ᠤᠢᠷ᠎ᠠ᠎ᠶ᠋ᠢᠨ ᠵᠢᠯ᠎ᠠᠴᠠ᠂ ᠣᠷᠠᠳ᠎ᠤᠨ ᠳᠤᠮᠳᠠᠳᠤ ᠬᠤᠱᠢᠭᠤᠨ᠎ᠤ ᠬᠤᠯᠣᠰᠣᠲᠠᠢ ᠰᠤᠮᠤ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌᠎ᠶ᠋ᠢ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠭᠠᠵᠤ᠂ ᠦᠢᠯᠡᠴᠢᠯᠡᠭᠡᠨ᠎ᠤ ᠤᠬᠠᠮᠰᠠᠷ᠎ᠢᠶᠠᠨ ᠲᠠᠰᠤᠷᠠᠯᠲᠠ ᠦᠭᠡᠢ ᠳᠡᠭᠡᠭ᠌ᠰᠢᠯᠡᠭᠦᠯᠣᠨ᠂ ᠦᠢᠯᠡᠴᠢᠯᠡᠭᠡᠨ᠎ᠤ ᠴᠢᠳᠠᠪᠤᠷᠢ᠎ᠪᠠᠨ ᠦᠷᠭᠦᠯᠵᠢᠯᠡᠨ ᠴᠢᠩᠭᠠᠳᠭᠠᠵᠣ᠂ ᠬᠤᠳᠠᠯᠳᠤᠭ᠎ᠠ ᠡᠷᠬᠢᠯᠡᠬᠦ᠌ ᠣᠷᠴᠢᠨ ᠲᠣᠭᠤᠷᠢᠨ᠎ᠢ ᠱᠢᠯᠢᠳᠡᠭ᠌ᠵᠢᠭᠦᠯᠬᠦ᠂ ᠠᠵᠤ ᠠᠬᠤᠢᠯᠠᠯ᠎ᠤᠨ ᠬᠥᠭ᠌ᠵᠢᠯᠲᠡ᠎ᠳᠤ ᠦᠢᠯᠡᠴᠢᠯᠡᠬᠦ᠌᠎ᠶ᠋ᠢ ᠦᠨᠡᠨ ᠬᠦ᠌ ᠠᠵᠤ ᠠᠬᠤᠢ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠠᠮᠢᠨ ᠰᠤᠳᠠᠰᠤ ᠪᠣᠯᠭᠠᠨ ᠠᠳᠭᠤᠵᠣ ᠪᠣᠢ᠃
ᠡᠩ ᠲᠡᠷᠢᠭᠦᠨ᠎ᠳᠤ᠂ ᠣᠷᠣᠯᠠᠨ ᠭᠦᠢᠴᠡᠳᠭᠡᠬᠦ᠌ ᠦᠢᠯᠡᠴᠢᠯᠡᠭᠡᠨ᠎ᠤ ᠲᠦᠷᠢᠮ᠎ᠢ ᠨᠠᠢᠳᠠᠪᠤᠷᠢᠵᠢᠭᠤᠯᠪᠠ᠃ ᠪᠥᠬᠦ᠌ ᠶᠠᠪᠤᠴᠠ᠎ᠳᠤ ᠠᠵᠢᠯ ᠶᠠᠪᠤᠳᠠᠯ ᠭᠦᠶ᠋ᠴᠡᠳᠭᠡᠬᠦ᠌᠎ᠶ᠋ᠢ ᠣᠷᠣᠯᠠᠨ ᠭᠦᠶ᠋ᠴᠡᠳᠭᠡᠬᠦ᠌ ᠲᠦᠷᠢᠮ᠎ᠢ ᠵᠢᠷᠤᠮᠵᠢᠭᠤᠯᠤᠨ ᠲᠡᠭᠦᠯᠳᠡᠷᠵᠢᠭᠦᠯᠵᠦ᠍᠂ ᠰᠤᠮᠤ᠂ ᠭᠠᠴᠠᠭ᠎ᠠ ᠬᠤᠶᠠᠷ ᠱᠠᠲᠤᠨ᠎ᠤ ᠣᠷᠣᠯᠠᠨ ᠭᠦᠶ᠋ᠴᠡᠳᠭᠡᠬᠦ᠌ ᠦᠶ᠋ᠯᠡᠴᠢᠯᠡᠭᠡᠨ᠎ᠤ ᠱᠢᠰᠲ᠋ᠧᠮ᠎ᠢ ᠪᠠᠢᠭᠤᠯᠵᠤ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠤ ᠰᠦᠯᠵᠢᠶ᠎ᠡ᠎ᠶ᠋ᠢ ᠨᠢᠭᠡ ᠴᠣᠠᠠᠴᠠᠵᠢᠭᠤᠯᠥᠠᠠᠰᠠᠨ ᠬᠢᠨᠠᠨ ᠵᠥᠪᠱᠢᠶᠡᠷᠡᠬᠦ᠌ ᠲᠠᠪᠴᠠᠩ᠎ᠤᠨ ᠬᠡᠷᠡᠭ᠌ᠯᠡᠵᠦ᠍ ᠳᠡᠯᠭᠡᠷᠡᠭᠦᠯᠬᠦ᠌ ᠠᠵᠢᠯ᠎ᠢ ᠢᠳᠡᠪᠬᠢᠲᠡᠶ ᠰᠠᠢᠲᠤᠷ ᠬᠢᠪᠡ᠃ ᠬᠤᠳᠠᠯᠳᠤᠭ᠎ᠠ ᠡᠷᠬᠢᠯᠡᠬᠦ᠌ ᠤᠷᠴᠢᠨ ᠲᠤᠭᠤᠷᠢᠨ᠎ᠤ ᠲᠤᠬᠠᠢ ᠤᠬᠠᠭᠤᠯᠭ᠎ᠠ᠎ᠪᠠᠨ ᠴᠢᠩᠭᠠᠳᠭᠠᠵᠤ᠂ ᠨᠠᠮ ᠪᠠ ᠣᠯᠠᠨ ᠲᠦᠮᠡᠨ᠎ᠤ ᠦᠶ᠋ᠯᠡᠴᠢᠯᠡᠭᠡᠨ᠎ᠤ ᠲᠥᠪ᠎ᠲᠤ ᠠᠯᠢ ᠤᠯᠠᠨ ᠱᠢᠨᠵᠢᠯᠡᠬᠦ᠌ ᠤᠬᠠᠭᠠᠨᠴᠢ ᠬᠠᠮᠢᠶᠠᠷᠤᠯᠲᠠ᠎ᠶ᠋ᠢᠨ ᠲᠦᠷᠢᠮ᠎ᠢ ᠲᠣᠭ᠍ᠲᠠᠭᠠᠵᠤ᠂ ᠵᠢᠷᠤᠮᠵᠢᠭ᠍ᠰᠠᠨ ᠦᠢᠯᠡᠴᠢᠯᠡᠭᠡ᠂ ᠢᠨᠢᠶᠡᠮᠰᠦᠭ᠌ᠯᠡᠯ᠎ᠢᠶᠠᠷ ᠦᠢᠯᠡᠴᠢᠯᠡᠬᠦ᠌᠎ᠶ᠋ᠢ ᠶᠡᠭᠡ᠎ᠪᠠᠷ ᠬᠡᠷᠡᠭ᠌ᠵᠢᠭᠦᠯᠪᠡ᠃
ᠲᠠᠷᠠᠭ᠎ᠠ᠎ᠨᠢ᠂ ᠦᠢᠯᠡᠴᠢᠯᠡᠭᠡᠨ᠎ᠤ ᠴᠣᠩᠬᠤᠪᠴᠢ᠎ᠶ᠋ᠢᠨ ᠠᠵᠢᠯᠲᠠᠨ᠎ᠤ ᠦᠶ᠋ᠯᠡ ᠠᠵᠢᠯᠯᠠᠭ᠎ᠠ᠎ᠶ᠋ᠢ ᠵᠢᠷᠤᠮᠵᠢᠭᠤᠯᠬᠤ᠂ ᠦᠶ᠋ᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠠᠵᠢᠯ᠎ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠵᠡᠷᠭᠡ ᠲᠠᠯ᠎ᠠ᠎ᠪᠠᠷ ᠠᠷᠠᠳ᠎ᠲᠤ ᠲᠥᠬᠦᠮ ᠦᠵᠡᠭᠦᠯᠬᠦ᠌ ᠶᠡᠭᠡ ᠲᠢᠩᠬᠢᠮ᠎ᠤᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠪᠡ᠃ ᠬᠤᠯᠣᠰᠣᠲᠠᠢ ᠰᠤᠮᠤ ᠬᠤᠳᠠᠯᠳᠤᠭ᠎ᠠ ᠡᠷᠬᠢᠯᠡᠬᠦ᠌ ᠣᠷᠴᠢᠨ ᠲᠣᠭᠤᠷᠢᠨ᠎ᠢᠶᠠᠨ ᠱᠢᠯᠢᠳᠡᠭ᠌ᠵᠢᠭᠦᠯᠵᠦ᠍᠂ ᠠᠵᠤ ᠠᠬᠤᠢᠯᠠᠯ ᠪᠠ ᠣᠯᠠᠨ ᠲᠦᠮᠡᠨ᠎ᠳᠤ ᠭᠤᠯᠳᠤ᠎ᠪᠠᠷ ᠡᠴᠦᠰ᠎ᠲᠤᠨᠢ ᠲᠤᠯᠲᠠᠯ᠎ᠠ ᠬᠢᠨᠠᠨ ᠵᠥᠪᠱᠢᠶᠡᠷᠡᠬᠦ᠌ ᠦᠶ᠋ᠯᠡᠴᠢᠯᠡᠭᠡ ᠪᠠ ᠬᠥᠨᠳᠡᠯᠡᠨ᠎ᠢᠶᠠᠷ ᠬᠢᠯᠢ ᠬᠢᠵᠠᠭᠠᠷ ᠬᠦᠷᠲᠡᠯ᠎ᠡ ᠬᠠᠪᠰᠤᠷᠤᠨ ᠭᠦᠶ᠋ᠴᠡᠳᠭᠡᠬᠦ᠌ ᠦᠶ᠋ᠯᠡᠴᠢᠯᠡᠭᠡ ᠬᠠᠩᠭᠠᠨ᠂ 《ᠠᠵᠤ ᠠᠬᠤᠢᠯᠠᠯ᠎ᠤᠨ ᠱᠢᠭᠤᠳ ᠨᠡᠪᠲᠡᠷᠡᠬᠦ᠌ ᠲᠡᠷᠭᠡ》 ᠪᠠ ᠠᠵᠤ ᠠᠬᠤᠢᠯᠠᠯᠲᠠᠨ᠎ᠲᠠᠢ ᠱᠢᠭᠤᠳ ᠬᠠᠷᠢᠯᠴᠠᠬᠤ ᠲᠦᠷᠢᠮ᠎ᠢ ᠪᠠᠢᠭᠤᠯᠤᠨ ᠪᠦᠷᠢᠨᠱᠢᠬᠦᠯᠵᠦ᠍᠂ ᠰᠠᠨᠠᠭᠠᠴᠢᠯᠠᠭ᠎ᠠ᠎ᠲᠠᠢ᠎ᠪᠠᠷ ᠠᠵᠤ ᠠᠬᠤᠢᠯᠠᠯ᠎ᠳᠤ ᠰᠠᠢᠲᠤᠷ ᠦᠶ᠋ᠯᠡᠴᠢᠯᠡᠨ᠂ ᠡᠷᠬᠡ ᠲᠡᠭ᠌ᠰᠢ᠂ ᠨᠡᠭᠡᠭᠡᠯᠲᠡ᠎ᠲᠠᠢ ᠲᠡᠷᠢᠭᠦᠨ᠎ᠤ ᠬᠤᠳᠠᠯᠳᠤᠭᠠᠨ᠎ᠤ ᠡᠵᠡᠩᠨᠡᠯᠲᠠ᠎ᠶ᠋ᠢᠨ ᠣᠷᠴᠢᠨ ᠲᠣᠭᠤᠷᠢᠨ᠎ᠢ ᠴᠢᠷᠮᠠᠢᠨ ᠪᠣᠶ ᠪᠣᠯᠭᠠᠵᠤ ᠪᠠ ᠵᠢᠨ᠎ᠡ᠃