ᠺᠠᠢᠯᠦ᠍ ᠱᠢᠶᠠᠨ ᠠᠵᠤ ᠦᠶ᠋ᠯᠡᠰ᠎ᠤᠨ ᠣᠳᠣᠬᠢᠴᠢᠯᠠᠯᠲᠠ᠎ᠶ᠋ᠢ ᠠᠬᠢᠭᠤᠯᠵᠤ ᠲᠠᠷᠢᠶᠠᠯᠠᠩ᠎ᠳᠤ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠵᠤ ᠪᠠ ᠵᠢᠨ᠎ᠠ
2021-10-17 10:25:26
ᠵᠣᠬᠢᠶᠠᠭ᠍ᠴᠢ᠄
​ ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

ᠺᠠᠢᠯᠦ᠍ ᠱᠢᠶᠠᠨ ᠲᠠᠷᠢᠶᠠᠯᠠᠩ᠎ᠤᠨ ᠠᠵᠤ ᠦᠶ᠋ᠯᠡᠰ᠎ᠤᠨ ᠣᠳᠣᠬᠢᠴᠢᠯᠠᠯᠲᠠ᠎ᠶ᠋ᠢ ᠢᠳᠡᠪᠬᠢᠲᠠᠢ ᠰᠥᠪᠡᠭ᠌ᠴᠢᠯᠡᠵᠤ᠂ ᠡᠷᠳᠡᠨᠢ ᠱᠢᠰᠢ᠂ ᠤᠯᠠᠭᠠᠨ ᠯᠠᠵᠤᠤ᠂ ᠤᠢ ᠱᠢᠭᠤᠢ ᠵᠢᠮᠢᠰ᠎ᠤᠨ ᠠᠵᠤ ᠦᠢᠯᠡᠰ᠎ᠢ ᠢᠳᠡᠪᠬᠢᠳᠠᠢ ᠬᠦᠭ᠌ᠵᠢᠬᠦᠯᠤᠨ᠂ ᠲᠠᠷᠢᠶᠠᠯᠠᠩ᠎ᠤᠨ ᠬᠥᠭ᠌ᠵᠢᠯᠲᠠ᠎ᠳᠤ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠵᠤ ᠪᠠ ᠵᠢᠨ᠎ᠠ᠃

ᠡᠷᠳᠡᠨᠢ ᠱᠢᠰᠢ᠎ᠶ᠋ᠢᠨ ᠠᠵᠤ ᠦᠢᠯᠡᠰ᠎ᠤᠨ ᠲᠠᠯ᠎ᠠ᠎ᠪᠠᠷ᠂ ᠺᠠᠢᠯᠦ᠍ ᠱᠢᠶᠠᠨ ᠬᠢᠭᠡᠳ ᠳᠤᠮᠳᠠᠳᠤ ᠤᠯᠤᠰ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠡᠷᠳᠡᠨᠢ ᠱᠢᠰᠢ᠎ᠶ᠋ᠢᠨ ᠲᠡᠷᠢᠬᠦᠨ ᠲᠤᠰᠭᠠᠶ ᠮᠡᠷᠭᠡᠵᠢᠯᠲᠡᠨ ᠯᠢ ᠱᠤᠤ ᠺᠦᠨ᠎ᠤ ᠪᠦᠯᠬᠦᠮ᠎ᠲᠠᠢ ᠬᠠᠮᠲᠤᠷᠠᠨ᠂ ᠵᠡᠭᠦᠨ ᠬᠤᠢᠲᠤ᠎ᠶ᠋ᠢᠨ ᠬᠠᠷ᠎ᠠ ᠬᠥᠷᠥᠰᠥ᠎ᠶ᠋ᠢ ᠬᠠᠮᠠᠭᠠᠯᠠᠨ ᠠᠱᠢᠬ᠍ᠯᠠᠬᠤ ᠲᠤᠷᠱᠢᠯᠲᠠ᠎ᠶ᠋ᠢᠨ ᠲᠥᠷᠥᠯ ᠵᠦᠶ᠋ᠯ᠂ ᠵᠢᠮᠢᠰ ᠨᠣᠭᠤᠭ᠎ᠠ ᠴᠠᠶ᠎ᠶ᠋ᠢᠨ ᠥᠢᠯᠡᠳᠪᠥᠷᠢᠯᠡᠯ᠎ᠳᠤ ᠣᠷᠭᠠᠨᠢᠭ ᠪᠣᠷᠲᠣᠭᠤᠷ᠎ᠢᠶᠠᠷ ᠬᠢᠮᠢ᠎ᠶ᠋ᠢᠨ ᠪᠣᠷᠲᠣᠭᠤᠷ᠎ᠢ ᠣᠷᠣᠯᠠᠭᠤᠯᠵᠤ ᠵᠢᠱ᠌ᠢᠶ᠎ᠡ ᠦᠵᠡᠭᠦᠯᠬᠦ᠂ ᠡᠰᠢ ᠰᠦᠷᠡᠯ᠎ᠢ ᠲᠠᠷᠢᠶᠠᠨ᠎ᠳᠤ ᠪᠤᠴᠠᠭᠠᠵᠤ ᠭᠠᠵᠠᠷ᠎ᠢ ᠭᠦᠨ ᠤᠷᠪᠠᠭᠤᠯᠵᠤ ᠰᠤᠯᠠᠷᠠᠭᠤᠯᠬᠤ᠂ ᠬᠥᠷᠥᠰᠥ᠍ ᠱᠢᠷᠣᠶ᠎ᠶ᠋ᠢ ᠰᠠᠢᠵᠢᠷᠠᠭᠤᠯᠤᠨ ᠬᠡᠮᠵᠢᠵᠤ ᠪᠣᠷᠲᠣᠭᠤᠷ ᠤᠷᠤᠭᠤᠯᠬᠤ ᠵᠡᠷᠭᠡ ᠠᠵᠢᠯ᠎ᠢ ᠤᠷᠢᠳ ᠬᠤᠵᠢᠳ ᠥᠷᠨᠢᠭᠦᠯᠵᠦ᠍᠂ ᠡᠷᠳᠡᠨᠢ ᠱᠢᠰᠢ᠎ᠶ᠋ᠢᠨ ᠦᠶ᠋ᠯᠡᠤᠡᠪᠦᠷᠢᠯᠡᠯ᠎ᠤᠨ ᠥᠪᠡᠷ᠎ᠤᠨ ᠥᠷᠲᠡᠭ᠎ᠢ ᠪᠠᠭᠤᠷᠠᠭᠤᠯᠵᠤ ᠦᠷ᠎ᠡ ᠠᠱᠢᠭ᠎ᠢ ᠨᠡᠮᠡᠭ᠌ᠳᠡᠭᠦᠯᠬᠦ᠌ ᠶᠡᠷᠦᠩᠬᠡᠢᠯᠡᠭ᠌ᠰᠡᠨ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠮᠥ᠍ ᠪᠦᠷᠢ᠎ᠶ᠋ᠢᠨ ᠤᠨᠠᠯᠲᠠ᠎ᠶ᠋ᠢ ᠳᠤᠮᠳᠠᠴᠢ᠎ᠪᠠᠷ 300 ᠵᠢᠩ ᠨᠡᠮᠡᠭ᠌ᠳᠡᠭᠦᠯᠥᠨ᠂ ᠵᠢᠯ᠎ᠳᠤ ᠪᠥᠬᠦ᠌ ᠱᠢᠶᠠᠨ᠎ᠤ ᠡᠷᠳᠡᠨᠢ ᠱᠢᠰᠢ᠎ᠶ᠋ᠢᠨ ᠤᠨᠠᠯᠲᠠ᠎ᠶ᠋ᠢ 6.9 ᠳ᠋ᠦᠩᠱᠢᠭᠤᠷ ᠵᠢᠩ ᠨᠡᠮᠡᠭ᠌ᠳᠡᠭᠦᠯᠪᠡ᠃ 

ᠤᠯᠠᠭᠠᠨ ᠯᠠᠵᠤᠤ᠎ᠶ᠋ᠢᠨ ᠠᠵᠤ ᠦᠢᠯᠡᠰ᠎ᠤᠨ ᠲᠠᠯ᠎ᠠ᠎ᠪᠠᠷ᠂ ᠺᠠᠢᠯᠦ᠍ ᠱᠢᠶᠠᠨ ᠤᠯᠠᠭᠠᠨ ᠯᠠᠵᠤᠤ᠎ᠶ᠋ᠢᠨ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠬᠤ᠎ᠶ᠋ᠢᠨ ᠬᠠᠮᠳᠤ 500 ᠮᠥ᠍ ᠴᠢᠨᠠᠷ ᠰᠠᠢᠲᠠᠶ ᠪᠠᠷᠢᠮᠵᠢᠶᠠᠵᠢᠭᠤᠯᠤᠭ᠍ᠰᠠᠨ ᠦᠶ᠋ᠯᠡᠤᠡᠪᠦᠷᠢᠯᠡᠯ᠎ᠤᠨ ᠵᠢᠱ᠌ᠢᠶ᠎ᠡ ᠦᠵᠡᠭᠦᠯᠬᠦ᠌ ᠰᠠᠭᠤᠷᠢᠨ᠎ᠢ ᠪᠠᠢᠭᠤᠯᠵᠤ᠂ ᠥᠨᠳᠥᠷ ᠳᠠᠯᠠᠩ᠎ᠲᠠᠢ᠂ ᠪᠦᠷᠬᠦᠬᠦᠯ ᠳᠠᠷᠤᠬᠤ᠂ ᠪᠦᠷᠬᠦᠬᠦᠯ᠎ᠤᠨ ᠳᠤᠤᠷ᠎ᠠ ᠳᠤᠰᠤᠯᠭᠠᠨ ᠤᠰᠤᠯᠠᠬᠤ᠂ ᠤᠰᠤ ᠪᠣᠷᠲᠣᠭᠤᠷ᠎ᠢ ᠨᠢᠭᠡ ᠴᠤᠭ᠍ᠴᠠᠵᠢᠭᠤᠯᠬᠤ᠂ ᠡᠪᠡᠳᠴᠢᠨ ᠬᠤᠷᠣᠬᠠᠶ᠎ᠶ᠋ᠢᠨ ᠬᠥᠨᠥᠭᠡᠯ᠎ᠢ ᠨᠢᠭᠡᠳᠦᠯᠲᠡᠶ ᠰᠡᠷᠭᠡᠢᠯᠡᠨ ᠵᠠᠰᠠᠬᠤ ᠵᠡᠷᠭᠡ ᠮᠡᠷᠭᠡᠵᠢᠯ᠎ᠢ ᠬᠡᠷᠡᠭ᠌ᠯᠡᠪᠡ᠃ ᠤᠯᠠᠭᠠᠨ ᠯᠠᠵᠤᠤ᠎ᠶ᠋ᠢᠨ ᠥᠨᠳᠥᠷ ᠤᠨᠠᠯᠲᠠᠳᠥ ᠦᠶ᠋ᠯᠡᠰ ᠪᠤᠰᠭᠠᠬᠤ ᠴᠢᠳᠠᠪᠤᠷᠢᠲᠠᠨ᠎ᠤ ᠪᠦᠯᠬᠦᠮ᠂ ᠡᠪᠡᠳᠴᠢᠨ᠎ᠢ ᠡᠰᠡᠷᠭᠦᠴᠡᠬᠦ᠌ ᠥᠨᠳᠥᠷ ᠤᠨᠠᠯᠲᠠᠳᠥ ᠪᠦᠯᠬᠦᠮ ᠪᠠ ᠤᠯᠠᠭᠠᠨ ᠯᠠᠵᠤᠤ᠎ᠶ᠋ᠢᠨ ᠳ᠋ᠣᠺᠲ᠋ᠣᠷ᠎ᠤᠨ ᠠᠵᠢᠯ᠎ᠤᠨ ᠥᠷᠲᠡᠭᠡ᠎ᠶ᠋ᠢ ᠵᠣᠬᠢᠶᠠᠨ ᠪᠠᠢᠭᠤᠯᠵᠠᠢ᠃ ᠤᠳᠤᠬᠠᠨ᠎ᠳᠤ᠂ ᠪᠥᠬᠦ᠌ ᠱᠢᠶᠠᠨ᠎ᠳᠤ 1 ᠲᠦᠮᠡ ᠱᠢᠬᠠᠮ ᠲᠤᠬᠠᠢᠯᠠᠭ᠍ᠰᠠᠨ ᠠᠵᠢᠯ᠎ᠤᠨ ᠲᠤᠰᠭᠠᠶ ᠮᠡᠷᠭᠡᠵᠢᠯᠲᠡᠨ ᠪᠠ ᠨᠤᠲᠤᠭ᠎ᠤᠨ ᠲᠤᠰᠭᠠᠶ ᠮᠡᠷᠭᠡᠵᠢᠯᠲᠡᠨ ᠰᠦᠯᠵᠢᠶᠡᠨ᠎ᠤ ᠱᠢᠭᠤᠳ ᠨᠡᠪᠲᠡᠷᠡᠭᠦᠯᠭᠡ᠎ᠶ᠋ᠢᠨ ᠲᠠᠪᠴᠠᠩ ᠪᠠ ᠰᠦᠯᠵᠢᠶᠡᠨ ᠭᠠᠳᠠᠨᠠᠬᠢ ᠰᠣᠯᠢᠯᠴᠠᠭᠠᠨ᠎ᠤ ᠲᠠᠪᠴᠠᠩ᠎ᠢᠶᠠᠷ ᠳᠠᠮᠵᠢᠭᠤᠯᠤᠨ᠂ ᠯᠠᠵᠤᠤ ᠲᠠᠷᠢᠵᠤ ᠪᠠ ᠵᠢᠭ᠎ᠠ ᠲᠠᠷᠢᠶᠠᠴᠢᠳ᠎ᠲᠤ ᠴᠠᠭ ᠲᠤᠬᠠᠶ᠎ᠳᠤᠨᠢ ᠮᠡᠷᠭᠡᠵᠢᠯ᠎ᠤᠨ ᠦᠶ᠋ᠯᠡᠴᠢᠯᠡᠭᠡ ᠬᠠᠩᠭᠠᠵᠤ ᠪᠠᠢᠨ᠎ᠠ᠃ ᠣᠶ ᠱᠢᠭᠤᠶ ᠵᠢᠮᠢᠰ᠎ᠤᠨ ᠠᠵᠤ ᠦᠶ᠋ᠯᠡᠰ᠎ᠤᠨ ᠲᠠᠯ᠎ᠠ᠎ᠪᠠᠷ᠂ ᠺᠠᠢᠯᠦ᠍ ᠱᠢᠶᠠᠨ ᠡᠯᠡᠰᠥᠷᠭᠡᠭ ᠭᠠᠵᠠᠷ᠎ᠢ ᠵᠠᠰᠠᠬᠤ᠂ ᠤᠨᠠᠯᠲᠠ ᠳᠣᠣᠷ᠎ᠠ ᠦᠷ᠎ᠡ ᠠᠱᠢᠭ ᠳᠣᠣᠷ᠎ᠠ ᠤᠢ ᠱᠢᠭᠤᠢ᠎ᠶ᠋ᠢ ᠥᠭᠡᠷᠡᠴᠢᠯᠡᠬᠦ᠌᠎ᠶ᠋ᠢ ᠠᠵᠤ ᠠᠬᠤᠢ᠎ᠶ᠋ᠢᠨ ᠤᠢ ᠱᠢᠭᠤᠢ᠎ᠶ᠋ᠢᠨ ᠠᠵᠤ ᠦᠢᠯᠡᠰ᠎ᠢ ᠬᠥᠭ᠌ᠵᠢᠭᠦᠯᠬᠦ᠌᠎ᠲᠠᠢ ᠤᠶᠠᠯᠳᠤᠭᠤᠯᠵᠤ᠂ ᠤᠷᠭᠤᠴᠠ᠎ᠶ᠋ᠢᠨ ᠨᠥᠬᠦᠴᠡᠯ ᠰᠠ᠊ ᠎ᠶ᠋ᠢᠨ᠂ ᠡᠯᠡᠰᠦᠷᠬᠡᠭ᠌ᠵᠢᠭ᠌ᠰᠡᠨ ᠣᠷᠣᠨ᠎ᠤ ᠬᠡᠪᠴᠢᠶᠡᠨ᠎ᠳᠤ ᠪᠠᠭ᠍ᠳᠠᠬᠤ ᠥᠭᠡᠢ ᠭᠠᠵᠠᠷ᠎ᠲᠤ ᠤᠢ ᠪᠠ ᠠᠵᠤ ᠠᠬᠤᠢ᠎ᠶ᠋ᠢᠨ ᠲᠠᠷᠢᠮᠠᠯ᠎ᠢ ᠠᠯᠠᠭ᠍ᠯᠠᠨ ᠲᠠᠷᠢᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠪᠠᠷᠢᠮᠵᠢᠶᠠᠵᠢᠭ᠍ᠰᠠᠨ ᠴᠢᠨᠠᠷ ᠰᠠᠢᠲᠠᠢ ᠤᠢ ᠵᠢᠮᠢᠰ᠎ᠤᠨ ᠰᠠᠭᠤᠷᠢᠨ᠎ᠢ ᠪᠠᠢᠭᠤᠯᠥᠨ᠂ ᠤᠢ ᠱᠢᠭᠤᠢ ᠵᠢᠮᠢᠰ᠎ᠤᠨ ᠠᠵᠤ ᠠᠬᠤᠢ᠎ᠶ᠋ᠢᠨ ᠪᠦᠬᠦ᠌ ᠠᠵᠤ ᠦᠢᠯᠡᠰ᠎ᠤᠨ ᠬᠡᠯᠬᠢᠶ᠎ᠠ ᠲᠡᠢᠰᠢ ᠬᠥᠭ᠌ᠵᠢᠬᠦ᠌᠎ᠶ᠋ᠢ ᠠᠬᠢᠭᠤᠯᠵᠤ᠂ 《ᠭᠠᠷᠤᠯᠲᠠ᠎ᠶ᠋ᠢᠨ ᠣᠷᠣᠨ᠎ᠨᠢ ᠠᠮᠢ ᠠᠬᠤᠢ ᠰᠠ ᠵᠢᠳᠠᠢ᠂ ᠪᠦᠲᠦᠭᠡᠭ᠌ᠳᠡᠬᠦᠨ᠎ᠨᠢ ᠪᠣᠬᠢᠷᠲᠤᠯ ᠦᠭᠡᠢ᠂ ᠠᠵᠤ ᠦᠢᠯᠡᠰ᠎ᠨᠢ ᠬᠠᠷᠢᠯᠴᠠᠨ ᠠᠭᠤᠰᠤᠯᠴᠠᠭ᠍ᠰᠠᠨ᠂ ᠥᠢᠯᠡᠳᠪᠥᠷᠢᠯᠡᠯ᠎ᠨᠢ ᠥᠨᠳᠥᠷ ᠦᠷ᠎ᠡ ᠠᠱᠢᠬ᠍ᠲᠠᠢ》 ᠤᠳᠤ ᠦᠶ᠎ᠡ᠎ᠶ᠋ᠢᠨ ᠲᠠᠷᠢᠶᠠᠯᠠᠩ᠎ᠤᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠦᠷᠢᠯᠳᠦᠭᠦᠯᠪᠡ᠃ ᠣᠳᠣ ᠪᠣᠯᠲᠠᠯ᠎ᠠ᠂ ᠪᠦᠬᠦ᠌ ᠱᠢᠶᠠᠨ᠎ᠳᠤ ᠨᠡᠢᠲᠡ 60 ᠲᠦᠮᠡᠨ ᠮᠦ᠍ ᠠᠵᠤ ᠠᠬᠤᠶ᠎ᠶ᠋ᠢᠨ ᠣᠶ᠎ᠶ᠋ᠢ ᠬᠥᠭ᠌ᠵᠢᠭᠦᠯᠪᠡ᠂ ᠡᠭᠦᠨ᠎ᠳᠤ᠂ ᠲᠣᠰᠣᠯᠢᠬ ᠮᠤᠳᠤᠨ ᠣᠶ 30 ᠲᠦᠮᠡᠨ ᠮᠦ᠍᠂ ᠵᠢᠮᠢᠰ᠎ᠤᠨ ᠠᠵᠤ ᠠᠬᠤᠶ᠎ᠶ᠋ᠢᠨ ᠣᠶ 30 ᠲᠦᠮᠡᠨ ᠮᠦ᠍ ᠪᠠ ᠵᠢᠵᠤ᠂ ᠮᠢᠩᠭᠠᠨ ᠮᠦ᠍᠎ᠠᠴᠠ ᠳᠡᠭᠡᠭ᠌ᠰᠢᠬᠢ ᠪᠠᠷᠢᠮᠵᠢᠶᠠᠵᠢᠭ᠍ᠰᠠᠨ ᠣᠢ ᠵᠢᠮᠢᠰ᠎ᠤᠨ ᠰᠠᠭᠤᠷᠢᠨ᠎ᠢ 10 ᠪᠠᠢᠭᠤᠯᠥᠨ᠂ 2000 ᠭᠠᠷᠤᠢ ᠭᠡᠷ ᠪᠦᠯᠢ᠎ᠶ᠋ᠢᠨ ᠵᠢᠮᠢᠰ᠎ᠤᠨ ᠬᠦᠷᠢᠶᠡᠯᠡᠩ᠎ᠢ ᠪᠠᠢᠭᠤᠯᠵᠤ᠂ 3800 ᠭᠠᠷᠤᠢ ᠲᠠᠷᠢᠶᠠᠴᠢᠨ ᠡᠷᠥᠭᠡ᠎ᠶ᠋ᠢ ᠳᠠᠢᠴᠢᠯᠠᠬ᠍ᠰᠠᠨ ᠪᠠ ᠵᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号