᠂ ᠡᠬᠢᠨ᠎ᠠᠴᠠ᠎ᠨᠢ ᠵᠢᠭᠠᠨ ᠰᠤᠷᠭᠠᠬᠤ᠎ᠶ᠋ᠢ ᠴᠢᠩᠭ᠎ᠠ ᠬᠡᠷᠡᠭ᠌ᠵᠢᠭᠦᠯᠦᠨ᠎ᠠ᠃ ᠨᠢᠭᠡᠳᠦᠭᠡᠷ ᠤᠨ᠎ᠤ ᠵᠢᠭᠠᠨ ᠰᠤᠷᠭᠠᠬᠤ ᠬᠡᠯᠪᠡᠷᠢ᠎ᠶ᠋ᠢ ᠦᠭᠡᠷᠡᠴᠢᠯᠡᠵᠦ᠍᠂ ᠨᠢᠭᠡᠳᠦᠭᠡᠷ ᠤᠨ᠎ᠤ ᠲᠡᠭᠡᠳᠦ ᠬᠤᠭᠤᠴᠠᠭ᠎ᠠ᠎ᠳᠤ ᠲᠤᠭ᠍ᠯᠠᠭᠠᠮᠴᠢᠯᠠᠬ᠍ᠰᠠᠨ᠂ ᠠᠮᠢᠳᠤᠷᠠᠯᠵᠢᠬ᠍ᠰᠠᠨ᠂ ᠶᠡᠷᠦᠩᠬᠡ ᠵᠢᠯᠡᠭ᠌ᠰᠡᠨ ᠬᠡᠯᠪᠡᠷᠢ᠎ᠪᠠᠷ ᠤᠯᠤᠰ᠎ᠤᠨ ᠭᠤᠤᠯ ᠪᠤᠯᠬᠤ ᠬᠢᠴᠢᠶᠡᠯ ᠲᠦᠷᠦᠯ᠎ᠢ ᠬᠡᠷᠡᠭ᠌ᠵᠢᠬᠦᠯᠵᠦ᠍᠂ ᠬᠠ᠊ ᠶ᠋ᠢᠨ ᠰᠦᠪᠡᠭ᠌ᠴᠢᠯᠡᠬᠦ᠂ ᠪᠡᠶᠡᠳᠡᠨ ᠤᠷᠤᠯᠴᠠᠬᠤ ᠬᠡᠯᠪᠡᠷᠢ᠎ᠶ᠋ᠢᠨ ᠰᠤᠷᠤᠯᠴᠠᠯᠭ᠎ᠠ᠎ᠶ᠋ᠢ ᠴᠢᠩᠭᠠᠳᠭᠠᠵᠤ᠂ ᠨᠢᠭᠡᠳᠦᠭᠡᠷ᠂ ᠬᠤᠶᠠᠳᠤᠭᠠᠷ ᠤᠨ᠎ᠳᠤ ᠪᠢᠴᠢᠬᠦ᠌ ᠳᠠᠰᠭᠠᠯ ᠦᠯᠡᠳᠡᠭᠡᠬᠦ᠌ ᠥᠭᠡᠢ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠨ᠎ᠠ᠃
ᠡᠭᠦᠨ᠎ᠠᠴᠠ ᠭᠠᠳᠠᠨ᠎ᠠ᠂ ᠱᠠᠯᠠᠪᠳᠠᠭᠤᠯᠤᠨ ᠪᠠᠢᠴᠠᠭᠠᠬᠤ ᠠᠵᠢᠯ᠎ᠢ ᠴᠢᠩᠭᠠᠳᠭᠠᠨ᠂ ᠬᠡᠦᠬᠡᠳ᠎ᠤᠨ ᠴᠡᠴᠡᠷᠯᠢᠭ ᠪᠠ ᠪᠠᠭ᠎ᠠ ᠰᠤᠷᠭᠠᠭᠤᠯᠢ᠎ᠶ᠋ᠢ ᠵᠤᠯᠭᠠᠭᠤᠯᠬᠤ ᠠᠵᠢᠯ᠎ᠢ ᠰᠤᠷᠭᠠᠨ ᠬᠥᠮᠦᠵᠢᠯ᠎ᠤᠨ ᠱᠠᠯᠠᠪᠳᠠᠭᠤᠯᠤᠨ ᠵᠢᠯᠣᠭᠤᠳᠭᠤ ᠬᠠᠮᠢᠶᠠᠷᠤᠯᠲᠠ᠎ᠶ᠋ᠢᠨ ᠬᠡᠪᠴᠢᠶᠡᠨ᠎ᠳᠤ ᠣᠷᠣᠭᠤᠯᠵᠤ᠂ ᠲᠣᠭ᠍ᠲᠠᠭᠠᠯ᠎ᠠᠴᠠ ᠵᠥᠷᠢᠴᠡᠨ ᠰᠤᠷᠭᠠᠭᠤᠯᠢ᠎ᠶ᠋ᠢᠨ ᠨᠠᠰᠤᠨ᠎ᠠᠴᠠ ᠡᠮᠦᠨᠡᠬᠢ ᠬᠡᠦᠬᠡᠳ᠎ᠲᠤ ᠪᠣᠯᠪᠠᠰᠤᠷᠠᠯ ᠥᠷᠨᠢᠭᠦᠯᠬᠦ᠌ ᠪᠠᠢᠭᠤᠯᠤᠮᠵᠢ᠎ᠶ᠋ᠢ ᠴᠢᠩᠭ᠎ᠠ ᠪᠠᠢᠴᠠᠭᠠᠨ ᠱᠢᠢᠳᠪᠦᠷᠢᠯᠡᠬᠦ᠌᠎ᠶ᠋ᠢᠨ ᠬᠠᠮᠲᠤ ᠲᠡᠭᠦᠨ᠎ᠢ ᠬᠠᠷ᠎ᠠ ᠲᠠᠩᠰᠠᠨ᠎ᠳᠤ ᠣᠷᠣᠭᠤᠯᠵᠤ᠂ ᠰᠤᠷᠭᠠᠭᠤᠯᠢ᠎ᠶ᠋ᠢᠨ ᠨᠠᠰᠤᠨ᠎ᠠᠴᠠ ᠡᠮᠦᠨᠡᠬᠢ ᠠᠩᠬᠢ ᠡᠷᠬᠢᠯᠡᠭᠦ᠌ ᠪᠠ ᠡᠯ᠎ᠡ ᠲᠥᠷᠥᠯ᠎ᠤᠨ ᠱᠢᠯᠭᠠᠯᠲᠠ᠂ ᠤᠷᠤᠯᠳᠤᠭᠠᠨ᠂ ᠪᠣᠯᠪᠠᠰᠤᠷᠠᠯ᠎ᠤᠨ ᠬᠢᠷᠢ ᠪᠦᠲᠦᠮᠵᠢ ᠪᠤᠶᠤ ᠦᠨᠡᠮᠯᠡᠯ᠎ᠢᠶᠠᠷ ᠰᠣᠷᠣᠭ᠍ᠴᠢ ᠡᠯᠰᠡᠬᠦ᠌ ᠦᠨᠳᠦᠰᠦᠯᠡᠯ ᠪᠣᠯᠭᠠᠭ᠍ᠰᠠᠨ ᠪᠠᠭ᠎ᠠ ᠰᠤᠷᠭᠠᠭᠤᠯᠢ᠎ᠶ᠋ᠢ ᠴᠢᠩᠭ᠎ᠠ ᠵᠠᠷᠯᠠᠨ ᠱᠢᠢᠳᠪᠦᠷᠢᠯᠡᠵᠦ᠍᠂ ᠰᠤᠷᠭᠠᠭᠤᠯᠢ᠎ᠶ᠋ᠢᠨ ᠵᠠᠬᠢᠷᠤᠯ ᠪᠠ ᠬᠤᠯᠪᠣᠭ᠍ᠳᠠᠯ ᠪᠥᠬᠦᠶ ᠪᠠᠭ᠍ᠰᠢ᠎ᠠᠴᠠ ᠬᠠᠷᠢᠭᠤᠴᠠᠯᠭ᠎ᠠ ᠨᠡᠬᠡᠮᠵᠢᠯᠡᠨ᠎ᠠ᠃