ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ 《ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠥᠲᠥᠯᠪᠦᠷᠢ》 ᠶ᠋ᠢ ᠳᠠᠷᠤᠮᠠᠯᠯᠠᠨ ᠲᠠᠷᠬᠠᠭᠠᠭ᠍ᠰᠠᠨ ᠪᠥᠭᠡᠳ ᠮᠡᠳᠡᠭ᠌ᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃
《ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠥᠲᠥᠯᠪᠦᠷᠢ》 ᠶ᠋ᠢᠨ ᠭᠤᠤᠯ ᠠᠭᠤᠯᠭ᠎ᠠ᠎ᠨᠢ ᠳᠤᠤᠷᠠᠬᠢ ᠮᠡᠲᠦ᠍᠃
ᠭᠠᠷᠴᠠᠭ
ᠡᠮᠦᠨᠡᠬᠢ ᠦᠭᠡ
ᠨᠢᠭᠡᠳᠦᠭᠡᠷ ᠪᠦᠯᠦᠭ ᠬᠥᠭ᠌ᠵᠢᠯᠲᠡ᠎ᠶ᠋ᠢᠨ ᠠᠬᠤᠶ ᠪᠠᠢᠳᠠᠯ
ᠨᠢᠭᠡᠳᠦᠭᠡᠷ ᠬᠡᠰᠡᠭ ᠬᠥᠭ᠌ᠵᠢᠯᠲᠡ᠎ᠶ᠋ᠢᠨ ᠥᠩᠭᠡᠷᠡᠯᠲᠡ
ᠬᠤᠶᠠᠳᠤᠭᠠᠷ ᠬᠡᠰᠡᠭ ᠬᠥᠭ᠌ᠵᠢᠯᠲᠡ᠎ᠶ᠋ᠢᠨ ᠰᠠᠭᠤᠷᠢ
ᠭᠤᠷᠪᠠᠳᠤᠭᠠᠷ ᠬᠡᠰᠡᠭ ᠠᠵᠠ ᠲᠣᠬᠢᠶᠠᠯ ᠥᠷᠢᠰᠥᠯᠳᠦᠭᠡᠨ
ᠲᠦᠷᠪᠡᠲᠦᠭᠡᠷ ᠬᠡᠰᠡᠭ ᠴᠢᠬᠤᠯᠠ ᠶᠡᠭᠡ ᠠᠴᠢ ᠬᠤᠯᠪᠣᠭ᠍ᠳᠠᠯ
ᠬᠤᠶᠠᠳᠤᠭᠠᠷ ᠪᠦᠯᠦᠭ ᠶᠡᠷᠦᠩᠬᠡᠶ ᠱᠠᠭᠠᠷᠳᠠᠯᠭ᠎ᠠ
ᠨᠢᠭᠡᠳᠦᠭᠡᠷ ᠬᠡᠰᠡᠭ ᠵᠢᠯᠣᠭᠤᠳᠭᠤ ᠦᠵᠡᠯ ᠰᠠᠨᠠᠭ᠎ᠠ
ᠬᠤᠶᠠᠳᠤᠭᠠᠷ ᠬᠡᠰᠡᠭ ᠭᠤᠣᠯ ᠵᠠᠷᠴᠢᠮ
ᠭᠤᠷᠪᠠᠳᠤᠭᠠᠷ ᠬᠡᠰᠡᠭ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ
ᠲᠦᠷᠪᠡᠲᠦᠭᠡᠷ ᠬᠡᠰᠡᠭ ᠬᠥᠭ᠌ᠵᠢᠯᠲᠡ᠎ᠶ᠋ᠢᠨ ᠬᠠᠷᠠᠯᠲᠠ
ᠲᠠᠪᠤᠳᠤᠭᠠᠷ ᠬᠡᠰᠡᠭ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ
ᠭᠤᠷᠪᠠᠳᠤᠭᠠᠷ ᠪᠦᠯᠦᠭ ᠳᠡᠭᠡᠳᠦ ᠤᠷᠤᠰᠭᠠᠯ᠎ᠤᠨ ᠤᠰᠤᠨ᠎ᠤ ᠰᠤᠷᠪᠤᠯᠵᠢ᠎ᠶ᠋ᠢ ᠬᠠᠳᠠᠭᠠᠯᠠᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ
ᠨᠢᠭᠡᠳᠦᠭᠡᠷ ᠬᠡᠰᠡᠭ 《ᠳᠤᠮᠳᠠᠳᠤ᠎ᠶ᠋ᠢᠨ ᠤᠰᠤᠨ ᠴᠠᠮᠬᠠᠬ》 ᠢ ᠪᠠᠲᠤ ᠴᠣᠭ᠍ᠴᠠᠯᠠᠨ᠎ᠠ
ᠬᠤᠶᠠᠳᠤᠭᠠᠷ ᠬᠡᠰᠡᠭ ᠴᠢᠬᠤᠯᠠ ᠤᠰᠤᠨ᠎ᠤ ᠰᠤᠷᠪᠤᠯᠵᠢ᠎ᠶ᠋ᠢ ᠨᠥᠬᠦᠪᠥᠷᠢᠯᠡᠬᠦ᠌ ᠭᠠᠵᠠᠷ᠎ᠢ ᠬᠠᠮᠠᠭᠠᠯᠠᠨ᠎ᠠ
ᠭᠤᠷᠪᠠᠳᠤᠭᠠᠷ ᠬᠡᠰᠡᠭ ᠭᠤᠣᠯᠳᠠᠯᠭ᠎ᠠ᠎ᠲᠠᠢ ᠣᠷᠣᠨ ᠪᠦᠰᠡ᠎ᠶ᠋ᠢᠨ ᠴᠦᠯᠯᠡᠷᠭᠡᠭ᠌ᠵᠢᠯ᠎ᠤᠨ ᠵᠠᠰᠠᠯᠲᠠ᠎ᠶ᠋ᠢ ᠴᠢᠩᠭᠠᠳᠭᠠᠨ᠎ᠠ
ᠲᠦᠷᠪᠡᠲᠦᠭᠡᠷ ᠬᠡᠰᠡᠭ ᠬᠦᠮᠦᠨ᠎ᠤ ᠠᠵᠢᠯᠯᠠᠭᠠᠨ᠎ᠤ ᠬᠡᠲᠦ ᠨᠥᠯᠥᠭᠡ᠎ᠶ᠋ᠢ ᠪᠠᠭᠤᠷᠠᠭᠤᠯᠤᠨ᠎ᠠ
ᠲᠦᠷᠪᠡᠲᠦᠭᠡᠷ ᠪᠦᠯᠦᠭ ᠳᠤᠮᠳᠠ ᠤᠷᠤᠰᠭᠠᠯ᠎ᠤᠨ ᠤᠰᠤ ᠱᠢᠷᠣᠶ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠨ᠎ᠠ
ᠨᠢᠭᠡᠳᠦᠭᠡᠷ ᠬᠡᠰᠡᠭ ᠣᠶ ᠱᠢᠭᠤᠶ ᠨᠤᠳᠤᠭ ᠪᠡᠯᠴᠢᠭᠡᠷ᠎ᠤᠨ ᠬᠠᠮᠠᠭᠠᠯᠠᠯᠲᠠ᠎ᠶ᠋ᠢ ᠶᠡᠭᠡ᠎ᠪᠠᠷ ᠬᠡᠷᠡᠭ᠌ᠵᠢᠭᠦᠯᠦᠨ᠎ᠡ
ᠬᠤᠶᠠᠳᠤᠭᠠᠷ ᠬᠡᠰᠡᠭ ᠤᠰᠤ ᠱᠢᠷᠣᠶ᠎ᠶ᠋ᠢ ᠬᠠᠮᠠᠭᠠᠯᠠᠬᠤ ᠴᠢᠳᠠᠪᠤᠷᠢ᠎ᠶ᠋ᠢ ᠴᠢᠩᠭᠠᠳᠭᠠᠨ᠎ᠠ
ᠭᠤᠷᠪᠠᠳᠤᠭᠠᠷ ᠬᠡᠰᠡᠭ ᠥᠨᠳᠥᠷ ᠪᠦᠲᠦᠮᠵᠢᠲᠡᠢ ᠬᠠᠭᠤᠷᠠᠢ ᠲᠠᠷᠢᠶᠠᠯᠠᠩ᠎ᠢ ᠬᠥᠭ᠌ᠵᠢᠭᠦᠯᠦᠨ᠎ᠡ
ᠲᠠᠪᠤᠳᠤᠭᠠᠷ ᠪᠦᠯᠦᠭ ᠳᠣᠣᠷᠠᠳᠤ ᠤᠷᠤᠰᠭᠠᠯ᠎ᠤᠨ ᠨᠤᠭᠤ ᠭᠠᠵᠠᠷ᠎ᠤᠨ ᠬᠠᠮᠠᠭᠠᠯᠠᠯᠲᠠ ᠪᠠ ᠠᠮᠢ ᠠᠬᠤᠶ᠎ᠶ᠋ᠢᠨ ᠵᠠᠰᠠᠯᠲᠠ᠎ᠶ᠋ᠢ ᠠᠬᠢᠭᠤᠯᠤᠨ᠎ᠠ
ᠨᠢᠭᠡᠲᠦᠭᠡᠷ ᠬᠡᠰᠡᠭ ᠬᠠᠲᠤᠨ ᠭᠤᠣᠯ᠎ᠤᠨ ᠭᠤᠷᠪᠠᠯᠵᠢᠨ ᠬᠤᠢᠭ᠎ᠤᠨ ᠨᠤᠭᠤ ᠭᠠᠵᠠᠷ᠎ᠢ ᠬᠠᠮᠠᠭᠠᠯᠠᠨ ᠰᠡᠷᠭᠦᠭᠡᠨ᠎ᠡ
ᠬᠤᠶᠠᠳᠤᠭᠠᠷ ᠬᠡᠰᠡᠭ ᠬᠠᠲᠤᠨ ᠭᠤᠤᠯ᠎ᠤᠨ ᠳᠤᠤᠷᠠᠳᠤ ᠤᠷᠤᠰᠭᠠᠯ᠎ᠤᠨ ᠪᠣᠬᠢᠷᠲᠤᠯ ᠥᠬᠡᠶ ᠠᠮᠢ ᠠᠬᠤᠶ᠎ᠶ᠋ᠢᠨ ᠬᠤᠩᠭᠢᠯ᠎ᠢ ᠪᠥᠲᠥᠭᠡᠨ ᠪᠠᠢᠭᠤᠯᠤᠨ᠎ᠠ
ᠭᠤᠷᠪᠠᠳᠤᠭᠠᠷ ᠬᠡᠰᠡᠭ ᠭᠤᠤᠯ᠎ᠤᠨ ᠲᠠᠩ᠎ᠤᠨ ᠠᠮᠢ ᠠᠬᠤᠢ᠎ᠶ᠋ᠢᠨ ᠶᠡᠷᠦᠩᠬᠡᠢᠯᠡᠭ᠌ᠰᠡᠨ ᠴᠡᠭ᠌ᠴᠡᠯᠡᠨ ᠵᠠᠰᠠᠯᠲᠠ᠎ᠶ᠋ᠢ ᠠᠬᠢᠭᠤᠯᠤᠨ᠎ᠠ
ᠵᠢᠷᠭᠤᠳᠤᠭᠠᠷ ᠪᠦᠯᠦᠭ ᠪᠦᠬᠦ᠌ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠱᠢᠬ᠍ᠯᠠᠬᠤ᠎ᠶ᠋ᠢ ᠴᠢᠩᠭᠠᠳᠭᠠᠨ᠎ᠠ
ᠨᠢᠭᠡᠲᠦᠭᠡᠷ ᠬᠡᠰᠡᠭ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠢ ᠴᠢᠩᠭᠠᠳᠭᠠᠨ᠎ᠠ
ᠬᠤᠶᠠᠳᠤᠭᠠᠷ ᠬᠡᠰᠡᠭ ᠪᠦᠬᠦ᠌ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠤᠨ᠎ᠠ
ᠭᠤᠷᠪᠠᠳᠤᠭᠠᠷ ᠬᠡᠰᠡᠭ ᠲᠠᠷᠢᠶᠠᠯᠠᠩ ᠪᠠ ᠠᠵᠤ ᠦᠢᠯᠡᠳᠪᠦᠷᠢ᠎ᠶ᠋ᠢᠨ ᠤᠰᠤ ᠠᠷᠪᠢᠯᠠᠬᠤ ᠡᠷᠴᠢᠮ᠎ᠢ ᠴᠢᠩᠭᠠᠷᠠᠭᠤᠯᠤᠨ᠎ᠠ
ᠲᠦᠷᠪᠡᠲᠦᠭᠡᠷ ᠬᠡᠰᠡᠭ ᠤᠰᠤ ᠠᠷᠪᠢᠯᠠᠬᠤ ᠮᠠᠶᠢᠭ᠎ᠤᠨ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠲᠦᠷᠭᠡᠳᠭᠡᠨ ᠪᠦᠷᠢᠯᠳᠦᠭᠦᠯᠦᠨ᠎ᠡ
ᠲᠤᠯᠤᠳᠤᠭᠠᠷ ᠪᠦᠯᠦᠭ ᠬᠠᠲᠤᠨ ᠭᠤᠣᠯ᠎ᠤᠨ ᠥᠨᠢ ᠤᠳᠠᠭᠠᠨ ᠠᠮᠤᠷ ᠳᠤᠬ᠍ᠳᠠᠭᠤᠨ ᠪᠠᠢᠬᠤ᠎ᠶ᠋ᠢ ᠪᠦᠬᠦ᠌ ᠬᠦᠴᠦᠨ᠎ᠢᠶᠠᠷ᠎ᠢᠶᠠᠨ ᠪᠠᠲᠤᠯᠠᠨ᠎ᠠ
ᠨᠢᠭᠡᠲᠦᠭᠡᠷ ᠬᠡᠰᠡᠭ ᠤᠰᠤ ᠡᠯᠡᠰᠦᠨ᠎ᠤ ᠬᠠᠷᠢᠴᠠᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠤᠨ ᠡᠵᠡᠮᠳᠡᠨ᠎ᠡ
ᠬᠤᠶᠠᠳᠤᠭᠠᠷ ᠬᠡᠰᠡᠭ ᠦᠶᠡᠷ᠎ᠢ ᠰᠡᠷᠭᠡᠢᠯᠡᠬᠦ᠌ ᠴᠢᠳᠠᠪᠤᠷᠢ᠎ᠶ᠋ᠢ ᠪᠦᠲᠦᠮᠵᠢᠲᠡᠶ᠎ᠪᠠᠷ ᠳᠡᠭᠡᠭ᠌ᠰᠢᠯᠡᠭᠦᠯᠦᠨ᠎ᠡ
ᠭᠤᠷᠪᠠᠳᠤᠭᠠᠷ ᠬᠡᠰᠡᠭ ᠭᠠᠮᠱᠢᠭ᠎ᠢ ᠠᠷᠭᠠᠴᠠᠭᠠᠬᠤ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ
ᠨᠠᠢ᠍ᠮᠠᠳᠤᠭᠠᠷ ᠪᠦᠯᠦᠭ ᠣᠷᠴᠢᠨ ᠲᠣᠭᠤᠷᠢᠨ᠎ᠤ ᠪᠣᠬᠢᠷᠲᠤᠯ᠎ᠤᠨ ᠱᠢᠰᠲ᠋ᠧᠮ᠎ᠲᠠᠢ ᠵᠠᠰᠠᠯᠲᠠ᠎ᠶ᠋ᠢ ᠴᠢᠩᠭᠠᠳᠭᠠᠨ᠎ᠠ
ᠨᠢᠭᠡᠲᠦᠭᠡᠷ ᠬᠡᠰᠡᠭ ᠲᠠᠷᠢᠶᠠᠨ ᠭᠠᠵᠠᠷ᠎ᠤᠨ ᠪᠣᠬᠢᠷᠲᠤᠯ᠎ᠤᠨ ᠶᠡᠷᠦᠩᠬᠡᠢᠯᠡᠭ᠌ᠰᠡᠨ ᠵᠠᠰᠠᠯᠲᠠ᠎ᠶ᠋ᠢ ᠴᠢᠩᠭᠠᠳᠭᠠᠨ᠎ᠠ
ᠬᠤᠶᠠᠳᠤᠭᠠᠷ ᠬᠡᠰᠡᠭ ᠠᠵᠤ ᠦᠢᠯᠡᠳᠪᠦᠷᠢ᠎ᠶ᠋ᠢᠨ ᠪᠣᠬᠢᠷᠲᠤᠯ᠎ᠢ ᠬᠠᠮᠵᠢᠯᠴᠠᠨ ᠵᠠᠰᠠᠬᠤ ᠡᠷᠴᠢᠮ᠎ᠢ ᠴᠢᠩᠭᠠᠷᠠᠭᠤᠯᠤᠨ᠎ᠠ
ᠭᠤᠷᠪᠠᠳᠤᠭᠠᠷ ᠬᠡᠰᠡᠭ ᠬᠤᠲᠠ ᠬᠥᠳᠡᠭᠡ᠎ᠶ᠋ᠢᠨ ᠠᠮᠢᠳᠤᠷᠠᠯ᠎ᠤᠨ ᠬᠤᠭ ᠨᠤᠪᠰᠢ᠎ᠶ᠋ᠢᠨ ᠪᠣᠬᠢᠷᠲᠤᠯ᠎ᠤᠨ ᠵᠠᠰᠠᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ
ᠲᠦᠷᠪᠡᠲᠦᠭᠡᠷ ᠬᠡᠰᠡᠭ ᠠᠭᠤᠷᠬᠠᠶ᠎ᠶ᠋ᠢᠨ ᠣᠷᠣᠨ᠎ᠤ ᠠᠮᠢ ᠠᠬᠤᠶ ᠣᠷᠴᠢᠨ ᠲᠣᠭᠤᠷᠢᠨ᠎ᠢ ᠶᠡᠷᠦᠩᠬᠡᠢᠯᠡᠨ ᠵᠠᠰᠠᠬᠤ ᠠᠵᠢᠯ᠎ᠢ ᠥᠷᠨᠢᠭᠦᠯᠦᠨ᠎ᠡ
ᠶᠢᠰᠦᠳᠦᠭᠡᠷ ᠪᠦᠯᠦᠭ ᠦᠪᠠᠷᠮᠢᠴᠡ ᠣᠨᠴᠠᠯᠢᠭ᠍ᠲᠤ ᠳᠠᠪᠠᠭᠤᠯᠢᠭ ᠣᠳᠣ ᠦᠶ᠎ᠡ᠎ᠶ᠋ᠢᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠤᠨ᠎ᠠ
ᠨᠢᠭᠡᠲᠦᠭᠡᠷ ᠬᠡᠰᠡᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠤᠯᠭᠠᠭᠤᠷᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
ᠬᠤᠶᠠᠳᠤᠭᠠᠷ ᠬᠡᠰᠡᠭ ᠲᠠᠷᠢᠶᠠᠯᠠᠩ ᠮᠠᠯ ᠠᠵᠤ ᠠᠬᠤᠶ᠎ᠶ᠋ᠢ ᠴᠢᠨᠠᠬ᠍ᠰᠢᠲᠠ ᠱᠢᠯᠢᠳᠡᠭ᠌ᠵᠢᠭᠦᠯᠦᠨ ᠬᠦᠴᠦᠷᠬᠡᠭ᠌ᠵᠢᠭᠦᠯᠦᠨ᠎ᠡ
ᠭᠤᠷᠪᠠᠳᠤᠭᠠᠷ ᠬᠡᠰᠡᠭ ᠪᠦᠬᠦ᠌ ᠤᠯᠤᠰ᠎ᠤᠨ ᠡᠨᠧᠷᠭᠢ᠎ᠶ᠋ᠢᠨ ᠴᠢᠬᠤᠯᠠ ᠰᠠᠭᠤᠷᠢᠨ᠎ᠢ ᠪᠦᠲᠦᠭᠡᠨ ᠪᠠᠢᠭᠤᠯᠤᠨ᠎ᠠ
ᠲᠦᠷᠪᠡᠲᠦᠭᠡᠷ ᠬᠡᠰᠡᠭ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠠᠷ ᠮᠠᠨᠳᠤᠬ᠍ᠰᠠᠨ ᠠᠵᠤ ᠦᠢᠯᠡᠰ ᠪᠠ ᠲᠡᠷᠢᠭᠦᠨ᠎ᠤ ᠦᠢᠯᠡᠳᠬᠦ᠌ ᠦᠢᠯᠡᠰ᠎ᠤᠨ ᠬᠥᠭ᠌ᠵᠢᠯᠲᠡ᠎ᠶ᠋ᠢ ᠲᠦᠷᠭᠡᠳᠭᠡᠨ᠎ᠡ
ᠠᠷᠪᠠᠳᠤᠭᠠᠷ ᠪᠦᠯᠦᠭ ᠣᠷᠣᠨ ᠪᠦᠰᠡ ᠬᠤᠲᠠ ᠬᠥᠳᠡᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠠᠢᠭᠤᠯᠤᠨ᠎ᠠ
ᠨᠢᠭᠡᠲᠦᠭᠡᠷ ᠬᠡᠰᠡᠭ ᠬᠠᠲᠤᠨ ᠭᠤᠤᠯ ᠳᠠᠭᠠᠤ᠎ᠶ᠋ᠢᠨ ᠬᠤᠲᠠ᠎ᠶ᠋ᠢᠨ ᠪᠦᠯᠦᠭ᠌ᠵᠢᠯ᠎ᠢ ᠴᠢᠨᠠᠷ ᠰᠠᠢᠲᠠᠶ ᠥᠨᠳᠥᠷ ᠪᠠᠷᠢᠮᠵᠢᠶ᠎ᠠ᠎ᠪᠠᠷ ᠪᠥᠲᠥᠭᠡᠨ ᠪᠠᠢᠭᠤᠯᠤᠨ᠎ᠠ
ᠬᠤᠶᠠᠳᠤᠭᠠᠷ ᠬᠡᠰᠡᠭ ᠲᠤᠬᠠᠶ᠎ᠶ᠋ᠢᠨ ᠭᠠᠵᠠᠷ᠎ᠤᠨ ᠪᠠᠢᠳᠠᠯ᠎ᠳᠤᠨᠢ ᠲᠣᠬᠢᠷᠠᠭᠤᠯᠤᠨ ᠱᠢᠶᠠᠨ᠎ᠤ ᠬᠤᠲᠠ᠎ᠶ᠋ᠢᠨ ᠬᠥᠭ᠌ᠵᠢᠯᠲᠡ᠎ᠶ᠋ᠢ ᠠᠬᠢᠭᠤᠯᠤᠨ᠎ᠠ
ᠭᠤᠷᠪᠠᠳᠤᠭᠠᠷ ᠬᠡᠰᠡᠭ ᠣᠷᠣᠱᠢᠨ ᠰᠠᠭᠤᠷᠢᠱᠢᠬᠤ᠎ᠳᠤ ᠲᠠᠭᠠᠳᠠᠢ ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠢ ᠪᠦᠲᠦᠭᠡᠨ ᠪᠠᠢᠭᠤᠯᠤᠨ᠎ᠠ
ᠠᠷᠪᠠᠨ ᠨᠢᠭᠡᠲᠦᠭᠡᠷ ᠪᠦᠯᠦᠭ ᠰᠠᠭᠤᠷᠢ ᠲᠥᠬᠦᠭᠡᠷᠦᠮᠵᠢ᠎ᠶ᠋ᠢᠨ ᠬᠤᠯᠪᠣᠯᠳᠤᠨ ᠨᠡᠪᠲᠡᠷᠡᠯᠴᠡᠬᠦ᠌᠎ᠶ᠋ᠢ ᠴᠢᠩᠭᠠᠳᠭᠠᠨ᠎ᠠ
ᠨᠢᠭᠡᠲᠦᠭᠡᠷ ᠬᠡᠰᠡᠭ ᠱᠢᠨ᠎ᠡ ᠬᠡᠯᠪᠡᠷᠢ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ
ᠬᠤᠶᠠᠳᠤᠭᠠᠷ ᠬᠡᠰᠡᠭ ᠳᠥᠭᠦᠮ ᠳᠥᠲᠡ ᠣᠶᠤᠨᠴᠢ ᠪᠣᠬᠢᠷᠲᠤᠯ ᠦᠭᠡᠢ ᠠᠮᠤᠷ ᠲᠦᠪᠱᠢᠨ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠲᠣᠣᠷ᠎ᠢ ᠪᠠᠢᠭᠤᠯᠤᠨ᠎ᠠ
ᠭᠤᠷᠪᠠᠳᠤᠭᠠᠷ ᠬᠡᠰᠡᠭ ᠣᠷᠣᠨ ᠪᠦᠰᠡ ᠠᠯᠤᠰᠯᠠᠭ᠍ᠰᠠᠨ ᠶᠡᠭᠡ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ
ᠠᠷᠪᠠᠨ ᠬᠤᠶᠠᠳᠤᠭᠠᠷ ᠪᠦᠯᠦᠭ ᠬᠠᠲᠤᠨ ᠭᠤᠤᠯ᠎ᠤᠨ ᠰᠣᠶᠣᠯ᠎ᠢ ᠬᠠᠮᠠᠭᠠᠯᠠᠨ ᠤᠯᠠᠮᠵᠢᠯᠠᠵᠦ᠍ ᠪᠠᠳᠠᠷᠠᠭᠤᠯᠤᠨ᠎ᠠ
ᠨᠢᠭᠡᠲᠦᠭᠡᠷ ᠬᠡᠰᠡᠭ ᠬᠠᠲᠤᠨ ᠭᠤᠣᠯ᠎ᠤᠨ ᠰᠣᠶᠣᠯ᠎ᠤᠨ ᠥᠪ᠎ᠢ ᠱᠢᠰᠲ᠋ᠧᠮ᠎ᠲᠠᠢ ᠬᠠᠮᠠᠭᠠᠯᠠᠨ᠎ᠠ
ᠬᠤᠶᠠᠳᠤᠭᠠᠷ ᠬᠡᠰᠡᠭ ᠬᠠᠳᠤᠨ ᠭᠤᠤᠯ᠎ᠤᠨ ᠰᠣᠶᠣᠯ᠎ᠤᠨ ᠭᠧᠨ᠎ᠢ ᠭᠦᠨᠵᠡᠭᠡᠶ ᠤᠯᠠᠮᠵᠢᠯᠠᠨ᠎ᠠ
ᠭᠤᠷᠪᠠᠳᠤᠭᠠᠷ ᠬᠡᠰᠡᠭ ᠱᠢᠨ᠎ᠡ ᠴᠠᠭ ᠦᠶ᠎ᠡ᠎ᠶ᠋ᠢᠨ ᠬᠠᠳᠤᠨ ᠭᠤᠤᠯ᠎ᠤᠨ ᠦᠯᠢᠭᠡᠷ᠎ᠢ ᠰᠠᠢᠲᠤᠷ ᠶᠠᠷᠢᠨ᠎ᠠ
ᠲᠦᠷᠪᠡᠲᠦᠭᠡᠷ ᠬᠡᠰᠡᠭ ᠣᠯᠠᠨ ᠤᠯᠤᠰ᠎ᠤᠨ ᠨᠥᠯᠥᠭᠡᠯᠡᠬᠦ᠌ ᠬᠦᠴᠦᠨ᠎ᠲᠠᠢ ᠬᠠᠳᠤᠨ ᠭᠤᠤᠯ᠎ᠤᠨ ᠰᠣᠶᠣᠯ ᠵᠢᠭᠤᠯᠴᠢᠯᠠᠯ᠎ᠤᠨ ᠪᠦᠰᠡ᠎ᠶ᠋ᠢ ᠴᠣᠭ᠍ᠴᠠᠯᠠᠨ᠎ᠠ
ᠠᠷᠪᠠᠨ ᠭᠤᠷᠪᠠᠳᠤᠭᠠᠷ ᠪᠦᠯᠦᠭ ᠠᠷᠠᠳ᠎ᠤᠨ ᠠᠮᠢᠳᠤᠷᠠᠯ᠎ᠤᠨ ᠳᠤᠲᠠᠭᠤᠳᠠᠯ ᠪᠠ ᠪᠠᠭᠤᠷᠠᠶ ᠲᠠᠯ᠎ᠠ᠎ᠶ᠋ᠢ ᠨᠥᠬᠦᠪᠥᠷᠢᠯᠡᠨ᠎ᠡ
ᠨᠢᠭᠡᠲᠦᠭᠡᠷ ᠬᠡᠰᠡᠭ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠦᠨᠳᠦ ᠶᠡᠭᠡ ᠬᠡᠷᠡᠭ᠎ᠢ ᠠᠷᠭᠠᠴᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
ᠬᠤᠶᠠᠳᠤᠭᠠᠷ ᠬᠡᠰᠡᠭ ᠰᠤᠷᠭᠠᠨ ᠬᠥᠮᠦᠵᠢᠯ ᠡᠮ ᠡᠮᠨᠡᠯᠭᠡ᠎ᠶ᠋ᠢᠨ ᠦᠢᠯᠡᠰ᠎ᠤᠨ ᠬᠥᠭ᠌ᠵᠢᠯᠲᠡ᠎ᠶ᠋ᠢ ᠲᠦᠷᠭᠡᠳᠭᠡᠨ᠎ᠡ
ᠭᠤᠷᠪᠠᠳᠤᠭᠠᠷ ᠬᠡᠰᠡᠭ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠴᠢᠩᠭᠠᠳᠭᠠᠨ᠎ᠠ
ᠲᠦᠷᠪᠡᠲᠦᠭᠡᠷ ᠬᠡᠰᠡᠭ ᠤᠨᠴᠠ ᠲᠥᠷᠥᠯ᠎ᠤᠨ ᠭᠠᠵᠠᠷ ᠣᠷᠣᠨ᠎ᠤ ᠬᠥᠭ᠌ᠵᠢᠯᠲᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
ᠠᠷᠪᠠᠨ ᠲᠦᠷᠪᠡᠲᠦᠭᠡᠷ ᠪᠦᠯᠦᠭ ᠥᠭᠡᠷᠡᠴᠢᠯᠡᠯᠲᠡ ᠨᠡᠭᠡᠭᠡᠯᠲᠡ᠎ᠶ᠋ᠢᠨ ᠠᠯᠬᠤᠭ᠎ᠠ᠎ᠶ᠋ᠢ ᠲᠦᠷᠭᠡᠳᠭᠡᠨ᠎ᠡ
ᠨᠢᠭᠡᠲᠦᠭᠡᠷ ᠬᠡᠰᠡᠭ ᠬᠠᠲᠤᠨ ᠭᠤᠣᠯ᠎ᠤᠨ ᠰᠠᠪᠠ ᠭᠠᠵᠠᠷ᠎ᠤᠨ ᠬᠠᠮᠢᠶᠠᠷᠤᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ
ᠬᠤᠶᠠᠳᠤᠭᠠᠷ ᠬᠡᠰᠡᠭ ᠠᠮᠢ ᠠᠬᠤᠢ᠎ᠶ᠋ᠢᠨ ᠦᠢᠯᠡᠳᠬᠦᠨ᠎ᠤ ᠦᠷᠲᠡᠭ᠎ᠢ ᠪᠡᠶᠡᠯᠡᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ
ᠭᠤᠷᠪᠠᠳᠤᠭᠠᠷ ᠬᠡᠰᠡᠭ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢᠨ ᠡᠷᠴᠢᠮ᠎ᠢ ᠴᠢᠩᠭᠠᠷᠠᠭᠤᠯᠤᠨ᠎ᠠ
ᠲᠦᠷᠪᠡᠲᠦᠭᠡᠷ ᠬᠡᠰᠡᠭ 《ᠨᠢᠭᠡ ᠪᠦᠰᠡ ᠨᠢᠭᠡ ᠵᠠᠮ》 ᠢ ᠬᠠᠮᠲᠤ᠎ᠪᠠᠷ ᠪᠦᠲᠦᠭᠡᠨ ᠪᠠᠢᠭᠤᠯᠬᠤ᠎ᠳᠤ ᠭᠦᠨᠵᠡᠭᠡᠢ ᠠᠭᠤᠰᠤᠯᠴᠠᠨ᠎ᠠ
ᠲᠠᠪᠤᠳᠤᠭᠠᠷ ᠬᠡᠰᠡᠭ ᠣᠷᠣᠨ ᠪᠦᠰᠡ᠎ᠶ᠋ᠢᠨ ᠬᠤᠭᠤᠷᠣᠨᠳᠣᠬᠢ ᠨᠡᠭᠡᠭᠡᠯᠲᠡ ᠬᠢᠵᠦ᠍ ᠬᠠᠮᠲᠤᠷᠠᠯᠴᠠᠬᠤ ᠲᠣᠭ᠍ᠲᠠᠴᠠ᠎ᠶ᠋ᠢ ᠪᠦᠷᠢᠨᠱᠢᠭᠦᠯᠦᠨ᠎ᠡ
ᠠᠷᠪᠠᠨ ᠲᠠᠪᠤᠳᠤᠭᠠᠷ ᠪᠦᠯᠦᠭ ᠲᠥᠯᠥᠪᠵᠢᠭᠦᠯᠭᠡ ᠬᠡᠷᠡᠭ᠌ᠵᠢᠭᠦᠯᠦᠯᠲᠡ᠎ᠶ᠋ᠢ ᠠᠬᠢᠭᠤᠯᠤᠨ᠎ᠠ
ᠨᠢᠭᠡᠲᠦᠭᠡᠷ ᠬᠡᠰᠡᠭ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠨ᠎ᠠ
ᠬᠤᠶᠠᠳᠤᠭᠠᠷ ᠬᠡᠰᠡᠭ ᠬᠠᠤᠯᠢᠵᠢᠯ᠎ᠤᠨ ᠪᠠᠲᠤᠯᠠᠭ᠎ᠠ᠎ᠶ᠋ᠢ ᠴᠢᠩᠭᠠᠳᠭᠠᠨ᠎ᠠ
ᠭᠤᠷᠪᠠᠳᠤᠭᠠᠷ ᠬᠡᠰᠡᠭ ᠤᠯᠤᠰ᠎ᠤᠨ ᠭᠠᠵᠠᠷ ᠱᠢᠷᠤᠢ᠎ᠶ᠋ᠢᠨ ᠵᠠᠰᠠᠯᠳᠠ᠎ᠶ᠋ᠢᠨ ᠴᠢᠳᠠᠪᠤᠷᠢ᠎ᠶ᠋ᠢ ᠴᠢᠩᠭᠠᠳᠭᠠᠨ᠎ᠠ
ᠲᠦᠷᠪᠡᠲᠦᠭᠡᠷ ᠬᠡᠰᠡᠭ ᠲᠥᠯᠥᠪᠵᠢᠭᠦᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ
ᠲᠠᠪᠤᠳᠤᠭᠠᠷ ᠬᠡᠰᠡᠭ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ ᠲᠡᠬᠦᠯᠳᠡᠷᠵᠢᠬᠦᠯᠦᠨ᠎ᠠ
ᠡᠮᠦᠨᠡᠬᠢ ᠦᠭᠡ
ᠨᠠᠮ᠎ᠤᠨ ᠠᠷᠪᠠᠨ ᠨᠠᠢ᠍ᠮᠠᠳᠣᠭᠠᠷ ᠶᠡᠭᠡ ᠬᠤᠷᠠᠯ᠎ᠠᠴᠠ ᠨᠠᠭᠠᠰᠢ᠂ ᠶᠡᠷᠦᠩᠬᠡᠶ ᠱᠦᠵᠢ ᠰᠢ᠎ᠶ᠋ᠢᠨ ᠫᠢᠩ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠪᠠᠢᠳᠠᠯ᠎ᠢ ᠣᠯᠠᠨ ᠤᠳᠠᠭ᠎ᠠ ᠲᠤᠬᠠᠶ᠎ᠶ᠋ᠢᠨ ᠭᠠᠵᠠᠷ᠎ᠲᠤᠨᠢ ᠱᠢᠨᠵᠢᠯᠡᠨ ᠪᠠᠢᠴᠠᠭᠠᠵᠤ᠂ 《ᠭᠤᠷᠪᠠᠨ ᠮᠥᠷᠡᠨ》 ᠤ ᠡᠬᠢ᠂ ᠴᠢ ᠯᠢᠶᠠᠨ ᠱᠠᠨ ᠠᠭᠤᠯᠠ᠂ ᠴᠢᠨᠯᠢᠩ ᠳᠠᠪᠠᠭ᠎ᠠ᠂ ᠠᠯᠠᠱᠠ ᠠᠭᠤᠯᠠ ᠵᠡᠷᠭᠡ ᠭᠤᠤᠯᠳᠠᠯᠭ᠎ᠠ᠎ᠲᠠᠢ ᠣᠷᠣᠨ ᠪᠦᠰᠡ᠎ᠶ᠋ᠢᠨ ᠠᠮᠢ ᠠᠬᠤᠶ᠎ᠶ᠋ᠢᠨ ᠬᠠᠮᠠᠭᠠᠯᠠᠯᠲᠠ ᠪᠥᠲᠥᠭᠡᠨ ᠪᠠᠢᠭᠤᠯᠤᠯᠲᠠ᠎ᠶ᠋ᠢᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠥᠭ᠌ᠴᠡᠶ᠃ ᠶᠡᠷᠦᠩᠬᠡᠶ ᠱᠦᠵᠢ ᠰᠢ᠎ᠶ᠋ᠢᠨ ᠫᠢᠩ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠪᠣᠯ ᠤᠯᠤᠰ᠎ᠤᠨ ᠴᠢᠬᠤᠯᠠ ᠶᠡᠭᠡ ᠪᠠᠢᠯᠳᠤᠬᠤ ᠪᠣᠳᠣᠯᠭ᠎ᠠ ᠮᠥᠨ᠂ ᠶᠡᠭᠡ ᠬᠠᠮᠠᠭᠠᠯᠠᠯᠲᠠ᠎ᠶ᠋ᠢ ᠬᠠᠮᠲᠤ᠎ᠪᠠᠷ ᠰᠠᠢᠲᠤᠷ ᠠᠳᠭᠤᠵᠤ᠂ ᠶᠡᠭᠡ ᠵᠠᠰᠠᠯᠲᠠ᠎ᠶ᠋ᠢ ᠬᠠᠮᠵᠢᠯᠴᠠᠨ ᠠᠬᠢᠭᠤᠯᠵᠤ᠂ ᠠᠮᠢ ᠠᠬᠤᠶ᠎ᠶ᠋ᠢᠨ ᠬᠠᠮᠠᠭᠠᠯᠠᠯᠲᠠ ᠵᠠᠰᠠᠯᠲᠠ᠎ᠶ᠋ᠢ ᠬᠦᠴᠦᠯᠡᠨ ᠴᠢᠩᠭᠠᠳᠭᠠᠵᠤ᠂ ᠬᠠᠲᠤᠨ ᠭᠤᠤᠯ᠎ᠤᠨ ᠤᠰᠤ ᠵᠢᠯ᠎ᠤᠨ ᠵᠢᠯ᠎ᠳᠡᠭᠡᠨ ᠠᠮᠤᠷ ᠲᠤᠬ᠍ᠲᠠᠭᠤᠨ ᠪᠠᠢᠬᠤ ᠥᠨᠢ ᠤᠳᠠᠭᠠᠨ ᠠᠮᠤᠷ ᠲᠦᠪᠱᠢᠨ ᠪᠠᠢᠬᠤ᠎ᠶ᠋ᠢ ᠪᠠᠲᠤᠯᠠᠵᠤ᠂ ᠪᠥᠬᠦ᠌ ᠰᠠᠪᠠ ᠭᠠᠵᠠᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠠᠷᠠᠳ ᠣᠯᠠᠨ᠎ᠤ ᠠᠮᠢᠳᠤᠷᠠᠯ᠎ᠢ ᠰᠠᠢᠵᠢᠷᠠᠭᠤᠯᠵᠤ᠂ ᠬᠠᠲᠤᠨ ᠭᠤᠤᠯ᠎ᠤᠨ ᠰᠣᠶᠣᠯ᠎ᠢ ᠬᠠᠮᠠᠭᠠᠯᠠᠨ ᠤᠯᠠᠮᠵᠢᠯᠠᠵᠤ᠂ ᠬᠠᠲᠤᠨ ᠭᠤᠤᠯ᠎ᠢ ᠠᠷᠠᠳ ᠲᠦᠮᠡᠨ᠎ᠳᠤ ᠪᠤᠶᠠᠨ ᠦᠢᠯᠡᠳᠬᠦ᠌ ᠵᠢᠷᠭᠠᠯ᠎ᠤᠨ ᠭᠤᠤᠯ ᠪᠣᠯᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠠᠲᠤᠨ ᠭᠤᠣᠯ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠪᠠᠶᠠᠨᠬᠠᠷ᠎ᠠ ᠠᠭᠤᠯᠠ᠎ᠶ᠋ᠢᠨ ᠠᠷᠤ ᠬᠤᠷᠮᠣᠶ᠎ᠠᠴᠠ ᠡᠬᠢ ᠠᠪᠴᠤ᠌᠂ 《几》 ᠦᠰᠦᠭ᠎ᠤᠨ ᠲᠤᠬᠤᠢ᠍ᠢᠯᠠᠬ᠍ᠰᠠᠨ ᠬᠡᠯᠪᠡᠷᠢ᠎ᠪᠠᠷ ᠬᠥᠬᠡᠨᠠᠭᠤᠷ᠂ ᠰᠧᠴᠤᠸᠠᠨ᠂ ᠭᠠᠨᠰᠦ᠂ ᠨᠢᠩᠱᠢᠶᠠ᠂ ᠥᠪᠥᠷ ᠮᠣᠩᠭᠤᠯ᠂ ᠱᠠᠨ ᠰᠢ᠂ ᠱᠠᠨᠰᠢ᠂ ᠾᠧᠨᠠᠨ᠂ ᠱᠠᠨᠳᠦ᠋ᠩ ᠵᠡᠷᠭᠡ 9 ᠮᠤᠵᠢ ᠦᠪᠡᠷᠳᠡᠭᠡᠨ ᠵᠠᠰᠠᠬᠤ ᠣᠷᠣᠨ᠎ᠢᠶᠠᠷ ᠤᠷᠤᠰ᠎ᠤᠨ ᠥᠩᠭᠡᠷᠡᠵᠦ᠍᠂ ᠪᠦᠬᠦ᠌ ᠣᠷᠳᠣᠨ᠎ᠢ 5464 ᠺᠢᠯᠣᠮᠧᠲᠷ ᠪᠠᠢᠵᠤ᠂ ᠮᠠᠨ᠎ᠤ ᠤᠯᠤᠰ᠎ᠤᠨ ᠬᠤᠶᠠᠳᠤᠭᠠᠷ ᠤᠷᠲᠤ ᠭᠤᠣᠯ ᠪᠣᠯᠤᠨ᠎ᠠ᠃ ᠬᠠᠳᠤᠨ ᠭᠤᠣᠯ᠎ᠤᠨ ᠰᠠᠪᠠ ᠭᠠᠵᠠᠷ ᠪᠠᠷᠠᠭᠤᠨᠰᠢ᠎ᠪᠠᠨ ᠺᠦᠨᠯᠦ᠋ᠨ ᠠᠭᠤᠯᠠ᠎ᠲᠠᠢ ᠵᠠᠯᠭᠠᠯᠳᠤᠵᠤ᠂ ᠤᠮᠠᠷᠠᠰᠢ᠎ᠪᠠᠨ ᠮᠤᠨᠢ ᠠᠭᠤᠯᠠᠨ᠎ᠳᠤ ᠬᠦᠷᠴᠦ᠍᠂ ᠡᠮᠦᠨᠡᠰᠢ ᠴᠢᠨᠯᠢᠩ ᠳᠠᠪᠠᠭ᠎ᠠ᠎ᠶ᠋ᠢ ᠲᠦᠱᠢᠵᠦ᠍᠂ ᠵᠡᠭᠦᠨᠰᠢ ᠪᠦᠸᠧᠬᠠᠢ ᠲᠠᠩᠭᠢᠰ᠎ᠲᠠᠢ ᠨᠢᠭᠤᠷᠯᠠᠵᠤ᠂ ᠵᠡᠭᠦᠨ ᠳᠤᠮᠳᠠ ᠪᠠᠷᠠᠭᠤᠨ ᠣᠷᠣᠨ᠎ᠢ ᠰᠤᠨᠳᠠᠯᠠᠵᠤ᠂ ᠮᠠᠨ᠎ᠤ ᠤᠯᠤᠰ᠎ᠤᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ ᠪᠣᠯᠬᠤ ᠪᠥᠭᠡᠳ ᠪᠠᠰᠠ ᠬᠥᠮᠦᠨ ᠠᠮᠠ᠎ᠶ᠋ᠢᠨ ᠠᠵᠢᠯᠯᠠᠭ᠎ᠠ ᠪᠠ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠴᠢᠬᠤᠯᠠ ᠣᠷᠣᠨ ᠪᠦᠰᠡ ᠪᠠᠢᠵᠤ᠂ ᠤᠯᠤᠰ᠎ᠤᠨ ᠬᠥᠭ᠌ᠵᠢᠯᠲᠡ᠎ᠶ᠋ᠢᠨ ᠶᠡᠭᠡ ᠲᠠᠯ᠎ᠠ ᠪᠠ ᠨᠡᠢᠭᠡᠮ ᠵᠢᠷᠤᠮᠲᠦ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠳᠤ ᠮᠠᠰᠢ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠪᠠᠢᠷᠢ ᠰᠠᠭᠤᠷᠢ᠎ᠲᠠᠢ ᠶᠤᠮ᠃
ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠪᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ᠎ᠶ᠋ᠢᠨ ᠲᠦᠯᠦᠭᠡ᠂ 《ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠥᠲᠥᠯᠪᠦᠷᠢ》 ᠶ᠋ᠢ ᠨᠠᠢᠷᠠᠭᠤᠯᠤᠨ ᠵᠣᠬᠢᠶᠠᠪᠠ᠃ ᠲᠥᠯᠥᠪᠵᠢᠭᠦᠯᠭᠡ᠎ᠶ᠋ᠢᠨ ᠬᠡᠪᠴᠢᠶ᠎ᠡ ᠪᠣᠯ ᠬᠠᠲᠤᠨ ᠭᠤᠤᠯ᠎ᠤᠨ ᠭᠤᠤᠯ ᠴᠢᠳᠭᠤᠯᠠᠩᠤᠨ ᠤᠷᠤᠰ᠎ᠤᠨ ᠥᠩᠭᠡᠷᠡᠬᠦ᠌ ᠬᠥᠬᠡᠨᠠᠭᠤᠷ᠂ ᠰᠧᠴᠤᠸᠠᠨ᠂ ᠭᠠᠨᠰᠦ᠂ ᠨᠢᠩᠱᠢᠶᠠ᠂ ᠥᠪᠥᠷ ᠮᠣᠩᠭᠤᠯ᠂ ᠱᠠᠨ ᠰᠢ᠂ ᠱᠠᠨᠰᠢ᠂ ᠾᠧᠨᠠᠨ᠂ ᠱᠠᠨᠳᠦ᠋ᠩ ᠵᠡᠷᠭᠡ 9 ᠮᠤᠵᠢ ᠦᠪᠡᠷᠳᠡᠭᠡᠨ ᠵᠠᠰᠠᠬᠤ ᠣᠷᠣᠨ᠎ᠤ ᠬᠠᠮᠢᠶ᠎ᠠ ᠪᠥᠬᠦᠶ ᠱᠢᠶᠠᠨ᠎ᠤ ᠱᠠᠲᠤᠨ᠎ᠤ ᠵᠠᠰᠠᠭ ᠵᠠᠬᠢᠷᠭᠠᠨ᠎ᠤ ᠣᠷᠣᠨ ᠪᠣᠯᠤᠨ᠎ᠠ᠂ ᠤᠯᠤᠰ᠎ᠤᠨ ᠨᠤᠲᠤᠭ ᠳᠡᠪᠢᠰᠭᠡᠷ᠎ᠤᠨ ᠲᠠᠯᠠᠪᠠᠶ᠎ᠨᠢ ᠪᠠᠷᠤᠭ 130 ᠲᠦᠮᠡᠨ ᠲᠡᠭ᠌ᠰᠢ ᠳᠥᠷᠪᠡᠯᠵᠢᠨ ᠺᠢᠯᠣᠮᠧᠲᠷ ᠪᠠᠢᠵᠤ᠂ 2019 ᠣᠨ᠎ᠤ ᠵᠢᠯ᠎ᠤᠨ ᠡᠴᠦᠰ᠎ᠤᠨ ᠪᠥᠬᠦ᠌ ᠬᠥᠮᠦᠨ ᠠᠮᠠ ᠪᠠᠷᠤᠭ 1.6 ᠳ᠋ᠦᠩᠱᠢᠭᠤᠷ ᠪᠠᠢᠪᠠ᠃ ᠴᠢᠬᠤᠯᠠ ᠠᠮᠢ ᠠᠬᠤᠢ᠎ᠶ᠋ᠢᠨ ᠱᠢᠰᠲ᠋ᠧᠮ᠎ᠤᠨ ᠪᠦᠷᠢᠨ ᠪᠦᠲᠦᠨ ᠴᠢᠨᠠᠷ᠂ ᠡᠬᠢ ᠪᠠᠶᠠᠯᠢᠭ᠎ᠤᠨ ᠲᠤᠬᠢᠷᠠᠭᠤᠯᠤᠯᠳᠠ᠎ᠶ᠋ᠢᠨ ᠵᠦᠢ ᠶᠣᠰᠣᠴᠢ ᠴᠢᠨᠠᠷ᠂ ᠰᠣᠶᠣᠯ᠎ᠤᠨ ᠬᠠᠮᠠᠭᠠᠯᠠᠯᠲᠠ᠎ᠶ᠋ᠢ ᠤᠯᠠᠮᠵᠢᠯᠠᠨ ᠪᠠᠳᠠᠷᠠᠭᠤᠯᠬᠤ᠎ᠶ᠋ᠢᠨ ᠬᠤᠯᠪᠣᠭ᠍ᠳᠠᠯ᠎ᠳᠤ ᠴᠢᠨᠠᠷ᠎ᠢ ᠪᠠᠲᠤᠯᠠᠬᠤ᠎ᠶ᠋ᠢᠨ ᠲᠥᠯᠥᠭᠡ᠂ ᠠᠮᠢ ᠠᠬᠤᠢ᠂ ᠠᠵᠤ ᠠᠬᠤᠢ᠂ ᠰᠣᠶᠣᠯ ᠵᠡᠷᠭᠡ ᠬᠦᠷᠢᠶᠡᠨ᠎ᠤ ᠠᠷᠭ᠎ᠠ ᠬᠡᠮᠵᠢᠶ᠎ᠡ᠎ᠶ᠋ᠢ ᠲᠥᠰᠦᠪᠯᠡᠨ ᠬᠡᠷᠡᠭ᠌ᠵᠢᠭᠦᠯᠬᠦ᠌᠎ᠳᠡᠭᠡᠨ᠂ ᠪᠣᠳᠠᠲᠤ ᠪᠠᠢᠳᠠᠯ᠎ᠢ ᠦᠨᠳᠦᠰᠦᠯᠡᠨ ᠨᠢᠭ᠍ᠲᠠ ᠬᠠᠷᠢᠯᠴᠠᠭ᠎ᠠ᠎ᠲᠠᠢ ᠣᠷᠣᠨ ᠪᠦᠰᠡ᠎ᠶ᠋ᠢ ᠬᠠᠮᠲᠤᠳᠤᠨᠢ ᠬᠠᠷᠠᠭᠠᠯᠵᠠᠵᠤ ᠪᠣᠯᠤᠨ᠎ᠠ᠃
ᠲᠣᠰ ᠲᠥᠯᠥᠪᠵᠢᠭᠦᠯᠭᠡ᠎ᠶ᠋ᠢᠨ ᠬᠥᠲᠥᠯᠪᠦᠷᠢ ᠪᠣᠯ ᠣᠳᠣᠬᠠᠨ᠎ᠤ ᠪᠠ ᠬᠤᠢᠱᠢᠳᠠ᠎ᠶ᠋ᠢᠨ ᠬᠡᠰᠡᠭ ᠬᠤᠭᠤᠴᠠᠭᠠᠨ᠎ᠤ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠶ ᠬᠥᠭ᠌ᠵᠢᠯᠲᠡ᠎ᠶ᠋ᠢ ᠵᠢᠯᠣᠭᠤᠳᠭᠤ ᠬᠥᠲᠥᠯᠪᠦᠷᠢ᠎ᠶ᠋ᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠂ ᠬᠠᠮᠢᠶ᠎ᠠ ᠪᠥᠬᠦᠶ ᠲᠥᠯᠥᠪᠵᠢᠭᠦᠯᠭᠡ᠎ᠶ᠋ᠢᠨ ᠲᠥᠰᠦᠯ᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌ ᠪᠠ ᠬᠠᠮᠢᠶ᠎ᠠ ᠪᠥᠬᠦᠶ ᠢᠨᠵᠧᠨᠧᠷᠢᠩ᠎ᠤᠨ ᠲᠥᠷᠥᠯ ᠵᠦᠢᠯ᠎ᠢ ᠪᠥᠲᠥᠭᠡᠨ ᠪᠠᠢᠭᠤᠯᠬᠤ᠎ᠶ᠋ᠢᠨ ᠴᠢᠬᠤᠯᠠ ᠦᠨᠳᠦᠰᠦᠯᠡᠯ ᠪᠣᠯᠤᠨ᠎ᠠ᠃ ᠲᠥᠯᠥᠪᠵᠢᠭᠦᠯᠭᠡ᠎ᠶ᠋ᠢᠨ ᠬᠤᠭᠤᠴᠠᠭ᠎ᠠ᠎ᠨᠢ 2030 ᠤᠨ᠂ ᠳᠤᠮᠳᠠ ᠬᠤᠭᠤᠴᠠᠭᠠᠨ᠎ᠤ ᠪᠠᠷᠠᠯᠠᠯ᠎ᠨᠢ 2035 ᠤᠨ᠎ᠳᠤ ᠬᠦᠷᠴᠦ᠍᠂ ᠠᠯᠤᠰ ᠬᠤᠭᠤᠴᠠᠭᠠᠨ᠎ᠤ ᠪᠠᠷᠠᠯᠠᠯ᠎ᠨᠢ ᠲᠤᠰ ᠵᠠᠭᠤᠨ᠎ᠤ ᠳᠤᠮᠳᠠᠴᠢ ᠦᠶ᠎ᠡ ᠬᠦᠷᠦᠨ᠎ᠡ᠃
ᠨᠢᠭᠡᠳᠦᠭᠡᠷ ᠪᠦᠯᠦᠭ ᠬᠥᠭ᠌ᠵᠢᠯᠲᠡ᠎ᠶ᠋ᠢᠨ ᠠᠬᠤᠢ ᠪᠠᠢᠳᠠᠯ
ᠬᠠᠳᠤᠨ ᠭᠤᠣᠯ ᠪᠣᠯ ᠳᠤᠮᠳᠠᠳᠤ᠎ᠶ᠋ᠢᠨ ᠦᠨᠳᠦᠰᠦᠲᠡᠨ᠎ᠤ ᠡᠭᠡ ᠭᠤᠣᠯ ᠮᠦᠨ᠂ ᠤᠷᠲᠦ ᠤᠳᠠᠭᠠᠨ ᠲᠡᠥᠭᠡ᠎ᠲᠠᠢ ᠪᠥᠭᠡᠳ ᠠᠭᠤᠤ ᠶᠡᠭᠡ ᠳᠤᠮᠳᠠᠳᠤ᠎ᠶ᠋ᠢᠨ ᠪᠣᠯᠪᠠᠰᠤᠨ᠎ᠢ ᠪᠤᠢ ᠪᠣᠯᠭᠠᠪᠠ᠂ ᠬᠠᠳᠤᠨ ᠭᠤᠣᠯ᠎ᠢ ᠬᠠᠮᠠᠭᠠᠯᠠᠬᠤ ᠪᠣᠯ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠳᠤ ᠬᠤᠯᠪᠣᠭ᠍ᠳᠠᠬᠤ ᠮᠢᠩᠭᠠᠨ ᠣᠨ᠎ᠤ ᠶᠡᠭᠡ ᠪᠤᠳᠤᠯᠭ᠎ᠠ ᠮᠥᠨ᠃
ᠨᠢᠭᠡᠳᠦᠭᠡᠷ ᠬᠡᠰᠡᠭ ᠬᠥᠭ᠌ᠵᠢᠯᠲᠡ᠎ᠶ᠋ᠢᠨ ᠥᠩᠭᠡᠷᠡᠯᠲᠡ
ᠠᠯᠢ ᠡᠷᠲᠡ ᠦᠶ᠎ᠡ᠎ᠳᠤ᠂ ᠬᠠᠲᠤᠨ ᠭᠤᠣᠯ᠎ᠤᠨ ᠰᠠᠪᠠ ᠭᠠᠵᠠᠷ ᠪᠣᠯ ᠳᠠᠷᠤᠢ ᠳᠤᠮᠳᠠᠳᠤ᠎ᠶ᠋ᠢᠨ ᠡᠪᠦᠭᠡ ᠳᠡᠭᠡᠳᠦᠰ᠎ᠤᠨ ᠤᠷᠤᠱᠢᠨ ᠠᠮᠢᠳᠤᠷᠠᠵᠤ ᠪᠠᠢᠭ᠍ᠰᠠᠨ ᠴᠢᠬᠤᠯᠠ ᠭᠡᠷ ᠣᠷᠣᠨ ᠮᠥᠨ᠃ ᠳᠤᠮᠳᠠᠳᠤ᠎ᠶ᠋ᠢᠨ ᠪᠣᠯᠪᠠᠰᠤᠨ᠎ᠤ ᠡᠷᠳᠡᠨ ᠡᠳᠦᠭᠡ ᠲᠠᠪᠤᠨ ᠮᠢᠩᠭᠠᠨ ᠵᠢᠯ᠎ᠤᠨ 3000 ᠭᠠᠷᠤᠢ ᠵᠢᠯ᠎ᠤᠨ ᠤᠷᠳᠤ ᠬᠤᠭᠤᠴᠠᠭᠠᠨ᠎ᠳᠤ᠂ ᠬᠠᠳᠤᠨ ᠭᠤᠣᠯ᠎ᠤᠨ ᠰᠠᠪᠠ ᠭᠠᠵᠠᠷ᠎ᠨᠢ ᠪᠦᠬᠦ᠌ ᠤᠯᠤᠰ᠎ᠤᠨ ᠤᠯᠤᠰ ᠲᠦᠷᠦ᠍᠂ ᠠᠵᠤ ᠠᠬᠤᠢ ᠪᠣᠯᠤᠨ ᠰᠣᠶᠣᠯ᠎ᠤᠨ ᠲᠥᠪ ᠪᠣᠯᠤᠭ᠍ᠰᠠᠭᠠᠷ ᠢᠷᠡᠵᠦ᠍᠂ ᠬᠠᠳᠤᠨ ᠭᠤᠣᠯ᠎ᠤᠨ ᠰᠠᠪᠠ ᠭᠠᠵᠠᠷ᠎ᠢᠶᠠᠷ ᠲᠥᠯᠥᠭᠡᠯᠡᠭᠦᠯᠦᠭ᠌ᠰᠡᠨ ᠮᠠᠨ᠎ᠤ ᠤᠯᠤᠰ᠎ᠤᠨ ᠡᠷᠲᠡᠨ᠎ᠤ ᠬᠥᠭ᠌ᠵᠢᠯᠲᠡ᠎ᠶ᠋ᠢᠨ ᠲᠦᠪᠱᠢᠨ ᠤᠷᠳᠤ ᠬᠤᠭᠤᠴᠠᠭ᠎ᠠ᠎ᠪᠠᠷ ᠳᠡᠯᠡᠬᠡᠢ᠎ᠳᠤ ᠲᠦᠷᠦᠭᠦᠯᠡᠭ᠌ᠰᠡᠭᠡᠷ ᠢᠷᠡᠵᠠᠢ᠃ ᠶᠢᠰᠦ ᠮᠤᠷᠦ᠋ᠢᠬ᠍ᠰᠠᠨ ᠬᠠᠳᠤᠨ ᠭᠤᠤᠯ ᠠᠨᠠᠪᠠᠳ ᠳᠠᠯᠠᠢ᠎ᠳᠤ ᠴᠢᠳᠭᠤᠯᠠᠨ᠂ ᠨᠤᠭᠤᠷᠠᠰᠢ ᠦᠭᠡᠢ ᠰᠦᠷ ᠳᠠᠯᠠᠢᠴᠠᠳᠠᠢ ᠬᠦᠴᠦᠨ᠎ᠢᠶᠠᠷ ᠳᠤᠮᠳᠠᠳᠤ᠎ᠶ᠋ᠢᠨ ᠦᠨᠳᠦᠰᠦᠲᠡᠨ᠎ᠤ ᠴᠦᠬᠦᠷᠡᠯᠳᠡ ᠦᠭᠡᠢ ᠴᠢᠷᠮᠠᠢᠬᠤ ᠠᠭᠤᠤ ᠶᠡᠭᠡ ᠬᠡᠪ ᠨᠠᠮᠪᠠ᠎ᠶ᠋ᠢ ᠪᠦᠷᠢᠯᠳᠦᠭᠦᠯᠵᠦ᠍᠂ ᠦᠨᠳᠦᠰᠦᠲᠡᠨ᠎ᠤ ᠵᠣᠷᠢᠭ ᠰᠠᠨᠠᠭᠠᠨ᠎ᠤ ᠴᠢᠬᠤᠯᠠ ᠪᠡᠯᠭᠡ ᠲᠡᠮᠳᠡᠭ ᠪᠣᠯᠵᠠᠶ᠃
ᠬᠠᠲᠤᠨ ᠭᠤᠤᠯ ᠪᠣᠯ ᠪᠥᠬᠦ᠌ ᠳᠡᠯᠡᠬᠡᠶ᠎ᠶ᠋ᠢᠨ ᠡᠯᠡᠰᠦ ᠱᠢᠷᠦᠢ᠎ᠶ᠋ᠢᠨ ᠠᠭᠤᠯᠤᠭ᠍ᠳᠠᠴᠠ᠎ᠪᠠᠷ ᠬᠠᠮᠤᠭ᠎ᠤᠨ ᠥᠨᠳᠥᠷ᠂ ᠵᠠᠰᠠᠬᠤ ᠬᠦᠴᠢᠷᠳᠡᠯ᠎ᠢᠶᠠᠷ ᠬᠠᠮᠤᠭ᠎ᠤᠨ ᠶᠡᠭᠡ᠂ ᠤᠰᠤᠨ᠎ᠤ ᠭᠠᠮᠱᠢᠭ᠎ᠢᠶᠠᠷ ᠬᠦᠨᠳᠦ ᠨᠣᠴᠢᠲᠠᠶ ᠭᠤᠤᠯ ᠮᠥᠷᠡᠨ᠎ᠤ ᠨᠢᠭᠡ ᠪᠣᠯᠤᠨ᠎ᠠ᠂ ᠲᠡᠦᠬᠡᠨ ᠳᠡᠭᠡᠷ᠎ᠡ 《ᠭᠤᠷᠪᠠᠨ ᠵᠢᠯ᠎ᠳᠤ ᠬᠤᠶᠠᠷ ᠤᠳᠠᠭ᠎ᠠ ᠬᠠᠱᠢᠯᠭ᠎ᠠ ᠰᠡᠲᠡᠷᠡᠵᠦ᠍᠂ ᠵᠠᠭᠤᠨ ᠵᠢᠯ᠎ᠳᠤ ᠨᠢᠭᠡ ᠤᠳᠠᠭ᠎ᠠ ᠵᠠᠮ ᠰᠣᠯᠢᠬᠤ》 ᠪᠠᠢᠳᠠᠯ ᠭᠠᠷᠴᠤ᠌᠂ ᠦᠶᠡᠷ ᠤᠰᠤᠲᠤᠯ᠎ᠤᠨ ᠭᠠᠮᠱᠢᠭ᠎ᠤᠨ ᠨᠥᠯᠥᠭᠡᠯᠡᠭ᠌ᠰᠡᠨ ᠬᠡᠪᠴᠢᠶ᠎ᠡ᠎ᠨᠢ ᠤᠮᠠᠷᠠᠰᠢ ᠲᠢᠶᠠᠨᠵᠢᠨ᠎ᠳᠤ ᠬᠦᠷᠴᠦ᠍᠂ ᠡᠮᠦᠨᠡᠰᠢ ᠬᠥᠬᠡᠮᠥ᠋ᠷᠡᠨ ᠬᠤᠸᠠᠶ ᠾᠧ ᠭᠤᠤᠯ᠎ᠳᠤ ᠬᠦᠷᠴᠡᠶ᠃ ᠬᠠᠲᠤᠨ ᠭᠤᠣᠯ 《ᠠᠮᠠᠷᠬᠠᠨ ᠨᠦᠯᠦᠵᠦ᠍᠂ ᠠᠮᠠᠷᠬᠠᠨ ᠰᠠᠳᠠᠷᠠᠵᠦ᠍᠂ ᠠᠮᠠᠷᠬᠠᠨ ᠨᠡᠬᠦᠳᠡᠭ》 ᠪᠠᠢᠵᠤ᠂ ᠥᠩ ᠱᠢᠮᠡᠯᠢᠭ ᠤᠮᠠᠷᠠᠲᠤ ᠣᠷᠣᠨ᠎ᠤ ᠶᠡᠭᠡ ᠲᠠᠯ᠎ᠠ ᠭᠠᠵᠠᠷ᠎ᠢ ᠴᠣᠭ᠍ᠴᠠᠯᠠᠨ ᠪᠠᠢᠭᠤᠯᠬᠤ᠎ᠶ᠋ᠢᠨ ᠬᠠᠮᠲᠦ᠍᠂ ᠡᠷᠭᠢ ᠳᠠᠭᠠᠤ ᠣᠷᠣᠨ᠎ᠤ ᠠᠷᠠᠳ ᠲᠦᠮᠡᠨ᠎ᠳᠤ ᠬᠦᠨᠳᠦ ᠨᠣᠴᠢᠲᠠᠶ ᠭᠠᠶ ᠭᠠᠮᠱᠢᠭ ᠤᠴᠠᠷᠠᠭᠤᠯᠤᠭ᠍ᠰᠠᠨ ᠶᠤᠮ᠃ ᠳ᠋ᠠ ᠢᠦᠢ ᠤᠰᠤ ᠵᠠᠰᠠᠭ᠍ᠰᠠᠨ᠎ᠠᠴᠠ ᠫᠠᠨ ᠵᠶ᠋ᠢ ᠱᠢᠶᠦ᠋ᠨ᠎ᠤ 《ᠤᠰᠤ᠎ᠶ᠋ᠢ ᠬᠠᠱᠢᠵᠤ ᠡᠯᠡᠰᠦ᠎ᠶ᠋ᠢ ᠲᠠᠭᠠᠷᠢᠬ᠍ᠰᠠᠨ》 ᠬᠦᠷᠲᠡᠯ᠎ᠡ᠂ ᠬᠠᠨ ᠡᠦ ᠳ᠋ᠢ ᠬᠠᠭᠠᠨ᠎ᠤ ᠦᠶ᠎ᠡ᠎ᠶ᠋ᠢᠨ 《ᠬᠤ᠌ ᠽᠢᠶ᠋ᠢᠨ ᠠᠮᠠ᠎ᠶ᠋ᠢ ᠪᠥᠭ᠌ᠯᠡᠭ᠌ᠰᠡᠨ》 ᠠᠴᠠ ᠴᠢᠩ ᠤᠯᠤᠰ᠎ᠤᠨ ᠡᠩᠬᠡ ᠠᠮᠤᠭᠤᠯᠠᠩ ᠬᠠᠭᠠᠨ᠎ᠤ ᠦᠶ᠎ᠡ᠎ᠶ᠋ᠢᠨ 《ᠭᠤᠣᠯ᠎ᠤᠨ ᠶᠠᠪᠤᠳᠠᠯ᠂ ᠤᠰᠤᠨ᠎ᠤ ᠵᠥᠭᠡᠭᠡᠪᠦᠷᠢ》 ᠶ᠋ᠢ ᠣᠷᠳᠣᠨ᠎ᠤ ᠲᠤᠯᠭᠠᠭᠤᠷᠢ ᠳᠡᠭᠡᠷ᠎ᠡ ᠰᠡᠢᠯᠦᠭ᠌ᠰᠡᠨ ᠬᠦᠷᠲᠡᠯ᠎ᠡ᠂ ᠳᠤᠮᠳᠠᠳᠤ᠎ᠶ᠋ᠢᠨ ᠦᠨᠳᠦᠰᠦᠲᠡᠨ ᠢᠮᠠᠭ᠍ᠲᠠ ᠬᠠᠳᠤᠨ ᠭᠤᠣᠯ᠎ᠤᠨ ᠦᠶᠡᠷ ᠤᠰᠤᠲᠤᠯ ᠭᠠᠩ ᠬᠠᠭ᠍ᠰᠠᠷᠠᠭᠠᠨ᠎ᠲᠠᠢ ᠲᠡᠮᠡᠴᠡᠯ ᠬᠢᠭ᠌ᠰᠡᠭᠡᠷ ᠢᠷᠡᠵᠠᠢ᠃ ᠭᠡᠪᠡᠴᠦ᠍ ᠦᠢᠯᠡᠳᠪᠦᠷᠢᠯᠡᠯ᠎ᠤᠨ ᠬᠦᠴᠦᠨ᠎ᠤ ᠲᠦᠪᠱᠢᠨ ᠪᠣᠯᠤᠨ ᠨᠡᠢᠭᠡᠮ᠎ᠤᠨ ᠪᠠᠢᠭᠤᠯᠤᠯ᠎ᠤᠨ ᠬᠢᠵᠠᠭᠠᠷᠯᠠᠯ᠎ᠠᠴᠠ ᠪᠤᠯᠵᠤ᠂ 《ᠤᠰᠤ᠎ᠪᠠᠷ ᠴᠡᠷᠢᠭ᠎ᠢ ᠣᠷᠣᠯᠠᠭᠤᠯᠬᠤ》 ᠵᠡᠷᠭᠡ ᠵᠣᠷᠢᠭᠤᠳᠠ ᠡᠪᠳᠡᠯᠡᠭᠡ᠎ᠠᠴᠠ ᠪᠤᠯᠵᠤ᠂ ᠬᠠᠳᠤᠨ ᠭᠤᠣᠯ᠎ᠤᠨ 《ᠣᠯᠠᠨᠲᠠ ᠵᠠᠰᠠᠵᠤ ᠣᠯᠠᠨᠲᠠ ᠰᠡᠳᠡᠷᠡᠬᠦ᠌》 ᠪᠠᠢᠳᠠᠯ ᠶᠡᠷᠦ᠎ᠨᠢ ᠦᠨᠳᠦᠰᠦᠨ ᠬᠤᠪᠢᠷᠠᠯᠲᠠ ᠭᠠᠷᠤᠭ᠍ᠰᠠᠨ ᠦᠭᠡᠢ᠂ ᠬᠠᠳᠤᠨ ᠭᠤᠣᠯ ᠳᠠᠭᠠᠤ᠎ᠶ᠋ᠢᠨ ᠠᠷᠠᠳ ᠲᠦᠮᠡᠨ᠎ᠤ ᠠᠮᠤᠷ ᠠᠮᠤᠭᠤᠯᠠᠩ ᠵᠣᠯ ᠵᠢᠷᠭᠠᠯᠲᠤ ᠠᠮᠢᠳᠤᠷᠠᠯ᠎ᠤᠨ ᠲᠤᠬᠠᠢ ᠬᠦᠰᠡᠯ ᠶᠡᠷᠦ᠎ᠨᠢ ᠪᠡᠶᠡᠯᠡᠭ᠌ᠳᠡᠬᠦ᠌᠎ᠳᠤ ᠬᠦᠴᠢᠷ ᠪᠠᠢᠪᠠ᠃
ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ᠂ ᠮᠠᠤ ᠽᠧ ᠳ᠋ᠦᠩ ᠨᠥᠬᠦᠷ 1952 ᠣᠨ᠎ᠳᠤ 《ᠬᠠᠲᠤᠨ ᠭᠤᠣᠯ᠎ᠤᠨ ᠶᠠᠪᠤᠳᠠᠯ᠎ᠢ ᠰᠠᠢᠲᠤᠷ ᠬᠢᠬᠦ᠌ ᠬᠡᠷᠡᠭ᠌ᠲᠡᠢ》 ᠭᠡᠰᠡᠨ ᠠᠭᠤᠤ ᠶᠡᠭᠡ ᠤᠷᠢᠶᠠᠯᠠᠭ᠎ᠠ ᠭᠠᠷᠭᠠᠵᠤ᠂ ᠨᠠᠮ ᠪᠠ ᠤᠯᠤᠰ᠎ᠠᠴᠠ ᠡᠨᠡ ᠬᠦ᠌ ᠠᠵᠢᠯ᠎ᠢ ᠤᠯᠤᠰ᠎ᠢ ᠵᠠᠰᠠᠵᠤ ᠲᠦᠷᠦ᠎ᠶ᠋ᠢ ᠮᠠᠨᠳᠤᠭᠤᠯᠬᠤ ᠶᠡᠭᠡ ᠶᠠᠪᠤᠳᠠᠯ ᠪᠣᠯᠭᠠᠨ ᠠᠳᠭᠤᠪᠠ᠃ ᠨᠠᠮ᠎ᠤᠨ ᠠᠷᠪᠠᠨ ᠨᠠᠢ᠍ᠮᠠᠳᠣᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠤᠯ ᠪᠤᠯᠭᠠᠬ᠍ᠰᠠᠨ ᠨᠠᠮ᠎ᠤᠨ ᠲᠥᠪ ᠬᠤᠷᠢᠶ᠎ᠠ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠪᠥᠬᠦ᠌ ᠲᠠᠯ᠎ᠠ᠎ᠠᠴᠠ ᠪᠣᠳᠣᠯᠬᠢᠯᠠᠨ᠂ 《ᠤᠰᠤ ᠠᠷᠪᠢᠯᠠᠬᠤ᠎ᠶ᠋ᠢ ᠲᠡᠷᠢᠭᠦᠨ᠎ᠳᠤ ᠲᠠᠯᠪᠢᠬᠤ᠂ ᠣᠷᠣᠨ ᠵᠠᠶ᠎ᠶ᠋ᠢ ᠲᠡᠩᠴᠡᠭᠦᠷᠢᠲᠡᠶ ᠪᠠᠢᠯᠭᠠᠬᠤ᠂ ᠱᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ᠌》 ᠤᠰᠤ ᠵᠠᠰᠠᠬᠤ ᠰᠡᠳᠭᠢᠴᠡ᠎ᠶ᠋ᠢ ᠲᠣᠳᠣᠷᠬᠠᠶ ᠲᠣᠭ᠍ᠲᠠᠭᠠᠪᠠ᠃ ᠦᠶ᠎ᠡ ᠦᠶ᠎ᠡ᠎ᠶ᠋ᠢᠨ ᠱᠢᠷᠭᠠᠭᠤ ᠬᠠᠲᠠᠭᠤᠵᠢᠯᠲᠠᠢ ᠰᠦᠪᠡᠭ᠌ᠴᠢᠯᠡᠯ ᠪᠠ ᠴᠥᠬᠦᠷᠡᠰᠢ ᠦᠭᠡᠢ ᠴᠢᠷᠮᠠᠢᠯᠭ᠎ᠠ᠎ᠪᠠᠷ ᠳᠠᠮᠵᠢᠨ᠂ ᠬᠠᠳᠤᠨ ᠭᠤᠣᠯ᠎ᠤᠨ ᠵᠠᠰᠠᠯᠲᠠ ᠪᠠ ᠬᠠᠳᠤᠨ ᠭᠤᠣᠯ᠎ᠤᠨ ᠰᠠᠪᠠ ᠭᠠᠵᠠᠷ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ ᠴᠥᠮ ᠯᠤᠲᠤ ᠶᠡᠭᠡ ᠠᠮᠵᠢᠯᠲᠠ ᠣᠯᠵᠤ᠂ ᠬᠠᠳᠤᠨ ᠭᠤᠣᠯ᠎ᠤᠨ ᠵᠠᠰᠠᠯᠲᠠ ᠰᠠᠨᠠᠭᠠᠴᠢᠯᠠᠭ᠎ᠠ ᠦᠭᠡᠢ ᠪᠠᠢᠭ᠍ᠰᠠᠨ᠎ᠠᠴᠠ᠎ᠪᠠᠨ ᠰᠠᠨᠠᠭᠠᠴᠢᠯᠠᠭ᠎ᠠ᠎ᠲᠠᠢ ᠪᠣᠯᠤᠭ᠍ᠰᠠᠨ ᠲᠡᠦᠬᠡᠲᠦ ᠴᠢᠨᠠᠷᠲᠠᠢ ᠬᠤᠪᠢᠷᠠᠯᠲᠠ᠎ᠶ᠋ᠢ ᠪᠡᠶᠡᠯᠡᠭᠦᠯᠵᠦ᠍᠂ ᠬᠠᠳᠤᠨ ᠭᠤᠣᠯ᠎ᠤᠨ ᠠᠮᠤᠷ ᠲᠣᠭ᠍ᠲᠠᠭᠤᠨ ᠲᠡᠦᠬᠡᠨ ᠭᠠᠢᠬᠠᠮᠱᠢᠭ᠎ᠢ ᠡᠭᠦᠳᠴᠦ᠍᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ ᠢᠯᠡᠳᠲᠡ ᠳᠡᠭᠡᠭ᠌ᠰᠢᠯᠡᠵᠦ᠍᠂ ᠨᠠᠮ᠎ᠤᠨ ᠤᠳᠤᠷᠢᠳᠤᠯᠭ᠎ᠠ ᠪᠠ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠎ᠢ ᠭᠦᠢᠴᠡᠳ ᠢᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠳᠤᠨ ᠭᠤᠣᠯ᠎ᠢ ᠵᠠᠰᠠᠬᠤ ᠲᠡᠦᠬᠡᠨ ᠳᠡᠭᠡᠷᠡᠬᠢ ᠴᠣ᠌ ᠱᠢᠨ᠎ᠡ ᠬᠠᠭᠤᠳᠠᠰᠤ᠎ᠶ᠋ᠢ ᠪᠢᠴᠢᠭ᠌ᠯᠡᠭ᠌ᠰᠡᠨ ᠪᠠᠢᠨ᠎ᠠ᠃
ᠬᠤᠶᠠᠳᠤᠭᠠᠷ ᠬᠡᠰᠡᠭ ᠬᠦᠭ᠌ᠵᠢᠯᠲᠡ᠎ᠶ᠋ᠢᠨ ᠰᠠᠭᠤᠷᠢ
ᠠᠮᠢ ᠠᠬᠤᠢ᠎ᠶ᠋ᠢᠨ ᠲᠦᠷᠦᠯ ᠵᠦᠢᠯ ᠤᠯᠠᠨ ᠶᠠᠩᠵᠦ᠍ ᠪᠠᠢᠳᠠᠭ᠃ ᠬᠠᠲᠤᠨ ᠭᠤᠣᠯ᠎ᠤᠨ ᠰᠠᠪᠠ ᠭᠠᠵᠠᠷ᠎ᠨᠢ ᠬᠥᠬᠡᠨᠠᠭᠤᠷ ᠲᠥᠪᠡᠳ᠎ᠤᠨ ᠥᠨᠳᠦᠷᠯᠢᠭ᠂ ᠥᠪᠥᠷ ᠮᠣᠩᠭᠤᠯ᠎ᠤᠨ ᠥᠨᠳᠦᠷᠯᠢᠭ᠂ ᠱᠢᠷ᠎ᠠ ᠬᠥᠷᠥᠰᠥᠲᠦ ᠥᠨᠳᠦᠷᠯᠢᠭ᠂ ᠤᠮᠠᠷᠠᠲᠤ ᠣᠷᠣᠨ᠎ᠤ ᠲᠠᠯ᠎ᠠ ᠭᠠᠵᠠᠷ ᠵᠡᠷᠭᠡ ᠳᠥᠷᠪᠡᠨ ᠶᠡᠭᠡ ᠭᠠᠵᠠᠷ᠎ᠤᠨ ᠭᠠᠳᠠᠷᠭᠤ᠎ᠶ᠋ᠢᠨ ᠨᠢᠭᠡᠴᠢ ᠪᠠ ᠮᠠᠨ᠎ᠤ ᠤᠯᠤᠰ᠎ᠤᠨ ᠭᠠᠵᠠᠷ᠎ᠤᠨ ᠪᠠᠢᠴᠠ᠎ᠶ᠋ᠢᠨ ᠭᠤᠷᠪᠠᠨ ᠶᠡᠭᠡ ᠶᠡᠨᠳᠡᠷᠢ ᠰᠤᠨᠳᠠᠯᠠᠵᠤ᠂ ᠬᠠᠲᠤᠨ ᠭᠤᠣᠯ᠎ᠤᠨ ᠪᠠᠢᠭᠠᠯᠢ᠎ᠶ᠋ᠢᠨ ᠠᠮᠢ ᠠᠬᠤᠶ᠎ᠶ᠋ᠢᠨ ᠬᠤᠩᠭᠢᠯ ᠪᠠ ᠭᠤᠷᠪᠠᠨ ᠮᠥᠷᠡᠨ᠎ᠤ ᠡᠬᠢ᠂ ᠴᠢ ᠯᠢᠶᠠᠨ ᠱᠠᠨ ᠠᠭᠤᠯᠠ᠂ ᠷᠦᠸᠧ ᠡᠯ ᠭᠠᠢ ᠵᠡᠷᠭᠡ ᠣᠯᠠᠨ ᠴᠢᠬᠤᠯᠠ ᠠᠮᠢ ᠠᠬᠤᠶ᠎ᠶ᠋ᠢᠨ ᠴᠢᠳᠠᠮᠵᠢᠲᠤ ᠣᠷᠣᠨ᠎ᠲᠠᠢ ᠪᠠᠢᠳᠠᠭ᠃
ᠲᠠᠷᠢᠶᠠᠯᠠᠩ ᠮᠠᠯ ᠠᠵᠤ ᠠᠬᠤᠶ᠎ᠶ᠋ᠢᠨ ᠰᠠᠭᠤᠷᠢ ᠨᠡᠯᠢᠶᠡᠳ ᠰᠠᠢᠨ ᠪᠠᠢᠳᠠᠭ᠃ ᠬᠠᠲᠤᠨ ᠭᠤᠤᠯ ᠬᠤᠸᠠᠢ ᠾᠧ ᠭᠤᠤᠯ ᠬᠠᠶ ᠾᠧ ᠭᠤᠤᠯ᠎ᠤᠨ ᠲᠠᠯ᠎ᠠ ᠭᠠᠵᠠᠷ᠂ ᠹᠧᠨ ᠾᠧ ᠭᠤᠤᠯ ᠸᠧᠶ ᠾᠧ ᠭᠤᠤᠯ᠎ᠤᠨ ᠲᠠᠯ᠎ᠠ ᠭᠠᠵᠠᠷ᠂ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ ᠵᠡᠷᠭᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠤᠤᠯ ᠭᠠᠷᠤᠯᠲᠠ᠎ᠶ᠋ᠢᠨ ᠣᠷᠣᠨ᠎ᠢᠶᠠᠷ ᠲᠠᠷᠬᠠᠵᠤ᠂ ᠠᠮᠤ ᠪᠤᠳᠠᠭ᠎ᠠ ᠪᠠ ᠮᠢᠬᠠᠨ᠎ᠤ ᠲᠥᠷᠥᠯ᠎ᠤᠨ ᠭᠠᠷᠤᠯᠲᠠ᠎ᠨᠢ ᠪᠥᠬᠦ᠌ ᠤᠯᠤᠰ᠎ᠤᠨ ᠭᠤᠷᠪᠠᠨ᠎ᠤ ᠨᠢᠭᠡ ᠣᠷᠴᠢᠮ᠎ᠢ ᠡᠵᠡᠯᠡᠨ᠎ᠡ᠃
ᠡᠨᠧᠷᠭᠢ᠎ᠶ᠋ᠢᠨ ᠡᠬᠢ ᠪᠠᠶᠠᠯᠢᠭ ᠡᠯᠪᠡᠭ ᠳᠡᠯᠪᠡᠭ᠃ ᠨᠡᠭᠦᠷᠡᠰᠦ᠂ ᠴᠢᠯᠠᠭᠤᠨ ᠲᠣᠰᠣ᠂ ᠪᠠᠢᠭᠠᠯᠢ᠎ᠶ᠋ᠢᠨ ᠱᠢᠲᠠᠮᠠᠬᠠᠶ ᠬᠡᠢ ᠪᠣᠯᠤᠨ ᠥᠩᠭᠡᠲᠦ ᠲᠡᠮᠦᠷᠯᠢᠭ᠎ᠤᠨ ᠡᠬᠢ ᠪᠠᠶᠠᠯᠢᠭ᠎ᠤᠨ ᠬᠠᠳᠠᠭᠠᠯᠠᠭ᠍ᠳᠠᠴᠠ ᠡᠯᠪᠡᠭ ᠪᠠᠶᠠᠯᠢᠭ ᠪᠠᠢᠵᠤ᠂ ᠮᠠᠨ᠎ᠤ ᠤᠯᠤᠰ᠎ᠤᠨ ᠴᠢᠬᠤᠯᠠ ᠡᠨᠧᠷᠭᠢ᠂ ᠬᠢᠮᠢ᠎ᠶ᠋ᠢᠨ ᠠᠵᠤ ᠦᠢᠯᠡᠳᠪᠦᠷᠢ᠂ ᠲᠦᠭᠦᠬᠡᠶ ᠮᠠᠲ᠋ᠧᠷᠢᠶᠠᠯ ᠪᠣᠯᠤᠨ ᠰᠠᠭᠤᠷᠢ ᠠᠵᠤ ᠦᠢᠯᠡᠳᠪᠦᠷᠢ᠎ᠶ᠋ᠢᠨ ᠰᠠᠭᠤᠷᠢᠨ ᠪᠣᠯᠵᠠᠢ᠃
ᠰᠣᠶᠣᠯ᠎ᠤᠨ ᠰᠠᠭᠤᠷᠢ ᠭᠦᠨ ᠵᠤᠵᠠᠭᠠᠨ᠃ ᠾᠧ ᠬᠤᠸᠠᠩ᠎ᠤᠨ ᠰᠣᠶᠣᠯ᠂ ᠭᠤᠸᠠᠨ ᠵᠥᠩ᠎ᠤᠨ ᠰᠣᠶᠣᠯ᠂ ᠾᠧ ᠯᠦᠸᠧ᠎ᠶ᠋ᠢᠨ ᠰᠣᠶᠣᠯ᠂ ᠴᠢ ᠯᠦ᠍᠎ᠶ᠋ᠢᠨ ᠰᠣᠶᠣᠯ ᠵᠡᠷᠭᠡ ᠣᠨᠴᠠᠯᠢᠭ᠎ᠢᠶᠠᠷ ᠢᠯᠡ ᠲᠣᠳᠣ ᠣᠷᠣᠨ ᠨᠤᠲᠤᠭ᠎ᠤᠨ ᠰᠣᠶᠣᠯ᠎ᠢ ᠪᠤᠢᠵᠢᠭᠤᠯᠵᠤ᠂ ᠲᠡᠦᠬᠡ ᠰᠣᠶᠣᠯ᠎ᠤᠨ ᠥᠪ᠎ᠨᠢ ᠣᠳᠣᠨ ᠮᠡᠴᠢᠳ ᠮᠡᠲᠦ ᠲᠦᠭᠡᠭ᠌ᠰᠡᠨ ᠪᠠᠢᠨ᠎ᠠ᠃
ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠢᠯᠡᠳᠲᠡ ᠰᠠᠢᠵᠢᠷᠠᠪᠠ᠃ ᠲᠠᠰᠤᠷᠠᠯᠲᠠ ᠥᠬᠡᠶ ᠴᠢᠷᠮᠠᠢᠯᠭ᠎ᠠ᠎ᠪᠠᠷ ᠳᠡᠮᠵᠢᠨ᠂ ᠬᠠᠲᠤᠨ ᠭᠤᠤᠯ᠎ᠤᠨ ᠤᠰᠤ ᠡᠯᠡᠰᠦ᠎ᠶ᠋ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠱᠢᠰᠲ᠋ᠧᠮ᠎ᠢ ᠦᠨᠳᠦᠰᠦᠨ᠎ᠳᠡᠭᠡᠨ ᠪᠠᠢᠭᠤᠯᠵᠤ᠂ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠂ ᠰᠠᠪᠠ ᠭᠠᠵᠠᠷ᠎ᠤᠨ ᠤᠰᠤ ᠬᠡᠷᠡᠭ᠌ᠯᠡᠬᠦ᠌ ᠨᠡᠮᠡᠭ᠌ᠳᠡᠯ ᠬᠡᠲᠦ ᠲᠦᠷᠭᠡᠨ ᠪᠠᠢᠬᠤ ᠪᠠᠢᠳᠠᠯ᠎ᠢ ᠪᠦᠲᠦᠮᠵᠢᠲᠡᠶ ᠬᠢᠵᠠᠭᠠᠷᠯᠠᠵᠤ᠂ ᠬᠠᠲᠤᠨ ᠭᠤᠤᠯ 20 ᠵᠢᠯ ᠳᠠᠷᠠᠭᠠᠯᠠᠨ ᠤᠷᠤᠰᠭᠠᠯ ᠳᠠᠰᠤᠷᠠᠬ᠍ᠰᠠᠨ ᠦᠭᠡᠢ᠃ ᠤᠯᠤᠰ᠎ᠤᠨ ᠨᠤᠲᠤᠭ ᠳᠡᠪᠢᠰᠭᠡᠷ᠎ᠤᠨ ᠨᠣᠭᠤᠭᠠᠷᠠᠭᠤᠯᠤᠯᠲᠠ᠎ᠶ᠋ᠢᠨ ᠲᠦᠪᠱᠢᠨ ᠪᠠ ᠤᠰᠤᠨ᠎ᠤ ᠰᠤᠷᠪᠤᠯᠵᠢ᠎ᠶ᠋ᠢ ᠬᠠᠳᠠᠭᠠᠯᠠᠬᠤ ᠴᠢᠳᠠᠪᠤᠷᠢ ᠦᠷᠭᠦᠯᠵᠢᠯᠡᠨ ᠳᠡᠭᠡᠭ᠌ᠰᠢᠯᠡᠵᠦ᠍᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠬᠠᠮᠠᠭᠠᠯᠠᠨ ᠰᠡᠷᠭᠦᠭᠡᠬᠦ᠌ ᠠᠵᠢᠯ ᠲᠦᠷᠭᠡᠨ ᠠᠬᠢᠵᠤ᠂ ᠬᠥᠷᠥᠰᠥ᠍ ᠱᠢᠷᠣᠢ᠎ᠶ᠋ᠢᠨ ᠢᠳᠡᠭ᠌ᠳᠡᠯ᠎ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠴᠢᠨᠠᠷ ᠰᠠᠢᠲᠠᠢ ᠠᠮᠢ ᠠᠬᠤᠢ᠎ᠶ᠋ᠢᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢᠨ ᠴᠢᠳᠠᠪᠤᠷᠢ ᠴᠢᠨᠠᠬ᠍ᠰᠢᠳᠠ ᠴᠢᠩᠭᠠᠷᠠᠪᠠ᠃
ᠬᠥᠭ᠌ᠵᠢᠯᠲᠡ᠎ᠶ᠋ᠢᠨ ᠲᠦᠪᠱᠢᠨ ᠲᠠᠰᠤᠷᠠᠯᠲᠠ ᠦᠭᠡᠢ ᠳᠡᠭᠡᠭ᠌ᠰᠢᠯᠡᠪᠡ᠃ ᠭᠤᠣᠯ ᠬᠤᠳᠠ ᠪᠣᠯᠤᠨ ᠬᠤᠳᠠ᠎ᠶ᠋ᠢᠨ ᠪᠦᠯᠦᠭ᠌ᠵᠢᠯ᠎ᠤᠨ ᠪᠦᠳᠦᠬᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠪᠦᠬᠦ᠌ ᠤᠯᠤᠰ᠎ᠤᠨ ᠴᠢᠬᠤᠯᠠ ᠮᠠᠯ ᠠᠵᠤ ᠠᠬᠤᠢ ᠲᠠᠷᠢᠶᠠᠯᠠᠩ᠎ᠤᠨ ᠦᠢᠯᠡᠳᠪᠦᠷᠢᠯᠡᠯ᠎ᠤᠨ ᠰᠠᠭᠤᠷᠢᠨ ᠪᠣᠯᠤᠨ ᠡᠨᠧᠷᠭᠢ᠎ᠶ᠋ᠢᠨ ᠰᠠᠭᠤᠷᠢᠨ᠎ᠤ ᠪᠠᠢᠷᠢ ᠰᠠᠭᠤᠷᠢ ᠴᠢᠨᠠᠭ᠍ᠰᠢᠳᠠ ᠪᠠᠬᠢᠵᠢᠵᠦ᠍᠂ ᠱᠢᠨ᠎ᠡ ᠠᠵᠤ ᠠᠬᠤᠢ᠎ᠶ᠋ᠢᠨ ᠨᠡᠮᠡᠭ᠌ᠳᠡᠯ᠎ᠤᠨ ᠴᠡᠭ ᠳᠠᠰᠤᠷᠠᠯᠳᠠ ᠦᠬᠡᠢ ᠢᠯᠡᠷᠡᠵᠦ᠍᠂ ᠠᠷᠠᠳ ᠤᠯᠠᠨ᠎ᠤ ᠠᠮᠢᠳᠤᠷᠠᠯ ᠢᠯᠡᠳᠲᠡ ᠰᠠᠢᠵᠢᠷᠠᠵᠤ᠂ ᠱᠢᠨ᠎ᠡ ᠲᠡᠦᠬᠡ᠎ᠶ᠋ᠢᠨ ᠭᠠᠷᠤᠭ᠎ᠠ᠎ᠠᠴᠠ ᠠᠮᠢ ᠠᠬᠤᠢ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠰᠠᠢᠨ ᠰᠠᠢᠬᠠᠨ ᠰᠠᠭᠤᠷᠢ᠎ᠲᠠᠢ ᠪᠣᠯᠵᠠᠢ᠃
ᠭᠤᠷᠪᠠᠳᠤᠭᠠᠷ ᠬᠡᠰᠡᠭ ᠠᠵᠠ ᠲᠣᠬᠢᠶᠠᠯ ᠦᠷᠢᠰᠦᠯᠳᠣᠭᠡᠨ
ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠳᠤ ᠬᠤᠯᠪᠣᠭ᠍ᠳᠠᠬᠤ ᠮᠢᠩᠭᠠᠨ ᠣᠨ᠎ᠤ ᠶᠡᠭᠡ ᠪᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ᠎ᠶ᠋ᠢᠨ ᠫᠢᠩ ᠤᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠴᠣᠬᠤᠯᠠᠪᠤᠷᠢ ᠥᠭ᠌ᠴᠦ᠂ ᠠᠵᠢᠯ᠎ᠤᠨ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠣᠳᠣᠬᠠᠨ᠎ᠳᠤ᠂ ᠮᠠᠨ᠎ᠤ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ ᠭᠡᠬᠦ᠌ ᠣᠢᠯᠠᠭᠠᠭ᠍ᠳᠠᠬᠤᠨ ᠬᠥᠮᠦᠰ᠎ᠤᠨ ᠰᠡᠳᠭᠢᠯ᠎ᠳᠤ ᠭᠦᠨ ᠬᠠᠳᠠᠩᠱᠢᠵᠤ᠂ ᠬᠠᠳᠤᠨ ᠭᠤᠣᠯ ᠳᠠᠭᠠᠤ᠎ᠶ᠋ᠢᠨ ᠠᠷᠠᠳ ᠤᠯᠠᠨ᠎ᠤ ᠬᠥᠬᠡᠮᠳᠦᠭ ᠨᠤᠭᠤᠭᠠᠨ ᠠᠭᠤᠯᠠ ᠤᠰᠤ᠂ ᠬᠦᠭᠡ ᠣᠭ᠍ᠲᠠᠷᠭᠤᠢ᠂ ᠴᠡᠪᠡᠷ ᠬᠥᠷᠥᠰᠥ᠎ᠶ᠋ᠢ ᠬᠥᠭᠡᠭᠡᠴᠡᠯᠳᠦᠬᠦ᠌ ᠬᠦᠰᠡᠯ ᠡᠷᠡᠮᠡᠯᠵᠡᠯ ᠨᠡᠩ ᠴᠢᠩᠭ᠎ᠠ ᠪᠣᠯᠪᠠ᠃ ᠮᠠᠨ᠎ᠤ ᠤᠯᠤᠰ ᠪᠣᠬᠢᠷᠲᠤᠯ ᠦᠭᠡᠢ ᠬᠥᠭ᠌ᠵᠢᠯᠲᠡ᠎ᠶ᠋ᠢ ᠲᠦᠷᠭᠡᠳᠭᠡᠬᠦ᠌᠎ᠨᠢ ᠬᠠᠳᠤᠨ ᠭᠤᠣᠯ᠎ᠤᠨ ᠰᠠᠪᠠ ᠭᠠᠵᠠᠷ᠎ᠲᠤ ᠱᠢᠨ᠎ᠡ ᠠᠵᠠ ᠲᠣᠬᠢᠶᠠᠯ ᠠᠪᠴᠢᠷᠠᠪᠠ᠂ ᠢᠯᠠᠩᠭᠤᠶ᠎ᠠ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ᠂ ᠣᠷᠴᠢᠨ ᠲᠣᠭᠤᠷᠢᠨ᠎ᠤ ᠵᠠᠰᠠᠯᠲᠠ᠎ᠶ᠋ᠢ ᠴᠢᠩᠭᠠᠳᠭᠠᠬᠤ᠎ᠨᠢ ᠨᠢᠭᠡᠨᠲᠡ ᠱᠢᠨ᠎ᠡ ᠪᠠᠢᠳᠠᠯ ᠳᠣᠣᠷᠠᠬᠢ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠴᠢᠬᠤᠯᠠ ᠠᠬᠢᠭᠤᠯᠬᠤ ᠬᠦᠴᠦᠨ ᠪᠣᠯᠵᠠᠢ᠃ ᠥᠭᠡᠷᠡᠴᠢᠯᠡᠯᠲᠡ ᠨᠡᠭᠡᠭᠡᠯᠳᠡ ᠬᠢᠭ᠌ᠰᠡᠨ 40 ᠭᠠᠷᠤᠢ ᠵᠢᠯ᠎ᠤᠨ ᠲᠤᠷᠰᠢ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠦᠳᠦᠭᠡᠨ ᠪᠠᠢᠭᠤᠯᠤᠯᠲᠠ ᠴᠢᠬᠤᠯᠠ ᠶᠡᠭᠡ ᠠᠮᠵᠢᠯᠲᠠ ᠣᠯᠵᠤ᠂ ᠤᠯᠤᠰ᠎ᠤᠨ ᠶᠡᠷᠦᠩᠬᠡᠢᠯᠡᠭ᠌ᠰᠡᠨ ᠬᠦᠴᠦᠨ ᠢᠯᠡᠳᠲᠡ ᠴᠢᠩᠭᠠᠷᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠣᠳᠠᠲᠤ ᠬᠦᠴᠦᠨ ᠶᠡᠭᠡ᠎ᠪᠠᠷ ᠳᠡᠭᠡᠭ᠌ᠰᠢᠯᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ ᠨᠡᠩ ᠪᠠᠲᠤ ᠴᠢᠩᠭ᠎ᠠ ᠪᠤᠯᠵᠤ᠂ ᠳᠤᠮᠳᠠᠳᠤ᠎ᠶ᠋ᠢᠨ ᠦᠨᠳᠦᠰᠦᠲᠡᠨ᠎ᠢ ᠬᠡᠳᠦᠨ ᠮᠢᠩᠭᠠᠨ ᠵᠢᠯ ᠭᠠᠴᠢᠭ᠍ᠳᠠᠭᠤᠯᠵᠤ ᠪᠠᠢᠭ᠍ᠰᠠᠨ ᠬᠠᠳᠤᠨ ᠭᠤᠣᠯ᠎ᠤᠨ ᠵᠠᠰᠠᠯᠲᠠ᠎ᠶ᠋ᠢᠨ ᠠᠰᠠᠭᠤᠳᠠᠯ᠎ᠢ ᠱᠢᠢᠳᠪᠦᠷᠢᠯᠡᠬᠦ᠌ ᠴᠢᠳᠠᠪᠤᠷᠢ ᠪᠠ ᠨᠥᠬᠦᠴᠡᠯ᠎ᠲᠠᠢ ᠪᠣᠯᠪᠠ᠃ 《ᠨᠢᠭᠡ ᠪᠦᠰᠡ ᠨᠢᠭᠡ ᠵᠠᠮ》 ᠢ ᠬᠠᠮᠲᠤ᠎ᠪᠠᠷ ᠪᠦᠳᠦᠬᠡᠨ ᠪᠠᠢᠭᠤᠯᠬᠤ ᠠᠵᠢᠯ ᠭᠦᠨᠵᠡᠭᠡᠢᠷᠡᠨ ᠬᠥᠭ᠌ᠵᠢᠵᠦ᠍᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭ᠌ᠵᠢᠭᠦᠯᠬᠦ᠌ ᠠᠵᠢᠯ ᠱᠢᠨ᠎ᠡ ᠪᠠᠢᠷᠢᠱᠢᠯ᠎ᠢ ᠲᠦᠷᠭᠡᠨ ᠪᠦᠷᠢᠯᠳᠦᠭᠦᠯᠵᠦ᠍᠂ ᠬᠠᠳᠤᠨ ᠭᠤᠣᠯ᠎ᠤᠨ ᠰᠠᠪᠠ ᠭᠠᠵᠠᠷ᠎ᠤᠨ ᠵᠡᠭᠦᠨ ᠪᠠᠷᠠᠭᠤᠨ ᠬᠤᠣᠰ ᠴᠢᠭ᠌ᠯᠡᠯ᠎ᠢᠶᠠᠷ ᠨᠡᠬᠡᠬᠡᠯᠳᠡ ᠬᠢᠬᠦ᠌ ᠢᠷᠡᠭᠡᠳᠦᠢ ᠰᠠᠷᠠᠭᠤᠯ ᠠᠭᠤᠳᠠᠮ ᠪᠠᠢᠨ᠎ᠠ᠃ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠠᠬᠢᠴᠠ ᠢᠯᠡᠳᠲᠡ ᠲᠦᠷᠭᠡᠳᠴᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠶ ᠬᠥᠭ᠌ᠵᠢᠯᠲᠡ᠎ᠳᠤ ᠲᠣᠭ᠍ᠲᠠᠭᠤᠨ ᠪᠥᠭᠡᠳ ᠬᠦᠴᠦᠲᠡᠶ ᠲᠦᠷᠢᠮ᠎ᠤᠨ ᠪᠠᠲᠤᠯᠠᠭ᠎ᠠ ᠬᠠᠩᠭᠠᠪᠠ᠃
ᠬᠠᠲᠤᠨ ᠭᠤᠣᠯ ᠶᠡᠷᠦ᠎ᠨᠢ 《ᠪᠡᠶ᠎ᠡ ᠮᠠᠭᠤ ᠡᠪᠡᠳᠴᠢᠨ ᠣᠯᠠᠨ᠎ᠲᠠᠢ》 ᠪᠠᠢᠵᠤ᠂ ᠠᠮᠢ ᠠᠬᠤᠢ᠎ᠶ᠋ᠢᠨ ᠰᠠᠭᠤᠷᠢ ᠠᠨᠠᠢ᠂ ᠤᠰᠤᠨ᠎ᠤ ᠡᠬᠢ ᠪᠠᠶᠠᠯᠢᠭ ᠲᠦᠢᠯ᠎ᠤᠨ ᠳᠤᠲᠠᠮᠠᠭ᠂ ᠬᠥᠷᠥᠰᠥ᠍ ᠱᠢᠷᠣᠢ᠎ᠶ᠋ᠢᠨ ᠢᠳᠡᠭ᠌ᠳᠡᠯ ᠬᠦᠨᠳᠦ ᠨᠣᠴᠢᠲᠠᠢ᠂ ᠡᠬᠢ ᠪᠠᠶᠠᠯᠢᠭ ᠣᠷᠴᠢᠨ ᠲᠣᠭᠤᠷᠢᠨ᠎ᠤ ᠳᠠᠭᠠᠭᠠᠴᠠ᠎ᠶ᠋ᠢᠨ ᠴᠢᠳᠠᠪᠤᠷᠢ ᠪᠠᠭᠤᠷᠠᠢ᠂ ᠬᠠᠲᠤᠨ ᠭᠤᠣᠯ ᠳᠠᠭᠠᠤ᠎ᠶ᠋ᠢᠨ ᠡᠯ᠎ᠡ ᠮᠤᠵᠢ ᠦᠪᠡᠷᠳᠡᠭᠡᠨ ᠵᠠᠰᠠᠬᠤ ᠣᠷᠣᠨ᠎ᠤ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠨᠡᠩ ᠴᠤ᠌ ᠳᠤᠪᠤᠢᠮ᠎ᠠ ᠪᠠᠢᠨ᠎ᠠ᠃ ᠶᠡᠷᠦᠩᠬᠡᠢ ᠢᠯᠡᠷᠡᠯ᠎ᠨᠢ᠄
ᠬᠠᠲᠤᠨ ᠭᠤᠣᠯ᠎ᠤᠨ ᠰᠠᠪᠠ ᠭᠠᠵᠠᠷ᠎ᠤᠨ ᠬᠠᠮᠤᠭ᠎ᠤᠨ ᠶᠡᠭᠡ ᠵᠥᠷᠢᠴᠡᠯ ᠪᠣᠯ ᠤᠰᠤᠨ᠎ᠤ ᠡᠬᠢ ᠪᠠᠶᠠᠯᠢᠭ ᠳᠤᠲᠠᠭ᠍ᠳᠠᠵᠤ ᠪᠠᠢᠭ᠎ᠠ ᠶᠠᠪᠤᠳᠠᠯ ᠪᠣᠯᠤᠨ᠎ᠠ᠃ ᠳᠡᠭᠡᠳᠦ ᠳᠤᠮᠳᠠ ᠤᠷᠤᠰᠭᠠᠯ᠎ᠤᠨ ᠶᠡᠬᠡᠩᠬᠢ ᠬᠡᠰᠡᠭ ᠭᠠᠵᠠᠷ ᠣᠷᠣᠨ᠎ᠨᠢ 400 ᠮᠢᠯᠢᠮᠧᠲᠷ᠎ᠤᠨ ᠲᠡᠩᠴᠡᠭᠦᠦ ᠲᠤᠨᠳᠠᠰᠤᠨ᠎ᠤ ᠬᠡᠮᠵᠢᠶ᠎ᠡ᠎ᠠᠴᠠ ᠪᠠᠷᠠᠭᠤᠨᠰᠢ ᠣᠷᠣᠱᠢᠵᠤ᠂ ᠠᠭᠤᠷ ᠠᠮᠢᠰᠭᠤᠯ ᠭᠠᠩ ᠬᠠᠭᠤᠷᠠᠶ ᠪᠣᠷᠣᠭᠠᠨ ᠪᠠᠭ᠎ᠠ᠂ ᠣᠯᠠᠨ ᠵᠢᠯ᠎ᠤᠨ ᠳᠤᠮᠳᠠᠴᠢ ᠲᠤᠨᠳᠠᠰᠤᠨ᠎ᠤ ᠬᠡᠮᠵᠢᠶ᠎ᠡ᠎ᠨᠢ 446 ᠮᠢᠯᠢᠮᠧᠲᠷ ᠪᠠᠢᠵᠤ᠂ ᠵᠥᠪᠬᠡᠨ ᠬᠥᠬᠡ ᠮᠥᠷᠡᠨ᠎ᠤ ᠰᠠᠪᠠ ᠭᠠᠵᠠᠷ᠎ᠤᠨ 40 % ᠪᠣᠯᠤᠨ᠎ᠠ; ᠣᠯᠠᠨ ᠵᠢᠯ᠎ᠤᠨ ᠳᠤᠮᠳᠠᠴᠢ ᠤᠰᠤᠨ᠎ᠤ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ 647 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ ᠪᠠᠢᠵᠤ᠂ ᠬᠥᠬᠡᠮᠥ᠋ᠷᠡᠨ᠎ᠤ 7 % ᠳᠤ ᠬᠥᠷᠬᠦ᠌ ᠥᠬᠡᠶ; ᠤᠰᠤᠨ᠎ᠤ ᠡᠬᠢ ᠪᠠᠶᠠᠯᠢᠭ᠎ᠢ ᠨᠡᠭᠡᠭᠡᠨ ᠠᠱᠢᠬ᠍ᠯᠠᠬ᠍ᠰᠠᠨ ᠨᠣᠷᠮ᠎ᠠ᠎ᠨᠢ 80 % ᠳᠤ ᠬᠦᠷᠴᠦ᠍᠂ 40 % ᠶ᠋ᠢᠨ ᠠᠮᠢ ᠠᠬᠤᠶ᠎ᠶ᠋ᠢᠨ ᠰᠡᠷᠡᠮᠵᠢ᠎ᠶ᠋ᠢᠨ ᠱᠤᠭᠤᠮ᠎ᠢ ᠲᠡᠪᠡᠵᠠᠢ᠃
ᠬᠠᠳᠤᠨ ᠭᠤᠤᠯ᠎ᠤᠨ ᠰᠠᠪᠠ ᠭᠠᠵᠠᠷ᠎ᠤᠨ ᠬᠠᠮᠤᠭ᠎ᠤᠨ ᠶᠡᠭᠡ ᠠᠰᠠᠭᠤᠳᠠᠯ ᠪᠣᠯ ᠠᠮᠢ ᠠᠬᠤᠶ ᠬᠡᠪᠡᠷᠡᠭ ᠪᠠᠢᠬᠤ ᠶᠠᠪᠤᠳᠠᠯ ᠪᠣᠯᠤᠨ᠎ᠠ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠡᠪᠡᠷᠡᠭ ᠣᠷᠣᠨ᠎ᠤ ᠲᠠᠷᠬᠠᠯᠲᠠ ᠥᠷᠭᠡᠨ᠂ ᠲᠥᠷᠥᠯ ᠵᠦᠢᠯ ᠣᠯᠠᠨ᠂ ᠳᠡᠭᠡᠳᠦ ᠤᠷᠤᠰᠭᠠᠯ᠎ᠤᠨ ᠥᠨᠳᠦᠷᠯᠢᠭ᠎ᠤᠨ ᠮᠥᠰᠥᠲᠦᠯᠭᠡ᠂ ᠴᠢᠬᠢᠭ᠌ᠯᠢᠭ ᠨᠤᠳᠤᠭ ᠪᠡᠯᠴᠢᠭᠡᠷ ᠪᠠ ᠭᠤᠷᠪᠠᠨ ᠮᠥᠷᠡᠨ᠎ᠤ ᠡᠬᠢ᠂ ᠴᠢ ᠯᠢᠶᠠᠨ ᠱᠠᠨ ᠠᠭᠤᠯᠠ᠂ ᠳᠤᠮᠳᠠ ᠤᠷᠤᠰᠭᠠᠯ᠎ᠤᠨ ᠱᠢᠷ᠎ᠠ ᠬᠥᠷᠥᠰᠥᠲᠦ ᠥᠨᠳᠦᠷᠯᠢᠭ᠂ ᠳᠤᠤᠷᠠᠳᠤ ᠤᠷᠤᠰᠭᠠᠯ᠎ᠤᠨ ᠬᠠᠲᠤᠨ ᠭᠤᠤᠯ᠎ᠤᠨ ᠭᠤᠷᠪᠠᠯᠵᠢᠨ ᠬᠤᠢᠭ ᠵᠡᠷᠭᠡ᠎ᠨᠢ ᠴᠥᠮ ᠮᠠᠰᠢ ᠠᠮᠠᠷᠬᠠᠨ ᠡᠪᠳᠡᠭ᠌ᠳᠡᠵᠦ᠍᠂ ᠰᠡᠷᠭᠦᠭᠡᠬᠦ᠌᠎ᠳᠤ ᠲᠦᠢᠯ᠎ᠤᠨ ᠬᠦᠴᠢᠷᠲᠡᠶ ᠪᠥᠭᠡᠳ ᠶᠠᠪᠤᠴᠠ᠎ᠨᠢ ᠴᠦ᠍ ᠤᠳᠠᠭᠠᠨ ᠪᠠᠢᠳᠠᠭ᠃ ᠣᠷᠴᠢᠨ ᠠᠬᠤᠢ᠎ᠶ᠋ᠢᠨ ᠪᠣᠬᠢᠷᠲᠤᠯ᠎ᠤᠨ ᠡᠵᠡᠯᠡᠬᠦᠨ ᠨᠡᠯᠢᠶᠡᠳ ᠭᠦᠨ᠂ ᠤᠰᠤᠨ᠎ᠤ ᠴᠢᠨᠠᠷ ᠶᠡᠷᠦᠩᠬᠡᠢ᠎ᠳᠡᠭᠡᠨ ᠪᠦᠬᠦ᠌ ᠤᠯᠤᠰ᠎ᠤᠨ ᠳᠤᠮᠳᠠᠴᠢ ᠲᠦᠪᠱᠢᠨ᠎ᠠᠴᠠ ᠲᠤᠤᠷ᠎ᠠ ᠪᠠᠢᠳᠠᠭ᠃
ᠬᠠᠳᠤᠨ ᠭᠤᠤᠯ᠎ᠤᠨ ᠰᠠᠪᠠ ᠭᠠᠵᠠᠷ᠎ᠤᠨ ᠬᠠᠮᠤᠭ᠎ᠤᠨ ᠶᠡᠭᠡ ᠰᠦᠷᠳᠡᠭᠦᠯᠦᠯ ᠪᠣᠯ ᠳᠠᠷᠤᠢ ᠦᠶᠡᠷ ᠤᠰᠤᠳᠤᠯ ᠪᠣᠯᠤᠨ᠎ᠠ᠃ ᠤᠰᠤ ᠡᠯᠡᠰᠦᠨ᠎ᠤ ᠬᠠᠷᠢᠴᠠᠭ᠎ᠠ ᠵᠣᠬᠢᠴᠠᠩᠭᠤᠶ ᠪᠤᠰᠤ᠂ ᠳᠣᠤᠷᠠᠳᠤ ᠤᠷᠤᠰᠭᠠᠯ᠎ᠨᠢ ᠡᠯᠡᠰᠦ ᠱᠢᠪᠠᠷ ᠬᠤᠷᠠᠵᠤ᠂ ᠭᠤᠤᠯ᠎ᠤᠨ ᠵᠠᠮ ᠳᠤᠬ᠍ᠳᠠᠪᠤᠷᠢ ᠦᠭᠡᠢ᠂ 《ᠭᠠᠵᠠᠷ ᠳᠡᠭᠡᠷᠡᠬᠢ ᠴᠢᠳᠭᠤᠯᠠᠮᠠ ᠭᠤᠤᠯ》 ᠵᠡᠷᠭᠡ ᠬᠠᠭᠤᠴᠢᠨ ᠠᠰᠠᠭᠤᠳᠠᠯ᠎ᠢ ᠬᠠᠷᠠᠬᠠᠨ ᠲᠦᠢᠯᠪᠤᠷᠢᠲᠠᠶ ᠱᠢᠢᠳᠪᠤᠷᠢᠯᠡᠭᠡᠳᠣᠢ ᠪᠠᠢᠵᠤ᠂ ᠳᠣᠤᠷᠠᠳᠤ ᠤᠷᠤᠰᠭᠠᠯ᠎ᠤᠨ ᠲᠠᠩ᠎ᠤᠨ ᠣᠷᠣᠨ᠎ᠳᠤ ᠮᠥᠨ ᠬᠦ᠌ ᠵᠠᠭᠤᠨ ᠲᠦᠮᠡ ᠱᠢᠬᠠᠮ ᠬᠥᠮᠦᠨ ᠦᠶᠡᠷ ᠤᠰᠤᠳᠤᠯ᠎ᠤᠨ ᠰᠦᠷᠳᠡᠭᠦᠯᠦᠯ᠎ᠳᠤ ᠤᠴᠠᠷᠠᠵᠤ᠂ ᠠᠭᠤᠷ ᠠᠮᠢᠰᠭᠤᠯ᠎ᠤᠨ ᠬᠤᠪᠢᠷᠠᠯᠲᠠ ᠪᠣᠯᠤᠨ ᠤᠨᠴᠠᠭᠠᠢ ᠴᠠᠭ ᠠᠭᠤᠷ᠎ᠠᠴᠠ ᠪᠣᠯᠤᠭ᠍ᠰᠠᠨ ᠪᠠᠷᠢᠮᠵᠢᠶ᠎ᠠ᠎ᠠᠴᠠ ᠬᠡᠲᠦᠷᠡᠭ᠌ᠰᠡᠨ ᠦᠶᠡᠷ ᠤᠰᠤᠳᠤᠯ᠎ᠤᠨ ᠲᠦᠭ᠌ᠰᠢᠭᠦᠷᠢ ᠮᠥᠨ ᠬᠦ᠌ ᠣᠷᠣᠱᠢᠵᠤ ᠪᠠᠢᠨ᠎ᠠ᠃
ᠬᠠᠲᠤᠨ ᠭᠤᠤᠯ᠎ᠤᠨ ᠰᠠᠪᠠ ᠭᠠᠵᠠᠷ᠎ᠤᠨ ᠬᠠᠮᠤᠭ᠎ᠤᠨ ᠶᠡᠭᠡ ᠳᠤᠲᠠᠭᠤᠳᠠᠯ ᠪᠣᠯ ᠴᠢᠨᠠᠷ ᠰᠠᠢᠲᠠᠶ ᠬᠥᠭ᠌ᠵᠢᠯᠲᠡ ᠭᠦᠢᠴᠡᠳ ᠪᠤᠰᠤ ᠪᠠᠢᠬᠤ ᠶᠠᠪᠤᠳᠠᠯ ᠪᠣᠯᠤᠨ᠎ᠠ᠃ ᠬᠠᠲᠤᠨ ᠭᠤᠤᠯ ᠳᠠᠭᠠᠤ᠎ᠶ᠋ᠢᠨ ᠡᠯ᠎ᠡ ᠮᠤᠵᠢ ᠣᠷᠣᠨ᠎ᠤ ᠠᠵᠤ ᠦᠢᠯᠡᠰ᠎ᠨᠢ ᠡᠨᠧᠷᠭᠢ ᠪᠠ ᠬᠦᠨᠳᠦ ᠠᠵᠤ ᠦᠢᠯᠡᠰ᠎ᠲᠤ ᠲᠦᠱᠢᠭ᠌ᠯᠡᠵᠦ᠍᠂ ᠶᠠᠰᠤ ᠴᠢᠨᠠᠷ ᠦᠷ᠎ᠡ ᠠᠱᠢᠭ᠎ᠢᠶᠠᠷ ᠳᠤᠤᠷ᠎ᠠ ᠪᠠᠢᠬᠤ ᠠᠰᠠᠭᠤᠳᠠᠯ ᠲᠣᠪᠤᠢᠮ᠎ᠠ᠂ ᠡᠨᠧᠷᠭᠢ ᠬᠢᠮᠢ᠎ᠶ᠋ᠢᠨ ᠠᠵᠤ ᠦᠢᠯᠡᠳᠪᠤᠷᠢ᠂ ᠲᠦᠭᠦᠬᠡᠶ ᠮᠠᠲ᠋ᠧᠷᠢᠶᠠᠯ᠂ ᠲᠠᠷᠢᠶᠠᠯᠠᠩ ᠮᠠᠯ ᠠᠵᠤ ᠠᠬᠤᠶ ᠵᠡᠷᠭᠡ᠎ᠪᠠᠷ ᠤᠳᠤᠷᠢᠳᠤᠮᠵᠢ ᠪᠣᠯᠭᠠᠭ᠍ᠰᠠᠨ ᠣᠨᠴᠠᠯᠢᠭ᠎ᠨᠢ ᠢᠯᠡᠷᠬᠡᠶ ᠪᠠᠢᠵᠤ᠂ ᠨᠡᠯᠢᠶᠡᠳ ᠴᠢᠩᠭ᠎ᠠ ᠥᠷᠢᠰᠦᠯᠳᠦᠬᠦ᠌ ᠬᠦᠴᠦᠨ᠎ᠲᠠᠢ ᠱᠢᠨ᠎ᠡ᠎ᠪᠠᠷ ᠮᠠᠨᠳᠤᠬ᠍ᠰᠠᠨ ᠠᠵᠤ ᠦᠢᠯᠡᠰ᠎ᠤᠨ ᠪᠦᠯᠦᠭ᠌ᠵᠢᠯ ᠳᠤᠲᠠᠭ᠍ᠳᠠᠵᠤ ᠪᠠᠢᠨ᠎ᠠ᠃ ᠴᠢᠨᠠᠷ ᠰᠠᠢᠲᠠᠢ ᠬᠥᠭ᠌ᠵᠢᠯᠲᠡ᠎ᠶ᠋ᠢ ᠲᠤᠯᠭᠠᠭᠤᠷᠢᠯᠠᠬᠤ ᠴᠢᠳᠠᠪᠤᠷᠢᠲᠠᠨ ᠪᠡᠯᠡ ᠮᠥᠩᠭᠦ᠎ᠶ᠋ᠢᠨ ᠭᠠᠳᠠᠭ᠍ᠰᠢ ᠱᠢᠯᠵᠢᠯᠲᠡ ᠬᠦᠨᠳᠦ ᠨᠣᠴᠢᠲᠠᠢ ᠪᠠᠢᠵᠤ᠂ ᠡᠯᠧᠮᠧᠨ᠋ᠲ᠎ᠤᠨ ᠡᠬᠢ ᠪᠠᠶᠠᠯᠢᠭ ᠨᠡᠯᠢᠶᠡᠳ ᠳᠤᠲᠠᠭ᠍ᠳᠠᠵᠤ ᠪᠠᠢᠨ᠎ᠠ᠃
ᠬᠠᠳᠤᠨ ᠭᠤᠤᠯ᠎ᠤᠨ ᠰᠠᠪᠠ ᠭᠠᠵᠠᠷ᠎ᠤᠨ ᠬᠠᠮᠤᠭ᠎ᠤᠨ ᠶᠡᠭᠡ ᠪᠠᠭᠤᠷᠠᠶ ᠲᠠᠯ᠎ᠠ ᠪᠣᠯ ᠠᠷᠠᠳ᠎ᠤᠨ ᠠᠮᠢᠳᠤᠷᠠᠯ᠎ᠤᠨ ᠬᠥᠭ᠌ᠵᠢᠯᠲᠡ ᠬᠦᠷᠦᠯᠴᠡᠬᠦ᠌ ᠦᠭᠡᠢ ᠪᠠᠢᠬᠤ ᠶᠠᠪᠤᠳᠠᠯ ᠪᠣᠯᠤᠨ᠎ᠠ᠃ ᠬᠠᠲᠤᠨ ᠭᠤᠤᠯ ᠳᠠᠭᠠᠤ᠎ᠶ᠋ᠢᠨ ᠡᠯ᠎ᠡ ᠮᠤᠵᠢ ᠣᠷᠣᠨ᠎ᠤ ᠣᠯᠠᠨ ᠨᠡᠢᠲᠡ᠎ᠶ᠋ᠢᠨ ᠦᠢᠯᠡᠴᠢᠯᠡᠭᠡ᠂ ᠰᠠᠭᠤᠷᠢ ᠲᠥᠬᠦᠭᠡᠷᠦᠮᠵᠢ ᠵᠡᠷᠭᠡ ᠲᠠᠯ᠎ᠠ᠎ᠶ᠋ᠢᠨ ᠲᠡᠦᠬᠡᠨ ᠥᠷᠢᠲᠦᠯ ᠨᠡᠯᠢᠶᠡᠳ ᠣᠯᠠᠨ ᠪᠠᠢᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠲᠦᠭᠦᠭᠡᠷᠦᠮᠵᠢ ᠬᠦᠷᠦᠯᠴᠡᠬᠦ᠌ ᠦᠭᠡᠶ᠂ ᠴᠢᠬᠤᠯᠠ ᠲᠠᠸᠠᠷ ᠪᠣᠯᠤᠨ ᠡᠳ᠋ ᠪᠠᠷᠠᠭ᠎ᠠ ᠨᠥᠭᠡᠴᠡᠯᠡᠬᠦ᠌ ᠬᠡᠪᠴᠢᠶ᠎ᠡ᠂ ᠲᠥᠷᠥᠯ ᠵᠦᠢᠯ᠂ ᠪᠠᠢᠷᠢᠱᠢᠭᠤᠯᠤᠯᠳᠠ᠎ᠶ᠋ᠢ ᠲᠡᠭᠦᠯᠳᠡᠷᠵᠢᠭᠦᠯᠬᠦ᠌ ᠴᠢᠬᠤᠯᠠᠲᠠᠢ ᠪᠠᠢᠵᠤ᠂ ᠵᠠᠬ᠎ᠠ ᠳᠡᠯᠭᠡᠭᠦᠷ᠎ᠤᠨ ᠬᠠᠩᠭᠠᠯᠭ᠎ᠠ᠎ᠶ᠋ᠢ ᠪᠠᠲᠤᠯᠠᠬᠤ ᠪᠠ ᠵᠠᠬ᠎ᠠ ᠳᠡᠯᠭᠡᠭᠦᠷ᠎ᠤᠨ ᠦᠨ᠎ᠡ ᠬᠠᠩᠰᠢ᠎ᠶ᠋ᠢ ᠲᠣᠬᠢᠷᠠᠭᠤᠯᠤᠨ ᠡᠵᠡᠮᠳᠡᠬᠦ᠌ ᠴᠢᠳᠠᠪᠤᠷᠢ ᠪᠠᠭᠤᠷᠠᠶ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠲᠦᠪᠱᠢᠨ ᠪᠦᠬᠦ᠌ ᠤᠯᠤᠰ᠎ᠤᠨ ᠳᠤᠮᠳᠠᠴᠢ ᠲᠦᠪᠱᠢᠨ᠎ᠠᠴᠠ ᠳᠣᠣᠷ᠎ᠠ ᠪᠠᠢᠨ᠎ᠠ᠃
ᠡᠭᠦᠨ᠎ᠠᠴᠠ ᠭᠠᠳᠠᠨ᠎ᠠ᠂ ᠭᠠᠵᠠᠷ ᠵᠦᠶ᠎ᠶ᠋ᠢᠨ ᠨᠥᠬᠦᠴᠡᠯ ᠵᠡᠷᠭᠡ᠎ᠶ᠋ᠢᠨ ᠬᠢᠵᠠᠭᠠᠷᠯᠠᠯ᠎ᠠᠴᠠ ᠪᠣᠯᠵᠣ᠂ ᠬᠠᠲᠤᠨ ᠭᠤᠤᠯ ᠳᠠᠭᠠᠤ᠎ᠶ᠋ᠢᠨ ᠡᠯ᠎ᠡ ᠮᠤᠵᠢ ᠦᠪᠡᠷᠳᠡᠭᠡᠨ ᠵᠠᠰᠠᠬᠤ ᠣᠷᠣᠨ᠎ᠤ ᠠᠵᠤ ᠠᠬᠤᠶ᠎ᠶ᠋ᠢᠨ ᠬᠠᠷᠢᠯᠴᠠᠭᠠᠨ᠎ᠤ ᠬᠡᠮᠵᠢᠶ᠎ᠡ ᠶᠡᠷᠦ᠎ᠠᠴᠠ ᠥᠨᠳᠥᠷ ᠪᠢᠰᠢ᠂ ᠣᠷᠣᠨ ᠪᠦᠰᠡ᠎ᠶ᠋ᠢᠨ ᠠᠵᠢᠯ ᠬᠤᠪᠢᠶᠠᠷᠢᠯᠠᠨ ᠬᠠᠮᠵᠢᠯᠴᠠᠬᠤ ᠤᠬᠠᠮᠰᠠᠷ ᠴᠢᠩᠭ᠎ᠠ ᠪᠢᠰᠢ᠂ ᠥᠨᠳᠥᠷ ᠪᠦᠲᠦᠮᠵᠢᠲᠡᠶ ᠬᠠᠮᠵᠢᠯᠴᠠᠨ ᠬᠥᠭ᠌ᠵᠢᠬᠦ᠌ ᠲᠣᠭ᠍ᠲᠠᠴᠠ ᠬᠠᠷᠠᠬᠠᠨ ᠲᠡᠭᠦᠯᠳᠡᠷᠵᠢᠭᠡᠳᠦᠶ᠂ ᠰᠠᠪᠠ ᠭᠠᠵᠠᠷ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ ᠥᠨᠳᠥᠷ ᠪᠢᠰᠢ᠂ ᠰᠣᠶᠣᠯ᠎ᠤᠨ ᠥᠪ᠎ᠤᠨ ᠱᠢᠰᠲ᠋ᠧᠮ᠎ᠤᠨ ᠬᠠᠮᠠᠭᠠᠯᠠᠯᠲᠠ ᠪᠠ ᠣᠶᠤᠨ ᠰᠠᠨᠠᠭᠠᠨ᠎ᠤ ᠠᠭᠤᠯᠤᠭ᠍ᠳᠠᠬᠤᠨ᠎ᠢ ᠭᠦᠨᠵᠡᠭᠡᠶ ᠠᠭᠤᠳᠠᠯᠤᠭ᠍ᠰᠠᠨ᠎ᠢᠶᠠᠷ ᠬᠦᠷᠦᠯᠴᠡᠬᠦ᠌ ᠥᠬᠡᠶ᠃
ᠳᠥᠷᠪᠡᠳᠦᠭᠡᠷ ᠬᠡᠰᠡᠭ ᠴᠢᠬᠤᠯᠠ ᠶᠡᠭᠡ ᠠᠴᠢ ᠬᠤᠯᠪᠣᠭ᠍ᠳᠠᠯ
ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠨᠢ ᠠᠯᠤᠰ ᠬᠡᠲᠦ᠎ᠶ᠋ᠢᠨ ᠲᠡᠦᠬᠡᠲᠦ ᠠᠴᠢ ᠬᠤᠯᠪᠣᠭ᠍ᠳᠠᠯ ᠪᠤᠯᠤᠨ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠠᠴᠢ ᠬᠤᠯᠪᠣᠭ᠍ᠳᠠᠯ᠎ᠲᠠᠢ ᠶᠤᠮ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠣᠷᠴᠢᠨ ᠲᠣᠭᠤᠷᠢᠨ᠎ᠢ ᠰᠠᠢᠲᠤᠷ ᠬᠠᠮᠠᠭᠠᠯᠠᠵᠤ᠂ ᠬᠠᠲᠤᠨ ᠭᠤᠤᠯ ᠳᠠᠭᠠᠤ᠎ᠶ᠋ᠢᠨ ᠭᠠᠵᠠᠷ ᠣᠷᠣᠨ᠎ᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠯ ᠬᠠᠲᠤᠨ ᠭᠤᠤᠯ᠎ᠤᠨ ᠤᠰᠤ ᠡᠯᠡᠰᠦᠨ᠎ᠤ ᠬᠠᠷᠢᠴᠠᠭ᠎ᠠ᠎ᠶ᠋ᠢ ᠵᠣᠬᠢᠴᠠᠭᠤᠯᠬᠤ᠂ ᠤᠰᠤᠨ᠎ᠤ ᠡᠬᠢ ᠪᠠᠶᠠᠯᠢᠭ᠎ᠤᠨ ᠬᠠᠩᠭᠠᠯᠭ᠎ᠠ ᠬᠡᠷᠡᠭ᠌ᠴᠡᠭᠡ᠎ᠶ᠋ᠢᠨ ᠵᠥᠷᠢᠴᠡᠯ᠎ᠢ ᠨᠠᠮᠳᠠᠭᠤᠯᠬᠤ᠂ ᠬᠠᠲᠤᠨ ᠭᠤᠤᠯ᠎ᠤᠨ ᠠᠮᠤᠷ ᠲᠣᠭ᠍ᠲᠠᠭᠤᠨ᠎ᠢ ᠪᠠᠲᠤᠯᠠᠬᠤ ᠲᠤᠯᠭᠠᠮ ᠱᠠᠭᠠᠷᠳᠠᠯᠭ᠎ᠠ ᠪᠣᠯᠤᠨ᠎ᠠ; ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠦᠢᠯᠡᠳᠣᠯᠭᠡᠵᠢᠭᠦᠯᠵᠦ᠍᠂ ᠠᠮᠢ ᠠᠬᠤᠶ᠎ᠶ᠋ᠢᠨ ᠠᠮᠤᠷ ᠲᠦᠪᠱᠢᠨ᠎ᠤ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠨᠠᠮᠳᠠᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠥᠲᠥᠭᠡᠨ ᠪᠠᠢᠭᠤᠯᠬᠤ᠎ᠶ᠋ᠢᠨ ᠪᠣᠳᠠᠲᠤ ᠬᠡᠷᠡᠭ᠌ᠴᠡᠭᠡ ᠪᠤᠯᠤᠨ᠎ᠠ; ᠪᠦᠬᠦ᠌ ᠰᠠᠪᠠ ᠭᠠᠵᠠᠷ᠎ᠤᠨ ᠬᠠᠮᠵᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠡᠮᠦᠨᠡᠲᠦ ᠤᠮᠠᠷᠠᠲᠤ ᠤᠷᠤᠨ᠎ᠤ ᠬᠥᠭ᠌ᠵᠢᠯᠲᠡ᠎ᠶ᠋ᠢᠨ ᠵᠥᠷᠢᠶ᠎ᠡ᠎ᠶ᠋ᠢ ᠪᠠᠭᠠᠰᠭᠠᠵᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠴᠡᠭᠡ ᠪᠤᠯᠤᠨ᠎ᠠ; ᠦᠵᠡᠯ ᠰᠠᠨᠠᠭ᠎ᠠ᠎ᠪᠠᠨ ᠴᠢᠯᠥᠭᠡᠯᠡᠨ᠂ ᠵᠠᠬ᠎ᠠ ᠳᠡᠯᠭᠡᠭᠦᠷ᠎ᠤᠨ ᠲᠣᠭ᠍ᠲᠠᠴᠠ᠎ᠶ᠋ᠢᠨ ᠦᠢᠯᠡᠳᠣᠯ᠎ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ ᠪᠠ ᠪᠦᠲᠦᠭᠡᠯᠴᠢ ᠴᠢᠳᠠᠪᠤᠷᠢ᠎ᠶ᠋ᠢ ᠬᠥᠭ᠌ᠵᠢᠭᠡᠬᠦ᠌᠎ᠶ᠋ᠢᠨ ᠳᠣᠲᠣᠭᠠᠳᠤ ᠬᠡᠷᠡᠭ᠌ᠴᠡᠭᠡ ᠪᠣᠯᠤᠨ᠎ᠠ; ᠬᠠᠳᠤᠨ ᠭᠤᠤᠯ᠎ᠤᠨ ᠰᠣᠶᠣᠯ᠎ᠢ ᠶᠡᠭᠡ᠎ᠪᠠᠷ ᠬᠠᠮᠠᠭᠠᠯᠠᠨ ᠪᠠᠳᠠᠷᠠᠭᠤᠯᠵᠤ᠂ ᠳᠤᠮᠳᠠᠳᠤ᠎ᠶ᠋ᠢᠨ ᠪᠣᠯᠪᠠᠰᠤᠨ᠎ᠢ ᠢᠯᠡᠷᠡᠭᠦᠯᠵᠦ᠍᠂ ᠦᠨᠳᠦᠰᠦᠲᠡᠨ᠎ᠤ ᠪᠦᠯᠬᠦᠮᠳᠡᠯ᠎ᠢ ᠴᠢᠩᠭᠠᠳᠭᠠᠵᠤ᠂ ᠰᠣᠶᠣᠯ᠎ᠤᠨ ᠢᠲᠡᠭᠡᠯ᠎ᠢ ᠨᠡᠮᠡᠭ᠌ᠳᠡᠭᠦᠯᠬᠦ᠌ ᠴᠠᠭ ᠦᠶ᠎ᠡ᠎ᠶ᠋ᠢᠨ ᠬᠡᠷᠡᠭ᠌ᠴᠡᠭᠡ ᠪᠤᠯᠤᠨ᠎ᠠ᠃
ᠬᠤᠶᠠᠳᠤᠭᠠᠷ ᠪᠦᠯᠦᠭ ᠶᠡᠷᠦᠩᠬᠡᠶ ᠱᠠᠭᠠᠷᠳᠠᠯᠭ᠎ᠠ
ᠨᠢᠭᠡᠳᠦᠭᠡᠷ ᠬᠡᠰᠡᠭ ᠵᠢᠯᠣᠭᠤᠳᠭᠤ ᠦᠵᠡᠯ ᠰᠠᠨᠠᠭ᠎ᠠ
ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ ᠪᠦᠬᠦᠳᠡ ᠬᠤᠷᠠᠯ᠎ᠤᠨ ᠵᠤᠷᠢᠭ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠵᠦ᠍᠂ 《ᠳᠥᠷᠪᠡᠨ ᠤᠬᠠᠮᠰᠠᠷ》 ᠢᠶᠠᠨ ᠴᠢᠩᠭᠠᠳᠭᠠᠵᠤ᠂ 《ᠳᠥᠷᠪᠡᠨ ᠢᠲᠡᠭᠡᠯ》 ᠢ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠦ᠍᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠠᠷᠢᠮᠲᠠᠯᠠᠵᠦ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠦ᠍᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠪᠠᠷ ᠭᠤᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠦ᠍᠂ ᠭᠤᠤᠯᠳᠠᠯᠭ᠎ᠠ᠎ᠨᠢ ᠬᠠᠮᠠᠭᠠᠯᠠᠵᠤ᠂ ᠵᠠᠩᠭᠢᠯᠠᠭ᠎ᠠ᠎ᠨᠢ ᠵᠠᠰᠠᠬᠤ ᠪᠠᠢᠯᠳᠤᠬᠤ ᠪᠣᠳᠣᠯᠭ᠎ᠠ᠎ᠶ᠋ᠢᠨ ᠱᠠᠭᠠᠷᠳᠠᠯᠭ᠎ᠠ᠎ᠶ᠋ᠢ ᠣᠨᠣᠪᠴᠢᠲᠠᠶ ᠡᠵᠡᠮᠱᠢᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠳᠤ ᠬᠤᠯᠪᠣᠭ᠍ᠳᠠᠬᠤ ᠮᠢᠩᠭᠠᠨ ᠣᠨ᠎ᠤ ᠶᠡᠭᠡ ᠪᠣᠳᠣᠯᠭ᠎ᠠ ᠪᠣᠯᠭᠠᠵᠦ᠍᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠶᠡᠷᠦᠩᠬᠡᠢᠯᠡᠨ ᠵᠠᠰᠠᠬᠤ᠂ ᠱᠢᠰᠲ᠋ᠧᠮ᠎ᠲᠠᠢ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠦ᠍᠂ ᠬᠠᠲᠤᠨ ᠭᠤᠣᠯ᠎ᠤᠨ ᠥᠨᠢ ᠤᠳᠠᠭᠠᠨ ᠠᠮᠤᠷ ᠲᠦᠪᠱᠢᠨ ᠪᠠᠢᠬᠤ᠎ᠶ᠋ᠢ ᠬᠦᠴᠦᠯᠡᠨ ᠪᠠᠲᠤᠯᠠᠵᠦ᠍᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠣᠷᠴᠢᠨ ᠨᠥᠬᠦᠴᠡᠯ᠎ᠢ ᠬᠦᠴᠦᠯᠡᠨ ᠰᠠᠢᠵᠢᠷᠠᠭᠤᠯᠵᠦ᠍᠂ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠬᠦᠴᠦᠯᠡᠨ ᠱᠢᠯᠢᠳᠡᠭ᠌ᠵᠢᠭᠦᠯᠵᠦ᠍᠂ ᠪᠦᠬᠦ᠌ ᠰᠠᠪᠠ ᠭᠠᠵᠠᠷ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠴᠦᠯᠡᠨ ᠠᠬᠢᠭᠤᠯᠵᠦ᠍᠂ ᠠᠷᠠᠳ ᠣᠯᠠᠨ᠎ᠤ ᠠᠮᠢᠳᠤᠷᠠᠯ᠎ᠢ ᠬᠦᠴᠦᠯᠡᠨ ᠰᠠᠢᠵᠢᠷᠠᠭᠤᠯᠵᠦ᠍᠂ ᠬᠠᠳᠤᠨ ᠭᠤᠤᠯ᠎ᠤᠨ ᠰᠣᠶᠣᠯ᠎ᠢ ᠬᠦᠴᠦᠯᠡᠨ ᠬᠠᠮᠠᠭᠠᠯᠠᠨ ᠪᠠᠳᠠᠷᠠᠭᠤᠯᠵᠦ᠍᠂ ᠬᠠᠲᠤᠨ ᠭᠤᠤᠯ᠎ᠢ ᠠᠷᠠᠳ ᠲᠦᠮᠡᠨ᠎ᠳᠤ ᠪᠤᠶᠠᠨ ᠦᠢᠯᠡᠳᠬᠦ᠌ ᠵᠢᠷᠭᠠᠯ᠎ᠤᠨ ᠭᠤᠤᠯ ᠪᠣᠯᠭᠠᠨ᠎ᠠ᠃
ᠬᠤᠶᠠᠳᠤᠭᠠᠷ ᠬᠡᠰᠡᠭ ᠭᠤᠣᠯ ᠵᠠᠷᠴᠢᠮ
— — ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠦᠭ᠌ᠵᠢᠬᠦᠯᠬᠦ᠌᠎ᠶ᠋ᠢ ᠪᠠᠷᠢᠮᠲᠠᠯᠠᠨ᠎ᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ ᠭᠡᠬᠦ᠌ ᠤᠢ᠍ᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂ ᠪᠠᠢᠭᠠᠯᠢ᠎ᠲᠠᠢ ᠵᠣᠬᠢᠴᠠᠵᠤ᠂ ᠵᠢᠮ᠎ᠡ ᠶᠣᠰᠣ᠎ᠶ᠋ᠢ ᠬᠦᠨᠳᠦᠳᠭᠡᠵᠤ᠂ ᠬᠡᠳᠦ ᠭᠠᠷ ᠲᠦᠷᠦᠭᠦ᠌᠂ ᠬᠡᠳᠦ ᠠᠱᠢᠬ᠍ᠯᠠᠬᠤ᠎ᠠᠴᠠ ᠠᠶᠠᠨ᠎ᠳᠠᠭᠠᠨ ᠰᠡᠷᠭᠦᠭᠡᠬᠦ᠂ ᠠᠮᠤᠷᠵᠢᠭᠤᠯᠤᠨ ᠲᠡᠩᠬᠡᠷᠡᠭᠦᠯᠬᠦ᠌ ᠲᠡᠢᠰᠢ ᠬᠤᠪᠢᠷᠠᠭᠤᠯᠵᠤ᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠬᠡᠪᠡᠷᠡᠭ ᠪᠠᠢᠬᠤ ᠪᠠᠢᠳᠠᠯ᠎ᠢ ᠬᠤᠪᠢᠷᠠᠭᠤᠯᠤᠨ᠎ᠠ; ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ᠎ᠶ᠋ᠢ ᠨᠡᠭᠡᠭᠡᠨ ᠬᠥᠭ᠌ᠵᠢᠭᠦᠯᠬᠦ᠌ ᠪᠠᠢᠷᠢᠱᠢᠯ᠎ᠢ ᠱᠢᠯᠢᠳᠡᠭ᠌ᠵᠢᠭᠦᠯᠵᠦ᠍᠂ ᠠᠮᠢ ᠠᠬᠤᠢ᠎ᠶ᠋ᠢᠨ ᠴᠢᠳᠠᠮᠵᠢᠳᠦ ᠣᠷᠣᠨ᠎ᠳᠤ ᠠᠮᠢ ᠠᠬᠤᠢ᠎ᠶ᠋ᠢᠨ ᠣᠷᠴᠢᠨ ᠨᠥᠬᠦᠴᠡᠯ᠎ᠢ ᠭᠤᠣᠯᠳᠠᠯᠭ᠎ᠠ᠎ᠲᠠᠢ ᠰᠠᠢᠲᠤᠷ ᠬᠠᠮᠠᠭᠠᠯᠠᠵᠤ᠂ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ᠎ᠶ᠋ᠢ ᠰᠣᠬᠤᠷ ᠪᠠᠯᠠᠢ᠎ᠪᠠᠷ ᠬᠥᠭᠡᠭᠡᠴᠡᠯᠳᠦᠬᠦ᠌ ᠦᠭᠡᠢ; ᠣᠷᠣᠨ ᠪᠦᠰᠡ᠎ᠶ᠋ᠢᠨ ᠠᠵᠤ ᠦᠢᠯᠡᠰ᠎ᠤᠨ ᠪᠠᠢᠷᠢᠱᠢᠯ᠎ᠢ ᠲᠤᠬᠢᠷᠠᠭᠤᠯᠵᠤ᠂ ᠠᠵᠤ ᠠᠬᠤᠢ᠎ᠶ᠋ᠢᠨ ᠠᠵᠢᠯᠯᠠᠭ᠎ᠠ᠎ᠶ᠋ᠢ ᠡᠬᠢ ᠪᠠᠶᠠᠯᠢᠭ ᠣᠷᠴᠢᠨ ᠠᠬᠤᠢ᠎ᠶ᠋ᠢᠨ ᠳᠠᠭᠠᠭᠠᠵᠤ ᠳᠡᠢᠯᠬᠦ᠌ ᠬᠡᠪᠴᠢᠶᠡᠨ᠎ᠳᠤ ᠬᠢᠵᠠᠭᠠᠷᠯᠠᠨ᠎ᠠ; ᠱᠢᠨ᠎ᠡ᠎ᠪᠠᠷ ᠮᠠᠨᠳᠤᠭ᠍ᠰᠠᠨ ᠠᠵᠤ ᠦᠢᠯᠡᠰ᠎ᠢ ᠬᠥᠭ᠌ᠵᠢᠭᠦᠯᠵᠦ᠍᠂ ᠠᠷᠢᠭᠤᠨ ᠴᠡᠪᠡᠷ ᠦᠢᠯᠡᠳᠪᠦᠷᠢᠯᠡᠯ᠎ᠢ ᠠᠬᠢᠭᠤᠯᠵᠤ᠂ ᠪᠣᠬᠢᠷᠲᠤᠯ ᠦᠭᠡᠢ᠂ ᠦᠷᠭᠦᠯᠵᠢᠯᠡᠬᠦ᠌ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠨ᠎ᠠ᠃
— — ᠤᠰᠤᠨ᠎ᠤ ᠬᠡᠮᠵᠢᠶ᠎ᠡ᠎ᠪᠠᠷ ᠠᠵᠢᠯᠯᠠᠵᠤ᠂ ᠤᠰᠤ ᠠᠷᠪᠢᠯᠠᠬᠤ᠎ᠶ᠋ᠢ ᠲᠡᠷᠢᠭᠦᠨ᠎ᠳᠤ ᠲᠠᠯᠪᠢᠬᠤ᠎ᠶ᠋ᠢ ᠪᠠᠷᠢᠮᠲᠠᠯᠠᠨ᠎ᠠ᠃ ᠤᠰᠤᠨ᠎ᠤ ᠡᠬᠢ ᠪᠠᠶᠠᠯᠢᠭ᠎ᠢᠶᠠᠷ ᠬᠠᠮᠤᠭ᠎ᠤᠨ ᠴᠢᠩᠭ᠎ᠠ ᠬᠢᠵᠠᠭᠠᠷᠯᠠᠯ ᠪᠣᠯᠭᠠᠵᠤ᠂ ᠤᠰᠤ᠎ᠪᠠᠷ ᠬᠤᠳᠠ᠎ᠶ᠋ᠢ ᠲᠣᠭ᠍ᠲᠠᠭᠠᠬᠤ᠂ ᠤᠰᠤ᠎ᠪᠠᠷ ᠭᠠᠵᠠᠷ᠎ᠢ ᠲᠣᠭ᠍ᠲᠠᠭᠠᠬᠤ᠂ ᠤᠰᠤ᠎ᠪᠠᠷ ᠬᠥᠮᠦᠨ᠎ᠢ ᠲᠣᠭ᠍ᠲᠠᠭᠠᠬᠤ᠂ ᠤᠰᠤ᠎ᠪᠠᠷ ᠭᠠᠷᠤᠯᠲᠠ᠎ᠶ᠋ᠢ ᠲᠣᠭ᠍ᠲᠠᠭᠠᠬᠤ᠎ᠶ᠋ᠢ ᠪᠠᠷᠢᠮᠲᠠᠯᠠᠵᠤ᠂ ᠬᠥᠮᠦᠨ ᠠᠮᠠ᠂ ᠬᠤᠳᠠ ᠪᠣᠯᠤᠨ ᠠᠵᠤ ᠦᠢᠯᠡᠰ᠎ᠤᠨ ᠬᠥᠭ᠌ᠵᠢᠯᠲᠡ᠎ᠶ᠋ᠢ ᠵᠦᠢ ᠵᠣᠬᠢᠰᠲᠠᠢ ᠲᠥᠯᠥᠪᠵᠢᠭᠦᠯᠦᠨ᠎ᠡ; ᠦᠢᠯᠡᠳᠪᠤᠷᠢᠯᠡᠯ ᠠᠮᠢᠳᠤᠷᠠᠯ᠎ᠤᠨ ᠠᠮᠢ ᠠᠬᠤᠶ᠎ᠶ᠋ᠢᠨ ᠤᠰᠤ ᠬᠡᠷᠡᠭ᠌ᠯᠡᠬᠦ᠌ ᠪᠦᠲᠦᠴᠡ᠎ᠶ᠋ᠢ ᠨᠢᠭᠡᠳᠦᠯᠲᠡᠶ ᠲᠥᠯᠥᠪᠵᠢᠭᠦᠯᠦᠨ ᠱᠢᠯᠢᠳᠡᠭ᠌ᠵᠢᠭᠦᠯᠵᠦ᠍᠂ ᠤᠰᠤ ᠬᠡᠷᠡᠭ᠌ᠯᠡᠬᠦ᠌ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠵᠠᠬ᠎ᠠ ᠳᠡᠯᠭᠡᠭᠦᠷ᠎ᠤᠨ ᠠᠷᠭ᠎ᠠ ᠪᠠᠷᠢᠯ᠎ᠢᠶᠠᠷ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠱᠢᠬ᠍ᠯᠠᠬᠤ᠎ᠶ᠋ᠢ ᠭᠡᠳᠡᠷᠭᠦ᠌ ᠱᠢᠬᠠᠮᠳᠠᠭᠤᠯᠵᠤ᠂ ᠤᠰᠤ ᠬᠡᠷᠡᠭ᠌ᠯᠡᠬᠦ᠌ ᠠᠷᠭ᠎ᠠ ᠬᠡᠯᠪᠡᠷᠢ᠎ᠶ᠋ᠢ ᠪᠦᠳᠦᠭᠦᠯᠢᠭ ᠦᠷ᠎ᠡ ᠠᠱᠢᠭ ᠳᠤᠤᠷ᠎ᠠ ᠪᠠᠢᠭ᠍ᠰᠠᠨ᠎ᠠᠴᠠ ᠠᠷᠪᠢᠲᠠᠶ ᠡᠷᠴᠢᠮᠯᠢᠭ ᠪᠣᠯᠭᠠᠨ ᠬᠤᠪᠢᠷᠠᠭᠤᠯᠬᠤ᠎ᠶ᠋ᠢ ᠠᠬᠢᠭᠤᠯᠤᠨ᠎ᠠ᠃
— — ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠵᠦ᠍᠂ ᠲᠥᠷᠥᠯ ᠬᠤᠪᠢᠶᠠᠨ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠬᠦ᠌᠎ᠶ᠋ᠢ ᠪᠠᠷᠢᠮᠲᠠᠯᠠᠨ᠎ᠠ᠃ ᠬᠠᠲᠤᠨ ᠭᠤᠣᠯ᠎ᠤᠨ ᠰᠠᠪᠠ ᠭᠠᠵᠠᠷ᠎ᠤᠨ ᠳᠡᠭᠡᠳᠦ ᠳᠤᠮᠳᠠ ᠳᠤᠤᠷᠠᠳᠤ ᠤᠷᠤᠰᠭᠠᠯ᠎ᠤᠨ ᠠᠳᠠᠯᠢ ᠪᠤᠰᠤ ᠭᠠᠵᠠᠷ ᠣᠷᠣᠨ᠎ᠤ ᠪᠠᠢᠭᠠᠯᠢ᠎ᠶ᠋ᠢᠨ ᠨᠥᠬᠦᠴᠡᠯ᠎ᠨᠢ ᠮᠢᠩᠭᠠᠨ ᠢᠯᠭᠠᠭ᠎ᠠ ᠲᠦᠮᠡᠨ ᠵᠦᠷᠢᠶ᠎ᠡ᠎ᠲᠠᠢ ᠪᠠᠢᠵᠤ᠂ ᠠᠮᠢ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠤᠣᠯᠳᠠᠯᠭ᠎ᠠ᠎ᠨᠢ ᠲᠤᠰ ᠲᠤᠰ᠎ᠲᠠᠭᠠᠨ ᠠᠳᠠᠯᠢ ᠦᠭᠡᠢ ᠪᠠᠢᠳᠠᠭ ᠪᠣᠯᠬᠤᠷ ᠲᠦᠷᠦ᠎ᠶ᠋ᠢᠨ ᠪᠤᠳᠤᠯᠭ᠎ᠠ ᠪᠠ ᠢᠨᠵᠧᠨᠧᠷᠢᠩ᠎ᠤᠨ ᠠᠷᠭ᠎ᠠ ᠬᠡᠮᠵᠢᠶ᠎ᠡ᠎ᠶ᠋ᠢᠨ ᠬᠠᠨᠳᠤᠯᠭᠠᠲᠤ ᠴᠢᠨᠠᠷ᠂ ᠪᠦᠳᠤᠮᠵᠢᠳᠤ ᠴᠢᠨᠠᠷ᠎ᠢ ᠳᠡᠭᠡᠭ᠌ᠰᠢᠯᠡᠭᠦᠯᠵᠦ᠍᠂ ᠣᠷᠣᠨ ᠬᠤᠪᠢᠶᠠᠨ ᠲᠦᠷᠦᠯ ᠬᠤᠪᠢᠶᠠᠨ ᠬᠠᠮᠠᠭᠠᠯᠠᠬᠤ ᠪᠠ ᠵᠠᠰᠠᠬᠤ᠎ᠶ᠋ᠢ ᠠᠬᠢᠭᠤᠯᠤᠨ᠎ᠠ; ᠡᠯ᠎ᠡ ᠭᠠᠵᠠᠷ᠎ᠤᠨ ᠪᠣᠳᠠᠲᠤ ᠪᠠᠢᠳᠠᠯ᠎ᠠᠴᠠ ᠡᠭᠦᠰᠴᠦ᠍᠂ ᠠᠮᠤ ᠪᠤᠳᠠᠭ᠎ᠠ ᠲᠠᠷᠢᠬᠤ᠎ᠳᠤ ᠲᠣᠬᠢᠷᠠᠮᠵᠢᠲᠠᠢ ᠪᠣᠯ ᠠᠮᠤ ᠪᠤᠳᠠᠭ᠎ᠠ ᠲᠠᠷᠢᠵᠤ᠂ ᠬᠥᠳᠡᠭᠡ ᠠᠵᠤ ᠠᠬᠤᠢ ᠡᠷᠬᠢᠯᠡᠬᠦ᠌᠎ᠳᠤ ᠲᠣᠬᠢᠷᠠᠮᠵᠢᠲᠠᠢ ᠪᠣᠯ ᠬᠥᠳᠡᠭᠡ ᠠᠵᠤ ᠠᠬᠤᠢ ᠡᠷᠬᠢᠯᠡᠵᠦ᠍᠂ ᠠᠵᠤ ᠦᠢᠯᠡᠳᠪᠦᠷᠢ ᠡᠷᠬᠢᠯᠡᠬᠦ᠌᠎ᠳᠤ ᠲᠣᠬᠢᠷᠠᠮᠵᠢᠲᠠᠢ ᠪᠣᠯ ᠠᠵᠤ ᠦᠢᠯᠡᠳᠪᠦᠷᠢ ᠡᠷᠬᠢᠯᠡᠬᠦ᠂ ᠬᠤᠳᠠᠯᠳᠤᠭ᠎ᠠ ᠡᠷᠬᠢᠯᠡᠬᠦ᠌᠎ᠳᠤ ᠲᠣᠬᠢᠷᠠᠮᠵᠢᠲᠠᠢ ᠪᠣᠯ ᠬᠤᠳᠠᠯᠳᠤᠭ᠎ᠠ ᠡᠷᠬᠢᠯᠡᠵᠦ᠍᠂ ᠠᠮᠤ ᠪᠤᠳᠠᠭ᠎ᠠ ᠪᠣᠯᠤᠨ ᠡᠨᠧᠷᠭᠢ᠎ᠶ᠋ᠢᠨ ᠰᠠᠭᠤᠷᠢᠨ᠎ᠢ ᠬᠦᠴᠦᠷᠬᠡᠭ᠌ᠵᠢᠭᠦᠯᠵᠦ᠍᠂ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭ᠌ᠵᠢᠭᠦᠯᠵᠦ᠍ ᠪᠠᠢᠭᠠᠳ ᠤᠨᠴᠠᠯᠢᠬ᠍ᠳᠤ ᠠᠵᠤ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠵᠤ᠂ ᠠᠵᠤ ᠠᠬᠤᠢ᠎ᠶ᠋ᠢᠨ ᠨᠡᠮᠡᠭ᠌ᠳᠡᠯ᠎ᠤᠨ ᠲᠦᠢᠯ᠎ᠢ ᠪᠤᠢᠵᠢᠭᠤᠯᠵᠤ᠂ ᠨᠡᠭᠡᠭᠡᠯᠲᠡᠲᠦ ᠵᠠᠮ᠎ᠤᠨ ᠬᠦᠢᠰᠦ᠎ᠶ᠋ᠢ ᠴᠣᠭ᠍ᠴᠠᠯᠠᠵᠤ᠂ ᠪᠦᠬᠦ᠌ ᠰᠠᠪᠠ ᠭᠠᠵᠠᠷ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠳᠠᠢᠴᠢᠯᠠᠨ᠎ᠠ᠃
— — ᠨᠢᠭᠡᠳᠦᠯᠲᠡᠶ ᠲᠥᠯᠥᠪᠯᠡᠨ ᠠᠷᠭ᠎ᠠ ᠤᠬᠠᠭᠠᠨ ᠰᠦᠪᠡᠭ᠌ᠴᠢᠯᠡᠵᠦ᠍᠂ ᠬᠠᠮᠵᠢᠯᠴᠠᠨ ᠠᠬᠢᠭᠤᠯᠬᠤ᠎ᠶ᠋ᠢ ᠪᠠᠷᠢᠮᠲᠠᠯᠠᠨ᠎ᠠ᠃ ᠪᠦᠬᠦ᠌ ᠰᠠᠪᠠ ᠭᠠᠵᠠᠷ ᠪᠠ ᠠᠮᠢ ᠠᠬᠤᠢ᠎ᠶ᠋ᠢᠨ ᠱᠢᠰᠲ᠋ᠧᠮ᠎ᠤᠨ ᠪᠦᠬᠦᠯᠢ ᠴᠣᠭ᠍ᠴᠠᠲᠤ ᠴᠢᠨᠠᠷ᠎ᠲᠤ ᠰᠠᠭᠤᠷᠢᠯᠠᠨ᠂ ᠶᠡᠭᠡ ᠬᠠᠮᠠᠭᠠᠯᠠᠯᠲᠠ᠎ᠶ᠋ᠢ ᠬᠠᠮᠲᠤ᠎ᠪᠠᠷ ᠰᠠᠢᠲᠤᠷ ᠠᠳᠭᠤᠬᠤ᠂ ᠶᠡᠭᠡ ᠵᠠᠰᠠᠯᠲᠠ᠎ᠶ᠋ᠢ ᠬᠠᠮᠵᠢᠯᠴᠠᠨ ᠠᠬᠢᠭᠤᠯᠬᠤ᠎ᠶ᠋ᠢ ᠪᠠᠷᠢᠮᠲᠠᠯᠠᠵᠤ᠂ ᠳᠡᠭᠡᠳᠦ ᠳᠤᠮᠳᠠ ᠳᠤᠤᠷᠠᠳᠤ ᠤᠷᠤᠰᠭᠠᠯ᠂ ᠭᠤᠣᠯ ᠤᠷᠤᠰᠭᠠᠯ ᠰᠠᠯᠪᠤᠷᠢ ᠤᠷᠤᠰᠭᠠᠯ᠂ ᠵᠡᠭᠦᠨ ᠪᠠᠷᠠᠭᠤᠨ ᠬᠤᠶᠠᠷ ᠬᠥᠪᠡᠭᠡᠨ᠎ᠤ ᠬᠠᠮᠠᠭᠠᠯᠠᠯᠲᠠ ᠪᠠ ᠵᠠᠰᠠᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠰᠦᠪᠡᠭ᠌ᠴᠢᠯᠡᠵᠦ᠍᠂ ᠬᠠᠱᠢᠯᠭ᠎ᠠ ᠳᠠᠯᠠᠩ᠎ᠤᠨ ᠪᠦᠲᠦᠭᠡᠨ ᠪᠠᠢᠭᠤᠯᠤᠯᠲᠠ᠂ ᠭᠤᠣᠯ᠎ᠤᠨ ᠵᠠᠮ᠎ᠢ ᠴᠡᠭ᠌ᠴᠡᠯᠡᠨ ᠰᠠᠢᠵᠢᠷᠠᠭᠤᠯᠬᠤ᠂ ᠭᠤᠣᠯ᠎ᠤᠨ ᠲᠠᠩ᠎ᠢ ᠵᠠᠰᠠᠬᠤ᠂ ᠠᠮᠢ ᠠᠬᠤᠢ᠎ᠶ᠋ᠢ ᠵᠠᠰᠠᠨ ᠰᠡᠷᠭᠦᠭᠡᠬᠦ᠌ ᠵᠡᠷᠭᠡ ᠴᠢᠬᠤᠯᠠ ᠶᠡᠭᠡ ᠢᠨᠵᠧᠨᠧᠷᠢᠩ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠬᠤᠪᠢᠶᠠᠷᠢᠯᠠᠨ ᠠᠱᠢᠬ᠍ᠯᠠᠬᠤ ᠪᠠ ᠠᠵᠤ ᠦᠢᠯᠡᠰ᠎ᠤᠨ ᠪᠠᠢᠷᠢᠱᠢᠭᠤᠯᠤᠯᠲᠠ᠂ ᠬᠤᠳᠠ᠎ᠶ᠋ᠢᠨ ᠪᠦᠲᠦᠭᠡᠨ ᠪᠠᠢᠭᠤᠯᠤᠯᠲᠠ ᠵᠡᠷᠭᠡ᠎ᠶ᠋ᠢ ᠨᠢᠭᠡᠳᠦᠯᠲᠡᠢ ᠲᠥᠯᠥᠪᠵᠢᠭᠦᠯᠦᠨ᠎ᠡ᠃ ᠨᠢᠭᠡᠳᠭᠡᠬᠦ᠌ ᠰᠠᠯᠭᠠᠬᠤ᠎ᠶ᠋ᠢ ᠤᠶᠠᠯᠳᠤᠭᠤᠯᠬᠤ᠂ ᠬᠠᠮᠵᠢᠯᠴᠠᠨ ᠬᠠᠮᠲᠤᠷᠠᠯᠴᠠᠬᠤ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠳᠠᠶᠠᠭᠠᠷ᠎ᠢᠶᠠᠨ ᠰᠡᠳᠭᠢᠯ ᠨᠢᠭᠡᠳᠦᠨ᠂ ᠬᠠᠳᠤᠨ ᠭᠤᠣᠯ ᠳᠠᠭᠠᠤ᠎ᠶ᠋ᠢᠨ ᠡᠯ᠎ᠡ ᠮᠤᠵᠢ ᠣᠷᠣᠨ ᠬᠦᠴᠦ᠎ᠪᠠᠨ ᠬᠠᠮᠲᠤᠳᠭᠠᠨ ᠬᠠᠳᠤᠨ ᠭᠤᠣᠯ᠎ᠤᠨ ᠬᠠᠮᠠᠭᠠᠯᠠᠯᠲᠠ ᠪᠠ ᠵᠠᠰᠠᠯᠲᠠ᠎ᠶ᠋ᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ᠎ᠢ ᠰᠠᠢᠵᠢᠷᠠᠭᠤᠯᠬᠤ ᠠᠮᠢ ᠨᠠᠰᠤᠨ᠎ᠤ ᠱᠤᠭᠤᠮ᠎ᠢ ᠰᠠᠢᠲᠤᠷ ᠰᠠᠬᠢᠨ᠎ᠠ᠃
ᠭᠤᠷᠪᠠᠳᠤᠭᠠᠷ ᠬᠡᠰᠡᠭ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ
ᠶᠡᠭᠡ ᠭᠤᠣᠯ ᠮᠥᠷᠡᠨ᠎ᠤ ᠵᠠᠰᠠᠯᠲᠠ᠎ᠶ᠋ᠢᠨ ᠴᠢᠬᠤᠯᠠ ᠬᠡᠪ ᠳᠠᠭᠤᠷᠢᠶᠠᠯ᠃ ᠬᠠᠲᠤᠨ ᠭᠤᠤᠯ᠎ᠤᠨ ᠣᠷᠳᠣ ᠬᠤᠭᠤᠴᠠᠭᠠᠨ᠎ᠤ ᠪᠡᠷᠬᠡ ᠪᠤᠳᠤᠯᠢᠶᠠᠨᠲᠠᠶ ᠠᠰᠠᠭᠤᠳᠠᠯ᠎ᠤᠨ ᠦᠨᠳᠦᠰᠦ ᠰᠤᠷᠪᠤᠯᠵᠢ᠎ᠶ᠋ᠢ ᠭᠦᠨᠵᠡᠭᠡᠶ ᠵᠠᠳᠠᠯᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠬᠠᠨᠳᠤᠰᠢ ᠪᠤᠯᠤᠨ ᠦᠶᠡᠷ ᠤᠰᠤᠲᠤᠯ ᠵᠡᠷᠭᠡ ᠭᠠᠮᠱᠢᠭ᠎ᠤᠨ ᠵᠢᠮ᠎ᠡ ᠶᠣᠰᠣ᠎ᠶ᠋ᠢ ᠣᠨᠣᠪᠴᠢᠲᠠᠶ ᠡᠵᠡᠮᠱᠢᠵᠦ᠍᠂ ᠤᠰᠤᠨ᠎ᠤ ᠲᠤᠬᠠᠶ ᠥᠷᠥᠭᠡᠰᠦᠯ ᠴᠢᠨᠠᠷ᠎ᠢ ᠢᠯᠠᠨ ᠲᠠᠪᠠᠵᠤ᠂ ᠬᠠᠲᠤᠨ ᠭᠤᠤᠯ᠎ᠤᠨ ᠵᠠᠰᠠᠯᠲᠠ᠎ᠶ᠋ᠢᠨ ᠪᠥᠬᠦ᠌ ᠲᠠᠯ᠎ᠠ᠎ᠶ᠋ᠢᠨ ᠴᠢᠨᠠᠷ ᠂ ᠪᠦᠬᠦᠯᠢ ᠴᠣᠭ᠍ᠴᠠᠲᠤ ᠴᠢᠨᠠᠷ ᠪᠠ ᠬᠠᠮᠵᠢᠯᠴᠠᠬᠤ ᠴᠢᠨᠠᠷ᠎ᠢ ᠲᠤᠪᠤᠢᠯᠭᠠᠵᠤ᠂ ᠬᠠᠲᠤᠨ ᠭᠤᠤᠯ᠎ᠤᠨ ᠡᠬᠢ᠎ᠠᠴᠠ ᠲᠡᠯᠡᠶ᠎ᠳᠤ ᠴᠢᠳᠭᠤᠬᠤ ᠠᠮᠠ ᠬᠦᠷᠲᠡᠯᠡᠬᠢ ᠪᠥᠬᠦ᠌ ᠣᠷᠣᠨ ᠪᠦᠰᠡ᠎ᠶ᠋ᠢᠨ ᠨᠢᠭᠡᠳᠦᠯᠲᠡᠶ ᠲᠥᠯᠥᠪᠯᠡᠬᠦ᠌ ᠪᠠ ᠱᠢᠨᠵᠢᠯᠡᠬᠦ᠌ ᠤᠬᠠᠭᠠᠨᠴᠢ᠎ᠪᠠᠷ ᠳᠣᠭᠢᠷᠠᠭᠤᠯᠤᠨ ᠡᠵᠡᠮᠳᠡᠬᠦ᠌᠎ᠶ᠋ᠢ ᠠᠬᠢᠭᠤᠯᠵᠤ᠂ ᠰᠠᠪᠠ ᠭᠠᠵᠠᠷ᠎ᠤᠨ ᠵᠠᠰᠠᠯᠲᠠ᠎ᠶ᠋ᠢᠨ ᠪᠠᠢᠭᠤᠯᠤᠮᠵᠢ ᠪᠠ ᠵᠠᠬ᠎ᠠ ᠳᠡᠯᠭᠡᠭᠦᠷᠴᠢᠯᠡᠭ᠌ᠰᠡᠨ ᠥᠭᠡᠷᠡᠴᠢᠯᠡᠯᠲᠡ᠎ᠶ᠋ᠢ ᠬᠦᠨᠵᠡᠬᠡᠢᠷᠡᠬᠦᠯᠵᠦ᠍᠂ ᠣᠳᠣ ᠦᠶ᠎ᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠂ ᠬᠠᠲᠠᠭᠤ ᠴᠢᠨᠠᠷᠳᠠᠢ ᠪᠠᠷᠢᠯᠭ᠎ᠠ᠎ᠶ᠋ᠢᠨ ᠠᠷᠭ᠎ᠠ ᠬᠡᠮᠵᠢᠶ᠎ᠡ ᠪᠠ ᠤᠶᠠᠨ ᠴᠢᠨᠠᠷᠳᠠᠢ ᠲᠣᠬᠢᠷᠠᠭᠤᠯᠬᠤ ᠠᠷᠭ᠎ᠠ ᠪᠠᠷᠢᠯ᠎ᠢ ᠶᠡᠷᠦᠩᠬᠡᠢᠯᠡᠨ ᠬᠡᠷᠡᠭ᠌ᠯᠡᠵᠦ᠍᠂ ᠤᠰᠤᠨ᠎ᠤ ᠭᠠᠮᠱᠢᠭ᠎ᠢ ᠬᠦᠴᠦᠯᠡᠨ ᠰᠡᠷᠭᠡᠢᠯᠡᠵᠦ᠍᠂ ᠤᠰᠤᠨ᠎ᠤ ᠭᠡᠮ᠎ᠢ ᠠᠷᠢᠯᠭᠠᠵᠤ᠂ ᠤᠰᠤᠨ ᠠᠱᠢᠬ᠍ᠯᠠᠯᠳᠠ᠎ᠶ᠋ᠢ ᠶᠡᠭᠡ᠎ᠪᠠᠷ ᠬᠥᠭ᠌ᠵᠢᠭᠦᠯᠬᠦ᠂ ᠤᠰᠤᠨ᠎ᠤ ᠰᠠᠢᠨ᠎ᠢ ᠢᠯᠡᠷᠡᠭᠦᠯᠬᠦ᠌᠎ᠳᠤ ᠬᠦᠴᠦ᠍ ᠲᠠᠯᠪᠢᠵᠤ᠂ ᠭᠤᠤᠯᠳᠠᠯᠭ᠎ᠠ᠎ᠲᠠᠢ ᠰᠠᠪᠠ ᠭᠠᠵᠠᠷ᠎ᠤᠨ ᠵᠠᠰᠠᠯᠲᠠ᠎ᠳᠤ ᠲᠤᠷᠱᠢᠯᠭ᠎ᠠ ᠪᠠ ᠲᠣᠯᠢᠳᠠᠯ ᠬᠠᠩᠭᠠᠵᠤ᠂ ᠶᠡᠭᠡ ᠭᠤᠤᠯ ᠮᠥᠷᠡᠨ᠎ᠤ ᠵᠠᠰᠠᠯᠲᠠ᠎ᠶ᠋ᠢᠨ ᠱᠢᠨ᠎ᠡ ᠪᠠᠢᠳᠠᠯ᠎ᠢ ᠡᠬᠦᠳᠦᠨ᠎ᠡ᠃
ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠤ ᠴᠢᠬᠤᠯᠠ ᠬᠠᠯᠬᠠᠪᠴᠢ᠃ ᠬᠠᠲᠤᠨ ᠭᠤᠣᠯ᠎ᠤᠨ ᠰᠠᠪᠠ ᠭᠠᠵᠠᠷ᠎ᠲᠤ ᠬᠥᠬᠡᠨᠠᠭᠤᠷ ᠲᠥᠪᠡᠳ᠎ᠤᠨ ᠥᠨᠳᠦᠷᠯᠢᠭ᠂ ᠱᠢᠷ᠎ᠠ ᠬᠥᠷᠥᠰᠥᠲᠦ ᠥᠨᠳᠦᠷᠯᠢᠭ᠂ ᠤᠮᠠᠷᠠᠲᠤ᠎ᠶ᠋ᠢᠨ ᠡᠯᠡᠰᠦ᠎ᠶ᠋ᠢ ᠰᠡᠷᠭᠡᠢᠯᠡᠬᠦ᠌ ᠪᠦᠰᠡ᠂ ᠬᠠᠳᠤᠨ ᠭᠤᠤᠯ᠎ᠤᠨ ᠠᠳᠠᠭ᠎ᠤᠨ ᠳᠠᠯᠠᠢ᠎ᠶ᠋ᠢᠨ ᠡᠷᠭᠢ᠎ᠶ᠋ᠢᠨ ᠪᠦᠰᠡ ᠵᠡᠷᠭᠡ᠎ᠶ᠋ᠢ ᠬᠠᠪᠰᠤᠷᠭᠠᠵᠤ᠂ ᠠᠮᠢ ᠠᠬᠤᠶ᠎ᠶ᠋ᠢᠨ ᠬᠠᠯᠬᠠᠪᠴᠢ᠎ᠶ᠋ᠢᠨ ᠶᠡᠷᠦᠩᠬᠡᠢᠯᠡᠭ᠌ᠰᠡᠨ ᠳᠠᠪᠠᠭᠤᠯᠢᠭ᠎ᠢ ᠬᠦᠢᠴᠡᠳ ᠪᠠᠳᠠᠷᠠᠭᠤᠯᠵᠤ᠂ ᠬᠠᠲᠤᠨ ᠭᠤᠤᠯ᠎ᠤᠨ ᠠᠮᠢ ᠠᠬᠤᠶ᠎ᠶ᠋ᠢᠨ ᠱᠢᠰᠲ᠋ᠧᠮ᠎ᠤᠨ ᠰᠠᠢᠨ ᠣᠷᠴᠢᠯ᠎ᠢ ᠠᠬᠢᠭᠤᠯᠵᠤ᠂ ᠠᠮᠢ ᠠᠬᠤᠶ᠎ᠶ᠋ᠢᠨ ᠬᠠᠯᠬᠠᠪᠴᠢ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠴᠢᠩᠭᠠᠳᠭᠠᠬᠤ᠎ᠪᠠᠷ ᠵᠣᠷᠢᠯᠲᠠ ᠪᠤᠯᠭᠠᠵᠤ᠂ ᠪᠠᠢᠭᠠᠯᠢ᠎ᠶ᠋ᠢᠨ ᠠᠮᠢ ᠠᠬᠤᠶ᠎ᠶ᠋ᠢᠨ ᠤᠭ ᠶᠣᠰᠣ᠎ᠶ᠋ᠢ ᠵᠢᠷᠤᠮᠯᠠᠵᠤ᠂ ᠱᠢᠰᠲ᠋ᠧᠮ᠎ᠤᠨ ᠢᠨᠵᠧᠨᠧᠷᠢᠩ᠎ᠤᠨ ᠠᠷᠭ᠎ᠠ᠎ᠶ᠋ᠢ ᠬᠡᠷᠡᠭ᠌ᠯᠡᠵᠦ᠍᠂ ᠳᠡᠭᠡᠳᠦ ᠤᠷᠤᠰᠭᠠᠯ᠎ᠤᠨ 《ᠳᠤᠮᠳᠠᠳᠤ᠎ᠶ᠋ᠢᠨ ᠤᠰᠤᠨ ᠴᠠᠮᠬᠠᠬ》 ᠤᠨ ᠤᠰᠤᠨ᠎ᠤ ᠰᠤᠷᠪᠤᠯᠵᠢ᠎ᠶ᠋ᠢ ᠬᠠᠳᠠᠭᠠᠯᠠᠬᠤ ᠴᠢᠳᠠᠪᠤᠷᠢ᠂ ᠳᠤᠮᠳᠠ ᠤᠷᠤᠰᠭᠠᠯ᠎ᠤᠨ ᠬᠥᠷᠥᠰᠥ᠍ ᠱᠢᠷᠣᠶ᠎ᠶ᠋ᠢ ᠬᠠᠮᠠᠭᠠᠯᠠᠬᠤ ᠬᠢᠷᠢ ᠬᠡᠮᠵᠢᠶ᠎ᠡ ᠪᠠ ᠳᠣᠣᠷᠠᠳᠤ ᠤᠷᠤᠰᠭᠠᠯ᠎ᠤᠨ ᠨᠤᠭᠤ ᠭᠠᠵᠠᠷ ᠵᠡᠷᠭᠡ ᠠᠮᠢ ᠠᠬᠤᠶ᠎ᠶ᠋ᠢᠨ ᠱᠢᠰᠲ᠋ᠧᠮ᠎ᠤᠨ ᠲᠣᠭ᠍ᠲᠠᠪᠤᠷᠢᠲᠤ ᠴᠢᠨᠠᠷ᠎ᠢ ᠶᠡᠷᠦᠩᠬᠡᠢᠯᠡᠨ ᠲᠡᠭᠡᠭ᠌ᠰᠢᠯᠡᠬᠦᠯᠵᠦ᠍᠂ ᠪᠠᠲᠤ ᠪᠠᠬᠢ ᠂ ᠬᠦᠴᠦᠳᠡᠢ ᠲᠤᠯᠭᠠᠭᠤᠷᠢᠯᠠᠯ ᠪᠦᠬᠦᠢ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠲᠦᠷᠬᠡᠳᠭᠡᠨ ᠪᠠᠢᠭᠤᠯᠵᠤ᠂ ᠬᠥᠭ᠌ᠵᠢᠭᠡᠳᠦᠶ ᠪᠠ ᠠᠮᠢ ᠠᠬᠤᠶ ᠬᠡᠪᠡᠷᠡᠭ ᠭᠠᠵᠠᠷ ᠣᠷᠣᠨ᠎ᠤ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠵᠢᠱ᠌ᠢᠶ᠎ᠡ ᠦᠵᠡᠬᠦᠯᠦᠨ᠎ᠡ᠃
ᠴᠢᠨᠠᠷ ᠰᠠᠢᠲᠠᠶ ᠬᠥᠭ᠌ᠵᠢᠯᠲᠡ᠎ᠶ᠋ᠢᠨ ᠴᠢᠬᠤᠯᠠ ᠲᠤᠷᠱᠢᠯᠲᠠ᠎ᠶ᠋ᠢᠨ ᠣᠷᠣᠨ᠃ ᠬᠠᠲᠤᠨ ᠭᠤᠣᠯ᠎ᠤᠨ ᠰᠠᠪᠠ ᠭᠠᠵᠠᠷ᠎ᠤᠨ ᠬᠠᠷᠢᠴᠠᠭᠤᠯᠤᠭ᠍ᠰᠠᠨ ᠳᠠᠪᠠᠭᠤᠯᠢᠭ ᠪᠣᠯᠤᠨ ᠬᠥᠭ᠌ᠵᠢᠯᠲᠡ᠎ᠶ᠋ᠢᠨ ᠱᠠᠲᠤ ᠦᠶ᠎ᠡ᠎ᠲᠠᠢ ᠨᠢᠭ᠍ᠲᠠ ᠤᠶᠠᠯᠳᠤᠭᠤᠯᠤᠨ᠂ ᠠᠮᠢ ᠠᠬᠤᠶ᠎ᠶ᠋ᠢᠨ ᠬᠠᠮᠠᠭᠠᠯᠠᠯᠲᠠ᠎ᠪᠠᠷ ᠤᠷᠢᠲᠠᠯ ᠪᠣᠯᠭᠠᠨ ᠣᠷᠣᠨ ᠪᠦᠰᠡ᠎ᠶ᠋ᠢᠨ ᠠᠵᠤ ᠠᠬᠤᠶ ᠪᠣᠯᠤᠨ ᠦᠢᠯᠡᠳᠪᠦᠷᠢᠯᠡᠯ᠎ᠤᠨ ᠬᠦᠴᠦᠨ᠎ᠤ ᠪᠠᠢᠷᠢᠱᠢᠭᠤᠯᠤᠯᠳᠠ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠵᠤ᠂ ᠳᠡᠭᠡᠳᠦ ᠳᠤᠮᠳᠠ ᠳᠣᠤᠷᠠᠳᠤ ᠤᠷᠤᠰᠭᠠᠯ᠎ᠤᠨ ᠡᠯ᠎ᠡ ᠭᠠᠵᠠᠷ ᠣᠷᠣᠨ᠎ᠤ ᠠᠵᠢᠯ᠎ᠢᠶᠠᠨ ᠵᠦᠢ ᠵᠣᠬᠢᠰᠲᠠᠶ ᠬᠤᠪᠢᠶᠠᠷᠢᠯᠠᠬᠤ᠎ᠶ᠋ᠢ ᠠᠬᠢᠭᠤᠯᠤᠨ᠎ᠠ᠃ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ ᠪᠠ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠬᠤ᠎ᠪᠠᠷ ᠳᠠᠮᠵᠢᠭᠤᠯᠤᠨ᠂ ᠰᠠᠪᠠ ᠭᠠᠵᠠᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠰᠠᠭᠤᠷᠢ᠎ᠶ᠋ᠢ ᠪᠠᠬᠢᠵᠢᠭᠦᠯᠦᠨ᠎ᠡ; ᠠᠮᠤ ᠪᠤᠳᠠᠭ᠎ᠠ ᠪᠠ ᠡᠨᠧᠷᠭᠢ᠎ᠶ᠋ᠢᠨ ᠠᠮᠤᠷ ᠲᠦᠪᠱᠢᠨ᠎ᠢ ᠪᠠᠬᠢᠵᠢᠭᠦᠯᠬᠦ᠌᠎ᠪᠠᠷ ᠳᠠᠮᠵᠢᠭᠤᠯᠤᠨ᠂ ᠰᠠᠪᠠ ᠭᠠᠵᠠᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠣᠨᠴᠠᠯᠢᠭ᠎ᠢ ᠳᠣᠪᠤᠢᠯᠭᠠᠨ᠎ᠠ; ᠠᠵᠤ ᠠᠬᠤᠶ᠎ᠶ᠋ᠢᠨ ᠴᠢᠬᠤᠯᠠ ᠨᠡᠮᠡᠭ᠌ᠳᠡᠯ᠎ᠤᠨ ᠲᠦᠢᠯ᠎ᠢ ᠪᠤᠢᠵᠢᠭᠤᠯᠬᠤ᠎ᠪᠠᠷ ᠳᠠᠮᠵᠢᠭᠤᠯᠤᠨ᠂ ᠰᠠᠪᠠ ᠭᠠᠵᠠᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠴᠢᠩᠭᠠᠷᠠᠭᠤᠯᠤᠨ᠎ᠠ; ᠳᠣᠲᠣᠭᠠᠳᠤ ᠬᠠᠭᠤᠷᠠᠶ᠎ᠶ᠋ᠢᠨ ᠲᠡᠯᠡᠶ ᠳᠠᠭᠠᠤ᠎ᠶ᠋ᠢᠨ ᠬᠤᠤᠰ ᠴᠢᠭ᠌ᠯᠡᠯ᠎ᠢᠶᠠᠷ ᠨᠡᠭᠡᠭᠡᠯᠲᠡ ᠬᠢᠬᠦ᠌᠎ᠪᠠᠷ ᠳᠠᠮᠵᠢᠭᠤᠯᠤᠨ᠂ ᠰᠠᠪᠠ ᠭᠠᠵᠠᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠳᠡᠭᠡᠭ᠌ᠰᠢᠯᠡᠭᠦᠯᠵᠦ᠍᠂ ᠰᠠᠪᠠ ᠭᠠᠵᠠᠷ᠎ᠤᠨ ᠠᠵᠤ ᠠᠬᠤᠶ᠂ ᠬᠥᠭ᠌ᠵᠢᠭᠡᠳᠦᠶ ᠭᠠᠵᠠᠷ ᠣᠷᠣᠨ᠎ᠤ ᠱᠢᠨ᠎ᠡ ᠬᠠᠭᠤᠴᠢᠨ ᠬᠥᠳᠡᠯᠭᠡᠬᠦ᠌ ᠡᠨᠧᠷᠭᠢ᠎ᠶ᠋ᠢᠨ ᠰᠣᠯᠢᠭ᠍ᠳᠠᠯ᠎ᠳᠤ ᠠᠷᠭ᠎ᠠ ᠵᠠᠮ ᠬᠠᠩᠭᠠᠵᠤ᠂ ᠪᠥᠬᠦ᠌ ᠤᠯᠤᠰ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠲᠤᠯᠭᠠᠭᠤᠷᠢᠯᠠᠯ ᠬᠠᠩᠭᠠᠨ᠎ᠠ᠃
ᠳᠤᠮᠳᠠᠳᠤ᠎ᠶ᠋ᠢᠨ ᠰᠣᠶᠣᠯ᠎ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠴᠢᠬᠤᠯᠠ ᠠᠴᠢᠶᠠᠯᠠᠪᠤᠷᠢ᠎ᠶ᠋ᠢᠨ ᠣᠷᠣᠨ᠃ ᠬᠠᠲᠤᠨ ᠭᠤᠣᠯ᠎ᠤᠨ ᠰᠠᠪᠠ ᠭᠠᠵᠠᠷ᠎ᠤᠨ ᠰᠣᠶᠣᠯ᠎ᠤᠨ ᠥᠪ᠎ᠤᠨ ᠡᠬᠢ ᠪᠠᠶᠠᠯᠢᠭ ᠡᠯᠪᠡᠭ ᠳᠡᠯᠪᠡᠭ᠂ ᠤᠯᠠᠮᠵᠢᠯᠠᠯᠲᠤ ᠰᠣᠶᠣᠯ᠎ᠤᠨ ᠰᠠᠭᠤᠷᠢ ᠭᠦᠨ ᠵᠤᠵᠠᠭᠠᠨ ᠳᠠᠪᠠᠭᠤᠯᠢᠭ᠎ᠲᠤ ᠲᠦᠱᠢᠭ᠌ᠯᠡᠨ᠂ ᠬᠠᠲᠤᠨ ᠭᠤᠣᠯ᠎ᠤᠨ ᠰᠣᠶᠣᠯ᠎ᠢ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ᠎ᠠᠴᠠ ᠬᠠᠮᠠᠭᠠᠯᠠᠨ ᠤᠯᠠᠮᠵᠢᠯᠠᠨ ᠪᠠᠳᠠᠷᠠᠭᠤᠯᠵᠤ᠂ ᠲᠡᠭᠦᠨ᠎ᠳᠤ ᠠᠭᠤᠯᠤᠭ᠍ᠳᠠᠵᠤ ᠪᠠᠢᠭ᠎ᠠ ᠭᠦᠨ ᠤᠬᠠᠭᠠᠨ᠎ᠤ ᠦᠵᠡᠯ ᠰᠠᠨᠠᠭ᠎ᠠ᠂ ᠬᠥᠮᠦᠨ ᠨᠡᠢᠭᠡᠮ᠎ᠤᠨ ᠵᠣᠷᠢᠭ ᠰᠠᠨᠠᠭ᠎ᠠ᠂ ᠦᠷᠲᠡᠭ᠎ᠤᠨ ᠣᠢᠯᠠᠭᠠᠭ᠍ᠳᠠᠬᠤᠨ᠂ ᠶᠣᠰᠣ ᠮᠣᠷᠠᠯ᠎ᠤᠨ ᠵᠢᠷᠤᠮᠵᠢᠯ᠎ᠢ ᠭᠦᠨᠵᠡᠭᠡᠢ ᠠᠭᠤᠳᠠᠯᠤᠨ᠎ᠠ᠃ ᠬᠠᠲᠤᠨ ᠭᠤᠣᠯ᠎ᠤᠨ ᠰᠣᠶᠣᠯ᠎ᠢ ᠪᠦᠲᠦᠭᠡᠯᠴᠢ᠎ᠪᠠᠷ ᠬᠤᠪᠢᠷᠠᠭᠤᠯᠬᠤ ᠪᠠ ᠱᠢᠨ᠎ᠡ᠎ᠶ᠋ᠢ ᠡᠬᠦᠳᠦᠨ ᠬᠦᠭ᠌ᠵᠢᠬᠦᠯᠬᠦ᠌᠎ᠪᠠᠷ ᠳᠠᠮᠵᠢᠭᠤᠯᠤᠨ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠥᠪᠡᠷᠮᠢᠴᠡ ᠷᠢᠳᠢ ᠱᠢᠳᠢ᠂ ᠬᠤᠪᠢᠰᠭᠠᠯᠲᠤ ᠰᠣᠶᠣᠯ᠎ᠤᠨ ᠡᠯᠪᠡᠭ ᠪᠠᠶᠠᠯᠢᠭ ᠠᠭᠤᠯᠤᠭ᠍ᠳᠠᠬᠤᠨ᠂ ᠨᠡᠢᠭᠡᠮ ᠵᠢᠷᠤᠮ᠎ᠤᠨ ᠲᠡᠷᠢᠭᠦᠨ᠎ᠤ ᠰᠣᠶᠣᠯ᠎ᠤᠨ ᠴᠠᠭ ᠦᠶ᠎ᠡ᠎ᠶ᠋ᠢᠨ ᠦᠷᠲᠡᠭ᠎ᠢ ᠭᠦᠢᠴᠡᠳ ᠬᠠᠷᠠᠭᠤᠯᠵᠤ᠂ ᠬᠠᠲᠤᠨ ᠭᠤᠣᠯ᠎ᠤᠨ ᠰᠠᠪᠠ ᠭᠠᠵᠠᠷ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ ᠪᠠ ᠨᠥᠯᠥᠭᠡᠯᠡᠬᠦ᠌ ᠬᠦᠴᠦᠨ᠎ᠢ ᠨᠡᠮᠡᠭ᠌ᠳᠡᠭᠦᠯᠦᠨ᠂ ᠤᠯᠤᠰ ᠣᠷᠣᠨ᠎ᠤ ᠬᠠᠢᠷ᠎ᠠ ᠰᠡᠳᠭᠢᠯᠭᠡ᠎ᠶ᠋ᠢ ᠵᠤᠵᠠᠭᠠᠳᠭᠠᠵᠤ᠂ ᠶᠣᠰᠣ ᠮᠣᠷᠠᠯ᠎ᠤᠨ ᠦᠵᠡᠯᠲᠡ᠎ᠶ᠋ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ᠎ᠨᠦᠭᠦᠳ᠎ᠤᠨ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠦᠲᠦᠭᠡᠨ ᠪᠠᠢᠭᠤᠯᠤᠨ᠎ᠠ᠃
ᠳᠥᠷᠪᠡᠳᠦᠭᠡᠷ ᠬᠡᠰᠡᠭ ᠬᠥᠭ᠌ᠵᠢᠯᠲᠡ᠎ᠶ᠋ᠢᠨ ᠬᠠᠷᠠᠯᠲᠠ
2030 ᠤᠨ ᠪᠣᠯᠲᠠᠯ᠎ᠠ᠂ ᠬᠠᠲᠤᠨ ᠭᠤᠣᠯ᠎ᠤᠨ ᠰᠠᠪᠠ ᠭᠠᠵᠠᠷ᠎ᠤᠨ ᠬᠥᠮᠦᠨ ᠤᠰᠤᠨ᠎ᠤ ᠬᠠᠷᠢᠴᠠᠭ᠎ᠠ ᠴᠢᠨᠠᠬ᠍ᠰᠢᠳᠠ ᠰᠠᠢᠵᠢᠷᠠᠵᠤ᠂ ᠰᠠᠪᠠ ᠭᠠᠵᠠᠷ᠎ᠢ ᠵᠠᠰᠠᠬᠤ ᠬᠢᠷᠢ ᠬᠡᠮᠵᠢᠶ᠎ᠡ᠎ᠶ᠋ᠢ ᠢᠯᠡᠳᠲᠡ ᠲᠡᠭᠡᠭ᠌ᠰᠢᠯᠡᠬᠦᠯᠵᠦ᠍᠂ ᠠᠮᠢ ᠠᠬᠤᠶ᠎ᠶ᠋ᠢ ᠬᠠᠮᠲᠤ᠎ᠪᠠᠷ ᠵᠠᠰᠠᠬᠤ᠂ ᠣᠷᠴᠢᠨ ᠲᠣᠭᠤᠷᠢᠨ᠎ᠢ ᠬᠠᠮᠲᠤ᠎ᠪᠠᠷ ᠬᠠᠮᠠᠭᠠᠯᠠᠬᠤ᠂ ᠬᠤᠳᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠢ ᠬᠤᠯᠪᠣᠯᠳᠤᠭ᠍ᠰᠠᠨ ᠬᠥᠭ᠌ᠵᠢᠯᠲᠡ᠎ᠶ᠋ᠢᠨ ᠪᠠᠢᠷᠢᠱᠢᠯ᠎ᠢ ᠠᠯᠬᠤᠮ ᠠᠯᠬᠤᠮ᠎ᠢᠶᠠᠷ ᠪᠦᠷᠢᠯᠳᠦᠬᠦᠯᠵᠦ᠍᠂ ᠣᠳᠣᠬᠢᠴᠢᠯᠠᠭ᠍ᠰᠠᠨ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠱᠢᠰᠲ᠋ᠧᠮ᠎ᠢ ᠦᠨᠳᠦᠰᠦᠨ᠎ᠳᠡᠭᠡᠨ ᠪᠠᠢᠭᠤᠯᠵᠤ᠂ ᠤᠰᠤᠨ᠎ᠤ ᠡᠬᠢ ᠪᠠᠶᠠᠯᠢᠭ᠎ᠤᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠴᠢᠨᠠᠬ᠍ᠰᠢᠳᠠ ᠲᠡᠭᠡᠭ᠌ᠰᠢᠯᠡᠬᠦᠯᠵᠦ᠍᠂ ᠠᠮᠢ ᠠᠬᠤᠢ᠎ᠶ᠋ᠢᠨ ᠣᠷᠴᠢᠨ ᠨᠥᠬᠦᠴᠡᠯ᠎ᠤᠨ ᠶᠠᠰᠤ ᠴᠢᠨᠠᠷ᠎ᠢ ᠢᠯᠡᠳᠲᠡ ᠰᠠᠢᠵᠢᠷᠠᠭᠤᠯᠵᠤ᠂ ᠤᠯᠤᠰ᠎ᠤᠨ ᠠᠮᠤ ᠪᠤᠳᠠᠭ᠎ᠠ ᠪᠣᠯᠤᠨ ᠡᠨᠧᠷᠭᠢ᠎ᠶ᠋ᠢᠨ ᠰᠠᠭᠤᠷᠢᠨ᠎ᠤ ᠪᠠᠢᠷᠢ ᠰᠠᠭᠤᠷᠢ᠎ᠶ᠋ᠢ ᠦᠷᠭᠦᠯᠵᠢᠯᠡᠨ ᠪᠠᠬᠢᠵᠢᠬᠦᠯᠵᠦ᠍᠂ ᠬᠤᠲᠠ᠎ᠶ᠋ᠢᠨ ᠪᠦᠯᠦᠭ᠌ᠵᠢᠯ᠎ᠢᠶᠠᠷ ᠭᠤᠤᠯ ᠪᠣᠯᠭᠠᠭ᠍ᠰᠠᠨ ᠬᠥᠳᠡᠯᠭᠡᠬᠦ᠌ ᠬᠦᠴᠦᠨ᠎ᠤ ᠱᠢᠰᠲ᠋ᠧᠮ᠎ᠢ ᠨᠠᠩ ᠬᠦᠴᠦᠲᠡᠶ ᠪᠤᠯᠭᠠᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠵᠤ᠂ ᠬᠠᠳᠤᠨ ᠭᠤᠣᠯ᠎ᠤᠨ ᠰᠣᠶᠣᠯ᠎ᠤᠨ ᠨᠥᠯᠥᠭᠡᠯᠡᠬᠦ᠌ ᠬᠦᠴᠦᠨ᠎ᠢ ᠢᠯᠡᠳᠲᠡ ᠥᠷᠭᠡᠵᠢᠬᠦᠯᠵᠦ᠍᠂ ᠣᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡᠨ᠎ᠤ ᠬᠢᠷᠢ ᠲᠦᠪᠱᠢᠨ᠎ᠢ ᠢᠯᠡᠳᠲᠡ ᠲᠡᠭᠡᠭ᠌ᠰᠢᠯᠡᠬᠦᠯᠵᠦ᠍᠂ ᠰᠠᠪᠠ ᠭᠠᠵᠠᠷ᠎ᠤᠨ ᠠᠷᠠᠳ ᠣᠯᠠᠨ᠎ᠤ ᠠᠮᠢᠳᠤᠷᠠᠯ᠎ᠢ ᠨᠠᠩ ᠪᠠᠶᠠᠨ ᠴᠢᠨᠡᠭᠡᠯᠢᠭ ᠪᠤᠯᠭᠠᠵᠤ᠂ ᠬᠦᠷᠲᠡᠮᠵᠢ᠎ᠶ᠋ᠢᠨ ᠲᠥᠷᠥᠭ᠌ᠳᠡᠯ᠂ ᠵᠣᠯ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠥᠷᠥᠭ᠌ᠳᠡᠯ᠎ᠢ ᠢᠯᠡᠳᠲᠡ ᠳᠡᠭᠡᠭ᠌ᠰᠢᠯᠡᠬᠦᠯᠦᠨ᠎ᠡ᠃
2035 ᠤᠨ ᠪᠣᠯᠬᠤ᠎ᠳᠤ᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭ᠌ᠵᠢᠯᠲᠡ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠦᠷ᠎ᠡ ᠪᠦᠲᠦᠭᠡᠯ ᠣᠯᠵᠤ᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠤᠷᠢᠨ ᠪᠦᠬᠦ᠌ ᠲᠠᠯ᠎ᠠ᠎ᠪᠠᠷ ᠰᠠᠢᠵᠢᠷᠠᠵᠤ᠂ ᠠᠮᠢ ᠠᠬᠤᠢ᠎ᠶ᠋ᠢᠨ ᠱᠢᠰᠲ᠋ᠧᠮ ᠡᠷᠡᠭᠦᠯ ᠲᠣᠭ᠍ᠲᠠᠭᠤᠨ ᠪᠤᠯᠵᠤ᠂ ᠤᠰᠤᠨ᠎ᠤ ᠡᠬᠢ ᠪᠠᠶᠠᠯᠢᠭ᠎ᠢ ᠠᠷᠪᠢᠲᠠᠢ ᠡᠷᠴᠢᠮᠯᠢᠭ ᠠᠱᠢᠬ᠍ᠯᠠᠬᠤ ᠲᠦᠪᠱᠢᠨ ᠪᠦᠬᠦ᠌ ᠤᠯᠤᠰ᠎ᠲᠤ ᠲᠦᠷᠦᠭᠦᠯᠡᠵᠦ᠍᠂ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠢ ᠦᠨᠳᠦᠰᠦᠨ᠎ᠳᠡᠭᠡᠨ ᠪᠠᠢᠭᠤᠯᠵᠤ᠂ ᠬᠠᠳᠤᠨ ᠭᠤᠣᠯ᠎ᠤᠨ ᠰᠣᠶᠣᠯ᠎ᠤᠨ ᠶᠡᠭᠡ ᠬᠥᠭ᠌ᠵᠢᠯᠲᠡ ᠶᠡᠭᠡ ᠴᠡᠴᠡᠭ᠌ᠯᠡᠯᠲᠡ᠂ ᠠᠷᠠᠳ᠎ᠤᠨ ᠠᠮᠢᠳᠤᠷᠠᠯ᠎ᠤᠨ ᠲᠦᠪᠱᠢᠨ᠎ᠢ ᠢᠯᠡᠳᠲᠡ ᠳᠡᠭᠡᠭ᠌ᠰᠢᠯᠡᠬᠦᠯᠦᠨ᠎ᠡ᠃ ᠲᠤᠰ ᠵᠠᠭᠤᠨ᠎ᠤ ᠳᠤᠮᠳᠠᠴᠢ ᠪᠣᠯᠬᠤ᠎ᠳᠤ᠂ ᠬᠠᠳᠤᠨ ᠭᠤᠣᠯ᠎ᠤᠨ ᠰᠠᠪᠠ ᠭᠠᠵᠠᠷ᠎ᠤᠨ ᠪᠣᠳᠠᠰ᠎ᠤᠨ ᠪᠣᠯᠪᠠᠰᠤᠨ᠂ ᠤᠯᠤᠰ ᠲᠦᠷᠦ᠎ᠶ᠋ᠢᠨ ᠪᠣᠯᠪᠠᠰᠤᠨ᠂ ᠤᠶᠤᠨ᠎ᠤ ᠪᠣᠯᠪᠠᠰᠤᠨ᠂ ᠨᠡᠢᠭᠡᠮ᠎ᠤᠨ ᠪᠣᠯᠪᠠᠰᠤᠨ᠂ ᠠᠮᠢ ᠠᠬᠤᠢ᠎ᠶ᠋ᠢᠨ ᠪᠣᠯᠪᠠᠰᠤᠨ᠎ᠤ ᠲᠦᠪᠱᠢᠨ᠎ᠢ ᠶᠡᠭᠡ᠎ᠪᠠᠷ ᠳᠡᠭᠡᠭ᠌ᠰᠢᠯᠡᠭᠦᠯᠵᠦ᠍᠂ ᠮᠠᠨ᠎ᠤ ᠤᠯᠤᠰ᠎ᠤᠨ ᠪᠠᠶᠠᠨ ᠬᠦᠴᠦᠷᠬᠡᠭ ᠠᠷᠠᠳᠴᠢᠯᠠᠭ᠍ᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠭᠦᠯᠡᠩᠲᠦ ᠰᠠᠢᠬᠠᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠦᠨ᠎ᠡ᠃
ᠲᠠᠪᠤᠳᠤᠭᠠᠷ ᠬᠡᠰᠡᠭ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ
ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ 《ᠨᠢᠭᠡ ᠪᠦᠰᠡ ᠲᠠᠪᠤᠨ ᠣᠷᠣᠨ ᠤᠯᠠᠨ ᠴᠡᠭ》 ᠤᠨ ᠣᠷᠣᠨ ᠵᠠᠢ᠎ᠶ᠋ᠢᠨ ᠪᠠᠢᠷᠢᠯᠠᠭᠤᠯᠤᠯᠲᠠ᠎ᠶ᠋ᠢ ᠪᠠᠢᠭᠤᠯᠤᠨ᠎ᠠ᠃ 《ᠨᠢᠭᠡ ᠪᠦᠰᠡ》 ᠭᠡᠳᠡᠭ᠎ᠨᠢ ᠬᠠᠳᠤᠨ ᠭᠤᠣᠯ᠎ᠤᠨ ᠭᠤᠣᠯ ᠤᠷᠤᠰᠭᠠᠯ ᠪᠠ ᠭᠤᠣᠯ ᠪᠣᠯᠬᠤ ᠭᠤᠣᠯ ᠮᠥᠷᠡᠨ ᠨᠠᠭᠤᠷ ᠴᠥᠭᠦᠷᠥᠮ᠎ᠢᠶᠠᠷ ᠠᠷᠤᠭ ᠶᠠᠰᠤ ᠪᠣᠯᠭᠠᠵᠤ᠂ ᠬᠥᠬᠡᠨᠠᠭᠤᠷ ᠲᠥᠪᠡᠳ᠎ᠤᠨ ᠥᠨᠳᠦᠷᠯᠢᠭ᠂ ᠱᠢᠷ᠎ᠠ ᠬᠥᠷᠥᠰᠥᠲᠦ ᠥᠨᠳᠦᠷᠯᠢᠭ᠂ ᠤᠮᠠᠷᠠᠲᠤ᠎ᠶ᠋ᠢᠨ ᠡᠯᠡᠰᠦ᠎ᠶ᠋ᠢ ᠰᠡᠷᠭᠡᠢᠯᠡᠬᠦ᠌ ᠪᠦᠰᠡ ᠪᠠ ᠬᠠᠳᠤᠨ ᠭᠤᠣᠯ᠎ᠤᠨ ᠠᠳᠠᠭ᠎ᠤᠨ ᠲᠠᠯᠠᠢ᠎ᠶ᠋ᠢᠨ ᠡᠷᠭᠢ᠎ᠶ᠋ᠢᠨ ᠪᠦᠰᠡ᠎ᠶ᠋ᠢ ᠬᠤᠯᠪᠣᠨ ᠨᠡᠪᠲᠡᠷᠡᠭᠦᠯᠦᠭ᠌ᠰᠡᠨ ᠬᠠᠳᠤᠨ ᠭᠤᠣᠯ᠎ᠤᠨ ᠠᠮᠢ ᠠᠬᠤᠢ᠎ᠶ᠋ᠢᠨ ᠪᠦᠰᠡ᠎ᠶ᠋ᠢ ᠵᠢᠭᠠᠵᠤ ᠪᠠᠢᠨ᠎ᠠ᠃ 《ᠲᠠᠪᠤᠨ ᠣᠷᠣᠨ》 ᠭᠡᠳᠡᠭ᠎ᠨᠢ ᠭᠤᠷᠪᠠᠨ ᠮᠥᠷᠡᠨ᠎ᠤ ᠡᠬᠢ᠂ ᠴᠢᠨᠯᠢᠩ ᠳᠠᠪᠠᠭ᠎ᠠ᠂ ᠴᠢ ᠯᠢᠶᠠᠨ ᠱᠠᠨ ᠠᠭᠤᠯᠠ᠂ ᠯᠢᠦ ᠫᠠᠨ ᠱᠠᠨ ᠠᠭᠤᠯᠠ᠂ ᠷᠦᠸᠧ ᠡᠯ ᠭᠠᠶ ᠵᠡᠷᠭᠡ ᠭᠤᠣᠯᠳᠠᠯᠭ᠎ᠠ᠎ᠲᠠᠢ ᠠᠮᠢ ᠠᠬᠤᠶ᠎ᠶ᠋ᠢᠨ ᠴᠢᠳᠠᠮᠵᠢᠲᠤ ᠣᠷᠣᠨ᠎ᠢᠶᠠᠷ ᠭᠤᠣᠯ ᠪᠣᠯᠭᠠᠭ᠍ᠰᠠᠨ ᠤᠰᠤᠨ᠎ᠤ ᠰᠤᠷᠪᠤᠯᠵᠢ᠎ᠶ᠋ᠢ ᠬᠠᠳᠠᠭᠠᠯᠠᠬᠤ ᠣᠷᠣᠨ᠂ ᠥᠪᠥᠷ ᠮᠣᠩᠭᠤᠯ᠎ᠤᠨ ᠥᠨᠳᠦᠷᠯᠢᠭ᠎ᠤᠨ ᠡᠮᠦᠨ᠎ᠡ ᠵᠠᠬ᠎ᠠ᠂ ᠨᠢᠩᠱᠢᠶᠠ᠎ᠶ᠋ᠢᠨ ᠳᠤᠮᠳᠠ ᠬᠡᠰᠡᠭ ᠵᠡᠷᠭᠡ᠎ᠪᠠᠷ ᠭᠤᠣᠯ ᠪᠣᠯᠭᠠᠭ᠍ᠰᠠᠨ ᠴᠥᠯᠯᠡᠷᠬᠡᠭ᠌ᠵᠢᠯᠢ ᠰᠡᠷᠭᠡᠢᠯᠡᠨ ᠵᠠᠰᠠᠬᠤ ᠣᠷᠣᠨ᠂ ᠬᠥᠬᠡᠨᠠᠭᠤᠷ᠎ᠤᠨ ᠵᠡᠭᠦᠨ ᠬᠡᠰᠡᠭ᠂ ᠭᠠᠨᠰᠦ᠎ᠶ᠋ᠢᠨ ᠳᠤᠮᠳᠠ ᠬᠡᠰᠡᠭ ᠭᠠᠨᠰᠦ᠎ᠶ᠋ᠢᠨ ᠵᠡᠭᠦᠨ ᠬᠡᠰᠡᠭ᠂ ᠱᠠᠨᠰᠢ᠎ᠶ᠋ᠢᠨ ᠬᠤᠢᠲᠤ ᠬᠡᠰᠡᠭ᠂ ᠱᠠᠨ ᠰᠢ᠎ᠶ᠋ᠢᠨ ᠪᠠᠷᠠᠭᠤᠨ ᠬᠤᠢᠲᠤ ᠬᠡᠰᠡᠭ᠂ ᠨᠢᠩᠱᠢᠶᠠ᠎ᠶ᠋ᠢᠨ ᠡᠮᠦᠨᠡᠲᠦ ᠬᠡᠰᠡᠭ᠎ᠤᠨ ᠱᠢᠷ᠎ᠠ ᠬᠥᠷᠥᠰᠥᠲᠦ ᠥᠨᠳᠦᠷᠯᠢᠭ᠎ᠢᠶᠠᠷ ᠭᠤᠣᠯ ᠪᠣᠯᠭᠠᠭ᠍ᠰᠠᠨ ᠬᠥᠷᠥᠰᠥ᠍ ᠱᠢᠷᠣᠶ᠎ᠶ᠋ᠢ ᠬᠠᠮᠠᠭᠠᠯᠠᠬᠤ ᠣᠷᠣᠨ᠂ ᠸᠧᠶ ᠾᠧ ᠭᠤᠣᠯ᠂ ᠹᠧᠨ ᠾᠧ ᠭᠤᠣᠯ᠂ ᠰᠥ ᠱᠦᠢ ᠭᠤᠤᠯ᠂ ᠤᠯᠠᠭᠠᠨᠰᠤᠬᠠᠢ ᠨᠠᠭᠤᠷ᠎ᠢᠶᠠᠷ ᠭᠤᠣᠯ ᠪᠣᠯᠭᠠᠭ᠍ᠰᠠᠨ ᠭᠤᠣᠯᠳᠠᠯᠭ᠎ᠠ᠎ᠲᠠᠢ ᠭᠤᠣᠯ ᠨᠠᠭᠤᠷ᠎ᠤᠨ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠣᠷᠣᠨ᠂ ᠬᠠᠲᠤᠨ ᠭᠤᠣᠯ᠎ᠤᠨ ᠭᠤᠷᠪᠠᠯᠵᠢᠨ ᠬᠤᠢᠭ᠎ᠤᠨ ᠨᠤᠭᠤ ᠭᠠᠵᠠᠷ᠎ᠢᠶᠠᠷ ᠭᠤᠣᠯ ᠪᠣᠯᠭᠠᠭ᠍ᠰᠠᠨ ᠭᠤᠤᠯ᠎ᠤᠨ ᠠᠮᠠ᠎ᠶ᠋ᠢᠨ ᠠᠮᠢ ᠠᠬᠤᠢ᠎ᠶ᠋ᠢᠨ ᠬᠠᠮᠠᠭᠠᠯᠠᠯᠳᠠ᠎ᠶ᠋ᠢᠨ ᠤᠷᠤᠨ᠎ᠢ ᠵᠢᠭᠠᠵᠤ ᠪᠠᠢᠨ᠎ᠠ᠃ 《ᠤᠯᠠᠨ ᠴᠡᠭ》 ᠭᠡᠳᠡᠭ᠎ᠨᠢ ᠲᠥᠪᠡᠳ ᠪᠥᠬᠦᠩ᠂ ᠴᠠᠭᠠᠨ ᠢᠷᠪᠢᠰ᠂ ᠬᠡᠭᠡᠷ᠎ᠡ᠎ᠶ᠋ᠢᠨ ᠰᠠᠷᠯᠤᠭ᠂ ᠨᠤᠲᠤᠭ᠎ᠤᠨ ᠵᠢᠭᠠᠰᠤᠨ᠎ᠤ ᠲᠥᠷᠥᠯ᠂ ᠱᠢᠪᠠᠭᠤᠨ᠎ᠤ ᠲᠥᠷᠥᠯ ᠵᠡᠷᠭᠡ ᠴᠢᠬᠤᠯᠠ ᠬᠡᠭᠡᠷ᠎ᠡ᠎ᠶ᠋ᠢᠨ ᠠᠮᠢᠲᠠᠨ᠎ᠤ ᠣᠷᠣᠱᠢᠨ ᠠᠮᠢᠳᠤᠷᠠᠬᠤ ᠭᠠᠵᠠᠷ ᠪᠠ ᠬᠤᠪᠣᠷ ᠴᠤᠬᠠᠭ ᠤᠷᠭᠤᠮᠠᠯ᠎ᠤᠨ ᠲᠠᠷᠬᠠᠯᠲᠠ᠎ᠶ᠋ᠢᠨ ᠣᠷᠣᠨ᠎ᠢ ᠵᠢᠭᠠᠵᠤ ᠪᠠᠢᠨ᠎ᠠ᠃
ᠬᠠᠲᠤᠨ ᠭᠤᠤᠯ᠎ᠤᠨ ᠰᠠᠪᠠ ᠭᠠᠵᠠᠷ᠎ᠤᠨ 《ᠨᠢᠭᠡ ᠲᠡᠩᠭᠡᠯᠢᠭ ᠬᠤᠶᠠᠷ ᠣᠷᠣᠨ ᠲᠠᠪᠤᠨ ᠲᠦᠢᠯ》 ᠤᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠤ ᠪᠠᠢᠷᠢᠱᠢᠯ᠎ᠢ ᠪᠠᠢᠭᠤᠯᠤᠨ ᠪᠦᠷᠢᠯᠳᠦᠭᠦᠯᠵᠦ᠍᠂ ᠭᠠᠵᠠᠷ ᠣᠷᠣᠨ᠎ᠤ ᠬᠤᠭᠤᠷᠣᠨᠳᠣᠬᠢ ᠬᠦᠴᠦᠨ ᠵᠦᠢᠯ᠎ᠤᠨ ᠵᠦᠶ ᠵᠣᠬᠢᠰᠲᠠᠶ᠎ᠪᠠᠷ ᠱᠢᠯᠵᠢᠬᠦ᠌ ᠪᠠ ᠥᠨᠳᠥᠷ ᠪᠦᠲᠦᠮᠵᠢᠲᠡᠶ᠎ᠪᠠᠷ ᠲᠥᠪᠯᠡᠷᠡᠬᠦ᠌᠎ᠶ᠋ᠢ ᠠᠬᠢᠭᠤᠯᠤᠨ᠎ᠠ᠃ 《ᠨᠢᠭᠡ ᠲᠡᠩᠭᠡᠯᠢᠭ》 ᠭᠡᠳᠡᠭ᠎ᠨᠢ ᠱᠢᠨ᠎ᠡ ᠠᠽᠢᠶ᠎ᠠ ᠧᠦ᠋ᠷᠣᠫᠠ᠎ᠶ᠋ᠢᠨ ᠡᠬᠡ ᠬᠠᠭᠤᠷᠠᠢ᠎ᠶ᠋ᠢᠨ ᠬᠥᠭᠦᠷᠭᠡ᠎ᠶ᠋ᠢᠨ ᠤᠯᠠᠨ ᠤᠯᠤᠰ᠎ᠤᠨ ᠶᠡᠭᠡ ᠵᠠᠮ᠎ᠳᠤ ᠲᠦᠱᠢᠭ᠌ᠯᠡᠨ᠂ ᠳᠡᠭᠡᠳᠦ ᠳᠤᠮᠳᠠ ᠲᠤᠤᠷᠠᠳᠤ ᠤᠷᠤᠰᠭᠠᠯ ᠪᠠ ᠱᠢᠨ᠎ᠡ ᠬᠡᠯᠪᠡᠷᠢ᠎ᠶ᠋ᠢᠨ ᠬᠤᠳᠠ᠎ᠶ᠋ᠢᠨ ᠪᠥᠯᠦᠭ᠌ᠵᠢᠯᠢ ᠬᠤᠯᠪᠣᠵᠤ᠂ ᠲᠡᠷᠢᠭᠦᠨ᠎ᠤ ᠦᠢᠯᠡᠳᠬᠦ᠌ ᠦᠢᠯᠡᠰ᠎ᠢᠶᠠᠷ ᠤᠳᠤᠷᠢᠳᠤᠮᠵᠢ ᠪᠣᠯᠭᠠᠨ᠂ ᠱᠢᠨ᠎ᠡ᠎ᠶ᠋ᠢ ᠡᠭᠦᠳᠬᠦ᠌᠎ᠪᠠᠷ ᠭᠤᠣᠯ ᠬᠥᠳᠡᠯᠭᠡᠭ᠌ᠴᠢ ᠡᠨᠧᠷᠭᠢ ᠪᠣᠯᠭᠠᠭ᠍ᠰᠠᠨ ᠣᠳᠣᠬᠢᠴᠢᠯᠠᠭ᠍ᠰᠠᠨ ᠠᠵᠤ ᠠᠬᠤᠢ᠎ᠶ᠋ᠢᠨ ᠬᠤᠨᠭ᠌ᠭᠢᠯ ᠵᠠᠮ᠎ᠢ ᠵᠢᠭᠠᠵᠤ᠂ ᠬᠠᠳᠤᠨ ᠭᠤᠣᠯ᠎ᠤᠨ ᠰᠠᠪᠠ ᠭᠠᠵᠠᠷ᠎ᠤᠨ ᠪᠦᠬᠦ᠌ ᠤᠯᠤᠰ ᠵᠢᠴᠢ ᠤᠯᠠᠨ ᠤᠯᠤᠰ᠎ᠤᠨ ᠠᠵᠤ ᠠᠬᠤᠢ᠎ᠶ᠋ᠢᠨ ᠠᠵᠢᠯ᠎ᠤᠨ ᠬᠤᠪᠢᠶᠠᠷᠢᠯᠠᠯ᠎ᠳᠤ ᠣᠷᠣᠯᠴᠠᠬᠤ ᠪᠡᠶᠡᠴᠢ ᠴᠣᠭ᠍ᠴᠠ ᠪᠤᠯᠤᠨ᠎ᠠ᠃ 《ᠬᠤᠶᠠᠷ ᠣᠷᠣᠨ》 ᠭᠡᠳᠡᠭ᠎ᠨᠢ ᠬᠠᠲᠤᠨ ᠭᠤᠤᠯ ᠬᠤᠸᠠᠢ ᠾᠧ ᠭᠤᠤᠯ ᠬᠠᠶ ᠾᠧ ᠭᠤᠤᠯ᠎ᠤᠨ ᠲᠠᠯ᠎ᠠ ᠭᠠᠵᠠᠷ᠂ ᠹᠧᠨ ᠾᠧ ᠭᠤᠤᠯ ᠸᠧᠶ ᠾᠧ ᠭᠤᠤᠯ᠎ᠤᠨ ᠲᠠᠯ᠎ᠠ ᠭᠠᠵᠠᠷ᠂ ᠪᠣᠷᠣᠲᠣᠬᠤᠶ᠎ᠶ᠋ᠢᠨ ᠲᠠᠯ᠎ᠠ ᠭᠠᠵᠠᠷ᠎ᠢᠶᠠᠷ ᠭᠤᠤᠯ ᠠᠴᠢᠶᠠᠯᠠᠪᠤᠷᠢ ᠪᠣᠯᠭᠠᠭ᠍ᠰᠠᠨ ᠠᠮᠤ ᠪᠤᠳᠠᠭᠠᠨ᠎ᠤ ᠭᠤᠤᠯ ᠭᠠᠷᠤᠯᠲᠠ᠎ᠶ᠋ᠢᠨ ᠣᠷᠣᠨ ᠪᠣᠯᠤᠨ ᠱᠠᠨ ᠰᠢ᠂ ᠣᠷᠳᠣᠰ᠎ᠤᠨ ᠬᠤᠲᠣᠭᠤᠷ᠎ᠢᠶᠠᠷ ᠭᠤᠤᠯ ᠪᠣᠯᠭᠠᠭ᠍ᠰᠠᠨ ᠡᠨᠧᠷᠭᠢ᠎ᠶ᠋ᠢᠨ ᠡᠬᠢ ᠪᠠᠶᠠᠯᠢᠭ ᠲᠦᠪᠯᠡᠷᠡᠭ᠌ᠰᠠᠨ ᠣᠷᠤᠨ᠎ᠢ ᠵᠢᠭᠠᠵᠤ᠂ ᠲᠠᠷᠢᠶᠠᠯᠠᠩ᠂ ᠡᠨᠧᠷᠭᠢ᠎ᠶ᠋ᠢᠨ ᠣᠳᠣᠬᠢᠴᠢᠯᠠᠭ᠍ᠰᠠᠨ ᠬᠥᠭ᠌ᠵᠢᠯᠲᠡ᠎ᠶ᠋ᠢ ᠲᠦᠷᠭᠡᠳᠭᠡᠨ᠎ᠡ᠃ 《ᠲᠠᠪᠤᠨ ᠲᠦᠢᠯ》 ᠭᠡᠳᠡᠭ᠎ᠨᠢ ᠱᠠᠨᠳᠦ᠋ᠩ ᠬᠤᠢᠭ᠎ᠤᠨ ᠬᠤᠳᠠ᠎ᠶ᠋ᠢᠨ ᠪᠦᠯᠦᠭ᠌ᠵᠢᠯ᠂ ᠳᠤᠮᠳᠠᠳᠤ ᠣᠷᠣᠨ᠎ᠤ ᠬᠤᠳᠠ᠎ᠶ᠋ᠢᠨ ᠪᠦᠯᠦᠭ᠌ᠵᠢᠯ᠂ ᠭᠤᠸᠠᠨ ᠵᠦᠩ ᠤᠷᠤᠨ᠎ᠤ ᠲᠠᠯ᠎ᠠ ᠭᠠᠵᠠᠷ᠎ᠤᠨ ᠬᠤᠳᠠ᠎ᠶ᠋ᠢᠨ ᠪᠦᠯᠦᠭ᠌ᠵᠢᠯ᠂ ᠬᠠᠳᠤᠨ ᠭᠤᠣᠯ᠎ᠤᠨ 《几》 ᠦᠰᠦᠭ᠌ᠲᠦ ᠬᠤᠲᠠ᠎ᠶ᠋ᠢᠨ ᠲᠤᠭᠤᠷᠢᠭ ᠪᠠ ᠯᠠᠨᠵᠧᠦ — ᠱᠢᠨᠢᠩᠤᠨ ᠬᠤᠳᠠ᠎ᠶ᠋ᠢᠨ ᠪᠦᠯᠦᠭ᠌ᠵᠢᠯ ᠵᠡᠷᠭᠡ᠎ᠶ᠋ᠢ ᠵᠢᠭᠠᠵᠤ ᠪᠠᠢᠨ᠎ᠠ᠂ ᠲᠡᠷᠡ ᠪᠣᠯ ᠣᠷᠣᠨ ᠪᠦᠰᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠨᠡᠮᠡᠭ᠌ᠳᠡᠯ᠎ᠤᠨ ᠲᠦᠢᠯ ᠪᠠ ᠬᠠᠳᠤᠨ ᠭᠤᠣᠯ᠎ᠤᠨ ᠰᠠᠪᠠ ᠭᠠᠵᠠᠷ᠎ᠤᠨ ᠬᠥᠮᠦᠨ ᠠᠮᠠ᠂ ᠦᠢᠯᠡᠳᠪᠦᠷᠢᠯᠡᠯ᠎ᠤᠨ ᠬᠦᠴᠦᠨ᠎ᠤ ᠪᠠᠢᠷᠢᠱᠢᠯ᠎ᠤᠨ ᠭᠤᠣᠯ ᠠᠴᠢᠶᠠᠯᠠᠪᠤᠷᠢ ᠮᠥᠨ᠃
ᠣᠯᠠᠨ ᠡᠱᠢᠲᠦ᠍᠂ ᠡᠶ᠎ᠡ ᠵᠣᠬᠢᠴᠠᠩᠭᠤᠶ ᠬᠠᠷᠢᠯᠴᠠᠨ ᠵᠣᠬᠢᠴᠠᠭ᠍ᠰᠠᠨ ᠬᠠᠳᠤᠨ ᠭᠤᠤᠯ᠎ᠤᠨ ᠰᠣᠶᠣᠯ᠎ᠤᠨ ᠢᠯᠡᠷᠬᠡᠶ ᠣᠷᠣᠨ᠎ᠢ ᠪᠠᠢᠭᠤᠯᠤᠨ᠎ᠠ᠃ ᠾᠧ ᠬᠤᠸᠠᠩ — ᠽᠠᠩᠶᠠᠩᠤᠨ ᠰᠣᠶᠣᠯ᠎ᠤᠨ ᠣᠷᠣᠨ᠎ᠳᠤ ᠭᠤᠣᠯᠳᠠᠭᠤ ᠳᠡᠭᠡᠳᠦ ᠤᠷᠤᠰᠭᠠᠯ᠎ᠤᠨ ᠳ᠋ᠠᠲ᠋ᠦ᠋ᠩ ᠭᠤᠣᠯ᠂ ᠱᠢᠷᠠᠬᠠᠢᠭᠤᠤᠯᠤᠨ ᠰᠠᠪᠠ ᠭᠠᠵᠠᠷ ᠪᠣᠯᠤᠨ ᠭᠠᠨᠰᠤ᠎ᠶ᠋ᠢᠨ ᠡᠮᠤᠨᠡᠲᠤ ᠬᠡᠰᠡᠭ᠂ ᠷᠦᠸᠧ ᠡᠯ ᠭᠠᠢ᠂ ᠬᠤᠩ ᠶᠤᠸᠠᠨ᠂ ᠱ᠌ᠢ ᠴᠢᠤᠢ ᠵᠡᠷᠭᠡ ᠭᠠᠵᠠᠷ ᠣᠷᠣᠨ ᠪᠠᠭ᠍ᠲᠠᠵᠤ᠂ ᠲᠠᠷᠢᠶᠠᠯᠠᠬᠤ ᠰᠣᠶᠣᠯ ᠪᠣᠯᠤᠨ ᠨᠡᠭᠦᠳᠡᠯ ᠮᠠᠯᠵᠢᠯ᠎ᠤᠨ ᠰᠣᠶᠣᠯ᠎ᠤᠨ ᠠᠭᠤᠰᠤᠯᠴᠠᠯ᠎ᠤᠨ ᠱᠢᠯᠵᠢᠯᠲᠡ᠎ᠶ᠋ᠢᠨ ᠣᠷᠣᠨ ᠪᠣᠯᠤᠨ᠎ᠠ᠂ ᠦᠨᠳᠦᠰᠦᠲᠡᠨ᠎ᠤ ᠰᠣᠶᠣᠯ᠎ᠤᠨ ᠣᠨᠴᠠᠯᠢᠭ ᠢᠯᠡ ᠲᠣᠳᠣ ᠪᠠᠢᠳᠠᠭ᠃ ᠭᠤᠸᠠᠨ ᠵᠦᠩ᠎ᠤᠨ ᠰᠣᠶᠣᠯ᠎ᠤᠨ ᠣᠷᠣᠨ᠎ᠳᠤ ᠭᠤᠣᠯᠳᠠᠭᠤ ᠳᠤᠮᠳᠠ ᠤᠷᠤᠰᠭᠠᠯ᠎ᠤᠨ ᠸᠧᠢ ᠾᠧ ᠭᠤᠣᠯ᠎ᠤᠨ ᠰᠠᠪᠠ ᠭᠠᠵᠠᠷ ᠪᠠ ᠱᠠᠨᠰᠢ᠂ ᠭᠠᠨᠰᠦ᠎ᠶ᠋ᠢᠨ ᠱᠢᠷ᠎ᠠ ᠬᠥᠷᠥᠰᠥᠲᠦ ᠥᠨᠳᠦᠷᠯᠢᠭ᠎ᠤᠨ ᠭᠠᠵᠠᠷ ᠣᠷᠣᠨ᠂ ᠰᠢ ᠠᠨᠢᠶᠠᠷ ᠲᠥᠯᠥᠭᠡᠯᠡᠭᠦᠯᠦᠭ᠌ᠰᠡᠨ ᠭᠤᠸᠠᠨ ᠵᠦᠩ ᠣᠷᠣᠨ᠎ᠤ ᠤᠯᠠᠮᠵᠢᠯᠠᠯᠲᠤ ᠰᠣᠶᠣᠯ᠎ᠤᠨ ᠰᠠᠭᠤᠷᠢ ᠭᠦᠨ ᠵᠤᠵᠠᠭᠠᠨ᠂ ᠲᠡᠦᠬᠡ ᠰᠣᠶᠣᠯ᠎ᠤᠨ ᠥᠪ ᠪᠠᠶᠠᠯᠢᠭ ᠪᠠᠢᠳᠠᠭ᠃ ᠬᠠᠳᠤᠨ ᠭᠤᠤᠯ ᠯᠦᠸᠧ ᠾᠧ ᠭᠤᠤᠯ — ᠱᠠᠨ ᠰᠢ᠎ᠶ᠋ᠢᠨ ᠰᠣᠶᠣᠯ᠎ᠤᠨ ᠣᠷᠣᠨ᠎ᠳᠤ ᠭᠤᠣᠯᠳᠠᠭᠤ ᠳᠤᠮᠳᠠ ᠤᠷᠤᠰᠭᠠᠯ᠎ᠤᠨ ᠢᠷᠦᠭᠡ ᠭᠤᠣᠯ᠂ ᠹᠧᠨ ᠾᠧ ᠭᠤᠣᠯ ᠵᠡᠷᠭᠡ ᠰᠠᠪᠠ ᠭᠠᠵᠠᠷ ᠪᠠᠭ᠍ᠲᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠴᠢᠬᠤᠯᠠ ᠭᠤᠯᠤᠮᠳᠠ ᠪᠠᠢᠵᠤ᠂ ᠶᠡᠭᠡ ᠬᠡᠮᠵᠢᠶᠡᠨ᠎ᠤ ᠰᠣᠶᠣᠯ᠎ᠤᠨ ᠦᠯᠡᠳᠡᠭ᠌ᠳᠡᠯ ᠲᠠᠷᠬᠠᠵᠤ ᠪᠠᠢᠳᠠᠭ᠃ ᠪᠢᠴᠢᠭ᠎ᠤᠨ ᠰᠤᠷᠭᠠᠯ᠎ᠤᠨ ᠰᠣᠶᠣᠯ᠎ᠤᠨ ᠣᠷᠣᠨ᠎ᠳᠤ ᠭᠤᠣᠯᠳᠠᠭᠤ ᠳᠣᠣᠷᠠᠳᠤ ᠤᠷᠤᠰᠭᠠᠯ᠎ᠤᠨ ᠱᠠᠨᠳᠦ᠋ᠩ᠎ᠤᠨ ᠴᠢᠦᠶ ᠹᠦ᠍᠂ ᠲᠠᠢ ᠠᠨ ᠵᠡᠷᠭᠡ ᠭᠠᠵᠠᠷ ᠣᠷᠣᠨ ᠪᠠᠭ᠍ᠲᠠᠵᠤ᠂ ᠺᠦᠩᠽᠢ ᠮᠧᠩᠽᠢ᠎ᠪᠠᠷ ᠲᠥᠯᠥᠭᠡᠯᠡᠭᠦᠯᠦᠭ᠌ᠰᠡᠨ ᠤᠯᠠᠮᠵᠢᠯᠠᠯᠲᠤ ᠰᠣᠶᠣᠯ᠎ᠨᠢ ᠥᠨᠢ ᠤᠳᠠᠭᠠᠨ ᠤᠯᠠᠮᠵᠢᠯᠠᠯ᠎ᠲᠠᠢ ᠶᠤᠮ᠃ ᠬᠤᠪᠢᠰᠭᠠᠯ᠎ᠤᠨ ᠬᠦᠮᠦᠵᠢᠯ᠎ᠤᠨ ᠣᠷᠣᠨ᠎ᠳᠤ ᠭᠤᠣᠯᠳᠠᠭᠤ ᠱᠠᠨᠰᠢ — ᠭᠠᠨᠰᠦ — ᠨᠢᠩᠱᠢᠶᠠ ᠵᠡᠷᠭᠡ ᠬᠤᠪᠢᠰᠭᠠᠯ᠎ᠤᠨ ᠰᠠᠭᠤᠷᠢᠨ ᠭᠠᠵᠠᠷ ᠪᠠ ᠤᠯᠠᠭᠠᠨ ᠴᠡᠷᠢᠭ᠎ᠤᠨ ᠴᠠᠰᠤᠲᠤ ᠠᠭᠤᠯᠠ ᠡᠪᠡᠰᠦᠲᠦ ᠳᠠᠯ᠎ᠠ᠂ ᠪᠠᠷᠠᠭᠤᠨ ᠵᠠᠮ᠎ᠤᠨ ᠴᠡᠷᠢᠭ᠎ᠤᠨ ᠪᠠᠷᠠᠭᠤᠨᠰᠢ ᠳᠠᠢᠯᠠᠬᠤ ᠱᠤᠭᠤᠮ ᠵᠡᠷᠭᠡ ᠭᠠᠵᠠᠷ ᠣᠷᠣᠨ ᠪᠠᠭ᠍ᠲᠠᠵᠤ᠂ ᠪᠦᠬᠦ᠌ ᠤᠯᠤᠰ᠎ᠤᠨ ᠬᠤᠪᠢᠰᠭᠠᠯ᠎ᠤᠨ ᠪᠠᠭᠤᠷᠢ᠎ᠶ᠋ᠢᠨ ᠬᠡᠪᠴᠢᠶ᠎ᠡ᠎ᠪᠠᠷ ᠬᠠᠮᠤᠭ᠎ᠤᠨ ᠶᠡᠭᠡ᠂ ᠲᠤᠭ᠎ᠠ ᠬᠡᠮᠵᠢᠶ᠎ᠡ᠎ᠪᠠᠷ ᠬᠠᠮᠤᠭ᠎ᠤᠨ ᠤᠯᠠᠨ ᠭᠠᠵᠠᠷ ᠣᠷᠣᠨ᠎ᠤ ᠨᠢᠭᠡ ᠪᠣᠯᠤᠨ᠎ᠠ᠃
ᠭᠤᠷᠪᠠᠳᠤᠭᠠᠷ ᠪᠦᠯᠦᠭ ᠳᠡᠭᠡᠳᠦ ᠤᠷᠤᠰᠭᠠᠯ᠎ᠤᠨ ᠤᠰᠤᠨ᠎ᠤ ᠰᠤᠷᠪᠤᠯᠵᠢ᠎ᠶ᠋ᠢ ᠬᠠᠳᠠᠭᠠᠯᠠᠬᠤ ᠴᠢᠳᠠᠪᠤᠷᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ
ᠪᠠᠢᠭᠠᠯᠢ᠎ᠶ᠋ᠢᠨ ᠵᠢᠮ᠎ᠡ ᠶᠣᠰᠣ᠎ᠶ᠋ᠢ ᠵᠢᠷᠤᠮᠯᠠᠨ᠂ ᠭᠤᠣᠯᠳᠠᠯᠭ᠎ᠠ᠎ᠲᠠᠢ ᠣᠷᠣᠨ ᠪᠦᠰᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠶᠠᠨ᠎ᠳᠠᠭᠠᠨ ᠰᠡᠷᠭᠦᠬᠦ᠌ ᠪᠠ ᠴᠢᠬᠤᠯᠠ ᠶᠡᠭᠡ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌ ᠢᠨᠵᠧᠨᠧᠷᠢᠩ᠎ᠢ ᠬᠡᠷᠡᠭ᠌ᠵᠢᠭᠦᠯᠬᠦ᠌᠎ᠪᠠᠷ ᠳᠠᠮᠵᠢᠭᠤᠯᠤᠨ᠂ ᠠᠮᠢ ᠠᠬᠤᠢ ᠮᠠᠭᠤᠳᠠᠬᠤ ᠬᠠᠨᠳᠤᠰᠢ᠎ᠶ᠋ᠢ ᠲᠦᠷᠭᠡᠪᠴᠢᠯᠡᠨ ᠬᠤᠷᠢᠡᠡᠯᠠᠵᠤ᠂ ᠴᠢᠬᠤᠯᠠ ᠠᠮᠢ ᠠᠬᠤᠢ᠎ᠶ᠋ᠢᠨ ᠱᠢᠰᠲ᠋ᠧᠮ᠎ᠢ ᠰᠡᠷᠭᠦᠭᠡᠨ᠂ ᠤᠰᠤᠨ᠎ᠤ ᠰᠤᠷᠪᠤᠯᠵᠢ᠎ᠶ᠋ᠢ ᠬᠠᠳᠠᠭᠠᠯᠠᠨ ᠬᠠᠮᠠᠭᠠᠯᠠᠬᠤ ᠴᠢᠳᠠᠮᠵᠢ᠎ᠶ᠋ᠢ ᠴᠢᠩᠭᠠᠳᠭᠠᠨ᠎ᠠ᠃
ᠨᠢᠭᠡᠳᠦᠭᠡᠷ ᠬᠡᠰᠡᠭ 《ᠳᠤᠮᠳᠠᠳᠤ᠎ᠶ᠋ᠢᠨ ᠤᠰᠤᠨ ᠴᠠᠮᠬᠠᠭ》 ᠢ ᠪᠠᠲᠤ ᠴᠣᠭ᠍ᠴᠠᠯᠠᠨ᠎ᠠ
ᠳᠡᠭᠡᠳᠦ ᠤᠷᠤᠰᠭᠠᠯ᠎ᠤᠨ ᠭᠤᠷᠪᠠᠨ ᠮᠥᠷᠡᠨ᠎ᠤ ᠡᠬᠢ᠎ᠶ᠋ᠢᠨ ᠭᠠᠵᠠᠷ ᠣᠷᠣᠨ ᠪᠣᠯ ᠨᠡᠷ᠎ᠡ ᠨᠢᠳᠡᠷ᠎ᠲᠡᠭᠡᠨ ᠨᠡᠢᠴᠡᠭ᠌ᠰᠡᠨ 《ᠳᠤᠮᠳᠠᠳᠤ᠎ᠶ᠋ᠢᠨ ᠤᠰᠤᠨ ᠴᠠᠮᠬᠠᠭ》 ᠮᠥᠨ᠂ ᠱᠢᠰᠲ᠋ᠧᠮᠲᠦ ᠢᠨᠵᠧᠨᠧᠷᠢᠩ ᠪᠠ ᠪᠦᠬᠦ᠌ ᠲᠠᠯ᠎ᠠ᠎ᠶ᠋ᠢᠨ ᠡᠭᠦᠳᠡᠨ᠎ᠠᠴᠠ ᠪᠦᠬᠦᠯᠢ ᠴᠣᠭ᠍ᠴᠠ᠎ᠪᠠᠷ᠎ᠨᠢ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠤᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ᠂ ᠭᠤᠷᠪᠠᠨ ᠮᠥᠷᠡᠨ᠎ᠤ ᠡᠬᠢ᠎ᠶ᠋ᠢᠨ ᠭᠠᠵᠠᠷ ᠣᠷᠣᠨ᠎ᠤ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦᠨ᠎ᠤ ᠠᠮᠢ ᠠᠬᠤᠢ᠎ᠶ᠋ᠢᠨ ᠡᠯᠧᠮᠧᠨ᠋ᠲ᠎ᠢ ᠪᠦᠬᠦ᠌ ᠲᠠᠯ᠎ᠠ᠎ᠪᠠᠷ ᠬᠠᠮᠠᠭᠠᠯᠠᠨ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠰᠡᠷᠭᠦᠭᠡᠨ᠂ ᠠᠮᠢ ᠠᠬᠤᠢ᠎ᠶ᠋ᠢᠨ ᠰᠠᠢᠨ ᠣᠷᠴᠢᠯ ᠬᠥᠭ᠌ᠵᠢᠯᠲᠡ᠎ᠶ᠋ᠢ ᠪᠡᠶᠡᠯᠡᠭᠦᠯᠤᠨ᠎ᠠ᠃ ᠪᠡᠯᠴᠢᠭᠡᠷᠯᠡᠭᠦᠯᠬᠦ᠌᠎ᠶ᠋ᠢ ᠴᠠᠭᠠᠵᠠᠯᠠᠵᠤ ᠪᠢᠲᠡᠭᠦᠮᠵᠢᠯᠡᠨ ᠰᠡᠷᠭᠦᠭᠡᠬᠦ᠌ ᠵᠡᠷᠭᠡ ᠠᠷᠭ᠎ᠠ ᠬᠡᠮᠵᠢᠶ᠎ᠡ᠎ᠶ᠋ᠢ ᠴᠢᠩᠭᠠᠳᠭᠠᠵᠦ᠍᠂ ᠨᠤᠲᠤᠭ ᠪᠡᠯᠴᠢᠭᠡᠷ᠎ᠤᠨ ᠲᠥᠷᠥᠯ ᠬᠡᠯᠪᠡᠷᠢ ᠪᠠ ᠲᠠᠴᠢᠷᠳᠠᠭ᠍ᠰᠠᠨ ᠱᠢᠯᠲᠠᠭᠠᠨ᠎ᠢ ᠦᠨᠳᠦᠰᠦᠯᠡᠨ᠂ ᠨᠥᠬᠦᠵᠦ᠍ ᠳᠠᠷᠢᠵᠤ ᠰᠠᠢᠵᠢᠷᠠᠭᠤᠯᠬᠤ᠂ ᠬᠤᠯᠤᠭᠠᠨ᠎ᠠ ᠬᠤᠷᠣᠬᠠᠶ᠎ᠶ᠋ᠢᠨ ᠬᠥᠨᠥᠭᠡᠯ᠂ ᠬᠤᠤᠷᠳᠦ ᠡᠪᠡᠰᠦ ᠵᠡᠷᠭᠡ ᠰᠡᠷᠭᠡᠢᠯᠡᠨ ᠵᠠᠰᠠᠬᠤ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠷᠥᠯ ᠬᠤᠪᠢᠶᠠᠨ ᠠᠬᠢᠭᠤᠯᠵᠤ᠂ ᠬᠠᠷ᠎ᠠ ᠬᠥᠷᠥᠰᠥᠲᠦ ᠲᠠᠩ ᠵᠡᠷᠭᠡ ᠲᠠᠴᠢᠷᠳᠠᠭ᠍ᠰᠠᠨ ᠨᠤᠲᠤᠭ ᠪᠡᠯᠴᠢᠭᠡᠷ᠎ᠢ ᠶᠡᠷᠦᠩᠬᠡᠢᠯᠡᠨ ᠵᠠᠰᠠᠬᠤ᠎ᠶ᠋ᠢ ᠬᠡᠷᠡᠭ᠌ᠵᠢᠭᠦᠯᠦᠨ᠂ ᠬᠠᠬᠢᠷ ᠬᠦᠢᠳᠡᠨ ᠨᠤᠭᠤ ᠭᠠᠵᠠᠷ᠂ ᠨᠤᠲᠤᠭ ᠪᠡᠯᠴᠢᠭᠡᠷ ᠵᠡᠷᠭᠡ ᠴᠢᠬᠤᠯᠠ ᠠᠮᠢ ᠠᠬᠤᠶ᠎ᠶ᠋ᠢᠨ ᠱᠢᠰᠲ᠋ᠧᠮ᠎ᠢ ᠪᠦᠲᠦᠮᠵᠢᠲᠡᠶ ᠬᠠᠮᠠᠭᠠᠯᠠᠨ ᠰᠡᠷᠭᠦᠭᠡᠨ᠎ᠡ᠃ ᠵᠠ ᠯᠢᠩ ᠨᠠᠭᠤᠷ᠂ ᠧ ᠯᠢᠩ ᠨᠠᠭᠤᠷ᠂ ᠶᠦᠸᠠᠢ ᠭᠦ᠋ ᠽᠦᠡᠭ ᠯᠢᠶᠧ ᠴᠢᠦᠶ᠂ ᠮᠠ ᠳ᠋ᠦᠸᠧ ᠾᠧ ᠭᠤᠤᠯ᠎ᠤᠨ ᠨᠠᠭᠤᠷ ᠴᠥᠭᠦᠷᠥᠮ᠎ᠤᠨ ᠪᠦᠯᠦᠭ᠌ᠵᠢᠯ ᠵᠡᠷᠭᠡ ᠭᠤᠤᠯ ᠮᠥᠷᠡᠨ ᠨᠠᠭᠤᠷ ᠴᠥᠭᠦᠷᠥᠮ᠎ᠢ ᠬᠠᠮᠠᠭᠠᠯᠠᠬᠤ ᠡᠷᠴᠢᠮ᠎ᠢᠶᠠᠨ ᠴᠢᠩᠭᠠᠷᠠᠭᠤᠯᠵᠤ᠂ ᠪᠠᠢᠭᠠᠯᠢ᠎ᠶ᠋ᠢᠨ ᠪᠠᠢᠳᠠᠯ᠎ᠢ ᠬᠠᠮᠠᠭᠠᠯᠠᠨ᠂ ᠬᠤᠲᠠ ᠪᠠᠯᠭᠠᠰᠤ᠎ᠪᠠᠷ ᠤᠷᠤᠰ᠎ᠤᠨ ᠥᠩᠭᠡᠷᠡᠬᠦ᠌ ᠭᠤᠤᠯ᠎ᠤᠨ ᠬᠡᠰᠡᠭ᠎ᠤᠨ ᠡᠷᠭᠢ᠎ᠶ᠋ᠢᠨ ᠱᠤᠭᠤᠮ᠎ᠢ ᠴᠢᠩᠭ᠎ᠠ ᠬᠠᠮᠢᠶᠠᠷᠤᠨ ᠡᠵᠡᠮᠳᠡᠵᠦ᠍᠂ ᠭᠤᠤᠯ ᠮᠥᠷᠡᠨ ᠨᠠᠭᠤᠷ ᠴᠥᠭᠦᠷᠥᠮ᠎ᠤᠨ ᠡᠷᠬᠢᠨ ᠲᠣᠭᠤᠷᠢᠨ᠎ᠤ ᠠᠭᠤᠷᠬᠠᠶ ᠮᠠᠯᠲᠠᠬᠤ᠂ ᠡᠯᠡᠰᠦ ᠮᠠᠯᠲᠠᠬᠤ᠂ ᠵᠢᠭᠠᠰᠤ ᠠᠩᠨᠠᠬᠤ ᠵᠡᠷᠭᠡ ᠠᠵᠢᠯᠯᠠᠭ᠎ᠠ᠎ᠶ᠋ᠢ ᠪᠥᠬᠦ᠌ ᠲᠠᠯ᠎ᠠ᠎ᠪᠠᠷ ᠴᠠᠭᠠᠵᠠᠯᠠᠵᠤ᠂ ᠵᠢᠭᠤᠯᠴᠢᠯᠠᠯ᠎ᠤᠨ ᠬᠡᠪᠴᠢᠶ᠎ᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠨ᠎ᠠ᠃ ᠥᠨᠳᠦᠷᠯᠢᠭ᠎ᠤᠨ ᠨᠤᠭᠤ ᠭᠠᠵᠠᠷ᠎ᠤᠨ ᠲᠠᠷᠬᠠᠯᠲᠠ᠎ᠶ᠋ᠢᠨ ᠪᠠᠢᠳᠠᠯ᠎ᠢ ᠱᠢᠰᠲ᠋ᠧᠮ᠎ᠲᠠᠢ ᠡᠮᠬᠢᠯᠡᠵᠦ᠍᠂ ᠳᠤᠮᠳᠠ ᠵᠡᠷᠭᠡ ᠵᠢᠴᠢ ᠲᠡᠭᠦᠨ᠎ᠠᠴᠠ ᠳᠡᠭᠡᠭ᠌ᠰᠢᠬᠢ ᠮᠠᠭᠤᠳᠠᠭ᠍ᠰᠠᠨ ᠣᠷᠣᠨ ᠪᠦᠰᠡ᠎ᠳᠤ ᠪᠢᠲᠡᠭᠦᠮᠵᠢᠯᠡᠨ ᠬᠠᠮᠠᠭᠠᠯᠠᠬᠤ᠎ᠶ᠋ᠢ ᠬᠡᠷᠡᠭ᠌ᠵᠢᠭᠦᠯᠦᠨ᠂ ᠮᠠᠭᠤᠳᠠᠭ᠍ᠰᠠᠨ ᠨᠤᠭᠤ ᠭᠠᠵᠠᠷ᠎ᠤᠨ ᠠᠮᠢ ᠠᠬᠤᠶ᠎ᠶ᠋ᠢᠨ ᠴᠢᠳᠠᠮᠵᠢ ᠪᠠ ᠡᠷᠬᠢᠨ ᠲᠣᠭᠤᠷᠢᠨ᠎ᠤ ᠤᠷᠭᠤᠮᠠᠯ᠎ᠤᠨ ᠬᠤᠴᠢᠯᠭ᠎ᠠ᠎ᠶ᠋ᠢ ᠰᠡᠷᠭᠦᠭᠡᠵᠦ᠍᠂ ᠨᠠᠮᠤᠭ ᠭᠠᠵᠠᠷ ᠨᠤᠭᠤ ᠭᠠᠵᠠᠷ᠎ᠤᠨ ᠠᠪᠴᠢᠬᠤ ᠬᠠᠨᠳᠤᠰᠢ᠎ᠶ᠋ᠢ ᠬᠤᠷᠢᠡᠡᠯᠠᠨ᠎ᠠ᠃ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠮᠥᠰᠥᠲᠦᠯᠭᠡ ᠪᠠ ᠥᠨᠳᠦᠷᠯᠢᠭ᠎ᠤᠨ ᠴᠡᠪᠳᠡᠭ᠎ᠲᠤ ᠦᠵᠡᠭᠦᠯᠬᠦ᠌ ᠨᠥᠯᠥᠭᠡ᠎ᠶ᠋ᠢ ᠰᠤᠳᠤᠯᠵᠤ ᠦᠨᠡᠯᠡᠨ ᠵᠢᠱ᠌ᠢᠬᠦ᠌ ᠠᠵᠢᠯ᠎ᠢ ᠦᠷᠭᠦᠯᠵᠢᠯᠡᠨ ᠥᠷᠨᠢᠭᠦᠯᠵᠦ᠍᠂ ᠠᠮᠢ ᠠᠬᠤᠢ᠎ᠶ᠋ᠢᠨ ᠱᠢᠰᠲ᠋ᠧᠮ᠎ᠤᠨ ᠬᠠᠨᠳᠤᠰᠢ᠎ᠶ᠋ᠢᠨ ᠴᠢᠨᠠᠷᠲᠠᠢ ᠬᠤᠪᠢᠷᠠᠯᠲᠠ᠎ᠶ᠋ᠢ ᠬᠢᠨᠠᠨ ᠬᠡᠮᠵᠢᠬᠦ᠌ ᠪᠠ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠢ ᠪᠠᠢᠭᠤᠯᠤᠨ᠎ᠠ᠃ ᠬᠡᠭᠡᠷ᠎ᠡ᠎ᠶ᠋ᠢᠨ ᠠᠮᠢᠲᠠᠨ ᠤᠷᠭᠤᠮᠠᠯ᠎ᠢ ᠬᠠᠮᠠᠭᠠᠯᠠᠬᠤ ᠪᠠ ᠬᠢᠨᠠᠨ ᠬᠡᠮᠵᠢᠬᠦ᠌ ᠲᠣᠣᠷ ᠰᠦᠯᠵᠢᠶ᠎ᠡ᠎ᠶ᠋ᠢ ᠲᠡᠭᠦᠯᠳᠡᠷᠵᠢᠭᠦᠯᠦᠨ᠂ ᠳᠦᠷᠰᠦ᠎ᠶ᠋ᠢᠨ ᠣᠷᠣᠱᠢᠨ ᠠᠮᠢᠳᠤᠷᠠᠬᠤ ᠭᠠᠵᠠᠷ᠎ᠢ ᠥᠷᠭᠡᠳᠭᠡᠬᠦ᠌᠎ᠶ᠋ᠢᠨ ᠬᠠᠮᠲᠤ ᠰᠠᠢᠵᠢᠷᠠᠭᠤᠯᠵᠤ᠂ ᠬᠤᠪᠣᠷ ᠴᠤᠬᠠᠭ ᠮᠦᠬᠦᠬᠦ᠌ ᠱᠢᠬᠠᠬ᠍ᠰᠠᠨ ᠬᠡᠭᠡᠷ᠎ᠡ᠎ᠶ᠋ᠢᠨ ᠠᠮᠢᠲᠠᠨ᠎ᠢ ᠬᠠᠮᠠᠭᠠᠯᠠᠵᠤ ᠦᠷᠡᠵᠢᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠂ ᠮᠦᠬᠦᠬᠦ᠌ ᠱᠢᠬᠠᠬ᠍ᠰᠠᠨ ᠵᠢᠭᠠᠰᠤᠨ᠎ᠤ ᠲᠥᠷᠥᠯ᠎ᠢ ᠦᠷᠡᠵᠢᠭᠦᠯᠵᠦ᠍ ᠡᠬᠡ ᠪᠠᠢᠭᠠᠯᠢ᠎ᠳᠤ ᠪᠤᠴᠠᠭᠠᠬᠤ᠎ᠶ᠋ᠢ ᠴᠢᠩᠭᠠᠳᠭᠠᠵᠦ᠍᠂ ᠥᠨᠳᠦᠷᠯᠢᠭ᠎ᠤᠨ ᠠᠮᠢᠳᠤ ᠪᠣᠳᠠᠰ᠎ᠤᠨ ᠦᠷ᠎ᠡ᠎ᠶ᠋ᠢᠨ ᠡᠬᠢ ᠪᠠᠶᠠᠯᠢᠭ᠎ᠤᠨ ᠬᠥᠮᠥᠷᠭᠡ᠎ᠶ᠋ᠢ ᠪᠠᠢᠭᠤᠯᠤᠨ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠠᠵᠢᠡᠡᠯᠠᠨ ᠬᠡᠮᠵᠢᠬᠦ᠌ ᠲᠣᠣᠷ ᠰᠦᠯᠵᠢᠶ᠎ᠡ᠎ᠶ᠋ᠢ ᠪᠠᠢᠭᠤᠯᠤᠨ ᠪᠦᠷᠢᠨᠱᠢᠭᠦᠯᠵᠦ᠍᠂ ᠥᠨᠳᠥᠷ ᠬᠦᠢᠲᠡᠨ ᠥᠨᠳᠦᠷᠯᠢᠭ᠎ᠤᠨ ᠭᠠᠵᠠᠷ ᠣᠷᠣᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠨ᠂ ᠭᠤᠷᠪᠠᠨ ᠮᠥᠷᠡᠨ᠎ᠤ ᠡᠬᠢ᠎ᠶ᠋ᠢᠨ ᠤᠯᠤᠰ᠎ᠤᠨ ᠴᠡᠴᠡᠷᠯᠢᠭ᠎ᠢ ᠰᠠᠢᠲᠤᠷ ᠪᠥᠲᠥᠭᠡᠨ ᠪᠠᠢᠭᠤᠯᠤᠨ᠎ᠠ᠃
ᠬᠤᠶᠠᠳᠤᠭᠠᠷ ᠬᠡᠰᠡᠭ ᠴᠢᠬᠤᠯᠠ ᠤᠰᠤᠨ᠎ᠤ ᠰᠤᠷᠪᠤᠯᠵᠢ᠎ᠶ᠋ᠢ ᠨᠥᠬᠦᠪᠥᠷᠢᠯᠡᠬᠦ᠌ ᠭᠠᠵᠠᠷ᠎ᠢ ᠬᠠᠮᠠᠭᠠᠯᠠᠨ᠎ᠠ
ᠳᠡᠭᠡᠳᠦ ᠤᠷᠤᠰᠭᠠᠯ᠎ᠤᠨ ᠬᠥᠬᠡᠨᠠᠭᠤᠷ᠎ᠤᠨ ᠢᠤᠶ ᠱᠦ᠍ ᠪᠣᠯᠤᠨ ᠭᠦᠸᠧ ᠯᠦᠸᠧ᠂ ᠰᠧᠴᠤᠸᠠᠨ᠎ᠤ ᠠᠪᠠ ᠪᠣᠯᠤᠨ ᠭᠠᠨᠽᠢ᠂ ᠭᠠᠨᠰᠦ᠎ᠶ᠋ᠢᠨ ᠡᠮᠤᠨᠡᠲᠤ ᠬᠡᠰᠡᠭ ᠵᠡᠷᠭᠡ ᠭᠠᠵᠠᠷ ᠣᠷᠣᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠴᠢᠭᠢᠭ᠌ᠯᠢᠭ ᠭᠠᠵᠠᠷ᠎ᠤᠨ ᠡᠬᠢ ᠪᠠᠶᠠᠯᠢᠭ ᠡᠯᠪᠡᠭ ᠪᠠᠢᠵᠤ᠂ ᠬᠠᠲᠤᠨ ᠭᠤᠣᠯ᠎ᠤᠨ ᠤᠰᠤᠨ᠎ᠤ ᠰᠤᠷᠪᠤᠯᠵᠢ᠎ᠶ᠋ᠢᠨ ᠭᠤᠣᠯ ᠨᠥᠬᠦᠪᠥᠷᠢᠯᠡᠬᠦ᠌ ᠭᠠᠵᠠᠷ ᠪᠣᠯᠤᠨ᠎ᠠ᠃ ᠣᠯᠠᠨ ᠤᠯᠤᠰ᠎ᠤᠨ ᠴᠢᠬᠤᠯᠠ ᠨᠤᠭᠤ ᠭᠠᠵᠠᠷ ᠪᠠ ᠤᠯᠤᠰ᠎ᠤᠨ ᠴᠢᠬᠤᠯᠠ ᠨᠤᠭᠤ ᠭᠠᠵᠠᠷ᠂ ᠤᠯᠤᠰ᠎ᠤᠨ ᠲᠠᠰ᠎ᠤᠨ ᠨᠤᠭᠤ ᠭᠠᠵᠠᠷ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ ᠵᠡᠷᠭᠡ ᠴᠢᠬᠤᠯᠠ ᠨᠤᠭᠤ ᠭᠠᠵᠠᠷ᠎ᠤᠨ ᠠᠮᠢ ᠠᠬᠤᠶ᠎ᠶ᠋ᠢᠨ ᠣᠷᠣᠨ ᠵᠠᠶ᠎ᠶ᠋ᠢ ᠴᠢᠩᠭ᠎ᠠ ᠬᠠᠮᠠᠭᠠᠯᠠᠵᠤ᠂ ᠭᠠᠨᠰᠤ᠎ᠶ᠋ᠢᠨ ᠡᠮᠤᠨᠡᠲᠤ ᠬᠡᠰᠡᠭ᠂ ᠷᠦᠸᠧ ᠡᠯ ᠭᠠᠢ ᠵᠡᠷᠭᠡ ᠭᠤᠤᠯᠲᠠᠯᠭ᠎ᠠ᠎ᠲᠠᠢ ᠨᠤᠭᠤ ᠭᠠᠵᠠᠷ᠎ᠢ ᠵᠠᠰᠠᠬᠤ ᠪᠠ ᠰᠡᠷᠭᠦᠭᠡᠬᠦ᠌ ᠡᠷᠴᠢᠮ᠎ᠢ ᠴᠢᠩᠭᠠᠷᠠᠭᠤᠯᠤᠨ᠂ ᠣᠲᠣ᠎ᠶ᠋ᠢᠨ ᠪᠠᠢᠭ᠎ᠠ ᠣᠶ ᠱᠢᠭᠤᠶ᠎ᠶ᠋ᠢᠨ ᠡᠬᠢ ᠪᠠᠶᠠᠯᠢᠭ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠭ᠌ᠰᠡᠨ ᠰᠠᠭᠤᠷᠢᠨ ᠳᠡᠭᠡᠷ᠎ᠡ᠂ ᠪᠢᠲᠡᠭᠦᠮᠵᠢᠯᠡᠨ ᠪᠤᠢᠵᠢᠭᠤᠯᠵᠤ ᠣᠢᠵᠢᠭᠤᠯᠬᠤ ᠪᠠ ᠪᠠᠢᠭᠠᠯᠢ᠎ᠶ᠋ᠢᠨ ᠤᠷᠭᠤᠮᠠᠯ᠎ᠤᠨ ᠬᠤᠴᠢᠯᠭ᠎ᠠ᠎ᠶ᠋ᠢ ᠰᠡᠷᠭᠦᠭᠡᠬᠦ᠌᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠶ ᠱᠢᠭᠤᠶ᠎ᠶ᠋ᠢᠨ ᠤᠷᠭᠤᠮᠠᠯ᠎ᠤᠨ ᠬᠤᠴᠢᠯᠭ᠎ᠠ᠎ᠶ᠋ᠢᠨ ᠪᠦᠲᠦᠮᠵᠢᠲᠡᠶ ᠪᠦᠷᠬᠦᠴᠡ᠎ᠶ᠋ᠢᠨ ᠨᠣᠷᠮ᠎ᠠ᠎ᠶ᠋ᠢ ᠥᠷᠭᠡᠳᠭᠡᠨ᠎ᠡ᠃ ᠳᠡᠭᠡᠳᠦ ᠤᠷᠤᠰᠭᠠᠯ᠎ᠤᠨ ᠭᠠᠵᠠᠷ ᠣᠷᠣᠨ᠎ᠤ ᠨᠤᠲᠤᠭ ᠪᠡᠯᠴᠢᠭᠡᠷ᠎ᠲᠤ ᠡᠬᠢ ᠪᠠᠶᠠᠯᠢᠭ ᠣᠷᠴᠢᠨ ᠠᠬᠤᠢ᠎ᠶ᠋ᠢᠨ ᠳᠠᠭᠠᠭᠠᠴᠠ᠎ᠶ᠋ᠢᠨ ᠴᠢᠳᠠᠪᠤᠷᠢ᠎ᠶ᠋ᠢᠨ ᠲᠤᠬᠠᠢ ᠶᠡᠷᠦᠩᠬᠡᠢᠯᠡᠭ᠌ᠰᠡᠨ ᠦᠨᠡᠯᠡᠯᠲᠡ ᠬᠢᠵᠦ᠍᠂ ᠪᠡᠯᠴᠢᠭᠡᠷ᠎ᠢᠶᠠᠷ ᠮᠠᠯ᠎ᠢ ᠲᠣᠭ᠍ᠲᠠᠭᠠᠬᠤ᠂ ᠲᠠᠷᠢᠶᠠᠯᠠᠬᠤ᠎ᠶ᠋ᠢ ᠲᠣᠭ᠍ᠲᠠᠭᠠᠬᠤ᠎ᠶ᠋ᠢ ᠠᠬᠢᠭᠤᠯᠵᠤ᠂ ᠲᠠᠷᠢᠶᠠᠯᠠᠬᠤ᠎ᠶ᠋ᠢ ᠵᠣᠭ᠍ᠰᠣᠭᠠᠵᠤ ᠤᠢ ᠱᠢᠭᠤᠢ ᠡᠪᠡᠰᠦ ᠪᠡᠯᠴᠢᠭᠡᠷ᠎ᠢ ᠰᠡᠷᠭᠦᠭᠡᠬᠦ᠂ ᠪᠡᠯᠴᠢᠭᠡᠷᠯᠡᠬᠦᠯᠬᠦ᠌ᠶ᠋ᠢ ᠵᠣᠭ᠍ᠰᠣᠭᠠᠵᠤ ᠡᠪᠡᠰᠦ ᠪᠡᠯᠴᠢᠭᠡᠷ᠎ᠢ ᠰᠡᠷᠭᠦᠭᠡᠬᠦ᠂ ᠨᠤᠲᠤᠭ ᠪᠡᠯᠴᠢᠭᠡᠷ᠎ᠤᠨ ᠬᠤᠣᠷᠲᠤ ᠠᠮᠢᠳᠤ ᠪᠣᠳᠠᠰ᠎ᠢ ᠰᠡᠷᠭᠡᠢᠯᠡᠨ ᠡᠵᠡᠮᠳᠡᠬᠦ᠌ ᠵᠡᠷᠭᠡ ᠢᠨᠵᠧᠨᠧᠷᠢᠩ᠎ᠢ ᠬᠡᠷᠡᠭ᠌ᠵᠢᠭᠦᠯᠬᠦ᠌ ᠡᠷᠴᠢᠮ᠎ᠢᠶᠠᠨ ᠴᠢᠩᠭᠠᠷᠠᠭᠤᠯᠵᠤ᠂ ᠡᠪᠡᠰᠦᠨ᠎ᠤ ᠡᠭᠦᠯᠳᠡᠷ᠎ᠢ ᠰᠠᠢᠵᠢᠷᠠᠭᠤᠯᠬᠤ ᠠᠵᠢᠯ᠎ᠢ ᠢᠳᠡᠪᠬᠢᠲᠡᠢ ᠥᠷᠨᠢᠭᠦᠯᠵᠦ᠍᠂ ᠮᠠ ᠴᠢᠤᠢ᠂ ᠯᠦ᠍ ᠴᠢᠤᠢ᠂ ᠬᠤᠩ ᠶᠤᠸᠠᠨ᠂ ᠷᠦᠸᠧ ᠡᠯ ᠭᠠᠢ ᠵᠡᠷᠭᠡ ᠭᠠᠵᠠᠷ ᠣᠷᠣᠨ᠎ᠤ ᠲᠠᠴᠢᠷᠳᠠᠭ᠍ᠰᠠᠨ ᠨᠤᠲᠤᠭ ᠪᠡᠯᠴᠢᠭᠡᠷ᠎ᠢ ᠱᠢᠨᠵᠢᠯᠡᠬᠦ᠌ ᠤᠬᠠᠭᠠᠨᠴᠢ᠎ᠪᠠᠷ ᠵᠠᠰᠠᠨ᠎ᠠ᠃ ᠸᠧᠢ ᠾᠧ ᠭᠤᠣᠯ ᠵᠡᠷᠭᠡ ᠭᠤᠣᠯᠳᠠᠯᠭ᠎ᠠ᠎ᠲᠠᠢ ᠰᠠᠯᠪᠤᠷᠢ ᠤᠷᠤᠰᠭᠠᠯ᠎ᠤᠨ ᠭᠤᠣᠯ᠎ᠤᠨ ᠡᠬᠢ ᠣᠷᠣᠨ᠎ᠤ ᠠᠮᠢ ᠠᠬᠤᠢ᠎ᠶ᠋ᠢ ᠵᠠᠰᠠᠨ ᠰᠡᠷᠭᠦᠭᠡᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠱᠢᠷᠠᠬᠠᠢᠭᠤᠣᠯ᠂ ᠲᠤᠤ ᠾᠧ ᠭᠤᠣᠯ ᠵᠡᠷᠭᠡ ᠰᠠᠪᠠ ᠭᠠᠵᠠᠷ᠎ᠲᠤ ᠰᠡᠯᠬᠦᠨ ᠲᠠᠷᠢᠶᠠᠯᠠᠬᠤ ᠪᠠ ᠡᠭᠡᠯᠵᠢᠯᠡᠨ ᠲᠠᠷᠢᠬᠤ ᠠᠵᠢᠯ᠎ᠢ ᠥᠷᠨᠢᠭᠦᠯᠵᠦ᠍᠂ ᠣᠷᠭᠠᠨᠢᠭ ᠲᠠᠷᠢᠶᠠᠯᠠᠩ᠎ᠢ ᠶᠡᠭᠡ᠎ᠪᠠᠷ ᠬᠥᠭ᠌ᠵᠢᠭᠦᠯᠦᠨ᠂ ᠨᠢᠭᠡᠨᠲᠡ ᠬᠠᠭᠠᠯᠪᠤᠷᠢᠯᠠᠭ᠍ᠰᠠᠨ ᠨᠤᠲᠤᠭ ᠪᠡᠯᠴᠢᠭᠡᠷ᠎ᠲᠤ ᠲᠠᠷᠢᠶᠠᠯᠠᠬᠤ᠎ᠶ᠋ᠢ ᠵᠣᠭ᠍ᠰᠣᠭᠠᠵᠤ ᠡᠪᠡᠰᠦ ᠪᠡᠯᠴᠢᠭᠡᠷ᠎ᠢ ᠰᠡᠷᠭᠦᠭᠡᠬᠦ᠌᠎ᠶ᠋ᠢ ᠬᠡᠷᠡᠭ᠌ᠵᠢᠭᠦᠯᠦᠨ᠎ᠡ᠃ ᠰᠧᠴᠤᠸᠠᠨ ᠭᠠᠨᠰᠦ ᠬᠤᠶᠠᠷ ᠮᠤᠵᠢ᠎ᠶ᠋ᠢ ᠰᠤᠨᠳᠠᠯᠠᠭ᠍ᠰᠠᠨ ᠷᠦᠸᠧ ᠡᠯ ᠭᠠᠢ ᠤᠯᠤᠰ᠎ᠤᠨ ᠴᠡᠴᠡᠷᠯᠢᠭ ᠪᠠᠢᠭᠤᠯᠬᠤ᠎ᠶ᠋ᠢ ᠠᠬᠢᠭᠤᠯᠵᠤ᠂ ᠪᠥᠬᠦ᠌ ᠪᠥᠮᠪᠥᠷᠴᠡᠭ᠎ᠤᠨ ᠲᠡᠯᠡᠶ᠎ᠶ᠋ᠢᠨ ᠲᠦᠪᠱᠢᠨ᠎ᠠᠴᠠ ᠥᠨᠳᠥᠷ ᠡᠷᠭᠦᠭ᠌ᠳᠡᠭ᠌ᠰᠡᠨ ᠭᠠᠵᠠᠷ ᠣᠷᠣᠨ᠎ᠤ ᠴᠢᠬᠤᠯᠠ ᠨᠤᠭᠤ ᠭᠠᠵᠠᠷ᠎ᠤᠨ ᠠᠮᠢ ᠠᠬᠤᠶ᠎ᠶ᠋ᠢᠨ ᠱᠢᠰᠲ᠋ᠧᠮ ᠪᠠ ᠠᠮᠢᠳᠤ ᠪᠣᠳᠠᠰ᠎ᠤᠨ ᠣᠷᠣᠱᠢᠨ ᠠᠮᠢᠳᠤᠷᠠᠬᠤ ᠭᠠᠵᠠᠷ᠎ᠢ ᠪᠠᠢᠭᠤᠯᠤᠨ᠎ᠠ᠃
ᠭᠤᠷᠪᠠᠳᠤᠭᠠᠷ ᠬᠡᠰᠡᠭ ᠭᠤᠣᠯᠳᠠᠯᠭ᠎ᠠ᠎ᠲᠠᠢ ᠣᠷᠣᠨ ᠪᠦᠰᠡ᠎ᠶ᠋ᠢᠨ ᠴᠦᠯᠯᠡᠷᠭᠡᠭ᠌ᠵᠢᠯ᠎ᠤᠨ ᠵᠠᠰᠠᠯᠲᠠ᠎ᠶ᠋ᠢ ᠴᠢᠩᠭᠠᠳᠭᠠᠨ᠎ᠠ
ᠤᠯᠠᠨ ᠲᠦᠮᠡᠨ᠎ᠳᠤ ᠲᠦᠱᠢᠭ᠌ᠯᠡᠬᠦ᠂ ᠤᠯᠠᠨ ᠲᠦᠮᠡᠨ᠎ᠢ ᠳᠠᠢᠴᠢᠯᠠᠬᠤ᠎ᠶ᠋ᠢ ᠪᠠᠷᠢᠮᠲᠠᠯᠠᠵᠤ᠂ ᠬᠥᠪᠴᠢ᠂ ᠮᠤᠤᠠᠤᠰᠤ᠂ ᠪᠠ ᠪᠦ᠋ ᠱᠠ ᠤᠢ ᠱᠢᠭᠤᠢ᠎ᠶ᠋ᠢᠨ ᠲᠠᠯᠠᠪᠠᠢ ᠵᠡᠷᠭᠡ᠎ᠶ᠋ᠢᠨ ᠡᠯᠡᠰᠦ᠎ᠶ᠋ᠢ ᠵᠠᠰᠠᠭ᠍ᠰᠠᠨ ᠲᠤᠷᠱᠢᠯᠭ᠎ᠠ᠎ᠶ᠋ᠢ ᠳᠡᠯᠭᠡᠷᠡᠭᠦᠯᠤᠨ᠂ ᠬᠡᠪᠴᠢᠶᠡᠵᠢᠭᠦᠯᠦᠨ ᠡᠯᠡᠰᠦ᠎ᠶ᠋ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠠᠵᠢᠯ᠎ᠢ ᠥᠷᠨᠢᠭᠦᠯᠵᠦ᠍᠂ ᠡᠯᠡᠰᠦ᠎ᠶ᠋ᠢ ᠵᠠᠰᠠᠬᠤ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠤᠮᠠᠷᠠᠲᠤ᠎ᠶ᠋ᠢᠨ ᠡᠯᠡᠰᠦ᠎ᠶ᠋ᠢ ᠰᠡᠷᠭᠡᠢᠯᠡᠬᠦ᠌ ᠪᠦᠰᠡ᠎ᠶ᠋ᠢ ᠪᠠᠲᠤ ᠪᠠᠬᠢ ᠪᠠᠢᠭᠤᠯᠤᠨ᠎ᠠ᠃ ᠲᠣᠬᠢᠷᠠᠮᠵᠢᠲᠠᠶ ᠭᠠᠵᠠᠷ ᠣᠷᠣᠨ᠎ᠳᠤ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠪᠢᠲᠡᠭᠦᠮᠵᠢᠯᠡᠨ ᠪᠤᠢᠵᠢᠭᠤᠯᠬᠤ ᠬᠠᠮᠠᠭᠠᠯᠠᠯᠲᠠ᠎ᠶ᠋ᠢᠨ ᠣᠷᠣᠨ᠎ᠢ ᠪᠠᠢᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠡᠯᠡᠰᠦ ᠮᠠᠩᠬ᠎ᠠ᠎ᠶ᠋ᠢ ᠲᠣᠭ᠍ᠲᠠᠪᠤᠷᠢᠵᠢᠭᠤᠯᠤᠨ ᠵᠠᠰᠠᠨ᠎ᠠ᠃ ᠡᠯᠡᠰᠦ ᠮᠠᠩᠬᠠᠨ᠎ᠤ ᠬᠠᠯᠬᠠᠪᠴᠢ ᠤᠢ᠎ᠶ᠋ᠢᠨ ᠱᠢᠰᠲ᠋ᠧᠮ᠎ᠤᠨ ᠪᠦᠳᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠲᠠᠷᠢᠶᠠᠯᠠᠬᠤ᠎ᠶ᠋ᠢ ᠵᠣᠭ᠍ᠰᠣᠭᠠᠵᠤ ᠤᠢ ᠱᠢᠭᠤᠢ᠎ᠶ᠋ᠢ ᠰᠡᠷᠭᠦᠭᠡᠬᠦ᠂ ᠮᠠᠯᠵᠢᠬᠤ᠎ᠶ᠋ᠢ ᠵᠣᠭ᠍ᠰᠣᠭᠠᠵᠤ ᠡᠪᠡᠰᠦ ᠪᠡᠯᠴᠢᠭᠡᠷ᠎ᠢ ᠰᠡᠷᠭᠦᠭᠡᠬᠦ᠂ ᠤᠮᠠᠷᠠᠲᠤ᠎ᠶ᠋ᠢᠨ ᠭᠤᠷᠪᠠᠨ ᠣᠷᠣᠨ᠎ᠤ ᠬᠠᠯᠬᠠᠪᠴᠢ ᠤᠢ᠂ ᠬᠤᠵᠢᠷᠯᠢᠭ ᠭᠠᠵᠠᠷ᠎ᠢ ᠵᠠᠰᠠᠬᠤ ᠵᠡᠷᠭᠡ ᠴᠢᠬᠤᠯᠠ ᠶᠡᠭᠡ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ ᠭᠡᠷᠡᠯᠴᠢ ᠴᠡᠨᠡᠭ᠎ᠢᠶᠠᠷ ᠡᠯᠡᠰᠦ᠎ᠶ᠋ᠢ ᠵᠠᠰᠠᠬᠤ ᠲᠤᠷᠱᠢᠯᠲᠠ᠎ᠶ᠋ᠢ ᠥᠷᠨᠢᠭᠦᠯᠤᠨ᠂ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠲᠤᠷᠤᠭ ᠪᠤᠳᠠ ᠮᠣᠳᠣ ᠡᠪᠡᠰᠦ᠎ᠶ᠋ᠢ ᠤᠶᠠᠯᠳᠤᠭᠤᠯᠤᠭ᠍ᠰᠠᠨ ᠬᠠᠯᠬᠠᠪᠴᠢ ᠤᠢ᠎ᠶ᠋ᠢᠨ ᠱᠢᠰᠲ᠋ᠧᠮ᠎ᠢ ᠪᠠᠢᠭᠤᠯᠤᠨ᠎ᠠ᠃ ᠬᠠᠲᠤᠨ ᠭᠤᠤᠯ᠎ᠤᠨ ᠭᠤᠤᠯ ᠤᠷᠤᠰᠭᠠᠯ᠎ᠤᠨ ᠠᠮᠢ ᠠᠬᠤᠶ᠎ᠶ᠋ᠢᠨ ᠬᠠᠯᠬᠠᠪᠴᠢ ᠪᠠ ᠴᠢ ᠯᠢᠶᠠᠨ ᠱᠠᠨ ᠠᠭᠤᠯᠠ᠂ ᠯᠢᠦ ᠫᠠᠨ ᠱᠠᠨ ᠠᠭᠤᠯᠠ᠂ ᠠᠯᠠᠱᠠ ᠠᠭᠤᠯᠠ᠂ ᠮᠤᠨᠢ ᠠᠭᠤᠯᠠ ᠵᠡᠷᠭᠡ ᠠᠭᠤᠯᠠᠨ ᠱᠢᠰᠲ᠋ᠧᠮ᠎ᠤᠨ ᠡᠯᠡᠰᠦ᠎ᠶ᠋ᠢ ᠬᠤᠷᠢᠡᠡᠯᠠᠬᠤ ᠦᠢᠯᠡᠳᠣᠯ᠎ᠢ ᠪᠠᠳᠠᠷᠠᠭᠤᠯᠤᠨ᠂ ᠵᠠᠬ᠎ᠠ᠎ᠶ᠋ᠢ᠎ᠨᠢ ᠪᠤᠷᠤᠤᠯᠠᠬᠤ ᠰᠠᠯᠬᠢᠨ᠎ᠢ ᠰᠡᠷᠭᠡᠢᠯᠡᠨ ᠡᠯᠡᠰᠦ᠎ᠶ᠋ᠢ ᠲᠣᠭ᠍ᠲᠠᠪᠤᠷᠢᠵᠢᠭᠤᠯᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠭᠤᠤᠯ ᠪᠣᠯᠬᠤ ᠡᠯᠡᠰᠦᠷᠬᠡᠭ ᠭᠠᠵᠠᠷ᠎ᠤᠨ ᠬᠥᠪᠡᠭᠡ ᠵᠠᠬ᠎ᠠ᠎ᠶ᠋ᠢᠨ ᠭᠠᠵᠠᠷ ᠣᠷᠣᠨ᠎ᠤ ᠠᠮᠢ ᠠᠬᠤᠶ᠎ᠶ᠋ᠢᠨ ᠬᠠᠯᠬᠠᠪᠴᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠨ᠂ ᠨᠡᠭᠦᠳᠡᠯ ᠡᠯᠡᠰᠦᠨ ᠳᠣᠪᠤ᠎ᠶ᠋ᠢ ᠶᠡᠭᠡ᠎ᠪᠠᠷ ᠵᠠᠰᠠᠨ᠎ᠠ᠃ ᠳᠡᠭᠡᠳᠦ ᠤᠷᠤᠰᠭᠠᠯ᠎ᠤᠨ ᠱᠢᠷ᠎ᠠ ᠬᠥᠷᠥᠰᠥᠲᠦ ᠥᠨᠳᠦᠷᠯᠢᠭ᠎ᠤᠨ ᠤᠰᠤᠨ᠎ᠤ ᠢᠳᠡᠭ᠌ᠳᠡᠯ ᠰᠠᠯᠬᠢᠨ᠎ᠤ ᠢᠳᠡᠭ᠌ᠳᠡᠯ ᠰᠣᠯᠪᠢᠴᠠᠭ᠍ᠰᠠᠨ᠂ ᠲᠠᠷᠢᠶᠠᠯᠠᠩ ᠮᠠᠯ ᠠᠵᠤ ᠠᠬᠤᠶ ᠰᠣᠯᠪᠢᠴᠠᠭ᠍ᠰᠠᠨ ᠣᠷᠣᠨ᠎ᠤ ᠬᠥᠷᠥᠰᠥ᠍ ᠱᠢᠷᠣᠶ᠎ᠶ᠋ᠢᠨ ᠢᠳᠡᠭ᠌ᠳᠡᠯ᠎ᠢ ᠶᠡᠷᠦᠩᠬᠡᠢᠯᠡᠨ ᠵᠠᠰᠠᠬᠤ᠎ᠶ᠋ᠢ ᠠᠬᠢᠭᠤᠯᠤᠨ᠎ᠠ᠃ ᠡᠯᠡᠰᠦ᠎ᠶ᠋ᠢ ᠵᠠᠰᠠᠬᠤ ᠲᠡᠷᠢᠭᠦᠨ᠎ᠤ ᠮᠡᠷᠭᠡᠵᠢᠯ ᠪᠣᠯᠤᠨ ᠠᠵᠤ ᠦᠢᠯᠡᠰ᠎ᠢ ᠢᠳᠡᠪᠬᠢᠲᠡᠢ ᠬᠥᠭ᠌ᠵᠢᠭᠦᠯᠵᠦ᠍᠂ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠥᠷᠭᠡᠳᠭᠡᠨ᠎ᠡ᠃
ᠳᠥᠷᠪᠡᠳᠦᠭᠡᠷ ᠬᠡᠰᠡᠭ ᠬᠥᠮᠦᠨ᠎ᠤ ᠠᠵᠢᠯᠯᠠᠭᠠᠨ᠎ᠤ ᠬᠡᠲᠦ ᠨᠥᠯᠥᠭᠡ᠎ᠶ᠋ᠢ ᠪᠠᠭᠤᠷᠠᠭᠤᠯᠤᠨ᠎ᠠ
ᠦᠢᠯᠡᠳᠪᠤᠷᠢᠯᠡᠯ ᠠᠮᠢᠳᠤᠷᠠᠯ ᠪᠠ ᠠᠮᠢ ᠠᠬᠤᠶ᠎ᠶ᠋ᠢᠨ ᠣᠷᠴᠢᠨ ᠲᠣᠭᠤᠷᠢᠨ᠎ᠤ ᠬᠠᠷᠢᠴᠠᠭ᠎ᠠ᠎ᠶ᠋ᠢ ᠵᠥᠪ᠎ᠢᠶᠠᠷ ᠱᠢᠢᠳᠪᠤᠷᠢᠯᠡᠵᠦ᠍᠂ ᠬᠡᠲᠦᠷᠡᠳᠡᠯ᠎ᠡ ᠮᠠᠯᠵᠢᠬᠤ᠂ ᠡᠬᠢ ᠪᠠᠶᠠᠯᠢᠭ᠎ᠢ ᠬᠡᠲᠦᠷᠬᠡᠶ ᠨᠡᠭᠡᠭᠡᠨ ᠠᠱᠢᠬ᠍ᠯᠠᠬᠤ᠂ ᠬᠡᠲᠦ ᠵᠢᠭᠤᠯᠴᠢᠯᠠᠬᠤ ᠵᠡᠷᠭᠡ ᠬᠦᠮᠦᠨ᠎ᠤ ᠠᠵᠢᠯᠯᠠᠭ᠎ᠠ᠎ᠶ᠋ᠢᠨ ᠠᠮᠢ ᠠᠬᠤᠶ᠎ᠶ᠋ᠢᠨ ᠱᠢᠰᠲ᠋ᠧᠮ᠎ᠳᠤ ᠦᠵᠡᠭᠦᠯᠬᠦ᠌ ᠨᠥᠯᠥᠭᠡ ᠪᠠ ᠡᠪᠳᠡᠯᠡᠭᠡ᠎ᠶ᠋ᠢ ᠬᠦᠴᠦᠯᠡᠨ ᠪᠠᠭᠠᠰᠭᠠᠨ᠎ᠠ᠃ ᠴᠢᠬᠤᠯᠠ ᠠᠮᠢ ᠠᠬᠤᠶ᠎ᠶ᠋ᠢᠨ ᠴᠢᠳᠠᠪᠬᠢ᠎ᠲᠠᠢ ᠥᠨᠳᠦᠷᠯᠢᠭ᠎ᠤᠨ ᠵᠦᠯᠭᠡ ᠭᠠᠵᠠᠷ᠂ ᠨᠤᠲᠤᠭ ᠪᠡᠯᠴᠢᠭᠡᠷ᠂ ᠨᠤᠭᠤ ᠭᠠᠵᠠᠷ᠂ ᠣᠶ ᠱᠢᠭᠤᠶ᠎ᠶ᠋ᠢᠨ ᠠᠮᠢ ᠠᠬᠤᠶ᠎ᠶ᠋ᠢᠨ ᠱᠢᠰᠲ᠋ᠧᠮ᠎ᠢ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠬᠠᠮᠢᠶᠠᠷᠤᠨ ᠡᠵᠡᠮᠳᠡᠬᠦ᠌ ᠬᠡᠪᠴᠢᠶᠡᠨ᠎ᠳᠤ ᠣᠷᠣᠭᠤᠯᠵᠤ᠂ ᠬᠠᠮᠠᠭᠠᠯᠠᠯᠲᠠ ᠪᠠ ᠬᠡᠷᠡᠭ᠌ᠯᠡᠭᠡᠨ᠎ᠤ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭᠠᠷᠠᠭᠤᠯᠤᠨ᠎ᠠ᠃ ᠠᠮᠢ ᠠᠬᠤᠶ᠎ᠶ᠋ᠢᠨ ᠬᠠᠮᠢᠶᠠᠷᠤᠨ ᠬᠠᠮᠠᠭᠠᠯᠠᠬᠤ ᠨᠡᠢᠲᠡ᠎ᠶ᠋ᠢᠨ ᠠᠰᠠᠷᠠᠮᠵᠢ᠎ᠶ᠋ᠢᠨ ᠠᠵᠢᠯ᠎ᠤᠨ ᠪᠠᠢᠷᠢ ᠲᠣᠬᠢᠷᠠᠭᠤᠯᠬᠤ᠂ ᠱᠢᠨ᠎ᠡ ᠬᠡᠯᠪᠡᠷᠢ᠎ᠶ᠋ᠢᠨ ᠮᠡᠷᠭᠡᠵᠢᠯ᠎ᠤᠨ ᠴᠢᠳᠠᠪᠤᠷᠢ᠎ᠶ᠋ᠢᠨ ᠪᠤᠯᠪᠠᠰᠤᠷᠠᠯ ᠥᠷᠨᠢᠭᠦᠯᠬᠦ᠌ ᠵᠡᠷᠭᠡ ᠠᠷᠭ᠎ᠠ ᠬᠡᠯᠪᠡᠷᠢ᠎ᠪᠠᠷ ᠬᠠᠮᠠᠭᠠᠯᠠᠯᠲᠠ᠎ᠶ᠋ᠢᠨ ᠭᠠᠵᠠᠷ᠎ᠤᠨ ᠬᠡᠪᠴᠢᠶᠡᠨ᠎ᠳᠠᠬᠢ ᠰᠠᠭᠤᠭᠠᠯᠢ ᠠᠷᠠᠳ᠎ᠤᠨ ᠦᠢᠯᠡᠳᠪᠤᠷᠢᠯᠡᠯ᠎ᠢᠶᠠᠨ ᠬᠤᠪᠢᠷᠠᠭᠤᠯᠵᠤ ᠠᠵᠢᠯ ᠣᠯᠭᠤᠬᠤ᠎ᠶ᠋ᠢ ᠬᠦᠳᠦᠯᠦᠨ ᠵᠢᠯᠤᠭᠤᠳᠤᠨ᠎ᠠ᠃ ᠳᠠᠭᠠᠭᠠᠴᠠ᠎ᠠᠴᠠ᠎ᠨᠢ ᠬᠡᠲᠦᠷᠡᠳᠡᠯ᠎ᠡ ᠮᠠᠯᠵᠢᠵᠤ ᠪᠠᠢᠭ᠎ᠠ ᠭᠠᠵᠠᠷ ᠣᠷᠣᠨ᠎ᠳᠤ ᠮᠠᠯ ᠤᠨᠤᠭᠠᠶ᠋ᠢᠨᠢ ᠴᠦᠭᠡᠳᠭᠡᠬᠦ᠌ ᠠᠵᠢᠯᠯᠠᠭ᠎ᠠ ᠥᠷᠨᠢᠭᠦᠯᠵᠦ᠍᠂ ᠥᠨᠳᠦᠷᠯᠢᠭ᠎ᠤᠨ ᠮᠠᠯᠵᠢᠬᠤ ᠣᠷᠣᠨ᠎ᠤ ᠮᠠᠯ ᠤᠨᠤᠭ᠎ᠠ᠎ᠶ᠋ᠢ ᠴᠦᠭᠡᠳᠭᠡᠬᠦ᠌ ᠨᠦᠬᠦᠪᠦᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠰᠤᠳᠤᠯᠤᠨ ᠲᠤᠭ᠍ᠲᠠᠭᠠᠨᠠ᠃ ᠲᠠᠷᠢᠮᠠᠯ ᠪᠡᠯᠴᠢᠭᠡᠷ᠎ᠤᠨ ᠪᠥᠳᠥᠭᠡᠨ ᠪᠠᠢᠭᠤᠯᠤᠯᠲᠠ᠎ᠶ᠋ᠢ ᠴᠢᠩᠭᠠᠳᠭᠠᠨ᠂ ᠰᠤᠯᠠ ᠮᠠᠯᠵᠢᠬᠤ ᠬᠡᠪᠴᠢᠶ᠎ᠡ᠎ᠶ᠋ᠢ ᠬᠢᠵᠠᠭᠠᠷᠯᠠᠵᠤ᠂ ᠬᠠᠱᠢᠶᠠᠯᠠᠨ ᠲᠡᠵᠢᠭᠡᠵᠦ᠍ ᠮᠠᠯᠵᠢᠬᠤ᠎ᠶ᠋ᠢ ᠲᠡᠳᠬᠦᠬᠦ᠌ ᠡᠷᠴᠢᠮ᠎ᠢ ᠨᠡᠮᠡᠭ᠌ᠳᠡᠭᠦᠯᠦᠨ᠂ ᠪᠡᠯᠴᠢᠭᠡᠷ᠎ᠢ ᠠᠱᠢᠬ᠍ᠯᠠᠬᠤ ᠡᠷᠴᠢᠮ᠎ᠢ ᠬᠥᠩᠭᠡᠷᠡᠭᠦᠯᠦᠨ᠎ᠡ᠃ ᠨᠡᠭᠦᠳᠡᠯ ᠮᠠᠯᠴᠢᠳ᠎ᠢ ᠰᠠᠭᠤᠷᠢᠱᠢᠭᠤᠯᠬᠤ ᠢᠨᠵᠧᠨᠧᠷᠢᠩ᠎ᠤᠨ ᠦᠷ᠎ᠡ ᠪᠦᠲᠦᠭᠡᠯ᠎ᠢ ᠪᠠᠬᠢᠵᠢᠭᠦᠯᠵᠦ᠍᠂ ᠪᠡᠯᠴᠢᠭᠡᠷᠯᠡᠭᠦᠯᠬᠦ᠌᠎ᠶ᠋ᠢ ᠵᠤᠭ᠍ᠰᠤᠭᠠᠵᠤ ᠦᠨᠵᠢᠬᠦᠯᠦᠨ ᠮᠠᠯᠵᠢᠬᠤ᠂ ᠪᠡᠯᠴᠢᠭᠡᠷ᠎ᠢᠶᠠᠨ ᠬᠡᠰᠡᠭ᠌ᠯᠡᠨ ᠰᠡᠯᠭᠦᠨ ᠮᠠᠯᠵᠢᠬᠤ ᠵᠢᠴᠢ ᠠᠮᠢ ᠠᠬᠤᠢ᠂ ᠰᠡᠯᠡᠭᠦᠴᠡᠯ᠂ ᠲᠣᠭᠤᠷᠢᠨ ᠦᠵᠡᠬᠦ᠌ ᠮᠠᠯ ᠠᠵᠤ ᠠᠬᠤᠢ᠎ᠶ᠋ᠢ ᠬᠦᠭ᠌ᠵᠢᠬᠦᠯᠬᠦ᠌ ᠵᠡᠷᠭᠡ ᠠᠷᠭ᠎ᠠ ᠪᠠᠷᠢᠯ᠎ᠢᠶᠠᠷ ᠳᠠᠮᠵᠢᠭᠤᠯᠤᠨ ᠮᠠᠯᠴᠢᠳ᠎ᠤᠨ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠳᠡᠭᠡᠨ ᠲᠤᠬᠢᠷᠠᠭᠤᠯᠤᠯᠳᠠ ᠬᠢᠬᠦ᠌᠎ᠶ᠋ᠢ ᠬᠦᠳᠦᠯᠦᠨ ᠵᠢᠯᠤᠭᠤᠳᠤᠨ᠎ᠠ᠃
ᠳᠥᠷᠪᠡᠳᠦᠭᠡᠷ ᠪᠦᠯᠦᠭ ᠳᠤᠮᠳᠠ ᠤᠷᠤᠰᠭᠠᠯ᠎ᠤᠨ ᠤᠰᠤ ᠱᠢᠷᠣᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠨ᠎ᠠ
ᠱᠢᠷ᠎ᠠ ᠬᠥᠷᠥᠰᠥᠲᠦ ᠥᠨᠳᠦᠷᠯᠢᠭ᠎ᠤᠨ ᠬᠥᠷᠥᠰᠥ᠍ ᠱᠢᠷᠣᠶ᠎ᠶ᠋ᠢᠨ ᠬᠠᠮᠠᠭᠠᠯᠠᠯᠳᠠ᠎ᠶ᠋ᠢ ᠲᠣᠪᠤᠢᠮ᠎ᠠ ᠰᠠᠢᠲᠤᠷ ᠠᠳᠭᠤᠵᠤ᠂ ᠪᠠᠢᠭᠠᠯᠢ᠎ᠶ᠋ᠢᠨ ᠣᠶ᠎ᠶ᠋ᠢ ᠪᠦᠬᠦ᠌ ᠲᠠᠯ᠎ᠠ᠎ᠪᠠᠷ ᠬᠠᠮᠠᠭᠠᠯᠠᠵᠤ᠂ ᠲᠠᠷᠢᠶᠠᠯᠠᠬᠤ᠎ᠶ᠋ᠢ ᠵᠣᠭ᠍ᠰᠣᠭᠠᠵᠤ ᠡᠪᠡᠰᠦ ᠮᠤᠳᠤ ᠲᠠᠷᠢᠭ᠍ᠰᠠᠨ᠂ ᠪᠡᠯᠴᠢᠭᠡᠷᠯᠡᠭᠦᠯᠬᠦ᠌᠎ᠶ᠋ᠢ ᠵᠣᠭ᠍ᠰᠣᠭᠠᠵᠤ ᠪᠡᠯᠴᠢᠭᠡᠷ᠎ᠢ ᠰᠡᠷᠭᠦᠭᠡᠭ᠌ᠰᠡᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠵᠦ᠍᠂ ᠤᠰᠤ ᠱᠢᠷᠣᠶ᠎ᠶ᠋ᠢᠨ ᠢᠳᠡᠭ᠌ᠳᠡᠯ᠎ᠢ ᠶᠡᠷᠦᠩᠬᠡᠢᠯᠡᠨ ᠵᠠᠰᠠᠬᠤ ᠡᠷᠴᠢᠮ᠎ᠢᠶᠠᠨ ᠨᠡᠮᠡᠭ᠌ᠳᠡᠭᠦᠯᠦᠨ᠂ ᠬᠤᠲᠠ ᠪᠠᠯᠭᠠᠰᠤᠵᠢᠯᠲᠠ᠎ᠶ᠋ᠢᠨ ᠬᠢᠷᠢ ᠬᠡᠮᠵᠢᠶ᠎ᠡ᠎ᠶ᠋ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠵᠦ᠍᠂ ᠳᠤᠮᠳᠠ ᠤᠷᠤᠰᠭᠠᠯ᠎ᠤᠨ ᠭᠠᠵᠠᠷ ᠣᠷᠣᠨ᠎ᠤ ᠠᠮᠢ ᠠᠬᠤᠶ᠎ᠶ᠋ᠢᠨ ᠳᠦᠷᠰᠦ ᠪᠠᠢᠳᠠᠯ᠎ᠢ ᠰᠠᠢᠵᠢᠷᠠᠭᠤᠯᠤᠨ᠎ᠠ᠃
ᠨᠢᠭᠡᠳᠦᠭᠡᠷ ᠬᠡᠰᠡᠭ ᠤᠢ ᠱᠢᠭᠤᠢ ᠨᠤᠳᠤᠭ ᠪᠡᠯᠴᠢᠭᠡᠷ᠎ᠤᠨ ᠬᠠᠮᠠᠭᠠᠯᠠᠯᠲᠠ᠎ᠶ᠋ᠢ ᠶᠡᠭᠡ᠎ᠪᠠᠷ ᠬᠡᠷᠡᠭ᠌ᠵᠢᠭᠦᠯᠦᠨ᠎ᠡ
ᠱᠢᠷ᠎ᠠ ᠬᠥᠷᠥᠰᠥᠲᠦ ᠥᠨᠳᠦᠷᠯᠢᠭ᠎ᠤᠨ ᠭᠠᠵᠠᠷ ᠣᠷᠣᠨ᠎ᠤ ᠤᠷᠭᠤᠮᠠᠯ᠎ᠤᠨ ᠪᠦᠷᠬᠦᠴᠡ᠎ᠶ᠋ᠢᠨ ᠲᠠᠷᠬᠠᠯᠲᠠ᠎ᠶ᠋ᠢᠨ ᠵᠢᠮ᠎ᠡ ᠶᠣᠰᠣ᠎ᠶ᠋ᠢ ᠵᠢᠷᠤᠮᠯᠠᠨ᠂ ᠠᠭᠤᠷ ᠠᠮᠢᠰᠭᠤᠯ ᠳᠤᠯᠠᠭᠠᠨ ᠴᠢᠭᠢᠭ᠌ᠯᠢᠭ ᠪᠣᠯᠬᠤ ᠵᠡᠷᠭᠡ ᠬᠠᠨᠳᠤᠰᠢ ᠵᠢᠴᠢ ᠲᠡᠭᠦᠨ᠎ᠤ ᠨᠥᠯᠥᠭᠡ᠎ᠶ᠋ᠢ ᠨᠢᠭ᠍ᠲᠠ ᠠᠩᠬᠠᠷᠴᠤ᠌᠂ ᠠᠮᠢ ᠠᠬᠤᠶ᠎ᠶ᠋ᠢ ᠬᠠᠮᠠᠭᠠᠯᠠᠬᠤ ᠪᠠ ᠰᠡᠷᠭᠦᠭᠡᠬᠦ᠌ ᠠᠷᠭ᠎ᠠ ᠬᠡᠮᠵᠢᠶ᠎ᠡ᠎ᠶ᠋ᠢ ᠵᠦᠶ ᠵᠣᠬᠢᠰᠲᠠᠶ ᠠᠪᠤᠨ᠎ᠠ᠃ ᠣᠶ ᠱᠢᠭᠤᠶ᠎ᠶ᠋ᠢᠨ ᠤᠷᠭᠤᠮᠠᠯ᠎ᠤᠨ ᠪᠦᠷᠬᠦᠴᠡ᠎ᠶ᠋ᠢᠨ ᠪᠦᠰᠡ᠎ᠨᠢ ᠲᠣᠷᠤᠭ ᠮᠣᠳᠣ ᠲᠠᠷᠢᠵᠤ ᠤᠢ᠍ᠢᠵᠢᠭᠤᠯᠬᠤ᠂ ᠲᠣᠷᠤᠭ ᠮᠣᠳᠣ ᠪᠣᠳᠠ ᠮᠤᠳᠤ ᠡᠪᠡᠰᠦ᠎ᠶ᠋ᠢ ᠬᠤᠯᠢᠯᠳᠤᠭᠤᠯᠤᠨ ᠲᠠᠷᠢᠵᠤ ᠤᠢ᠍ᠢᠵᠢᠭᠤᠯᠬᠤ᠎ᠪᠠᠷ ᠭᠤᠣᠯ ᠪᠣᠯᠭᠠᠵᠤ᠂ ᠣᠶ ᠱᠢᠭᠤᠶ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ᠎ᠶ᠋ᠢᠨ ᠪᠦᠰᠡ᠎ᠨᠢ ᠪᠣᠲᠠ ᠰᠥᠭᠡᠭᠢ ᠲᠠᠷᠢᠵᠤ ᠤᠢ᠍ᠢᠵᠢᠭᠤᠯᠬᠤ᠎ᠪᠠᠷ ᠭᠤᠣᠯ ᠪᠣᠯᠭᠠᠵᠤ᠂ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ᠎ᠶ᠋ᠢᠨ ᠪᠦᠰᠡ᠎ᠨᠢ ᠡᠪᠡᠰᠦ ᠲᠠᠷᠢᠬᠤ᠂ ᠨᠤᠲᠤᠭ ᠪᠡᠯᠴᠢᠭᠡᠷ᠎ᠢ ᠰᠠᠢᠵᠢᠷᠠᠭᠤᠯᠬᠤ᠎ᠪᠠᠷ ᠭᠤᠣᠯ ᠪᠤᠯᠭᠠᠨ᠎ᠠ᠃ ᠤᠰᠤᠨ᠎ᠤ ᠲᠡᠩᠴᠡᠭᠦᠷᠢ᠎ᠶ᠋ᠢᠨ ᠨᠤᠲᠠᠯᠠᠯᠢ ᠴᠢᠩᠭᠠᠳᠭᠠᠨ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠵᠤ ᠠᠭᠤᠯᠠ᠎ᠶ᠋ᠢ ᠪᠢᠲᠡᠭᠦᠮᠵᠢᠯᠡᠨ ᠤᠢ᠍ᠢᠵᠢᠭᠤᠯᠬᠤ᠂ ᠬᠥᠮᠦᠨ᠎ᠤ ᠬᠦᠴᠦ᠎ᠪᠠᠷ ᠣᠢᠵᠢᠭᠤᠯᠬᠤ᠂ ᠨᠢᠰᠭᠡᠯ᠎ᠢᠶᠠᠷ ᠲᠠᠷᠢᠵᠤ ᠣᠢᠵᠢᠭᠤᠯᠬᠤ ᠵᠡᠷᠭᠡ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠠᠪᠴᠤ᠌᠂ ᠣᠶ ᠱᠢᠭᠤᠶ᠎ᠶ᠋ᠢᠨ ᠤᠷᠭᠤᠮᠠᠯ᠎ᠤᠨ ᠪᠦᠷᠬᠦᠴᠡ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠪᠣᠷᠣᠲᠣᠬᠤᠶ᠎ᠶ᠋ᠢᠨ ᠲᠠᠯ᠎ᠠ ᠭᠠᠵᠠᠷ᠂ ᠹᠧᠨ ᠾᠧ ᠭᠤᠤᠯ ᠸᠧᠶ ᠾᠧ ᠭᠤᠤᠯ᠎ᠤᠨ ᠲᠠᠯ᠎ᠠ ᠭᠠᠵᠠᠷ᠂ ᠱᠢᠷ᠎ᠠ ᠬᠥᠷᠥᠰᠥᠲᠦ ᠥᠨᠳᠦᠷᠯᠢᠭ᠎ᠤᠨ ᠡᠯᠡᠰᠦᠷᠬᠡᠭ ᠭᠠᠵᠠᠷ᠂ ᠥᠪᠥᠷ ᠮᠣᠩᠭᠤᠯ᠎ᠤᠨ ᠥᠨᠳᠦᠷᠯᠢᠭ᠎ᠤᠨ ᠨᠠᠭᠤᠷ ᠴᠥᠭᠦᠷᠥᠮ ᠱᠢᠷᠬᠢᠵᠦ᠍ ᠮᠠᠭᠤᠳᠠᠭ᠍ᠰᠠᠨ ᠣᠷᠣᠨ ᠵᠡᠷᠭᠡ ᠭᠤᠤᠯᠳᠠᠯᠭ᠎ᠠ᠎ᠲᠠᠢ ᠣᠷᠣᠨ ᠪᠦᠰᠡ᠎ᠳᠤ ᠠᠭᠤᠯᠠ ᠤᠰᠤ ᠣᠶ ᠮᠣᠳᠣ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ᠎ᠤᠨ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠤᠰᠤᠨ᠎ᠤ ᠰᠤᠷᠪᠤᠯᠵᠢ᠎ᠶ᠋ᠢ ᠬᠠᠳᠠᠭᠠᠯᠠᠬᠤ ᠤᠢ᠍ᠢᠳᠤ ᠭᠠᠵᠠᠷ᠎ᠤᠨ ᠪᠦᠳᠦᠭᠡᠨ ᠪᠠᠢᠭᠤᠯᠤᠯᠲᠠ᠎ᠶ᠋ᠢᠨ ᠣᠷᠣᠨ᠎ᠤ ᠠᠭᠤᠯᠠ᠎ᠶ᠋ᠢ ᠪᠢᠲᠡᠭᠦᠮᠵᠢᠯᠡᠵᠦ᠍ ᠪᠡᠯᠴᠢᠭᠡᠷᠯᠡᠭᠦᠯᠬᠦ᠌᠎ᠶ᠋ᠢ ᠵᠤᠭ᠍ᠰᠤᠭᠠᠬᠤ᠂ ᠰᠡᠯᠬᠦᠨ ᠪᠢᠲᠡᠭᠦᠮᠵᠢᠯᠡᠵᠦ᠍ ᠰᠡᠯᠬᠦᠨ ᠮᠠᠯᠵᠢᠬᠤ ᠪᠠ ᠪᠢᠲᠡᠭᠦᠮᠵᠢᠯᠡᠨ ᠤᠢ᠍ᠢᠵᠢᠭᠤᠯᠬᠤ ᠬᠠᠮᠠᠭᠠᠯᠠᠯᠳᠠ᠎ᠶ᠋ᠢᠨ ᠡᠷᠴᠢᠮ᠎ᠢ ᠴᠢᠩᠭᠠᠷᠠᠭᠤᠯᠵᠤ᠂ ᠠᠶᠠᠨ᠎ᠳᠠᠭᠠᠨ ᠰᠡᠷᠭᠦᠬᠦ᠌᠎ᠶ᠋ᠢ ᠠᠬᠢᠭᠤᠯᠤᠨ᠎ᠠ᠃ ᠭᠠᠵᠠᠷ᠎ᠤᠨ ᠭᠠᠳᠠᠷᠭᠤ᠂ ᠬᠥᠷᠥᠰᠥ᠍ ᠱᠢᠷᠣᠶ᠂ ᠠᠭᠤᠷ ᠠᠮᠢᠰᠭᠤᠯ ᠪᠣᠯᠤᠨ ᠮᠡᠷᠭᠡᠵᠢᠯ᠎ᠤᠨ ᠨᠥᠬᠦᠴᠡᠯ᠎ᠲᠠᠢ ᠤᠶᠠᠯᠳᠤᠭᠤᠯᠤᠨ᠂ ᠬᠥᠮᠦᠨ᠎ᠤ ᠬᠦᠴᠦ᠎ᠪᠠᠷ ᠣᠢᠵᠢᠭᠤᠯᠬᠤ ᠮᠣᠳᠣᠨ᠎ᠤ ᠲᠥᠷᠥᠯ᠎ᠢ ᠱᠢᠨᠵᠢᠯᠡᠬᠦ᠌ ᠤᠬᠠᠭᠠᠨᠴᠢ᠎ᠪᠠᠷ ᠰᠣᠩᠭᠤᠨ ᠪᠤᠢᠵᠢᠭᠤᠯᠵᠤ᠂ ᠡᠳᠡᠭᠡᠷᠡᠯᠲᠡ᠎ᠶ᠋ᠢᠨ ᠨᠣᠷᠮ᠎ᠠ᠎ᠶ᠋ᠢ ᠳᠡᠭᠡᠭ᠌ᠰᠢᠯᠡᠭᠦᠯᠵᠦ᠍᠂ ᠣᠶ᠎ᠶ᠋ᠢᠨ ᠪᠦᠲᠦᠴᠡ᠎ᠶ᠋ᠢ ᠰᠠᠢᠵᠢᠷᠠᠭᠤᠯᠵᠤ᠂ ᠣᠶ᠎ᠶ᠋ᠢᠨ ᠬᠦᠶ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃ ᠠᠭ᠍ᠯᠠᠭ ᠠᠭᠤᠯᠠ ᠪᠤᠢᠳᠠ ᠪᠥᠭ᠌ᠯᠡᠭᠦᠦ ᠠᠭᠤᠯᠠᠷᠬᠠᠭ ᠣᠷᠣᠨ᠂ ᠰᠠᠯᠬᠢ ᠡᠯᠡᠰᠦᠨ᠎ᠤ ᠣᠷᠣᠨ ᠪᠣᠯᠤᠨ ᠰᠠᠯᠪᠤᠷᠢ ᠤᠷᠤᠰᠭᠠᠯ᠎ᠤᠨ ᠡᠬᠢ ᠠᠪᠤᠭ᠍ᠰᠠᠨ ᠭᠠᠵᠠᠷ᠎ᠤᠨ ᠲᠤᠬᠢᠷᠠᠮᠵᠢᠳᠠᠢ ᠤᠷᠤᠨ᠎ᠳᠤ ᠨᠢᠰᠭᠡᠯ᠎ᠢᠶᠠᠷ ᠲᠠᠷᠢᠵᠤ ᠣᠢᠵᠢᠭᠤᠯᠬᠤ᠎ᠶ᠋ᠢ ᠬᠡᠷᠡᠭ᠌ᠵᠢᠭᠦᠯᠦᠨ᠎ᠡ᠃ ᠠᠵᠤ ᠠᠬᠤᠶ᠎ᠶ᠋ᠢᠨ ᠣᠶ ᠪᠣᠯᠤᠨ ᠣᠶ ᠳᠤᠲᠤᠷᠠᠬᠢ ᠠᠵᠤ ᠠᠬᠤᠶ᠎ᠶ᠋ᠢ ᠵᠣᠬᠢᠰᠲᠠᠶ ᠬᠥᠭ᠌ᠵᠢᠭᠦᠯᠵᠦ᠍᠂ ᠠᠮᠢ ᠠᠬᠤᠶ᠎ᠶ᠋ᠢᠨ ᠦᠷ᠎ᠡ ᠠᠱᠢᠭ ᠪᠣᠯᠤᠨ ᠲᠠᠷᠢᠶᠠᠴᠢᠳ᠎ᠤᠨ ᠠᠱᠢᠭ ᠣᠯᠵᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠴᠢᠨᠯᠢᠩ ᠳᠠᠪᠠᠭ᠎ᠠ᠎ᠶ᠋ᠢᠨ ᠠᠮᠢ ᠠᠬᠤᠢ᠎ᠶ᠋ᠢᠨ ᠣᠷᠴᠢᠨ ᠲᠣᠭᠤᠷᠢᠨ᠎ᠤ ᠬᠠᠮᠠᠭᠠᠯᠠᠯᠲᠠ ᠪᠠ ᠰᠡᠷᠭᠦᠭᠡᠯᠲᠡ᠎ᠶ᠋ᠢ ᠴᠢᠩᠭᠠᠳᠭᠠᠵᠤ᠂ ᠮᠠᠯᠤᠷ ᠦᠳᠡᠭᠡ᠂ ᠱᠢᠷᠭ᠎ᠠ ᠰᠠᠮᠵᠠ᠂ ᠤᠯᠠᠭᠠᠨ ᠦᠷᠪᠢᠯᠳᠡᠢ ᠵᠡᠷᠭᠡ ᠬᠤᠪᠣᠷ ᠴᠤᠬᠠᠭ ᠤᠰᠠᠳᠭᠤ ᠱᠢᠬᠠᠭ᠍ᠰᠠᠨ ᠠᠮᠢᠳᠤ ᠪᠣᠳᠠᠰ᠎ᠤᠨ ᠲᠦᠷᠦᠯ᠎ᠤᠨ ᠣᠷᠣᠱᠢᠨ ᠠᠮᠢᠳᠤᠷᠠᠬᠤ ᠭᠠᠵᠠᠷ᠎ᠤᠨ ᠬᠠᠮᠠᠭᠠᠯᠠᠯᠲᠠ ᠪᠠ ᠰᠡᠷᠭᠦᠭᠡᠯᠲᠡ᠎ᠶ᠋ᠢ ᠴᠢᠩᠭᠠᠳᠭᠠᠵᠤ᠂ ᠠᠮᠢ ᠠᠬᠤᠢ᠎ᠶ᠋ᠢᠨ ᠬᠤᠩᠭᠢᠯ᠎ᠤᠨ ᠪᠦᠲᠦᠭᠡᠨ ᠪᠠᠢᠭᠤᠯᠤᠯᠲᠠ᠎ᠶ᠋ᠢ ᠢᠳᠡᠪᠬᠢᠲᠡᠢ ᠠᠬᠢᠭᠤᠯᠵᠤ᠂ ᠬᠡᠭᠡᠷ᠎ᠡ᠎ᠶ᠋ᠢᠨ ᠠᠮᠢᠲᠠᠨ ᠤᠷᠭᠤᠮᠠᠯ᠎ᠤᠨ ᠣᠷᠣᠱᠢᠨ ᠠᠮᠢᠳᠤᠷᠠᠬᠤ ᠣᠷᠣᠨ ᠵᠠᠢ᠎ᠶ᠋ᠢ ᠥᠷᠭᠡᠳᠭᠡᠨ᠎ᠡ᠃
ᠬᠤᠶᠠᠳᠤᠭᠠᠷ ᠬᠡᠰᠡᠭ ᠤᠰᠤ ᠱᠢᠷᠣᠢ᠎ᠶ᠋ᠢ ᠬᠠᠮᠠᠭᠠᠯᠠᠬᠤ ᠴᠢᠳᠠᠪᠤᠷᠢ᠎ᠶ᠋ᠢ ᠴᠢᠩᠭᠠᠳᠭᠠᠨ᠎ᠠ
ᠭᠤᠣᠯ ᠮᠥᠷᠡᠨ ᠤᠰᠤᠨ ᠴᠦᠭᠦᠷᠦᠮ᠎ᠳᠤ ᠤᠷᠤᠰ᠎ᠤᠨ ᠣᠷᠣᠬᠤ ᠡᠯᠡᠰᠦ ᠱᠢᠪᠠᠷ᠎ᠢ ᠪᠠᠭᠠᠰᠭᠠᠬᠤ᠎ᠪᠠᠷ ᠭᠤᠣᠯᠳᠠᠯᠭ᠎ᠠ ᠪᠣᠯᠭᠠᠨ᠂ ᠱᠢᠷ᠎ᠠ ᠬᠥᠷᠥᠰᠥᠲᠦ ᠥᠨᠳᠦᠷᠯᠢᠭ᠎ᠤᠨ ᠳᠡᠨᠵᠢ ᠭᠠᠵᠠᠷ᠎ᠢ ᠬᠠᠮᠠᠭᠠᠯᠠᠬᠤ᠂ ᠵᠢᠵᠢᠭ ᠰᠠᠪᠠ ᠭᠠᠵᠠᠷ᠎ᠢ ᠶᠡᠷᠦᠩᠬᠡᠢᠯᠡᠨ ᠵᠠᠰᠠᠬᠤ᠂ ᠨᠦᠯᠦᠮᠡᠯ ᠭᠠᠵᠠᠷ᠎ᠤᠨ ᠬᠠᠱᠢᠯᠭ᠎ᠠ᠎ᠶ᠋ᠢᠨ ᠪᠦᠲᠦᠭᠡᠨ ᠪᠠᠢᠭᠤᠯᠤᠯᠲᠠ᠂ ᠨᠠᠯᠠᠤ ᠲᠠᠷᠢᠶᠠᠨ ᠭᠠᠵᠠᠷ᠎ᠢ ᠶᠡᠷᠦᠩᠬᠡᠢᠯᠡᠨ ᠴᠡᠭ᠌ᠴᠡᠯᠡᠨ ᠵᠠᠰᠠᠬᠤ ᠵᠡᠷᠭᠡ ᠤᠰᠤ ᠱᠢᠷᠣᠶ᠎ᠶ᠋ᠢ ᠬᠠᠮᠠᠭᠠᠯᠠᠬᠤ ᠭᠤᠣᠯᠳᠠᠯᠭ᠎ᠠ᠎ᠲᠠᠢ ᠢᠨᠵᠧᠨᠧᠷᠢᠩ᠎ᠢ ᠢᠳᠡᠪᠬᠢᠲᠡᠶ᠎ᠪᠠᠷ ᠠᠬᠢᠭᠤᠯᠤᠨ᠎ᠠ᠃ ᠱᠠᠨ ᠰᠢ ᠱᠠᠨᠰᠢ ᠥᠪᠥᠷ ᠮᠣᠩᠭᠤᠯ᠎ᠤᠨ ᠳᠣᠪᠣᠷᠬᠠᠭ ᠭᠤᠤ ᠭᠠᠩᠭ᠎ᠠ᠎ᠶ᠋ᠢᠨ ᠣᠷᠣᠨ᠎ᠳᠤ ᠪᠦᠳᠦᠭᠦᠯᠢᠭ ᠡᠯᠡᠰᠦ ᠱᠢᠪᠠᠷ᠎ᠢ ᠬᠠᠱᠢᠵᠤ ᠡᠯᠡᠰᠦ ᠮᠠᠩᠬ᠎ᠠ᠎ᠶ᠋ᠢ ᠪᠠᠭᠠᠰᠭᠠᠬᠤ ᠲᠦᠭᠦᠭᠡᠷᠦᠮᠵᠢ᠎ᠶ᠋ᠢᠨ ᠪᠥᠳᠥᠭᠡᠨ ᠪᠠᠢᠭᠤᠯᠤᠯᠳᠠ᠎ᠶ᠋ᠢ ᠢᠳᠡᠪᠬᠢᠲᠡᠢ ᠠᠬᠢᠭᠤᠯᠤᠨ᠎ᠠ᠃ ᠭᠠᠨᠰᠦ᠎ᠶ᠋ᠢᠨ ᠵᠡᠭᠦᠨ ᠬᠡᠰᠡᠭ᠎ᠤᠨ ᠳ᠋ᠦᠩ ᡁᠢ᠎ᠶ᠋ᠢᠨ ᠲᠡᠨᠵᠢ ᠭᠠᠵᠠᠷ᠂ ᠱᠠᠨ ᠰᠢ᠎ᠶ᠋ᠢᠨ ᠪᠠᠷᠠᠭᠤᠨ ᠬᠡᠰᠡᠭ᠎ᠤᠨ᠎ᠲᠠᠢ ᠳ᠋ᠧᠶ᠋ᠢᠨ ᠲᠡᠨᠵᠢ ᠭᠠᠵᠠᠷ᠂ ᠱᠠᠨᠰᠢ᠎ᠶ᠋ᠢᠨ ᠬᠤᠢᠲᠤ ᠬᠡᠰᠡᠭ᠎ᠤᠨ ᠯᠦᠸᠧ ᠴᠤᠸᠠᠨ᠎ᠤ ᠲᠡᠨᠵᠢ ᠭᠠᠵᠠᠷ᠂ ᠭᠤᠸᠠᠨ ᠵᠥᠩ᠎ᠤᠨ ᠸᠧᠶ ᠾᠧ ᠭᠤᠤᠯ᠎ᠤᠨ ᠬᠤᠢᠲᠤ ᠬᠡᠰᠡᠭ᠎ᠤᠨ᠎ᠲᠠᠢ ᠶᠤᠸᠠᠨ᠎ᠤ ᠲᠡᠨᠵᠢ ᠭᠠᠵᠠᠷ ᠵᠡᠷᠭᠡ ᠳᠡᠨᠵᠢ ᠭᠠᠵᠠᠷ ᠣᠷᠣᠨ᠎ᠢᠶᠠᠷ ᠭᠤᠣᠯᠳᠠᠯᠭ᠎ᠠ ᠪᠣᠯᠭᠠᠨ᠂ ᠱᠢᠷ᠎ᠠ ᠬᠥᠷᠥᠰᠥᠲᠦ ᠥᠨᠳᠦᠷᠯᠢᠭ᠎ᠤᠨ ᠭᠤᠤ ᠭᠠᠩᠭ᠎ᠠ᠎ᠶ᠋ᠢ ᠪᠠᠬᠢᠵᠢᠭᠦᠯᠦᠨ ᠳᠡᠨᠵᠢ ᠭᠠᠵᠠᠷ ᠤᠷᠤᠨ᠎ᠢ ᠬᠠᠮᠠᠭᠠᠯᠠᠬᠤ ᠲᠥᠷᠥᠯ ᠵᠦᠢᠯ᠎ᠢ ᠬᠡᠷᠡᠭ᠌ᠵᠢᠭᠦᠯᠦᠨ᠎ᠡ᠃ ᠱᠠᠨᠰᠢ ᠭᠠᠨᠰᠦ ᠱᠠᠨ ᠰᠢ ᠨᠢᠩᠱᠢᠶᠠ ᠬᠦᠬᠡᠨᠠᠭᠤᠷ᠎ᠤᠨ ᠠᠭᠤᠯᠠᠷᠬᠠᠭ ᠭᠠᠵᠠᠷ ᠳᠣᠪᠣᠷᠬᠠᠭ ᠭᠠᠵᠠᠷ ᠭᠤᠤ ᠭᠠᠩᠭ᠎ᠠ᠎ᠶ᠋ᠢᠨ ᠣᠷᠣᠨ ᠵᠡᠷᠭᠡ᠎ᠪᠠᠷ ᠭᠤᠣᠯᠳᠠᠯᠭ᠎ᠠ ᠪᠣᠯᠭᠠᠨ᠂ ᠬᠠᠭᠤᠷᠠᠢ ᠲᠠᠷᠢᠶᠠᠯᠠᠩ ᠱᠠᠲᠤᠨ ᠲᠠᠷᠢᠶᠠᠨ᠎ᠤ ᠪᠦᠲᠦᠭᠡᠨ ᠪᠠᠢᠭᠤᠯᠤᠯᠲᠠ᠎ᠶ᠋ᠢ ᠥᠷᠨᠢᠭᠦᠯᠵᠦ᠍᠂ ᠪᠣᠷᠣᠭᠠᠨ᠎ᠤ ᠤᠰᠤ᠎ᠶ᠋ᠢ ᠬᠠᠳᠠᠭᠠᠯᠠᠵᠤ ᠠᠱᠢᠬ᠍ᠯᠠᠬᠤ᠎ᠶ᠋ᠢ ᠴᠢᠩᠭᠠᠳᠭᠠᠨ᠂ ᠵᠢᠵᠢᠭ ᠰᠠᠪᠠ ᠭᠠᠵᠠᠷ᠎ᠤᠨ ᠶᠡᠷᠦᠩᠬᠡᠢᠯᠡᠭ᠌ᠰᠡᠨ ᠵᠠᠰᠠᠯᠲᠠ᠎ᠶ᠋ᠢ ᠠᠬᠢᠭᠤᠯᠤᠨ᠎ᠠ᠃ ᠨᠦᠯᠦᠮᠡᠯ ᠭᠠᠵᠠᠷ᠎ᠤᠨ ᠬᠠᠱᠢᠯᠭ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠵᠢᠷᠤᠮᠵᠢᠭᠤᠯᠤᠨ ᠵᠢᠯᠣᠭᠤᠳᠭᠤ᠎ᠶ᠋ᠢ ᠴᠢᠩᠭᠠᠳᠭᠠᠵᠤ᠂ ᠱᠢᠨ᠎ᠡ ᠪᠠᠷᠢᠮᠵᠢᠶ᠎ᠠ ᠱᠢᠨ᠎ᠡ ᠮᠡᠷᠭᠡᠵᠢᠯ ᠱᠢᠨ᠎ᠡ ᠭᠠᠷ ᠤᠷᠠᠯᠠᠯ᠎ᠢ ᠳᠡᠯᠭᠡᠷᠡᠭᠦᠯᠦᠨ᠂ ᠬᠦᠨᠳᠦ᠎ᠶ᠋ᠢᠨ ᠬᠦᠴᠦᠨ᠎ᠤ ᠢᠳᠡᠭ᠌ᠳᠡᠯ ᠬᠦᠨᠳᠦ ᠨᠣᠴᠢᠲᠠᠶ᠂ ᠬᠥᠷᠥᠰᠥ᠍ ᠱᠢᠷᠣᠶ᠎ᠶ᠋ᠢᠨ ᠢᠳᠡᠭ᠌ᠳᠡᠯ ᠬᠤᠷᠴᠠ ᠱᠢᠷᠦᠭᠦᠨ ᠣᠷᠣᠨ ᠪᠦᠰᠡ᠎ᠳᠤ ᠥᠨᠳᠥᠷ ᠪᠠᠷᠢᠮᠵᠢᠶᠠᠲᠤ ᠨᠦᠯᠦᠮᠡᠯ ᠭᠠᠵᠠᠷ᠎ᠤᠨ ᠬᠠᠱᠢᠯᠭ᠎ᠠ᠎ᠶ᠋ᠢ ᠶᠡᠭᠡ᠎ᠪᠠᠷ ᠪᠥᠲᠥᠭᠡᠨ ᠪᠠᠢᠭᠤᠯᠤᠨ᠎ᠠ᠃ ᠣᠲᠣ᠎ᠶ᠋ᠢᠨ ᠪᠠᠢᠭ᠎ᠠ ᠨᠦᠯᠦᠮᠡᠯ ᠭᠠᠵᠠᠷ᠎ᠤᠨ ᠬᠠᠱᠢᠯᠭ᠎ᠠ᠎ᠶ᠋ᠢᠨ ᠲᠦᠭ᠌ᠰᠢᠭᠦᠷᠢ᠎ᠶ᠋ᠢᠨ ᠬᠡᠮ ᠰᠤᠭᠤᠭ᠎ᠢ ᠵᠢᠭ᠍ᠰᠠᠭᠠᠨ ᠪᠠᠢᠴᠠᠭᠠᠵᠤ᠂ ᠬᠡᠮ ᠰᠣᠭᠤᠭ᠎ᠲᠠᠢ ᠭᠠᠵᠠᠷ᠎ᠤᠨ ᠬᠠᠱᠢᠯᠭ᠎ᠠ᠎ᠶ᠋ᠢᠨ ᠲᠦᠭ᠌ᠰᠢᠭᠦᠷᠢ᠎ᠶ᠋ᠢ ᠠᠷᠢᠯᠭᠠᠨ ᠪᠠᠬᠢᠵᠢᠭᠦᠯᠬᠦ᠌ ᠪᠠ ᠬᠠᠭᠤᠴᠢᠨ ᠨᠦᠯᠦᠮᠡᠯ ᠭᠠᠵᠠᠷ᠎ᠤᠨ ᠬᠠᠱᠢᠯᠭ᠎ᠠ᠎ᠶ᠋ᠢ ᠳᠡᠭᠡᠭ᠌ᠰᠢᠯᠡᠭᠦᠯᠦᠨ ᠥᠭᠡᠷᠡᠴᠢᠯᠡᠬᠦ᠌᠎ᠶ᠋ᠢ ᠴᠢᠩᠭᠠᠳᠭᠠᠨ᠂ ᠬᠠᠮᠢᠶᠠᠷᠴᠤ᠌ ᠬᠠᠮᠠᠭᠠᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠣᠷᠣᠨ ᠪᠦᠰᠡ ᠠᠯᠤᠰᠯᠠᠭ᠍ᠰᠠᠨ ᠨᠦᠯᠦᠮᠡᠯ ᠭᠠᠵᠠᠷ᠎ᠤᠨ ᠬᠠᠱᠢᠯᠭ᠎ᠠ᠎ᠶ᠋ᠢᠨ ᠮᠡᠳᠡᠭᠡ ᠵᠠᠩᠭᠢ᠎ᠶ᠋ᠢ ᠬᠢᠨᠠᠨ ᠱᠢᠨᠵᠢᠬᠦ᠌ ᠲᠣᠭ᠍ᠲᠠᠴᠠ᠎ᠶ᠋ᠢ ᠪᠠᠢᠭᠤᠯᠵᠤ᠂ ᠴᠢᠬᠤᠯᠠ ᠨᠦᠯᠦᠮᠡᠯ ᠭᠠᠵᠠᠷ᠎ᠤᠨ ᠬᠠᠱᠢᠯᠭ᠎ᠠ᠎ᠶ᠋ᠢᠨ ᠬᠥᠳᠡᠯᠦᠩᠭᠦᠶ ᠬᠢᠨᠠᠨ ᠡᠵᠡᠮᠳᠡᠬᠦ᠌ ᠪᠠ ᠠᠮᠤᠷ ᠲᠦᠪᠱᠢᠨ᠎ᠤ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠪᠡᠶᠡᠯᠡᠭᠦᠯᠦᠨ᠎ᠡ᠃
ᠭᠤᠷᠪᠠᠳᠤᠭᠠᠷ ᠬᠡᠰᠡᠭ ᠥᠨᠳᠥᠷ ᠪᠦᠲᠦᠮᠵᠢᠲᠡᠢ ᠬᠠᠭᠤᠷᠠᠢ ᠲᠠᠷᠢᠶᠠᠯᠠᠩ᠎ᠢ ᠬᠥᠭ᠌ᠵᠢᠭᠦᠯᠦᠨ᠎ᠡ
ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ᠎ᠶ᠋ᠢᠨ ᠦᠢᠯᠡᠳᠪᠤᠷᠢᠯᠡᠯ᠎ᠤᠨ ᠠᠷᠭ᠎ᠠ ᠮᠠᠶᠢᠭ᠎ᠢ ᠬᠤᠪᠢᠷᠠᠭᠤᠯᠬᠤ᠂ ᠲᠠᠷᠢᠶᠠᠯᠠᠩ᠎ᠤᠨ ᠰᠠᠭᠤᠷᠢ ᠲᠦᠭᠦᠭᠡᠷᠦᠮᠵᠢ᠎ᠶ᠋ᠢ ᠱᠢᠯᠢᠳᠡᠭ᠌ᠵᠢᠭᠦᠯᠬᠦ᠂ ᠤᠰᠤ ᠬᠠᠳᠠᠭᠠᠯᠠᠬᠤ ᠤᠰᠤ ᠬᠠᠮᠠᠭᠠᠯᠠᠬᠤ ᠮᠡᠷᠭᠡᠵᠢᠯ ᠵᠡᠷᠭᠡ᠎ᠶ᠋ᠢ ᠲᠦᠭᠡᠮᠡᠯᠵᠢᠭᠦᠯᠬᠦ᠌᠎ᠪᠠᠷ ᠭᠤᠤᠯᠳᠠᠯᠭ᠎ᠠ ᠪᠣᠯᠭᠠᠨ᠂ ᠬᠥᠷᠥᠰᠥ᠍ ᠱᠢᠷᠣᠶ᠎ᠶ᠋ᠢ ᠬᠠᠮᠠᠭᠠᠯᠠᠬᠤ ᠬᠢᠭᠡᠳ ᠥᠨᠳᠥᠷ ᠦᠷ᠎ᠡ ᠠᠱᠢᠭᠲᠠᠢ ᠬᠠᠭᠤᠷᠠᠶ ᠲᠠᠷᠢᠶᠠᠯᠠᠩ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠨ᠎ᠡ᠃ ᠡᠪᠡᠰᠦᠨ ᠲᠡᠵᠢᠭᠡᠯᠲᠦ ᠮᠠᠯ ᠠᠵᠤ ᠠᠬᠤᠶ᠂ ᠡᠪᠡᠰᠦᠨ᠎ᠤ ᠠᠵᠤ ᠦᠢᠯᠡᠰ ᠪᠣᠯᠤᠨ ᠥᠨᠳᠥᠷ ᠨᠡᠮᠡᠯᠲᠡ ᠥᠷᠲᠡᠭ᠎ᠲᠠᠢ ᠲᠠᠷᠢᠮᠠᠯ᠎ᠤᠨ ᠦᠢᠯᠡᠰ᠎ᠢ ᠱᠢᠯᠢᠳᠡᠭ᠌ᠵᠢᠭᠦᠯᠦᠨ ᠬᠥᠭ᠌ᠵᠢᠭᠦᠯᠵᠦ᠍᠂ ᠬᠠᠭᠤᠷᠠᠶ ᠲᠠᠷᠢᠶᠠᠯᠠᠩ᠎ᠤᠨ ᠱᠢᠨ᠎ᠡ ᠮᠡᠷᠭᠡᠵᠢᠯ ᠱᠢᠨ᠎ᠡ ᠵᠠᠭ᠍ᠪᠤᠷ᠎ᠢ ᠢᠳᠡᠪᠬᠢᠲᠡᠶ᠎ᠪᠠᠷ ᠳᠡᠯᠭᠡᠷᠡᠭᠦᠯᠦᠨ ᠬᠡᠷᠡᠭ᠌ᠯᠡᠨ᠎ᠡ᠃ ᠬᠠᠱᠢᠶᠠᠯᠠᠨ ᠲᠡᠵᠢᠭᠡᠬᠦ᠌ ᠪᠠ ᠬᠠᠭᠠᠰ ᠬᠠᠱᠢᠶᠠᠯᠠᠨ ᠲᠡᠵᠢᠭᠡᠵᠦ᠍ ᠦᠷᠡᠵᠢᠭᠦᠯᠬᠦ᠌᠎ᠶ᠋ᠢ ᠳᠡᠮᠵᠢᠵᠦ᠍᠂ ᠬᠥᠮᠦᠨ᠎ᠤ ᠬᠦᠴᠦ᠎ᠪᠠᠷ ᠡᠪᠡᠰᠦ ᠳᠠᠷᠢᠬᠤ᠎ᠶ᠋ᠢ ᠵᠦᠶ ᠵᠣᠬᠢᠰᠲᠠᠶ ᠥᠷᠨᠢᠭᠦᠯᠦᠨ᠂ ᠨᠥᠬᠦᠴᠡᠯ ᠲᠣᠬᠢᠷᠠᠮᠵᠢᠲᠠᠶ ᠭᠠᠵᠠᠷ ᠣᠷᠣᠨ᠎ᠳᠤ ᠬᠥᠮᠦᠨ᠎ᠤ ᠬᠦᠴᠦ᠎ᠪᠠᠷ ᠡᠪᠡᠰᠦ ᠪᠣᠷᠳᠣᠭᠠᠨ᠎ᠤ ᠰᠠᠭᠤᠷᠢᠨ᠎ᠢ ᠪᠥᠲᠥᠭᠡᠨ ᠪᠠᠢᠭᠤᠯᠤᠨ᠎ᠠ᠃ ᠬᠠᠭᠤᠷᠠᠶ ᠲᠠᠷᠢᠮᠠᠯ᠎ᠤᠨ ᠰᠠᠢᠨ ᠡᠭᠦᠯᠳᠡᠷ᠎ᠢ ᠰᠣᠩᠭᠤᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠲᠠᠷᠢᠵᠤ᠂ ᠬᠠᠭᠤᠷᠠᠶ ᠲᠠᠷᠢᠶᠠᠯᠠᠩ᠎ᠤᠨ ᠲᠠᠷᠢᠮᠠᠯ᠎ᠤᠨ ᠪᠦᠲᠦᠴᠡ᠎ᠳᠤ ᠲᠤᠬᠢᠷᠠᠭᠤᠯᠤᠯᠳᠠ ᠬᠢᠨ᠎ᠡ᠃ ᠲᠠᠷᠢᠶᠠᠨ ᠭᠠᠵᠠᠷ᠎ᠢ ᠬᠡᠷᠡᠭ᠌ᠯᠡᠬᠦ᠌ ᠠᠷᠠᠴᠢᠯᠠᠬᠤ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠲᠠᠷᠢᠶᠠᠨ ᠭᠠᠵᠠᠷ᠎ᠤᠨ ᠰᠡᠯᠬᠦᠨ ᠳᠠᠷᠢᠬᠤ ᠪᠠ ᠥᠨᠵᠢᠭᠦᠯᠦᠨ ᠳᠠᠷᠢᠬᠤ ᠲᠦᠷᠢᠮ᠎ᠢ ᠦᠷᠭᠦᠯᠵᠢᠯᠡᠨ ᠠᠬᠢᠭᠤᠯᠵᠤ᠂ ᠵᠦᠢ ᠵᠣᠬᠢᠰᠲᠠᠶ᠎ᠪᠠᠷ ᠰᠡᠯᠬᠦᠨ ᠲᠠᠷᠢᠬᠤ᠎ᠶ᠋ᠢ ᠪᠡᠶᠡᠯᠡᠬᠦᠯᠦᠨ᠎ᠡ᠃ ᠲᠠᠷᠢᠶᠠᠨ ᠭᠠᠵᠠᠷ᠎ᠢ ᠴᠡᠭ᠌ᠴᠡᠯᠡᠨ ᠵᠠᠰᠠᠬᠤ ᠪᠠ ᠬᠥᠷᠥᠰᠥ᠍ ᠱᠢᠷᠣᠢ᠎ᠶ᠋ᠢ ᠣᠷᠭᠠᠨᠢᠭ᠎ᠢᠶᠠᠷ ᠪᠣᠷᠳᠣᠵᠤ ᠰᠠᠢᠵᠢᠷᠠᠭᠤᠯᠬᠤ᠎ᠶ᠋ᠢ ᠢᠳᠡᠪᠬᠢᠲᠡᠢ ᠥᠷᠨᠢᠭᠦᠯᠵᠦ᠍᠂ ᠲᠠᠷᠢᠶᠠᠨ ᠭᠠᠵᠠᠷ᠎ᠲᠤ ᠪᠣᠷᠣᠭᠠᠨ᠎ᠤ ᠤᠰᠤ ᠴᠤᠭ᠍ᠯᠠᠭᠤᠯᠬᠤ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠲᠣᠬᠢᠷᠠᠮᠵᠢᠲᠠᠶ ᠭᠠᠵᠠᠷ ᠣᠷᠣᠨ᠎ᠳᠤ ᠨᠠᠯᠠᠤ ᠲᠠᠷᠢᠶᠠᠨ ᠭᠠᠵᠠᠷ᠎ᠢ ᠴᠡᠭ᠌ᠴᠡᠯᠡᠨ ᠵᠠᠰᠠᠬᠤ᠂ ᠬᠠᠭᠤᠴᠢᠨ ᠱᠠᠲᠤᠨ ᠲᠠᠷᠢᠶ᠎ᠠ᠎ᠶ᠋ᠢ ᠥᠭᠡᠷᠡᠴᠢᠯᠡᠬᠦ᠌ ᠪᠠ ᠨᠢᠭᠡ ᠪᠦᠯᠦᠭ ᠬᠠᠭᠤᠷᠠᠶ ᠲᠠᠷᠢᠶᠠᠯᠠᠩ᠎ᠤᠨ ᠱᠠᠲᠤᠯᠢᠭ ᠲᠠᠷᠢᠶ᠎ᠠ᠎ᠶ᠋ᠢ ᠱᠢᠨ᠎ᠡ᠎ᠪᠠᠷ ᠪᠠᠢᠭᠤᠯᠤᠨ᠎ᠠ᠃ ᠲᠠᠷᠢᠶᠠᠯᠠᠩ᠎ᠤᠨ ᠤᠰᠤ ᠬᠠᠳᠠᠭᠠᠯᠠᠬᠤ ᠤᠰᠤ᠎ᠶ᠋ᠢ ᠪᠠᠳᠤᠯᠠᠬᠤ ᠮᠡᠷᠭᠡᠵᠢᠯ᠎ᠢ ᠶᠡᠭᠡ᠎ᠪᠠᠷ ᠳᠡᠯᠭᠡᠷᠡᠭᠦᠯᠵᠦ᠍᠂ ᠮᠡᠷᠭᠡᠵᠢᠯ ᠲᠣᠨᠣᠭ᠍ᠯᠠᠯ᠎ᠢᠶᠠᠷ ᠵᠢᠱ᠌ᠢᠶ᠎ᠡ ᠦᠵᠡᠭᠦᠯᠬᠦ᠌᠎ᠶ᠋ᠢ ᠠᠬᠢᠭᠤᠯᠵᠤ᠂ ᠬᠠᠭᠤᠷᠠᠶ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ᠌ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢ ᠳᠡᠮᠵᠢᠬᠦ᠌ ᠡᠷᠴᠢᠮ᠎ᠢᠶᠠᠨ ᠤᠯᠠᠮ ᠴᠢᠨᠠᠬ᠍ᠰᠢᠳᠠ ᠨᠡᠮᠡᠭ᠌ᠳᠡᠭᠦᠯᠦᠨ᠎ᠡ᠃
ᠲᠠᠪᠤᠳᠤᠭᠠᠷ ᠪᠦᠯᠦᠭ ᠳᠣᠣᠷᠠᠳᠤ ᠤᠷᠤᠰᠭᠠᠯ᠎ᠤᠨ ᠨᠤᠭᠤ ᠭᠠᠵᠠᠷ᠎ᠤᠨ ᠬᠠᠮᠠᠭᠠᠯᠠᠯᠳᠠ ᠪᠠ ᠠᠮᠢ ᠠᠬᠤᠶ᠎ᠶ᠋ᠢᠨ ᠵᠠᠰᠠᠯᠳᠠ᠎ᠶ᠋ᠢ ᠠᠬᠢᠭᠤᠯᠤᠨ᠎ᠠ
ᠬᠠᠲᠤᠨ ᠭᠤᠤᠯ᠎ᠤᠨ ᠳᠤᠤᠷᠠᠳᠤ ᠤᠷᠤᠰᠭᠠᠯ᠎ᠤᠨ ᠪᠣᠬᠢᠷᠲᠤᠯ ᠥᠬᠡᠶ ᠠᠮᠢ ᠠᠬᠤᠶ᠎ᠶ᠋ᠢᠨ ᠬᠤᠩᠭᠢᠯ᠎ᠢ ᠪᠥᠲᠥᠭᠡᠨ ᠪᠠᠢᠭᠤᠯᠵᠤ᠂ ᠬᠠᠲᠤᠨ ᠭᠤᠤᠯ᠎ᠤᠨ ᠭᠤᠷᠪᠠᠯᠵᠢᠨ ᠬᠤᠢᠭ᠎ᠤᠨ ᠨᠤᠭᠤ ᠭᠠᠵᠠᠷ᠎ᠤᠨ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠨ ᠰᠡᠷᠭᠦᠭᠡᠬᠦ᠌ ᠡᠷᠴᠢᠮ᠎ᠢ ᠴᠢᠩᠭᠠᠷᠠᠭᠤᠯᠤᠨ᠂ ᠬᠠᠲᠤᠨ ᠭᠤᠤᠯ᠎ᠤᠨ ᠳᠤᠤᠷᠠᠳᠤ ᠤᠷᠤᠰᠭᠠᠯ᠎ᠤᠨ ᠭᠤᠤᠯ᠎ᠤᠨ ᠵᠠᠮ᠎ᠤᠨ ᠠᠮᠢ ᠠᠬᠤᠶ᠎ᠶ᠋ᠢᠨ ᠴᠢᠳᠠᠮᠵᠢ᠎ᠶ᠋ᠢ ᠳᠡᠭᠡᠭ᠌ᠰᠢᠯᠡᠭᠦᠯᠬᠦ᠌ ᠪᠠ ᠲᠡᠯᠡᠶ᠎ᠳᠤ ᠴᠢᠳᠭᠤᠬᠤ ᠠᠮᠠ᠎ᠶ᠋ᠢᠨ ᠠᠮᠢ ᠠᠬᠤᠶ᠎ᠶ᠋ᠢᠨ ᠣᠷᠴᠢᠨ ᠲᠣᠭᠤᠷᠢᠨ᠎ᠢ ᠰᠠᠢᠵᠢᠷᠠᠭᠤᠯᠬᠤ᠎ᠶ᠋ᠢ ᠠᠬᠢᠭᠤᠯᠵᠤ᠂ ᠭᠤᠤᠯ᠎ᠤᠨ ᠲᠠᠩ᠎ᠤᠨ ᠣᠷᠣᠨ᠎ᠤ ᠠᠮᠢ ᠠᠬᠤᠶ᠎ᠶ᠋ᠢᠨ ᠣᠷᠴᠢᠨ ᠲᠣᠭᠤᠷᠢᠨ᠎ᠢ ᠶᠡᠷᠦᠩᠬᠡᠢᠯᠡᠨ ᠴᠡᠭ᠌ᠴᠡᠯᠡᠨ ᠵᠠᠰᠠᠬᠤ᠎ᠶ᠋ᠢ ᠥᠷᠨᠢᠭᠦᠯᠦᠨ᠂ ᠠᠮᠢ ᠠᠬᠤᠶ᠎ᠶ᠋ᠢᠨ ᠬᠠᠮᠠᠭᠠᠯᠠᠯᠲᠠ ᠬᠢᠭᠡᠳ ᠬᠥᠮᠦᠨ ᠠᠮᠠ᠎ᠶ᠋ᠢᠨ ᠠᠵᠤ ᠠᠬᠤᠶ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠤᠨ᠎ᠠ᠃
ᠨᠢᠭᠡᠳᠦᠭᠡᠷ ᠬᠡᠰᠡᠭ ᠬᠠᠳᠤᠨ ᠭᠤᠣᠯ᠎ᠤᠨ ᠭᠤᠷᠪᠠᠯᠵᠢᠨ ᠬᠤᠢᠭ᠎ᠤᠨ ᠨᠤᠭᠤ ᠭᠠᠵᠠᠷ᠎ᠢ ᠬᠠᠮᠠᠭᠠᠯᠠᠨ ᠰᠡᠷᠭᠦᠭᠡᠨ᠎ᠡ
ᠬᠠᠲᠤᠨ ᠭᠤᠤᠯ᠎ᠤᠨ ᠭᠤᠷᠪᠠᠯᠵᠢᠨ ᠬᠤᠢᠭ᠎ᠤᠨ ᠨᠤᠭᠤ ᠭᠠᠵᠠᠷ᠎ᠢ ᠬᠠᠮᠠᠭᠠᠯᠠᠨ ᠰᠡᠷᠭᠦᠭᠡᠬᠦ᠌ ᠲᠥᠯᠥᠪᠵᠢᠭᠦᠯᠭᠡ᠎ᠶ᠋ᠢ ᠰᠤᠳᠤᠯᠤᠨ ᠨᠠᠢᠷᠠᠭᠤᠯᠤᠨ ᠵᠣᠬᠢᠶᠠᠵᠤ᠂ ᠬᠠᠲᠤᠨ ᠭᠤᠤᠯ᠎ᠤᠨ ᠠᠳᠠᠭ᠎ᠤᠨ ᠤᠯᠤᠰ᠎ᠤᠨ ᠴᠡᠴᠡᠷᠯᠢᠭ᠎ᠢ ᠲᠥᠰᠦᠪᠯᠡᠨ ᠪᠥᠲᠥᠭᠡᠨ ᠪᠠᠢᠭᠤᠯᠤᠨ᠎ᠠ᠃ ᠭᠤᠣᠯ᠎ᠤᠨ ᠠᠳᠠᠭ᠎ᠤᠨ ᠨᠤᠭᠤ ᠭᠠᠵᠠᠷ᠎ᠤᠨ ᠠᠮᠢ ᠠᠬᠤᠶ᠎ᠶ᠋ᠢᠨ ᠤᠷᠤᠰᠭᠠᠯ᠎ᠤᠨ ᠬᠡᠮᠵᠢᠶ᠎ᠡ᠎ᠶ᠋ᠢ ᠪᠠᠲᠤᠯᠠᠵᠤ᠂ ᠨᠥᠬᠦᠴᠡᠯ ᠪᠦᠷᠢᠯᠳᠦᠭᠦᠯᠵᠦ᠍ ᠪᠠᠢᠭᠠᠳ ᠨᠠᠭᠤᠷ᠎ᠢ ᠵᠠᠰᠠᠨ ᠭᠤᠣᠯ᠎ᠢ ᠰᠡᠷᠭᠦᠭᠡᠬᠦ᠂ ᠲᠠᠷᠢᠶᠠᠯᠠᠬᠤ᠎ᠶ᠋ᠢ ᠵᠣᠭ᠍ᠰᠣᠭᠠᠨ ᠨᠤᠭᠤ ᠭᠠᠵᠠᠷ᠎ᠢ ᠰᠡᠷᠭᠦᠭᠡᠬᠦ᠂ ᠲᠠᠷᠢᠶᠠᠯᠠᠬᠤ᠎ᠶ᠋ᠢ ᠵᠣᠭ᠍ᠰᠣᠭᠠᠨ ᠭᠤᠣᠯ᠎ᠤᠨ ᠰᠠᠢᠷᠭᠠᠯᠢ ᠰᠡᠷᠭᠦᠭᠡᠬᠦ᠌᠎ᠶ᠋ᠢ ᠯᠠᠪᠳᠠᠭᠤᠨ᠎ᠢᠶᠠᠷ ᠠᠬᠢᠭᠤᠯᠵᠤ᠂ ᠤᠰᠤ ᠴᠡᠪᠡᠷᠱᠢᠭᠦᠯᠬᠦ᠌ ᠰᠤᠪᠠᠭ᠂ ᠳ᠋ᠢᠶᠤᠤ ᠺᠸᠦ ᠭᠤᠣᠯ᠎ᠤᠨ ᠵᠠᠮ᠎ᠤᠨ ᠠᠮᠢ ᠠᠬᠤᠶ᠎ᠶ᠋ᠢᠨ ᠤᠰᠤ ᠨᠥᠬᠦᠪᠥᠷᠢᠯᠡᠬᠦ᠌ ᠵᠡᠷᠭᠡ ᠢᠨᠵᠧᠨᠧᠷᠢᠩ᠎ᠢ ᠬᠡᠷᠡᠭ᠌ᠵᠢᠭᠦᠯᠵᠦ᠍᠂ ᠭᠤᠣᠯ᠎ᠤᠨ ᠠᠳᠠᠭ᠎ᠤᠨ ᠤᠰᠤᠨ᠎ᠤ ᠱᠢᠰᠲ᠋ᠧᠮ᠎ᠢ ᠬᠤᠯᠪᠣᠨ ᠨᠡᠪᠲᠡᠷᠡᠭᠦᠯᠵᠦ᠍᠂ ᠪᠠᠢᠭᠠᠯᠢ᠎ᠶ᠋ᠢᠨ ᠨᠤᠭᠤ ᠭᠠᠵᠠᠷ᠎ᠤᠨ ᠲᠠᠯᠠᠪᠠᠶ᠎ᠶ᠋ᠢ ᠥᠷᠭᠡᠳᠭᠡᠨ᠎ᠡ᠃ ᠲᠠᠯᠠᠢ ᠳᠠᠭᠠᠤ ᠲᠦᠯᠬᠢᠭᠡᠨ᠎ᠢ ᠰᠡᠷᠭᠡᠢᠯᠡᠬᠦ᠌ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠥᠷᠥᠰᠥ᠍ ᠱᠢᠷᠣᠢ ᠬᠤᠵᠢᠷᠱᠢᠬᠤ ᠪᠠ ᠱᠣᠷᠪᠣᠭ ᠲᠦᠯᠬᠢᠭᠡᠨ ᠲᠦᠷᠢᠬᠦ᠌ᠶ᠋ᠢ ᠰᠡᠷᠭᠡᠢᠯᠡᠵᠦ᠍᠂ ᠬᠠᠳᠤᠨ ᠭᠤᠣᠯ᠎ᠤᠨ ᠭᠤᠷᠪᠠᠯᠵᠢᠨ ᠬᠤᠢᠭ᠎ᠤᠨ ᠡᠷᠭᠢ᠎ᠶ᠋ᠢᠨ ᠱᠤᠭᠤᠮ ᠠᠶᠠᠨ᠎ᠳᠠᠭᠠᠨ ᠦᠷᠭᠦᠯᠵᠢᠯᠡᠬᠦ᠌ ᠪᠠᠢᠳᠠᠯ᠎ᠢ ᠰᠡᠷᠭᠦᠭᠡᠨ᠎ᠡ᠃ ᠬᠤᠵᠢᠷᠯᠢᠭ ᠨᠤᠭᠤ ᠭᠠᠵᠠᠷ᠂ ᠭᠤᠤᠯ᠎ᠤᠨ ᠲᠠᠩ ᠪᠠ ᠭᠤᠤᠯ᠎ᠤᠨ ᠠᠳᠠᠭ᠎ᠤᠨ ᠨᠤᠭᠤ ᠭᠠᠵᠠᠷ᠎ᠤᠨ ᠠᠮᠢᠳᠤ ᠪᠣᠳᠠᠰ᠎ᠤᠨ ᠡᠬᠢ ᠪᠠᠶᠠᠯᠢᠭ᠎ᠤᠨ ᠬᠠᠮᠠᠭᠠᠯᠠᠯᠲᠠ᠎ᠶ᠋ᠢ ᠴᠢᠩᠭᠠᠳᠭᠠᠵᠤ᠂ ᠬᠡᠪ᠎ᠤᠨ ᠪᠤᠰᠤ ᠤᠰᠤᠨ᠎ᠤ ᠰᠤᠷᠪᠤᠯᠵᠢ᠎ᠶ᠋ᠢ ᠠᠱᠢᠬ᠍ᠯᠠᠨ ᠱᠢᠪᠠᠭᠤᠨ᠎ᠤ ᠲᠥᠷᠥᠯ᠎ᠤᠨ ᠣᠷᠣᠱᠢᠨ ᠠᠮᠢᠳᠤᠷᠠᠬᠤ ᠭᠠᠵᠠᠷ᠎ᠢ ᠨᠥᠬᠦᠪᠥᠷᠢᠯᠡᠬᠦ᠌᠎ᠶ᠋ᠢ ᠬᠠᠢᠨ ᠰᠦᠪᠡᠭ᠌ᠴᠢᠯᠡᠵᠦ᠍᠂ ᠬᠠᠲᠤᠨ ᠭᠤᠣᠯ᠎ᠤᠨ ᠭᠤᠷᠪᠠᠯᠵᠢᠨ ᠬᠤᠢᠭ᠎ᠤᠨ ᠨᠤᠭᠤ ᠭᠠᠵᠠᠷ ᠬᠢᠭᠡᠳ ᠴᠢᠬᠤᠯᠠ ᠱᠢᠪᠠᠭᠤᠨ᠎ᠤ ᠲᠥᠷᠥᠯ᠎ᠤᠨ ᠣᠷᠣᠱᠢᠨ ᠠᠮᠢᠳᠤᠷᠠᠬᠤ ᠭᠠᠵᠠᠷ ᠪᠠ ᠨᠤᠭᠤ ᠭᠠᠵᠠᠷ᠎ᠢ ᠰᠣᠶᠣᠯ᠎ᠤᠨ ᠥᠪ᠎ᠢᠶᠠᠷ ᠪᠦᠷᠢᠳᠭᠡᠯᠭᠡᠬᠦ᠌ᠶ᠋ᠢ ᠳᠡᠮᠵᠢᠨ᠎ᠡ᠃ ᠴᠢᠯᠠᠭᠤᠨ ᠲᠣᠰᠣᠨ᠎ᠤ ᠠᠭᠤᠷᠬᠠᠶ ᠮᠠᠯᠲᠠᠬᠤ᠂ ᠬᠦᠷᠢᠶᠡᠯᠡᠨ ᠬᠠᠭᠠᠯᠪᠤᠷᠢᠯᠠᠵᠤ ᠲᠡᠵᠢᠭᠡᠨ ᠦᠷᠡᠵᠢᠭᠦᠯᠬᠦ᠂ ᠭᠠᠷᠠᠮ᠎ᠤᠨ ᠤᠰᠤᠨ ᠲᠡᠭᠡᠭᠡᠪᠦᠷᠢ ᠵᠡᠷᠭᠡ ᠠᠵᠤ ᠠᠬᠤᠶ᠎ᠶ᠋ᠢᠨ ᠠᠵᠢᠯᠯᠠᠭ᠎ᠠ᠎ᠶ᠋ᠢᠨ ᠨᠤᠭᠤ ᠭᠠᠵᠠᠷ᠎ᠤᠨ ᠠᠮᠢ ᠠᠬᠤᠶ᠎ᠶ᠋ᠢᠨ ᠱᠢᠰᠲ᠋ᠧᠮ᠎ᠳᠤ ᠦᠵᠡᠭᠦᠯᠬᠦ᠌ ᠨᠥᠯᠥᠭᠡ᠎ᠶ᠋ᠢ ᠪᠠᠭᠠᠰᠭᠠᠨ᠎ᠠ᠃
ᠬᠤᠶᠠᠳᠤᠭᠠᠷ ᠬᠡᠰᠡᠭ ᠬᠠᠲᠤᠨ ᠭᠤᠣᠯ᠎ᠤᠨ ᠳᠤᠤᠷᠠᠳᠤ ᠤᠷᠤᠰᠭᠠᠯ᠎ᠤᠨ ᠪᠣᠬᠢᠷᠲᠤᠯ ᠦᠭᠡᠢ ᠠᠮᠢ ᠠᠬᠤᠢ᠎ᠶ᠋ᠢᠨ ᠬᠤᠩᠬᠢᠯ᠎ᠢ ᠪᠦᠲᠦᠭᠡᠨ ᠪᠠᠢᠭᠤᠯᠤᠨ᠎ᠠ
ᠳᠣᠣᠷᠠᠳᠤ ᠤᠷᠤᠰᠭᠠᠯ᠎ᠤᠨ ᠭᠤᠣᠯ᠎ᠤᠨ ᠪᠠᠢᠳᠠᠯ᠎ᠢ ᠲᠣᠭ᠍ᠲᠠᠭᠤᠨ ᠪᠠᠢᠯᠭᠠᠬᠤ᠂ ᠬᠠᠲᠤᠨ ᠭᠤᠣᠯ᠎ᠤᠨ ᠤᠷᠤᠰᠭᠠᠯ᠎ᠤᠨ ᠵᠠᠮ᠎ᠢ ᠵᠢᠷᠤᠮᠵᠢᠭᠤᠯᠬᠤ᠂ ᠭᠤᠣᠯ᠎ᠤᠨ ᠳᠠᠩ᠎ᠤᠨ ᠣᠷᠣᠨ᠎ᠤ ᠦᠶᠡᠷ᠎ᠢ ᠵᠠᠯᠠᠬᠤ ᠴᠢᠳᠠᠪᠤᠷᠢ᠎ᠶ᠋ᠢ ᠪᠠᠲᠤᠯᠠᠬᠤ᠎ᠪᠠᠷ ᠤᠷᠢᠲᠠᠯ ᠪᠣᠯᠭᠠᠵᠤ᠂ ᠭᠤᠣᠯ᠎ᠤᠨ ᠤᠰᠤᠨ᠎ᠤ ᠴᠠᠷᠠᠭ᠎ᠠ᠂ ᠭᠤᠤᠯ᠎ᠤᠨ ᠡᠷᠬᠢ ᠪᠠ ᠭᠤᠣᠯ᠎ᠤᠨ ᠳᠠᠩ᠎ᠤᠨ ᠣᠷᠣᠨ᠎ᠤ ᠠᠮᠢ ᠠᠬᠤᠶ᠎ᠶ᠋ᠢᠨ ᠪᠦᠲᠦᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ᠂ ᠭᠤᠣᠯ᠎ᠤᠨ ᠵᠠᠮ᠎ᠤᠨ ᠪᠠᠢᠭᠠᠯᠢᠯᠢᠭ ᠡᠷᠭᠢ᠎ᠶ᠋ᠢ ᠬᠠᠮᠠᠭᠠᠯᠠᠵᠤ᠂ ᠭᠤᠣᠯ᠎ᠤᠨ ᠬᠤᠶᠠᠷ ᠡᠷᠭᠢ᠎ᠶ᠋ᠢᠨ ᠨᠤᠭᠤ ᠭᠠᠵᠠᠷ᠎ᠤᠨ ᠠᠮᠢ ᠠᠬᠤᠶ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠂ ᠦᠶᠡᠷ᠎ᠢ ᠰᠡᠷᠭᠡᠢᠯᠡᠨ ᠡᠷᠭᠢ᠎ᠶ᠋ᠢ ᠬᠠᠮᠠᠭᠠᠯᠠᠬᠤ᠂ ᠤᠰᠤᠨ᠎ᠤ ᠰᠤᠷᠪᠤᠯᠵᠢ᠎ᠶ᠋ᠢ ᠬᠠᠳᠠᠭᠠᠯᠠᠬᠤ᠂ ᠠᠮᠢᠳᠤ ᠪᠣᠳᠠᠰ᠎ᠤᠨ ᠣᠷᠣᠱᠢᠨ ᠠᠮᠢᠳᠤᠷᠠᠬᠤ ᠵᠡᠷᠭᠡ ᠴᠢᠳᠠᠮᠵᠢ᠎ᠶ᠋ᠢ ᠨᠢᠭᠡ ᠴᠣᠭ᠍ᠴᠠᠵᠢᠭᠤᠯᠤᠭ᠍ᠰᠠᠨ ᠬᠠᠲᠤᠨ ᠭᠤᠣᠯ᠎ᠤᠨ ᠳᠣᠣᠷᠠᠳᠤ ᠤᠷᠤᠰᠭᠠᠯ᠎ᠤᠨ ᠪᠣᠬᠢᠷᠲᠤᠯ ᠦᠭᠡᠶ ᠠᠮᠢ ᠠᠬᠤᠶ᠎ᠶ᠋ᠢᠨ ᠬᠤᠩᠭᠢᠯ᠎ᠢ ᠪᠦᠲᠦᠭᠡᠨ ᠪᠠᠢᠭᠤᠯᠤᠨ᠎ᠠ᠃ ᠬᠠᠲᠤᠨ ᠭᠤᠣᠯ᠎ᠤᠨ ᠭᠤᠣᠯ ᠤᠷᠤᠰᠭᠠᠯ᠎ᠤᠨ ᠤᠰᠤᠨ᠎ᠤ ᠬᠡᠮᠵᠢᠶ᠎ᠡ᠎ᠶ᠋ᠢ ᠨᠢᠭᠡᠳᠦᠯᠲᠡᠢ ᠲᠣᠬᠢᠷᠠᠭᠤᠯᠬᠤ᠎ᠶ᠋ᠢ ᠴᠢᠩᠭᠠᠳᠭᠠᠵᠤ᠂ ᠭᠤᠣᠯ᠎ᠤᠨ ᠵᠠᠮ᠎ᠤᠨ ᠦᠨᠳᠦᠰᠦᠨ ᠠᠮᠢ ᠠᠬᠤᠢ᠎ᠶ᠋ᠢᠨ ᠤᠷᠤᠰᠭᠠᠯ᠎ᠤᠨ ᠬᠡᠮᠵᠢᠶ᠎ᠡ ᠪᠠ ᠳᠠᠯᠠᠢ᠎ᠳᠤ ᠴᠢᠳᠭᠤᠬᠤ ᠤᠰᠤᠨ᠎ᠤ ᠬᠡᠮᠵᠢᠶ᠎ᠡ᠎ᠶ᠋ᠢ ᠪᠠᠲᠤᠯᠠᠵᠤ᠂ ᠭᠤᠣᠯ᠎ᠤᠨ ᠵᠠᠮ᠎ᠤᠨ ᠲᠠᠰᠤᠷᠠᠯᠲᠠ ᠦᠭᠡᠢ ᠤᠷᠤᠰᠭᠤ᠎ᠶ᠋ᠢ ᠦᠨᠡᠨ ᠬᠦ᠌ ᠪᠠᠲᠤᠯᠠᠨ᠎ᠠ᠃ ᠳᠣᠤᠷᠠᠳᠤ ᠤᠷᠤᠰᠭᠠᠯ᠎ᠤᠨ ᠬᠠᠲᠤᠨ ᠭᠤᠣᠯ᠎ᠤᠨ ᠭᠤᠣᠯ ᠤᠷᠤᠰᠭᠠᠯ᠎ᠤᠨ ᠬᠤᠶᠠᠷ ᠡᠷᠭᠢ᠎ᠶ᠋ᠢᠨ ᠠᠮᠢ ᠠᠬᠤᠶ᠎ᠶ᠋ᠢᠨ ᠬᠠᠯᠬᠠᠪᠴᠢ ᠣᠶ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠭᠤᠣᠯ ᠲᠠᠩᠭᠢᠰ᠎ᠤᠨ ᠠᠭᠤᠯᠵᠠᠷ᠎ᠤᠨ ᠲᠣᠬᠢᠷᠠᠮᠵᠢᠳᠠᠢ ᠣᠷᠣᠨ ᠪᠦᠰᠡ᠎ᠳᠤ ᠬᠠᠯᠬᠠᠪᠴᠢ ᠣᠶ᠎ᠶ᠋ᠢᠨ ᠪᠦᠰᠡ᠎ᠶ᠋ᠢ ᠪᠦᠲᠦᠭᠡᠨ ᠪᠠᠢᠭᠤᠯᠵᠤ᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠬᠠᠲᠤᠨ ᠭᠤᠣᠯ ᠳᠠᠭᠠᠤ᠎ᠶ᠋ᠢᠨ ᠬᠤᠲᠠ᠎ᠶ᠋ᠢᠨ ᠣᠶ ᠱᠢᠭᠤᠶ᠎ᠶ᠋ᠢᠨ ᠴᠡᠴᠡᠷᠯᠢᠭ᠎ᠢ ᠪᠦᠲᠦᠭᠡᠨ ᠪᠠᠢᠭᠤᠯᠵᠤ᠂ ᠤᠰᠤ ᠱᠢᠷᠣᠶ᠎ᠶ᠋ᠢ ᠬᠠᠮᠠᠭᠠᠯᠠᠬᠤ᠂ ᠰᠠᠯᠬᠢ᠎ᠶ᠋ᠢ ᠬᠠᠯᠬᠠᠯᠠᠵᠤ ᠡᠯᠡᠰᠦ᠎ᠶ᠋ᠢ ᠲᠣᠭ᠍ᠲᠠᠪᠤᠷᠢᠵᠢᠭᠤᠯᠬᠤ᠂ ᠥᠷᠭᠡᠨ ᠭᠤᠣᠯ᠎ᠢᠶᠠᠷ ᠬᠠᠱᠢᠯᠭ᠎ᠠ᠎ᠶ᠋ᠢ ᠪᠠᠬᠢᠵᠢᠭᠦᠯᠬᠦ᠌ ᠵᠡᠷᠭᠡ ᠴᠢᠳᠠᠪᠬᠢ᠎ᠶ᠋ᠢ ᠪᠠᠳᠠᠷᠠᠭᠤᠯᠤᠨ᠎ᠠ᠃ ᠠᠮᠢ ᠠᠬᠤᠢ᠎ᠶ᠋ᠢᠨ ᠬᠠᠮᠠᠭᠠᠯᠠᠯᠲᠠ᠂ ᠪᠠᠢᠭᠠᠯᠢ᠎ᠶ᠋ᠢᠨ ᠦᠵᠡᠮᠵᠢ ᠪᠠ ᠬᠤᠲᠠ᠎ᠶ᠋ᠢᠨ ᠳᠦᠷᠰᠦ ᠪᠠᠢᠳᠠᠯ᠎ᠤᠨ ᠪᠦᠲᠦᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠵᠦ᠍᠂ ᠪᠣᠬᠢᠷᠲᠤᠯ ᠥᠬᠡᠶ ᠪᠠᠢᠬᠤ᠎ᠪᠠᠷ ᠦᠨᠳᠦᠰᠦ ᠪᠣᠯᠭᠠᠭ᠍ᠰᠠᠨ ᠬᠠᠳᠤᠨ ᠭᠤᠤᠯ ᠳᠠᠭᠠᠤ᠎ᠶ᠋ᠢᠨ ᠬᠤᠲᠠ᠎ᠶ᠋ᠢᠨ ᠳᠦᠷᠰᠦ ᠪᠠᠢᠳᠠᠯ᠎ᠢ ᠪᠤᠢ ᠪᠣᠯᠭᠠᠵᠤ᠂ ᠬᠦᠮᠦᠨ ᠭᠤᠤᠯ ᠬᠤᠳᠠ ᠡᠶ᠎ᠡ ᠵᠤᠬᠢᠴᠠᠩᠭᠤᠢ ᠨᠢᠭᠡᠳᠦᠯᠲᠡᠶ ᠪᠠᠢᠬᠤ ᠬᠠᠳᠤᠨ ᠭᠤᠤᠯ ᠳᠠᠭᠠᠤ᠎ᠶ᠋ᠢᠨ ᠠᠮᠢ ᠠᠬᠤᠢ᠎ᠶ᠋ᠢᠨ ᠬᠤᠩᠭᠢᠯ᠎ᠢ ᠪᠦᠲᠦᠭᠡᠨ ᠪᠠᠢᠭᠤᠯᠤᠨ᠎ᠠ᠃ ᠳ᠋ᠠ ᠸᠧᠨ ᠾᠧ ᠭᠤᠣᠯ᠂ ᠳ᠋ᠦᠩ ᠫᠢᠩ ᠬᠤ᠌ ᠨᠠᠭᠤᠷ ᠵᠡᠷᠭᠡ ᠳᠣᠣᠷᠠᠳᠤ ᠤᠷᠤᠰᠭᠠᠯ᠎ᠤᠨ ᠭᠤᠣᠯ ᠪᠣᠯᠬᠤ ᠭᠤᠣᠯ ᠨᠠᠭᠤᠷ᠎ᠢ ᠬᠠᠮᠠᠭᠠᠯᠠᠨ ᠰᠡᠷᠭᠦᠭᠡᠬᠦ᠌ ᠡᠷᠴᠢᠮ᠎ᠢ ᠴᠢᠩᠭᠠᠷᠠᠭᠤᠯᠤᠨ᠎ᠠ᠃
ᠭᠤᠷᠪᠠᠳᠤᠭᠠᠷ ᠬᠡᠰᠡᠭ ᠭᠤᠤᠯ᠎ᠤᠨ ᠲᠠᠩ᠎ᠤᠨ ᠠᠮᠢ ᠠᠬᠤᠢ᠎ᠶ᠋ᠢᠨ ᠶᠡᠷᠦᠩᠬᠡᠢᠯᠡᠭ᠌ᠰᠡᠨ ᠵᠠᠰᠠᠯᠳᠠ᠎ᠶ᠋ᠢ ᠠᠬᠢᠭᠤᠯᠤᠨ᠎ᠠ
ᠭᠤᠤᠯ᠎ᠤᠨ ᠲᠠᠩ᠎ᠤᠨ ᠲᠥᠷᠥᠯ ᠬᠡᠯᠪᠡᠷᠢ᠎ᠶ᠋ᠢ ᠵᠦᠶ ᠵᠣᠬᠢᠰᠲᠠᠶ ᠬᠤᠪᠢᠶᠠᠷᠢᠯᠠᠵᠤ᠂ ᠭᠤᠤᠯ᠎ᠤᠨ ᠲᠠᠩ᠎ᠤᠨ ᠪᠠᠢᠳᠠᠯ᠎ᠢ ᠦᠨᠳᠦᠰᠦᠯᠡᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠳᠤᠤᠷᠠᠳᠤ ᠤᠷᠤᠰᠭᠠᠯ᠎ᠤᠨ ᠭᠤᠤᠯ᠎ᠤᠨ ᠲᠠᠩ᠎ᠢ ᠶᠡᠷᠦᠩᠬᠡᠢᠯᠡᠨ ᠵᠠᠰᠠᠵᠤ᠂ ᠥᠨᠳᠥᠷ ᠲᠠᠩ ᠭᠠᠵᠠᠷ᠎ᠤᠨ ᠦᠶᠡᠷ᠎ᠢ ᠰᠡᠷᠭᠡᠢᠯᠡᠬᠦ᠌ ᠠᠮᠤᠷ ᠲᠦᠪᠱᠢᠨ ᠪᠠ ᠬᠦᠷᠦᠰᠦ ᠱᠢᠷᠣᠶ᠎ᠶ᠋ᠢᠨ ᠠᠱᠢᠬ᠍ᠯᠠᠯᠳᠠ᠎ᠶ᠋ᠢ ᠨᠢᠭᠡᠳᠦᠯᠲᠡᠶ ᠲᠥᠯᠥᠪᠯᠡᠨ ᠰᠠᠢᠲᠤᠷ ᠬᠢᠨ᠎ᠠ᠃ ᠬᠠᠲᠤᠨ ᠭᠤᠤᠯ᠎ᠤᠨ ᠳᠣᠤᠷᠠᠳᠤ ᠤᠷᠤᠰᠭᠠᠯ᠎ᠤᠨ ᠭᠤᠸᠠᠨ ᠮᠧᠩ ᠬᠠᠱᠢᠯᠭ᠎ᠠ᠎ᠶ᠋ᠢ ᠥᠷᠭᠡᠳᠭᠡᠨ ᠪᠠᠢᠭᠤᠯᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠸᠧᠨ ᠮᠧᠩ ᠭᠤᠤᠯ᠎ᠤᠨ ᠲᠠᠩ᠎ᠤᠨ ᠰᠡᠷᠭᠡᠢᠯᠡᠯᠳᠡ᠎ᠶ᠋ᠢᠨ ᠬᠠᠱᠢᠯᠭ᠎ᠠ᠎ᠶ᠋ᠢ ᠪᠠᠬᠢᠵᠢᠭᠦᠯᠬᠦ᠌ ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠭᠤᠤᠯ᠎ᠤᠨ ᠲᠠᠩ᠎ᠤᠨ ᠰᠠᠭᠤᠭᠠᠯᠢ ᠠᠷᠠᠳ᠎ᠢ ᠨᠡᠭᠦᠯᠭᠡᠨ ᠪᠠᠢᠭᠤᠯᠬᠤ ᠢᠨᠵᠧᠨᠧᠷᠢᠩ᠎ᠢ ᠰᠠᠢᠲᠤᠷ ᠬᠡᠷᠡᠭ᠌ᠵᠢᠭᠦᠯᠵᠦ᠍᠂ ᠨᠡᠢᠭᠡᠮ᠎ᠤᠨ ᠬᠥᠷᠥᠩᠭᠡ᠎ᠶ᠋ᠢ ᠢᠳᠡᠪᠬᠢᠲᠡᠶ᠎ᠪᠠᠷ ᠬᠥᠲᠥᠯᠥᠨ ᠵᠢᠯᠣᠭᠤᠳᠴᠤ᠌ ᠪᠠᠢᠭᠠᠳ ᠭᠤᠤᠯ᠎ᠤᠨ ᠲᠠᠩ᠎ᠤᠨ ᠰᠠᠭᠤᠭᠠᠯᠢ ᠠᠷᠠᠳ᠎ᠢ ᠨᠡᠭᠦᠯᠭᠡᠨ ᠪᠠᠢᠭᠤᠯᠬᠤ᠎ᠳᠤ ᠣᠷᠣᠯᠴᠠᠭᠤᠯᠤᠨ᠎ᠠ᠃ ᠭᠤᠤᠯ᠎ᠤᠨ ᠲᠠᠩ᠎ᠤᠨ ᠤᠰᠤᠨ᠎ᠤ ᠰᠤᠷᠪᠤᠯᠵᠢ ᠪᠠ ᠴᠢᠨᠠᠷ ᠰᠠᠢᠲᠠᠢ ᠬᠦᠷᠦᠰᠦ ᠱᠢᠷᠣᠢ᠎ᠶ᠋ᠢ ᠬᠠᠮᠠᠭᠠᠯᠠᠨ ᠰᠡᠷᠭᠦᠭᠡᠬᠦ᠌ ᠠᠵᠢᠯ᠎ᠢ ᠴᠢᠩᠭᠠᠳᠭᠠᠵᠤ᠂ ᠭᠤᠤᠯ᠎ᠤᠨ ᠲᠠᠩ᠎ᠤᠨ ᠬᠦᠷᠦᠰᠦ ᠱᠢᠷᠣᠢ᠎ᠶ᠋ᠢᠨ ᠡᠬᠢ ᠪᠠᠶᠠᠯᠢᠭ᠎ᠢ ᠬᠠᠤᠯᠢ ᠶᠣᠰᠣᠭᠠᠷ ᠵᠦᠢ ᠵᠣᠬᠢᠰᠲᠠᠢ ᠠᠱᠢᠬ᠍ᠯᠠᠨ᠂ ᠭᠤᠤᠯ᠎ᠤᠨ ᠲᠠᠩ᠎ᠤᠨ ᠤᠯᠤᠰ᠎ᠤᠨ ᠭᠠᠵᠠᠷ ᠱᠢᠷᠤᠢ᠎ᠶ᠋ᠢᠨ ᠣᠷᠣᠨ ᠵᠠᠢ᠎ᠶ᠋ᠢᠨ ᠵᠥᠷᠢᠶᠡᠴᠢᠯᠡᠭ᠌ᠰᠡᠨ ᠬᠡᠷᠡᠭ᠌ᠯᠡᠭᠡᠨ᠎ᠤ ᠬᠠᠮᠢᠶᠠᠷᠤᠨ ᠡᠵᠡᠮᠳᠡᠬᠦ᠌᠎ᠶ᠋ᠢ ᠬᠡᠷᠡᠭ᠌ᠵᠢᠭᠦᠯᠵᠦ᠍᠂ ᠲᠤᠷ᠎ᠠ᠎ᠪᠠᠷ ᠦᠢᠯᠡᠳᠪᠦᠷᠢᠯᠡᠯ᠎ᠤᠨ ᠬᠠᠱᠢᠯᠭ᠎ᠠ ᠵᠠᠰᠠᠬᠤ ᠵᠡᠷᠭᠡ ᠡᠮᠬᠢ ᠵᠢᠷᠤᠮ ᠦᠭᠡᠢ ᠠᠵᠢᠯᠯᠠᠭ᠎ᠠ᠎ᠶ᠋ᠢ ᠴᠢᠩᠭ᠎ᠠ ᠬᠢᠵᠠᠭᠠᠷᠯᠠᠨ᠂ ᠬᠠᠤᠯᠢ ᠪᠤᠰᠤ᠎ᠪᠠᠷ ᠬᠦᠷᠦᠰᠦ ᠱᠢᠷᠣᠢ ᠮᠠᠯᠲᠠᠬᠤ᠂ ᠭᠤᠣᠯ᠎ᠤᠨ ᠬᠠᠢᠷᠢ ᠬᠤᠯᠠᠭᠠᠢᠯᠠᠨ ᠮᠠᠯᠲᠠᠬᠤ᠂ ᠳᠤᠷ᠎ᠠ᠎ᠪᠠᠷ᠎ᠢᠶᠠᠨ ᠪᠠᠷᠢᠬᠤ ᠵᠡᠷᠭᠡ ᠦᠢᠯᠡ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠭᠦᠨ᠎ᠡ᠃ ᠦᠨᠳᠦᠰᠦᠨ ᠲᠠᠷᠢᠶᠠᠨ ᠭᠠᠵᠠᠷ᠂ ᠴᠢᠬᠤᠯᠠ ᠶᠡᠭᠡ ᠰᠠᠭᠤᠷᠢ ᠲᠦᠬᠦᠭᠡᠷᠦᠮᠵᠢ ᠪᠠ ᠴᠢᠬᠤᠯᠠ ᠠᠮᠢ ᠠᠬᠤᠶ᠎ᠶ᠋ᠢᠨ ᠣᠷᠣᠨ ᠵᠠᠶᠯᠦᠭᠡ ᠵᠦᠷᠢᠴᠡᠯᠳᠦᠬᠦ᠌ ᠭᠠᠵᠠᠷ ᠬᠡᠷᠡᠭ᠌ᠯᠡᠬᠦ᠌ ᠣᠷᠣᠨ ᠵᠠᠶ᠎ᠳᠤ ᠵᠣᠬᠢᠬᠤ ᠲᠣᠬᠢᠷᠠᠭᠤᠯᠤᠯᠲᠠ ᠬᠢᠵᠦ᠍᠂ ᠭᠤᠤᠯ᠎ᠤᠨ ᠵᠠᠮ᠎ᠤᠨ ᠦᠶᠡᠷ᠎ᠤᠨ ᠤᠰᠤ᠎ᠶ᠋ᠢ ᠵᠠᠯᠠᠬᠤ᠎ᠶ᠋ᠢ ᠥᠯᠥ᠍ ᠨᠥᠯᠥᠭᠡᠯᠡᠬᠦ᠌ ᠤᠷᠢᠲᠠᠯ ᠳᠤᠤᠷ᠎ᠠ᠂ ᠭᠤᠤᠯ᠎ᠤᠨ ᠲᠠᠩ᠎ᠤᠨ ᠨᠤᠭᠤ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠳᠠ ᠰᠡᠷᠬᠦᠭᠡᠯᠳᠡ᠎ᠶ᠋ᠢ ᠴᠢᠩᠭᠠᠳᠭᠠᠵᠤ᠂ ᠭᠤᠤᠯ᠎ᠤᠨ ᠲᠠᠩ ᠭᠤᠤᠯ ᠮᠦᠷᠡᠨ ᠣᠶ ᠮᠣᠳᠣ ᠲᠠᠷᠢᠶᠠᠨ ᠭᠠᠵᠠᠷ ᠨᠤᠳᠤᠭ ᠪᠡᠯᠴᠢᠭᠡᠷ᠎ᠤᠨ ᠶᠡᠷᠦᠩᠬᠡᠢᠯᠡᠭ᠌ᠰᠡᠨ ᠠᠮᠢ ᠠᠬᠤᠶ᠎ᠶ᠋ᠢᠨ ᠣᠷᠣᠨ ᠵᠠᠶ᠎ᠶ᠋ᠢ ᠪᠠᠢᠭᠤᠯᠤᠨ᠂ ᠭᠤᠤᠯ᠎ᠤᠨ ᠲᠠᠩ᠎ᠤᠨ ᠤᠰᠤᠨ᠎ᠤ ᠠᠮᠢ ᠠᠬᠤᠶ᠎ᠶ᠋ᠢᠨ ᠣᠷᠣᠨ ᠵᠠᠶ᠎ᠶ᠋ᠢᠨ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠵᠤ᠂ ᠦᠶᠡᠷ᠎ᠢ ᠬᠠᠱᠢᠵᠤ ᠡᠯᠡᠰᠦ᠎ᠶ᠋ᠢ ᠲᠣᠭ᠍ᠲᠠᠪᠤᠷᠢᠵᠢᠭᠤᠯᠬᠤ ᠴᠢᠳᠠᠮᠵᠢ᠎ᠶ᠋ᠢ ᠪᠠᠳᠠᠷᠠᠭᠤᠯᠤᠨ᠂ ᠳᠤᠤᠷᠠᠳᠤ ᠤᠷᠤᠰᠭᠠᠯ᠎ᠤᠨ ᠣᠷᠣᠨ᠎ᠤ ᠠᠮᠢ ᠠᠬᠤᠶ᠎ᠶ᠋ᠢᠨ ᠬᠠᠯᠬᠠᠪᠴᠢ᠎ᠶ᠋ᠢ ᠪᠠᠬᠢᠵᠢᠭᠦᠯᠦᠨ᠎ᠡ᠃
ᠵᠢᠷᠭᠤᠳᠤᠭᠠᠷ ᠪᠦᠯᠦᠭ ᠪᠦᠬᠦ᠌ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠱᠢᠬ᠍ᠯᠠᠬᠤ᠎ᠶ᠋ᠢ ᠴᠢᠩᠭᠠᠳᠭᠠᠨ᠎ᠠ
ᠤᠰᠤᠨ᠎ᠤ ᠡᠬᠢ ᠪᠠᠶᠠᠯᠢᠭ᠎ᠢ ᠬᠠᠮᠠᠭᠠᠯᠠᠨ ᠠᠱᠢᠬ᠍ᠯᠠᠬᠤ ᠬᠠᠮᠤᠭ᠎ᠤᠨ ᠴᠢᠩᠭ᠎ᠠ ᠳᠦᠷᠢᠮ᠎ᠢ ᠬᠡᠷᠡᠭ᠌ᠵᠢᠭᠦᠯᠵᠦ᠍᠂ ᠤᠰᠤ ᠠᠷᠪᠢᠯᠠᠵᠤ ᠤᠰᠤ᠎ᠶ᠋ᠢ ᠡᠵᠡᠮᠳᠡᠬᠦ᠌ ᠠᠵᠢᠯᠯᠠᠭ᠎ᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠦᠨ᠂ ᠤᠰᠤ ᠠᠷᠪᠢᠯᠠᠬᠤ᠎ᠶ᠋ᠢ ᠲᠡᠷᠢᠭᠦᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠭᠠᠵᠠᠷ ᠳᠡᠭᠡᠷᠡᠬᠢ ᠤᠰᠤ ᠬᠢᠭᠡᠳ ᠭᠠᠵᠠᠷ ᠳᠣᠣᠷᠠᠬᠢ ᠤᠰᠤ᠂ ᠪᠠᠢᠭᠠᠯᠢᠯᠢᠭ ᠤᠰᠤ ᠬᠢᠭᠡᠳ ᠲᠠᠬᠢᠨ ᠠᠱᠢᠬ᠍ᠯᠠᠵᠤ ᠪᠤᠯᠬᠤ ᠤᠰᠤ᠂ ᠲᠤᠬᠠᠶ᠎ᠶ᠋ᠢᠨ ᠭᠠᠵᠠᠷ᠎ᠤᠨ ᠤᠰᠤ ᠬᠢᠭᠡᠳ ᠭᠠᠳᠠᠨ᠎ᠠ᠎ᠠᠴᠠ ᠲᠠᠲᠠᠬᠤ ᠤᠰᠤ᠂ ᠡᠩ᠎ᠤᠨ ᠤᠰᠤ ᠬᠢᠭᠡᠳ ᠬᠡᠪ᠎ᠤᠨ ᠪᠤᠰᠤ ᠤᠰᠤ᠎ᠶ᠋ᠢ ᠨᠢᠭᠡᠳᠦᠯᠲᠡᠶ ᠲᠥᠯᠥᠪᠯᠡᠬᠦ᠌᠎ᠶ᠋ᠢ ᠪᠠᠷᠢᠮᠲᠠᠯᠠᠵᠤ᠂ ᠤᠰᠤᠨ᠎ᠤ ᠡᠬᠢ ᠪᠠᠶᠠᠯᠢᠭ᠎ᠤᠨ ᠲᠤᠬᠢᠷᠠᠭᠤᠯᠤᠯᠳᠠ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠦᠨ᠂ ᠲᠣᠬᠢᠷᠠᠭᠤᠯᠤᠯᠳᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠤᠰᠤ ᠬᠡᠷᠡᠭ᠌ᠯᠡᠬᠦ᠌ ᠠᠷᠭ᠎ᠠ ᠮᠠᠶᠢᠭ ᠪᠦᠳᠦᠭᠦᠯᠢᠭ ᠪᠥᠭᠡᠳ ᠳᠣᠣᠷ᠎ᠠ ᠪᠦᠲᠦᠮᠵᠢ᠎ᠲᠠᠢ ᠪᠠᠢᠭ᠍ᠰᠠᠨ᠎ᠠᠴᠠ ᠠᠷᠪᠢᠲᠠᠶ ᠪᠦᠭᠡᠳ ᠡᠷᠴᠢᠮᠯᠢᠭ ᠪᠤᠯᠬᠤ ᠦᠨᠳᠦᠰᠦᠨ ᠬᠤᠪᠢᠷᠠᠯᠲᠠ᠎ᠶ᠋ᠢ ᠪᠡᠶᠡᠯᠡᠬᠦᠯᠵᠦ᠍᠂ ᠤᠰᠤ᠎ᠶ᠋ᠢ ᠠᠷᠪᠢᠯᠠᠨ ᠬᠡᠷᠡᠭ᠌ᠯᠡᠬᠦ᠌᠎ᠪᠠᠷ ᠬᠥᠭ᠌ᠵᠢᠯᠲᠡ᠎ᠶ᠋ᠢᠨ ᠣᠷᠣᠨ ᠵᠠᠶ᠎ᠶ᠋ᠢ ᠥᠷᠭᠡᠳᠭᠡᠨ᠎ᠡ᠃
ᠨᠢᠭᠡᠳᠦᠭᠡᠷ ᠬᠡᠰᠡᠭ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠢ ᠴᠢᠩᠭᠠᠳᠭᠠᠨ᠎ᠠ
ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠂ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠬᠤ᠂ ᠦᠢᠯᠡᠳᠪᠤᠷᠢᠯᠡᠯ᠎ᠤᠨ ᠬᠦᠴᠦᠨ᠎ᠢ ᠪᠠᠢᠷᠢᠱᠢᠭᠤᠯᠬᠤ ᠳᠤᠮᠳᠠ ᠤᠰᠤ ᠠᠷᠪᠢᠯᠠᠬᠤ᠎ᠶ᠋ᠢ ᠲᠡᠷᠢᠭᠦᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠤᠰᠤ᠎ᠪᠠᠷ ᠬᠤᠲᠠ᠎ᠶ᠋ᠢ ᠲᠣᠭ᠍ᠲᠠᠭᠠᠬᠤ᠂ ᠤᠰᠤ᠎ᠪᠠᠷ ᠭᠠᠵᠠᠷ᠎ᠢ ᠲᠣᠭ᠍ᠲᠠᠭᠠᠬᠤ᠂ ᠤᠰᠤ᠎ᠪᠠᠷ ᠬᠥᠮᠦᠨ᠎ᠢ ᠲᠣᠭ᠍ᠲᠠᠭᠠᠬᠤ᠂ ᠤᠰᠤ᠎ᠪᠠᠷ ᠭᠠᠷᠤᠯᠲᠠ᠎ᠶ᠋ᠢ ᠲᠣᠭ᠍ᠲᠠᠭᠠᠬᠤ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ ᠪᠣᠳᠠᠲᠠᠢᠵᠢᠭᠤᠯᠤᠨ᠎ᠠ᠃ ᠬᠠᠲᠤᠨ ᠭᠤᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠳᠠᠭᠠᠭᠠᠴᠠ᠎ᠶ᠋ᠢᠨ ᠶᠡᠷᠦᠩᠬᠡᠢᠯᠡᠭ᠌ᠰᠡᠨ ᠦᠨᠡᠯᠡᠨ ᠵᠢᠱ᠌ᠢᠯᠳᠡ᠎ᠶ᠋ᠢ ᠥᠷᠨᠢᠭᠦᠯᠵᠦ᠍᠂ ᠤᠰᠤᠨ᠎ᠤ ᠡᠬᠢ ᠪᠠᠶᠠᠯᠢᠭ᠎ᠤᠨ ᠳᠠᠭᠠᠭᠠᠴᠠ᠎ᠶ᠋ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌ ᠱᠢᠰᠲ᠋ᠧᠮ᠎ᠢ ᠪᠠᠢᠭᠤᠯᠤᠨ᠎ᠠ᠃ ᠤᠰᠤᠨ᠎ᠤ ᠡᠬᠢ ᠪᠠᠶᠠᠯᠢᠭ᠎ᠤᠨ ᠬᠤᠷᠣᠭ᠍ᠳᠠᠯ᠎ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ᠎ᠶ᠋ᠢᠨ ᠬᠤᠤᠰ ᠬᠢᠵᠠᠭᠠᠷᠯᠠᠯ᠎ᠢ ᠬᠡᠷᠡᠭ᠌ᠵᠢᠭᠦᠯᠵᠦ᠍᠂ ᠤᠰᠤᠨ᠎ᠤ ᠡᠬᠢ ᠪᠠᠶᠠᠯᠢᠭ᠎ᠤᠨ ᠳᠠᠭᠠᠭᠠᠴᠠ᠎ᠠᠴᠠ ᠬᠡᠲᠦᠷᠡᠭ᠌ᠰᠡᠨ ᠭᠠᠵᠠᠷ ᠣᠷᠣᠨ᠎ᠳᠤ ᠤᠰᠤ ᠲᠠᠲᠠᠬᠤ ᠵᠥᠪᠱᠢᠶᠡᠷᠡᠯ᠎ᠢ ᠱᠢᠨ᠎ᠡ᠎ᠪᠠᠷ ᠨᠡᠮᠡᠭ᠌ᠳᠡᠭᠦᠯᠬᠦ᠌᠎ᠶ᠋ᠢ ᠲᠦᠷ ᠵᠣᠭ᠍ᠰᠣᠭᠠᠵᠤ᠂ ᠤᠰᠤᠨ᠎ᠤ ᠡᠬᠢ ᠪᠠᠶᠠᠯᠢᠭ ᠬᠦᠨᠳᠦ ᠨᠣᠴᠢᠲᠠᠶ ᠳᠤᠲᠠᠭ᠍ᠳᠠᠵᠤ ᠪᠠᠢᠭ᠎ᠠ ᠭᠠᠵᠠᠷ ᠣᠷᠣᠨ᠎ᠤ ᠬᠤᠲᠠ᠎ᠶ᠋ᠢᠨ ᠬᠥᠭ᠌ᠵᠢᠯᠲᠡ᠎ᠶ᠋ᠢᠨ ᠬᠡᠪᠴᠢᠶ᠎ᠡ᠂ ᠤᠰᠤᠨ᠎ᠤ ᠬᠤᠷᠤᠭ᠍ᠳᠠᠯ ᠶᠡᠭᠡ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ ᠪᠠ ᠶᠡᠭᠡ ᠬᠡᠪᠴᠢᠶ᠎ᠡ᠎ᠪᠠᠷ ᠮᠣᠳᠣ ᠳᠠᠷᠢᠬᠤ᠎ᠶ᠋ᠢ ᠴᠢᠩᠭ᠎ᠠ ᠬᠢᠵᠠᠭᠠᠷᠯᠠᠨ᠎ᠠ᠃ ᠪᠥᠬᠦ᠌ ᠰᠠᠪᠠ ᠭᠠᠵᠠᠷ᠎ᠢ ᠬᠠᠮᠤᠷᠤᠭ᠍ᠰᠠᠨ ᠤᠰᠤ ᠲᠠᠲᠠᠵᠤ ᠬᠡᠷᠡᠭ᠌ᠯᠡᠬᠦ᠌ ᠶᠡᠷᠦᠩᠬᠡᠢ ᠬᠡᠮᠵᠢᠶᠡᠨ᠎ᠤ ᠡᠵᠡᠮᠳᠡᠯ ᠱᠢᠰᠲ᠋ᠧᠮ᠎ᠢ ᠪᠠᠢᠭᠤᠯᠤᠨ᠂ ᠤᠰᠤ ᠲᠠᠲᠠᠵᠤ ᠬᠡᠷᠡᠭ᠌ᠯᠡᠬᠦ᠌ ᠲᠥᠯᠥᠪᠯᠡᠭᠡ᠎ᠶ᠋ᠢᠨ ᠬᠠᠮᠢᠶᠠᠷᠤᠯᠲᠠ᠂ ᠣᠨᠣᠴᠠᠳᠠᠢ ᠬᠡᠮᠵᠢᠯᠲᠡ᠎ᠶ᠋ᠢ ᠪᠥᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠬᠠᠳᠤᠨ ᠭᠤᠣᠯ᠎ᠤᠨ ᠭᠤᠣᠯ ᠤᠷᠤᠰᠭᠠᠯ ᠰᠠᠯᠪᠤᠷᠢ ᠤᠷᠤᠰᠭᠠᠯ᠎ᠤᠨ ᠬᠡᠪᠴᠢᠶᠡᠵᠢᠯ᠎ᠠᠴᠠ ᠳᠡᠭᠡᠭ᠌ᠰᠢᠬᠢ ᠤᠰᠤ ᠲᠠᠲᠠᠬᠤ ᠠᠮᠠᠰᠠᠷ᠎ᠲᠤ ᠬᠥᠳᠡᠯᠦᠩᠭᠦᠢ ᠬᠢᠨᠠᠨ ᠬᠠᠮᠢᠶᠠᠷᠤᠯᠲᠠ᠎ᠶ᠋ᠢ ᠪᠥᠬᠦ᠌ ᠲᠠᠯ᠎ᠠ᠎ᠪᠠᠷ ᠬᠡᠷᠡᠭ᠌ᠵᠢᠭᠦᠯᠦᠨ᠂ ᠤᠰᠤ ᠲᠠᠲᠠᠬᠤ ᠵᠥᠪᠱᠢᠶᠡᠷᠡᠯ᠎ᠤᠨ ᠲᠥᠷᠢᠮ᠎ᠢ ᠲᠡᠭᠦᠯᠳᠡᠷᠵᠢᠭᠦᠯᠵᠦ᠍᠂ ᠣᠷᠣᠨ ᠪᠦᠰᠡ᠎ᠶ᠋ᠢᠨ ᠠᠵᠢᠯ ᠲᠥᠷᠥᠯ᠎ᠤᠨ ᠬᠡᠷᠡᠭ᠌ᠯᠡᠬᠦ᠌ ᠤᠰᠤ᠎ᠶ᠋ᠢ ᠪᠥᠬᠦ᠌ ᠲᠠᠯ᠎ᠠ᠎ᠪᠠᠷ ᠲᠤᠬᠢᠷᠠᠭᠤᠯᠤᠨ᠎ᠠ᠃ ᠤᠰᠤ ᠠᠷᠪᠢᠯᠠᠬᠤ᠎ᠶ᠋ᠢ ᠬᠢᠵᠠᠭᠠᠷᠯᠠᠬᠤ ᠴᠢᠨᠠᠷᠲᠠᠶ ᠵᠢᠭᠠᠯᠳᠠ ᠲᠤᠭ᠎ᠠ ᠪᠣᠯᠭᠠᠨ ᠲᠤᠬᠠᠶ᠎ᠶ᠋ᠢᠨ ᠭᠠᠵᠠᠷ᠎ᠤᠨ ᠨᠠᠮ ᠵᠠᠰᠠᠭ᠎ᠤᠨ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ᠎ᠤᠨ ᠠᠵᠢᠯ᠎ᠤᠨ ᠪᠦᠳᠦᠮᠵᠢ᠎ᠶ᠋ᠢ ᠬᠢᠨᠠᠨ ᠱᠢᠯᠭᠠᠬᠤ ᠬᠡᠪᠴᠢᠶᠡᠨ᠎ᠳᠤ ᠣᠷᠣᠭᠤᠯᠵᠤ᠂ ᠤᠰᠤ ᠬᠡᠷᠡᠭ᠌ᠯᠡᠬᠦ᠌ ᠵᠦᠶ ᠵᠣᠬᠢᠰ ᠥᠬᠡᠶ ᠬᠡᠷᠡᠭ᠌ᠴᠡᠭᠡ ᠱᠠᠭᠠᠷᠳᠠᠯᠭ᠎ᠠ᠎ᠶ᠋ᠢ ᠡᠷᠡᠰ ᠬᠤᠷᠢᠬ᠍ᠯᠠᠵᠤ᠂ 《ᠨᠠᠭᠤᠷ ᠪᠠᠢᠭᠤᠯᠬᠤ ᠶᠡᠭᠡ ᠦᠰᠦᠷᠦᠩᠭᠦᠶ ᠳᠠᠪᠱᠢᠯᠲᠠ》 ᠶ᠋ᠢ ᠡᠷᠡᠰ ᠬᠤᠷᠢᠬ᠍ᠯᠠᠵᠤ᠂ ᠡᠯ᠎ᠡ ᠲᠥᠷᠥᠯ᠎ᠤᠨ ᠵᠣᠬᠢᠶᠠᠮᠠᠯ ᠤᠰᠤᠨ᠎ᠤ ᠭᠠᠳᠠᠷᠭᠤ᠎ᠶ᠋ᠢᠨ ᠦᠵᠡᠮᠵᠢ᠎ᠶ᠋ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠵᠤ᠂ ᠬᠠᠲᠤᠨ ᠭᠤᠤᠯ᠎ᠢ ᠲᠠᠲᠠᠵᠤ ᠱᠢᠯᠵᠢᠭᠦᠯᠦᠨ ᠬᠠᠳᠠᠭᠠᠯᠠᠬᠤ ᠲᠥᠷᠥᠯ ᠵᠦᠢᠯ᠎ᠤᠨ ᠵᠥᠪᠱᠢᠶᠡᠷᠡᠨ ᠣᠷᠣᠭᠤᠯᠬᠤ ᠪᠣᠭᠤᠮᠲᠠ᠎ᠶ᠋ᠢ ᠴᠢᠩᠭ᠎ᠠ ᠠᠳᠭᠤᠨ᠎ᠠ᠃ ᠤᠯᠤᠰ᠎ᠤᠨ ᠴᠡᠴᠡᠷᠯᠢᠭ᠂ ᠴᠢᠬᠤᠯᠠ ᠤᠰᠤᠨ᠎ᠤ ᠰᠤᠷᠪᠤᠯᠵᠢ᠎ᠶ᠋ᠢ ᠬᠠᠳᠠᠭᠠᠯᠠᠬᠤ ᠣᠷᠣᠨ᠂ ᠬᠤᠪᠣᠷ ᠴᠤᠬᠠᠭ ᠠᠮᠢᠳᠤ ᠪᠤᠳᠠᠰ᠎ᠤᠨ ᠤᠷᠤᠱᠢᠨ ᠠᠮᠢᠳᠤᠷᠠᠬᠤ ᠭᠠᠵᠠᠷ ᠵᠡᠷᠭᠡ᠎ᠪᠠᠷ ᠭᠤᠣᠯᠳᠠᠯᠭ᠎ᠠ᠎ᠲᠠᠢ ᠣᠷᠣᠨ ᠪᠦᠰᠡ ᠪᠣᠯᠭᠠᠵᠤ᠂ ᠤᠰᠤ ᠴᠠᠬᠢᠯᠭᠠᠨ᠎ᠤ ᠬᠡᠳᠦ ᠨᠡᠭᠡᠭᠡᠨ ᠠᠱᠢᠬ᠍ᠯᠠᠯᠳᠠ᠎ᠶ᠋ᠢ ᠴᠡᠭ᠌ᠴᠡᠯᠡᠨ ᠵᠠᠰᠠᠨ᠎ᠠ᠃
ᠬᠤᠶᠠᠳᠤᠭᠠᠷ ᠬᠡᠰᠡᠭ ᠪᠦᠬᠦ᠌ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠱᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠤᠨ᠎ᠠ
ᠪᠦᠬᠦ᠌ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠪᠣᠳᠣᠯᠬᠢᠯᠠᠵᠤ᠂ ᠭᠤᠣᠯ ᠤᠷᠤᠰᠭᠠᠯ ᠪᠠ ᠰᠠᠯᠪᠤᠷᠢ ᠤᠷᠤᠰᠭᠠᠯ᠎ᠤᠨ ᠤᠰᠤᠨ᠎ᠤ ᠡᠬᠢ ᠪᠠᠶᠠᠯᠢᠭ᠎ᠤᠨ ᠬᠤᠪᠢᠶᠠᠷᠢᠯᠠᠯᠲᠠ᠎ᠶ᠋ᠢ ᠨᠠᠷᠢᠯᠢᠬ᠍ᠵᠢᠭᠤᠯᠤᠨ ᠲᠡᠭᠦᠯᠳᠡᠷᠵᠢᠭᠦᠯᠦᠨ᠎ᠡ᠃ ᠲᠤᠬᠠᠶ᠎ᠶ᠋ᠢᠨ ᠭᠠᠵᠠᠷ᠎ᠤᠨ ᠤᠰᠤ ᠬᠢᠭᠡᠳ ᠭᠠᠳᠠᠨ᠎ᠠ᠎ᠠᠴᠠ ᠲᠠᠳᠠᠬᠤ ᠤᠰᠤ᠎ᠶ᠋ᠢ ᠨᠢᠭᠡᠳᠦᠯᠲᠡᠶ ᠲᠥᠯᠥᠪᠯᠡᠨ᠂ ᠤᠰᠤ ᠠᠷᠪᠢᠯᠠᠬᠤ᠎ᠶ᠋ᠢ ᠭᠦᠢᠴᠡᠳ ᠪᠣᠳᠣᠯᠬᠢᠯᠠᠭ᠍ᠰᠠᠨ ᠤᠷᠢᠲᠠᠯ ᠳᠣᠣᠷ᠎ᠠ᠂ ᠠᠮᠢ ᠠᠬᠤᠶ᠎ᠶ᠋ᠢᠨ ᠬᠡᠷᠡᠭ᠌ᠯᠡᠬᠦ᠌ ᠤᠰᠤ᠎ᠶ᠋ᠢ ᠭᠦᠢᠴᠡᠳ ᠦᠯᠡᠳᠡᠭᠡᠵᠦ᠍᠂ ᠠᠮᠢᠳᠤᠷᠠᠯ᠂ ᠦᠢᠯᠡᠳᠪᠦᠷᠢᠯᠡᠯ᠎ᠤᠨ ᠬᠡᠷᠡᠭ᠌ᠯᠡᠬᠦ᠌ ᠤᠰᠤ᠎ᠶ᠋ᠢ ᠵᠦᠢ ᠵᠣᠬᠢᠰᠲᠠᠶ ᠬᠤᠪᠢᠶᠠᠷᠢᠯᠠᠨ᠎ᠠ᠃ ᠭᠤᠣᠯ ᠤᠷᠤᠰᠭᠠᠯ ᠪᠠ ᠭᠤᠣᠯ ᠪᠣᠯᠬᠤ ᠰᠠᠯᠪᠤᠷᠢ ᠤᠷᠤᠰᠭᠠᠯ᠎ᠤᠨ ᠠᠮᠢ ᠠᠬᠤᠢ᠎ᠶ᠋ᠢᠨ ᠤᠷᠤᠰᠭᠠᠯ᠎ᠤᠨ ᠬᠡᠮᠵᠢᠶ᠎ᠡ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ᠎ᠶ᠋ᠢ ᠲᠣᠳᠣᠷᠬᠠᠢᠯᠠᠨ᠎ᠠ᠃ ᠰᠠᠪᠠ ᠭᠠᠵᠠᠷ ᠠᠯᠤᠰᠯᠠᠭ᠍ᠰᠠᠨ ᠤᠰᠤ ᠲᠠᠲᠠᠬᠤ ᠢᠨᠵᠧᠨᠧᠷᠢᠩ᠎ᠤᠨ ᠰᠤᠳᠤᠯᠤᠨ ᠨᠤᠲᠠᠯᠠᠯᠳᠠ᠎ᠶ᠋ᠢ ᠭᠦᠨᠵᠡᠭᠡᠢᠷᠡᠭᠦᠯᠵᠦ᠍᠂ ᠡᠮᠦᠨᠡᠲᠦ᠎ᠶ᠋ᠢᠨ ᠤᠰᠤ᠎ᠶ᠋ᠢ ᠤᠮᠠᠷᠠᠰᠢ ᠲᠠᠲᠠᠬᠤ ᠵᠡᠭᠦᠨ ᠳᠤᠮᠳᠠ ᠱᠤᠭᠤᠮ᠎ᠤᠨ ᠵᠠᠯᠭᠠᠮᠵᠢ ᠢᠨᠵᠧᠨᠧᠷᠢᠩ᠎ᠤᠨ ᠡᠮᠦᠨᠡᠬᠢ ᠬᠤᠭᠤᠴᠠᠭᠠᠨ᠎ᠤ ᠠᠵᠢᠯ᠎ᠢ ᠲᠦᠷᠭᠡᠳᠭᠡᠨ ᠥᠷᠨᠢᠭᠦᠯᠬᠦ᠌᠎ᠶ᠋ᠢᠨ ᠬᠠᠮᠲᠤ ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠠᠭ ᠲᠤᠬᠠᠢᠳᠤᠨᠢ ᠠᠬᠢᠭᠤᠯᠵᠤ᠂ ᠰᠠᠪᠠ ᠭᠠᠵᠠᠷ ᠠᠯᠤᠰᠯᠠᠭ᠍ᠰᠠᠨ ᠤᠰᠤ ᠲᠠᠲᠠᠬᠤ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢᠨ ᠣᠯᠠᠨ ᠲᠠᠯ᠎ᠠ᠎ᠶ᠋ᠢᠨ ᠨᠥᠯᠥᠭᠡ᠎ᠶ᠋ᠢ ᠨᠢᠭᠡᠳᠦᠯᠲᠡᠶ ᠲᠥᠯᠥᠪᠯᠡᠵᠦ᠍᠂ ᠲᠥᠯᠥᠪᠵᠢᠭᠦᠯᠭᠡ᠎ᠶ᠋ᠢᠨ ᠲᠥᠰᠦᠯ᠎ᠤᠨ ᠨᠤᠲᠠᠯᠠᠯᠲᠠ ᠪᠠ ᠠᠳᠠᠯᠢᠳᠭᠠᠨ ᠰᠣᠩᠭᠤᠬᠤ᠎ᠶ᠋ᠢ ᠴᠢᠩᠭᠠᠳᠭᠠᠨ᠎ᠠ᠃ ᠬᠥᠳᠡᠭᠡ ᠲᠣᠰᠭᠤᠨ᠎ᠤ ᠪᠠᠷᠢᠮᠵᠢᠶᠠᠵᠢᠭᠤᠯᠤᠭ᠍ᠰᠠᠨ ᠤᠰᠤ ᠬᠠᠩᠭᠠᠬᠤ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠭᠠᠵᠠᠷ ᠳᠣᠣᠷᠠᠬᠢ ᠤᠰᠤ᠎ᠶ᠋ᠢ ᠬᠡᠲᠦᠷᠡᠲᠡᠯ᠎ᠡ ᠠᠪᠬᠤ᠎ᠶ᠋ᠢ ᠶᠡᠷᠦᠩᠬᠡᠢᠯᠡᠨ ᠵᠠᠰᠠᠬᠤ ᠠᠵᠢᠯᠯᠠᠭ᠎ᠠ᠎ᠶ᠋ᠢ ᠥᠷᠨᠢᠭᠦᠯᠵᠦ᠍᠂ ᠳᠤᠮᠳᠠ ᠳᠣᠣᠷᠠᠳᠤ ᠤᠷᠤᠰᠭᠠᠯ᠎ᠤᠨ ᠭᠠᠵᠠᠷ ᠳᠣᠣᠷᠠᠬᠢ ᠤᠰᠤ᠎ᠶ᠋ᠢ ᠬᠡᠲᠦᠷᠡᠲᠡᠯ᠎ᠡ ᠠᠪᠬᠤ᠎ᠶ᠋ᠢ ᠵᠠᠰᠠᠬᠤ ᠡᠷᠴᠢᠮ᠎ᠢᠶᠠᠨ ᠴᠢᠩᠭᠠᠳᠭᠠᠵᠤ᠂ ᠭᠤᠣᠯᠳᠠᠯᠭ᠎ᠠ᠎ᠲᠠᠢ ᠣᠷᠣᠨ ᠪᠦᠰᠡ᠎ᠶ᠋ᠢᠨ ᠭᠠᠵᠠᠷ ᠳᠣᠣᠷᠠᠬᠢ ᠤᠰᠤ᠎ᠶ᠋ᠢ ᠠᠪᠬᠤ ᠪᠠ ᠨᠥᠬᠦᠪᠥᠷᠢᠯᠡᠬᠦ᠌᠎ᠶ᠋ᠢ ᠲᠡᠩᠴᠡᠭᠦᠷᠢ᠎ᠲᠠᠢ ᠪᠠᠢᠯᠭᠠᠬᠤ᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠦᠨ᠎ᠡ᠃
ᠭᠤᠷᠪᠠᠳᠤᠭᠠᠷ ᠬᠡᠰᠡᠭ ᠲᠠᠷᠢᠶᠠᠯᠠᠩ ᠪᠠ ᠠᠵᠤ ᠦᠢᠯᠡᠳᠪᠦᠷᠢ᠎ᠶ᠋ᠢᠨ ᠤᠰᠤ ᠠᠷᠪᠢᠯᠠᠬᠤ ᠡᠷᠴᠢᠮ᠎ᠢ ᠴᠢᠩᠭᠠᠷᠠᠭᠤᠯᠤᠨ᠎ᠠ
ᠲᠠᠷᠢᠶᠠᠯᠠᠩ ᠦᠢᠯᠡᠳᠪᠤᠷᠢᠯᠡᠯ᠎ᠤᠨ ᠤᠰᠤ ᠬᠡᠷᠡᠭ᠌ᠯᠡᠭᠡᠨ ᠪᠦᠳᠦᠭᠦᠯᠢᠭ ᠪᠠᠢᠬᠤ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠲᠠᠷᠢᠶᠠᠯᠠᠩ᠎ᠤᠨ ᠬᠡᠷᠡᠭ᠌ᠯᠡᠬᠦ᠌ ᠤᠰᠤᠨ᠎ᠤ ᠶᠡᠷᠦᠩᠬᠡᠶ ᠬᠡᠮᠵᠢᠶ᠎ᠡ᠎ᠶ᠋ᠢ ᠴᠢᠩᠭ᠎ᠠ ᠡᠵᠡᠮᠳᠡᠵᠦ᠍᠂ ᠲᠣᠮᠣ ᠳᠤᠮᠳᠠ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠢᠶᠠᠷ ᠭᠤᠤᠯᠳᠠᠯᠭ᠎ᠠ ᠪᠣᠯᠭᠠᠨ ᠤᠰᠤᠯᠠᠯᠲᠠ᠎ᠶ᠋ᠢᠨ ᠱᠢᠰᠲ᠋ᠧᠮ᠎ᠤᠨ ᠣᠳᠣᠬᠢᠴᠢᠯᠠᠭ᠍ᠰᠠᠨ ᠥᠭᠡᠷᠡᠴᠢᠯᠡᠯᠲᠡ᠎ᠶ᠋ᠢ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠪᠠᠢᠭᠤᠯᠵᠤ᠂ ᠤᠰᠤᠯᠠᠯᠲᠠ᠎ᠶ᠋ᠢᠨ ᠤᠰᠤᠨ᠎ᠤ ᠠᠱᠢᠬ᠍ᠯᠠᠯᠳᠠ᠎ᠶ᠋ᠢᠨ ᠨᠤᠷᠮ᠎ᠠ᠎ᠶ᠋ᠢ ᠯᠠᠪᠳᠠᠭᠤᠨ᠎ᠢᠶᠠᠷ ᠳᠡᠭᠡᠭ᠌ᠰᠢᠯᠡᠭᠦᠯᠦᠨ᠎ᠡ᠃ ᠤᠰᠤᠨ᠎ᠤ ᠬᠤᠷᠤᠭ᠍ᠳᠠᠯ ᠪᠠᠭ᠎ᠠ᠂ ᠭᠠᠩ᠎ᠳᠤ ᠲᠡᠰᠪᠦᠷᠢᠲᠡᠶ ᠲᠠᠷᠢᠮᠠᠯ ᠲᠠᠷᠢᠬᠤ ᠬᠠᠷᠢᠴᠠᠯ᠎ᠢ ᠥᠷᠭᠡᠳᠭᠡᠨ᠂ ᠭᠠᠩ᠎ᠳᠤ ᠲᠡᠰᠪᠦᠷᠢᠲᠡᠶ ᠲᠠᠷᠢᠮᠠᠯ᠎ᠤᠨ ᠱᠢᠨ᠎ᠡ ᠡᠭᠦᠯᠳᠡᠷ᠎ᠢ ᠰᠣᠩᠭᠤᠨ ᠪᠤᠢᠵᠢᠭᠤᠯᠵᠤ ᠳᠡᠯᠭᠡᠷᠡᠭᠦᠯᠦᠨ᠂ ᠲᠥᠷᠥ᠎ᠶ᠋ᠢᠨ ᠪᠣᠳᠣᠯᠭ᠎ᠠ᠂ ᠮᠡᠷᠭᠡᠵᠢᠯ᠎ᠤᠨ ᠲᠠᠯ᠎ᠠ᠎ᠪᠠᠷ ᠲᠡᠳᠬᠦᠬᠦ᠌ ᠡᠷᠴᠢᠮ᠎ᠢᠶᠠᠨ ᠨᠡᠮᠡᠭ᠌ᠳᠡᠭᠦᠯᠵᠦ᠍᠂ ᠤᠰᠤᠨ᠎ᠤ ᠪᠠᠢᠳᠠᠯ᠎ᠢᠶᠠᠷ ᠲᠠᠷᠢᠵᠤ᠂ ᠤᠰᠤᠨ᠎ᠤ ᠬᠡᠮᠵᠢᠶ᠎ᠡ᠎ᠪᠠᠷ ᠦᠢᠯᠡᠳᠪᠤᠷᠢᠯᠡᠬᠦ᠌ᠶ᠋ᠢ ᠬᠥᠲᠥᠯᠥᠨ ᠵᠢᠯᠤᠭᠤᠳᠤᠨ᠎ᠠ᠃ ᠤᠰᠤ ᠪᠤᠷᠳᠤᠭᠤᠷ᠎ᠢ ᠨᠢᠭᠡ ᠴᠤᠭ᠍ᠴᠠᠵᠢᠭᠤᠯᠬᠤ ᠪᠠ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢᠨ ᠮᠡᠷᠭᠡᠵᠢᠯ᠎ᠢ ᠳᠡᠯᠭᠡᠷᠡᠭᠦᠯᠬᠦ᠌ ᠡᠷᠴᠢᠮ᠎ᠢᠶᠠᠨ ᠴᠢᠩᠭᠠᠷᠠᠭᠤᠯᠵᠤ᠂ ᠤᠰᠤ ᠠᠷᠪᠢᠯᠠᠬᠤ ᠢᠨᠵᠧᠨᠧᠷᠢᠩ᠎ᠤᠨ ᠮᠡᠷᠭᠡᠵᠢᠯ᠎ᠤᠨ ᠱᠢᠰᠲ᠋ᠧᠮ᠎ᠢ ᠲᠡᠭᠦᠯᠳᠡᠷᠵᠢᠭᠦᠯᠦᠨ᠂ ᠤᠷᠢᠳ᠎ᠢᠶᠠᠷ ᠲᠣᠭ᠍ᠲᠠᠴᠠ᠎ᠶ᠋ᠢ ᠪᠠᠢᠭᠤᠯᠵᠤ᠂ ᠲᠠᠷᠠᠭ᠎ᠠ᠎ᠨᠢ ᠢᠨᠵᠧᠨᠧᠷᠢᠩ᠎ᠢ ᠪᠠᠢᠭᠤᠯᠬᠤ᠎ᠶ᠋ᠢ ᠪᠠᠷᠢᠮᠲᠠᠯᠠᠵᠤ᠂ ᠨᠡᠢᠲᠡᠯᠢᠭ ᠵᠢᠱ᠌ᠢᠶ᠎ᠡ᠎ᠶ᠋ᠢᠨ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠲᠠᠷᠢᠶᠠᠯᠠᠩ᠎ᠤᠨ ᠤᠰᠤ ᠠᠷᠪᠢᠯᠠᠬᠤ ᠪᠠ ᠲᠠᠷᠢᠶᠠᠯᠠᠩ᠎ᠤᠨ ᠤᠰᠤᠨ ᠠᠱᠢᠬ᠍ᠯᠠᠯᠳᠠ᠎ᠶ᠋ᠢᠨ ᠢᠨᠵᠧᠨᠧᠷᠢᠩ᠎ᠤᠨ ᠰᠠᠢᠨ ᠤᠷᠴᠢᠯ᠎ᠢ ᠠᠬᠢᠭᠤᠯᠤᠨ᠎ᠠ᠃ ᠲᠠᠷᠢᠶᠠᠯᠠᠩ᠎ᠤᠨ ᠤᠰᠤᠨ᠎ᠤ ᠦᠨ᠎ᠡ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠵᠤ᠂ ᠵᠦᠷᠢᠶᠡᠴᠢᠯᠡᠭ᠌ᠰᠡᠨ ᠤᠰᠤᠨ᠎ᠤ ᠦᠨ᠎ᠡ᠎ᠶ᠋ᠢ ᠱᠠᠳᠤ ᠬᠤᠪᠢᠶᠠᠨ ᠲᠦᠷᠦᠯ ᠬᠤᠪᠢᠶᠠᠨ ᠲᠣᠭ᠍ᠲᠠᠭᠠᠵᠤ᠂ ᠲᠠᠷᠢᠶᠠᠯᠠᠩ᠎ᠤᠨ ᠤᠰᠤᠯᠠᠯᠲᠠ᠎ᠶ᠋ᠢᠨ ᠲᠣᠭ᠍ᠲᠠᠭ᠍ᠰᠠᠨ ᠨᠤᠷᠮ᠎ᠠ᠎ᠶ᠋ᠢᠨ ᠳᠣᠲᠣᠷᠠᠬᠢ ᠬᠠᠷᠠᠭᠠᠯᠵᠠᠯᠳᠤ ᠤᠰᠤᠨ᠎ᠤ ᠦᠨ᠎ᠡ᠂ ᠲᠣᠭ᠍ᠲᠠᠭ᠍ᠰᠠᠨ ᠨᠤᠷᠮ᠎ᠠ᠎ᠠᠴᠠ ᠬᠡᠲᠦᠷᠡᠭ᠌ᠰᠡᠨᠢ ᠠᠬᠢᠭᠤᠯᠤᠨ ᠪᠤᠳᠤᠵᠤ ᠦᠨ᠎ᠡ ᠨᠡᠮᠡᠬᠦ᠌ ᠲᠦᠷᠢᠮ᠎ᠢ ᠠᠬᠢᠭᠤᠯᠵᠤ᠂ ᠲᠠᠷᠢᠶᠠᠯᠠᠩ᠎ᠤᠨ ᠬᠡᠷᠡᠭ᠌ᠯᠡᠭᠡᠨ᠎ᠤ ᠤᠰᠤᠨ᠎ᠤ ᠨᠠᠷᠢᠯᠢᠭ ᠣᠨᠣᠴᠠᠲᠠᠶ ᠨᠥᠬᠦᠪᠥᠷᠢ ᠥᠭ᠌ᠬᠦ ᠲᠤᠭ᠍ᠳᠠᠴᠠ ᠪᠠ ᠤᠰᠤ ᠠᠷᠪᠢᠯᠠᠭ᠍ᠰᠠᠨᠢ ᠱᠠᠩᠨᠠᠬᠤ ᠲᠣᠭ᠍ᠲᠠᠴᠠ᠎ᠶ᠋ᠢ ᠪᠠᠢᠭᠤᠯᠵᠤ᠂ ᠲᠠᠷᠢᠶᠠᠯᠠᠩ᠎ᠤᠨ ᠬᠡᠷᠡᠭ᠌ᠯᠡᠭᠡᠨ᠎ᠤ ᠤᠰᠤᠨ᠎ᠤ ᠳᠠᠷᠤᠯᠲᠠ᠎ᠶ᠋ᠢ ᠪᠠᠭᠠᠰᠭᠠᠬᠤ᠎ᠶ᠋ᠢ ᠠᠬᠢᠭᠤᠯᠤᠨ᠎ᠠ᠃ ᠠᠵᠤ ᠦᠢᠯᠡᠳᠪᠦᠷᠢ᠎ᠶ᠋ᠢᠨ ᠤᠰᠤ ᠠᠷᠪᠢᠯᠠᠬᠤ ᠨᠦᠭᠡᠴᠡ ᠬᠦᠴᠦᠨ᠎ᠢ ᠭᠦᠨᠵᠡᠭᠡᠢ ᠠᠭᠤᠳᠠᠯᠤᠨ᠂ ᠤᠰᠤ ᠠᠷᠪᠢᠯᠠᠬᠤ ᠮᠡᠷᠭᠡᠵᠢᠯ ᠲᠣᠨᠣᠭ᠍ᠯᠠᠯ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠲᠦᠷᠭᠡᠳᠭᠡᠵᠦ᠍᠂ ᠡᠨᠧᠷᠭᠢ᠎ᠶ᠋ᠢᠨ ᠰᠤᠷᠪᠤᠯᠵᠢ᠂ ᠬᠢᠮᠢ᠎ᠶ᠋ᠢᠨ ᠠᠵᠤ ᠦᠢᠯᠡᠳᠪᠦᠷᠢ᠂ ᠪᠠᠷᠢᠯᠭ᠎ᠠ᠎ᠶ᠋ᠢᠨ ᠮᠠᠲ᠋ᠧᠷᠢᠶᠠᠯ ᠵᠡᠷᠭᠡ ᠤᠰᠤᠨ᠎ᠤ ᠬᠤᠷᠤᠭ᠍ᠳᠠᠯ ᠶᠡᠭᠡ ᠠᠵᠤ ᠦᠢᠯᠡᠰ᠎ᠤᠨ ᠤᠰᠤ ᠠᠷᠪᠢᠯᠠᠬᠤ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠤᠰᠤᠨ᠎ᠤ ᠬᠤᠷᠤᠭ᠍ᠳᠠᠯ ᠶᠡᠭᠡ ᠠᠵᠤ ᠦᠢᠯᠡᠰ᠎ᠤᠨ ᠬᠥᠭ᠌ᠵᠢᠯᠲᠡ᠎ᠶ᠋ᠢ ᠴᠢᠩᠭ᠎ᠠ ᠬᠢᠵᠠᠭᠠᠷᠯᠠᠨ᠎ᠠ᠃ ᠠᠵᠤ ᠠᠬᠤᠢᠯᠠᠯ᠎ᠤᠨ ᠤᠰᠤ ᠬᠡᠷᠡᠭ᠌ᠯᠡᠬᠦ᠌᠎ᠶ᠋ᠢ ᠬᠡᠮᠵᠢᠬᠦ᠌ ᠪᠠ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ᠎ᠶ᠋ᠢᠨ ᠡᠷᠴᠢᠮ᠎ᠢᠶᠠᠨ ᠴᠢᠩᠭᠠᠷᠠᠭᠤᠯᠬᠤ᠎ᠶ᠋ᠢ ᠳᠡᠮᠵᠢᠵᠦ᠍᠂ ᠠᠵᠤ ᠦᠢᠯᠡᠳᠪᠤᠷᠢ᠎ᠶ᠋ᠢᠨ ᠬᠦᠷᠢᠶᠡᠯᠡᠩ ᠲᠣᠭᠤᠷᠢᠭ᠎ᠤᠨ ᠳᠣᠲᠣᠷᠠᠬᠢ ᠠᠵᠤ ᠠᠬᠤᠢᠯᠠᠯ᠎ᠤᠨ ᠬᠤᠭᠤᠷᠣᠨᠳᠣ᠎ᠪᠠᠨ ᠬᠤᠯᠪᠣᠭᠠᠯᠠᠬᠤ᠂ ᠶᠠᠰᠤ ᠴᠢᠨᠠᠷ᠎ᠤᠨ ᠬᠤᠪᠢᠶᠠᠷᠢᠯᠠᠯ᠂ ᠤᠰᠤ᠎ᠶ᠋ᠢ ᠡᠷᠭᠢᠯᠳᠦᠭᠦᠯᠦᠨ ᠬᠡᠷᠡᠭ᠌ᠯᠡᠬᠦ᠌ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠠᠵᠤ ᠦᠢᠯᠡᠳᠪᠦᠷᠢ᠎ᠶ᠋ᠢᠨ ᠬᠡᠷᠡᠭ᠌ᠯᠡᠬᠦ᠌ ᠤᠰᠤᠨ᠎ᠤ ᠲᠣᠭ᠍ᠲᠠᠭ᠍ᠰᠠᠨ ᠨᠤᠷᠮ᠎ᠠ᠎ᠠᠴᠠ ᠳᠠᠪᠠᠭ᠍ᠰᠠᠨ ᠤᠰᠤᠨ᠎ᠤ ᠦᠨ᠎ᠡ᠎ᠶ᠋ᠢ ᠳᠡᠭᠡᠭ᠌ᠰᠢᠯᠡᠭᠦᠯᠵᠦ᠍᠂ ᠤᠰᠤᠨ᠎ᠤ ᠬᠤᠷᠤᠭ᠍ᠳᠠᠯ ᠶᠡᠭᠡ ᠲᠦᠷᠦᠯ ᠵᠦᠢᠯ ᠪᠠ ᠠᠵᠤ ᠦᠢᠯᠡᠰ᠎ᠢ ᠭᠡᠳᠡᠷᠬᠦ᠌ ᠱᠢᠬᠠᠮᠳᠠᠭᠤᠯᠵᠤ ᠪᠠᠢᠭᠠᠳ ᠡᠮᠬᠢ ᠵᠢᠷᠤᠮ᠎ᠲᠠᠢ᠎ᠪᠠᠷ ᠤᠬᠤᠷᠢᠨ ᠭᠠᠷᠭᠠᠨ᠎ᠠ᠃ ᠠᠭᠤᠷᠬᠠᠶ᠎ᠶ᠋ᠢᠨ ᠣᠷᠣᠨ᠎ᠤ ᠠᠭᠤᠷᠬᠠᠶ᠎ᠶ᠋ᠢᠨ ᠬᠤᠳᠳᠤᠭ᠎ᠤᠨ ᠤᠰᠤ᠎ᠶ᠋ᠢ ᠡᠬᠢ ᠪᠠᠶᠠᠯᠢᠭ᠍ᠵᠢᠭᠤᠯᠤᠨ ᠶᠡᠷᠦᠩᠬᠡᠢᠯᠡᠨ ᠠᠱᠢᠬ᠍ᠯᠠᠬᠤ ᠬᠢᠷᠢ ᠲᠦᠪᠱᠢᠨ᠎ᠢ ᠲᠡᠭᠡᠭ᠌ᠰᠢᠯᠡᠬᠦᠯᠦᠨᠡ᠃
ᠳᠥᠷᠪᠡᠳᠦᠭᠡᠷ ᠬᠡᠰᠡᠭ ᠤᠰᠤ ᠠᠷᠪᠢᠯᠠᠬᠤ ᠮᠠᠶᠢᠭ᠎ᠤᠨ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠲᠦᠷᠭᠡᠳᠭᠡᠨ ᠪᠦᠷᠢᠯᠳᠦᠭᠦᠯᠦᠨ᠎ᠡ
ᠬᠠᠲᠤᠨ ᠭᠤᠣᠯ᠎ᠤᠨ ᠰᠠᠪᠠ ᠭᠠᠵᠠᠷ᠎ᠤᠨ ᠬᠤᠲᠠ ᠪᠠᠯᠭᠠᠰᠤ᠎ᠶ᠋ᠢᠨ ᠤᠰᠤ ᠠᠷᠪᠢᠯᠠᠵᠤ ᠬᠤᠬᠢᠷᠠᠯ᠎ᠢ ᠪᠠᠭᠤᠷᠠᠭᠤᠯᠬᠤ ᠢᠨᠵᠧᠨᠧᠷᠢᠩ᠎ᠤᠨ ᠪᠥᠳᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠤᠭᠤᠯᠠᠶ᠎ᠶ᠋ᠢᠨ ᠲᠣᠣᠷ᠎ᠤᠨ ᠭᠤᠭᠤᠵᠢᠬᠤ ᠬᠤᠬᠢᠷᠠᠯ᠎ᠤᠨ ᠨᠤᠷᠮ᠎ᠠ᠎ᠶ᠋ᠢ ᠪᠠᠭᠤᠷᠠᠭᠤᠯᠬᠤ᠎ᠪᠠᠷ ᠭᠤᠣᠯ ᠪᠣᠯᠭᠠᠨ ᠬᠠᠭᠤᠴᠢᠷᠬᠠᠰᠠᠨ ᠤᠰᠤ ᠬᠠᠩᠭᠠᠬᠤ ᠬᠤᠭᠤᠯᠠᠶ᠎ᠶ᠋ᠢᠨ ᠲᠣᠣᠷ᠎ᠤᠨ ᠥᠭᠡᠷᠡᠴᠢᠯᠡᠯᠲᠡ᠎ᠶ᠋ᠢ ᠬᠡᠷᠡᠭ᠌ᠵᠢᠭᠦᠯᠵᠦ᠍᠂ ᠠᠮᠢᠳᠤᠷᠠᠯ᠎ᠤᠨ ᠤᠰᠤ ᠠᠷᠪᠢᠯᠠᠬᠤ ᠮᠠᠶᠢᠬ᠎ᠤᠨ ᠪᠠᠭᠠᠵᠢ ᠬᠡᠷᠡᠭ᠌ᠰᠡᠯ᠎ᠢ ᠳᠡᠯᠭᠡᠷᠡᠭᠦᠯᠦᠨ ᠲᠦᠭᠡᠮᠡᠯᠵᠢᠭᠦᠯᠵᠦ᠍᠂ ᠵᠠᠰᠠᠭ᠎ᠤᠨ ᠣᠷᠳᠣᠨ᠎ᠤ ᠪᠠᠢᠭᠤᠯᠭ᠎ᠠ᠂ ᠰᠤᠷᠭᠠᠭᠤᠯᠢ᠂ ᠡᠮᠨᠡᠯᠭᠡ᠎ᠶ᠋ᠢᠨ ᠬᠤᠷᠢᠶ᠎ᠠ ᠵᠡᠷᠭᠡ ᠤᠯᠠᠨ ᠨᠡᠢᠲᠡ᠎ᠶ᠋ᠢᠨ ᠪᠠᠢᠭᠤᠯᠤᠮᠵᠢ᠎ᠶ᠋ᠢᠨ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ᠎ᠶ᠋ᠢ ᠥᠷᠨᠢᠭᠦᠯᠦᠨ᠂ ᠤᠰᠤᠨ᠎ᠤ ᠬᠤᠷᠤᠭ᠍ᠳᠠᠯ ᠶᠡᠭᠡ ᠦᠢᠯᠡᠴᠢᠯᠡᠭᠡᠨ᠎ᠤ ᠦᠢᠯᠡᠰ᠎ᠤᠨ ᠤᠰᠤ ᠬᠡᠷᠡᠭ᠌ᠯᠡᠬᠦ᠌᠎ᠶ᠋ᠢ ᠴᠢᠩᠭ᠎ᠠ ᠬᠢᠵᠠᠭᠠᠷᠯᠠᠵᠤ᠂ ᠤᠰᠤ ᠠᠷᠪᠢᠯᠠᠬᠤ ᠮᠠᠶᠢᠬ᠎ᠤᠨ ᠬᠤᠳᠠ᠎ᠶ᠋ᠢᠨ ᠪᠥᠳᠥᠭᠡᠨ ᠪᠠᠢᠭᠤᠯᠤᠯᠲᠠ᠎ᠶ᠋ᠢ ᠶᠡᠭᠡ᠎ᠪᠠᠷ ᠠᠬᠢᠭᠤᠯᠤᠨ᠎ᠠ᠃ ᠬᠥᠳᠡᠭᠡ ᠲᠣᠰᠭᠤᠨ᠎ᠤ ᠲᠥᠪᠯᠡᠷᠡᠭᠦᠯᠦᠨ ᠤᠰᠤ ᠬᠠᠩᠭᠠᠬᠤ ᠪᠠ ᠤᠰᠤ ᠠᠷᠪᠢᠯᠠᠬᠤ ᠢᠵᠢ ᠪᠦᠷᠢᠳᠦᠭᠦᠯᠬᠦ᠌ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠲᠡᠭᠦᠯᠳᠡᠷᠵᠢᠭᠦᠯᠵᠦ᠍᠂ ᠨᠥᠬᠦᠴᠡᠯ᠎ᠲᠠᠢ ᠭᠠᠵᠠᠷ ᠣᠷᠣᠨ᠎ᠳᠤ ᠬᠡᠮᠵᠢᠨ ᠰᠦᠢᠳᠭᠡᠯ ᠬᠤᠷᠢᠶᠠᠬᠤ᠎ᠶ᠋ᠢ ᠬᠡᠷᠡᠭ᠌ᠵᠢᠭᠦᠯᠵᠦ᠍᠂ ᠬᠥᠳᠡᠭᠡ ᠲᠣᠰᠭᠤᠨ᠎ᠤ 《ᠵᠣᠷᠯᠣᠩ᠎ᠤᠨ ᠬᠤᠪᠢᠰᠭᠠᠯ》 ᠳᠤ ᠤᠰᠤ ᠠᠷᠪᠢᠯᠠᠬᠤ ᠬᠡᠯᠪᠡᠷᠢ᠎ᠶ᠋ᠢᠨ ᠪᠠᠭᠠᠵᠢ ᠬᠡᠷᠡᠭ᠌ᠰᠡᠯ ᠬᠡᠷᠡᠭ᠌ᠯᠡᠬᠦ᠌᠎ᠶ᠋ᠢ ᠠᠬᠢᠭᠤᠯᠤᠨ᠎ᠠ᠃ ᠲᠡᠬᠢᠨ ᠠᠱᠢᠬ᠍ᠯᠠᠵᠤ ᠪᠤᠯᠬᠤ ᠤᠰᠤ᠂ ᠪᠣᠷᠣᠭᠠᠨ᠎ᠤ ᠤᠰᠤ᠂ ᠭᠠᠱᠢᠭᠤᠨ ᠱᠣᠷᠪᠣᠭ ᠤᠰᠤ ᠵᠡᠷᠭᠡ ᠬᠡᠪ᠎ᠤᠨ ᠪᠤᠰᠤ ᠤᠰᠤᠨ ᠠᠱᠢᠬ᠍ᠯᠠᠯᠳᠠ᠎ᠶ᠋ᠢ ᠢᠳᠡᠪᠬᠢᠲᠡᠶ᠎ᠪᠠᠷ ᠠᠬᠢᠭᠤᠯᠵᠤ᠂ ᠣᠷᠣᠨ ᠪᠦᠰᠡ᠎ᠶ᠋ᠢᠨ ᠳᠠᠬᠢᠨ ᠠᠱᠢᠬ᠍ᠯᠠᠵᠤ ᠪᠤᠯᠬᠤ ᠤᠰᠤ᠎ᠶ᠋ᠢ ᠡᠷᠭᠢᠯᠳᠦᠭᠦᠯᠦᠨ ᠠᠱᠢᠬ᠍ᠯᠠᠬᠤ ᠲᠤᠷᠱᠢᠯᠲᠠ᠎ᠶ᠋ᠢ ᠬᠡᠷᠡᠭ᠌ᠵᠢᠭᠦᠯᠵᠦ᠍᠂ ᠬᠤᠲᠠ ᠪᠠᠯᠭᠠᠰᠤᠨ᠎ᠳᠤ ᠲᠤᠮᠳᠠ ᠵᠡᠷᠭᠡ᠎ᠶ᠋ᠢᠨ ᠤᠰᠤ᠎ᠶ᠋ᠢ ᠡᠭᠡᠭᠦᠯᠦᠨ ᠬᠡᠷᠡᠭ᠌ᠯᠡᠬᠦ᠌ ᠮᠡᠷᠭᠡᠵᠢᠯ᠎ᠤᠨ ᠪᠠᠷᠢᠯᠭ᠎ᠠ ᠪᠣᠯᠤᠨ ᠪᠣᠷᠣᠭᠠᠨ᠎ᠤ ᠤᠰᠤ᠎ᠶ᠋ᠢ ᠬᠤᠷᠠᠮᠳᠤᠭᠤᠯᠤᠨ ᠬᠠᠳᠠᠭᠠᠯᠠᠵᠤ ᠠᠱᠢᠬ᠍ᠯᠠᠬᠤ ᠲᠦᠬᠦᠭᠡᠷᠦᠮᠵᠢ᠎ᠶ᠋ᠢ ᠠᠯᠬᠤᠮ ᠠᠯᠬᠤᠮ᠎ᠢᠶᠠᠷ ᠲᠦᠭᠡᠮᠡᠯᠵᠢᠭᠦᠯᠵᠦ᠍᠂ ᠭᠠᠱᠢᠭᠤᠨ ᠱᠣᠷᠪᠣᠭ ᠤᠰᠤᠨ᠎ᠤ ᠴᠢᠨᠠᠷ᠎ᠢ ᠰᠠᠢᠵᠢᠷᠠᠭᠤᠯᠬᠤ ᠪᠠ ᠴᠡᠩᠭᠡᠭ᠌ᠵᠢᠭᠦᠯᠦᠨ ᠠᠱᠢᠬ᠍ᠯᠠᠬᠤ᠎ᠶ᠋ᠢ ᠲᠦᠷᠭᠡᠳᠭᠡᠨ ᠬᠡᠷᠡᠭ᠌ᠵᠢᠭᠦᠯᠦᠨ᠎ᠡ᠃ ᠤᠰᠤᠨ ᠠᠱᠢᠬ᠍ᠯᠠᠯᠳᠠ᠎ᠶ᠋ᠢᠨ ᠢᠯᠡᠳᠭᠡᠮᠵᠢ ᠲᠡᠮᠳᠡᠭ᠂ ᠤᠰᠤ ᠠᠷᠪᠢᠯᠠᠬᠤ ᠭᠡᠷᠡᠴᠢᠯᠡᠯ ᠪᠠ ᠤᠰᠤ ᠠᠷᠪᠢᠯᠠᠬᠤ ᠭᠡᠷ᠎ᠡ᠎ᠶ᠋ᠢᠨ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠬᠡᠷᠡᠭ᠌ᠵᠢᠭᠦᠯᠦᠨ᠎ᠡ᠃ ᠬᠠᠲᠤᠨ ᠭᠤᠤᠯ᠎ᠤᠨ ᠤᠰᠤ᠎ᠶ᠋ᠢ ᠲᠠᠲᠠᠵᠤ ᠤᠰᠤ ᠬᠠᠩᠭᠠᠬᠤ ᠬᠤᠲᠠ᠎ᠶ᠋ᠢᠨ ᠤᠰᠤᠨ᠎ᠤ ᠦᠨ᠎ᠡ᠎ᠶ᠋ᠢᠨ ᠪᠠᠷᠢᠮᠵᠢᠶ᠎ᠠ᠎ᠶ᠋ᠢ ᠵᠣᠬᠢᠬᠤ ᠬᠡᠮᠵᠢᠶ᠎ᠡ᠎ᠪᠠᠷ ᠳᠡᠭᠡᠭ᠌ᠰᠢᠯᠡᠭᠦᠯᠵᠦ᠍᠂ ᠤᠰᠤᠨ᠎ᠤ ᠡᠷᠬᠡ᠎ᠶ᠋ᠢᠨ ᠰᠤᠯᠢᠯᠴᠠᠭ᠎ᠠ᠎ᠶ᠋ᠢ ᠢᠳᠡᠪᠬᠢᠲᠡᠶ ᠥᠷᠨᠢᠭᠦᠯᠦᠨ᠂ ᠤᠰᠤᠨ᠎ᠤ ᠡᠬᠢ ᠪᠠᠶᠠᠯᠢᠭ᠎ᠤᠨ ᠭᠠᠢᠯᠢ ᠰᠦᠢᠳᠭᠡᠯ᠎ᠢ ᠵᠦᠷᠢᠶᠡᠴᠢᠯᠡᠨ ᠲᠠᠲᠠᠪᠤᠷᠢᠯᠠᠬᠤ ᠲᠥᠷᠥ᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠦᠨ᠎ᠡ᠃
ᠳᠣᠯᠣᠳᠤᠭᠠᠷ ᠪᠦᠯᠦᠭ ᠬᠠᠲᠤᠨ ᠭᠤᠣᠯ᠎ᠤᠨ ᠦᠨᠢ ᠤᠳᠠᠭᠠᠨ ᠠᠮᠤᠷ ᠲᠤᠬ᠍ᠳᠠᠭᠤᠨ ᠪᠠᠢᠬᠤ᠎ᠶ᠋ᠢ ᠪᠦᠬᠦ᠌ ᠬᠦᠴᠦᠨ᠎ᠢᠶᠠᠷ᠎ᠢᠶᠠᠨ ᠪᠠᠲᠤᠯᠠᠨ᠎ᠠ
ᠤᠰᠤ ᠡᠯᠡᠰᠦᠨ᠎ᠤ ᠬᠠᠷᠢᠴᠠᠭ᠎ᠠ᠎ᠶ᠋ᠢ ᠲᠣᠬᠢᠷᠠᠭᠤᠯᠬᠤ ᠡᠨᠡ ᠬᠦ᠌ 《ᠵᠠᠩᠭᠢᠯᠠᠭ᠎ᠠ》 ᠶ᠋ᠢ ᠴᠢᠩᠭ᠎ᠠ ᠠᠳᠭᠤᠵᠤ᠂ ᠨᠡᠪᠲᠡᠷᠡᠭᠦᠯᠬᠦ᠌᠎ᠪᠠᠷ ᠭᠤᠣᠯ ᠪᠣᠯᠭᠠᠬᠤ᠂ ᠨᠡᠪᠲᠡᠷᠡᠭᠦᠯᠬᠦ᠌ ᠪᠠ ᠪᠥᠭ᠌ᠯᠡᠬᠦ᠌ᠶ᠋ᠢ ᠤᠶᠠᠯᠳᠤᠭᠤᠯᠬᠤ᠂ ᠤᠰᠤ᠎ᠶ᠋ᠢ ᠨᠡᠮᠡᠭ᠌ᠳᠡᠭᠦᠯᠵᠦ᠍ ᠡᠯᠡᠰᠦ᠎ᠶ᠋ᠢ ᠪᠠᠭᠠᠰᠭᠠᠬᠤ᠂ ᠤᠰᠤ ᠡᠯᠡᠰᠦ᠎ᠶ᠋ᠢ ᠲᠣᠬᠢᠷᠠᠭᠤᠯᠬᠤ ᠲᠤᠭᠤᠷᠢᠨ᠎ᠳᠤ᠂ ᠤᠰᠤ ᠡᠯᠡᠰᠦ᠎ᠶ᠋ᠢ ᠲᠤᠬᠢᠷᠠᠭᠤᠯᠬᠤ ᠡᠵᠡᠮᠳᠡᠯ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ 《ᠳᠡᠭᠡᠷ᠎ᠡ᠎ᠠᠴᠠ᠎ᠨᠢ ᠬᠠᠱᠢᠵᠤ ᠳᠣᠣᠷ᠎ᠠ᠎ᠠᠴᠠ᠎ᠨᠢ ᠭᠠᠳᠠᠭ᠍ᠰᠢᠯᠠᠭᠤᠯᠬᠤ᠂ ᠬᠤᠶᠠᠷ ᠡᠷᠬᠢ᠎ᠶ᠋ᠢ ᠰᠠᠯᠭᠠᠨ ᠬᠠᠱᠢᠬᠤ》 ᠦᠶᠡᠷ᠎ᠢ ᠰᠡᠷᠭᠡᠢᠯᠡᠬᠦ᠌ ᠪᠠᠢᠷᠢᠱᠢᠯ᠎ᠢ ᠪᠦᠷᠢᠨᠱᠢᠭᠦᠯᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠌ ᠲᠥᠯᠥᠪᠵᠢᠭᠦᠯᠭᠡ᠎ᠶ᠋ᠢ ᠰᠤᠳᠤᠯᠤᠨ ᠲᠤᠬ᠍ᠳᠠᠭᠠᠵᠤ᠂ ᠶᠡᠷᠦᠩᠬᠡᠢᠯᠡᠭ᠌ᠰᠡᠨ ᠴᠢᠨᠠᠷᠲᠠᠶ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠳᠤᠨ ᠭᠤᠣᠯ ᠳᠠᠭᠠᠤ᠎ᠶ᠋ᠢᠨ ᠠᠷᠠᠳ ᠲᠦᠮᠡᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠤ ᠪᠠᠲᠤ ᠪᠠᠬᠢ ᠰᠡᠷᠭᠡᠢᠯᠡᠯᠲᠡ᠎ᠶ᠋ᠢᠨ ᠱᠤᠭᠤᠮ᠎ᠢ ᠪᠠᠢᠭᠤᠯᠤᠨ᠎ᠠ᠃
ᠨᠢᠭᠡᠳᠦᠭᠡᠷ ᠬᠡᠰᠡᠭ ᠤᠰᠤ ᠡᠯᠡᠰᠦᠨ᠎ᠤ ᠬᠠᠷᠢᠴᠠᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠤᠨ ᠡᠵᠡᠮᠳᠡᠨ᠎ᠡ
ᠬᠠᠲᠤᠨ ᠭᠤᠤᠯ᠎ᠤᠨ ᠤᠰᠤ ᠡᠯᠡᠰᠦᠨ᠎ᠤ ᠬᠠᠷᠢᠴᠠᠭᠠᠨ᠎ᠤ ᠣᠷᠳᠣ ᠬᠤᠭᠤᠴᠠᠭᠠᠨ᠎ᠤ ᠬᠤᠪᠢᠰᠤᠯᠲᠠ᠎ᠶ᠋ᠢᠨ ᠬᠠᠨᠳᠤᠰᠢ ᠵᠢᠴᠢ ᠠᠮᠢ ᠠᠬᠤᠶ ᠣᠷᠴᠢᠨ ᠲᠣᠭᠤᠷᠢᠨ᠎ᠳᠤ ᠦᠵᠡᠭᠦᠯᠬᠦ᠌ ᠨᠥᠯᠥᠭᠡ᠎ᠶ᠋ᠢ ᠭᠦᠨᠵᠡᠭᠡᠶ ᠰᠤᠳᠤᠯᠤᠨ ᠨᠤᠲᠠᠯᠠᠵᠤ᠂ ᠡᠯᠡᠰᠦ ᠱᠢᠪᠠᠷ᠎ᠤᠨ ᠠᠭᠤᠯᠤᠭ᠍ᠳᠠᠴᠠ᠎ᠶ᠋ᠢᠨ ᠵᠦᠶ ᠵᠣᠬᠢᠰᠲᠠᠶ ᠣᠷᠣᠨ ᠵᠠᠶ ᠪᠠ ᠳᠤᠮᠳᠠ ᠣᠷᠳᠣ ᠬᠤᠭᠤᠴᠠᠭᠠᠨ᠎ᠤ ᠤᠰᠤ ᠡᠯᠡᠰᠦ᠎ᠶ᠋ᠢ ᠳᠣᠭᠢᠷᠠᠭᠤᠯᠤᠨ ᠡᠵᠡᠮᠳᠡᠬᠦ᠌ ᠶᠡᠷᠦᠩᠬᠡᠶ ᠰᠡᠳᠭᠢᠴᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠡᠵᠡᠮᠳᠡᠵᠦ᠍᠂ 《ᠬᠤᠷᠢᠬ᠍ᠯᠠᠬᠤ᠂ ᠲᠣᠬᠢᠷᠠᠭᠤᠯᠬᠤ᠂ ᠭᠠᠳᠠᠭ᠍ᠰᠢᠯᠠᠭᠤᠯᠬᠤ᠂ ᠲᠠᠯᠪᠢᠬᠤ᠂ ᠮᠠᠯᠲᠠᠬᠤ》 ᠠᠷᠭ᠎ᠠ᠎ᠶ᠋ᠢ ᠬᠡᠷᠡᠭ᠌ᠯᠡᠨ ᠡᠯᠡᠰᠦ ᠱᠢᠪᠠᠷ᠎ᠢ ᠶᠡᠷᠦᠩᠬᠡᠢᠯᠡᠨ ᠱᠢᠢᠳᠪᠤᠷᠢᠯᠡᠨᠡ᠃ ᠭᠤᠣᠯᠯᠠᠭ᠍ᠴᠢ ᠤᠰᠤᠨ ᠴᠥᠭᠦᠷᠥᠮ ᠵᠡᠷᠭᠡ ᠴᠢᠬᠤᠯᠠ ᠶᠡᠭᠡ ᠤᠰᠤᠨ ᠠᠱᠢᠬ᠍ᠯᠠᠯᠳᠠ᠎ᠶ᠋ᠢᠨ ᠢᠨᠵᠧᠨᠧᠷᠢᠩ᠎ᠢᠶᠠᠷ ᠭᠤᠣᠯ ᠪᠣᠯᠭᠠᠭ᠍ᠰᠠᠨ ᠤᠰᠤ ᠡᠯᠡᠰᠦ᠎ᠶ᠋ᠢ ᠲᠤᠬᠢᠷᠠᠭᠤᠯᠤᠨ ᠡᠵᠡᠮᠳᠡᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠤᠰᠤᠨ ᠴᠥᠭᠦᠷᠥᠮ᠎ᠢ ᠬᠡᠷᠡᠭ᠌ᠯᠡᠬᠦ᠌ ᠠᠷᠭ᠎ᠠ ᠮᠠᠶᠢᠭ ᠪᠠ ᠡᠯᠡᠰᠦ᠎ᠶ᠋ᠢ ᠬᠤᠷᠢᠬ᠍ᠯᠠᠬᠤ ᠴᠢᠳᠠᠪᠤᠷᠢ᠎ᠶ᠋ᠢ ᠱᠢᠯᠢᠳᠡᠭ᠌ᠵᠢᠭᠦᠯᠦᠨ᠎ᠡ᠃ ᠤᠰᠤ ᠡᠯᠡᠰᠦ᠎ᠶ᠋ᠢ ᠲᠣᠬᠢᠷᠠᠭᠤᠯᠤᠨ ᠡᠵᠡᠮᠳᠡᠬᠦ᠌ ᠲᠣᠭ᠍ᠲᠠᠴᠠ᠎ᠶ᠋ᠢ ᠱᠢᠯᠢᠳᠡᠭ᠌ᠵᠢᠭᠦᠯᠵᠦ᠍᠂ ᠤᠰᠤ ᠡᠯᠡᠰᠦ᠎ᠶ᠋ᠢ ᠲᠣᠬᠢᠷᠠᠭᠤᠯᠬᠤ ᠠᠷᠭ᠎ᠠ ᠮᠠᠶᠢᠭ᠎ᠤᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠭᠤᠣᠯ ᠤᠷᠤᠰᠭᠠᠯ ᠪᠠ ᠰᠠᠯᠪᠤᠷᠢ ᠤᠷᠤᠰᠭᠠᠯ᠎ᠤᠨ ᠴᠥᠭᠦᠷᠥᠮ᠎ᠢ ᠬᠠᠮᠲᠤᠷᠠᠨ ᠨᠢᠭᠡᠳᠦᠯᠲᠡᠶ ᠲᠣᠬᠢᠷᠠᠭᠤᠯᠬᠤ᠎ᠶ᠋ᠢ ᠴᠢᠩᠭᠠᠳᠭᠠᠵᠤ᠂ ᠤᠰᠤ ᠡᠯᠡᠰᠦ᠎ᠶ᠋ᠢ ᠲᠣᠬᠢᠷᠠᠭᠤᠯᠤᠨ ᠡᠵᠡᠮᠳᠡᠬᠦ᠌ ᠱᠢᠰᠲ᠋ᠧᠮ᠎ᠤᠨ ᠪᠦᠬᠦᠯᠢ ᠴᠣᠭ᠍ᠴᠠ᠎ᠶ᠋ᠢᠨ ᠨᠡᠢᠯᠡᠯ ᠬᠦᠴᠦᠨ᠎ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃ ᠯᠦᠩ ᠶᠠᠩ ᠱᠢᠶᠠ ᠬᠠᠪᠴᠢᠯ᠂ ᠯᠢᠦ ᠵᠢᠶᠠ ᠱᠢᠶᠠ ᠬᠠᠪᠴᠢᠯ ᠵᠡᠷᠭᠡ ᠳᠡᠭᠡᠳᠦ ᠤᠷᠤᠰᠭᠠᠯ᠎ᠤᠨ ᠤᠰᠤᠨ ᠴᠥᠭᠦᠷᠥᠮ᠎ᠢ ᠲᠣᠬᠢᠷᠠᠭᠤᠯᠤᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠱᠢᠶᠤᠤ ᠯᠠᠩ ᠳ᠋ᠢ ᠵᠡᠷᠭᠡ ᠪᠠᠷᠢᠯᠭ᠎ᠠ᠎ᠶ᠋ᠢᠨ ᠬᠠᠮᠲᠤᠷᠠᠨ ᠤᠰᠤ ᠡᠯᠡᠰᠦ᠎ᠶ᠋ᠢ ᠲᠣᠬᠢᠷᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠤᠨ᠂ ᠤᠷᠤᠰᠭᠠᠯ ᠤᠰᠤ᠎ᠶ᠋ᠢ ᠲᠣᠬᠢᠷᠠᠭᠤᠯᠬᠤ ᠪᠠ ᠦᠶᠡᠷ᠎ᠤᠨ ᠤᠰᠤᠨ᠎ᠤ ᠡᠯᠡᠰᠦ ᠱᠢᠪᠠᠷ᠎ᠢ ᠬᠢᠵᠠᠭᠠᠷᠯᠠᠬᠤ ᠴᠢᠳᠠᠪᠤᠷᠢ᠎ᠶ᠋ᠢ ᠨᠡᠮᠡᠭ᠌ᠳᠡᠭᠦᠯᠵᠦ᠍᠂ ᠳᠤᠤᠷᠠᠳᠤ ᠤᠷᠤᠰᠭᠠᠯ᠎ᠤᠨ ᠳᠤᠮᠳᠠ ᠵᠡᠷᠭᠡ᠎ᠶ᠋ᠢᠨ ᠭᠤᠣᠯ᠎ᠤᠨ ᠭᠤᠯᠳᠤᠷᠢᠯ᠎ᠤᠨ ᠲᠣᠭ᠍ᠲᠠᠭᠤᠨ ᠪᠠᠢᠬᠤ᠎ᠶ᠋ᠢ ᠪᠠᠲᠤᠯᠠᠵᠤ᠂ ᠭᠤᠣᠯ᠎ᠤᠨ ᠭᠤᠯᠳᠤᠷᠢᠯ᠎ᠤᠨ ᠥᠨᠳᠥᠷ ᠡᠷᠭᠦᠭ᠌ᠳᠡᠬᠦ᠌ ᠦᠭᠡᠢ ᠪᠠᠢᠬᠤ᠎ᠶ᠋ᠢ ᠪᠠᠲᠤᠯᠠᠨ᠎ᠠ᠃ ᠢᠦᠢ ᠮᠧᠨ ᠬᠠᠭᠠᠯᠭ᠎ᠠ᠎ᠠᠴᠠ ᠲᠦᠩ ᠭᠤᠸᠠᠨ᠂ ᠾᠧ ᠺᠸᠦ ᠬᠦᠷᠬᠦ᠌ ᠵᠡᠷᠭᠡ᠎ᠪᠠᠷ ᠭᠤᠣᠯᠳᠠᠯᠭ᠎ᠠ ᠪᠣᠯᠭᠠᠨ ᠭᠤᠣᠯ᠎ᠤᠨ ᠵᠠᠮ᠎ᠢ ᠵᠠᠰᠠᠬᠤ ᠢᠨᠵᠧᠨᠧᠷᠢᠩ᠎ᠢ ᠬᠡᠷᠡᠭ᠌ᠵᠢᠭᠦᠯᠦᠨ᠎ᠠ᠃ ᠡᠯᠡᠰᠦ ᠱᠢᠪᠠᠷ᠎ᠢ ᠶᠡᠷᠦᠩᠬᠡᠢᠯᠡᠨ ᠱᠢᠢᠳᠪᠤᠷᠢᠯᠡᠬᠦ᠌ ᠮᠡᠷᠭᠡᠵᠢᠯ᠎ᠤᠨ ᠱᠢᠨ᠎ᠡ᠎ᠶ᠋ᠢ ᠡᠭᠦᠳᠴᠦ᠍᠂ ᠡᠯᠡᠰᠦ ᠱᠢᠪᠠᠷ᠎ᠤᠨ ᠡᠬᠢ ᠪᠠᠶᠠᠯᠢᠭ᠎ᠢ ᠠᠱᠢᠬ᠍ᠯᠠᠬᠤ ᠱᠢᠨ᠎ᠡ ᠵᠠᠭ᠍ᠪᠤᠷ᠎ᠢ ᠬᠠᠢᠨ ᠰᠦᠪᠡᠭ᠌ᠴᠢᠯᠡᠨ᠎ᠡ᠃
ᠬᠤᠶᠠᠳᠤᠭᠠᠷ ᠬᠡᠰᠡᠭ ᠦᠶᠡᠷ᠎ᠢ ᠰᠡᠷᠭᠡᠢᠯᠡᠬᠦ᠌ ᠴᠢᠳᠠᠪᠤᠷᠢ᠎ᠶ᠋ᠢ ᠪᠦᠲᠦᠮᠵᠢᠲᠡᠶ᠎ᠪᠠᠷ ᠳᠡᠭᠡᠭ᠌ᠰᠢᠯᠡᠭᠦᠯᠦᠨ᠎ᠡ
ᠭᠤᠣᠯ᠎ᠤᠨ ᠵᠠᠮ ᠪᠠ ᠲᠠᠩ ᠭᠠᠵᠠᠷ᠎ᠢ ᠶᠡᠷᠦᠩᠬᠡᠢᠯᠡᠨ ᠳᠡᠭᠡᠭ᠌ᠰᠢᠯᠡᠭᠦᠯᠵᠦ᠍ ᠵᠠᠰᠠᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠦᠶᠡᠷ᠎ᠢ ᠰᠡᠷᠭᠡᠢᠯᠡᠬᠦ᠌ ᠴᠢᠳᠠᠪᠤᠷᠢ᠎ᠶ᠋ᠢ ᠨᠡᠮᠡᠭ᠌ᠳᠡᠭᠦᠯᠦᠨ᠂ ᠬᠠᠱᠢᠯᠭ᠎ᠠ ᠰᠡᠲᠡᠷᠡᠬᠦ᠌ ᠦᠭᠡᠢ ᠪᠠᠢᠬᠤ᠎ᠶ᠋ᠢ ᠦᠨᠡᠨ ᠬᠦ᠌ ᠪᠠᠲᠤᠯᠠᠨ᠎ᠠ᠃ ᠭᠤᠣᠯ᠎ᠤᠨ ᠬᠡᠰᠡᠭ᠎ᠤᠨ ᠡᠵᠡᠮᠳᠡᠨ ᠵᠢᠯᠣᠭᠤᠳᠭᠤ ᠢᠨᠵᠧᠨᠧᠷᠢᠩ᠎ᠢ ᠦᠷᠭᠦᠯᠵᠢᠯᠡᠨ ᠪᠠᠢᠭᠤᠯᠵᠤ ᠪᠠᠬᠢᠵᠢᠭᠦᠯᠬᠦ᠌ ᠠᠵᠢᠯ᠎ᠢ ᠲᠦᠷᠭᠡᠳᠭᠡᠵᠦ᠍᠂ ᠠᠶᠤᠯᠲᠠᠶ ᠪᠠᠷᠢᠯᠭ᠎ᠠ ᠠᠶᠤᠯᠲᠠᠶ ᠬᠡᠰᠡᠭ ᠪᠠ ᠪᠠᠭᠤᠷᠠᠶ ᠬᠠᠱᠢᠯᠭ᠎ᠠ᠎ᠶ᠋ᠢᠨ ᠵᠠᠰᠠᠯᠳᠠ᠎ᠶ᠋ᠢ ᠴᠢᠩᠭᠠᠳᠭᠠᠵᠤ᠂ ᠭᠤᠣᠯ ᠭᠤᠯᠳᠤᠷᠢᠯ᠎ᠤᠨ ᠦᠶᠡᠷ᠎ᠢ ᠵᠠᠯᠠᠨ ᠡᠯᠡᠰᠦ᠎ᠶ᠋ᠢ ᠳᠠᠮᠵᠢᠭᠤᠯᠬᠤ ᠴᠢᠳᠠᠪᠬᠢ᠎ᠶ᠋ᠢ ᠳᠡᠭᠡᠭ᠌ᠰᠢᠯᠡᠭᠦᠯᠵᠦ᠍᠂ ᠬᠦᠪᠪᠦᠮᠡᠯ ᠴᠢᠨᠠᠷᠲᠠᠶ ᠭᠤᠣᠯ᠎ᠤᠨ ᠬᠡᠰᠡᠭ᠎ᠤᠨ ᠭᠤᠣᠯ᠎ᠤᠨ ᠪᠠᠢᠳᠠᠯ᠎ᠢ ᠪᠦᠲᠦᠮᠵᠢᠲᠡᠶ ᠡᠵᠡᠮᠳᠡᠨ᠎ᠡ᠃ ᠳᠤᠤᠷᠠᠳᠤ ᠤᠷᠤᠰᠭᠠᠯ᠎ᠤᠨ 《ᠬᠤᠶᠠᠳᠤᠭᠠᠷ ᠳᠡᠰ᠎ᠤᠨ ᠡᠯᠭᠦᠮᠡᠯ ᠭᠤᠣᠯ》 ᠤᠨ ᠵᠠᠰᠠᠯᠳᠠ᠎ᠶ᠋ᠢ ᠥᠷᠨᠢᠭᠦᠯᠵᠦ᠍᠂ ᠬᠠᠲᠤᠨ ᠭᠤᠣᠯ᠎ᠤᠨ ᠶᠡᠭᠡ ᠬᠠᠱᠢᠯᠭ᠎ᠠ᠎ᠶ᠋ᠢᠨ ᠠᠮᠤᠷ ᠲᠦᠪᠱᠢᠨ᠎ᠤ ᠠᠶᠤᠯ ᠲᠦᠭ᠌ᠰᠢᠭᠦᠷᠢ᠎ᠶ᠋ᠢ ᠪᠠᠭᠠᠰᠭᠠᠨ᠎ᠠ᠃ ᠨᠢᠩᠱᠢᠶᠠ ᠥᠪᠥᠷ ᠮᠣᠩᠭᠤᠯ ᠵᠡᠷᠭᠡ ᠭᠤᠣᠯ᠎ᠤᠨ ᠬᠡᠰᠡᠭ᠎ᠤᠨ ᠬᠠᠱᠢᠯᠭ᠎ᠠ᠎ᠶ᠋ᠢᠨ ᠪᠠᠷᠢᠯᠭ᠎ᠠ᠎ᠶ᠋ᠢ ᠪᠠᠷᠢᠮᠵᠢᠶ᠎ᠠ᠎ᠳᠤ ᠬᠦᠷᠭᠡᠬᠦ᠌᠎ᠶ᠋ᠢ ᠲᠦᠷᠭᠡᠳᠭᠡᠨ ᠠᠬᠢᠭᠤᠯᠤᠨ᠎ᠠ᠃ ᠬᠠᠲᠤᠨ ᠭᠤᠤᠯ᠎ᠤᠨ ᠭᠤᠤᠯ ᠰᠠᠯᠪᠤᠷᠢ ᠤᠷᠤᠰᠭᠠᠯ᠎ᠤᠨ ᠦᠶᠡᠷ᠎ᠢ ᠰᠡᠷᠭᠡᠢᠯᠡᠬᠦ᠌ ᠱᠢᠰᠲ᠋ᠧᠮ᠎ᠤᠨ ᠪᠥᠲᠥᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠾᠸᠢ ᠾᠧ ᠭᠤᠤᠯ᠂ ᠪᠠᠶ ᠾᠧ ᠭᠤᠤᠯ᠂ ᠱᠢᠷᠠᠬᠠᠢᠭᠤᠤᠯ᠂ ᠲᠤᠤ ᠾᠧ ᠭᠤᠤᠯ᠂ ᠸᠧᠶ ᠾᠧ ᠭᠤᠤᠯ᠂ ᠹᠧᠨ ᠾᠧ ᠭᠤᠤᠯ᠂ ᠴᠢᠨ ᠾᠧ ᠭᠤᠤᠯ ᠵᠡᠷᠭᠡ ᠭᠤᠤᠯᠳᠠᠯᠭ᠎ᠠ᠎ᠲᠠᠢ ᠰᠠᠯᠪᠤᠷᠢ ᠤᠷᠤᠰᠭᠠᠯ᠎ᠤᠨ ᠦᠶᠡᠷ᠎ᠢ ᠰᠡᠷᠭᠡᠢᠯᠡᠬᠦ᠌ ᠠᠮᠤᠷ ᠲᠦᠪᠱᠢᠨ᠂ ᠱᠢᠷᠦᠭᠦᠨ ᠪᠣᠷᠣᠭᠠᠨ ᠵᠡᠷᠭᠡ᠎ᠠᠴᠠ ᠪᠤᠯᠤᠬ᠍ᠰᠠᠨ ᠭᠡᠨᠡᠳᠲᠡ᠎ᠶ᠋ᠢᠨ ᠴᠢᠨᠠᠷᠲᠠᠶ ᠦᠶᠡᠷ᠎ᠤᠨ ᠤᠰᠤ᠎ᠶ᠋ᠢ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌᠎ᠶ᠋ᠢ ᠴᠢᠩᠭᠠᠳᠭᠠᠨ᠎ᠠ᠃ ᠬᠠᠲᠤᠨ ᠭᠤᠤᠯ ᠬᠤᠸᠠᠢ ᠾᠧ ᠭᠤᠤᠯ ᠬᠠᠶ ᠾᠧ ᠭᠤᠤᠯ᠎ᠤᠨ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠌ ᠱᠢᠰᠲ᠋ᠧᠮ᠎ᠤᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠬᠠᠲᠤᠨ ᠭᠤᠤᠯ ᠳᠠᠭᠠᠤ᠎ᠶ᠋ᠢᠨ ᠦᠶᠡᠷ᠎ᠤᠨ ᠤᠰᠤ᠎ᠶ᠋ᠢ ᠬᠠᠳᠠᠭᠠᠯᠠᠬᠤ ᠣᠷᠣᠨ᠂ ᠦᠶᠡᠷ᠎ᠢ ᠰᠡᠷᠭᠡᠢᠯᠡᠬᠦ᠌ ᠤᠰᠤᠨ ᠴᠥᠭᠦᠷᠥᠮ᠂ ᠤᠰᠤᠲᠤᠯ᠎ᠢ ᠵᠠᠯᠠᠬᠤ ᠬᠥᠭᠡᠷᠭᠡ᠎ᠶ᠋ᠢᠨ ᠥᠷᠲᠡᠭᠡ ᠵᠡᠷᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ᠂ ᠦᠶᠡᠷ᠎ᠢ ᠰᠡᠷᠭᠡᠢᠯᠡᠵᠦ᠍ ᠠᠶᠤᠯ᠎ᠠᠴᠠ ᠵᠠᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠦᠶᠡᠷ᠎ᠢ ᠰᠡᠷᠭᠡᠢᠯᠡᠬᠦ᠌᠎ᠪᠠᠷ ᠤᠷᠢᠲᠠᠯ ᠪᠣᠯᠭᠠᠵᠤ ᠦᠶᠡᠷ᠎ᠤᠨ ᠤᠰᠤ᠎ᠶ᠋ᠢ ᠬᠠᠳᠠᠭᠠᠯᠠᠬᠤ ᠣᠷᠣᠨ᠎ᠤ ᠡᠯ᠎ᠡ ᠲᠦᠷᠦᠯ᠎ᠤᠨ ᠨᠡᠭᠡᠭᠡᠨ ᠬᠥᠭ᠌ᠵᠢᠭᠦᠯᠵᠦ᠍ ᠪᠦᠳᠦᠭᠡᠨ ᠪᠠᠢᠭᠤᠯᠬᠤ ᠠᠵᠢᠯᠯᠠᠭ᠎ᠠ᠎ᠶ᠋ᠢ ᠵᠢᠷᠤᠮᠵᠢᠭᠤᠯᠬᠤ᠎ᠶ᠋ᠢᠨ ᠬᠠᠮᠲᠤ ᠬᠥᠮᠦᠨ ᠠᠮᠠ᠎ᠶ᠋ᠢᠨ ᠬᠡᠪᠴᠢᠶ᠎ᠡ᠎ᠶ᠋ᠢ ᠬᠢᠵᠠᠭᠠᠷᠯᠠᠨ᠎ᠠ᠃ ᠰᠦᠩ ᠬᠠᠯᠢᠶ᠎ᠠ᠎ᠶ᠋ᠢ ᠠᠷᠭᠠᠴᠠᠭᠠᠬᠤ ᠤᠷᠳᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠤᠨ᠂ ᠳᠡᠭᠡᠳᠦ ᠳᠤᠮᠳᠠ ᠤᠷᠤᠰᠭᠠᠯ᠎ᠤᠨ ᠤᠰᠤᠨ ᠴᠥᠭᠦᠷᠥᠮ᠎ᠤᠨ ᠰᠦᠩ ᠬᠠᠯᠢᠶ᠎ᠠ᠎ᠶ᠋ᠢ ᠰᠡᠷᠭᠡᠢᠯᠡᠬᠦ᠌ ᠬᠠᠮᠲᠤᠷᠠᠭ᠍ᠰᠠᠨ ᠲᠤᠬᠢᠷᠠᠭᠤᠯᠤᠯᠳᠠ᠎ᠶ᠋ᠢ ᠴᠢᠩᠭᠠᠷᠠᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠰᠦᠩ ᠬᠠᠯᠢᠶ᠎ᠠ᠎ᠶ᠋ᠢ ᠰᠠᠯᠭᠠᠬᠤ ᠣᠷᠣᠨ᠎ᠤ ᠦᠢᠯᠡᠳᠦᠯ᠎ᠢ ᠪᠠᠳᠠᠷᠠᠭᠤᠯᠤᠨ᠂ ᠰᠦᠩ ᠬᠠᠯᠢᠶ᠎ᠠ᠎ᠶ᠋ᠢ ᠰᠡᠷᠭᠡᠢᠯᠡᠬᠦ᠌ ᠠᠮᠤᠷ ᠲᠦᠪᠱᠢᠨ᠎ᠢ ᠦᠨᠡᠨ ᠬᠦ᠌ ᠪᠠᠲᠤᠯᠠᠨ᠎ᠠ᠃ ᠡᠮᠵᠡᠭ᠎ᠲᠠᠢ ᠠᠶᠤᠯᠲᠠᠢ ᠴᠥᠭᠦᠷᠥᠮ᠎ᠤᠨ ᠠᠶᠤᠯ᠎ᠢ ᠠᠷᠢᠯᠭᠠᠨ ᠪᠠᠬᠢᠯᠡᠬᠦ᠌ᠶ᠋ᠢ ᠬᠡᠷᠡᠭ᠌ᠵᠢᠭᠦᠯᠵᠦ᠍᠂ ᠠᠮᠤᠷ ᠲᠦᠪᠱᠢᠨ᠎ᠤ ᠲᠠᠯᠳᠠ ᠭᠡᠮ᠎ᠢ ᠠᠷᠢᠯᠭᠠᠨ᠎ᠠ᠃
ᠭᠤᠷᠪᠠᠳᠤᠭᠠᠷ ᠬᠡᠰᠡᠭ ᠭᠠᠮᠱᠢᠭ᠎ᠢ ᠠᠷᠭᠠᠴᠠᠭᠠᠬᠤ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ
ᠤᠷᠳᠤ ᠬᠤᠭᠤᠴᠠᠭᠠᠨ᠎ᠤ ᠲᠤᠷᠱᠢᠬᠢ ᠠᠭᠤᠷ ᠠᠮᠢᠰᠭᠤᠯ᠎ᠤᠨ ᠬᠤᠪᠢᠷᠠᠯᠲᠠ᠂ ᠤᠰᠤᠨ ᠵᠦᠢ᠎ᠶ᠋ᠢᠨ ᠨᠥᠬᠦᠴᠡᠯ ᠵᠡᠷᠭᠡ ᠠᠰᠠᠭᠤᠳᠠᠯ᠎ᠤᠨ ᠲᠤᠬᠠᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠢ ᠴᠢᠩᠭᠠᠳᠭᠠᠵᠤ᠂ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠤᠰᠤᠨ᠎ᠤ ᠭᠠᠮᠱᠢᠭ᠎ᠢ ᠠᠷᠢᠯᠭᠠᠨ᠂ ᠤᠰᠤᠨ ᠠᠱᠢᠬ᠍ᠯᠠᠯᠳᠠ᠎ᠶ᠋ᠢ ᠬᠥᠭ᠌ᠵᠢᠭᠦᠯᠵᠦ᠍᠂ ᠬᠠᠳᠤᠨ ᠭᠤᠣᠯ ᠳᠠᠭᠠᠤ ᠭᠠᠵᠠᠷ ᠣᠷᠣᠨ᠎ᠤ ᠡᠯ᠎ᠡ ᠵᠦᠢᠯ᠎ᠤᠨ ᠭᠠᠶ ᠭᠠᠮᠱᠢᠭ᠎ᠢ ᠠᠷᠭᠠᠴᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠬᠠᠲᠤᠨ ᠭᠤᠣᠯ᠎ᠤᠨ ᠰᠠᠪᠠ ᠭᠠᠵᠠᠷ᠎ᠤᠨ ᠤᠰᠤᠨ ᠠᠱᠢᠬ᠍ᠯᠠᠯᠳᠠ᠎ᠶ᠋ᠢᠨ ᠪᠠᠷᠢᠯᠭ᠎ᠠ᠎ᠶ᠋ᠢᠨ ᠬᠠᠮᠲᠤᠷᠠᠨ ᠲᠣᠬᠢᠷᠠᠭᠤᠯᠬᠤ ᠲᠠᠪᠴᠠᠩ᠎ᠢ ᠪᠥᠳᠥᠭᠡᠨ ᠪᠠᠢᠭᠤᠯᠵᠤ᠂ ᠳᠡᠭᠡᠳᠦ ᠳᠤᠮᠳᠠ ᠲᠤᠤᠷᠠᠳᠤ ᠤᠷᠤᠰᠭᠠᠯ᠎ᠤᠨ ᠦᠶᠡᠷ᠎ᠢ ᠰᠡᠷᠭᠡᠢᠯᠡᠨ ᠭᠠᠩ᠎ᠲᠠᠢ ᠲᠡᠮᠡᠴᠡᠬᠦ᠌ ᠬᠤᠯᠪᠤᠭᠠᠯᠠᠨ ᠬᠥᠳᠡᠯᠦᠯᠴᠡᠬᠦ᠌᠎ᠶ᠋ᠢ ᠠᠬᠢᠭᠤᠯᠤᠨ᠎ᠠ᠃ ᠰᠠᠪᠠ ᠭᠠᠵᠠᠷ᠎ᠤᠨ ᠴᠢᠨᠠᠷᠲᠠᠶ ᠣᠨᠴᠠ ᠶᠡᠭᠡ ᠦᠶᠡᠷ᠂ ᠬᠦᠨᠳᠦ ᠨᠤᠴᠢᠳᠠᠢ ᠣᠨᠴᠠ ᠶᠡᠭᠡ ᠲᠦᠭ᠌ᠰᠢᠭᠦᠷᠢᠲᠦ ᠪᠠᠢᠳᠠᠯ᠂ ᠭᠠᠮᠱᠢᠭ᠎ᠤᠨ ᠪᠠᠢᠳᠠᠯ᠂ ᠲᠦᠢᠯ᠎ᠤᠨ ᠭᠠᠩ ᠬᠠᠭ᠍ᠰᠠᠷᠠᠭᠠᠨ ᠵᠡᠷᠭᠡ ᠭᠡᠨᠡᠳᠲᠡ᠎ᠶ᠋ᠢᠨ ᠪᠠᠴᠢᠮ ᠪᠠᠢᠳᠠᠯ᠎ᠢ ᠠᠷᠭᠠᠴᠠᠭᠠᠨ ᠱᠢᠢᠳᠪᠤᠷᠢᠯᠡᠬᠦ᠌ ᠴᠢᠳᠠᠪᠤᠷᠢ᠎ᠶ᠋ᠢ ᠨᠡᠮᠡᠭ᠌ᠳᠡᠭᠦᠯᠦᠨ᠎ᠡ᠃ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠪᠠᠴᠢᠮ ᠪᠠᠢᠳᠠᠯ᠎ᠢ ᠠᠷᠭᠠᠴᠠᠭᠠᠬᠤ ᠲᠥ᠋ᠰᠦᠯ ᠪᠡᠯᠡᠳᠭᠡᠯ ᠲᠥᠰᠦᠯ᠂ ᠤᠷᠢᠳᠴᠢᠯᠠᠨ ᠰᠡᠷᠡᠮᠵᠢᠯᠡᠭᠦᠯᠬᠦ᠌ ᠨᠡᠢᠲᠡᠯᠡᠯ᠂ ᠠᠶᠤᠯ᠎ᠠᠴᠠ ᠠᠪᠤᠷᠠᠨ ᠲᠤᠰᠠᠯᠠᠬᠤ᠂ ᠢᠨᠵᠧᠨᠧᠷᠢᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠡᠳ᠋ ᠪᠣᠳᠠᠰ᠎ᠤᠨ ᠨᠥᠭᠡᠴᠡᠯᠡᠯᠲᠡ ᠵᠡᠷᠭᠡ ᠶᠡᠷᠦᠩᠬᠡᠢᠯᠡᠭ᠌ᠰᠡᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠡᠳ᠋ ᠪᠠᠷᠠᠭᠠᠨ᠎ᠤ ᠰᠦᠯᠵᠢᠶ᠎ᠡ᠂ ᠳᠠᠭᠠᠭᠤᠯᠢ ᠣᠳᠣᠨ᠎ᠤ ᠠᠯᠤᠰ ᠰᠡᠷᠡᠯ᠂ ᠵᠢᠯᠣᠭᠤᠴᠢ ᠥᠬᠡᠶ ᠨᠢᠰᠭᠡᠯ ᠵᠡᠷᠭᠡ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭ᠌ᠯᠡᠨ᠂ ᠤᠰᠤᠨ ᠵᠦᠶ᠂ ᠴᠠᠭ ᠠᠭᠤᠷ᠂ ᠭᠠᠵᠠᠷ᠎ᠤᠨ ᠭᠠᠮᠱᠢᠭ᠂ ᠪᠣᠷᠣᠭᠠᠨ᠎ᠤ ᠪᠠᠢᠳᠠᠯ᠂ ᠰᠥᠩ ᠬᠠᠯᠢᠶ᠎ᠠ᠎ᠶ᠋ᠢᠨ ᠪᠠᠢᠳᠠᠯ᠂ ᠭᠠᠩ ᠬᠠᠭ᠍ᠰᠠᠷᠠᠭᠠᠨᠤ ᠪᠠᠢᠳᠠᠯ ᠵᠡᠷᠭᠡ ᠪᠠᠢᠳᠠᠯ᠎ᠤᠨ ᠬᠥᠳᠡᠯᠦᠩᠭᠦᠶ ᠬᠢᠨᠠᠨ ᠬᠡᠮᠵᠢᠯᠳᠡ ᠪᠠ ᠱᠢᠨᠵᠢᠯᠡᠬᠦ᠌ ᠤᠬᠠᠭᠠᠨᠴᠢ ᠵᠠᠳᠠᠯᠤᠯᠳᠠ᠎ᠶ᠋ᠢ ᠴᠢᠩᠭᠠᠷᠠᠭᠤᠯᠵᠤ᠂ ᠶᠡᠷᠦᠩᠬᠡᠢᠯᠡᠭ᠌ᠰᠡᠨ ᠲᠣᠭᠠᠴᠢᠯᠠᠭ᠍ᠰᠠᠨ ᠲᠠᠪᠴᠠᠩ᠎ᠢ ᠪᠠᠢᠭᠤᠯᠤᠨ᠂ ᠲᠤᠭ᠎ᠠ ᠪᠠᠷᠢᠮᠲᠠ᠎ᠶ᠋ᠢᠨ ᠡᠬᠢ ᠪᠠᠶᠠᠯᠢᠭ᠎ᠢ ᠭᠠᠵᠠᠷ ᠣᠷᠣᠨ ᠠᠯᠤᠰᠯᠠᠨ ᠰᠠᠯᠠᠭ᠎ᠠ ᠮᠥᠴᠢᠷ ᠠᠯᠤᠰᠯᠠᠨ ᠬᠠᠷᠢᠯᠴᠠᠨ ᠨᠡᠪᠲᠡᠷᠡᠯᠴᠡᠵᠦ᠍ ᠬᠠᠮᠲᠤ᠎ᠪᠠᠷ ᠡᠳ᠋ᠯᠡᠬᠦ᠌᠎ᠶ᠋ᠢ ᠪᠡᠶᠡᠯᠡᠭᠦᠯᠵᠦ᠍᠂ 《ᠤᠶᠤᠨᠲᠤ ᠬᠠᠲᠤᠨ ᠭᠤᠤᠯ》 ᠢ ᠪᠥᠲᠥᠭᠡᠨ ᠪᠠᠢᠭᠤᠯᠤᠨ᠎ᠠ᠃
ᠪᠥᠬᠦ᠌ ᠠᠮᠢ ᠨᠠᠰᠤᠨ᠎ᠤ ᠦᠶᠡᠯᠡᠯ᠎ᠤᠨ ᠬᠤᠭᠤᠴᠠᠭᠠᠨ᠎ᠤ ᠬᠠᠮᠢᠶᠠᠷᠤᠯᠲᠠ᠎ᠶ᠋ᠢᠨ ᠤᠢ᠍ᠢᠯᠠᠭᠠᠭ᠍ᠳᠠᠬᠤᠨ᠎ᠢ ᠬᠠᠲᠤᠨ ᠭᠤᠤᠯ ᠳᠠᠭᠠᠤ᠎ᠶ᠋ᠢᠨ ᠬᠤᠲᠠ᠎ᠶ᠋ᠢᠨ ᠪᠥᠯᠦᠭ᠌ᠵᠢᠯᠤᠨ ᠲᠥᠯᠥᠪᠵᠢᠭᠦᠯᠭᠡ᠂ ᠪᠥᠲᠥᠭᠡᠨ ᠪᠠᠢᠭᠤᠯᠤᠯᠲᠠ᠂ ᠬᠠᠮᠢᠶᠠᠷᠤᠯᠲᠠ᠎ᠶ᠋ᠢᠨ ᠪᠥᠬᠦ᠌ ᠶᠠᠪᠤᠴᠠ ᠡᠯ᠎ᠡ ᠭᠤᠭ᠍ᠴᠤᠭ᠎ᠠ᠎ᠳᠤ ᠲᠤᠭᠤᠱᠢᠯᠠᠭᠤᠯᠵᠤ᠂ ᠦᠶᠡᠷ᠎ᠢ ᠰᠡᠷᠭᠡᠢᠯᠡᠨ ᠭᠠᠮᠱᠢᠭ᠎ᠢ ᠪᠠᠭᠠᠰᠭᠠᠬᠤ᠂ ᠤᠰᠤ᠎ᠶ᠋ᠢ ᠲᠠᠲᠠᠷᠠᠭᠤᠯᠤᠨ ᠤᠰᠤᠲᠤᠯ᠎ᠢ ᠰᠡᠷᠭᠡᠢᠯᠡᠬᠦ᠌ ᠵᠡᠷᠭᠡ ᠣᠯᠠᠨ ᠨᠡᠢᠲᠡ᠎ᠶ᠋ᠢᠨ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠨ᠂ ᠶᠡᠭᠡ ᠬᠤᠳᠠ ᠪᠠ ᠳᠤᠮᠳᠠ ᠵᠡᠷᠭᠡ᠎ᠶ᠋ᠢᠨ ᠬᠤᠲᠠ᠎ᠶ᠋ᠢᠨ ᠭᠠᠮᠱᠢᠭ᠎ᠢ ᠡᠰᠡᠷᠭᠦᠴᠡᠬᠦ᠌ ᠴᠢᠳᠠᠪᠤᠷᠢ᠎ᠶ᠋ᠢ ᠴᠢᠩᠭᠠᠷᠠᠭᠤᠯᠤᠨ᠎ᠠ᠃ ᠦᠨᠳᠦᠰᠦᠨ ᠱᠠᠲᠤᠨ᠎ᠤ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠨᠡᠢᠭᠡᠮ ᠨᠡᠢᠲᠡ᠎ᠶ᠋ᠢᠨ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠬᠦ᠌ ᠤᠬᠠᠮᠰᠠᠷ᠎ᠢ ᠲᠠᠬᠡᠭ᠌ᠰᠢᠯᠡᠬᠦᠯᠤᠨ᠂ ᠪᠠᠢᠩᠭᠤᠵᠢᠭ᠍ᠰᠠᠨ ᠪᠠᠢᠯᠳᠤᠭᠠᠨᠴᠢᠯᠠᠭ᠍ᠰᠠᠨ ᠬᠠᠮᠵᠢᠯᠴᠠᠬᠤ ᠳᠠᠢᠴᠢᠯᠠᠯᠳᠠ᠎ᠶ᠋ᠢᠨ ᠰᠣᠷᠢᠯᠲᠠ ᠥᠷᠨᠢᠭᠦᠯᠦᠨ᠎ᠡ᠃
ᠨᠠᠢ᠍ᠮᠠᠳᠤᠭᠠᠷ ᠪᠦᠯᠦᠭ ᠣᠷᠴᠢᠨ ᠲᠤᠭᠤᠷᠢᠨ᠎ᠤ ᠪᠣᠬᠢᠷᠲᠤᠯ᠎ᠤᠨ ᠱᠢᠰᠲ᠋ᠧᠮ᠎ᠲᠠᠢ ᠵᠠᠰᠠᠯᠳᠠ᠎ᠶ᠋ᠢ ᠴᠢᠩᠭᠠᠳᠭᠠᠨ᠎ᠠ
ᠬᠠᠲᠤᠨ ᠭᠤᠤᠯ᠎ᠤᠨ ᠪᠣᠬᠢᠷᠲᠤᠯ ᠥᠩᠭᠡᠨ ᠳᠡᠭᠡᠷ᠎ᠡ᠎ᠪᠠᠨ ᠤᠰᠤᠨ᠎ᠳᠤ ᠪᠠᠢᠪᠠᠴᠤ᠌ ᠠᠰᠠᠭᠤᠳᠠᠯ᠎ᠨᠢ ᠰᠠᠪᠠ ᠭᠠᠵᠠᠷ᠎ᠲᠤ ᠪᠠᠢᠵᠤ᠂ ᠤᠭ ᠦᠨᠳᠦᠰᠦ᠎ᠨᠢ ᠡᠷᠭᠢ ᠳᠡᠭᠡᠷ᠎ᠡ ᠪᠠᠢᠨ᠎ᠠ᠃ ᠹᠧᠨ ᠾᠧ ᠭᠤᠤᠯ᠂ ᠬᠤᠸᠠᠩ ᠱᠦᠶ ᠭᠤᠤᠯ᠂ ᠰᠦᠱᠦᠢ ᠭᠤᠤᠯ᠂ ᠱᠢᠷᠬᠤᠰᠤᠨ ᠭᠤᠤᠯ᠂ ᠶᠠᠨ ᠾᠧ ᠭᠤᠤᠯ᠂ ᠤᠯᠠᠭᠠᠨᠰᠤᠬᠠᠢ ᠨᠠᠭᠤᠷ᠂ ᠳ᠋ᠦᠩ ᠫᠢᠩ ᠬᠤ᠌ ᠨᠠᠭᠤᠷ ᠵᠡᠷᠭᠡ ᠭᠤᠤᠯ ᠮᠥᠷᠡᠨ ᠨᠠᠭᠤᠷ ᠴᠥᠭᠦᠷᠥᠮ᠎ᠢᠶᠠᠷ ᠭᠤᠤᠯᠳᠠᠯᠭ᠎ᠠ ᠪᠣᠯᠭᠠᠨ᠂ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠂ ᠠᠵᠤ ᠦᠢᠯᠡᠳᠪᠤᠷᠢ᠎ᠶ᠋ᠢᠨ ᠪᠣᠬᠢᠷᠲᠤᠯ᠂ ᠬᠤᠲᠠ ᠬᠥᠳᠡᠭᠡ᠎ᠶ᠋ᠢᠨ ᠠᠮᠢᠳᠤᠷᠠᠯ᠎ᠤᠨ ᠬᠤᠭ ᠨᠤᠪᠰᠢ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ ᠪᠠ ᠠᠭᠤᠷᠬᠠᠶ᠎ᠶ᠋ᠢᠨ ᠣᠷᠣᠨ᠎ᠤ ᠠᠮᠢ ᠠᠬᠤᠶ ᠣᠷᠴᠢᠨ ᠲᠣᠭᠤᠷᠢᠨ᠎ᠢ ᠶᠡᠷᠦᠩᠬᠡᠢᠯᠡᠨ ᠴᠡᠭ᠌ᠴᠡᠯᠡᠨ ᠵᠠᠰᠠᠬᠤ᠎ᠶ᠋ᠢ ᠨᠢᠭᠡᠳᠦᠯᠳᠠᠢ ᠲᠦᠯᠦᠪᠵᠢᠭᠦᠯᠦᠨ ᠠᠬᠢᠭᠤᠯᠵᠤ᠂ 《ᠨᠢᠭᠡ ᠭᠤᠤᠯ᠎ᠳᠤ ᠨᠢᠭᠡ ᠠᠷᠭ᠎ᠠ ᠪᠣᠳᠣᠯᠭ᠎ᠠ》᠂ 《ᠨᠢᠭᠡ ᠨᠠᠭᠤᠷ᠎ᠲᠤ ᠨᠢᠭᠡ ᠠᠷᠭ᠎ᠠ ᠪᠣᠳᠣᠯᠭ᠎ᠠ》 ᠠᠪᠴᠤ᠌᠂ ᠬᠠᠲᠤᠨ ᠭᠤᠤᠯ᠎ᠤᠨ ᠰᠠᠯᠪᠤᠷᠢ ᠤᠷᠤᠰᠭᠠᠯ ᠵᠢᠴᠢ ᠰᠠᠪᠠ ᠭᠠᠵᠠᠷ᠎ᠤᠨ ᠠᠮᠢ ᠠᠬᠤᠶ ᠣᠷᠴᠢᠨ ᠲᠣᠭᠤᠷᠢᠨ᠎ᠤ ᠵᠠᠰᠠᠯᠳᠠ᠎ᠶ᠋ᠢ ᠴᠢᠩᠭᠠᠳᠭᠠᠨ᠂ ᠬᠠᠲᠤᠨ ᠭᠤᠤᠯ᠎ᠤᠨ 《ᠬᠢᠯᠭᠠᠰᠤᠨ ᠰᠤᠳᠠᠯ》 ᠢ ᠴᠡᠪᠡᠷᠱᠢᠭᠦᠯᠵᠦ᠍᠂ ᠤᠰᠤ ᠠᠷᠪᠢᠯᠠᠬᠤ ᠪᠠ ᠪᠣᠬᠢᠷᠲᠤᠯ᠎ᠢ ᠵᠠᠰᠠᠬᠤ ᠦᠷ᠎ᠡ ᠪᠦᠲᠦᠮᠵᠢ᠎ᠶ᠋ᠢ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ᠎ᠲᠠᠢ ᠬᠤᠯᠪᠤᠭ᠍ᠳᠠᠭᠤᠯᠤᠨᠠ᠃
ᠨᠢᠭᠡᠳᠦᠭᠡᠷ ᠬᠡᠰᠡᠭ ᠲᠠᠷᠢᠶᠠᠨ ᠭᠠᠵᠠᠷ᠎ᠤᠨ ᠪᠤᠬᠢᠷᠳᠤᠯ᠎ᠤᠨ ᠶᠡᠷᠦᠩᠬᠡᠢᠯᠡᠭ᠌ᠰᠡᠨ ᠵᠠᠰᠠᠯᠳᠠ᠎ᠶ᠋ᠢ ᠴᠢᠩᠭᠠᠤᠨᠬᠠᠨ᠎ᠠ
ᠤᠷᠤᠨ ᠨᠤᠳᠤᠭ᠎ᠤᠨ ᠪᠠᠢᠳᠠᠯ᠎ᠳᠤ ᠳᠤᠬᠢᠷᠠᠭᠤᠯᠤᠨ ᠣᠯᠠᠨ ᠵᠦᠢᠯ᠎ᠤᠨ ᠬᠡᠯᠪᠡᠷᠢ᠎ᠶ᠋ᠢᠨ ᠵᠤᠬᠢᠬᠤ ᠬᠡᠪᠴᠢᠶ᠎ᠡ᠎ᠵᠢ᠎ᠳᠤ ᠡᠵᠡᠩᠨᠡᠯᠲᠡ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠪᠣᠷᠳᠣᠭᠤᠷ ᠣᠷᠣᠭᠤᠯᠬᠤ᠂ ᠠᠮᠤᠷ ᠲᠦᠪᠱᠢᠨ᠎ᠢᠶᠠᠷ ᠲᠠᠷᠢᠶᠠᠨ ᠡᠮ ᠬᠡᠷᠡᠭ᠌ᠯᠡᠬᠦ᠂ ᠲᠠᠷᠢᠶᠠᠨ ᠭᠠᠵᠠᠷ᠎ᠤᠨ ᠠᠷᠪᠢᠳᠠᠢ ᠤᠰᠤᠯᠠᠯᠳᠠ ᠵᠡᠷᠭᠡ ᠠᠷᠢᠭᠤᠨ ᠴᠡᠪᠡᠷ ᠦᠢᠯᠡᠳᠪᠦᠷᠢᠯᠡᠯ᠎ᠤᠨ ᠮᠡᠷᠭᠡᠵᠢᠯ ᠬᠢᠭᠡᠳ ᠲᠡᠷᠢᠭᠦᠨ᠎ᠤ ᠬᠡᠷᠡᠭ᠌ᠯᠡᠭᠡᠨ᠎ᠤ ᠲᠣᠨᠣᠭ᠍ᠯᠠᠯ᠎ᠢ ᠳᠡᠯᠭᠡᠷᠡᠭᠦᠯᠵᠦ᠍᠂ ᠬᠢᠮᠢ᠎ᠶ᠋ᠢᠨ ᠪᠣᠷᠳᠣᠭᠤᠷ᠂ ᠲᠠᠷᠢᠶᠠᠨ ᠡᠮ᠂ ᠲᠡᠵᠢᠭᠡᠯ ᠪᠣᠷᠳᠤᠭ᠎ᠠ ᠵᠡᠷᠭᠡ᠎ᠶ᠋ᠢᠨ ᠠᠱᠢᠡᠡᠯᠠᠯᠳᠠᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠮᠠᠯ ᠵᠢᠭᠦᠷᠲᠡᠨ᠎ᠤ ᠢᠯᠭᠠᠳᠠᠰᠤ᠎ᠶ᠋ᠢᠨ ᠪᠣᠬᠢᠷᠲᠤᠯ᠂ ᠲᠠᠷᠢᠮᠠᠯ᠎ᠤᠨ ᠡᠰᠢ ᠰᠦᠷᠡᠯ ᠵᠡᠷᠭᠡ ᠲᠠᠷᠢᠶᠠᠯᠠᠩ᠎ᠤᠨ ᠬᠠᠶᠠᠭ᠍ᠳᠠᠮᠠᠯ ᠪᠤᠳᠠᠰ᠎ᠢ ᠶᠡᠷᠦᠩᠬᠡᠢᠯᠡᠨ ᠠᠱᠢᠡᠡᠯᠠᠬᠤ ᠪᠠ ᠬᠤᠣᠷ ᠥᠬᠡᠢᠳᠡᠭᠦᠯᠦᠨ ᠱᠢᠢᠳᠪᠤᠷᠢᠯᠡᠬᠦ᠌ ᠱᠢᠰᠲ᠋ᠧᠮ᠎ᠢ ᠪᠠᠢᠭᠤᠯᠤᠨ ᠪᠦᠷᠢᠨᠱᠢᠭᠦᠯᠤᠨᠠ᠃ ᠨᠢᠩᠱᠢᠶᠠ ᠦᠪᠦᠷ ᠮᠤᠩᠭᠤᠯ᠎ᠤᠨ ᠬᠠᠳᠤᠨ ᠭᠤᠤᠯ᠎ᠤᠨ ᠲᠤᠬᠤᠢ᠂ ᠹᠧᠨ ᠾᠧ ᠭᠤᠤᠯ ᠪᠠ ᠸᠧᠶ ᠾᠧ ᠭᠤᠤᠯ᠂ ᠬᠥᠬᠡᠨᠠᠭᠤᠷ᠎ᠤᠨ ᠬᠤᠸᠠᠩ ᠱᠦᠶ ᠭᠤᠤᠯ ᠪᠣᠯᠤᠨ ᠳ᠋ᠠ ᠲᠦᠩ ᠾᠧ ᠭᠤᠤᠯ᠂ ᠭᠠᠨᠰᠦ᠎ᠶ᠋ᠢᠨ ᠬᠠᠲᠤᠨ ᠭᠤᠤᠯ ᠳᠠᠭᠠᠤ᠂ ᠳᠤᠮᠳᠠᠳᠤ ᠳᠤᠤᠷᠠᠳᠤ ᠤᠷᠤᠰᠭᠠᠯ᠎ᠤᠨ ᠬᠠᠲᠤᠨ ᠭᠤᠤᠯ᠎ᠤᠨ ᠤᠰᠤ᠎ᠶ᠋ᠢ ᠳᠠᠳᠠᠳᠠᠭ ᠤᠰᠤᠯᠠᠯᠲᠠ᠎ᠶ᠋ᠢᠨ ᠣᠷᠣᠨ ᠵᠡᠷᠭᠡ ᠣᠷᠣᠨ ᠪᠦᠰᠡ᠎ᠳᠤ ᠲᠠᠷᠢᠶᠠᠨ ᠭᠠᠵᠠᠷ᠎ᠤᠨ ᠤᠰᠤ᠎ᠶ᠋ᠢ ᠲᠠᠲᠠᠷᠠᠭᠤᠯᠤᠨ ᠪᠣᠬᠢᠷᠲᠤᠯ᠎ᠢ ᠶᠡᠷᠦᠩᠬᠡᠢᠯᠡᠨ ᠵᠠᠰᠠᠬᠤ᠎ᠶ᠋ᠢ ᠬᠡᠷᠡᠭ᠌ᠵᠢᠭᠦᠯᠵᠦ᠍᠂ ᠠᠮᠢ ᠠᠬᠤᠶ᠎ᠶ᠋ᠢᠨ ᠭᠤᠤ ᠰᠤᠪᠠᠭ᠂ ᠪᠣᠬᠢᠷ ᠤᠰᠤ᠎ᠶ᠋ᠢ ᠴᠡᠪᠡᠷᠱᠢᠭᠦᠯᠬᠦ᠌ ᠴᠥᠭᠦᠷᠥᠮ᠂ ᠲᠠᠷᠢᠮᠠᠯ ᠨᠤᠭᠤ ᠭᠠᠵᠠᠷ ᠵᠡᠷᠭᠡ ᠠᠽᠣᠲ᠂ ᠹᠣᠰᠹᠣᠷᠢ ᠥᠨᠳᠥᠷ ᠪᠦᠲᠦᠮᠵᠢᠲᠡᠶ ᠬᠠᠱᠢᠨ ᠴᠡᠪᠡᠷᠱᠢᠭᠦᠯᠬᠦ᠌ ᠠᠮᠢ ᠠᠬᠤᠢ᠎ᠶ᠋ᠢᠨ ᠲᠦᠬᠦᠭᠡᠷᠦᠮᠵᠢ᠎ᠶ᠋ᠢ ᠪᠥᠲᠥᠭᠡᠨ ᠪᠠᠢᠭᠤᠯᠵᠤ᠂ ᠲᠠᠷᠢᠶᠠᠨ ᠭᠠᠵᠠᠷ᠎ᠤᠨ ᠳᠠᠳᠠᠷᠠᠭᠤᠯᠤᠭ᠍ᠰᠠᠨ ᠤᠰᠤ᠎ᠶ᠋ᠢ ᠡᠷᠬᠢᠯᠳᠤᠭᠦᠯᠦᠨ ᠠᠱᠢᠡᠡᠯᠠᠬᠤᠶ᠋ᠢ ᠴᠢᠩᠭᠠᠳᠭᠠᠨ᠎ᠠ᠃ ᠲᠠᠷᠢᠶᠠᠨ ᠭᠠᠵᠠᠷ᠎ᠤᠨ ᠬᠥᠷᠥᠰᠥ᠍ ᠱᠢᠷᠣᠶ᠎ᠶ᠋ᠢᠨ ᠣᠷᠴᠢᠨ ᠲᠣᠭᠤᠷᠢᠨ᠎ᠤ ᠶᠠᠰᠤ ᠴᠢᠨᠠᠷ᠎ᠢ ᠲᠥᠷᠥᠯ ᠬᠤᠪᠢᠶᠠᠨ ᠬᠠᠮᠢᠶᠠᠷᠬᠤ᠎ᠶ᠋ᠢ ᠬᠡᠷᠡᠭ᠌ᠵᠢᠭᠦᠯᠵᠦ᠍᠂ ᠪᠣᠬᠢᠷᠲᠤᠭ᠍ᠰᠠᠨ ᠲᠠᠷᠢᠶᠠᠨ ᠭᠠᠵᠠᠷ᠎ᠢ ᠠᠮᠤᠷ ᠲᠦᠪᠱᠢᠨ᠎ᠢᠶᠠᠷ ᠠᠱᠢᠡᠡᠯᠠᠵᠤ ᠵᠢᠱ᠌ᠢᠶ᠎ᠡ ᠦᠵᠡᠭᠦᠯᠬᠦ᠌᠎ᠶ᠋ᠢ ᠲᠥᠪᠯᠡᠷᠡᠭᠦᠯᠦᠨ ᠠᠬᠢᠭᠤᠯᠤᠨ᠎ᠠ᠃ ᠲᠠᠷᠢᠶᠠᠨ ᠭᠠᠵᠠᠷ᠎ᠤᠨ ᠦᠯᠡᠳᠡᠭ᠌ᠳᠡᠯ ᠰᠦᠯᠢᠶᠣᠣ ᠪᠦᠷᠬᠦᠪᠴᠢ᠂ ᠲᠠᠷᠢᠶᠠᠨ ᠡᠮ ᠬᠢᠮᠢ᠎ᠶ᠋ᠢᠨ ᠪᠤᠷᠳᠤᠭᠤᠷ᠎ᠤᠨ ᠰᠦᠯᠢᠶᠣᠣ ᠪᠣᠭᠤᠳᠠᠯ ᠵᠡᠷᠭᠡ᠎ᠶ᠋ᠢ ᠴᠡᠪᠡᠷᠯᠡᠨ ᠴᠡᠭ᠌ᠴᠡᠯᠡᠬᠦ᠌ ᠠᠵᠢᠯ᠎ᠢ ᠠᠬᠢᠭᠤᠯᠤᠨ᠎ᠠ᠃ ᠱᠠᠨ ᠰᠢ᠂ ᠾᠧᠨᠠᠨ᠂ ᠱᠠᠨᠳᠦ᠋ᠩ ᠵᠡᠷᠭᠡ ᠬᠠᠳᠦᠠ ᠭᠤᠣᠯ᠎ᠤᠨ ᠳᠤᠮᠳᠠᠳᠤ ᠲᠤᠤᠷᠡᠳᠦ ᠤᠷᠤᠰᠭᠠᠯ᠎ᠤᠨ ᠭᠠᠵᠠᠷ ᠣᠷᠣᠨ᠎ᠤ ᠠᠽᠣᠲ᠎ᠤᠨ ᠪᠣᠬᠢᠷᠲᠤᠯ᠎ᠢ ᠶᠡᠷᠦᠩᠬᠡᠢᠯᠡᠨ ᠬᠢᠵᠠᠭᠠᠷᠯᠠᠬᠤ ᠠᠵᠢᠯ᠎ᠢ ᠬᠠᠮᠵᠢᠯᠴᠠᠨ ᠠᠬᠢᠭᠤᠯᠵᠤ᠂ ᠬᠠᠳᠦᠠ ᠭᠤᠣᠯ᠎ᠤᠨ ᠲᠡᠯᠡᠢ᠎ᠳᠤ ᠴᠢᠳᠭᠤᠬᠤ ᠭᠠᠵᠠᠷ᠎ᠤᠨ ᠲᠡᠯᠡᠢ᠎ᠶ᠋ᠢᠨ ᠣᠷᠣᠨ᠎ᠤ ᠣᠷᠴᠢᠨ ᠲᠤᠭᠤᠷᠢᠨ᠎ᠤ ᠪᠣᠬᠢᠷᠲᠤᠯ᠎ᠢ ᠪᠠᠭᠠᠰᠭᠠᠨ᠎ᠠ᠃
ᠬᠤᠶᠠᠳᠤᠭᠠᠷ ᠬᠡᠰᠡᠭ ᠠᠵᠤ ᠦᠢᠯᠡᠳᠪᠦᠷᠢ᠎ᠶ᠋ᠢᠨ ᠪᠣᠬᠢᠷᠲᠤᠯ᠎ᠢ ᠬᠠᠮᠵᠢᠯᠴᠠᠨ ᠵᠠᠰᠠᠬᠤ ᠡᠷᠴᠢᠮ᠎ᠢ ᠴᠢᠩᠭᠠᠷᠠᠭᠤᠯᠤᠨ᠎ᠠ
ᠬᠠᠲᠤᠨ ᠭᠤᠤᠯ ᠳᠠᠭᠠᠤ᠎ᠶ᠋ᠢᠨ ᠵᠣᠬᠢᠬᠤ ᠬᠦᠷᠢᠶ᠎ᠡ ᠬᠡᠪᠴᠢᠶᠡᠨ᠎ᠳᠠᠬᠢ ᠤᠰᠤ᠎ᠶ᠋ᠢ ᠶᠡᠭᠡ᠎ᠪᠠᠷ ᠬᠤᠷᠣᠭ᠍ᠳᠠᠭᠤᠯᠬᠤ᠂ ᠪᠣᠬᠢᠷᠲᠤᠯ ᠶᠡᠬᠡᠲᠡᠶ ᠠᠵᠤ ᠠᠬᠤᠢᠯᠠᠯ᠎ᠢ ᠲᠣᠭ᠍ᠲᠠᠭᠠᠯ᠎ᠳᠤ ᠨᠡᠢᠴᠡᠬᠦ᠌ ᠬᠦᠷᠢᠶᠡᠯᠡᠩ ᠲᠣᠭᠤᠷᠢᠭ᠎ᠲᠤ ᠨᠡᠭᠦᠯᠭᠡᠨ ᠣᠷᠣᠭᠤᠯᠬᠤ᠎ᠶ᠋ᠢ ᠠᠬᠢᠭᠤᠯᠵᠤ᠂ ᠪᠣᠯᠣᠳ ᠲᠡᠮᠦᠷ᠂ ᠨᠡᠭᠦᠷᠡᠰᠦ ᠴᠠᠬᠢᠯᠭᠠᠨ᠎ᠤ ᠮᠠᠰᠢ ᠳᠤᠤᠷ᠎ᠠ ᠭᠠᠳᠠᠭ᠍ᠰᠢᠯᠠᠭᠤᠯᠤᠯᠳᠠ᠎ᠲᠠᠢ ᠥᠭᠡᠷᠡᠴᠢᠯᠡᠯᠲᠡ᠎ᠶ᠋ᠢ ᠲᠦᠷᠭᠡᠳᠭᠡᠨ᠂ ᠨᠡᠭᠦᠷᠡᠰᠦ᠂ ᠢᠯᠴᠢ᠎ᠶ᠋ᠢᠨ ᠴᠠᠬᠢᠯᠭᠠᠨ᠂ ᠪᠣᠯᠣᠳ ᠲᠡᠮᠦᠷ᠂ ᠬᠡᠤᠷᠱᠢᠭᠦᠯᠬᠦ᠂ ᠬᠢᠮᠢ᠎ᠶ᠋ᠢᠨ ᠠᠵᠤ ᠦᠢᠯᠡᠳᠪᠤᠷᠢ᠂ ᠥᠩᠭᠡᠲᠦ ᠲᠡᠮᠦᠷᠯᠢᠭ ᠵᠡᠷᠭᠡ ᠠᠵᠢᠯ ᠲᠥᠷᠥᠯ᠎ᠤᠨ ᠠᠯᠪᠠᠳᠠᠯᠭ᠎ᠠ᠎ᠶ᠋ᠢᠨ ᠴᠢᠨᠠᠷᠲᠠᠶ ᠠᠷᠢᠭᠤᠨ ᠴᠡᠪᠡᠷ ᠦᠢᠯᠡᠳᠪᠤᠷᠢᠯᠡᠯ᠎ᠢ ᠥᠷᠨᠢᠭᠦᠯᠵᠦ᠍᠂ ᠠᠵᠤ ᠦᠢᠯᠡᠳᠪᠤᠷᠢ᠎ᠶ᠋ᠢᠨ ᠵᠤᠤᠬ᠎ᠠ ᠪᠠ ᠭᠤᠤᠯᠳᠠᠯᠭ᠎ᠠ᠎ᠲᠠᠢ ᠠᠵᠢᠯ ᠲᠥᠷᠥᠯ᠎ᠤᠨ ᠳᠡᠭ᠌ᠳᠡᠮᠡᠬᠡᠶ ᠴᠢᠨᠠᠷᠲᠠᠶ ᠣᠷᠭᠠᠨᠢᠭ ᠪᠣᠳᠠᠰ᠎ᠢ ᠶᠡᠷᠦᠩᠬᠡᠢᠯᠡᠨ ᠵᠠᠰᠠᠬᠤ᠎ᠶ᠋ᠢ ᠴᠢᠩᠭᠠᠳᠭᠠᠨ᠂ ᠠᠮᠢ ᠠᠬᠤᠶ ᠬᠡᠪᠡᠷᠡᠭ ᠣᠷᠣᠨ᠎ᠤ ᠠᠵᠤ ᠦᠢᠯᠡᠳᠪᠤᠷᠢ᠎ᠶ᠋ᠢᠨ ᠠᠵᠢᠯ ᠲᠥᠷᠥᠯ᠎ᠤᠨ ᠪᠣᠬᠢᠷ ᠪᠣᠳᠠᠰ ᠭᠠᠳᠠᠭ᠍ᠰᠢᠯᠠᠭᠤᠯᠬᠤ ᠬᠡᠮᠵᠢᠶ᠎ᠠ᠎ᠶ᠋ᠢ ᠤᠨᠴᠠᠭᠠᠢᠯᠠᠨ ᠬᠢᠵᠠᠭᠠᠷᠯᠠᠬᠤ ᠱᠠᠭᠠᠷᠳᠠᠯᠭ᠎ᠠ᠎ᠶ᠋ᠢ ᠬᠡᠷᠡᠭ᠌ᠵᠢᠭᠦᠯᠦᠨ᠎ᠡ᠃ ᠬᠠᠲᠤᠨ ᠭᠤᠣᠯ᠎ᠤᠨ ᠭᠤᠣᠯ ᠤᠷᠤᠰᠭᠠᠯ ᠵᠢᠴᠢ ᠭᠤᠣᠯ ᠪᠣᠯᠬᠤ ᠰᠠᠯᠪᠤᠷᠢ ᠤᠷᠤᠰᠭᠠᠯ᠎ᠤᠨ ᠡᠷᠭᠢ ᠳᠠᠭᠠᠤ᠎ᠶ᠋ᠢᠨ ᠵᠣᠬᠢᠬᠤ ᠬᠡᠪᠴᠢᠶᠡᠨ ᠳᠣᠲᠣᠷ᠎ᠠ 《ᠬᠤᠷᠤᠭ᠍ᠳᠠᠭᠤᠯᠤᠯ ᠶᠡᠬᠡᠳᠠᠢ ᠪᠤᠬᠢᠷᠳᠦᠯ ᠶᠡᠬᠡᠳᠠᠢ ᠡᠬᠢ ᠪᠠᠶᠠᠯᠢᠭ᠎ᠤᠨ ᠴᠢᠨᠠᠷᠳᠠᠢ》 ᠲᠥᠷᠥᠯ ᠵᠦᠢᠯ ᠵᠢᠴᠢ ᠬᠠᠮᠢᠶ᠎ᠠ ᠪᠦᠬᠦᠢ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠢ ᠱᠢᠨ᠎ᠡ᠎ᠪᠠᠷ ᠪᠠᠢᠭᠤᠯᠬᠤ᠎ᠶ᠋ᠢ ᠴᠢᠩᠭ᠎ᠠ ᠴᠠᠭᠠᠵᠠᠯᠠᠨ᠎ᠠ᠃ ᠬᠠᠲᠤᠨ ᠭᠤᠤᠯ᠎ᠤᠨ ᠭᠤᠤᠯ ᠰᠠᠯᠪᠤᠷᠢ ᠤᠷᠤᠰᠭᠠᠯ ᠤᠷᠤᠭᠤ ᠪᠣᠬᠢᠷ ᠪᠤᠳᠠᠰ ᠭᠠᠳᠠᠭ᠍ᠰᠢᠯᠠᠭᠤᠯᠬᠤ ᠭᠠᠵᠠᠷ᠎ᠢ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ ᠦᠷᠨᠢᠭᠦᠯᠵᠦ᠍᠂ ᠪᠤᠬᠢᠷ ᠪᠤᠳᠠᠰ ᠭᠠᠳᠠᠭ᠍ᠰᠢᠯᠠᠭᠤᠯᠬᠤ ᠭᠠᠵᠠᠷ᠎ᠢ ᠪᠦᠬᠦᠨ᠎ᠢ ᠬᠠᠮᠤᠷᠤᠭ᠍ᠰᠠᠨ ᠰᠦᠯᠵᠢᠶᠡᠨ ᠳᠡᠭᠡᠷ᠎ᠡ ᠬᠢᠨᠠᠨ ᠡᠵᠡᠮᠳᠡᠬᠦ᠌ ᠱᠢᠰᠲ᠋ᠧᠮ᠎ᠢ ᠱᠠᠯᠠᠪᠳᠠᠨ ᠪᠠᠢᠭᠤᠯᠵᠤ᠂ ᠭᠤᠤᠯ ᠤᠷᠤᠭᠤ ᠪᠣᠬᠢᠷ ᠪᠤᠳᠠᠰ ᠭᠠᠳᠠᠭ᠍ᠰᠢᠯᠠᠭᠤᠯᠬᠤ ᠭᠠᠵᠠᠷ ᠭᠠᠷᠭᠠᠬᠤ᠎ᠶ᠋ᠢ ᠬᠢᠨᠠᠨ ᠵᠦᠪᠱᠢᠶᠡᠷᠡᠬᠦ᠌᠎ᠶ᠋ᠢ ᠵᠢᠷᠤᠮᠵᠢᠭᠤᠯᠤᠨ᠎ᠠ᠃ ᠪᠣᠬᠢᠷ ᠪᠤᠳᠠᠰ ᠭᠠᠳᠠᠭ᠍ᠰᠢᠯᠠᠭᠤᠯᠬᠤ ᠵᠦᠪᠱᠢᠶᠡᠷᠡᠯ᠎ᠤᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠬᠠᠲᠤᠨ ᠭᠤᠤᠯ ᠳᠠᠭᠠᠤ᠎ᠶ᠋ᠢᠨ ᠪᠣᠶ ᠪᠥᠬᠦᠶ ᠲᠣᠭ᠍ᠲᠠᠮᠠᠯ ᠪᠣᠬᠢᠷ ᠪᠤᠳᠠᠰ ᠭᠠᠳᠠᠭ᠍ᠰᠢᠯᠠᠭᠤᠯᠬᠤ ᠡᠬᠢ᠎ᠨᠢ ᠴᠦᠮ ᠬᠠᠤᠯᠢ ᠶᠣᠰᠣᠭᠠᠷ ᠦᠨᠡᠮᠯᠡᠯ ᠶᠣᠰᠣᠭᠠᠷ ᠪᠣᠬᠢᠷ ᠪᠤᠳᠠᠰ ᠭᠠᠳᠠᠭ᠍ᠰᠢᠯᠠᠭᠤᠯᠬᠤ ᠬᠡᠷᠡᠭ᠌ᠲᠡᠶ᠃ ᠬᠠᠲᠤᠨ ᠭᠤᠤᠯ ᠳᠠᠭᠠᠤ᠎ᠶ᠋ᠢᠨ ᠠᠵᠤ ᠦᠢᠯᠡᠳᠪᠤᠷᠢ᠎ᠶ᠋ᠢᠨ ᠬᠦᠷᠢᠶᠡᠯᠡᠩ ᠲᠣᠭᠤᠷᠢᠭ᠎ᠲᠤ ᠴᠦᠮ ᠪᠣᠬᠢᠷ ᠤᠰᠤ᠎ᠶ᠋ᠢ ᠲᠥᠪᠯᠡᠷᠡᠭᠦᠯᠦᠨ ᠱᠢᠢᠳᠪᠤᠷᠢᠯᠡᠬᠦ᠌ ᠲᠦᠬᠦᠭᠡᠷᠦᠮᠵᠢ ᠪᠠᠢᠭᠤᠯᠬᠤ᠎ᠶ᠋ᠢᠨ ᠬᠠᠮᠲᠤ ᠲᠣᠭ᠍ᠲᠠᠭᠤᠨ᠎ᠢᠶᠠᠷ ᠪᠠᠷᠢᠮᠵᠢᠶ᠎ᠠ᠎ᠳᠤ ᠨᠡᠢᠴᠡᠭᠦᠯᠦᠨ ᠭᠠᠳᠠᠭ᠍ᠰᠢᠯᠠᠭᠤᠯᠬᠤ᠎ᠶ᠋ᠢ ᠪᠠᠳᠤᠯᠠᠵᠤ᠂ ᠠᠵᠤ ᠦᠢᠯᠡᠳᠪᠤᠷᠢ᠎ᠶ᠋ᠢᠨ ᠬᠠᠶᠠᠭ᠍ᠳᠠᠮᠠᠯ ᠤᠰᠤ᠎ᠶ᠋ᠢ ᠱᠢᠢᠳᠪᠤᠷᠢᠯᠡᠭ᠌ᠰᠡᠨ ᠥᠬᠡᠶ ᠪᠤᠶᠤ ᠪᠦᠲᠦᠮᠵᠢᠲᠡᠶ ᠱᠢᠢᠳᠪᠤᠷᠢᠯᠡᠭ᠌ᠰᠡᠨ ᠥᠬᠡᠶ᠎ᠪᠠᠷ ᠬᠤᠲᠠ ᠪᠠᠯᠭᠠᠰᠤ᠎ᠶ᠋ᠢᠨ ᠪᠣᠬᠢᠷ ᠤᠰᠤ ᠱᠢᠢᠳᠪᠤᠷᠢᠯᠡᠬᠦ᠌ ᠱᠢᠰᠲ᠋ᠧᠮ᠎ᠳᠤ ᠱᠢᠭᠤᠳ ᠭᠠᠳᠠᠭ᠍ᠰᠢᠯᠠᠭᠤᠯᠬᠤ᠎ᠶ᠋ᠢ ᠴᠢᠩᠭ᠎ᠠ ᠬᠢᠵᠠᠭᠠᠷᠯᠠᠨ᠂ ᠭᠤᠤᠯ ᠮᠥᠷᠡᠨ ᠨᠠᠭᠤᠷ ᠴᠥᠭᠦᠷᠥᠮ᠂ ᠡᠯᠡᠰᠦ ᠮᠠᠩᠬ᠎ᠠ᠂ ᠨᠤᠭᠤ ᠭᠠᠵᠠᠷ ᠵᠡᠷᠭᠡ᠎ᠳᠤ ᠪᠤᠬᠢᠷ ᠪᠤᠳᠠᠰ᠎ᠢ ᠳᠠᠯᠳᠠᠭᠤᠷ ᠭᠠᠳᠠᠭ᠍ᠰᠢᠯᠠᠭᠤᠯᠬᠤ᠂ ᠱᠢᠭᠤᠳ ᠭᠠᠳᠠᠭ᠍ᠰᠢᠯᠠᠭᠤᠯᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠭᠦᠨ᠎ᠡ᠃ ᠠᠵᠤ ᠦᠢᠯᠡᠳᠪᠦᠷᠢ᠎ᠶ᠋ᠢᠨ ᠬᠠᠶᠠᠭ᠍ᠳᠠᠮᠠᠯ ᠪᠤᠳᠠᠰ᠎ᠤᠨ ᠠᠶᠤᠯ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌ ᠪᠠ ᠲᠡᠦᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠬᠦᠨᠳᠦ ᠲᠡᠮᠦᠷᠯᠢᠭ᠎ᠤᠨ ᠪᠣᠬᠢᠷᠲᠤᠯ᠎ᠤᠨ ᠣᠷᠣᠨ᠎ᠤ ᠵᠠᠰᠠᠯᠲᠠ᠎ᠶ᠋ᠢ ᠴᠢᠩᠭᠠᠳᠭᠠᠵᠤ᠂ ᠠᠶᠤᠯᠲᠠᠶ ᠬᠠᠶᠠᠭ᠍ᠳᠠᠮᠠᠯ ᠪᠤᠳᠠᠰ᠎ᠢᠶᠠᠷ ᠭᠤᠣᠯᠳᠠᠯᠭ᠎ᠠ ᠪᠣᠯᠭᠠᠨ ᠬᠠᠲᠠᠭᠤ ᠪᠡᠶᠡᠲᠦ ᠬᠠᠶᠠᠭ᠍ᠳᠠᠮᠠᠯ ᠪᠤᠳᠠᠰ᠎ᠢ ᠶᠡᠷᠦᠩᠬᠡᠢᠯᠡᠨ ᠴᠡᠭ᠌ᠴᠡᠯᠡᠨ ᠵᠠᠰᠠᠬᠤ ᠠᠵᠢᠯᠯᠠᠭ᠎ᠠ ᠦᠷᠨᠢᠭᠦᠯᠦᠨ᠎ᠡ᠃ ᠠᠮᠢ ᠠᠬᠤᠶ ᠣᠷᠴᠢᠨ ᠲᠣᠭᠤᠷᠢᠨ᠎ᠤ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠎ᠶ᠋ᠢ ᠴᠢᠩᠭᠠᠳᠭᠠᠵᠤ᠂ ᠣᠷᠴᠢᠨ ᠲᠣᠭᠤᠷᠢᠨ᠎ᠤ ᠭᠡᠨᠡᠳᠲᠡ᠎ᠶ᠋ᠢᠨ ᠬᠡᠷᠡᠭ᠎ᠢ ᠪᠦᠲᠦᠮᠵᠢᠲᠡᠶ ᠠᠷᠭᠠᠴᠠᠭᠠᠨ᠎ᠠ᠃ ᠣᠷᠴᠢᠨ ᠲᠣᠭᠤᠷᠢᠨ᠎ᠤ ᠮᠡᠳᠡᠭᠡ ᠵᠠᠩᠭᠢ᠎ᠶ᠋ᠢ ᠠᠯᠪᠠᠳᠠᠯᠭ᠎ᠠ᠎ᠶ᠋ᠢᠨ ᠴᠢᠨᠠᠷᠲᠠᠶ᠎ᠪᠠᠷ ᠢᠯᠡ ᠨᠡᠢᠲᠡᠯᠡᠬᠦ᠌ ᠳᠦᠷᠢᠮ᠎ᠢ ᠪᠦᠷᠢᠨᠱᠢᠭᠦᠯᠦᠨ᠎ᠡ᠃
ᠭᠤᠷᠪᠠᠳᠤᠭᠠᠷ ᠬᠡᠰᠡᠭ ᠬᠤᠳᠠ ᠬᠥᠳᠡᠭᠡ᠎ᠶ᠋ᠢᠨ ᠠᠮᠢᠳᠤᠷᠠᠯ᠎ᠤᠨ ᠬᠤᠭ ᠨᠤᠪᠰᠢ᠎ᠶ᠋ᠢᠨ ᠪᠣᠬᠢᠷᠲᠤᠯ᠎ᠤᠨ ᠵᠠᠰᠠᠯᠳᠠ᠎ᠶ᠋ᠢ ᠨᠢᠭᠡᠳᠦᠯᠳᠠᠢ ᠲᠦᠯᠦᠪᠵᠢᠭᠦᠯᠦᠨ ᠠᠬᠢᠭᠤᠯᠤᠨ᠎ᠠ
ᠪᠣᠬᠢᠷ ᠤᠰᠤ ᠬᠤᠭ ᠨᠣᠪᠰᠢ᠂ ᠡᠮᠴᠢᠯᠡᠭᠡᠨ᠎ᠤ ᠬᠠᠶᠠᠭ᠍ᠳᠠᠮᠠᠯ ᠪᠣᠳᠠᠰ᠂ ᠠᠶᠤᠯᠲᠠᠶ ᠬᠠᠶᠠᠭ᠍ᠳᠠᠮᠠᠯ ᠪᠣᠳᠠᠰ᠎ᠢ ᠱᠢᠢᠳᠪᠤᠷᠢᠯᠡᠬᠦ᠌ ᠵᠡᠷᠭᠡ ᠬᠤᠲᠠ ᠪᠠᠯᠭᠠᠰᠤ᠎ᠶ᠋ᠢᠨ ᠣᠷᠴᠢᠨ ᠲᠣᠭᠤᠷᠢᠨ᠎ᠤ ᠰᠠᠭᠤᠷᠢ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠬᠤᠲᠠ ᠪᠠᠯᠭᠠᠰᠤ᠎ᠶ᠋ᠢᠨ ᠪᠣᠬᠢᠷ ᠤᠰᠤ᠎ᠶ᠋ᠢ ᠬᠤᠷᠢᠶᠠᠨ ᠴᠤᠭ᠍ᠯᠠᠭᠤᠯᠬᠤ ᠢᠵᠢ ᠲᠥᠬᠦᠷᠵᠢᠭᠦᠯᠬᠦ᠌ ᠬᠤᠭᠤᠯᠠᠶ᠎ᠶ᠋ᠢᠨ ᠲᠤᠤᠷ᠎ᠢ ᠲᠡᠭᠦᠯᠳᠡᠷᠵᠢᠭᠦᠯᠵᠦ᠍᠂ ᠲᠤᠬᠠᠶ᠎ᠶ᠋ᠢᠨ ᠭᠠᠵᠠᠷ᠎ᠤᠨ ᠰᠠᠪᠠ ᠭᠠᠵᠠᠷ᠎ᠤᠨ ᠤᠰᠤᠨ᠎ᠤ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠠᠷᠠᠯᠲᠠ᠎ᠲᠠᠢ ᠤᠶᠠᠯᠳᠤᠭᠤᠯᠤᠨ ᠪᠠᠷᠢᠮᠵᠢᠶ᠎ᠠ᠎ᠶ᠋ᠢ ᠣᠨᠣᠴᠠᠳᠠᠢ ᠳᠡᠭᠡᠭ᠌ᠰᠢᠯᠡᠭᠦᠯᠵᠤ᠂ ᠭᠤᠤᠯ ᠤᠷᠤᠰᠭᠠᠯ ᠪᠠ ᠰᠠᠯᠪᠤᠷᠢ ᠤᠷᠤᠰᠭᠠᠯ ᠳᠠᠭᠠᠤ᠎ᠶ᠋ᠢᠨ ᠬᠤᠲᠠ ᠪᠠᠯᠭᠠᠰᠤ᠎ᠶ᠋ᠢᠨ ᠪᠣᠬᠢᠷ ᠤᠰᠤ᠎ᠶ᠋ᠢ ᠬᠤᠷᠢᠶᠠᠨ ᠴᠤᠭ᠍ᠯᠠᠭᠤᠯᠵᠤ ᠱᠢᠢᠳᠪᠤᠷᠢᠯᠡᠬᠦ᠌ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠬᠦ᠌ ᠪᠠ ᠪᠠᠷᠢᠮᠵᠢᠶ᠎ᠠ᠎ᠳᠤ ᠨᠡᠢᠴᠡᠭᠦᠯᠦᠨ ᠭᠠᠳᠠᠭ᠍ᠰᠢᠯᠠᠭᠤᠯᠬᠤ᠎ᠶ᠋ᠢ ᠠᠬᠢᠭᠤᠯᠤᠨ᠎ᠠ᠃ ᠨᠥᠬᠦᠴᠡᠯ᠎ᠲᠠᠢ ᠬᠤᠲᠠ ᠪᠠᠯᠭᠠᠰᠤᠨ᠎ᠳᠤ ᠪᠣᠬᠢᠷ ᠤᠰᠤ ᠱᠢᠢᠳᠪᠤᠷᠢᠯᠡᠬᠦ᠌ ᠦᠢᠯᠡᠳᠪᠦᠷᠢ᠎ᠶ᠋ᠢᠨ ᠪᠣᠬᠢᠷ ᠤᠰᠤ ᠭᠠᠳᠠᠭ᠍ᠰᠢᠯᠠᠭᠤᠯᠬᠤ ᠭᠠᠵᠠᠷ᠎ᠤᠨ ᠳᠣᠤᠷᠠᠳᠤ ᠤᠷᠤᠰᠭᠠᠯ᠎ᠳᠤ ᠵᠤᠬᠢᠶᠠᠮᠠᠯ ᠨᠤᠭᠤ ᠭᠠᠵᠠᠷ ᠵᠡᠷᠭᠡ ᠠᠮᠢ ᠠᠬᠤᠶ᠎ᠶ᠋ᠢᠨ ᠲᠦᠬᠦᠭᠡᠷᠦᠮᠵᠢ᠎ᠶ᠋ᠢ ᠪᠦᠲᠦᠭᠡᠨ ᠪᠠᠢᠭᠤᠯᠵᠤ᠂ ᠳᠡᠭᠡᠳᠦ ᠤᠷᠤᠰᠭᠠᠯ᠎ᠤᠨ ᠥᠨᠳᠥᠷ ᠡᠷᠭᠦᠭ᠌ᠳᠡᠴᠡᠲᠠᠢ ᠭᠠᠵᠠᠷ ᠣᠷᠣᠨ᠎ᠳᠤ ᠪᠣᠬᠢᠷ ᠤᠰᠤ᠂ ᠪᠣᠬᠢᠷ ᠱᠢᠪᠠᠷ᠎ᠢ ᠱᠢᠢᠳᠪᠤᠷᠢᠯᠡᠬᠦ᠌ ᠲᠣᠬᠢᠷᠠᠮᠵᠢᠲᠠᠶ ᠤᠷ᠎ᠠ ᠮᠡᠷᠭᠡᠱᠢᠯ ᠪᠣᠯᠤᠨ ᠵᠠᠭ᠍ᠪᠤᠷ᠎ᠢ ᠠᠪᠴᠤ᠌᠂ ᠪᠣᠬᠢᠷ ᠤᠰᠤ᠂ ᠪᠣᠬᠢᠷ ᠱᠢᠪᠠᠷ᠎ᠢ ᠡᠬᠢ ᠪᠠᠶᠠᠯᠢᠭ᠍ᠵᠢᠭᠤᠯᠤᠨ ᠠᠱᠢᠡᠡᠯᠠᠬᠤᠶ᠋ᠢ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠬᠡᠷᠡᠭ᠌ᠵᠢᠭᠦᠯᠦᠨ᠎ᠡ᠃ ᠬᠤᠲᠠ᠎ᠶ᠋ᠢᠨ ᠪᠣᠬᠢᠷ ᠦᠮᠡᠬᠡᠶ ᠤᠰᠤᠨ ᠴᠣᠭ᠍ᠴᠠ᠎ᠶ᠋ᠢ ᠵᠠᠰᠠᠬᠤ ᠦᠷ᠎ᠡ ᠪᠦᠲᠦᠮᠵᠢ᠎ᠶ᠋ᠢ ᠪᠠᠬᠢᠵᠢᠭᠦᠯᠦᠨ ᠳᠡᠭᠡᠭ᠌ᠰᠢᠯᠡᠭᠦᠯᠵᠦ᠍᠂ ᠱᠢᠶᠠᠨ᠎ᠤ ᠱᠠᠲᠤ ᠵᠢᠴᠢ ᠲᠡᠭᠦᠨ᠎ᠠᠴᠠ ᠳᠡᠭᠡᠭ᠌ᠰᠢᠬᠢ ᠵᠠᠰᠠᠭ ᠵᠠᠬᠢᠷᠭᠠᠨ᠎ᠤ ᠣᠷᠣᠨ᠎ᠤ ᠲᠣᠭᠤᠷᠢᠭ ᠪᠠᠢᠭᠤᠯᠤᠭ᠍ᠰᠠᠨ ᠣᠷᠣᠨ᠎ᠤ ᠪᠣᠬᠢᠷ ᠦᠮᠡᠬᠡᠶ ᠤᠰᠤᠨ ᠴᠣᠭ᠍ᠴᠠ᠎ᠶ᠋ᠢ ᠦᠨᠳᠦᠰᠦᠨ᠎ᠳᠡᠭᠡᠨ ᠠᠷᠢᠯᠭᠠᠨ᠎ᠠ᠃ 《ᠵᠣᠷᠯᠣᠩ᠎ᠤᠨ ᠬᠤᠪᠢᠰᠭᠠᠯ》 ᠬᠢᠭᠡᠳ ᠬᠥᠳᠡᠭᠡ ᠲᠣᠰᠭᠤᠨ᠎ᠤ ᠠᠮᠢᠳᠤᠷᠠᠯ᠎ᠤᠨ ᠪᠣᠬᠢᠷ ᠤᠰᠤᠨ᠎ᠤ ᠵᠠᠰᠠᠯᠳᠠ᠎ᠶ᠋ᠢ ᠵᠣᠯᠭᠠᠭᠤᠯᠬᠤ ᠠᠵᠢᠯ᠎ᠢ ᠰᠠᠢᠲᠤᠷ ᠬᠢᠵᠦ᠍᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠨ ᠵᠠᠰᠠᠬᠤ ᠵᠠᠭ᠍ᠪᠤᠷ᠎ᠢ ᠰᠣᠩᠭᠤᠨ᠂ ᠪᠣᠬᠢᠷ ᠤᠰᠤ᠎ᠶ᠋ᠢ ᠬᠠᠮᠢᠶᠠᠷᠤᠨ ᠡᠵᠡᠮᠳᠡᠬᠦ᠌ ᠪᠠᠷᠢᠮᠵᠢᠶ᠎ᠠ᠎ᠶ᠋ᠢ ᠴᠢᠩᠭᠠᠷᠠᠭᠤᠯᠵᠤ᠂ ᠵᠦᠢ ᠵᠣᠬᠢᠰᠳᠠᠢ ᠬᠡᠪᠴᠢᠶᠡᠵᠢᠭ᠌ᠰᠡᠨ ᠵᠠᠰᠠᠯᠲᠠ ᠪᠠ ᠲᠤᠰᠭᠠᠢᠵᠢᠭ᠍ᠰᠠᠨ ᠬᠠᠮᠢᠶᠠᠷᠤᠯᠲᠠ ᠬᠠᠮᠠᠭᠠᠯᠠᠯᠲᠠ᠎ᠶ᠋ᠢ ᠠᠬᠢᠭᠤᠯᠤᠨ᠎ᠠ᠃ ᠬᠠᠲᠤᠨ ᠭᠤᠤᠯ ᠳᠠᠭᠠᠤ᠎ᠶ᠋ᠢᠨ ᠬᠤᠲᠠ ᠪᠠ ᠱᠢᠶᠠᠨ᠂ ᠪᠠᠯᠭᠠᠰᠤᠨ᠎ᠳᠤ ᠬᠤᠭ ᠨᠣᠪᠰᠢ᠎ᠶ᠋ᠢ ᠲᠥᠷᠥᠯ ᠬᠤᠪᠢᠶᠠᠬᠤ᠎ᠶ᠋ᠢ ᠢᠳᠡᠪᠬᠢᠲᠡᠶ ᠳᠡᠯᠭᠡᠷᠡᠭᠦᠯᠵᠦ᠍᠂ ᠬᠤᠭ ᠨᠣᠪᠰᠢ᠎ᠶ᠋ᠢ ᠱᠢᠲᠠᠭᠠᠬᠤ ᠵᠡᠷᠭᠡ ᠬᠤᠤᠷ ᠥᠬᠡᠢᠳᠡᠭᠦᠯᠦᠨ ᠱᠢᠢᠳᠪᠤᠷᠢᠯᠡᠬᠦ᠌ ᠲᠦᠬᠦᠭᠡᠷᠦᠮᠵᠢ᠎ᠶ᠋ᠢ ᠪᠥᠲᠥᠭᠡᠨ ᠪᠠᠢᠭᠤᠯᠵᠤ᠂ ᠲᠡᠭᠦᠨ᠎ᠯᠦᠭᠡ ᠵᠣᠯᠭᠠᠭᠤᠯᠬᠤ ᠢᠵᠢ ᠲᠥᠬᠦᠷ ᠬᠤᠭ ᠨᠣᠪᠰᠢ᠎ᠶ᠋ᠢ ᠬᠤᠷᠢᠶᠠᠨ ᠲᠡᠭᠡᠭᠡᠪᠦᠷᠢᠯᠡᠬᠦ᠌ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠬᠥᠳᠡᠭᠡ ᠲᠣᠰᠭᠤᠨ᠎ᠤ ᠬᠤᠭ ᠨᠣᠪᠰᠢ᠎ᠶ᠋ᠢ ᠬᠤᠷᠢᠶᠠᠨ ᠲᠡᠭᠡᠭᠡᠪᠦᠷᠢᠯᠡᠵᠦ᠍ ᠱᠢᠢᠳᠪᠤᠷᠢᠯᠡᠬᠦ᠌ ᠱᠢᠰᠲ᠋ᠧᠮ᠎ᠢ ᠪᠠᠢᠭᠤᠯᠤᠨ ᠪᠦᠷᠢᠨᠱᠢᠭᠦᠯᠵᠦ᠍᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠨᠠᠷᠠᠨ ᠭᠡᠷᠡᠯᠳᠤ ᠪᠣᠷᠳᠤᠭᠤᠷ ᠣᠪᠣᠭᠠᠯᠠᠬᠤ ᠭᠡᠷ ᠵᠡᠷᠭᠡ ᠠᠮᠢᠳᠤᠷᠠᠯ᠎ᠤᠨ ᠬᠤᠭ ᠨᠣᠪᠰᠢ᠎ᠶ᠋ᠢ ᠡᠬᠢ ᠪᠠᠶᠠᠯᠢᠭ᠍ᠵᠢᠭᠤᠯᠤᠨ ᠱᠢᠢᠳᠪᠤᠷᠢᠯᠡᠬᠦ᠌ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠥᠷᠨᠢᠭᠦᠯᠤᠨ᠎ᠠ᠃ ᠪᠣᠬᠢᠷ ᠤᠰᠤ ᠬᠤᠭ ᠨᠣᠪᠰᠢ᠎ᠶ᠋ᠢ ᠱᠢᠢᠳᠪᠦᠷᠢᠯᠡᠬᠦ᠌ ᠲᠥᠬᠦᠭᠡᠷᠦᠮᠵᠢ᠎ᠶ᠋ᠢᠨ ᠲᠣᠭ᠍ᠲᠠᠭᠤᠨ᠎ᠢᠶᠠᠷ ᠠᠵᠢᠯᠯᠠᠬᠤ᠎ᠶ᠋ᠢ ᠪᠠᠲᠤᠯᠠᠵᠤ᠂ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠪᠣᠬᠢᠷ ᠤᠰᠤ ᠬᠤᠭ ᠨᠣᠪᠰᠢ᠎ᠶ᠋ᠢ ᠱᠢᠢᠳᠪᠦᠷᠢᠯᠡᠬᠦ᠌᠎ᠳᠤ ᠣᠷᠣᠯᠴᠠᠬᠤ᠎ᠶ᠋ᠢ ᠲᠡᠮᠵᠢᠵᠤ᠂ ᠪᠣᠬᠢᠷ ᠤᠰᠤ ᠬᠤᠭ ᠨᠣᠪᠰᠢ᠎ᠶ᠋ᠢ ᠱᠢᠢᠳᠪᠦᠷᠢᠯᠡᠬᠦ᠌ ᠦᠢᠯᠡᠴᠢᠯᠡᠭᠡᠨ᠎ᠤ ᠬᠡᠮᠵᠢᠶ᠎ᠡ ᠪᠠ ᠦᠷ᠎ᠠ ᠪᠦᠲᠦᠮᠵᠢ᠎ᠶ᠋ᠢ ᠦᠨᠳᠦᠰᠦᠯᠡᠨ ᠰᠦᠢᠳᠭᠡᠯ ᠲᠤᠱᠢᠶᠠᠬᠤ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠤᠨ᠎ᠠ᠃ ᠡᠪᠦᠯ᠎ᠤᠨ ᠤᠯᠠᠷᠢᠯ᠎ᠤᠨ ᠠᠷᠢᠭᠤᠨ ᠴᠡᠪᠡᠷ ᠳᠤᠯᠠᠭᠠᠯᠠᠭ᠎ᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠵᠤ᠂ ᠬᠤᠲᠠ᠎ᠶ᠋ᠢᠨ ᠪᠦᠯᠦᠭ᠌ᠵᠢᠯ᠂ ᠬᠤᠲᠠ᠎ᠶ᠋ᠢᠨ ᠲᠤᠭᠤᠷᠢᠭ ᠪᠠ ᠬᠤᠲᠠ ᠬᠥᠳᠡᠭᠡ᠎ᠶ᠋ᠢᠨ ᠬᠥᠮᠦᠨ ᠠᠮᠠ ᠨᠢᠭ᠍ᠲᠠᠷᠠᠭ᠍ᠰᠠᠨ ᠣᠷᠣᠨ᠎ᠳᠤ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ᠎ᠶ᠋ᠢ ᠲᠦᠭᠡᠮᠡᠯᠵᠢᠭᠦᠯᠵᠦ᠍᠂ ᠭᠠᠵᠠᠷ ᠣᠷᠣᠨ᠎ᠤ ᠪᠠᠢᠳᠠᠯ᠎ᠳᠤ ᠲᠣᠬᠢᠷᠠᠭᠤᠯᠤᠨ ᠠᠮᠢᠳᠤ ᠪᠣᠳᠠᠰ᠎ᠤᠨ ᠮᠠᠰ ᠡᠨᠧᠷᠭᠢ ᠵᠡᠷᠭᠡ ᠲᠠᠷᠬᠠᠮᠠᠯ ᠬᠡᠯᠪᠡᠷᠢ᠎ᠶ᠋ᠢᠨ ᠱᠢᠨ᠎ᠡ ᠬᠡᠯᠪᠡᠷᠢ᠎ᠶ᠋ᠢᠨ ᠳᠤᠯᠠᠭᠠᠯᠠᠭ᠎ᠠ ᠬᠠᠩᠭᠠᠬᠤ ᠠᠷᠭ᠎ᠠ᠎ᠶ᠋ᠢ ᠰᠦᠪᠡᠭ᠌ᠴᠢᠯᠡᠨ ᠬᠡᠷᠡᠭ᠌ᠵᠢᠬᠦᠯᠦᠨᠠ᠃
ᠳᠥᠷᠪᠡᠳᠦᠭᠡᠷ ᠬᠡᠰᠡᠭ ᠠᠭᠤᠷᠬᠠᠢ᠎ᠶ᠋ᠢᠨ ᠣᠷᠣᠨ᠎ᠤ ᠠᠮᠢ ᠠᠬᠤᠢ ᠣᠷᠴᠢᠨ ᠲᠤᠭᠤᠷᠢᠨ᠎ᠢ ᠶᠡᠷᠦᠩᠬᠡᠢᠯᠡᠨ ᠵᠠᠰᠠᠬᠤ ᠠᠵᠢᠯ᠎ᠢ ᠥᠷᠨᠢᠭᠦᠯᠦᠨ᠎ᠡ
ᠬᠠᠲᠤᠨ ᠭᠤᠤᠯ᠎ᠤᠨ ᠰᠠᠪᠠ ᠭᠠᠵᠠᠷ᠎ᠤᠨ ᠲᠡᠦᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠠᠭᠤᠷᠬᠠᠶ᠎ᠶ᠋ᠢᠨ ᠤᠷᠤᠨ᠎ᠤ ᠠᠮᠢ ᠠᠬᠤᠶ᠎ᠶ᠋ᠢᠨ ᠡᠪᠳᠡᠭ᠌ᠳᠡᠯ ᠬᠢᠭᠡᠳ ᠪᠣᠬᠢᠷᠲᠤᠯ᠎ᠤᠨ ᠪᠠᠢᠳᠠᠯ᠎ᠢ ᠪᠠᠢᠴᠠᠭᠠᠨ ᠦᠨᠡᠯᠡᠵᠤ᠂ ᠠᠭᠤᠷᠬᠠᠶ᠎ᠶ᠋ᠢᠨ ᠣᠷᠣᠨ᠎ᠤ ᠭᠧᠤᠯᠤᠬᠢ᠎ᠶ᠋ᠢᠨ ᠣᠷᠴᠢᠨ ᠲᠣᠭᠤᠷᠢᠨ᠎ᠢ ᠵᠠᠰᠠᠬᠤ᠂ ᠭᠠᠵᠠᠷ᠎ᠤᠨ ᠪᠠᠢᠴᠠ ᠭᠠᠵᠠᠷ᠎ᠤᠨ ᠳᠦᠷᠬᠦ᠌᠎ᠶ᠋ᠢ ᠳᠠᠬᠢᠨ ᠴᠤᠭ᠍ᠴᠠᠯᠠᠬᠤ᠂ ᠤᠷᠭᠤᠮᠠᠯ᠎ᠤᠨ ᠪᠦᠷᠬᠦᠴᠡ᠎ᠶ᠋ᠢ ᠰᠡᠷᠭᠦᠭᠡᠬᠦ᠌ ᠵᠡᠷᠭᠡ ᠠᠮᠢ ᠠᠬᠤᠶ᠎ᠶ᠋ᠢ ᠰᠡᠷᠭᠦᠭᠡᠬᠦ᠌ ᠪᠠ ᠬᠥᠷᠥᠰᠥ᠍ ᠱᠢᠷᠣᠶ᠂ ᠤᠰᠤᠨ ᠴᠣᠭ᠍ᠴᠠ᠎ᠶ᠋ᠢᠨ ᠪᠣᠬᠢᠷᠲᠤᠯ᠎ᠤᠨ ᠵᠠᠰᠠᠯᠳᠠ᠎ᠶ᠋ᠢ ᠬᠡᠷᠡᠭ᠌ᠵᠢᠭᠦᠯᠤᠨ᠂ 《ᠬᠡᠨ ᠡᠪᠳᠡᠪᠡᠯ ᠬᠡᠨ ᠰᠡᠷᠭᠦᠭᠡᠬᠦ᠌》᠂ 《ᠬᠡᠨ ᠰᠡᠷᠭᠦᠭᠡᠪᠡᠯ ᠬᠡᠨ ᠠᠱᠢᠭ ᠭᠥᠷᠳᠡᠬᠦ᠌》 ᠵᠠᠷᠴᠢᠮ᠎ᠢᠶᠠᠷ ᠠᠭᠤᠷᠬᠠᠶ᠎ᠶ᠋ᠢᠨ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠢ ᠠᠮᠢᠯᠠᠭᠤᠯᠵᠤ᠂ ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠬᠡᠯᠪᠡᠷᠢ᠎ᠪᠠᠷ ᠠᠭᠤᠷᠬᠠᠶ᠎ᠶ᠋ᠢᠨ ᠤᠷᠤᠨ᠎ᠤ ᠠᠮᠢ ᠠᠬᠤᠶ᠎ᠶ᠋ᠢᠨ ᠰᠡᠷᠭᠦᠭᠡᠯᠳᠡ᠎ᠶ᠋ᠢ ᠠᠬᠢᠭᠤᠯᠬᠤ᠎ᠶ᠋ᠢ ᠰᠦᠪᠡᠭ᠌ᠴᠢᠯᠡᠨ᠎ᠠ᠃ ᠦᠢᠯᠡᠳᠪᠤᠷᠢᠯᠡᠯ᠎ᠳᠡᠭᠡᠨ ᠪᠠᠢᠭ᠎ᠠ ᠠᠭᠤᠷᠬᠠᠶ᠎ᠶ᠋ᠢᠨ ᠮᠠᠯᠲᠠᠬᠤ᠎ᠶ᠋ᠢᠨ ᠳᠠᠭᠠᠤ ᠵᠠᠰᠠᠬᠤ ᠠᠷᠭ᠎ᠠ ᠬᠡᠮᠵᠢᠶ᠎ᠡ᠎ᠶ᠋ᠢ ᠴᠢᠩᠭᠠᠷᠠᠭᠤᠯᠤᠨ᠂ ᠴᠠᠭ ᠲᠤᠬᠠᠶ᠎ᠳᠤᠨᠢ ᠠᠮᠢ ᠠᠬᠤᠶ᠎ᠶ᠋ᠢ ᠰᠡᠷᠭᠦᠭᠡᠬᠦ᠌ ᠪᠠ ᠪᠣᠬᠢᠷᠲᠤᠯ᠎ᠢ ᠵᠠᠰᠠᠵᠤ᠂ ᠠᠮᠢ ᠠᠬᠤᠶ ᠣᠷᠴᠢᠨ ᠲᠣᠭᠤᠷᠢᠨ᠎ᠳᠤ ᠬᠦᠨᠳᠦ ᠶᠡᠭᠡ ᠨᠥᠯᠥᠭᠡ ᠪᠣᠯᠬᠤ ᠠᠭᠤᠷᠬᠠᠶ᠎ᠶ᠋ᠢᠨ ᠡᠬᠢ ᠪᠠᠶᠠᠯᠢᠭ᠎ᠢ ᠨᠡᠭᠡᠭᠡᠬᠦ᠌᠎ᠶ᠋ᠢ ᠵᠣᠭ᠍ᠰᠣᠭᠠᠨ᠎ᠠ᠃ ᠭᠤᠤᠯ ᠮᠥᠷᠡᠨ ᠨᠠᠭᠤᠷ ᠴᠥᠭᠦᠷᠥᠮ᠎ᠤᠨ ᠡᠷᠭᠢ ᠳᠠᠭᠠᠤ᠂ ᠤᠰᠤᠨ ᠴᠥᠭᠦᠷᠥᠮ᠂ ᠤᠤᠭᠤᠬᠤ ᠤᠰᠤᠨ᠎ᠤ ᠡᠬᠢ ᠰᠤᠷᠪᠤᠯᠵᠢ᠎ᠶ᠋ᠢᠨ ᠤᠷᠤᠨ᠂ ᠭᠧᠤᠯᠤᠬᠢ᠎ᠶ᠋ᠢᠨ ᠭᠠᠮᠱᠢᠭ ᠠᠮᠠᠷᠬᠠᠨ ᠡᠭᠦᠰᠭᠦ ᠣᠯᠠᠨ ᠡᠭᠦᠰᠭᠦ ᠣᠷᠣᠨ ᠵᠡᠷᠭᠡ᠎ᠪᠠᠷ ᠭᠤᠤᠯᠳᠠᠯᠭ᠎ᠠ ᠪᠣᠯᠭᠠᠨ ᠬᠠᠲᠤᠨ ᠭᠤᠤᠯ᠎ᠤᠨ ᠰᠠᠪᠠ ᠭᠠᠵᠠᠷ᠎ᠤᠨ ᠦᠯᠡᠳᠡᠭ᠌ᠳᠡᠯ ᠬᠦᠳᠡᠷ᠎ᠤᠨ ᠬᠥᠮᠥᠷᠭᠡ᠂ ᠦᠯᠡᠳᠡᠭ᠌ᠳᠡᠯ ᠱᠢᠩᠭᠡᠨ ᠪᠡᠶᠡᠳᠦ᠎ᠶ᠋ᠢᠨ ᠬᠥᠮᠥᠷᠭᠡ᠎ᠶ᠋ᠢᠨ ᠠᠶᠤᠯ ᠲᠦᠭ᠌ᠰᠢᠭᠦᠷᠢ᠎ᠶ᠋ᠢᠨ ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ᠂ 《ᠨᠢᠭᠡ ᠬᠥᠮᠥᠷᠭᠡ᠎ᠳᠤ ᠨᠢᠭᠡ ᠠᠷᠭ᠎ᠠ ᠪᠣᠳᠣᠯᠭ᠎ᠠ》 ᠠᠪᠴᠤ᠌᠂ ᠵᠠᠰᠠᠬᠤ ᠪᠠ ᠪᠠᠴᠢᠮ ᠪᠠᠢᠳᠠᠯ᠎ᠢ ᠠᠷᠭᠠᠴᠠᠭᠠᠨ ᠱᠢᠢᠳᠪᠤᠷᠢᠯᠡᠬᠦ᠌ ᠲᠥᠰᠦᠯ ᠲᠣᠭ᠍ᠲᠠᠭᠠᠨ᠂ ᠤᠷᠢᠳᠴᠢᠯᠠᠨ ᠰᠡᠷᠭᠡᠢᠯᠡᠬᠦ᠌ ᠴᠢᠨᠠᠷᠲᠠᠶ ᠠᠷᠭ᠎ᠠ ᠬᠡᠮᠵᠢᠶ᠎ᠡ ᠠᠪᠴᠤ᠌ ᠪᠠᠢᠭᠠᠳ ᠨᠡᠪᠴᠢᠬᠦ᠌ ᠪᠠ ᠬᠡᠢᠰᠴᠤ᠌ ᠲᠠᠷᠬᠠᠬᠤ ᠲᠦᠭ᠌ᠰᠢᠭᠦᠷᠢ᠎ᠶ᠋ᠢ ᠠᠷᠢᠯᠭᠠᠨ᠂ ᠦᠯᠡᠳᠡᠭ᠌ᠳᠡᠯ ᠬᠦᠳᠡᠷ᠎ᠢ ᠶᠡᠷᠦᠩᠬᠡᠢᠯᠡᠨ ᠠᠱᠢᠡᠡᠯᠠᠬᠤᠶ᠋ᠢ ᠵᠣᠷᠢᠭ᠍ᠵᠢᠭᠤᠯᠤᠨ᠎ᠠ᠃ ᠨᠡᠭᠦᠷᠡᠰᠦ ᠮᠠᠯᠲᠠᠭ᠍ᠰᠠᠨ᠎ᠠᠴᠠ ᠪᠤᠯᠵᠤ ᠳᠤᠷᠤᠭ᠍ᠰᠢ᠎ᠪᠠᠨ ᠰᠠᠭᠤᠭ᠍ᠰᠠᠨ ᠣᠷᠣᠨ᠂ ᠲᠡᠦᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠠᠭᠤᠷᠬᠠᠢ᠎ᠶ᠋ᠢᠨ ᠤᠷᠤᠨ᠎ᠤ ᠶᠡᠷᠦᠩᠬᠡᠢᠯᠡᠭ᠌ᠰᠡᠨ ᠵᠠᠰᠠᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠳᠤᠨ ᠭᠤᠣᠯ᠎ᠤᠨ ᠰᠠᠪᠠ ᠭᠠᠵᠠᠷ᠎ᠤᠨ ᠠᠭᠤᠷᠬᠠᠢ᠎ᠶ᠋ᠢᠨ ᠣᠷᠣᠨ᠎ᠤ ᠪᠣᠬᠢᠷᠲᠤᠯ᠎ᠢ ᠵᠠᠰᠠᠬᠤ ᠪᠠ ᠠᠮᠢ ᠠᠬᠤᠢ᠎ᠶ᠋ᠢ ᠰᠡᠷᠭᠦᠭᠡᠬᠦ᠌ ᠲᠤᠷᠱᠢᠯᠲᠠ᠎ᠶ᠋ᠢᠨ ᠴᠡᠭ᠎ᠤᠨ ᠵᠢᠱ᠌ᠢᠶ᠎ᠡ ᠦᠵᠡᠭᠦᠯᠬᠦ᠌ ᠠᠵᠢᠯ᠎ᠢ ᠥᠷᠨᠢᠭᠦᠯᠦᠨ᠎ᠡ᠃ ᠪᠣᠬᠢᠷᠲᠤᠯ ᠥᠬᠡᠶ ᠠᠭᠤᠷᠬᠠᠶ᠎ᠶ᠋ᠢᠨ ᠪᠠᠷᠢᠮᠵᠢᠶ᠎ᠠ ᠪᠠ ᠦᠨᠡᠯᠡᠬᠦ᠌ ᠲᠦᠷᠢᠮ᠎ᠢ ᠨᠠᠢᠳᠠᠪᠤᠷᠢᠵᠢᠭᠤᠯᠵᠤ᠂ 2021 ᠣᠨ᠎ᠠᠴᠠ ᠡᠬᠢᠯᠡᠨ ᠱᠢᠨ᠎ᠡ᠎ᠪᠠᠷ ᠪᠠᠢᠭᠤᠯᠬᠤ ᠠᠭᠤᠷᠬᠠᠶ᠎ᠶ᠋ᠢ ᠴᠦᠮ ᠪᠣᠬᠢᠷᠲᠤᠯ ᠥᠬᠡᠶ ᠠᠭᠤᠷᠬᠠᠶ᠎ᠶ᠋ᠢᠨ ᠱᠠᠭᠠᠷᠳᠠᠯᠭ᠎ᠠ᠎ᠳᠤ ᠨᠡᠢᠴᠡᠭᠦᠯᠦᠨ᠂ ᠦᠢᠯᠡᠳᠪᠤᠷᠢᠯᠡᠯ᠎ᠳᠡᠭᠡᠨ ᠪᠠᠢᠭ᠎ᠠ ᠠᠭᠤᠷᠬᠠᠶ᠎ᠶ᠋ᠢ ᠥᠭᠡᠷᠡᠴᠢᠯᠡᠨ ᠲᠠᠰ ᠳᠡᠪᠱᠢᠭᠦᠯᠬᠦ᠌᠎ᠶ᠋ᠢ ᠲᠦᠷᠭᠡᠳᠭᠡᠨ᠎ᠡ᠃
ᠶᠢᠰᠦᠳᠦᠭᠡᠷ ᠪᠦᠯᠦᠭ ᠦᠪᠡᠷᠮᠢᠴᠡ ᠤᠨᠴᠠᠯᠢᠭ᠍ᠳᠤ ᠳᠠᠪᠠᠭᠤᠯᠢᠭ ᠤᠳᠤ ᠦᠶ᠎ᠡ᠎ᠶ᠋ᠢᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠤᠨ᠎ᠠ
ᠤᠯᠤᠰ᠎ᠤᠨ ᠳᠣᠲᠣᠭᠠᠳᠤ᠎ᠶ᠋ᠢᠨ ᠯᠤᠳᠤ ᠶᠡᠭᠡ ᠵᠠᠬ᠎ᠠ ᠳᠡᠯᠭᠡᠭᠦᠷ᠎ᠲᠤ ᠲᠦᠱᠢᠭ᠌ᠯᠡᠨ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠲᠦᠷᠭᠡᠳᠭᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠳᠡ᠎ᠳᠠᠬᠢ ᠣᠷᠣᠭᠤᠯᠤᠯᠲᠠ᠎ᠶ᠋ᠢᠨ ᠡᠷᠴᠢᠮ᠎ᠢᠶᠠᠨ ᠴᠢᠩᠭᠠᠷᠠᠭᠤᠯᠤᠨ᠂ ᠡᠯ᠎ᠡ ᠭᠠᠵᠠᠷ ᠣᠷᠣᠨ᠎ᠤ ᠡᠬᠢ ᠪᠠᠶᠠᠯᠢᠭ᠂ ᠴᠢᠬᠤᠯᠠ ᠡᠯᠧᠮᠧᠨ᠋ᠲ᠎ᠤᠨ ᠦᠪᠡᠷᠮᠢᠴᠡ ᠳᠠᠪᠠᠭᠤᠯᠢᠭ ᠪᠠ ᠬᠥᠭ᠌ᠵᠢᠯᠲᠡ᠎ᠶ᠋ᠢᠨ ᠰᠠᠭᠤᠷᠢ᠎ᠶ᠋ᠢ ᠦᠨᠳᠦᠰᠦᠯᠡᠨ ᠤᠨᠴᠠᠯᠢᠬ᠍ᠳᠤ ᠠᠵᠤ ᠦᠢᠯᠡᠰ᠎ᠢ ᠬᠦᠴᠦᠷᠬᠡᠭ᠌ᠵᠢᠭᠦᠯᠵᠦ᠍᠂ ᠱᠢᠨ᠎ᠡ ᠬᠠᠭᠤᠴᠢᠨ ᠬᠥᠳᠡᠯᠭᠡᠬᠦ᠌ ᠡᠨᠧᠷᠭᠢ᠎ᠶ᠋ᠢᠨ ᠰᠣᠯᠢᠭ᠍ᠳᠠᠯ᠎ᠢ ᠲᠦᠷᠭᠡᠳᠭᠡᠨ᠂ ᠦᠢᠯᠡᠳᠬᠦ᠌ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ ᠪᠠ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠵᠤ᠂ ᠦᠪᠡᠷᠮᠢᠴᠡ ᠤᠨᠴᠠᠯᠢᠬ᠎ᠲᠠᠢ ᠳᠠᠪᠠᠭᠤᠯᠢᠭ᠍ᠳᠤ ᠣᠲᠣ ᠦᠶ᠎ᠡ᠎ᠶ᠋ᠢᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠤᠨ᠎ᠠ᠃
ᠨᠢᠭᠡᠳᠦᠭᠡᠷ ᠬᠡᠰᠡᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠤᠯᠭᠠᠭᠤᠷᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
ᠬᠠᠲᠤᠨ ᠭᠤᠤᠯ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠴᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠣᠷᠴᠢᠨ ᠲᠣᠭᠤᠷᠢᠨ᠎ᠤ ᠴᠢᠬᠤᠯᠠ ᠶᠡᠭᠡ ᠠᠰᠠᠭᠤᠳᠠᠯ᠎ᠢ ᠰᠤᠳᠤᠯᠬᠤ ᠡᠷᠴᠢᠮ᠎ᠢᠶᠠᠨ ᠴᠢᠩᠭᠠᠷᠠᠭᠤᠯᠤᠨ᠂ ᠤᠰᠤᠨ᠎ᠤ ᠠᠮᠤᠷ ᠲᠦᠪᠱᠢᠨ᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠂ ᠤᠷᠭᠤᠮᠠᠯ᠎ᠤᠨ ᠪᠦᠷᠬᠦᠴᠡ᠎ᠶ᠋ᠢᠨ ᠰᠡᠷᠭᠦᠯᠲᠡ᠂ ᠤᠰᠤ ᠡᠯᠡᠰᠦᠨ᠎ᠤ ᠲᠣᠬᠢᠷᠠᠭᠤᠯᠭ᠎ᠠ ᠡᠵᠡᠮᠳᠡᠯ ᠵᠡᠷᠭᠡ ᠬᠦᠷᠢᠶᠡᠨ᠎ᠳᠤ ᠠᠩᠬᠠᠷᠤᠯ᠎ᠢᠶᠠᠨ ᠲᠥᠪᠯᠡᠷᠡᠭᠦᠯᠦᠨ ᠱᠢᠨᠵᠢᠯᠡᠬᠦ᠌ ᠤᠬᠠᠭᠠᠨ᠎ᠤ ᠲᠤᠷᠱᠢᠯᠲᠠ ᠪᠠ ᠲᠧᠭ᠌ᠨᠢᠭ ᠮᠡᠷᠭᠡᠵᠢᠯ᠎ᠤᠨ ᠪᠣᠭᠤᠮᠲᠠ ᠱᠢᠪᠲᠤᠯᠬᠤ ᠠᠵᠢᠯ᠎ᠢ ᠥᠷᠨᠢᠭᠦᠯᠦᠨ᠎ᠡ᠃ ᠬᠠᠲᠤᠨ ᠭᠤᠤᠯ᠎ᠤᠨ ᠰᠠᠪᠠ ᠭᠠᠵᠠᠷ᠎ᠤᠨ ᠮᠠᠯ ᠠᠵᠤ ᠠᠬᠤᠶ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠳᠡᠮᠵᠢᠵᠦ᠍᠂ ᠶᠠᠩ ᠯᠢᠩ᠂ ᠬᠠᠲᠤᠨ ᠭᠤᠤᠯ᠎ᠤᠨ ᠭᠤᠷᠪᠠᠯᠵᠢᠨ ᠬᠤᠢᠭ ᠵᠡᠷᠭᠡ ᠲᠠᠷᠢᠶᠠᠯᠠᠩ᠎ᠤᠨ ᠳᠡᠭᠡᠳᠦ ᠱᠢᠨ᠎ᠡ ᠮᠡᠷᠭᠡᠵᠢᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ᠌ ᠲᠣᠭᠤᠷᠢᠭ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠠᠮᠢᠳᠤ ᠪᠣᠳᠠᠰ᠎ᠤᠨ ᠢᠨᠵᠧᠨᠧᠷᠢᠩ᠂ ᠦᠷ᠎ᠡ ᠪᠤᠢᠵᠢᠭᠤᠯᠬᠤ᠂ ᠬᠠᠭᠤᠷᠠᠶ ᠲᠠᠷᠢᠶᠠᠯᠠᠩ᠂ ᠬᠤᠵᠢᠷᠯᠢᠭ ᠭᠠᠵᠠᠷ᠎ᠤᠨ ᠲᠠᠷᠢᠶᠠᠯᠠᠩ ᠵᠡᠷᠭᠡ ᠲᠠᠯ᠎ᠠ᠎ᠪᠠᠷ ᠮᠡᠷᠭᠡᠵᠢᠯ᠎ᠤᠨ ᠱᠢᠪᠲᠤᠯᠤᠯᠲᠠ᠎ᠲᠠᠢ ᠪᠣᠯᠭᠠᠨ᠎ᠠ᠃ ᠤᠯᠠᠮᠵᠢᠯᠠᠯᠲᠤ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠭᠦᠯᠬᠦ᠌ ᠪᠠ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ᠎ᠳᠤ ᠬᠠᠨᠳᠤᠭᠤᠯᠵᠤ ᠬᠠᠮᠵᠢᠯᠴᠠᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠨ᠂ ᠵᠠᠩᠭᠢᠯᠠᠭ᠎ᠠ᠎ᠶ᠋ᠢᠨ ᠨᠡᠢᠲᠡᠯᠢᠭ ᠴᠢᠨᠠᠷᠲᠠᠶ ᠲᠧᠭ᠌ᠨᠢᠭ ᠮᠡᠷᠭᠡᠵᠢᠯ᠎ᠤᠨ ᠰᠤᠳᠤᠯᠭᠠᠨ᠎ᠢ ᠠᠬᠢᠭᠤᠯᠤᠨ᠎ᠠ᠃ ᠬᠠᠲᠤᠨ ᠭᠤᠣᠯ᠎ᠤᠨ ᠰᠠᠪᠠ ᠭᠠᠵᠠᠷ᠎ᠲᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠴᠢᠬᠤᠯᠠ ᠶᠡᠭᠡ ᠰᠠᠭᠤᠷᠢ ᠲᠥᠬᠦᠭᠡᠷᠦᠮᠵᠢᠨᠦᠭᠦᠳᠢ ᠱᠠᠯᠠᠪᠳᠠᠨ ᠪᠠᠢᠷᠢᠱᠢᠭᠤᠯᠵᠤ᠂ ᠨᠢᠭᠡ ᠪᠦᠯᠦᠭ ᠤᠯᠤᠰ᠎ᠤᠨ ᠭᠤᠣᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ᠂ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌ ᠲᠥᠪ᠂ ᠢᠨᠵᠧᠨᠧᠷᠢᠩ᠎ᠤᠨ ᠰᠤᠳᠤᠯᠭᠠᠨ᠎ᠤ ᠲᠥᠪ ᠵᠡᠷᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠠᠪᠴᠠᠩ᠎ᠢ ᠨᠢᠭᠡᠳᠦᠯᠲᠡᠢ ᠲᠥᠯᠥᠪᠯᠡᠨ ᠪᠠᠢᠷᠢᠱᠢᠭᠤᠯᠵᠤ ᠪᠦᠳᠦᠬᠡᠨ ᠪᠠᠢᠭᠤᠯᠤᠨ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠢᠨᠵᠧᠨᠧᠷᠢᠩ᠎ᠤᠨ ᠲᠦᠷᠦᠯ᠎ᠤᠨ ᠲᠤᠰᠭᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠪᠠ ᠣᠷᠣᠭᠤᠯᠤᠨ ᠠᠪᠴᠢᠷᠠᠬᠤ ᠡᠷᠴᠢᠮ᠎ᠢ ᠴᠢᠩᠭᠠᠷᠠᠭᠤᠯᠤᠨ᠎ᠠ᠃ ᠵᠠᠬ᠎ᠠ ᠳᠡᠯᠭᠡᠭᠦᠷᠴᠢᠯᠡᠬᠦ᠂ ᠬᠠᠤᠯᠢ᠎ᠪᠠᠷ ᠵᠠᠰᠠᠬᠤ ᠵᠠᠷᠴᠢᠮ ᠶᠣᠰᠣᠭᠠᠷ᠂ ᠨᠡᠢᠭᠡᠮ᠎ᠤᠨ ᠬᠥᠷᠥᠩᠭᠡ᠎ᠶ᠋ᠢᠨ ᠬᠠᠲᠤᠨ ᠭᠤᠤᠯ᠎ᠤᠨ ᠰᠠᠪᠠ ᠭᠠᠵᠠᠷ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠱᠢᠭᠤᠯᠬᠤ ᠰᠠᠭᠤᠷᠢ ᠮᠥᠩᠭᠦ᠌ ᠪᠠᠢᠭᠤᠯᠬᠤ᠎ᠶ᠋ᠢ ᠳᠡᠮᠵᠢᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠠᠯᠠ ᠣᠷᠣᠭᠤᠯᠵᠤ ᠪᠠᠯᠠ ᠬᠤᠷᠠᠮᠳᠤᠭᠤᠯᠬᠤ ᠱᠢᠰᠲ᠋ᠧᠮ᠎ᠢ ᠲᠡᠭᠦᠯᠳᠡᠷᠵᠢᠭᠦᠯᠦᠨ᠂ ᠵᠠᠰᠠᠭ᠎ᠤᠨ ᠣᠷᠳᠣᠨ᠎ᠠᠴᠠ ᠬᠤᠳᠠᠯᠳᠤᠨ ᠠᠪᠬᠤ᠂ ᠲᠧᠭ᠌ᠨᠢᠭ ᠮᠡᠷᠭᠡᠵᠢᠯ᠎ᠤᠨ ᠪᠠᠷᠢᠮᠵᠢᠶ᠎ᠠ᠎ᠶ᠋ᠢᠨ ᠵᠢᠷᠤᠮᠵᠢᠯ᠂ ᠤᠷᠮᠠᠱᠢᠭᠤᠯᠬᠤ ᠲᠣᠭ᠍ᠲᠠᠴᠠ ᠵᠡᠷᠭᠡ᠎ᠶ᠋ᠢ ᠶᠡᠷᠦᠩᠬᠡᠢᠯᠡᠨ ᠬᠡᠷᠡᠭ᠌ᠯᠡᠵᠦ᠍ ᠪᠠᠢᠭᠠᠳ ᠦᠷ᠎ᠡ ᠪᠦᠲᠦᠭᠡᠯ᠎ᠢ ᠤᠨᠳᠤᠤᠱᠢᠭᠤᠯᠬᠤ᠎ᠶ᠋ᠢ ᠠᠬᠢᠭᠤᠯᠤᠨ᠎ᠠ᠃
ᠬᠤᠶᠠᠳᠤᠭᠠᠷ ᠬᠡᠰᠡᠭ ᠲᠠᠷᠢᠶᠠᠯᠠᠩ ᠮᠠᠯ ᠠᠵᠤ ᠠᠬᠤᠢ᠎ᠶ᠋ᠢ ᠴᠢᠨᠠᠭ᠍ᠰᠢᠳᠠ ᠱᠢᠯᠢᠳᠡᠭ᠌ᠵᠢᠭᠦᠯᠦᠨ ᠬᠦᠴᠦᠷᠬᠡᠭ᠌ᠵᠢᠭᠦᠯᠦᠨ᠎ᠡ
ᠬᠠᠲᠤᠨ ᠭᠤᠣᠯ᠎ᠤᠨ ᠰᠠᠪᠠ ᠭᠠᠵᠠᠷ᠎ᠤᠨ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠤ ᠪᠠᠳᠤᠯᠠᠯᠳᠠ᠎ᠳᠤ ᠦᠵᠡᠭᠦᠯᠬᠦ᠌ ᠴᠢᠬᠤᠯᠠ ᠦᠢᠯᠡᠳᠦᠯ᠎ᠢ ᠪᠠᠬᠢᠵᠢᠭᠦᠯᠵᠦ᠍᠂ ᠲᠠᠷᠢᠮᠠᠯ᠎ᠤᠨ ᠲᠠᠯᠠᠪᠠᠢ᠎ᠶ᠋ᠢ ᠲᠣᠭ᠍ᠲᠠᠪᠤᠷᠢᠵᠢᠭᠤᠯᠤᠨ᠂ ᠠᠮᠤ ᠪᠤᠳᠠᠭᠠᠨ᠎ᠤ ᠤᠨᠠᠯᠲᠠ ᠪᠠ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃ ᠬᠠᠲᠤᠨ ᠭᠤᠣᠯ ᠬᠤᠸᠠᠢ ᠾᠧ ᠭᠤᠣᠯ ᠬᠠᠢ ᠾᠧ ᠭᠤᠣᠯ᠎ᠤᠨ ᠲᠠᠯ᠎ᠠ ᠭᠠᠵᠠᠷ᠂ ᠹᠧᠨ ᠾᠧ ᠭᠤᠣᠯ ᠸᠧᠢ ᠾᠧ ᠭᠤᠣᠯ᠎ᠤᠨ ᠲᠠᠯ᠎ᠠ ᠭᠠᠵᠠᠷ᠂ ᠪᠣᠷᠣᠲᠣᠬᠤᠢ᠎ᠶ᠋ᠢᠨ ᠤᠰᠤᠯᠠᠯᠲᠠ᠎ᠶ᠋ᠢᠨ ᠣᠷᠣᠨ ᠵᠡᠷᠭᠡ ᠠᠮᠤ ᠪᠤᠳᠠᠭᠠᠨ᠎ᠤ ᠭᠤᠣᠯ ᠭᠠᠷᠤᠯᠲᠠ᠎ᠶ᠋ᠢᠨ ᠣᠷᠣᠨ᠎ᠳᠤ ᠴᠢᠨᠠᠷ ᠰᠠᠢᠲᠠᠢ ᠠᠮᠤ ᠪᠤᠳᠠᠭᠠᠨ᠎ᠤ ᠲᠦᠷᠦᠯ ᠵᠦᠢᠯ᠎ᠤᠨ ᠲᠠᠷᠢᠮᠠᠯ᠎ᠢ ᠢᠳᠡᠪᠬᠢᠲᠡᠢ ᠳᠡᠯᠭᠡᠷᠡᠭᠦᠯᠵᠦ᠍᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠶᠡᠭᠡ᠎ᠪᠠᠷ ᠪᠦᠲᠦᠭᠡᠨ ᠪᠠᠢᠭᠤᠯᠵᠤ᠂ ᠬᠠᠮᠠᠭᠠᠯᠠᠯᠲᠠ᠎ᠶ᠋ᠢᠨ ᠴᠢᠨᠠᠷᠲᠠᠢ ᠲᠠᠷᠢᠶᠠᠯᠠᠭ᠎ᠠ᠎ᠶ᠋ᠢ ᠬᠡᠷᠡᠭ᠌ᠵᠢᠭᠦᠯᠤᠨ᠂ ᠪᠣᠬᠢᠷᠲᠤᠯ ᠦᠭᠡᠢ ᠡᠷᠬᠢᠯᠳᠡᠳᠤ ᠥᠨᠳᠥᠷ ᠪᠦᠲᠦᠮᠵᠢ᠎ᠲᠠᠢ ᠲᠠᠷᠢᠶᠠᠯᠠᠩ᠎ᠤᠨ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠵᠢᠯ ᠥᠷᠨᠢᠭᠦᠯᠵᠦ᠍᠂ ᠠᠮᠤ ᠪᠤᠳᠠᠭᠠᠨ᠎ᠤ ᠭᠤᠣᠯ ᠭᠠᠷᠤᠯᠲᠠ᠎ᠶ᠋ᠢᠨ ᠣᠷᠣᠨ᠎ᠤ ᠠᠮᠤ ᠪᠤᠳᠠᠭᠠᠨ᠎ᠤ ᠦᠢᠯᠡᠳᠪᠦᠷᠢᠯᠡᠯ᠎ᠤᠨ ᠭᠤᠣᠯᠳᠠᠯᠭ᠎ᠠ᠎ᠳᠤ ᠣᠷᠣᠨ᠎ᠢ ᠪᠦᠳᠦᠬᠡᠨ ᠪᠠᠢᠭᠤᠯᠬᠤ᠎ᠶ᠋ᠢ ᠳᠡᠮᠵᠢᠨ᠎ᠡ᠃ ᠠᠷᠪᠢᠳᠠᠢ ᠤᠰᠤᠯᠠᠯᠳᠠ᠎ᠶ᠋ᠢᠨ ᠲᠥᠬᠦᠭᠡᠷᠦᠮᠵᠢᠲᠦ ᠲᠠᠷᠢᠶᠠᠯᠠᠩ᠎ᠢ ᠬᠥᠭ᠌ᠵᠢᠭᠦᠯᠬᠦ᠌᠎ᠶ᠋ᠢ ᠶᠡᠭᠡ᠎ᠪᠠᠷ ᠳᠡᠮᠵᠢᠨ᠎ᠡ᠃ ᠬᠠᠲᠤᠨ ᠭᠤᠤᠯ᠎ᠤᠨ ᠰᠠᠪᠠ ᠭᠠᠵᠠᠷ᠎ᠲᠠᠬᠢ ᠭᠠᠭ᠍ᠠᠶ (ᠦᠬᠡᠷ ᠬᠤᠨᠢ) ᠶ᠋ᠢᠨ ᠭᠠᠷᠭᠠᠯᠳᠠ᠎ᠶ᠋ᠢᠨ ᠲᠣᠮᠣ ᠱᠢᠶᠠᠨ᠎ᠢ ᠱᠠᠩᠨᠠᠬᠤ ᠡᠷᠴᠢᠮ᠎ᠢᠶᠠᠨ ᠴᠢᠩᠭᠠᠷᠠᠭᠤᠯᠵᠤ᠂ ᠥᠪᠥᠷ ᠮᠣᠩᠭᠤᠯ᠂ ᠨᠢᠩᠱᠢᠶᠠ᠂ ᠬᠥᠬᠡᠨᠠᠭᠤᠷ ᠵᠡᠷᠭᠡ ᠮᠤᠵᠢ ᠣᠷᠣᠨ᠎ᠳᠤ ᠴᠢᠨᠠᠷ ᠰᠠᠢᠲᠠᠶ ᠰᠦ᠎ᠶ᠋ᠢᠨ ᠢᠷᠡᠯᠲᠡ᠎ᠶ᠋ᠢᠨ ᠰᠠᠭᠤᠷᠢᠨ᠂ ᠣᠲᠣ ᠦᠶ᠎ᠡ᠎ᠶ᠋ᠢᠨ ᠮᠠᠯ ᠠᠵᠤ ᠠᠬᠤᠶ᠎ᠶ᠋ᠢᠨ ᠰᠠᠭᠤᠷᠢᠨ᠂ ᠰᠦᠯ ᠰᠠᠢᠲᠠᠶ ᠲᠡᠵᠢᠭᠡᠯ ᠡᠪᠡᠰᠦ ᠪᠣᠷᠳᠣᠭᠠᠨ᠎ᠤ ᠰᠠᠭᠤᠷᠢᠨ᠂ ᠰᠠᠷᠯᠤᠭ ᠲᠥᠪᠡᠳ ᠬᠤᠨᠢ ᠦᠷᠡᠵᠢᠭᠦᠯᠦᠨ ᠪᠤᠢᠵᠢᠭᠤᠯᠬᠤ ᠰᠠᠭᠤᠷᠢᠨ᠎ᠢ ᠪᠥᠲᠥᠭᠡᠨ ᠪᠠᠢᠭᠤᠯᠤᠨ᠎ᠠ᠃ ᠦᠪᠡᠷᠮᠢᠴᠡ ᠤᠨᠴᠠᠯᠢᠭ᠎ᠲᠠᠢ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠳᠠᠪᠠᠭᠤᠯᠢᠭ᠍ᠳᠤ ᠣᠷᠣᠨ᠎ᠢ ᠪᠠᠢᠷᠢᠱᠢᠭᠤᠯᠤᠨ ᠪᠦᠲᠦᠭᠡᠨ ᠪᠠᠢᠭᠤᠯᠵᠤ᠂ ᠨᠢᠭᠡ ᠪᠦᠯᠦᠭ ᠬᠠᠲᠤᠨ ᠭᠤᠣᠯ᠎ᠤᠨ ᠭᠠᠵᠠᠷ ᠵᠦᠢ᠎ᠶ᠋ᠢᠨ ᠢᠯᠡᠷᠬᠡᠢᠯᠡᠯᠳᠦ ᠪᠦᠲᠦᠭᠡᠭ᠌ᠳᠡᠬᠦᠨ᠎ᠢ ᠪᠣᠶ ᠪᠣᠯᠭᠠᠨ᠂ ᠭᠤᠪᠢ᠎ᠶ᠋ᠢᠨ ᠲᠠᠷᠢᠶᠠᠯᠠᠩ ᠪᠣᠯᠤᠨ ᠬᠠᠬᠢᠷ ᠬᠦᠢᠲᠡᠨ ᠭᠠᠩ ᠬᠠᠭᠤᠷᠠᠶ ᠭᠠᠵᠠᠷ᠎ᠤᠨ ᠲᠠᠷᠢᠶᠠᠯᠠᠩ᠎ᠢ ᠶᠡᠭᠡ᠎ᠪᠠᠷ ᠬᠥᠭ᠌ᠵᠢᠭᠦᠯᠵᠦ᠍᠂ ᠦᠷ᠎ᠡ ᠡᠳ᠋᠎ᠤᠨ ᠡᠬᠢ ᠪᠠᠶᠠᠯᠢᠭ ᠪᠣᠯᠤᠨ ᠦᠷ᠎ᠡ ᠪᠤᠢᠵᠢᠭᠤᠯᠬᠤ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢ ᠢᠳᠡᠪᠬᠢᠲᠡᠶ ᠳᠡᠮᠵᠢᠨ᠎ᠡ᠃ ᠠᠷᠠᠳ᠎ᠢ ᠪᠠᠶᠠᠵᠢᠭᠤᠯᠬᠤ ᠬᠥᠳᠡᠭᠡ ᠲᠣᠰᠭᠤᠨ᠎ᠤ ᠠᠵᠤ ᠦᠢᠯᠡᠰ᠎ᠢ ᠢᠳᠡᠪᠬᠢᠲᠡᠶ ᠬᠥᠭ᠌ᠵᠢᠭᠦᠯᠤᠨ᠂ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌ ᠦᠢᠯᠡᠰ᠎ᠢ ᠲᠦᠷᠭᠡᠳᠭᠡᠨ ᠬᠥᠭ᠌ᠵᠢᠭᠦᠯᠵᠦ᠍᠂ ᠮᠠᠯ ᠠᠵᠤ ᠠᠬᠤᠢ ᠲᠠᠷᠢᠶᠠᠯᠠᠩ᠎ᠤᠨ ᠦᠢᠯᠡᠳᠪᠤᠷᠢᠯᠡᠯ᠎ᠤᠨ ᠬᠤᠯᠪᠣᠭᠠᠲᠤ ᠴᠣᠭ᠍ᠴᠠ᠎ᠶ᠋ᠢ ᠰᠦᠪᠡᠭ᠌ᠴᠢᠯᠡᠨ ᠪᠠᠢᠭᠤᠯᠵᠤ᠂ ᠲᠤᠬᠠᠶ᠎ᠶ᠋ᠢᠨ ᠭᠠᠵᠠᠷ ᠣᠷᠣᠨ᠎ᠤ ᠪᠤᠳᠠᠳᠤ ᠪᠠᠢᠳᠠᠯ᠎ᠳᠤ ᠲᠣᠬᠢᠷᠠᠭᠤᠯᠤᠨ ᠣᠳᠣ ᠦᠶ᠎ᠡ᠎ᠶ᠋ᠢᠨ ᠮᠠᠯ ᠠᠵᠤ ᠠᠬᠤᠢ ᠲᠠᠷᠢᠶᠠᠯᠠᠩ᠎ᠤᠨ ᠦᠢᠯᠡᠴᠢᠯᠡᠭᠡᠨ᠎ᠤ ᠦᠢᠯᠡᠰ᠎ᠢ ᠬᠥᠭ᠌ᠵᠢᠭᠦᠯᠦᠨ᠎ᠡ᠃ 《ᠲᠠᠷᠢᠶᠠᠨ ᠭᠠᠵᠠᠷ — ᠬᠤᠭᠤᠯᠠᠨ ᠱᠢᠷᠡᠭᠡ》᠂ 《ᠮᠠᠯᠵᠢᠯ᠎ᠤᠨ ᠲᠠᠯᠠᠪᠠᠢ — ᠬᠤᠭᠤᠯᠠᠨ ᠱᠢᠷᠡᠭᠡ》 ᠶ᠋ᠢᠨ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ ᠪᠣᠷᠣᠯᠠᠭᠤᠯᠭ᠎ᠠ᠎ᠶ᠋ᠢᠨ ᠱᠢᠨ᠎ᠡ ᠵᠠᠭ᠍ᠪᠤᠷ᠎ᠢ ᠪᠠᠢᠭᠤᠯᠵᠤ᠂ ᠴᠠᠭ ᠲᠤᠬᠠᠢᠳᠤᠨᠢ ᠥᠨᠳᠥᠷ ᠪᠦᠲᠦᠮᠵᠢᠲᠡᠢ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠴᠤᠭ᠍ᠴᠠᠯᠠᠨ᠎ᠠ᠃
ᠭᠤᠷᠪᠠᠳᠤᠭᠠᠷ ᠬᠡᠰᠡᠭ ᠪᠦᠬᠦ᠌ ᠤᠯᠤᠰ᠎ᠤᠨ ᠡᠨᠧᠷᠭᠢ᠎ᠶ᠋ᠢᠨ ᠴᠢᠬᠤᠯᠠ ᠰᠠᠭᠤᠷᠢᠨ᠎ᠢ ᠪᠦᠳᠦᠭᠡᠨ ᠪᠠᠢᠭᠤᠯᠤᠨ᠎ᠠ
ᠤᠰᠤᠨ᠎ᠤ ᠡᠬᠢ ᠪᠠᠶᠠᠯᠢᠭ ᠪᠣᠯᠤᠨ ᠠᠮᠢ ᠠᠬᠤᠶ ᠣᠷᠴᠢᠨ ᠲᠣᠭᠤᠷᠢᠨ᠎ᠤ ᠳᠠᠭᠠᠭᠠᠬᠤ ᠴᠢᠳᠠᠪᠤᠷᠢ᠎ᠶ᠋ᠢ ᠦᠨᠳᠦᠰᠦᠯᠡᠨ᠂ ᠡᠨᠧᠷᠭᠢ᠎ᠶ᠋ᠢᠨ ᠨᠡᠭᠡᠭᠡᠨ ᠬᠥᠭ᠌ᠵᠢᠭᠦᠯᠬᠦ᠌ ᠪᠠᠢᠷᠢᠱᠢᠭᠤᠯᠤᠯᠳᠠ᠎ᠶ᠋ᠢ ᠱᠢᠯᠢᠳᠡᠭ᠌ᠵᠢᠭᠦᠯᠵᠦ᠍᠂ ᠡᠨᠧᠷᠭᠢ᠎ᠶ᠋ᠢᠨ ᠠᠵᠢᠯ ᠲᠥᠷᠥᠯ᠎ᠤᠨ ᠦᠢᠯᠡᠳᠪᠦᠷᠢᠯᠡᠯ᠎ᠤᠨ ᠬᠡᠪᠴᠢᠶ᠎ᠡ᠎ᠶ᠋ᠢ ᠵᠦᠢ ᠵᠣᠬᠢᠰᠲᠠᠶ ᠲᠣᠭ᠍ᠲᠠᠭᠠᠨ᠎ᠠ᠃ ᠱᠠᠨ ᠰᠢ᠂ ᠣᠷᠳᠣᠰ᠎ᠤᠨ ᠬᠤᠲᠣᠭᠤᠷ᠎ᠤᠨ ᠶᠡᠷᠦᠩᠬᠡᠢᠯᠡᠭ᠌ᠰᠡᠨ ᠡᠨᠧᠷᠭᠢ᠎ᠶ᠋ᠢᠨ ᠰᠠᠭᠤᠷᠢᠨ᠎ᠤ ᠡᠬᠢ ᠪᠠᠶᠠᠯᠢᠭ᠎ᠢ ᠡᠮᠬᠢ ᠵᠢᠷᠤᠮ᠎ᠲᠠᠢ ᠪᠦᠲᠦᠮᠵᠢᠲᠡᠶ ᠨᠡᠭᠡᠭᠡᠨ ᠬᠥᠭ᠌ᠵᠢᠭᠦᠯᠵᠦ᠍᠂ ᠨᠢᠩᠱᠢᠶᠠ᠎ᠶ᠋ᠢᠨ ᠨᠢᠩᠳᠦ᠋ᠩ᠂ ᠭᠠᠨᠰᠦ᠎ᠶ᠋ᠢᠨ ᠯᠦᠩᠳᠦ᠋ᠩ᠂ ᠱᠠᠨᠪᠸᠢ᠂ ᠬᠥᠬᠡᠨᠠᠭᠤᠷ᠎ᠤᠨ ᠬᠠᠢᠰᠢ ᠵᠡᠷᠭᠡ ᠴᠢᠬᠤᠯᠠ ᠡᠨᠧᠷᠭᠢ᠎ᠶ᠋ᠢᠨ ᠰᠠᠭᠤᠷᠢᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃ ᠨᠡᠭᠦᠷᠡᠰᠦ᠎ᠶ᠋ᠢ ᠨᠡᠭᠡᠭᠡᠨ ᠬᠦᠭ᠌ᠵᠢᠬᠦᠯᠬᠦ᠌ ᠡᠷᠴᠢᠮ᠎ᠢ ᠵᠦᠢ ᠵᠣᠬᠢᠰᠲᠠᠶ ᠬᠢᠵᠠᠭᠠᠷᠯᠠᠵᠤ᠂ ᠡᠯ᠎ᠡ ᠲᠥᠷᠥᠯ᠎ᠤᠨ ᠬᠠᠢᠨ ᠱᠢᠨᠵᠢᠯᠡᠵᠦ᠍ ᠨᠡᠭᠡᠭᠡᠡ ᠬᠦᠭ᠌ᠵᠢᠬᠦᠯᠬᠦ᠌ ᠠᠵᠢᠯᠯᠠᠭ᠎ᠠ᠎ᠶ᠋ᠢ ᠴᠢᠩᠭ᠎ᠠ ᠵᠢᠷᠤᠮᠵᠢᠭᠤᠯᠤᠨ᠎ᠠ᠃ ᠨᠡᠭᠦᠷᠡᠰᠦᠨ᠎ᠤ ᠠᠵᠤ ᠦᠢᠯᠡᠰ᠎ᠤᠨ ᠪᠣᠬᠢᠷᠲᠤᠯ ᠦᠭᠡᠢ ᠬᠥᠭ᠌ᠵᠢᠯᠲᠡ᠂ ᠤᠶᠤᠨᠴᠢᠯᠠᠭ᠍ᠰᠠᠨ ᠬᠥᠭ᠌ᠵᠢᠯᠲᠡ᠎ᠶ᠋ᠢ ᠠᠬᠢᠭᠤᠯᠵᠤ᠂ ᠦᠢᠯᠡᠳᠪᠦᠷᠢᠯᠡᠯ᠎ᠳᠡᠭᠡᠨ ᠪᠠᠢᠭ᠎ᠠ ᠨᠡᠭᠦᠷᠡᠰᠦᠨ ᠠᠭᠤᠷᠬᠠᠢ᠎ᠶ᠋ᠢᠨ ᠤᠶᠤᠨᠴᠢᠯᠠᠭ᠍ᠰᠠᠨ ᠥᠭᠡᠷᠡᠴᠢᠯᠡᠯᠲᠡ᠎ᠶ᠋ᠢ ᠲᠦᠷᠭᠡᠳᠭᠡᠨ᠂ ᠠᠶᠤᠯᠬᠦᠢ ᠦᠢᠯᠡᠳᠪᠦᠷᠢᠯᠡᠯ᠎ᠢ ᠴᠢᠩᠭᠠᠳᠭᠠᠵᠤ᠂ ᠠᠶᠤᠯᠬᠦᠢ ᠦᠢᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢ ᠴᠢᠩᠭᠠᠳᠭᠠᠨ᠎ᠠ᠃ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠢ᠎ᠪᠠᠷ ᠠᠱᠢᠬ᠍ᠯᠠᠬᠤ᠎ᠶ᠋ᠢ ᠠᠬᠢᠭᠤᠯᠵᠤ᠂ ᠨᠡᠭᠦᠷᠡᠰᠦ᠎ᠪᠠᠷ ᠴᠠᠬᠢᠯᠭᠠᠨ ᠭᠠᠷᠭᠠᠬᠤ ᠬᠡᠪᠴᠢᠶ᠎ᠡ᠎ᠶ᠋ᠢ ᠱᠢᠨ᠎ᠡ᠎ᠪᠠᠷ ᠨᠡᠮᠡᠭ᠌ᠳᠡᠭᠦᠯᠬᠦ᠌᠎ᠶ᠋ᠢ ᠴᠢᠩᠭ᠎ᠠ ᠬᠢᠵᠠᠭᠠᠷᠯᠠᠨ᠂ ᠨᠡᠭᠦᠷᠡᠰᠦ᠎ᠪᠠᠷ ᠴᠠᠬᠢᠯᠭᠠᠨ ᠭᠠᠷᠭᠠᠬᠤ ᠬᠤᠴᠣᠷᠤᠩᠭᠤᠢ ᠮᠠᠱᠢᠨ ᠴᠣᠭ᠍ᠴᠠᠯᠠᠪᠤᠷᠢ᠎ᠶ᠋ᠢ ᠲᠦᠷᠭᠡᠳᠭᠡᠨ ᠱᠢᠭ᠌ᠰᠢᠭ᠌ᠳᠡᠬᠦᠯᠦᠨᠠ᠃ ᠡᠨᠧᠷᠭᠢ ᠪᠠ ᠡᠬᠢ ᠪᠠᠶᠠᠯᠢᠭ᠎ᠢ ᠨᠢᠭᠡ ᠴᠤᠭ᠍ᠴᠠᠵᠢᠭᠤᠯᠤᠨ ᠨᠡᠭᠡᠭᠡᠨ ᠬᠥᠭ᠌ᠵᠢᠭᠦᠯᠵᠦ᠍ ᠠᠱᠢᠬ᠍ᠯᠠᠬᠤ᠎ᠶ᠋ᠢ ᠴᠢᠩᠭᠠᠳᠭᠠᠨ᠂ ᠡᠨᠧᠷᠭᠢ᠎ᠶ᠋ᠢᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠢ ᠨᠠᠷᠢᠯᠢᠭ ᠡᠳ᠋ᠱᠢᠬᠦᠯᠬᠦ᠂ ᠳᠡᠭᠡᠳᠦ ᠲᠡᠰᠵᠢᠬᠦᠯᠬᠦ᠌ ᠲᠡᠢᠰᠢ ᠬᠥᠭ᠌ᠵᠢᠬᠦ᠌᠎ᠶ᠋ᠢ ᠠᠬᠢᠭᠤᠯᠤᠨ᠎ᠠ᠃ ᠴᠢᠯᠠᠭᠤᠨ ᠲᠣᠰᠣ᠂ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢ ᠬᠠᠢᠨ ᠱᠢᠨᠵᠢᠬᠦ᠌ ᠡᠷᠴᠢᠮ᠎ᠢᠶᠠᠨ ᠴᠢᠩᠭᠠᠷᠠᠭᠤᠯᠵᠤ᠂ ᠨᠡᠭᠦᠷᠡᠰᠦᠨ ᠳᠠᠪᠬᠤᠷᠭ᠎ᠠ᠎ᠶ᠋ᠢᠨ ᠬᠡᠢ᠂ ᠵᠠᠨᠠᠷ᠎ᠤᠨ ᠬᠡᠢ ᠵᠡᠷᠭᠡ ᠤᠨᠴᠠᠭᠠᠢ ᠱᠢᠲᠠᠮᠠᠬᠠᠶ ᠬᠡᠢ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠬ᠍ᠯᠠᠬᠤ᠎ᠶ᠋ᠢ ᠯᠠᠪᠳᠠᠭᠤᠨ᠎ᠢᠶᠠᠷ ᠠᠬᠢᠭᠤᠯᠤᠨ᠎ᠠ᠃ ᠬᠠᠲᠤᠨ ᠭᠤᠣᠯ᠎ᠤᠨ ᠳᠡᠭᠡᠳᠦ ᠤᠷᠤᠰᠭᠠᠯ᠎ᠤᠨ ᠤᠰᠤᠨ ᠴᠠᠬᠢᠯᠭᠠᠨ᠎ᠤ ᠥᠷᠲᠡᠭᠡ ᠪᠣᠯᠤᠨ ᠴᠠᠬᠢᠯᠭᠠᠨ ᠲᠣᠣᠷ᠎ᠤᠨ ᠱᠢᠰᠲ᠋ᠧᠮ᠎ᠤᠨ ᠲᠣᠬᠢᠷᠠᠭᠤᠯᠬᠤ ᠴᠢᠳᠠᠪᠤᠷᠢ᠎ᠶ᠋ᠢ ᠪᠠᠳᠠᠷᠠᠭᠤᠯᠵᠤ᠂ ᠬᠥᠬᠡᠨᠠᠭᠤᠷ᠂ ᠭᠠᠨᠰᠦ᠂ ᠰᠧᠴᠤᠸᠠᠨ ᠵᠡᠷᠭᠡ ᠰᠠᠯᠬᠢᠨ᠎ᠤ ᠡᠨᠧᠷᠭᠢ ᠪᠠ ᠨᠡᠷᠡᠨ᠎ᠤ ᠡᠨᠧᠷᠭᠢ᠎ᠪᠠᠷ ᠡᠯᠪᠡᠭ ᠭᠠᠵᠠᠷ ᠣᠷᠣᠨ᠎ᠳᠤ ᠰᠠᠯᠬᠢ ᠨᠠᠷᠠᠨ᠎ᠤ ᠡᠨᠧᠷᠬᠢ ᠪᠠ ᠤᠰᠤ ᠣᠯᠠᠨ ᠡᠨᠧᠷᠭᠢ᠎ᠶ᠋ᠢᠨ ᠬᠠᠷᠢᠯᠴᠠᠨ ᠨᠥᠬᠦᠪᠥᠷᠢᠯᠡᠬᠦ᠌ ᠱᠢᠰᠲ᠋ᠧᠮ ᠪᠠᠢᠭᠤᠯᠬᠤ᠎ᠶ᠋ᠢ ᠳᠡᠮᠵᠢᠨ᠎ᠡ᠃ ᠬᠥᠬᠡᠨᠠᠭᠤᠷ᠂ ᠭᠠᠨᠰᠦ᠂ ᠥᠪᠥᠷ ᠮᠣᠩᠭᠤᠯ ᠵᠡᠷᠭᠡ ᠮᠤᠵᠢ ᠣᠷᠣᠨ᠎ᠤ ᠴᠡᠪᠡᠷ ᠡᠨᠧᠷᠭᠢ᠎ᠶ᠋ᠢ ᠭᠠᠳᠠᠭ᠍ᠰᠢ ᠬᠦᠷᠭᠡᠬᠦ᠌ ᠴᠢᠳᠠᠪᠤᠷᠢ ᠪᠠ ᠪᠠᠲᠤᠯᠠᠭ᠎ᠠ᠎ᠶ᠋ᠢᠨ ᠲᠣᠭ᠍ᠲᠠᠴᠠ᠎ᠶ᠋ᠢᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠵᠤ᠂ ᠮᠤᠵᠢ ᠣᠷᠣᠨ ᠠᠯᠤᠰᠯᠠᠭ᠍ᠰᠠᠨ ᠴᠠᠬᠢᠯᠭᠠᠨ ᠬᠦᠴᠦᠨ᠎ᠤ ᠵᠠᠬ᠎ᠠ ᠳᠡᠯᠭᠡᠭᠦᠷ᠎ᠢ ᠨᠢᠭᠡ ᠴᠣᠭ᠍ᠴᠠᠵᠢᠭᠤᠯᠬᠤ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠶᠡᠭᠡ ᠪᠠᠭ᠍ᠲᠠᠭᠠᠮᠵᠢᠲᠠᠶ᠂ ᠥᠨᠳᠥᠷ ᠦᠷ᠎ᠡ ᠪᠦᠲᠦᠮᠵᠢᠲᠡᠶ ᠡᠨᠧᠷᠭᠢ ᠬᠠᠳᠠᠭᠠᠯᠠᠬᠤ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢ ᠥᠷᠨᠢᠭᠦᠯᠦᠨ᠎ᠡ᠃ ᠤᠯᠤᠰ᠎ᠤᠨ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠂ ᠡᠨᠧᠷᠭᠢ᠎ᠶ᠋ᠢᠨ ᠬᠤᠪᠢᠰᠭᠠᠯ᠎ᠤᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ ᠵᠡᠷᠭᠡ᠎ᠶ᠋ᠢᠨ ᠪᠦᠳᠦᠭᠡᠨ ᠪᠠᠢᠭᠤᠯᠤᠯᠲᠠ ᠥᠷᠨᠢᠭᠦᠯᠬᠦ᠌᠎ᠶ᠋ᠢ ᠲᠡᠮᠵᠢᠨ᠎ᠠ᠃
ᠳᠥᠷᠪᠡᠳᠦᠭᠡᠷ ᠬᠡᠰᠡᠭ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ ᠪᠠ ᠲᠡᠷᠢᠭᠦᠨ᠎ᠤ ᠦᠢᠯᠡᠳᠬᠦ᠌ ᠦᠢᠯᠡᠰ᠎ᠤᠨ ᠬᠥᠭ᠌ᠵᠢᠯᠲᠡ᠎ᠶ᠋ᠢ ᠲᠦᠷᠭᠡᠳᠭᠡᠨ᠎ᠡ
ᠬᠠᠲᠤᠨ ᠭᠤᠤᠯ᠎ᠤᠨ ᠳᠤᠮᠳᠠ ᠳᠤᠤᠷᠠᠳᠤ ᠤᠷᠤᠰᠭᠠᠯ᠎ᠳᠠᠬᠢ ᠠᠵᠤ ᠦᠢᠯᠡᠰ᠎ᠤᠨ ᠰᠠᠭᠤᠷᠢ᠎ᠪᠠᠷ ᠨᠡᠯᠢᠶᠡᠳ ᠰᠠᠢᠨ ᠭᠠᠵᠠᠷ ᠣᠷᠣᠨ᠎ᠢᠶᠠᠷ ᠭᠤᠤᠯᠳᠠᠯᠭ᠎ᠠ ᠪᠣᠯᠭᠠᠨ᠂ ᠦᠢᠯᠡᠳᠪᠤᠷᠢᠯᠡᠯ ᠬᠠᠩᠭᠠᠯᠭ᠎ᠠ ᠬᠡᠷᠡᠭ᠌ᠴᠡᠭᠡ᠎ᠶ᠋ᠢ ᠪᠦᠲᠦᠮᠵᠢᠲᠡᠶ ᠵᠣᠯᠭᠠᠭᠤᠯᠤᠭ᠍ᠰᠠᠨ᠂ ᠠᠵᠤ ᠦᠢᠯᠡᠰ᠎ᠤᠨ ᠲᠠᠬᠡᠳᠤ ᠳᠤᠮᠳᠠ ᠳᠤᠤᠷᠠᠳᠤ ᠤᠷᠤᠰᠭᠠᠯ᠎ᠤᠨ ᠵᠣᠬᠢᠴᠠᠯᠳᠤᠨ ᠬᠠᠮᠵᠢᠯᠴᠠᠬ᠍ᠰᠠᠨ᠂ ᠠᠵᠤ ᠦᠢᠯᠡᠰ᠎ᠤᠨ ᠬᠡᠯᠬᠢᠶ᠎ᠡ᠂ ᠱᠢᠨ᠎ᠡ᠎ᠶ᠋ᠢ ᠡᠭᠦᠳᠬᠦ᠌ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠨᠢᠭ᠍ᠲᠠ ᠵᠣᠯᠭᠠᠭᠤᠯᠤᠭ᠍ᠰᠠᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ᠎ᠤᠨ ᠬᠠᠮᠲᠤᠷᠠᠯᠴᠠᠭᠠᠨ᠎ᠤ ᠲᠠᠪᠴᠠᠩ᠎ᠢ ᠪᠠᠢᠭᠤᠯᠵᠤ᠂ ᠠᠵᠤ ᠦᠢᠯᠡᠰ᠎ᠤᠨ ᠱᠢᠰᠲ᠋ᠧᠮ᠎ᠢ ᠲᠠᠰ ᠳᠡᠪᠱᠢᠭᠦᠯᠬᠦ᠌ ᠪᠠ ᠰᠠᠭᠤᠷᠢ ᠴᠢᠳᠠᠪᠤᠷᠢ᠎ᠶ᠋ᠢ ᠳᠠᠬᠢᠨ ᠪᠠᠢᠭᠤᠯᠬᠤ᠎ᠶ᠋ᠢ ᠠᠬᠢᠭᠤᠯᠤᠨ᠂ ᠨᠡᠯᠢᠶᠡᠳ ᠴᠢᠩᠭ᠎ᠠ ᠥᠷᠢᠰᠦᠯᠳᠦᠬᠦ᠌ ᠬᠦᠴᠦᠨ᠎ᠲᠠᠢ ᠠᠵᠤ ᠦᠢᠯᠡᠰ᠎ᠤᠨ ᠰᠦᠷᠦᠭ᠌ᠵᠢᠯ᠎ᠢ ᠪᠣᠶ ᠪᠣᠯᠭᠠᠨ᠎ᠠ᠃ ᠠᠵᠤ ᠦᠢᠯᠡᠳᠪᠤᠷᠢ᠎ᠶ᠋ᠢᠨ ᠢᠨᠲ᠋ᠧᠷ ᠰᠦᠯᠵᠢᠶ᠎ᠡ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠢᠲ᠋ᠠ ᠵᠡᠷᠬᠡ᠎ᠶ᠋ᠢᠨ ᠤᠯᠠᠮᠵᠢᠯᠠᠯᠲᠤ ᠠᠵᠤ ᠦᠢᠯᠡᠰ᠎ᠲᠤ ᠨᠡᠪᠴᠢᠨ ᠤᠷᠤᠬᠤ ᠨᠣᠷᠮ᠎ᠠ᠎ᠶ᠋ᠢ ᠳᠡᠭᠡᠭ᠌ᠰᠢᠯᠡᠭᠦᠯᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠳᠠᠪᠠᠭᠤᠯᠢᠭ᠍ᠳᠤ ᠦᠢᠯᠡᠳᠬᠦ᠌ ᠦᠢᠯᠡᠰ᠎ᠤᠨ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠬᠤ᠂ ᠤᠶᠤᠨᠴᠢᠯᠠᠨ ᠲᠠᠰ ᠳᠡᠪᠱᠢᠭᠦᠯᠬᠦ᠌ ᠪᠠ ᠲᠣᠭᠠᠴᠢᠵᠢᠭᠤᠯᠤᠨ ᠴᠢᠳᠠᠮᠵᠢ ᠣᠯᠭᠤᠬᠤ᠎ᠶ᠋ᠢ ᠠᠬᠢᠭᠤᠯᠤᠨ᠎ᠠ᠃ ᠠᠷᠠᠳ᠎ᠠᠴᠠ ᠡᠵᠡᠩᠨᠡᠭ᠌ᠰᠡᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠶᠡᠭᠡ᠎ᠪᠠᠷ ᠳᠡᠮᠵᠢᠵᠦ᠍᠂ ᠦᠢᠯᠡᠳᠬᠦ᠌ ᠦᠢᠯᠡᠰ᠎ᠤᠨ ᠠᠵᠤ ᠠᠬᠤᠢᠯᠠᠯ᠎ᠤᠨ ᠣᠷᠣᠨ ᠪᠦᠰᠡ ᠠᠯᠤᠰᠯᠠᠨ ᠬᠠᠷᠢᠯᠴᠠᠨ ᠨᠡᠢᠯᠡᠭᠦᠯᠵᠦ᠍ ᠳᠠᠬᠢᠨ ᠵᠤᠬᠢᠶᠠᠨ ᠪᠠᠢᠭᠤᠯᠬᠤ᠎ᠶ᠋ᠢ ᠳᠡᠮᠵᠢᠨ᠎ᠡ᠃ ᠨᠥᠬᠦᠴᠡᠯ᠎ᠳᠤ ᠨᠡᠢᠴᠡᠬᠦ᠌ ᠲᠡᠷᠢᠭᠦᠨ᠎ᠤ ᠦᠢᠯᠡᠳᠬᠦ᠌ ᠦᠢᠯᠡᠰ᠎ᠤᠨ ᠠᠵᠤ ᠠᠬᠤᠢᠯᠠᠯ᠎ᠤᠨ ᠰᠲ᠋ᠤᠺ᠎ᠢᠶᠠᠨ ᠵᠠᠬ᠎ᠠ ᠳᠡᠯᠭᠡᠭᠦᠷ᠎ᠲᠤ ᠭᠠᠷᠭᠠᠨ ᠪᠡᠯᠡ ᠬᠤᠷᠠᠮᠳᠤᠭᠤᠯᠬᠤ᠂ ᠠᠵᠤ ᠠᠬᠤᠢᠯᠠᠯ᠎ᠤᠨ ᠵᠢᠭᠡᠯᠡᠯᠭᠡ᠎ᠶ᠋ᠢᠨ ᠲᠡᠮᠳᠡᠭ᠌ᠲᠦ ᠲᠠᠷᠬᠠᠭᠠᠬᠤ ᠵᠡᠷᠭᠡ ᠲᠠᠯ᠎ᠠ᠎ᠪᠠᠷ ᠢᠳᠡᠪᠬᠢᠲᠡᠢ ᠳᠡᠮᠵᠢᠯᠭᠡ ᠦᠵᠡᠭᠦᠯᠦᠨ᠎ᠡ᠃ ᠯᠠᠨᠵᠧᠤ᠎ᠶ᠋ᠢᠨ ᠱᠢᠨ᠎ᠡ ᠲᠣᠭᠤᠷᠢᠭ᠂ ᠰᠢ ᠱᠢᠶᠠᠨ ᠱᠢᠨ᠎ᠡ ᠲᠣᠭᠤᠷᠢᠭ ᠵᠡᠷᠭᠡ ᠤᠯᠤᠰ᠎ᠤᠨ ᠲᠠᠰ᠎ᠤᠨ ᠱᠢᠨ᠎ᠡ ᠲᠣᠭᠤᠷᠢᠭ ᠪᠤᠯᠤᠨ ᠵᠧᠩᠵᠸᠦ᠎ᠶ᠋ᠢᠨ ᠠᠭᠠᠷ᠎ᠤᠨ ᠠᠶᠠᠯᠠᠯ᠎ᠤᠨ ᠭᠠᠷᠠᠮ᠎ᠤᠨ ᠠᠵᠤ ᠠᠬᠤᠶ᠎ᠶ᠋ᠢᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠲᠣᠭᠤᠷᠢᠭ᠎ᠤᠨ ᠭᠤᠤᠯᠯᠠᠬᠤ ᠠᠵᠤ ᠦᠢᠯᠡᠰ᠎ᠢᠶᠠᠨ ᠨᠠᠷᠢᠯᠢᠭ᠍ᠵᠢᠭᠤᠯᠤᠨ ᠬᠦᠴᠦᠷᠬᠡᠭ᠌ᠵᠢᠭᠦᠯᠬᠦ᠌᠎ᠶ᠋ᠢ ᠳᠡᠮᠵᠢᠨ᠎ᠡ᠃ ᠭᠠᠨᠰᠦ᠎ᠶ᠋ᠢᠨ ᠯᠠᠨᠪᠠᠢ ᠠᠵᠤ ᠠᠬᠤᠢ᠎ᠶ᠋ᠢᠨ ᠣᠷᠣᠨ᠂ ᠨᠢᠩᠱᠢᠶᠠ᠎ᠶ᠋ᠢᠨ ᠢᠷᠭᠠᠢ — ᠱ᠌ᠢ ᠽᠦᠢ ᠱᠠᠨ ᠠᠭᠤᠯᠠ᠂ ᠱᠠᠨ ᠰᠢ ᠱᠠᠨᠰᠢ ᠾᠧᠨᠠᠨ ᠬᠠᠳᠤᠨ ᠭᠤᠣᠯ᠎ᠤᠨ ᠭᠤᠷᠪᠠᠯᠵᠢᠨ ᠬᠤᠢᠭ᠎ᠤᠨ ᠠᠵᠤ ᠦᠢᠯᠡᠰ᠎ᠤᠨ ᠱᠢᠯᠵᠢᠯᠲᠡ᠎ᠶ᠋ᠢ ᠬᠦᠯᠢᠶᠡᠨ ᠠᠪᠬᠤ ᠵᠢᠱ᠌ᠢᠶ᠎ᠡ ᠦᠵᠡᠭᠦᠯᠬᠦ᠌ ᠣᠷᠣᠨ᠎ᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠠᠵᠤ ᠦᠢᠯᠡᠰ᠎ᠤᠨ ᠱᠢᠯᠵᠢᠯᠲᠡ᠎ᠶ᠋ᠢ ᠬᠦᠯᠢᠶᠡᠨ ᠠᠪᠬᠤ ᠴᠢᠳᠠᠪᠤᠷᠢ᠎ᠶ᠋ᠢ᠎ᠨᠢ ᠳᠡᠭᠡᠭ᠌ᠰᠢᠯᠡᠭᠦᠯᠦᠨ᠎ᠡ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠂ ᠤᠯᠤᠰ᠎ᠤᠨ ᠲᠠᠰ᠎ᠤᠨ ᠱᠢᠨ᠎ᠡ ᠲᠣᠭᠤᠷᠢᠭ᠂ ᠤᠯᠤᠰ᠎ᠤᠨ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ ᠪᠤᠯᠤᠨ ᠪᠥᠬᠦ᠌ ᠲᠠᠯ᠎ᠠ᠎ᠪᠠᠷ ᠱᠢᠨ᠎ᠡ᠎ᠶ᠋ᠢ ᠡᠭᠦᠳᠬᠦ᠌ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠣᠷᠣᠨ᠎ᠤ ᠲᠤᠷᠱᠢᠯᠭ᠎ᠠ ᠲᠥᠷᠥ᠎ᠶ᠋ᠢᠨ ᠪᠣᠳᠣᠯᠭ᠎ᠠ᠎ᠶ᠋ᠢ ᠬᠠᠭᠤᠯᠪᠤᠷᠢᠯᠠᠨ ᠳᠡᠯᠭᠡᠷᠡᠭᠦᠯᠵᠤ᠂ ᠱᠢᠨ᠎ᠡ ᠬᠠᠭᠤᠴᠢᠨ ᠬᠥᠳᠡᠯᠭᠡᠬᠦ᠌ ᠡᠨᠧᠷᠭᠢ᠎ᠶ᠋ᠢᠨ ᠰᠣᠯᠢᠭ᠍ᠳᠠᠯ᠎ᠤᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠣᠷᠣᠨ᠂ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠬᠦᠯᠬᠦ᠌ ᠵᠢᠱ᠌ᠢᠶ᠎ᠡ ᠦᠵᠡᠭᠦᠯᠬᠦ᠌ ᠣᠷᠣᠨ᠂ ᠱᠢᠨ᠎ᠡ ᠬᠡᠯᠪᠡᠷᠢ᠎ᠶ᠋ᠢᠨ ᠠᠵᠤ ᠦᠢᠯᠡᠳᠪᠤᠷᠢᠵᠢᠯᠲᠡ᠎ᠶ᠋ᠢᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ᠌ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠵᠢᠨᠠᠨ᠎ᠳᠤ ᠱᠢᠨ᠎ᠡ ᠬᠠᠭᠤᠴᠢᠨ ᠬᠥᠳᠡᠯᠭᠡᠬᠦ᠌ ᠡᠨᠧᠷᠭᠢ᠎ᠶ᠋ᠢᠨ ᠰᠣᠯᠢᠭ᠍ᠳᠠᠯ᠎ᠤᠨ ᠡᠬᠢᠯᠡᠯᠲᠡ᠎ᠶ᠋ᠢᠨ ᠣᠷᠣᠨ ᠪᠠᠢᠭᠤᠯᠬᠤ᠎ᠶ᠋ᠢ ᠲᠡᠮᠵᠢᠨ᠎ᠡ᠃ ᠳᠤᠮᠳᠠ ᠳᠣᠣᠷᠠᠳᠤ ᠤᠷᠤᠰᠭᠠᠯ᠎ᠤᠨ ᠭᠠᠵᠠᠷ ᠣᠷᠣᠨ᠎ᠤ ᠠᠵᠤ ᠦᠢᠯᠡᠰ᠎ᠤᠨ ᠪᠤᠬᠢᠷᠳᠤᠯ ᠦᠬᠡᠢ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠦᠴᠦᠯᠡᠴᠡ᠎ᠶ᠋ᠢ ᠪᠠᠭᠤᠷᠠᠭᠤᠯᠬᠤ ᠱᠠᠭᠠᠷᠳᠠᠯᠭ᠎ᠠ᠎ᠶ᠋ᠢ ᠦᠨᠡᠨ ᠬᠦ᠌ ᠨᠠᠢᠳᠠᠪᠤᠷᠢᠵᠢᠭᠤᠯᠤᠨ᠎ᠠ᠃
ᠠᠷᠪᠠᠳᠤᠭᠠᠷ ᠪᠦᠯᠦᠭ ᠣᠷᠣᠨ ᠪᠦᠰᠡ ᠬᠤᠳᠠ ᠬᠥᠳᠡᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠠᠢᠭᠤᠯᠤᠨ᠎ᠠ
ᠣᠷᠣᠨ ᠪᠦᠰᠡ᠎ᠶ᠋ᠢᠨ ᠬᠠᠷᠢᠴᠠᠭᠤᠯᠤᠭ᠍ᠰᠠᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠣᠨᠴᠠ ᠶᠡᠭᠡ ᠬᠤᠲᠠ᠎ᠶ᠋ᠢᠨ 《ᠮᠠᠷᠢᠶ᠎ᠠ ᠱᠢᠭᠤᠷᠠᠭᠤᠯᠵᠤ ᠪᠡᠶ᠎ᠡ ᠴᠢᠭᠢᠷᠠᠭ᠍ᠵᠢᠭᠤᠯᠬᠤ》 ᠶ᠋ᠢ ᠠᠬᠢᠭᠤᠯᠤᠨ᠂ ᠶᠡᠭᠡ ᠳᠤᠮᠳᠠ ᠬᠤᠲᠠ᠎ᠶ᠋ᠢ ᠡᠮᠬᠢ ᠵᠢᠷᠤᠮ᠎ᠲᠠᠢ᠎ᠪᠠᠷ ᠪᠥᠲᠥᠭᠡᠨ ᠪᠠᠢᠭᠤᠯᠵᠤ᠂ ᠱᠢᠶᠠᠨ᠎ᠤ ᠬᠤᠲᠠ᠎ᠶ᠋ᠢᠨ ᠬᠤᠲᠠ ᠪᠠᠯᠭᠠᠰᠤᠵᠢᠯᠲᠠ᠎ᠶ᠋ᠢᠨ ᠳᠤᠲᠠᠭᠤᠳᠠᠯ᠎ᠢ ᠨᠥᠬᠦᠪᠥᠷᠢᠯᠡᠨ ᠪᠠᠭᠤᠷᠠᠶ ᠲᠠᠯ᠎ᠠ᠎ᠪᠠᠨ ᠬᠦᠴᠦᠷᠬᠡᠭ᠌ᠵᠢᠭᠦᠯᠬᠦ᠌᠎ᠶ᠋ᠢ ᠠᠬᠢᠭᠤᠯᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠤᠨ᠂ ᠣᠷᠣᠨ ᠪᠦᠰᠡ᠂ ᠬᠤᠲᠠ᠂ ᠬᠤᠲᠠ ᠬᠥᠳᠡᠭᠡ᠎ᠶ᠋ᠢᠨ ᠬᠤᠭᠤᠷᠣᠨᠳᠣ ᠲᠣᠰ ᠲᠣᠰ᠎ᠤᠨ ᠣᠨᠴᠠᠯᠢᠭ᠎ᠲᠠᠢ᠂ ᠲᠣᠰ ᠲᠣᠰ᠎ᠤᠨ ᠣᠷᠣᠨ᠎ᠳᠠᠭᠠᠨ ᠪᠠᠢᠬᠤ᠂ ᠬᠠᠮᠵᠢᠯᠴᠠᠵᠤ ᠬᠤᠯᠪᠣᠭᠠᠯᠠᠨ ᠬᠥᠳᠡᠯᠦᠯᠴᠡᠬᠦ᠂ ᠣᠷᠭᠠᠨᠢᠭ᠎ᠢᠶᠠᠷ ᠬᠠᠷᠢᠯᠴᠠᠨ ᠠᠬᠢᠭᠤᠯᠬᠤ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠤᠨ᠎ᠠ᠃
ᠨᠢᠭᠡᠳᠦᠭᠡᠷ ᠬᠡᠰᠡᠭ ᠬᠠᠳᠤᠨ ᠭᠤᠣᠯ ᠳᠠᠭᠠᠤ᠎ᠶ᠋ᠢᠨ ᠬᠤᠳᠠ᠎ᠶ᠋ᠢᠨ ᠰᠦᠷᠦᠭ᠌ᠵᠢᠯ᠎ᠢ ᠴᠢᠨᠠᠷ ᠰᠠᠢᠲᠠᠢ ᠥᠨᠳᠥᠷ ᠪᠠᠷᠢᠮᠵᠢᠶ᠎ᠠ᠎ᠪᠠᠷ ᠪᠦᠳᠦᠭᠡᠨ ᠪᠠᠢᠭᠤᠯᠤᠨ᠎ᠠ
ᠡᠬᠢ ᠪᠠᠶᠠᠯᠢᠭ᠎ᠤᠨ ᠡᠯᠧᠮᠧᠨ᠋ᠲ᠎ᠤᠨ ᠭᠠᠵᠠᠷ ᠣᠷᠣᠨ ᠪᠠ ᠬᠦᠷᠢᠶ᠎ᠡ ᠴᠠᠷᠠᠭ᠎ᠠ ᠠᠯᠤᠰᠯᠠᠨ ᠡᠷᠬᠢᠯᠳᠦᠬᠦ᠌ ᠬᠠᠷᠰᠢ ᠰᠠᠭᠠᠳ᠎ᠢ ᠡᠪᠳᠡᠨ᠂ ᠭᠠᠵᠠᠷ ᠱᠢᠷᠣᠶ᠂ ᠪᠠᠯᠠ ᠮᠥᠩᠭᠦ᠌ ᠵᠡᠷᠭᠡ ᠦᠢᠯᠡᠳᠪᠤᠷᠢᠯᠡᠯ᠎ᠤᠨ ᠡᠯᠧᠮᠧᠨ᠋ᠲ᠎ᠤᠨ ᠥᠨᠳᠥᠷ ᠪᠦᠲᠦᠮᠵᠢᠲᠡᠶ᠎ᠪᠠᠷ ᠱᠢᠯᠵᠢᠬᠦ᠌᠎ᠶ᠋ᠢ ᠠᠬᠢᠭᠤᠯᠵᠤ᠂ ᠬᠠᠲᠤᠨ ᠭᠤᠤᠯ ᠳᠠᠭᠠᠤ᠎ᠶ᠋ᠢᠨ ᠬᠤᠲᠠ᠎ᠶ᠋ᠢᠨ ᠰᠦᠷᠦᠭ᠌ᠵᠢᠯ᠎ᠤᠨ ᠠᠵᠤ ᠠᠬᠤᠶ ᠪᠠ ᠬᠥᠮᠦᠨ ᠠᠮᠠ᠎ᠶ᠋ᠢᠨ ᠳᠠᠭᠠᠭᠠᠴᠠ᠎ᠶ᠋ᠢᠨ ᠴᠢᠳᠠᠪᠤᠷᠢ᠎ᠶ᠋ᠢ ᠴᠢᠩᠭᠠᠳᠭᠠᠨ᠂ ᠬᠠᠲᠤᠨ ᠭᠤᠤᠯ᠎ᠤᠨ ᠰᠠᠪᠠ ᠭᠠᠵᠠᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠨᠡᠮᠡᠭ᠌ᠳᠡᠯ᠎ᠤᠨ ᠲᠦᠢᠯ᠎ᠢ ᠪᠣᠶ ᠪᠣᠯᠭᠠᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠬᠤᠱᠢᠭᠤᠴᠢ ᠣᠷᠣᠨ᠎ᠤ ᠪᠥᠲᠥᠭᠡᠨ ᠪᠠᠢᠭᠤᠯᠤᠯᠳᠠ᠎ᠶ᠋ᠢ ᠠᠬᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ᠂ ᠤᠰᠤᠨ᠎ᠤ ᠡᠬᠢ ᠪᠠᠶᠠᠯᠢᠭ ᠵᠡᠷᠭᠡ᠎ᠶ᠋ᠢᠨ ᠬᠢᠵᠠᠭᠠᠷᠯᠠᠯ ᠪᠠ ᠬᠤᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ ᠱᠤᠭᠤᠮ᠎ᠤᠨ ᠬᠠᠮᠢᠶᠠᠷᠤᠯᠲᠠ ᠡᠵᠡᠮᠳᠡᠯ᠎ᠢ ᠴᠢᠩᠭᠠᠳᠭᠠᠵᠤ᠂ ᠬᠤᠲᠠ᠎ᠶ᠋ᠢᠨ ᠳᠡᠯᠡᠷᠡᠬᠦ᠌ ᠮᠠᠶᠢᠭ᠎ᠢᠶᠠᠷ ᠡᠮᠬᠢ ᠵᠠᠮᠪᠠᠷᠠᠭ᠎ᠠ ᠦᠭᠡᠢ ᠥᠷᠭᠡᠳᠬᠦ᠌᠎ᠶ᠋ᠢ ᠰᠡᠷᠭᠡᠢᠯᠡᠵᠦ᠍᠂ ᠬᠠᠳᠤᠨ ᠭᠤᠣᠯ ᠳᠠᠭᠠᠤ᠎ᠶ᠋ᠢᠨ ᠣᠨᠴᠠ ᠶᠡᠭᠡ ᠬᠤᠲᠠ᠎ᠶ᠋ᠢᠨ ᠴᠢᠨᠠᠷᠯᠢᠭ ᠬᠦᠭ᠌ᠵᠢᠯᠳᠡ᠎ᠶ᠋ᠢ ᠠᠬᠢᠭᠤᠯᠵᠦ᠍᠂ ᠬᠡᠮᠵᠢᠶ᠎ᠡ᠎ᠶ᠋ᠢ ᠪᠠᠭᠠᠰᠭᠠᠵᠤ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠳᠡᠭᠡᠳᠦ ᠳᠤᠮᠳᠠ ᠤᠷᠤᠰᠭᠠᠯ᠎ᠤᠨ ᠭᠠᠵᠠᠷ ᠣᠷᠣᠨ᠎ᠳᠤ ᠡᠯ᠎ᠡ ᠲᠦᠷᠦᠯ᠎ᠤᠨ ᠨᠡᠭᠡᠭᠡᠨ ᠬᠥᠭ᠌ᠵᠢᠭᠦᠯᠬᠦ᠌ ᠣᠷᠣᠨ᠎ᠢ ᠱᠢᠨ᠎ᠡ᠎ᠪᠠᠷ ᠪᠠᠢᠭᠤᠯᠬᠤ᠎ᠶ᠋ᠢ ᠴᠢᠩᠭ᠎ᠠ ᠬᠢᠵᠠᠭᠠᠷᠯᠠᠨ᠎ᠠ᠃ ᠬᠤᠳᠠ᠎ᠶ᠋ᠢᠨ ᠰᠦᠷᠦᠭ᠌ᠵᠢᠯ᠎ᠤᠨ ᠳᠣᠲᠣᠭᠠᠳᠤ ᠵᠢᠮᠳᠤ ᠵᠠᠮ ᠬᠠᠷᠢᠯᠴᠠᠭ᠎ᠠ᠂ ᠮᠡᠳᠡᠭᠡ ᠬᠤᠯᠪᠣᠭᠠᠨ᠎ᠤ ᠲᠣᠣᠷ᠂ ᠣᠷᠴᠢᠨ ᠠᠬᠤᠢ᠎ᠶ᠋ᠢᠨ ᠬᠠᠮᠠᠭᠠᠯᠠᠯᠲᠠ ᠵᠡᠷᠭᠡ ᠰᠠᠭᠤᠷᠢ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ ᠬᠢᠭᠡᠳ ᠬᠤᠯᠪᠣᠯᠳᠤᠨ ᠨᠡᠪᠲᠡᠷᠡᠯᠴᠡᠬᠦ᠌᠎ᠶ᠋ᠢ ᠲᠦᠷᠭᠡᠳᠭᠡᠵᠦ᠍᠂ ᠬᠥᠮᠦᠰ᠎ᠤᠨ ᠶᠠᠪᠤᠯᠴᠠᠭ᠎ᠠ ᠪᠠ ᠡᠯᠧᠮᠧᠨ᠋ᠲ᠎ᠤᠨ ᠱᠢᠯᠵᠢᠯᠲᠡ᠎ᠳᠤ ᠲᠦᠬᠦᠮ ᠦᠵᠡᠭᠦᠯᠵᠦ᠍᠂ ᠬᠥᠮᠦᠨ ᠠᠮᠠ᠎ᠶ᠋ᠢᠨ ᠴᠤᠭ᠍ᠯᠠᠷᠠᠯ ᠪᠠ ᠠᠵᠤ ᠦᠢᠯᠡᠰ᠎ᠤᠨ ᠬᠠᠮᠵᠢᠯᠴᠠᠬᠤ ᠴᠢᠳᠠᠪᠤᠷᠢ᠎ᠶ᠋ᠢ ᠴᠢᠩᠭᠠᠳᠭᠠᠨ᠎ᠠ᠃ ᠬᠤᠲᠠ᠎ᠶ᠋ᠢᠨ ᠰᠦᠷᠦᠭ᠌ᠵᠢᠯ᠎ᠤᠨ ᠬᠤᠭᠤᠷᠣᠨᠳᠣᠬᠢ ᠬᠥᠭ᠌ᠵᠢᠯᠲᠡ᠎ᠶ᠋ᠢᠨ ᠵᠣᠬᠢᠴᠠᠯᠳᠤ ᠴᠢᠨᠠᠷ᠎ᠢ ᠴᠢᠩᠭᠠᠷᠠᠭᠤᠯᠵᠤ᠂ ᠢᠵᠢᠯᠢ ᠴᠢᠨᠠᠷᠲᠠᠢ ᠪᠦᠲᠦᠭᠡᠨ ᠪᠠᠢᠭᠤᠯᠤᠯᠲᠠ ᠪᠠ ᠪᠦᠳᠦᠭᠦᠯᠢᠭ ᠥᠷᠢᠰᠥᠯᠳᠦᠭᠡᠨ᠎ᠠᠴᠠ ᠵᠠᠢᠯᠠᠰᠭᠢᠨ᠂ ᠣᠨᠴᠠᠯᠢᠭ᠎ᠨᠢ ᠢᠯᠡ ᠲᠣᠳᠣ᠂ ᠳᠠᠪᠠᠭᠤᠯᠢᠭ ᠲᠠᠯ᠎ᠠ᠎ᠪᠠᠷ᠎ᠢᠶᠠᠨ ᠬᠠᠷᠢᠯᠴᠠᠨ ᠨᠥᠬᠦᠪᠥᠷᠢᠯᠡᠭ᠌ᠰᠡᠨ᠂ ᠥᠨᠳᠥᠷ ᠪᠦᠲᠦᠮᠵᠢᠲᠡᠶ ᠪᠥᠭᠡᠳ ᠬᠠᠮᠵᠢᠯᠴᠠᠭ᠍ᠰᠠᠨ ᠬᠤᠲᠠ᠎ᠶ᠋ᠢᠨ ᠰᠦᠷᠦᠭ᠌ᠵᠢᠯ᠎ᠤᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠤᠶ ᠪᠣᠯᠭᠠᠨ᠎ᠠ᠃ ᠨᠠᠩ ᠱᠢᠯᠢᠳᠡᠭ᠌ᠵᠢᠭ᠌ᠰᠡᠨ ᠱᠢᠨ᠎ᠡ᠎ᠶ᠋ᠢ ᠡᠭᠦᠳᠬᠦ᠌ ᠣᠷᠴᠢᠨ ᠨᠥᠬᠦᠴᠡᠯ᠎ᠢ ᠦᠷᠭᠦᠯᠵᠢᠯᠡᠨ ᠪᠤᠢ ᠪᠣᠯᠭᠠᠵᠤ᠂ ᠬᠤᠲᠠ᠎ᠶ᠋ᠢᠨ ᠪᠥᠯᠦᠭ᠌ᠵᠢᠯᠤᠨ ᠠᠵᠤ ᠦᠢᠯᠡᠰ ᠲᠥᠪᠯᠡᠷᠡᠭ᠌ᠰᠡᠨ ᠣᠷᠣᠨ᠎ᠢ ᠵᠦᠢ ᠵᠣᠬᠢᠰᠲᠠᠢ᠎ᠪᠠᠷ ᠪᠠᠢᠷᠢᠱᠢᠭᠤᠯᠵᠤ᠂ ᠲᠣᠰ ᠣᠷᠣᠨ ᠪᠦᠰᠡ᠎ᠶ᠋ᠢᠨ ᠲᠣᠮᠣ ᠬᠤᠲᠠ᠎ᠶ᠋ᠢᠨ ᠬᠡᠰᠡᠭ ᠴᠢᠳᠠᠮᠵᠢ᠎ᠶ᠋ᠢ ᠲᠠᠷᠬᠠᠭᠠᠨ ᠵᠣᠬᠢᠴᠠᠭᠤᠯᠬᠤ ᠵᠢᠴᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠦᠢᠯᠡᠳᠬᠦ᠌ ᠦᠢᠯᠡᠰ᠎ᠤᠨ ᠱᠢᠯᠵᠢᠯᠲᠡ᠎ᠶ᠋ᠢ ᠬᠦᠯᠢᠶᠡᠨ ᠠᠪᠬᠤ᠎ᠶ᠋ᠢ ᠳᠠᠮᠵᠢᠨ᠎ᠠ᠃
ᠬᠤᠶᠠᠳᠤᠭᠠᠷ ᠬᠡᠰᠡᠭ ᠲᠤᠬᠠᠢ᠎ᠶ᠋ᠢᠨ ᠭᠠᠵᠠᠷ᠎ᠤᠨ ᠪᠠᠢᠳᠠᠯ᠎ᠳᠤᠨᠢ ᠲᠤᠬᠢᠷᠠᠭᠤᠯᠤᠨ ᠱᠢᠶᠠᠨ᠎ᠤ ᠬᠤᠳᠠ᠎ᠶ᠋ᠢᠨ ᠬᠥᠭ᠌ᠵᠢᠯᠲᠡ᠎ᠶ᠋ᠢ ᠠᠬᠢᠭᠤᠯᠤᠨ᠎ᠠ
ᠱᠢᠶᠠᠨ᠎ᠤ ᠬᠡᠪᠴᠢᠶᠡᠨ᠎ᠤ ᠠᠵᠤ ᠠᠬᠤᠶ᠎ᠶ᠋ᠢ ᠶᠡᠭᠡ᠎ᠪᠠᠷ ᠬᠥᠭ᠌ᠵᠢᠭᠦᠯᠵᠦ᠍᠂ ᠣᠨᠴᠠᠯᠢᠭ᠍ᠲᠤ ᠠᠵᠤ ᠦᠢᠯᠡᠰ᠎ᠤᠨ ᠬᠦᠷᠢᠶᠡᠯᠡᠩ ᠲᠣᠭᠤᠷᠢᠭ᠂ ᠬᠦᠯᠦᠰᠦᠨ ᠲᠠᠷᠢᠶᠠᠴᠢᠳ ᠨᠤᠲᠤᠭ᠎ᠲᠠᠭᠠᠨ ᠪᠤᠴᠠᠵᠤ ᠦᠢᠯᠡᠰ ᠪᠤᠰᠭᠠᠬᠤ ᠬᠦᠷᠢᠶᠡᠯᠡᠩ᠂ ᠲᠠᠷᠢᠶᠠᠯᠠᠩ᠎ᠤᠨ ᠪᠦᠲᠦᠭᠡᠭ᠌ᠳᠡᠬᠦᠨ᠎ᠢ ᠬᠥᠮᠥᠷᠭᠡᠯᠡᠨ ᠬᠠᠳᠠᠭᠠᠯᠠᠵᠤ ᠱᠢᠨ᠎ᠡ ᠰᠣᠷᠭᠤᠭ ᠪᠠᠢᠯᠭᠠᠬᠤ ᠬᠦᠢᠳᠡᠨ ᠬᠡᠯᠬᠢᠶᠡᠲᠦ ᠪᠠᠷᠠᠭᠠᠨ᠎ᠤ ᠬᠦᠢᠯᠭᠡᠭᠡᠨ᠎ᠤ ᠲᠦᠬᠦᠭᠡᠷᠦᠮᠵᠢ ᠵᠡᠷᠭᠡ ᠠᠵᠤ ᠦᠢᠯᠡᠰ᠎ᠤᠨ ᠲᠠᠪᠴᠠᠩ᠎ᠢ ᠲᠥᠷᠥᠯ ᠬᠤᠪᠢᠶᠠᠨ ᠪᠠᠢᠭᠤᠯᠵᠤ᠂ ᠬᠥᠳᠡᠭᠡ ᠲᠣᠰᠭᠤᠨ᠎ᠤ ᠱᠢᠨ᠎ᠡ᠎ᠶ᠋ᠢ ᠡᠭᠦᠳᠴᠤ᠌ ᠦᠢᠯᠡᠰ ᠪᠤᠰᠭᠠᠬᠤ᠎ᠶ᠋ᠢ ᠳᠠᠢᠴᠢᠯᠠᠨ᠎ᠠ᠃ ᠱᠢᠶᠠᠨ᠎ᠤ ᠬᠤᠲᠠ᠎ᠳᠤ ᠡᠷᠦᠬᠡ ᠠᠮᠠ ᠣᠷᠣᠬᠤ ᠬᠢᠵᠠᠭᠠᠷᠯᠠᠯ᠎ᠢ ᠪᠥᠬᠦ᠌ ᠲᠠᠯ᠎ᠠ᠎ᠪᠠᠷ ᠬᠦᠴᠦᠨ ᠥᠬᠡᠶ ᠪᠣᠯᠭᠠᠵᠤ᠂ ᠡᠷᠦᠬᠡ ᠠᠮᠠ᠎ᠶ᠋ᠢᠨ ᠳᠠᠩᠰᠠ᠎ᠪᠠᠨ ᠱᠢᠯᠵᠢᠭᠦᠯᠬᠦ᠌ ᠭᠠᠷᠳᠠᠮ᠎ᠢ ᠶᠡᠭᠡ᠎ᠪᠠᠷ ᠳᠥᠭᠦᠮᠴᠢᠯᠡᠵᠦ᠍᠂ ᠬᠦᠳᠡᠭᠡ᠎ᠠᠴᠠ ᠱᠢᠯᠵᠢᠭ᠌ᠰᠡᠳᠢ ᠣᠢᠷ᠎ᠠ ᠬᠠᠪᠢ᠎ᠳᠠᠭᠠᠨ ᠡᠷᠦᠬᠡ ᠠᠮᠠ ᠣᠷᠣᠬᠤ᠎ᠶ᠋ᠢ ᠠᠬᠢᠭᠤᠯᠤᠨ᠎ᠠ᠃ ᠬᠠᠲᠤᠨ ᠭᠤᠣᠯ᠎ᠤᠨ ᠰᠠᠪᠠ ᠭᠠᠵᠠᠷ᠎ᠤᠨ ᠳᠡᠭᠡᠳᠦ ᠤᠷᠤᠰᠭᠠᠯ᠎ᠤᠨ ᠭᠠᠵᠠᠷ ᠣᠷᠣᠨ᠎ᠤ ᠱᠢᠶᠠᠨ᠎ᠤ ᠬᠤᠲᠠ᠎ᠶ᠋ᠢᠨ ᠬᠥᠭ᠌ᠵᠢᠯᠲᠡ᠎ᠶ᠋ᠢ ᠡᠮᠬᠢ ᠵᠢᠷᠤᠮ᠎ᠲᠠᠢ᠎ᠪᠠᠷ ᠳᠡᠮᠵᠢᠵᠦ᠍᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠤᠣᠯ ᠭᠠᠷᠤᠯᠲᠠ᠎ᠶ᠋ᠢᠨ ᠣᠷᠣᠨ᠂ ᠭᠤᠣᠯᠳᠠᠯᠭᠠᠲᠤ ᠠᠮᠢ ᠠᠬᠤᠶ᠎ᠶ᠋ᠢᠨ ᠴᠢᠳᠠᠮᠵᠢᠲᠤ ᠣᠷᠣᠨ᠎ᠤ ᠱᠢᠶᠠᠨ᠎ᠤ ᠬᠤᠲᠠ᠎ᠶ᠋ᠢᠨ ᠬᠥᠭ᠌ᠵᠢᠯᠲᠡ᠎ᠶ᠋ᠢ ᠵᠦᠢ ᠵᠣᠬᠢᠰᠲᠠᠶ ᠬᠥᠲᠥᠯᠥᠨ ᠵᠢᠯᠣᠭᠤᠳᠤᠨ᠎ᠠ᠃ ᠱᠢᠶᠠᠨ᠎ᠤ ᠬᠤᠲᠠ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠦᠬᠦᠭᠡᠷᠦᠮᠵᠢ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ ᠥᠭᠡᠷᠡᠴᠢᠯᠡᠨ ᠱᠢᠨᠡᠳᠭᠡᠬᠦ᠌᠎ᠶ᠋ᠢ ᠠᠬᠢᠭᠤᠯᠬᠤ᠎ᠶ᠋ᠢᠨ ᠬᠠᠮᠲᠤ᠌᠂ ᠬᠠᠷᠢᠶ᠎ᠠ ᠪᠥᠬᠦᠶ ᠲᠤᠰᠭᠠᠶ ᠣᠷᠣᠨ᠎ᠤ ᠲᠠᠰ᠎ᠤᠨ ᠬᠤᠲᠠ᠎ᠶ᠋ᠢᠨ ᠲᠣᠭᠤᠷᠢᠭ᠎ᠤᠨ ᠣᠯᠠᠨ ᠨᠡᠢᠲᠡ᠎ᠶ᠋ᠢᠨ ᠦᠢᠯᠡᠴᠢᠯᠡᠭᠡᠨ ᠪᠠ ᠰᠠᠭᠤᠷᠢ ᠲᠦᠬᠦᠭᠡᠷᠦᠮᠵᠢ᠎ᠶ᠋ᠢᠨ ᠪᠠᠢᠷᠢᠱᠢᠭᠤᠯᠤᠯᠲᠠᠯᠤᠭᠠ ᠬᠠᠷᠢᠯᠴᠠᠨ ᠵᠣᠯᠭᠠᠭᠤᠯᠵᠤ᠂ ᠱᠢᠶᠠᠩ ᠪᠠᠯᠭᠠᠰᠤ᠎ᠶ᠋ᠢᠨ ᠡᠷᠡᠭᠦᠯ ᠬᠠᠮᠠᠭᠠᠯᠠᠯ᠎ᠤᠨ ᠬᠤᠷᠢᠶ᠎ᠠ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠳᠠᠢᠴᠢᠯᠠᠨ᠂ ᠳᠤᠮᠳᠠᠳᠤ ᠪᠠᠭ᠎ᠠ ᠰᠤᠷᠭᠠᠭᠤᠯᠢ᠎ᠶ᠋ᠢᠨ 《ᠰᠣᠷᠣᠭ᠍ᠴᠢ᠎ᠶ᠋ᠢᠨ ᠲᠤᠭ᠎ᠠ ᠬᠡᠲᠦᠷᠡᠭ᠌ᠰᠡᠨ ᠠᠩᠭᠢ》 ᠶ᠋ᠢ ᠦᠭᠡᠢᠰᠭᠡᠵᠦ᠍᠂ ᠱᠢᠶᠠᠨ᠎ᠤ ᠱᠠᠲᠤᠨ᠎ᠤ ᠨᠠᠰᠤᠵᠢᠯ᠎ᠤᠨ ᠦᠢᠯᠡᠴᠢᠯᠡᠭᠡᠨ᠎ᠤ ᠱᠢᠰᠲ᠋ᠧᠮ᠎ᠢ ᠪᠦᠷᠢᠨᠱᠢᠭᠦᠯᠦᠨ᠎ᠡ᠃
ᠭᠤᠷᠪᠠᠳᠤᠭᠠᠷ ᠬᠡᠰᠡᠭ ᠣᠷᠣᠱᠢᠨ ᠰᠠᠭᠤᠷᠢᠱᠢᠬᠤ᠎ᠳᠤ ᠳᠠᠭᠠᠳᠠᠢ ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠢ ᠪᠦᠳᠦᠭᠡᠨ ᠪᠠᠢᠭᠤᠯᠤᠨ᠎ᠠ
ᠬᠠᠲᠤᠨ ᠭᠤᠤᠯ᠎ᠤᠨ ᠰᠠᠪᠠ ᠭᠠᠵᠠᠷ᠎ᠤᠨ ᠨᠤᠲᠤᠭ ᠤᠰᠤᠨ᠎ᠤ ᠣᠨᠴᠠᠯᠢᠭ ᠪᠠ ᠭᠠᠵᠠᠷ ᠣᠷᠣᠨ᠎ᠤ ᠣᠨᠴᠠᠯᠢᠭᠲᠤ ᠰᠠᠭᠤᠷᠢᠯᠠᠨ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠬᠥᠳᠡᠭᠡ ᠲᠣᠰᠭᠤᠨ᠎ᠤ ᠲᠥᠯᠥᠪᠵᠢᠭᠦᠯᠭᠡ ᠪᠠᠢᠷᠢᠱᠢᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠠᠬᠢᠭᠤᠯᠤᠨ᠂ ᠨᠤᠲᠤᠭ ᠤᠰᠤᠨ᠎ᠤ ᠬᠡᠪ ᠨᠠᠮᠪᠠᠭ᠎ᠠ᠎ᠲᠠᠢ ᠪᠠᠷᠢᠯᠭ᠎ᠠ᠎ᠶ᠋ᠢ ᠳᠡᠯᠭᠡᠷᠡᠭᠦᠯᠵᠦ᠍᠂ ᠬᠥᠳᠡᠭᠡ ᠲᠣᠰᠭᠤᠨ᠎ᠤ ᠵᠤᠭ᠎ᠠ ᠰᠡᠯᠡᠭᠦᠴᠡᠯ᠎ᠤᠨ ᠵᠢᠭᠤᠯᠴᠢᠯᠠᠯ᠎ᠢ ᠬᠥᠭ᠌ᠵᠢᠭᠦᠯᠦᠨ᠂ ᠨᠥᠬᠦᠴᠡᠯ᠎ᠲᠠᠢ ᠭᠠᠵᠠᠷ ᠣᠷᠣᠨ᠎ᠤ ᠲᠥᠪᠯᠡᠷᠡᠨ ᠵᠠᠯᠭᠠᠯᠳᠤᠭ᠍ᠰᠠᠨ᠂ ᠠᠮᠢ ᠠᠬᠤᠶ ᠣᠷᠣᠱᠢᠨ ᠰᠠᠭᠤᠷᠢᠱᠢᠬᠤ᠎ᠳᠤ ᠲᠣᠬᠢᠷᠠᠮᠵᠢᠲᠠᠶ ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠢ ᠪᠥᠲᠥᠭᠡᠨ ᠪᠠᠢᠭᠤᠯᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦᠨ ᠴᠥᠯ᠎ᠤᠨ ᠪᠠᠢᠭᠠᠯᠢ᠎ᠶ᠋ᠢᠨ ᠥᠩᠭᠡ ᠦᠵᠡᠮᠵᠢᠳᠤ ᠠᠭᠤᠰᠤᠯᠴᠠᠬᠤ᠎ᠶ᠋ᠢ ᠵᠤᠷᠢᠬ᠍ᠵᠢᠭᠤᠯᠤᠨ᠎ᠠ᠃ ᠬᠡᠪᠴᠢᠶ᠎ᠡ᠎ᠪᠠᠷ ᠨᠡᠯᠢᠶᠡᠳ ᠶᠡᠭᠡ ᠭᠤᠣᠯ ᠲᠣᠰᠭᠤᠨ᠎ᠤ ᠲᠠᠷᠢᠶᠠᠯᠠᠩ ᠮᠠᠯ ᠠᠵᠤ ᠠᠬᠤᠢ᠎ᠶ᠋ᠢᠨ ᠣᠨᠴᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ᠂ ᠬᠥᠳᠡᠭᠡ ᠲᠣᠰᠭᠤᠨ᠎ᠤ ᠠᠵᠤ ᠦᠢᠯᠡᠰ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠨᠢᠭᠡ ᠪᠦᠯᠦᠭ ᠣᠨᠴᠠᠯᠢᠭ᠍ᠲᠤ ᠲᠠᠷᠢᠶᠠᠯᠠᠩ᠎ᠲᠠᠢ᠂ ᠲᠠᠷᠢᠶᠠᠯᠠᠩ᠎ᠤᠨ ᠪᠦᠲᠦᠭᠡᠭ᠌ᠳᠡᠬᠦᠨ᠎ᠢ ᠲᠥᠪᠯᠡᠷᠡᠭᠦᠯᠵᠦ᠍ ᠲᠠᠷᠬᠠᠭᠠᠬᠤ᠂ ᠠᠵᠤ ᠦᠢᠯᠡᠳᠪᠦᠷᠢ ᠠᠷᠠᠯᠵᠢᠶ᠎ᠠ ᠵᠡᠷᠭᠡ ᠲᠤᠰᠭᠠᠢᠵᠢᠭ᠍ᠰᠠᠨ ᠲᠣᠰᠭᠤᠨ᠎ᠢ ᠪᠦᠲᠦᠭᠡᠨ ᠪᠠᠢᠭᠤᠯᠤᠨ᠎ᠠ᠃ ᠬᠤᠲᠠ᠎ᠶ᠋ᠢᠨ ᠣᠢᠷ᠎ᠠ ᠲᠡᠭᠦᠷᠭᠡ᠎ᠶ᠋ᠢᠨ ᠬᠥᠳᠡᠭᠡ ᠲᠣᠰᠭᠤᠨ᠎ᠢ ᠰᠠᠢᠲᠤᠷ ᠬᠠᠮᠠᠭᠠᠯᠠᠨ᠂ ᠰᠠᠢᠲᠤᠷ ᠬᠥᠭ᠌ᠵᠢᠭᠦᠯᠵᠦ᠍᠂ ᠬᠤᠲᠠ᠎ᠶ᠋ᠢᠨ ᠴᠢᠳᠠᠮᠵᠢ᠎ᠶ᠋ᠢᠨ ᠭᠠᠳᠠᠭ᠍ᠰᠢ ᠱᠢᠯᠵᠢᠬᠦ᠌᠎ᠶ᠋ᠢ ᠰᠣᠩᠭᠤᠯᠲᠠ᠎ᠲᠠᠢ᠎ᠪᠠᠷ ᠬᠦᠯᠢᠶᠡᠨ ᠠᠪᠴᠤ᠌᠂ ᠬᠤᠲᠠ᠎ᠯᠤᠭ᠎ᠠ ᠣᠷᠭᠠᠨᠢᠭ᠎ᠢᠶᠠᠷ ᠠᠭᠤᠰᠤᠯᠴᠠᠭ᠍ᠰᠠᠨ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠳᠤᠪᠤᠢᠯᠭᠠᠭ᠍ᠰᠠᠨ ᠨᠢᠭᠡ ᠪᠦᠯᠦᠭ ᠣᠨᠴᠠᠯᠢᠭ᠍ᠲᠤ ᠬᠥᠳᠡᠭᠡ ᠲᠣᠰᠭᠤᠨ᠎ᠢ ᠪᠤᠢᠵᠢᠭᠤᠯᠤᠨ᠎ᠠ᠃ ᠲᠡᠦᠬᠡ᠂ ᠰᠣᠶᠣᠯ ᠪᠣᠯᠤᠨ ᠠᠮᠢ ᠠᠬᠤᠶ᠎ᠶ᠋ᠢᠨ ᠡᠬᠢ ᠪᠠᠶᠠᠯᠢᠭ᠎ᠢᠶᠠᠷ ᠡᠯᠪᠡᠭ ᠪᠠᠶᠠᠯᠢᠭ ᠠᠢᠯ ᠲᠣᠰᠭᠤᠨ᠎ᠳᠤ ᠵᠤᠭ᠎ᠠ ᠰᠡᠯᠡᠭᠦᠴᠡᠯ᠎ᠤᠨ ᠵᠢᠭᠤᠯᠴᠢᠯᠠᠯ᠎ᠤᠨ ᠦᠢᠯᠡᠰ᠎ᠢ ᠬᠥᠭ᠌ᠵᠢᠭᠦᠯᠬᠦ᠌᠎ᠶ᠋ᠢ ᠳᠡᠮᠵᠢᠵᠦ᠍᠂ ᠰᠤᠶᠤᠯ ᠢᠷᠭᠡᠨᠱᠢᠯ ᠠᠮᠢ ᠠᠬᠤᠶ᠎ᠶ᠋ᠢᠨ ᠡᠬᠢ ᠪᠠᠶᠠᠯᠢᠭ᠎ᠢ ᠬᠠᠮᠠᠭᠠᠯᠠᠬᠤ ᠬᠢᠭᠡᠳ ᠬᠥᠳᠡᠭᠡ ᠲᠣᠰᠭᠤᠨ᠎ᠢ ᠬᠥᠭ᠌ᠵᠢᠭᠦᠯᠬᠦ᠌᠎ᠶ᠋ᠢ ᠬᠠᠷᠢᠯᠴᠠᠨ ᠠᠬᠢᠭᠤᠯᠬᠤ ᠲᠣᠭ᠍ᠲᠠᠴᠠ᠎ᠶ᠋ᠢ ᠪᠠᠢᠭᠤᠯᠤᠨ᠎ᠠ᠃ ᠠᠮᠢᠳᠤᠷᠠᠯ᠎ᠤᠨ ᠪᠣᠬᠢᠷ ᠤᠰᠤ᠂ ᠬᠤᠭ ᠨᠣᠪᠰᠢ᠎ᠶ᠋ᠢ ᠱᠢᠢᠳᠪᠦᠷᠢᠯᠡᠬᠦ᠌ ᠪᠠ ᠲᠣᠰᠭᠤᠨ᠎ᠤ ᠳᠦᠷᠰᠦ ᠪᠠᠢᠳᠠᠯ᠎ᠢ ᠰᠠᠢᠵᠢᠷᠠᠭᠤᠯᠬᠤ᠎ᠪᠠᠷ ᠭᠤᠣᠯ ᠱᠢᠪᠲᠤᠯᠬᠤ ᠴᠢᠭ᠌ᠯᠡᠯ ᠪᠣᠯᠭᠠᠵᠤ᠂ ᠬᠥᠳᠡᠭᠡ ᠲᠣᠰᠭᠤᠨ᠎ᠤ ᠣᠷᠣᠱᠢᠨ ᠰᠠᠭᠤᠷᠢᠱᠢᠬᠤ ᠣᠷᠴᠢᠨ ᠲᠣᠭᠤᠷᠢᠨ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢ ᠥᠷᠨᠢᠭᠦᠯᠵᠦ᠍᠂ ᠬᠥᠳᠡᠭᠡ ᠲᠣᠰᠭᠤᠨ᠎ᠤ ᠣᠷᠣᠱᠢᠨ ᠰᠠᠭᠤᠷᠢᠱᠢᠬᠤ ᠣᠷᠴᠢᠨ ᠲᠣᠭᠤᠷᠢᠨ᠎ᠤ ᠪᠦᠳᠦᠭᠡᠨ ᠪᠠᠢᠭᠤᠯᠤᠯᠲᠠ ᠪᠠ ᠬᠠᠮᠢᠶᠠᠷᠤᠨ ᠬᠠᠮᠠᠭᠠᠯᠠᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠠᠢᠭᠤᠯᠤᠨ᠎ᠠ᠃
ᠠᠷᠪᠠᠨ ᠨᠢᠭᠡᠳᠦᠭᠡᠷ ᠪᠦᠯᠦᠭ ᠰᠠᠭᠤᠷᠢ ᠲᠥᠬᠦᠭᠡᠷᠦᠮᠵᠢ᠎ᠶ᠋ᠢᠨ ᠬᠤᠯᠪᠣᠯᠳᠤᠨ ᠨᠡᠪᠲᠡᠷᠡᠯᠴᠡᠬᠦ᠌᠎ᠶ᠋ᠢ ᠴᠢᠩᠭᠠᠳᠭᠠᠨ᠎ᠠ
ᠲᠣᠭᠠᠴᠢᠯᠠᠭ᠍ᠰᠠᠨ ᠮᠡᠳᠡᠭᠡ ᠵᠠᠩᠭᠢ ᠵᠡᠷᠭᠡ ᠱᠢᠨ᠎ᠡ ᠬᠡᠯᠪᠡᠷᠢ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠶᠡᠭᠡ᠎ᠪᠠᠷ ᠠᠬᠢᠭᠤᠯᠵᠤ᠂ ᠵᠠᠮ ᠬᠠᠷᠢᠯᠴᠠᠭ᠎ᠠ᠂ ᠡᠨᠧᠷᠭᠢ ᠵᠡᠷᠭᠡ ᠣᠷᠣᠨ ᠪᠦᠰᠡ ᠠᠯᠤᠰᠯᠠᠭ᠍ᠰᠠᠨ ᠴᠢᠬᠤᠯᠠ ᠶᠡᠭᠡ ᠰᠠᠭᠤᠷᠢ ᠲᠥᠬᠦᠭᠡᠷᠦᠮᠵᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠡᠯ᠎ᠡ ᠬᠤᠳᠠ᠎ᠶ᠋ᠢᠨ ᠪᠦᠯᠦᠭ᠌ᠵᠢᠯ᠂ ᠠᠳᠠᠯᠢ ᠪᠤᠰᠤ ᠣᠷᠣᠨ ᠪᠦᠰᠡ᠎ᠶ᠋ᠢᠨ ᠬᠤᠭᠤᠷᠣᠨᠳᠣᠬᠢ ᠬᠤᠯᠪᠣᠯᠳᠤᠨ ᠨᠡᠪᠲᠡᠷᠡᠯᠴᠡᠬᠦ᠌ ᠲᠦᠪᠱᠢᠨ᠎ᠢ ᠳᠡᠭᠡᠭ᠌ᠰᠢᠯᠡᠭᠦᠯᠵᠦ᠍᠂ ᠬᠥᠮᠦᠨ᠎ᠤ ᠤᠷᠤᠰᠭᠠᠯ᠂ ᠪᠠᠷᠠᠭᠠᠨ᠎ᠤ ᠭᠦᠢᠯᠭᠡᠭᠡ᠂ ᠮᠡᠳᠡᠭᠡ ᠵᠠᠩᠭᠢ᠎ᠶ᠋ᠢᠨ ᠴᠢᠯᠥᠭᠡᠲᠡᠢ ᠳᠥᠭᠦᠮ ᠳᠥᠲᠡ ᠱᠢᠯᠵᠢᠯᠲᠡ᠎ᠶ᠋ᠢ ᠠᠬᠢᠭᠤᠯᠤᠨ᠎ᠠ᠃
ᠨᠢᠭᠡᠳᠦᠭᠡᠷ ᠬᠡᠰᠡᠭ ᠱᠢᠨ᠎ᠡ ᠬᠡᠯᠪᠡᠷᠢ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ
ᠮᠡᠳᠡᠭᠡ ᠵᠠᠩᠭᠢ᠎ᠶ᠋ᠢᠨ ᠰᠠᠭᠤᠷᠢ ᠲᠦᠬᠦᠭᠡᠷᠦᠮᠵᠢ᠎ᠪᠠᠷ ᠭᠤᠤᠯᠳᠠᠯᠭ᠎ᠠ ᠪᠣᠯᠭᠠᠨ᠂ ᠪᠥᠬᠦ᠌ ᠰᠠᠪᠠ ᠭᠠᠵᠠᠷ᠎ᠤᠨ ᠵᠣᠬᠢᠴᠠᠩᠭᠤᠶ ᠪᠠᠢᠵᠤ᠂ ᠬᠦᠷᠢᠶ᠎ᠡ ᠠᠯᠤᠰᠯᠠᠨ ᠬᠠᠮᠲᠤᠷᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠣᠷᠣᠨ ᠵᠠᠶ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ᠂ ᠱᠢᠨ᠎ᠡ ᠬᠡᠯᠪᠡᠷᠢ᠎ᠶ᠋ᠢᠨ ᠰᠠᠭᠤᠷᠢ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃ 5G ᠰᠦᠯᠵᠢᠶᠡᠨ᠎ᠤ ᠪᠠᠢᠭᠤᠯᠤᠯᠲᠠ᠎ᠶ᠋ᠢ ᠲᠦᠷᠭᠡᠳᠭᠡᠨ᠂ 5G ᠤᠨ ᠠᠬᠤᠶ ᠪᠠᠢᠳᠠᠯ᠎ᠤᠨ ᠬᠡᠷᠡᠭ᠌ᠯᠡᠯᠲᠡ᠎ᠶ᠋ᠢ ᠥᠷᠭᠡᠳᠭᠡᠵᠦ᠍᠂ ᠬᠠᠲᠤᠨ ᠭᠤᠤᠯ ᠳᠠᠭᠠᠤ᠎ᠶ᠋ᠢᠨ ᠶᠡᠭᠡ ᠳᠤᠮᠳᠠ ᠬᠤᠲᠠ᠎ᠶ᠋ᠢᠨ ᠢᠨᠲ᠋ᠧᠷ ᠰᠦᠯᠵᠢᠶᠡᠨ᠎ᠤ ᠵᠥᠪᠯᠡᠯᠴᠡᠭᠡᠷ᠎ᠤᠨ ᠵᠢᠷᠭᠤᠳᠤᠭᠠᠷ ᠬᠡᠪᠯᠡᠯ (IPv 6) ᠤᠨ ᠪᠥᠬᠦ᠌ ᠲᠠᠯ᠎ᠠ᠎ᠶ᠋ᠢᠨ ᠪᠠᠢᠷᠢᠯᠠᠭᠤᠯᠤᠯᠲᠠ᠎ᠶ᠋ᠢ ᠪᠡᠶᠡᠯᠡᠭᠦᠯᠦᠨ᠂ ᠮᠢᠩᠭᠠᠨ ᠰᠠᠶ᠎ᠠ ᠵᠢᠴᠢ ᠡᠭᠦᠨ᠎ᠠᠴᠠ ᠳᠡᠭᠡᠭ᠌ᠰᠢᠬᠢ ᠬᠡᠷᠡᠯ ᠱᠢᠷᠬᠡᠭ᠎ᠤᠨ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠵᠧᠩᠵᠸᠦ᠂ ᠰᠢ ᠠᠨ᠂ ᠬᠥᠬᠡᠬᠤᠲᠠ ᠵᠡᠷᠭᠡ ᠤᠯᠤᠰ᠎ᠤᠨ ᠲᠠᠰ᠎ᠤᠨ ᠢᠨᠲ᠋ᠧᠷ ᠰᠦᠯᠵᠢᠶᠡᠨ᠎ᠤ ᠭᠤᠤᠯᠯᠠᠭ᠍ᠴᠢ ᠱᠢᠭᠤᠳ ᠬᠠᠷᠢᠯᠴᠠᠬᠤ ᠴᠡᠭ᠎ᠤᠨ ᠴᠢᠳᠠᠮᠵᠢ᠎ᠶ᠋ᠢ ᠴᠢᠩᠭᠠᠷᠠᠭᠤᠯᠤᠨ᠎ᠠ᠃ ᠬᠠᠲᠤᠨ ᠭᠤᠤᠯ᠎ᠤᠨ ᠰᠠᠪᠠ ᠭᠠᠵᠠᠷ᠎ᠤᠨ ᠳ᠋ᠠᠢᠲ᠋ᠠ᠎ᠶ᠋ᠢᠨ ᠲᠥᠪ᠎ᠤᠨ ᠵᠠᠩᠭᠢᠯᠠᠭ᠎ᠠ᠎ᠶ᠋ᠢᠨ ᠴᠡᠭ ᠪᠠ ᠰᠦᠯᠵᠢᠶᠡᠵᠢᠭ᠌ᠰᠡᠨ ᠪᠠᠢᠷᠢᠱᠢᠭᠤᠯᠤᠯᠲᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠳ᠋ᠠᠢᠲ᠋ᠠ᠎ᠶ᠋ᠢᠨ ᠡᠬᠢ ᠪᠠᠶᠠᠯᠢᠭ᠎ᠤᠨ ᠬᠦᠢᠯᠭᠡᠭᠡᠨ ᠪᠠ ᠬᠡᠷᠡᠭ᠌ᠯᠡᠯᠲᠡ᠎ᠶ᠋ᠢ ᠴᠢᠩᠭᠠᠳᠭᠠᠵᠤ᠂ ᠬᠠᠲᠤᠨ ᠭᠤᠤᠯ ᠳᠠᠭᠠᠤ᠎ᠶ᠋ᠢᠨ ᠬᠤᠲᠠ᠎ᠳᠤ ᠤᠯᠤᠰ᠎ᠤᠨ ᠬᠡᠲᠦ ᠪᠤᠳᠤᠯᠲᠠ᠎ᠶ᠋ᠢᠨ ᠲᠥᠪ᠎ᠢ ᠪᠠᠢᠷᠢᠯᠠᠭᠤᠯᠤᠨ᠂ ᠬᠡᠰᠡᠭ ᠮᠤᠵᠢ ᠦᠪᠡᠷᠳᠡᠭᠡᠨ ᠵᠠᠰᠠᠬᠤ ᠣᠷᠣᠨ᠎ᠳᠤ ᠢᠨᠲ᠋ᠧᠷ ᠰᠦᠯᠵᠢᠶ᠎ᠡ᠎ᠶ᠋ᠢᠨ ᠳ᠋ᠠᠢᠲ᠋ᠠ᠎ᠶ᠋ᠢᠨ ᠲᠥᠪ᠎ᠢ ᠪᠠᠢᠷᠢᠯᠠᠭᠤᠯᠤᠨ ᠪᠠᠢᠭᠤᠯᠵᠤ᠂ 《ᠢᠨᠲ᠋ᠧᠷ ᠰᠦᠯᠵᠢᠶ᠎ᠡ + ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ》 ᠶ᠋ᠢᠨ ᠶᠡᠷᠦᠩᠬᠡᠢᠯᠡᠭ᠌ᠰᠡᠨ ᠬᠡᠷᠡᠭ᠌ᠯᠡᠭᠡ᠎ᠨᠢ ᠳᠡᠯᠭᠡᠷᠡᠭᠦᠯᠦᠨ᠎ᠡ᠃ 5G᠂ ᠱᠢᠯᠵᠢᠭᠡ ᠪᠠᠷᠠᠭᠠᠨ᠎ᠤ ᠰᠦᠯᠵᠢᠶ᠎ᠡ ᠵᠡᠷᠭᠡ᠎ᠶ᠋ᠢ ᠵᠠᠯᠭᠠᠨ ᠣᠷᠣᠭᠤᠯᠬᠤ ᠮᠡᠷᠭᠡᠵᠢᠯ᠎ᠳᠤ ᠲᠦᠱᠢᠭ᠌ᠯᠡᠨ᠂ ᠪᠠᠷᠠᠭᠠᠨ᠎ᠤ ᠰᠦᠯᠵᠢᠶ᠎ᠡ ᠪᠠ ᠠᠵᠤ ᠦᠢᠯᠡᠳᠪᠤᠷᠢ᠎ᠶ᠋ᠢᠨ ᠢᠨᠲ᠋ᠧᠷ ᠰᠦᠯᠵᠢᠶ᠎ᠡ᠎ᠶ᠋ᠢᠨ ᠰᠠᠭᠤᠷᠢ ᠲᠦᠬᠦᠭᠡᠷᠦᠮᠵᠢ᠎ᠶ᠋ᠢ ᠪᠥᠲᠥᠭᠡᠨ ᠪᠠᠢᠭᠤᠯᠵᠤ᠂ ᠵᠠᠮ ᠬᠠᠷᠢᠯᠴᠠᠭ᠎ᠠ ᠵᠡᠷᠭᠡ ᠭᠤᠤᠯᠳᠠᠯᠭ᠎ᠠ᠎ᠲᠠᠢ ᠬᠦᠷᠢᠶᠡᠨ᠎ᠳᠤ ᠤᠶᠤᠨᠴᠢ ᠲᠦᠬᠦᠭᠡᠷᠦᠮᠵᠢ᠎ᠶ᠋ᠢ ᠬᠡᠪᠴᠢᠶᠡᠵᠢᠭᠦᠯᠦᠨ ᠪᠠᠢᠭᠤᠯᠬᠤ ᠵᠢᠴᠢ ᠬᠡᠷᠡᠭ᠌ᠯᠡᠬᠦ᠌᠎ᠶ᠋ᠢ ᠤᠷᠢᠤᠨ᠎ᠢᠶᠠᠷ ᠠᠬᠢᠭᠤᠯᠤᠨ᠎ᠠ᠃ ᠭᠤᠤᠯ ᠠᠵᠤ ᠦᠢᠯᠡᠰ᠎ᠤᠨ ᠬᠡᠯᠬᠢᠶ᠎ᠡ᠎ᠳᠤ ᠬᠠᠨᠳᠤᠭᠤᠯᠤᠭ᠍ᠰᠠᠨ ᠵᠣᠬᠢᠶᠠᠮᠠᠯ ᠣᠶᠤᠨ ᠴᠢᠳᠠᠪᠤᠷᠢ᠎ᠶ᠋ᠢᠨ ᠲᠠᠪᠴᠠᠩ ᠵᠡᠷᠭᠡ ᠪᠠᠢᠭᠤᠯᠤᠯᠲᠠ᠎ᠶ᠋ᠢ ᠲᠡᠭᠦᠯᠳᠡᠷᠵᠢᠭᠦᠯᠵᠦ᠍᠂ 《ᠵᠣᠬᠢᠶᠠᠮᠠᠯ ᠣᠶᠤᠨ ᠴᠢᠳᠠᠪᠤᠷᠢ +》 ᠦᠢᠯᠡᠴᠢᠯᠡᠭᠡ ᠬᠠᠩᠭᠠᠨ᠎ᠠ᠃
ᠬᠤᠶᠠᠳᠤᠭᠠᠷ ᠬᠡᠰᠡᠭ ᠳᠥᠭᠦᠮ ᠳᠥᠲᠡ ᠤᠶᠤᠨᠴᠢ ᠪᠣᠬᠢᠷᠲᠤᠯ ᠦᠭᠡᠢ ᠠᠮᠤᠷ ᠲᠦᠪᠱᠢᠨ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠲᠣᠣᠷ᠎ᠢ ᠪᠠᠢᠭᠤᠯᠤᠨ᠎ᠠ
ᠤᠳᠤ ᠪᠠᠢᠭ᠎ᠠ ᠡᠩ᠎ᠤᠨ ᠬᠤᠷᠳᠤᠴᠠᠲᠤ ᠲᠡᠮᠦᠷ ᠵᠠᠮ᠂ ᠲᠦᠷᠭᠡᠨ᠎ᠤ ᠲᠡᠮᠦᠷ ᠵᠠᠮ᠂ ᠲᠦᠷᠭᠡᠨ᠎ᠤ ᠵᠠᠮ᠂ ᠭᠤᠣᠯ ᠱᠤᠭᠤᠮ ᠰᠠᠯᠪᠤᠷᠢ ᠱᠤᠭᠤᠮ᠎ᠤᠨ ᠨᠢᠰᠭᠡᠯ᠎ᠤᠨ ᠪᠠᠭᠤᠳᠠᠯ᠎ᠤᠨ ᠴᠢᠳᠠᠮᠵᠢ᠎ᠶ᠋ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠵᠦ᠍᠂ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ᠎ᠢ ᠱᠢᠨ᠎ᠡ᠎ᠪᠠᠷ ᠪᠠᠢᠭᠤᠯᠵᠤ᠂ 《一 ᠦᠰᠦᠭ᠎ᠤᠨ ᠬᠡᠯᠪᠡᠷᠢ》᠂ 《几 ᠦᠰᠦᠭ᠎ᠤᠨ ᠬᠡᠯᠪᠡᠷᠢ》 ᠪᠠ 《ᠲᠣᠨᠣᠯᠵᠢᠨ ᠬᠡᠯᠪᠡᠷᠢ》 ᠪᠠᠷ ᠭᠤᠣᠯ ᠬᠡᠯᠪᠡᠷᠢ ᠪᠣᠯᠭᠠᠭ᠍ᠰᠠᠨ ᠬᠠᠲᠤᠨ ᠭᠤᠣᠯ᠎ᠤᠨ ᠰᠠᠪᠠ ᠭᠠᠵᠠᠷ᠎ᠤᠨ ᠣᠳᠣᠬᠢᠴᠢᠯᠠᠭ᠍ᠰᠠᠨ ᠵᠠᠮ ᠬᠠᠷᠢᠯᠴᠠᠭᠠᠨ᠎ᠤ ᠲᠣᠣᠷ᠎ᠢ ᠲᠦᠷᠭᠡᠨ ᠪᠦᠷᠢᠯᠳᠤᠬᠦᠯᠵᠤ᠂ ᠳᠤᠲᠠᠭ᠍ᠳᠠᠵᠤ ᠪᠠᠢᠭ᠎ᠠ ᠵᠠᠮ ᠱᠤᠭᠤᠮ᠎ᠢ ᠨᠥᠬᠦᠪᠥᠷᠢᠯᠡᠨ᠂ ᠪᠤᠭᠤᠮᠢ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠬᠤᠲᠠ ᠬᠥᠳᠡᠭᠡ᠎ᠶ᠋ᠢᠨ ᠣᠷᠣᠨ ᠪᠦᠰᠡ᠎ᠶ᠋ᠢ ᠥᠨᠳᠥᠷ ᠪᠦᠲᠦᠮᠵᠢᠲᠡᠢ᠎ᠪᠠᠷ ᠬᠤᠯᠪᠣᠯᠳᠤᠭᠤᠯᠬᠤ᠎ᠶ᠋ᠢ ᠪᠡᠶᠡᠯᠡᠭᠦᠯᠦᠨ᠎ᠡ᠃ 《一 ᠦᠰᠦᠭ᠎ᠤᠨ ᠬᠡᠯᠪᠡᠷᠢ》 ᠨᠢ ᠵᠢᠨᠠᠨ᠎ᠠᠴᠠ ᠵᠧᠩᠵᠸᠦ᠎ᠪᠠᠷ ᠦᠡᠭ᠌ᠭᠡᠷᠡᠨ ᠰᠢ ᠠᠨ᠂ ᠯᠠᠨᠵᠧᠤ᠂ ᠱᠢᠨᠢᠩ ᠬᠦᠷᠬᠦ᠌ ᠵᠡᠭᠦᠨ ᠪᠠᠷᠠᠭᠤᠨ ᠴᠢᠭ᠌ᠯᠡᠯ᠎ᠤᠨ ᠶᠡᠭᠡ ᠵᠠᠮ ᠪᠠᠢᠵᠤ᠂ ᠵᠡᠷᠭᠡᠯᠡᠳᠡᠭᠡ ᠮᠤᠵᠢ ᠦᠪᠡᠷᠳᠡᠭᠡᠨ ᠵᠠᠰᠠᠬᠤ ᠣᠷᠣᠨ᠎ᠤ ᠲᠡᠮᠦᠷ ᠵᠠᠮ᠎ᠤᠨ ᠭᠤᠤᠯ ᠱᠤᠭᠤᠮ᠎ᠢ ᠬᠤᠯᠪᠣᠬᠤ ᠪᠠ ᠰᠠᠯᠪᠤᠷᠢ ᠱᠤᠭᠤᠮ᠂ ᠲᠤᠰᠭᠠᠶ ᠬᠡᠷᠡᠭ᠌ᠯᠡᠬᠦ᠌ ᠱᠤᠭᠤᠮ᠎ᠤᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠮᠤᠵᠢ ᠠᠯᠤᠰᠯᠠᠭ᠍ᠰᠠᠨ ᠲᠦᠷᠭᠡᠨ᠎ᠤ ᠵᠠᠮ᠎ᠤᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠬᠤᠲᠠ᠎ᠶ᠋ᠢᠨ ᠪᠥᠯᠦᠭ᠌ᠵᠢᠯᠤᠨ ᠬᠤᠲᠠ᠎ᠶ᠋ᠢᠨ ᠬᠤᠭᠤᠷᠣᠨᠳᠣᠬᠢ ᠵᠠᠮ ᠬᠠᠷᠢᠯᠴᠠᠭᠠᠨ᠎ᠤ ᠲᠤᠤᠷ᠎ᠢ ᠨᠢᠭ᠍ᠲᠠᠷᠠᠭᠤᠯᠵᠤ᠂ ᠬᠠᠲᠤᠨ ᠭᠤᠤᠯ ᠳᠠᠭᠠᠤ᠎ᠶ᠋ᠢᠨ ᠭᠤᠤᠯ ᠪᠣᠯᠬᠤ ᠠᠵᠤ ᠠᠬᠤᠶ᠎ᠶ᠋ᠢᠨ ᠣᠷᠣᠨ᠎ᠢ ᠨᠠᠩ ᠥᠨᠳᠥᠷ ᠪᠦᠲᠦᠮᠵᠢᠲᠡᠶ᠎ᠪᠠᠷ ᠬᠤᠯᠪᠣᠨ ᠨᠡᠪᠲᠡᠷᠡᠭᠦᠯᠦᠨ᠎ᠡ᠃ 《几 ᠦᠰᠦᠭ᠎ᠤᠨ ᠬᠡᠯᠪᠡᠷᠢ》 ᠨᠢ ᠯᠠᠨᠵᠧᠤ᠎ᠠᠴᠠ ᠢᠷᠭᠠᠶ᠂ ᠪᠤᠭᠤᠲᠤ᠎ᠪᠠᠷ ᠦᠡᠭ᠌ᠭᠡᠷᠡᠨ ᠬᠥᠬᠡᠬᠤᠲᠠ᠂ ᠲᠠᠢᠶᠤᠸᠠᠨ ᠬᠥᠷᠬᠦ᠌ ᠪᠥᠭᠡᠳ ᠵᠧᠩᠵᠸᠦ᠎ᠳᠤ ᠨᠡᠪᠲᠡᠷᠡᠬᠦ᠌ ᠶᠡᠷᠦᠩᠬᠡᠢᠯᠡᠭ᠌ᠰᠡᠨ ᠲᠡᠭᠡᠭᠡᠪᠦᠷᠢ᠎ᠶ᠋ᠢᠨ ᠬᠤᠩᠭᠢᠯ ᠪᠠᠢᠵᠤ᠂ ᠲᠦᠷᠭᠡᠨ᠎ᠤ ᠲᠡᠮᠦᠷ ᠵᠠᠮ᠂ ᠬᠠᠲᠤᠨ ᠭᠤᠤᠯ ᠳᠠᠭᠠᠤ᠎ᠶ᠋ᠢᠨ ᠨᠡᠪᠲᠡᠷᠡᠬᠦ᠌ ᠵᠠᠮ᠂ ᠪᠠᠷᠠᠭᠠᠨ᠎ᠤ ᠲᠡᠭᠡᠭᠡᠪᠦᠷᠢ᠎ᠶ᠋ᠢᠨ ᠵᠠᠮ᠎ᠤᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠬᠤ᠎ᠪᠠᠷ ᠳᠠᠮᠵᠢᠭᠤᠯᠤᠨ᠂ ᠬᠠᠲᠤᠨ ᠭᠤᠤᠯ᠎ᠤᠨ 《ᠡᠨᠧᠷᠭᠢ᠎ᠶ᠋ᠢᠨ ᠰᠤᠷᠪᠤᠯᠵᠢ᠎ᠶ᠋ᠢᠨ ᠰᠠᠪᠠ ᠭᠠᠵᠠᠷ》 ᠤᠨ ᠬᠤᠯᠪᠣᠯᠳᠤᠨ ᠨᠡᠪᠲᠡᠷᠡᠯᠴᠡᠬᠦ᠌ ᠲᠦᠪᠱᠢᠨ᠎ᠢ ᠳᠡᠭᠡᠭ᠌ᠰᠢᠯᠡᠭᠦᠯᠦᠨ᠎ᠡ᠃ 《ᠲᠣᠨᠣᠯᠵᠢᠨ ᠬᠡᠯᠪᠡᠷᠢ》 ᠨᠢ ᠪᠤᠭᠤᠲᠤ᠎ᠠᠴᠠ ᠣᠷᠳᠣᠰ᠎ᠢᠶᠠᠷ ᠥᠩᠭᠡᠷᠡᠨ ᠲᠡᠮᠡᠭᠡᠳᠤ᠂ ᠶᠠᠨ ᠠᠨᠢᠶᠠᠷ ᠦᠡᠭ᠌ᠭᠡᠷᠡᠵᠦ᠍ ᠰᠢ ᠠᠨ ᠬᠥᠷᠬᠦ᠌ ᠭᠤᠯᠳᠤ ᠴᠢᠭ᠌ᠯᠡᠯ᠎ᠤᠨ ᠨᠡᠪᠲᠡᠷᠡᠬᠦ᠌ ᠵᠠᠮ ᠪᠠ ᠢᠷᠭᠠᠶ᠎ᠠᠴᠠ ᠰᠦᠶᠳᠧᠪᠠᠷ ᠥᠩᠭᠡᠷᠡᠨ ᠲᠠᠢᠶᠤᠸᠠᠨ᠎ᠳᠤ ᠬᠥᠷᠬᠦ᠂ ᠯᠠᠨᠵᠧᠤ᠎ᠠᠴᠠ ᠫᠢᠩᠯᠢᠶᠠᠩ᠂ ᠴᠢᠩ ᠶᠠᠩ᠎ᠢᠶᠠᠷ ᠦᠡᠭ᠌ᠭᠡᠷᠡᠨ ᠶᠠᠨ ᠠᠨ᠂ ᠪᠡᠭᠡᠵᠢᠩ ᠬᠥᠷᠬᠦ᠌ ᠬᠥᠨᠳᠡᠯᠡᠨ ᠴᠢᠭ᠌ᠯᠡᠯ᠎ᠤᠨ ᠨᠡᠪᠲᠡᠷᠡᠬᠦ᠌ ᠵᠠᠮ ᠪᠠᠢᠵᠤ᠂ ᠳᠦᠷᠭᠡᠨ᠎ᠤ ᠲᠡᠮᠦᠷ ᠵᠠᠮ᠎ᠤᠨ ᠲᠤᠤᠷ᠎ᠢ ᠪᠦᠲᠦᠭᠡᠨ ᠪᠠᠢᠭᠤᠯᠤᠨ᠂ ᠡᠩ᠎ᠤᠨ ᠬᠤᠷᠳᠤᠴᠠᠲᠤ ᠲᠡᠮᠦᠷ ᠵᠠᠮ᠎ᠤᠨ ᠠᠶᠠᠨᠴᠢᠳ ᠪᠠ ᠪᠠᠷᠠᠭᠠᠨ᠎ᠤ ᠲᠡᠭᠡᠭᠡᠪᠦᠷᠢ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠱᠠᠨᠰᠢ ᠭᠠᠨᠰᠦ ᠨᠢᠩᠱᠢᠶᠠ᠂ ᠯᠢᠦᠶ ᠯᠢᠶᠠᠩ ᠱᠠᠨ ᠵᠡᠷᠭᠡ ᠬᠤᠪᠢᠰᠭᠠᠯ᠎ᠤᠨ ᠡᠷᠲᠡ ᠴᠢᠯᠦᠭᠡᠯᠡᠭ᠌ᠳᠡᠭ᠌ᠰᠡᠨ ᠤᠷᠤᠨ᠎ᠤ ᠰᠠᠭᠤᠷᠢ ᠲᠦᠬᠦᠭᠡᠷᠦᠮᠵᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃ ᠬᠠᠳᠤᠨ ᠭᠤᠣᠯ᠎ᠤᠨ ᠰᠠᠪᠠ ᠭᠠᠵᠠᠷ᠎ᠤᠨ ᠲᠦᠷᠭᠡᠨ᠎ᠤ ᠵᠠᠮ᠎ᠤᠨ ᠲᠣᠣᠷ᠎ᠢ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂ ᠤᠯᠤᠰ ᠪᠠ ᠮᠤᠵᠢ᠎ᠶ᠋ᠢᠨ ᠭᠤᠣᠯ ᠱᠤᠭᠤᠮ᠎ᠤᠨ ᠮᠡᠷᠭᠡᠵᠢᠯ᠎ᠤᠨ ᠵᠡᠷᠭᠡ ᠳᠡᠰ᠎ᠢ ᠳᠡᠭᠡᠭ᠌ᠰᠢᠯᠡᠭᠦᠯᠦᠨ᠎ᠡ᠃ ᠬᠠᠲᠤᠨ ᠭᠤᠤᠯ ᠠᠯᠤᠰᠯᠠᠭ᠍ᠰᠠᠨ ᠨᠡᠪᠲᠡᠷᠡᠬᠦ᠌ ᠵᠠᠮ᠎ᠤᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠰᠢ ᠠᠨ᠎ᠤ ᠤᠯᠠᠨ ᠤᠯᠤᠰ᠎ᠤᠨ ᠠᠭᠠᠷ᠎ᠤᠨ ᠠᠶᠠᠯᠠᠯ᠎ᠤᠨ ᠬᠦᠢᠰᠦ ᠪᠠ ᠵᠧᠩᠵᠧᠦ᠎ᠶ᠋ᠢᠨ ᠤᠯᠠᠨ ᠤᠯᠤᠰ᠎ᠤᠨ ᠠᠭᠠᠷ᠎ᠤᠨ ᠠᠶᠠᠯᠠᠯ᠎ᠤᠨ ᠪᠠᠷᠠᠭᠠᠨ᠎ᠤ ᠲᠡᠭᠡᠭᠡᠪᠦᠷᠢ᠎ᠶ᠋ᠢᠨ ᠬᠦᠢᠰᠦ᠎ᠶ᠋ᠢᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠵᠢᠨᠠᠨ᠂ ᠬᠥᠬᠡᠬᠤᠲᠠ᠂ ᠲᠠᠢᠶᠤᠸᠠᠨ᠂ ᠢᠷᠭᠠᠢ᠂ ᠯᠠᠨᠵᠧᠦ᠂ ᠱᠢᠨᠢᠩ ᠵᠡᠷᠭᠡ ᠣᠷᠣᠨ ᠪᠦᠰᠡ᠎ᠶ᠋ᠢᠨ ᠬᠦᠢᠰᠦ ᠨᠢᠰᠭᠡᠯ᠎ᠤᠨ ᠪᠠᠭᠤᠳᠠᠯ᠎ᠤᠨ ᠴᠢᠳᠠᠮᠵᠢ᠎ᠶ᠋ᠢ ᠳᠡᠭᠡᠭ᠌ᠰᠢᠯᠡᠭᠦᠯᠵᠦ᠍᠂ ᠳᠡᠭᠡᠳᠦ ᠤᠷᠤᠰᠭᠠᠯ᠎ᠤᠨ ᠲᠠᠯᠠᠢ᠎ᠶ᠋ᠢᠨ ᠲᠦᠪᠱᠢᠨ᠎ᠠᠴᠠ ᠥᠨᠳᠥᠷ ᠡᠷᠭᠦᠭ᠌ᠳᠡᠭ᠌ᠰᠡᠨ ᠭᠠᠵᠠᠷ ᠣᠷᠣᠨ᠎ᠤ ᠰᠠᠯᠪᠤᠷᠢ ᠱᠤᠭᠤᠮ᠎ᠤᠨ ᠨᠢᠰᠭᠡᠯ᠎ᠤᠨ ᠪᠠᠭᠤᠳᠠᠯ᠎ᠤᠨ ᠪᠠᠢᠷᠢᠱᠢᠭᠤᠯᠤᠯᠲᠠ᠎ᠶ᠋ᠢ ᠲᠡᠭᠦᠯᠳᠡᠷᠵᠢᠭᠦᠯᠦᠨ᠎ᠡ᠃
ᠭᠤᠷᠪᠠᠳᠤᠭᠠᠷ ᠬᠡᠰᠡᠭ ᠣᠷᠣᠨ ᠪᠦᠰᠡ ᠠᠯᠤᠰᠯᠠᠭ᠍ᠰᠠᠨ ᠶᠡᠭᠡ ᠵᠠᠮ᠎ᠤᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ
ᠬᠠᠲᠤᠨ ᠭᠤᠤᠯ᠎ᠤᠨ 《几》 ᠥᠰᠥᠭ᠎ᠤᠨ ᠳᠤᠬᠤᠢ᠎ᠶ᠋ᠢᠨ ᠭᠠᠵᠠᠷ ᠣᠷᠣᠨ᠎ᠠᠴᠠ ᠪᠡᠭᠡᠵᠢᠩ᠂ ᠲᠢᠶᠠᠨᠵᠢᠨ ᠬᠦᠷᠬᠦ᠌ ᠶᠡᠭᠡ ᠵᠠᠮ᠎ᠤᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠱᠢᠶᠦ᠋ᠩ ᠠᠨ᠎ᠠᠴᠠ ᠱᠢᠨᠵᠧᠤ ᠬᠥᠷᠬᠦ᠂ ᠲᠢᠶᠠᠨᠵᠢᠨ᠎ᠠᠴᠠ ᠸᠧᠢᠹᠠᠩ (ᠶᠠᠨᠲ᠋ᠠᠢ) ᠬᠥᠷᠬᠦ᠌ ᠵᠡᠷᠭᠡ ᠲᠡᠮᠦᠷ ᠵᠠᠮ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠠᠲᠤᠨ ᠭᠤᠤᠯ᠎ᠤᠨ ᠰᠠᠪᠠ ᠭᠠᠵᠠᠷ ᠪᠣᠯᠤᠨ ᠪᠡᠭᠡᠵᠢᠩ ᠲᠢᠶᠠᠨᠵᠢᠨ ᠾᠧᠪᠸᠢ ᠣᠷᠣᠨ᠎ᠢ ᠲᠦᠷᠭᠡᠨ ᠬᠤᠯᠪᠣᠨ᠎ᠠ᠃ ᠬᠠᠲᠤᠨ ᠭᠤᠤᠯ᠎ᠤᠨ ᠰᠠᠪᠠ ᠭᠠᠵᠠᠷ ᠬᠢᠭᠡᠳ ᠬᠥᠬᠡᠮᠥ᠋ᠷᠡᠨ᠎ᠤ ᠠᠵᠤ ᠠᠬᠤᠶ᠎ᠶ᠋ᠢᠨ ᠪᠦᠰᠡ᠂ ᠴᠧᠩᠳᠦ᠋ ᠴᠦᠩᠴᠢᠩ᠎ᠤᠨ ᠬᠤᠶᠠᠷ ᠬᠤᠲᠠ᠎ᠶ᠋ᠢᠨ ᠠᠵᠤ ᠠᠬᠤᠶ᠎ᠶ᠋ᠢᠨ ᠴᠠᠭᠠᠷᠢᠭ᠂ ᠬᠥᠬᠡᠮᠥ᠋ᠷᠡᠨ᠎ᠤ ᠳᠤᠮᠳᠠ ᠤᠷᠤᠰᠭᠠᠯ᠎ᠤᠨ ᠬᠤᠲᠠ᠎ᠶ᠋ᠢᠨ ᠪᠥᠯᠦᠭ᠌ᠵᠢᠯᠯᠦᠭᠡ ᠬᠤᠯᠪᠣᠭᠠᠯᠠᠨ ᠨᠡᠪᠲᠡᠷᠡᠯᠴᠡᠬᠦ᠌᠎ᠶ᠋ᠢ ᠴᠢᠩᠭᠠᠳᠭᠠᠨ᠂ ᠱᠢᠨᠢᠩᠠᠴᠠ ᠴᠧᠩᠳᠦ᠋ ᠬᠥᠷᠬᠦ᠂ ᠰᠢ ᠠᠨ᠎ᠠᠴᠠ ᠱ᠌ᠢ ᠶᠠᠨ ᠬᠥᠷᠬᠦ᠂ ᠴᠦᠩᠴᠢᠩ᠎ᠠᠴᠠ ᠰᠢ ᠠᠨ ᠬᠥᠷᠬᠦ᠌ ᠵᠡᠷᠭᠡ ᠲᠡᠮᠦᠷ ᠵᠠᠮ᠎ᠤᠨ ᠴᠢᠬᠤᠯᠠ ᠶᠡᠭᠡ ᠲᠥᠷᠥᠯ ᠵᠦᠢᠯ᠎ᠤᠨ ᠬᠡᠷᠡᠭ᠌ᠵᠢᠭᠦᠯᠦᠯᠲᠡ᠎ᠶ᠋ᠢ ᠠᠬᠢᠭᠤᠯᠵᠤ᠂ ᠴᠧᠩᠳᠦ᠋᠎ᠠᠴᠠ ᠭᠤᠤᠯᠮᠤᠳ ᠬᠥᠷᠬᠦ᠌ ᠲᠡᠮᠦᠷ ᠵᠠᠮ ᠵᠡᠷᠭᠡ ᠲᠥᠷᠥᠯ ᠵᠦᠢᠯ᠎ᠢ ᠰᠤᠳᠤᠯᠤᠨ ᠠᠬᠢᠭᠤᠯᠵᠤ᠂ ᠯᠠᠨᠵᠧᠤ᠎ᠠᠴᠠ ᠴᠧᠩᠳᠦ᠋ ᠪᠠ ᠴᠦᠩᠴᠢᠩ ᠬᠥᠷᠬᠦ᠂ ᠰᠢ ᠠᠨ᠎ᠠᠴᠠ ᠴᠸᠡᠭ᠌ᠳᠦ᠋ ᠪᠤᠯᠤᠨ ᠴᠦᠡᠭ᠌ᠴᠢᠩ ᠬᠦᠷᠬᠦ᠌ ᠵᠢᠴᠢ ᠵᠧᠩᠵᠸᠦ᠎ᠠᠴᠠ ᠴᠦᠩᠴᠢᠩ ᠪᠠ ᠦᠬᠠᠨ ᠬᠥᠷᠬᠦ᠌ ᠵᠡᠷᠭᠡ ᠡᠮᠦᠨᠡᠰᠢ ᠤᠮᠠᠷᠠᠱᠢᠬᠢ ᠠᠶᠠᠨᠴᠢᠳ ᠪᠠ ᠪᠠᠷᠠᠭᠠᠨ᠎ᠤ ᠲᠡᠭᠡᠭᠡᠪᠦᠷᠢ᠎ᠶ᠋ᠢᠨ ᠶᠡᠭᠡ ᠨᠡᠪᠲᠡᠷᠡᠬᠦ᠌ ᠵᠠᠮ᠎ᠢ ᠪᠠᠢᠭᠤᠯᠵᠤ᠂ ᠬᠠᠲᠤᠨ ᠭᠤᠤᠯ᠎ᠤᠨ ᠰᠠᠪᠠ ᠭᠠᠵᠠᠷ ᠪᠠ ᠬᠥᠬᠡᠮᠥ᠋ᠷᠡᠨ᠎ᠤ ᠰᠠᠪᠠ ᠭᠠᠵᠠᠷ᠎ᠢ ᠬᠤᠯᠪᠣᠭ᠍ᠰᠠᠨ ᠲᠡᠮᠦᠷ ᠵᠠᠮ ᠪᠠ ᠤᠰᠤᠨ ᠵᠠᠮ᠎ᠤᠨ ᠬᠤᠯᠪᠣᠭᠠᠯᠠᠨ ᠲᠡᠭᠡᠭᠡᠪᠦᠷᠢᠯᠡᠬᠦ᠌ ᠶᠡᠭᠡ ᠨᠡᠪᠲᠡᠷᠡᠬᠦ᠌ ᠵᠠᠮ᠎ᠢ ᠪᠠᠢᠭᠤᠯᠤᠨ᠎ᠠ᠃ ᠨᠡᠭᠦᠷᠡᠰᠦ᠎ᠶ᠋ᠢ ᠭᠠᠳᠠᠭ᠍ᠰᠢ ᠬᠦᠷᠭᠡᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠲᠡᠮᠦᠷ ᠵᠠᠮ᠎ᠢᠶᠠᠷ ᠭᠤᠣᠯ ᠪᠣᠯᠭᠠᠭ᠍ᠰᠠᠨ ᠲᠡᠭᠡᠭᠡᠪᠦᠷᠢ᠎ᠶ᠋ᠢᠨ ᠪᠦᠲᠦᠴᠡ᠎ᠶ᠋ᠢ ᠲᠦᠷᠭᠡᠨ ᠪᠦᠷᠢᠯᠳᠤᠬᠦᠯᠵᠤ᠂ ᠳ᠋ᠠ ᠴᠢᠨ᠂ ᠱᠦᠸᠧ ᠬᠤᠸᠠᠩ᠂ ᠰᠢ ᠫᠢᠩ᠂ ᠪᠦᠦ ᠵᠦᠩ ᠵᠡᠷᠭᠡ ᠤᠳᠤ ᠪᠠᠢᠭ᠎ᠠ ᠲᠡᠮᠦᠷ ᠵᠠᠮ᠎ᠤᠨ ᠴᠢᠳᠠᠮᠵᠢ᠎ᠶ᠋ᠢ ᠥᠷᠭᠡᠳᠭᠡᠬᠦ᠌ ᠥᠭᠡᠷᠡᠴᠢᠯᠡᠯᠲᠡ᠎ᠶ᠋ᠢ ᠠᠬᠢᠭᠤᠯᠵᠤ᠂ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠪᠠᠷᠠᠭᠤᠨ ᠬᠡᠰᠡᠭ᠎ᠤᠨ ᠨᠡᠭᠦᠷᠡᠰᠦ᠎ᠶ᠋ᠢ ᠵᠡᠭᠦᠨᠰᠢ ᠲᠡᠭᠡᠭᠡᠪᠦᠷᠢᠯᠡᠬᠦ᠂ ᠤᠮᠠᠷᠠᠲᠤ᠎ᠶ᠋ᠢᠨ ᠨᠡᠭᠦᠷᠡᠰᠦ᠎ᠶ᠋ᠢ ᠡᠮᠦᠨᠡᠰᠢ ᠲᠡᠭᠡᠭᠡᠪᠦᠷᠢᠯᠡᠬᠦ᠌ ᠵᠠᠮ᠎ᠢ ᠰᠠᠭᠠᠳ ᠦᠭᠡᠢ ᠨᠡᠪᠲᠡᠷᠡᠭᠦᠯᠦᠨ᠎ᠡ᠃ ᠬᠥᠬᠡᠨᠠᠭᠤᠷ — ᠾᠧᠨᠠᠨ᠂ ᠱᠠᠨᠰᠢ᠎ᠶ᠋ᠢᠨ ᠬᠤᠢᠲᠤ ᠬᠡᠰᠡᠭ — ᠬᠤᠪᠸᠢ᠂ ᠭᠠᠨᠰᠦ᠎ᠶ᠋ᠢᠨ ᠵᠡᠭᠦᠨ ᠬᠡᠰᠡᠭ — ᠱᠠᠨᠳᠦ᠋ᠩ ᠵᠡᠷᠭᠡ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ᠌ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠴᠡᠪᠡᠷ ᠡᠨᠧᠷᠭᠢ᠎ᠶ᠋ᠢᠨ ᠬᠠᠷᠢᠯᠴᠠᠨ ᠨᠥᠬᠦᠪᠥᠷᠢᠯᠡᠬᠦ᠌ ᠭᠠᠳᠠᠭ᠍ᠰᠢ ᠬᠦᠷᠭᠡᠬᠦ᠌ ᠰᠠᠭᠠᠳ ᠦᠭᠡᠶ ᠨᠡᠪᠲᠡᠷᠡᠬᠦ᠌ ᠵᠠᠮ᠎ᠢ ᠨᠡᠪᠲᠡᠷᠡᠭᠦᠯᠦᠨ᠎ᠡ᠃ ᠴᠢᠯᠠᠭᠤᠨ ᠲᠣᠰᠣ ᠱᠢᠲᠠᠮᠠᠬᠠᠢ ᠬᠡᠢ᠎ᠶ᠋ᠢᠨ ᠭᠤᠣᠯ ᠱᠤᠭᠤᠮ᠎ᠤᠨ ᠬᠤᠭᠤᠯᠠᠢ᠎ᠶ᠋ᠢᠨ ᠲᠣᠣᠷ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠪᠠᠷᠠᠭᠤᠨᠳᠠᠬᠢ ᠬᠡᠢ᠎ᠶ᠋ᠢ ᠵᠡᠭᠦᠨᠰᠢ ᠳᠠᠮᠵᠢᠭᠤᠯᠬᠤ ᠵᠡᠷᠭᠡ ᠣᠷᠣᠨ ᠪᠦᠰᠡ ᠠᠯᠤᠰᠯᠠᠭ᠍ᠰᠠᠨ ᠱᠢᠲᠠᠮᠠᠬᠠᠢ ᠬᠡᠢ ᠳᠠᠮᠵᠢᠭᠤᠯᠬᠤ ᠬᠤᠭᠤᠯᠠᠢ᠎ᠶ᠋ᠢᠨ ᠲᠣᠣᠷ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠬᠠᠲᠤᠨ ᠭᠤᠣᠯ ᠳᠠᠭᠠᠤ᠎ᠶ᠋ᠢᠨ ᠬᠤᠲᠠ᠎ᠶ᠋ᠢᠨ ᠪᠥᠯᠦᠭ᠌ᠵᠢᠯᠤᠨ ᠣᠷᠣᠨ ᠪᠦᠰᠡ᠂ ᠰᠠᠯᠪᠤᠷᠢ ᠱᠤᠭᠤᠮ ᠵᠢᠴᠢ ᠦᠵᠦᠭᠦᠷ᠎ᠤᠨ ᠬᠤᠭᠤᠯᠠᠢ᠎ᠶ᠋ᠢᠨ ᠲᠣᠣᠷ᠎ᠢ ᠲᠡᠭᠦᠯᠳᠡᠷᠵᠢᠭᠦᠯᠦᠨ᠎ᠡ᠃ ᠬᠠᠲᠤᠨ ᠭᠤᠣᠯ᠎ᠤᠨ ᠰᠠᠪᠠ ᠭᠠᠵᠠᠷ᠎ᠤᠨ ᠴᠢᠯᠠᠭᠤᠨ ᠲᠣᠰᠣ ᠱᠢᠲᠠᠮᠠᠬᠠᠢ ᠬᠡᠢ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠨᠥᠭᠡᠴᠡ᠎ᠶ᠋ᠢ ᠴᠢᠩᠭᠠᠳᠭᠠᠵᠤ᠂ ᠲᠤᠬᠠᠶ᠎ᠶ᠋ᠢᠨ ᠭᠠᠵᠠᠷ᠎ᠤᠨ ᠪᠠᠢᠳᠠᠯ᠎ᠳᠤᠨᠢ ᠲᠣᠬᠢᠷᠠᠭᠤᠯᠤᠨ ᠭᠠᠵᠠᠷ ᠳᠣᠣᠷᠠᠬᠢ ᠬᠡᠢ ᠨᠥᠭᠡᠴᠡᠯᠡᠬᠦ᠌ ᠬᠥᠮᠥᠷᠭᠡ᠎ᠶ᠋ᠢ ᠪᠠᠢᠭᠤᠯᠤᠨ᠎ᠠ᠃ ᠲᠡᠮᠦᠷ ᠵᠠᠮ᠎ᠢᠶᠠᠷ ᠭᠤᠣᠯ ᠪᠣᠯᠭᠠᠵᠤ᠂ ᠬᠠᠳᠤᠨ ᠭᠤᠣᠯ᠎ᠤᠨ ᠬᠦᠪᠡᠭᠡ ᠳᠠᠭᠠᠤ᠎ᠶ᠋ᠢᠨ ᠠᠮᠤ ᠪᠤᠳᠠᠭ᠎ᠠ ᠵᠡᠷᠭᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠤᠣᠯ ᠭᠠᠷᠤᠯᠲᠠ᠎ᠶ᠋ᠢᠨ ᠣᠷᠣᠨ ᠬᠢᠭᠡᠳ ᠪᠦᠬᠦ᠌ ᠤᠯᠤᠰ᠎ᠤᠨ ᠠᠮᠤ ᠪᠤᠳᠠᠭᠠᠨ᠎ᠤ ᠭᠤᠣᠯ ᠪᠣᠷᠣᠯᠠᠭᠤᠯᠭ᠎ᠠ᠎ᠶ᠋ᠢᠨ ᠣᠷᠣᠨ᠎ᠤ ᠬᠤᠭᠤᠷᠣᠨᠳᠣᠬᠢ ᠣᠷᠣᠨ ᠪᠦᠰᠡ ᠠᠯᠤᠰᠯᠠᠨ ᠲᠡᠭᠡᠭᠡᠪᠦᠷᠢᠯᠡᠬᠦ᠌ ᠵᠠᠮ᠎ᠢ ᠲᠦᠷᠭᠡᠨ ᠪᠠᠢᠭᠤᠯᠤᠨ᠎ᠠ᠃ ᠠᠭᠠᠷ᠎ᠤᠨ ᠠᠶᠠᠯᠠᠯ᠂ ᠵᠠᠰᠠᠮᠠᠯ ᠵᠠᠮ᠎ᠤᠨ ᠬᠦᠢᠳᠡᠨ ᠬᠡᠯᠬᠢᠶᠡᠲᠦ ᠪᠠᠷᠠᠭᠠᠨ᠎ᠤ ᠭᠦᠢᠯᠭᠡᠭᠡᠨ᠎ᠤ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠠᠮᠢᠳᠤ ᠰᠣᠷᠭᠤᠭ ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠠᠳᠠᠭ᠍ᠰᠢ ᠲᠡᠭᠡᠭᠡᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃
ᠠᠷᠪᠠᠨ ᠬᠤᠶᠠᠳᠤᠭᠠᠷ ᠪᠦᠯᠦᠭ ᠬᠠᠳᠤᠨ ᠭᠤᠣᠯ᠎ᠤᠨ ᠰᠣᠶᠣᠯ᠎ᠢ ᠬᠠᠮᠠᠭᠠᠯᠠᠨ ᠤᠯᠠᠮᠵᠢᠯᠠᠵᠤ ᠪᠠᠳᠠᠷᠠᠭᠤᠯᠤᠨ᠎ᠠ
ᠬᠠᠲᠤᠨ ᠭᠤᠤᠯ ᠳᠠᠭᠠᠤ᠎ᠶ᠋ᠢᠨ ᠰᠣᠶᠣᠯ᠎ᠤᠨ ᠥᠪ᠎ᠤᠨ ᠡᠬᠢ ᠪᠠᠶᠠᠯᠢᠭ᠎ᠢ ᠬᠦᠴᠦᠯᠡᠨ ᠬᠠᠮᠠᠭᠠᠯᠠᠵᠤ᠂ ᠲᠡᠦᠬᠡ ᠰᠣᠶᠣᠯ᠎ᠤᠨ ᠰᠤᠳᠠᠰᠤ ᠪᠠ ᠦᠨᠳᠦᠰᠦᠲᠡᠨ᠎ᠤ ᠦᠨᠳᠦᠰᠦ ᠰᠤᠳᠠᠰᠤ᠎ᠶ᠋ᠢ ᠦᠷᠭᠦᠯᠵᠢᠯᠡᠭᠦᠯᠦᠨ᠂ ᠬᠠᠲᠤᠨ ᠭᠤᠤᠯ᠎ᠤᠨ ᠰᠣᠶᠣᠯ᠎ᠤᠨ ᠴᠠᠭ ᠦᠶ᠎ᠡ᠎ᠶ᠋ᠢᠨ ᠦᠨ᠎ᠡ ᠥᠷᠲᠡᠭ᠎ᠢ ᠭᠦᠨᠵᠡᠭᠡᠶ ᠠᠭᠤᠳᠠᠯᠵᠤ᠂ ᠣᠯᠠᠨ ᠨᠡᠢᠲᠡ᠎ᠶ᠋ᠢᠨ ᠰᠣᠶᠣᠯ᠎ᠤᠨ ᠪᠦᠲᠦᠭᠡᠭ᠌ᠳᠡᠬᠦᠨ ᠪᠠ ᠦᠢᠯᠡᠴᠢᠯᠡᠭᠡᠨ᠎ᠤ ᠬᠠᠩᠭᠠᠯᠭ᠎ᠠ᠎ᠶ᠋ᠢ ᠴᠢᠩᠭᠠᠳᠭᠠᠵᠤ᠂ ᠠᠷᠠᠳ ᠣᠯᠠᠨ᠎ᠤ ᠰᠣᠶᠣᠯ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠨ᠎ᠠ᠃
ᠨᠢᠭᠡᠳᠦᠭᠡᠷ ᠬᠡᠰᠡᠭ ᠬᠠᠲᠤᠨ ᠭᠤᠣᠯ᠎ᠤᠨ ᠰᠣᠶᠣᠯ᠎ᠤᠨ ᠥᠪ᠎ᠢ ᠱᠢᠰᠲ᠋ᠧᠮ᠎ᠲᠠᠢ ᠬᠠᠮᠠᠭᠠᠯᠠᠨ᠎ᠠ
ᠬᠠᠲᠤᠨ ᠭᠤᠤᠯ᠎ᠤᠨ ᠰᠣᠶᠣᠯ᠎ᠤᠨ ᠡᠬᠢ ᠪᠠᠶᠠᠯᠢᠭ᠎ᠢ ᠪᠥᠬᠦ᠌ ᠲᠠᠯ᠎ᠠ᠎ᠪᠠᠷ ᠪᠠᠢᠴᠠᠭᠠᠬᠤ ᠪᠠ ᠬᠢᠨᠠᠨ ᠲᠣᠭ᠍ᠲᠠᠭᠠᠬᠤ ᠠᠵᠢᠯ ᠥᠷᠨᠢᠭᠦᠯᠵᠦ᠍᠂ ᠲᠡᠦᠬᠡ᠎ᠶ᠋ᠢᠨ ᠳᠤᠷᠠᠰᠭᠠᠯᠲᠤ ᠵᠦᠢᠯᠡᠰ ᠡᠷᠲᠡᠨ᠎ᠤ ᠦᠯᠡᠳᠡᠭ᠌ᠳᠡᠯ᠂ ᠪᠣᠳᠠᠰ᠎ᠤᠨ ᠪᠤᠰᠤ ᠰᠣᠶᠣᠯ᠎ᠤᠨ ᠥᠪ᠂ ᠡᠷᠲᠡᠨ᠎ᠤ ᠪᠢᠴᠢᠭ ᠰᠤᠷᠪᠤᠯᠵᠢ ᠪᠢᠴᠢᠭ ᠵᠡᠷᠭᠡ ᠴᠢᠬᠤᠯᠠ ᠰᠣᠶᠣᠯ᠎ᠤᠨ ᠥᠪ᠎ᠤᠨ ᠰᠠᠭᠤᠷᠢ ᠲᠤᠭ᠎ᠠ᠎ᠶ᠋ᠢ ᠲᠣᠳᠣᠷᠬᠠᠶ ᠣᠢᠯᠠᠭᠠᠨ᠎ᠠ᠃
ᠬᠠᠲᠤᠨ ᠭᠤᠣᠯ᠎ᠤᠨ ᠰᠣᠶᠣᠯ᠎ᠤᠨ ᠥᠪ᠎ᠢ ᠱᠢᠰᠲ᠋ᠧᠮ᠎ᠲᠠᠢ ᠬᠠᠮᠠᠭᠠᠯᠠᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠬᠠᠲᠤᠨ ᠭᠤᠣᠯ᠎ᠤᠨ ᠰᠣᠶᠣᠯ᠎ᠤᠨ ᠥᠪ᠎ᠤᠨ ᠬᠤᠩᠭᠢᠯ᠎ᠢ ᠪᠦᠲᠦᠭᠡᠨ ᠪᠠᠢᠭᠤᠯᠤᠨ᠎ᠠ᠃ ᠤᠰᠠᠳᠭᠤ ᠱᠢᠬᠠᠭ᠍ᠰᠠᠨ ᠥᠪ ᠬᠥᠷᠥᠩᠭᠡ ᠦᠯᠡᠳᠡᠭ᠌ᠳᠡᠯ ᠪᠠᠭᠤᠷᠢ᠎ᠶ᠋ᠢ ᠠᠪᠤᠷᠠᠯᠳᠠ᠎ᠶ᠋ᠢᠨ ᠴᠢᠨᠠᠷᠲᠠᠶ᠎ᠪᠠᠷ ᠬᠠᠮᠠᠭᠠᠯᠠᠨ᠎ᠠ᠃ ᠱᠠᠨᠰᠢ᠎ᠶ᠋ᠢᠨ ᠱ᠌ᠢ ᠮᠤᠤ᠂ ᠱᠠᠨ ᠰᠢ᠎ᠶ᠋ᠢᠨ ᠲᠤᠤ ᠰᠧ᠂ ᠾᠧᠨᠠᠨ᠎ᠤ ᠡᠯ ᠯᠢ ᠳᠧᠦ᠂ ᠾᠧᠨᠠᠨ᠎ᠤ ᠱᠤᠸᠠᠩ ᠬᠤᠸᠠᠢ ᠱᠤ᠌᠂ ᠱᠠᠨᠳᠦ᠋ᠩ᠎ᠤᠨ ᠳ᠋ᠡ ᠸᠧᠨ ᠺᠧᠦ ᠵᠡᠷᠭᠡ ᠴᠢᠬᠤᠯᠠ ᠪᠠᠭᠤᠷᠢ᠎ᠶ᠋ᠢ ᠴᠢᠨᠠᠷᠯᠢᠭ ᠬᠠᠮᠠᠭᠠᠯᠠᠵᠤ᠂ ᠣᠷᠳᠣᠨ ᠬᠠᠷᠰᠢ᠂ ᠬᠠᠭᠠᠨ᠎ᠤ ᠣᠩᠭᠤᠨ ᠵᠡᠷᠭᠡ ᠲᠣᠮᠣ ᠪᠠᠭᠤᠷᠢ᠎ᠶ᠋ᠢᠨ ᠪᠦᠬᠦᠯᠢ ᠴᠣᠭ᠍ᠴᠠ᠎ᠶ᠋ᠢᠨ ᠴᠢᠨᠠᠷᠲᠠᠶ ᠬᠠᠮᠠᠭᠠᠯᠠᠯᠲᠠ ᠪᠠ ᠰᠡᠷᠭᠦᠭᠡᠯᠲᠡ᠎ᠶ᠋ᠢᠨ ᠡᠷᠴᠢᠮ᠎ᠢ ᠴᠢᠩᠭᠠᠷᠠᠭᠤᠯᠵᠤ᠂ ᠡᠷᠲᠡᠨ᠎ᠤ ᠪᠠᠷᠢᠯᠭ᠎ᠠ᠂ ᠡᠷᠲᠡᠨ᠎ᠤ ᠪᠠᠯᠭᠠᠰᠤ᠂ ᠡᠷᠲᠡᠨ᠎ᠤ ᠲᠣᠰᠭᠤᠨ ᠵᠡᠷᠭᠡ ᠲᠠᠷᠢᠶᠠᠯᠠᠬᠤ ᠰᠣᠶᠣᠯ᠎ᠤᠨ ᠥᠪ ᠪᠠ ᠡᠷᠲᠡᠨ᠎ᠤ ᠤᠰᠤᠯᠠᠯᠲᠠ᠎ᠶ᠋ᠢᠨ ᠣᠷᠣᠨ᠂ ᠡᠷᠲᠡᠨ᠎ᠤ ᠣᠯᠣᠮ ᠵᠡᠷᠭᠡ ᠤᠰᠤᠨ᠎ᠤ ᠰᠣᠶᠣᠯ᠎ᠤᠨ ᠥᠪ᠎ᠢ ᠬᠠᠮᠠᠭᠠᠯᠠᠬᠤ᠎ᠶ᠋ᠢ ᠴᠢᠩᠭᠠᠳᠭᠠᠵᠤ᠂ ᠡᠷᠲᠡᠨ᠎ᠤ ᠬᠥᠭᠦᠷᠭᠡᠨ ᠵᠠᠮ ᠵᠡᠷᠭᠡ ᠵᠠᠮ ᠬᠠᠷᠢᠯᠴᠠᠭᠠᠨ᠎ᠤ ᠦᠯᠡᠳᠡᠭ᠌ᠳᠡᠯ᠎ᠢ ᠬᠠᠮᠠᠭᠠᠯᠠᠨ᠎ᠠ᠃ ᠡᠷᠲᠡᠨ᠎ᠤ ᠤᠷᠲᠤ ᠴᠠᠭᠠᠨ ᠬᠡᠷᠡᠮ᠎ᠢ ᠬᠠᠮᠠᠭᠠᠯᠠᠬᠤ ᠪᠠ ᠰᠡᠷᠭᠦᠭᠡᠬᠦ᠌ ᠠᠷᠭ᠎ᠠ ᠬᠡᠮᠵᠢᠶ᠎ᠡ᠎ᠶ᠋ᠢ ᠴᠢᠩᠳᠠᠯᠠᠵᠤ᠂ ᠭᠤᠤᠯᠳᠠᠯᠭ᠎ᠠ᠎ᠲᠠᠢ ᠤᠷᠲᠤ ᠴᠠᠭᠠᠨ ᠬᠡᠷᠡᠮ᠎ᠤᠨ ᠵᠠᠩᠭᠢᠯᠠᠭ᠎ᠠ ᠴᠡᠭ᠎ᠤᠨ ᠬᠠᠮᠠᠭᠠᠯᠠᠯᠲᠠ᠎ᠶ᠋ᠢ ᠠᠬᠢᠭᠤᠯᠤᠨ᠎ᠠ᠃ ᠰᠢ ᠠᠨ᠂ ᠯᠦᠸᠧᠶᠠᠩ᠂ ᠺᠠᠢᠹᠧᠩ᠂ ᠳ᠋ᠠᠲ᠋ᠦ᠋ᠩ ᠬᠤᠳᠠ᠎ᠶ᠋ᠢᠨ ᠲᠡᠦᠬᠡᠨ ᠳᠦᠷᠰᠦ ᠪᠠᠢᠳᠠᠯ᠎ᠤᠨ ᠣᠨᠴᠠᠯᠢᠭ᠎ᠢ ᠬᠠᠮᠠᠭᠠᠯᠠᠨ ᠲᠡᠭᠦᠯᠳᠡᠷᠵᠢᠭᠦᠯᠬᠦ᠌᠎ᠶ᠋ᠢ ᠲᠡᠮᠵᠢᠨ᠎ᠠ᠃ ᠬᠠᠲᠤᠨ ᠭᠤᠤᠯ᠎ᠤᠨ ᠰᠠᠪᠠ ᠭᠠᠵᠠᠷ᠎ᠤᠨ 《ᠬᠠᠭᠤᠴᠢ ᠰᠤᠳᠤᠯᠤᠯ᠎ᠤᠨ ᠳᠤᠮᠳᠠᠳᠤ ᠤᠯᠤᠰ》 ᠤᠨ ᠴᠢᠬᠤᠯᠠ ᠶᠡᠭᠡ ᠰᠤᠳᠤᠯᠭᠠᠨ᠎ᠤ ᠲᠥᠷᠥᠯ ᠵᠦᠢᠯ᠎ᠢ ᠬᠡᠷᠡᠭ᠌ᠵᠢᠭᠦᠯᠵᠦ᠍᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠵᠤ ᠬᠢᠨᠠᠨ ᠲᠣᠭ᠍ᠲᠠᠭᠠᠬᠤ᠎ᠶ᠋ᠢ ᠴᠢᠩᠭᠠᠳᠭᠠᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠤᠯᠠᠭᠠᠢᠯᠠᠨ ᠠᠭᠤᠳᠠᠯᠤᠭ᠍ᠰᠠᠨ᠂ ᠬᠤᠯᠠᠭᠠᠢᠯᠠᠭ᠍ᠰᠠᠨ᠂ ᠬᠠᠤᠯᠢ ᠪᠤᠰᠤ᠎ᠪᠠᠷ ᠠᠷᠠᠯᠵᠢᠶᠠᠯᠠᠭ᠍ᠰᠠᠨ ᠵᠡᠷᠭᠡ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠭᠦᠨ᠎ᠡ᠃ ᠬᠠᠲᠤᠨ ᠭᠤᠤᠯ᠎ᠤᠨ ᠰᠠᠪᠠ ᠭᠠᠵᠠᠷ᠎ᠤᠨ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ ᠪᠠ ᠦᠯᠡᠳᠡᠭ᠌ᠳᠡᠯ᠎ᠢ ᠬᠠᠮᠠᠭᠠᠯᠠᠬᠤ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠠᠳᠠᠯᠢ ᠭᠤᠤᠯ ᠰᠡᠳᠦᠪᠲᠦ ᠣᠷᠣᠨ ᠪᠦᠰᠡ ᠠᠯᠤᠰᠯᠠᠭ᠍ᠰᠠᠨ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠱᠢᠰᠲ᠋ᠧᠮ᠎ᠤᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠬᠠᠲᠤᠨ ᠭᠤᠣᠯ᠎ᠤᠨ ᠰᠠᠪᠠ ᠭᠠᠵᠠᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢᠨ ᠨᠡᠷᠡᠰ᠎ᠤᠨ ᠱᠢᠰᠲ᠋ᠧᠮ᠎ᠢ ᠲᠡᠭᠦᠯᠳᠡᠷᠵᠢᠭᠦᠯᠦᠨ᠂ ᠬᠠᠲᠤᠨ ᠭᠤᠣᠯ᠎ᠤᠨ ᠰᠠᠪᠠ ᠭᠠᠵᠠᠷ᠎ᠤᠨ ᠰᠢ ᠵᠦᠴᠦᠭᠡ᠂ ᠦᠱᠦ᠍᠂ ᠠᠷᠠᠳ᠎ᠤᠨ ᠵᠠᠩ ᠦᠢᠯᠡ᠂ ᠤᠯᠠᠮᠵᠢᠯᠠᠯᠲᠤ ᠤᠷ᠎ᠠ ᠮᠡᠷᠭᠡᠱᠢᠯ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠢ ᠶᠡᠭᠡ᠎ᠪᠠᠷ ᠬᠠᠮᠠᠭᠠᠯᠠᠨ᠎ᠠ᠃ ᠣᠳᠣ ᠦᠶ᠎ᠡ᠎ᠶ᠋ᠢᠨ ᠮᠡᠳᠡᠭᠡ ᠵᠠᠩᠭᠢ ᠪᠣᠯᠤᠨ ᠵᠠᠭᠤᠴᠢᠯᠠᠭᠤᠷ᠎ᠤᠨ ᠮᠡᠷᠭᠡᠵᠢᠯ᠎ᠤᠨ ᠠᠷᠭ᠎ᠠ ᠪᠠᠷᠢᠯ᠎ᠢ ᠶᠡᠷᠦᠩᠬᠡᠢᠯᠡᠨ ᠬᠡᠷᠡᠭ᠌ᠯᠡᠵᠦ᠍᠂ ᠬᠠᠲᠤᠨ ᠭᠤᠣᠯ᠎ᠤᠨ ᠰᠣᠶᠣᠯ᠎ᠤᠨ ᠥᠪ᠎ᠢ ᠲᠣᠭᠠᠴᠢᠯᠠᠨ ᠬᠠᠮᠠᠭᠠᠯᠠᠬᠤ ᠪᠠ ᠵᠠᠯᠭᠠᠮᠵᠢᠯᠠᠨ ᠪᠠᠳᠠᠷᠠᠭᠤᠯᠬᠤ᠎ᠶ᠋ᠢ ᠴᠢᠩᠭᠠᠳᠭᠠᠨ᠎ᠠ᠃
ᠬᠤᠶᠠᠳᠤᠭᠠᠷ ᠬᠡᠰᠡᠭ ᠬᠠᠳᠤᠨ ᠭᠤᠣᠯ᠎ᠤᠨ ᠰᠣᠶᠣᠯ᠎ᠤᠨ ᠭᠧᠨ᠎ᠢ ᠭᠦᠨᠵᠡᠭᠡᠢ ᠤᠯᠠᠮᠵᠢᠯᠠᠨ ᠵᠠᠯᠭᠠᠮᠵᠢᠯᠠᠨ᠎ᠠ
ᠳᠤᠮᠳᠠᠳᠤ᠎ᠶ᠋ᠢᠨ ᠪᠣᠯᠪᠠᠰᠤᠨ᠎ᠤ ᠡᠬᠢ ᠡᠬᠦᠰᠤᠯᠢ ᠬᠠᠢᠬᠤ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ ᠬᠠᠳᠤᠨ ᠭᠤᠣᠯ᠎ᠤᠨ ᠰᠣᠶᠣᠯ᠎ᠤᠨ ᠬᠥᠭ᠌ᠵᠢᠯᠲᠡ᠎ᠶ᠋ᠢᠨ ᠰᠤᠳᠠᠰᠤ᠎ᠶ᠋ᠢ ᠱᠢᠰᠲ᠋ᠧᠮ᠎ᠲᠠᠢ ᠰᠤᠳᠤᠯᠤᠨ ᠡᠮᠬᠢᠯᠡᠵᠦ᠍᠂ ᠬᠠᠳᠤᠨ ᠭᠤᠣᠯ᠎ᠤᠨ ᠰᠣᠶᠣᠯ᠎ᠤᠨ ᠤᠯᠠᠨ ᠡᠬᠢᠳᠤ ᠴᠢᠨᠠᠷ ᠤᠯᠠᠨ ᠶᠠᠩᠵᠤᠲᠤ ᠴᠢᠨᠠᠷ᠎ᠢ ᠭᠦᠢᠴᠡᠳ ᠢᠯᠡᠷᠡᠭᠦᠯᠦᠨ᠎ᠡ᠃ ᠬᠠᠲᠤᠨ ᠭᠤᠤᠯ᠎ᠤᠨ ᠰᠣᠶᠣᠯ᠎ᠢ ᠤᠯᠠᠮᠵᠢᠯᠠᠨ ᠱᠢᠨ᠎ᠡ᠎ᠶ᠋ᠢ ᠡᠭᠦᠳᠬᠦ᠌ ᠢᠨᠵᠧᠨᠧᠷᠢᠩ᠎ᠢ ᠥᠷᠨᠢᠭᠦᠯᠵᠦ᠍᠂ ᠬᠠᠲᠤᠨ ᠭᠤᠤᠯ᠎ᠤᠨ ᠰᠣᠶᠣᠯ᠎ᠳᠤ ᠠᠭᠤᠯᠤᠭ᠍ᠳᠠᠵᠤ ᠪᠠᠢᠭ᠎ᠠ ᠣᠶᠤᠨ ᠰᠠᠨᠠᠭᠠᠨ᠎ᠤ ᠠᠭᠤᠯᠤᠭ᠍ᠳᠠᠬᠤᠨ᠎ᠢ ᠱᠢᠰᠲ᠋ᠧᠮ᠎ᠲᠠᠢ ᠲᠣᠳᠣᠷᠬᠠᠢᠯᠠᠨ ᠥᠭᠦᠯᠡᠭ᠌ᠰᠡᠨ᠂ ᠲᠡᠦᠬᠡ ᠬᠢᠭᠡᠳ ᠪᠣᠳᠠᠲᠤ ᠠᠬᠤᠶ᠎ᠶ᠋ᠢ ᠨᠡᠪᠲᠡᠷᠡᠯᠴᠡᠭᠦᠯᠦᠭ᠌ᠰᠡᠨ᠂ ᠤᠯᠠᠮᠵᠢᠯᠠᠯ ᠬᠢᠭᠡᠳ ᠣᠲᠣ ᠦᠶ᠎ᠡ᠎ᠶ᠋ᠢ ᠤᠢ᠍ᠢᠷᠠᠳᠤᠭᠤᠯᠤᠬ᠍ᠰᠠᠨ ᠬᠠᠲᠤᠨ ᠭᠤᠤᠯ᠎ᠤᠨ ᠰᠣᠶᠣᠯ᠎ᠤᠨ ᠱᠢᠰᠲ᠋ᠧᠮ᠎ᠢ ᠪᠠᠢᠭᠤᠯᠤᠨ᠎ᠠ᠃ ᠳᠤᠮᠳᠠᠳᠤ᠎ᠶ᠋ᠢᠨ ᠪᠣᠯᠪᠠᠰᠤᠨ᠎ᠤ ᠴᠢᠬᠤᠯᠠ ᠪᠡᠯᠭᠡ ᠳᠡᠮᠳᠡᠭ᠎ᠢ ᠴᠣᠭ᠍ᠴᠠᠯᠠᠵᠤ᠂ ᠬᠠᠳᠤᠨ ᠭᠤᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠢ ᠲᠥᠯᠥᠪᠵᠢᠭᠦᠯᠦᠨ ᠪᠦᠳᠦᠬᠡᠨ ᠪᠠᠢᠭᠤᠯᠬᠤ᠎ᠶ᠋ᠢ ᠭᠦᠨᠵᠡᠭᠡᠢ ᠰᠤᠳᠤᠯᠤᠨ᠎ᠠ᠃ ᠬᠠᠳᠤᠨ ᠭᠤᠤᠯ᠎ᠤᠨ ᠰᠣᠶᠣᠯ᠎ᠤᠨ ᠥᠪ᠎ᠢ ᠳᠡᠯᠡᠬᠡᠶ᠎ᠶ᠋ᠢᠨ ᠰᠣᠶᠣᠯ᠎ᠤᠨ ᠥᠪ᠎ᠢᠶᠠᠷ ᠮᠡᠳᠡᠭᠦᠯᠬᠦ᠌᠎ᠶ᠋ᠢ ᠳᠠᠮᠵᠢᠨ᠎ᠠ᠃ ᠬᠠᠲᠤᠨ ᠭᠤᠤᠯ᠎ᠤᠨ ᠰᠠᠪᠠ ᠭᠠᠵᠠᠷ᠎ᠤᠨ ᠲᠠᠷᠢᠶᠠᠯᠠᠬᠤ ᠱᠢᠯᠢᠳᠡᠭ ᠰᠣᠶᠣᠯ᠎ᠤᠨ ᠥᠪ᠎ᠢ ᠠᠮᠢᠳᠤᠯᠢᠭ᠍ᠵᠢᠭᠤᠯᠤᠨ ᠠᠱᠢᠭ᠍ᠯᠠᠬᠤ ᠪᠠ ᠤᠯᠠᠮᠵᠢᠯᠠᠨ ᠵᠠᠯᠭᠠᠮᠵᠢᠯᠠᠵᠤ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠲᠡᠭᠦᠨ᠎ᠤ ᠪᠥᠬᠦ᠌ ᠪᠥᠮᠪᠥᠷᠴᠡᠭ᠎ᠤᠨ ᠴᠢᠬᠤᠯᠠ ᠲᠠᠷᠢᠶᠠᠯᠠᠩ᠎ᠤᠨ ᠰᠣᠶᠣᠯ᠎ᠤᠨ ᠥᠪ᠎ᠢᠶᠠᠷ ᠮᠡᠳᠡᠭᠦᠯᠬᠦ᠌᠎ᠶ᠋ᠢ ᠳᠡᠮᠵᠢᠨ᠎ᠡ᠃ ᠬᠠᠲᠤᠨ ᠭᠤᠤᠯ᠎ᠤᠨ ᠰᠠᠪᠠ ᠭᠠᠵᠠᠷ᠎ᠤᠨ ᠲᠠᠷᠢᠶᠠᠨ ᠭᠠᠵᠠᠷ᠎ᠤᠨ ᠤᠰᠤᠨ ᠠᠱᠢᠭ᠍ᠯᠠᠯᠲᠠ᠂ ᠣᠳᠣᠨ ᠣᠷᠣᠨ ᠵᠢᠷᠤᠬᠠᠶ᠂ ᠭᠤᠤᠯ ᠵᠠᠰᠠᠬᠤ ᠮᠡᠷᠭᠡᠵᠢᠯ᠂ ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠳᠠ᠂ ᠬᠢᠲᠠᠳ ᠡᠮ ᠡᠮᠨᠡᠯᠭᠡ᠂ ᠲᠥᠪᠡᠳ ᠡᠮ ᠡᠮᠨᠡᠯᠭᠡ᠂ ᠤᠯᠠᠮᠵᠢᠯᠠᠯᠲᠤ ᠭᠠᠷ ᠤᠷᠠᠯᠠᠯ ᠵᠡᠷᠭᠡ ᠬᠦᠷᠢᠶᠡᠨ᠎ᠳᠠᠬᠢ ᠰᠣᠶᠣᠯ᠎ᠤᠨ ᠠᠮᠵᠢᠯᠲᠠ ᠪᠦᠲᠦᠮᠵᠢ᠎ᠶ᠋ᠢ ᠶᠡᠷᠦᠩᠬᠡᠢᠯᠡᠨ ᠳᠡᠯᠭᠡᠨ ᠦᠵᠡᠭᠦᠯᠵᠦ᠍᠂ ᠪᠣᠳᠠᠲᠤ ᠠᠮᠢᠳᠤᠷᠠᠯ᠎ᠳᠤ ᠠᠭᠤᠰᠤᠯᠴᠠᠬᠤ᠎ᠶ᠋ᠢ ᠠᠬᠢᠭᠤᠯᠤᠨ᠎ᠠ᠃ ᠶᠠᠨ ᠠᠨ᠎ᠤ ᠵᠣᠷᠢᠭ ᠰᠠᠨᠠᠭ᠎ᠠ᠂ ᠵᠢᠶᠤᠤ ᠢᠦᠢ ᠯᠦ᠍᠎ᠶ᠋ᠢᠨ ᠵᠣᠷᠢᠭ ᠰᠠᠨᠠᠭ᠎ᠠ ᠵᠡᠷᠭᠡ᠎ᠶ᠋ᠢ ᠶᠡᠭᠡ᠎ᠪᠠᠷ ᠪᠠᠳᠠᠷᠠᠭᠤᠯᠵᠤ᠂ ᠡᠭᠦᠨ᠎ᠢᠶᠠᠷ ᠤᠭ ᠰᠠᠨᠠᠭ᠎ᠠ᠎ᠪᠠᠨ ᠱᠢᠮᠡᠵᠢᠭᠦᠯᠵᠦ᠍᠂ ᠰᠦᠭ ᠰᠦᠨᠡᠰᠦ᠎ᠪᠠᠨ ᠳᠠᠪᠲᠠᠨ ᠪᠣᠯᠪᠠᠰᠤᠷᠠᠭᠤᠯᠤᠨ᠎ᠠ᠃ ᠬᠠᠳᠤᠨ ᠭᠤᠣᠯ᠎ᠤᠨ ᠰᠣᠶᠣᠯ᠎ᠤᠨ ᠰᠤᠳᠤᠯᠭᠠᠨ᠎ᠤ ᠬᠦᠴᠦᠨ᠎ᠢ ᠨᠡᠢᠳᠭᠡᠵᠦ᠍᠂ ᠰᠤᠳᠤᠯᠭᠠᠨ᠎ᠤ ᠰᠠᠭᠤᠷᠢ᠎ᠶ᠋ᠢ ᠪᠠᠬᠢᠵᠢᠭᠦᠯᠵᠦ᠍᠂ ᠱᠢᠨᠵᠢᠯᠡᠭᠡᠨ ᠠᠯᠤᠰᠯᠠᠭ᠍ᠰᠠᠨ ᠰᠣᠯᠪᠢᠴᠠᠯ ᠮᠠᠶᠢᠭ᠎ᠤᠨ ᠤᠯᠠᠨ ᠡᠱᠢᠴᠢᠯᠡᠭ᠌ᠰᠡᠨ ᠱᠢᠨ᠎ᠡ᠎ᠶ᠋ᠢ ᠡᠭᠦᠳᠬᠦ᠌ ᠰᠤᠳᠤᠯᠭᠠᠨ᠎ᠤ ᠲᠠᠪᠴᠠᠩ᠎ᠢ ᠪᠠᠢᠭᠤᠯᠵᠤ᠂ ᠨᠢᠭᠡ ᠪᠦᠯᠦᠭ ᠥᠨᠳᠥᠷ ᠲᠦᠪᠱᠢᠨ ᠪᠦᠬᠦᠢ ᠰᠤᠳᠤᠯᠭᠠᠨ᠎ᠤ ᠦᠷ᠎ᠡ ᠪᠦᠲᠦᠭᠡᠯ᠎ᠢ ᠪᠦᠷᠢᠯᠳᠦᠭᠦᠯᠦᠨ᠎ᠡ᠃ ᠨᠢᠭᠡ ᠪᠦᠯᠦᠭ ᠬᠠᠳᠤᠨ ᠭᠤᠤᠯ᠎ᠤᠨ ᠰᠤᠶᠤᠯ᠎ᠤᠨ ᠮᠦᠽᠸᠢ᠎ᠶ᠋ᠢ ᠵᠤᠬᠢᠰᠳᠠᠢ ᠦᠷᠭᠡᠳᠭᠡᠨ ᠪᠠᠢᠭᠤᠯᠬᠤ ᠪᠤᠶᠤ ᠱᠢᠨ᠎ᠡ᠎ᠪᠠᠷ ᠪᠠᠢᠭᠤᠯᠵᠤ᠂ ᠬᠠᠲᠤᠨ ᠭᠤᠣᠯ᠎ᠤᠨ ᠰᠠᠪᠠ ᠭᠠᠵᠠᠷ᠎ᠤᠨ ᠲᠡᠦᠬᠡ ᠰᠣᠶᠣᠯ᠎ᠢ ᠱᠢᠰᠲ᠋ᠧᠮ᠎ᠲᠠᠢ᠎ᠪᠠᠷ ᠳᠡᠯᠭᠡᠨ ᠦᠵᠡᠭᠦᠯᠦᠨ᠎ᠡ᠃
ᠭᠤᠷᠪᠠᠳᠤᠭᠠᠷ ᠬᠡᠰᠡᠭ ᠱᠢᠨ᠎ᠡ ᠴᠠᠭ ᠦᠶ᠎ᠡ᠎ᠶ᠋ᠢᠨ ᠬᠠᠲᠤᠨ ᠭᠤᠣᠯ᠎ᠤᠨ ᠦᠯᠢᠭᠡᠷ᠎ᠢ ᠰᠠᠢᠲᠤᠷ ᠶᠠᠷᠢᠨ᠎ᠠ
《ᠳᠤᠮᠳᠠᠳᠤ ᠤᠯᠤᠰ᠎ᠤᠨ ᠬᠠᠲᠤᠨ ᠭᠤᠤᠯ》 ᠤᠨ ᠤᠯᠤᠰ᠎ᠤᠨ ᠳᠦᠷᠢ ᠲᠥᠷᠬᠦ᠌᠎ᠶ᠋ᠢ ᠤᠬᠠᠭᠤᠯᠤᠨ ᠳᠡᠯᠭᠡᠷᠡᠭᠦᠯᠬᠦ᠌ ᠠᠵᠢᠯᠯᠠᠭ᠎ᠠ᠎ᠶ᠋ᠢ ᠡᠬᠢᠯᠡᠭᠦᠯᠵᠦ᠍᠂ ᠬᠠᠲᠤᠨ ᠭᠤᠤᠯ᠎ᠤᠨ ᠰᠣᠶᠣᠯ᠎ᠤᠨ ᠡᠯᠢᠭᠡᠮᠰᠦᠭ ᠬᠦᠴᠦᠨ᠎ᠢ ᠨᠡᠮᠡᠭ᠌ᠳᠡᠭᠦᠯᠵᠦ᠍᠂ ᠲᠡᠦᠬᠡ᠎ᠶ᠋ᠢᠨ ᠭᠦᠨ ᠵᠤᠵᠠᠭᠠᠨ ᠲᠥᠷᠥᠭ᠌ᠳᠡᠯ᠎ᠢ ᠳᠣᠪᠤᠢᠯᠭᠠᠵᠤ᠂ ᠳᠡᠯᠡᠬᠡᠶ ᠨᠡᠢᠲᠡ᠎ᠳᠤ ᠦᠨᠡᠨ ᠪᠣᠳᠠᠲᠠᠶ᠂ ᠪᠣᠰᠤᠭ᠎ᠠ ᠴᠣᠭ᠍ᠴᠠᠲᠤ᠌᠂ ᠬᠥᠭ᠌ᠵᠢᠭ᠌ᠰᠡᠨ ᠬᠠᠲᠤᠨ ᠭᠤᠤᠯ᠎ᠤᠨ ᠰᠠᠪᠠ ᠭᠠᠵᠠᠷ᠎ᠢ ᠪᠥᠬᠦ᠌ ᠲᠠᠯ᠎ᠠ᠎ᠪᠠᠷ ᠳᠡᠯᠭᠡᠨ ᠦᠵᠡᠭᠦᠯᠦᠨ᠎ᠡ᠃ ᠬᠠᠲᠤᠨ ᠭᠤᠤᠯ᠎ᠤᠨ ᠰᠡᠳᠦᠪᠲᠦ ᠰᠣᠳᠣᠨ ᠪᠠᠷᠢᠮᠲᠠᠲᠤ ᠺᠢᠨᠣ᠋ ᠵᠣᠬᠢᠶᠠᠨ ᠪᠦᠲᠦᠭᠡᠬᠦ᠌᠎ᠶ᠋ᠢ ᠴᠢᠩᠭᠠᠳᠭᠠᠨ᠎ᠠ᠃ ᠤᠯᠤᠰ᠎ᠤᠨ ᠰᠣᠶᠣᠯ᠂ ᠳᠤᠮᠳᠠᠳᠤ ᠤᠯᠤᠰ᠎ᠤᠨ ᠵᠢᠭᠤᠯᠴᠢᠯᠠᠯ᠎ᠤᠨ ᠤᠨ ᠵᠡᠷᠭᠡ ᠠᠵᠢᠯᠯᠠᠭ᠎ᠠ᠎ᠳᠤ ᠬᠠᠳᠤᠨ ᠭᠤᠤᠯ᠎ᠤᠨ ᠰᠣᠶᠣᠯ᠎ᠤᠨ ᠡᠯᠧᠮᠧᠨ᠋ᠲ᠎ᠢ ᠠᠭᠤᠰᠤᠯᠴᠠᠭᠤᠯᠵᠤ᠂ ᠬᠠᠳᠤᠨ ᠭᠤᠤᠯ᠎ᠤᠨ ᠰᠣᠶᠣᠯ᠎ᠢ ᠭᠠᠳᠠᠭ᠍ᠰᠢ ᠳᠠᠮᠵᠢᠭᠤᠯᠬᠤ ᠲᠡᠮᠳᠡᠭ᠎ᠢ ᠪᠤᠢ ᠪᠣᠯᠭᠠᠨ᠎ᠠ᠃ ᠬᠠᠲᠤᠨ ᠭᠤᠤᠯ᠎ᠤᠨ ᠰᠠᠪᠠ ᠭᠠᠵᠠᠷ᠎ᠢ ᠳᠡᠮᠵᠢᠵᠦ᠍ ᠪᠠᠢᠭᠠᠳ 《ᠨᠢᠭᠡ ᠪᠦᠰᠡ ᠨᠢᠭᠡ ᠵᠠᠮ》 ᠢ ᠬᠠᠮᠲᠤ᠎ᠪᠠᠷ ᠪᠥᠲᠥᠭᠡᠨ ᠪᠠᠢᠭᠤᠯᠬᠤ ᠤᠯᠤᠰ᠎ᠯᠤᠭ᠎ᠠ ᠣᠯᠠᠨ ᠵᠦᠢᠯ᠎ᠤᠨ ᠬᠡᠯᠪᠡᠷᠢ᠎ᠶ᠋ᠢᠨ ᠰᠣᠶᠣᠯ ᠢᠷᠭᠡᠨᠱᠢᠯ᠎ᠤᠨ ᠬᠠᠮᠲᠤᠷᠠᠯᠴᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠠᠷᠠᠳ᠎ᠤᠨ ᠰᠡᠳᠭᠢᠯ᠎ᠤᠨ ᠨᠡᠪᠲᠡᠷᠡᠯᠴᠡᠭᠡ ᠪᠠ ᠰᠣᠶᠣᠯ᠎ᠤᠨ ᠮᠡᠳᠡᠷᠡᠮᠵᠢ᠎ᠶ᠋ᠢ ᠠᠬᠢᠭᠤᠯᠤᠨ᠎ᠠ᠃ ᠨᠢᠯ ᠮᠥᠷᠡᠨ᠂ ᠳ᠋ᠤᠨᠠᠦ᠋ ᠮᠥᠷᠡᠨ᠂ ᠷᠠᠢᠨ ᠮᠥᠷᠡᠨ᠂ ᠸᠣᠯᠭ᠎ᠠ ᠮᠥᠷᠡᠨ ᠵᠡᠷᠭᠡ ᠰᠠᠪᠠ ᠭᠠᠵᠠᠷ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠪᠣᠯᠪᠠᠰᠤᠨ᠎ᠤ ᠰᠣᠯᠢᠯᠴᠠᠭ᠎ᠠ ᠲᠤᠯᠢᠳᠠᠯ᠎ᠢ ᠠᠬᠢᠭᠤᠯᠤᠨ᠎ᠠ᠃ ᠤᠯᠤᠰ᠎ᠤᠨ ᠳᠣᠲᠣᠭᠠᠳᠤ ᠭᠠᠳᠠᠭᠠᠳᠤ᠎ᠳᠤ ᠬᠠᠨᠳᠤᠭᠤᠯᠤᠭ᠍ᠰᠠᠨ ᠳᠡᠭᠡᠳᠦᠰ᠎ᠢᠶᠠᠨ ᠲᠠᠬᠢᠬᠤ ᠪᠠ ᠳᠤᠮᠳᠠᠳᠤ᠎ᠶ᠋ᠢᠨ ᠪᠣᠯᠪᠠᠰᠤᠨ᠎ᠤ ᠡᠬᠢ ᠰᠤᠷᠪᠤᠯᠵᠢ᠎ᠶ᠋ᠢ ᠬᠠᠢᠬᠤ ᠠᠵᠢᠯᠯᠠᠭ᠎ᠠ᠎ᠶ᠋ᠢ ᠥᠷᠨᠢᠭᠦᠯᠵᠦ᠍᠂ ᠬᠠᠲᠤᠨ ᠭᠤᠣᠯ᠎ᠤᠨ ᠰᠠᠪᠠ ᠭᠠᠵᠠᠷ᠎ᠤᠨ ᠳᠤᠮᠳᠠᠳᠤ᠎ᠶ᠋ᠢᠨ ᠬᠥᠮᠦᠨ ᠨᠡᠢᠭᠡᠮ᠎ᠤᠨ ᠠᠩᠬᠠᠨ᠎ᠤ ᠡᠭᠦᠰᠦᠯ᠎ᠤᠨ ᠭᠠᠵᠠᠷ᠎ᠤᠨ ᠰᠣᠶᠣᠯ᠎ᠤᠨ ᠲᠦᠷᠦᠯ ᠲᠡᠮᠳᠡᠭ᠎ᠢ ᠪᠤᠶ ᠪᠣᠯᠭᠠᠨ᠎ᠠ᠃ ᠤᠳᠭ᠎ᠠ ᠵᠣᠬᠢᠶᠠᠯ ᠤᠷᠠᠯᠢᠭ᠂ ᠰᠣᠨᠢᠨ ᠮᠡᠳᠡᠭᠡ ᠬᠡᠪᠯᠡᠯ᠂ ᠺᠢᠨᠣ᠋ ᠲᠧᠯᠸᠢᠰ ᠵᠡᠷᠭᠡ ᠬᠦᠷᠢᠶᠡᠨ᠎ᠳᠠᠬᠢ ᠭᠠᠳᠠᠭᠠᠳᠤ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠬᠠᠳᠤᠨ ᠭᠤᠣᠯ᠎ᠤᠨ ᠰᠣᠶᠣᠯ᠎ᠢ ᠭᠠᠳᠠᠭᠠᠳᠤ᠎ᠳᠤ ᠳᠡᠯᠭᠡᠷᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠬᠠᠳᠤᠨ ᠭᠤᠣᠯ᠎ᠤᠨ ᠰᠣᠶᠣᠯ᠎ᠤᠨ ᠱᠢᠯᠢᠳᠡᠭ ᠪᠦᠲᠦᠭᠡᠯ᠎ᠢ ᠥᠷᠭᠡᠨ᠎ᠢᠶᠠᠷ ᠣᠷᠴᠢᠭᠤᠯᠵᠤ᠂ ᠤᠯᠠᠮᠵᠢᠯᠠᠨ ᠲᠠᠷᠬᠠᠭᠠᠵᠤ᠂ ᠳᠤᠮᠳᠠᠳᠤ᠎ᠶ᠋ᠢᠨ ᠰᠣᠶᠣᠯ᠎ᠤᠨ ᠭᠠᠳᠠᠭ᠍ᠰᠢ ᠭᠠᠷᠬᠤ᠎ᠶ᠋ᠢ ᠠᠬᠢᠭᠤᠯᠤᠨ᠎ᠠ᠃ ᠮᠠᠨ᠎ᠤ ᠤᠯᠤᠰ᠎ᠤᠨ ᠭᠠᠳᠠᠭᠠᠳᠤ᠎ᠳᠤ ᠰᠠᠭᠤᠭ᠎ᠠ ᠡᠯᠴᠢᠨ ᠰᠠᠢᠳ᠎ᠤᠨ ᠶᠠᠮᠤᠨ ᠺᠤᠨᠰᠦ᠋ᠯ᠎ᠤᠨ ᠭᠠᠵᠠᠷ ᠵᠢᠴᠢ ᠺᠦᠩᠽᠢ᠎ᠶ᠋ᠢᠨ ᠳᠡᠭᠡᠳᠦ ᠰᠤᠷᠭᠠᠭᠤᠯᠢ᠂ ᠳᠤᠮᠳᠠᠳᠤ ᠤᠯᠤᠰ᠎ᠤᠨ ᠰᠣᠶᠣᠯ᠎ᠤᠨ ᠲᠥᠪ ᠵᠡᠷᠭᠡ᠎ᠶ᠋ᠢ ᠬᠥᠲᠥᠯᠥᠨ ᠵᠢᠯᠣᠭᠤᠳᠴᠤ᠌ ᠪᠠᠢᠭᠠᠳ ᠬᠠᠲᠤᠨ ᠭᠤᠣᠯ᠎ᠤᠨ ᠰᠣᠶᠣᠯ᠎ᠢ ᠤᠬᠠᠭᠤᠯᠤᠨ ᠲᠠᠨᠢᠯᠴᠠᠭᠤᠯᠤᠨ᠎ᠠ᠃ ᠭᠠᠳᠠᠭᠠᠳᠤ᠎ᠶ᠋ᠢᠨ ᠵᠠᠭᠤᠴᠢᠯᠠᠭᠤᠷ᠎ᠤᠨ ᠬᠠᠲᠤᠨ ᠭᠤᠤᠯ᠎ᠲᠠᠢ ᠣᠢᠷᠠᠳᠭᠤ᠂ ᠬᠠᠲᠤᠨ ᠭᠤᠤᠯ᠎ᠢ ᠮᠡᠳᠡᠭᠡᠯᠡᠬᠦ᠌ ᠵᠡᠷᠭᠡ ᠱᠢᠷᠢᠰ ᠰᠣᠯᠢᠯᠴᠠᠭᠠᠨ᠎ᠤ ᠠᠵᠢᠯᠯᠠᠭ᠎ᠠ᠎ᠶ᠋ᠢ ᠥᠷᠨᠢᠭᠦᠯᠦᠨ᠎ᠡ᠃
ᠳᠥᠷᠪᠡᠳᠦᠭᠡᠷ ᠬᠡᠰᠡᠭ ᠳᠡᠯᠡᠬᠡᠢ᠎ᠳᠤ ᠨᠥᠯᠥᠭᠡᠯᠡᠬᠦ᠌ ᠬᠦᠴᠦᠨ ᠪᠦᠬᠦᠢ ᠬᠠᠲᠤᠨ ᠭᠤᠣᠯ᠎ᠤᠨ ᠰᠣᠶᠣᠯ ᠵᠢᠭᠤᠯᠴᠢᠯᠠᠯ᠎ᠤᠨ ᠪᠦᠰᠡ᠎ᠶ᠋ᠢ ᠴᠤᠭ᠍ᠴᠠᠯᠠᠨ᠎ᠠ
ᠰᠣᠶᠣᠯ ᠪᠠ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠢ ᠲᠤᠯᠭᠠᠭᠤᠷᠢ ᠠᠵᠤ ᠦᠢᠯᠡᠰ ᠪᠣᠯᠭᠠᠨ᠎ᠠ᠃ ᠣᠷᠣᠨ ᠪᠦᠰᠡ᠎ᠶ᠋ᠢᠨ ᠬᠤᠭᠤᠷᠣᠨᠳᠣᠬᠢ ᠡᠬᠢ ᠪᠠᠶᠠᠯᠢᠭ᠎ᠢ ᠡᠮᠬᠢᠯᠡᠨ ᠨᠡᠢᠯᠡᠭᠦᠯᠬᠦ᠌ ᠪᠠ ᠬᠠᠮᠵᠢᠯᠴᠠᠬᠤ᠎ᠶ᠋ᠢ ᠴᠢᠩᠭᠠᠷᠠᠭᠤᠯᠵᠤ᠂ ᠪᠦᠬᠦ᠌ ᠣᠷᠣᠨ ᠪᠦᠰᠡ᠎ᠶ᠋ᠢᠨ ᠵᠢᠭᠤᠯᠴᠢᠯᠠᠯ᠎ᠤᠨ ᠬᠥᠭ᠌ᠵᠢᠯᠲᠡ᠎ᠶ᠋ᠢ ᠠᠬᠢᠭᠤᠯᠵᠤ᠂ ᠬᠠᠲᠤᠨ ᠭᠤᠣᠯ᠎ᠤᠨ ᠰᠣᠶᠣᠯ᠎ᠢ ᠬᠠᠷᠠᠭᠤᠯᠤᠭ᠍ᠰᠠᠨ ᠨᠢᠭᠡ ᠪᠦᠯᠦᠭ ᠪᠡᠯᠭᠡ ᠲᠡᠮᠳᠡᠭ᠎ᠤᠨ ᠴᠢᠨᠠᠷᠲᠠᠶ ᠵᠢᠭᠤᠯᠴᠢᠯᠠᠯ᠎ᠤᠨ ᠬᠠᠷᠠᠯᠳᠠᠳᠤ ᠤᠷᠤᠨ᠎ᠢ ᠪᠥᠲᠥᠭᠡᠨ ᠪᠠᠢᠭᠤᠯᠤᠨ᠎ᠠ᠃ ᠳᠡᠭᠡᠳᠦ ᠤᠷᠤᠰᠭᠠᠯ᠎ᠤᠨ ᠤᠷᠤᠨ᠎ᠤ ᠣᠯᠠᠨ ᠶᠠᠩᠵᠤ᠎ᠶ᠋ᠢᠨ ᠪᠠᠢᠭᠠᠯᠢ᠎ᠶ᠋ᠢᠨ ᠦᠵᠡᠮᠵᠢ᠂ ᠪᠠᠢᠭᠠᠯᠢᠯᠢᠭ ᠠᠮᠢ ᠠᠬᠤᠶ᠎ᠶ᠋ᠢᠨ ᠥᠩᠭᠡ ᠦᠵᠡᠮᠵᠢ᠂ ᠤᠯᠠᠨ ᠲᠦᠷᠦᠯ᠎ᠤᠨ ᠦᠨᠳᠦᠰᠦᠲᠡᠨ᠎ᠤ ᠰᠣᠶᠣᠯ᠂ ᠢᠯᠡ ᠲᠣᠳᠣ ᠣᠷᠣᠨ ᠪᠦᠰᠡ᠎ᠶ᠋ᠢᠨ ᠣᠨᠴᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ᠂ ᠢᠵᠢ ᠪᠦᠷᠢᠳᠦᠭᠦᠯᠬᠦ᠌ ᠰᠠᠭᠤᠷᠢ ᠲᠥᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠴᠢᠨᠠᠷ ᠰᠠᠢᠲᠠᠶ ᠵᠢᠭᠤᠯᠴᠢᠯᠠᠯ᠎ᠤᠨ ᠦᠢᠯᠡᠴᠢᠯᠡᠭᠡᠨ᠎ᠤ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠬᠥᠬᠡᠨᠠᠭᠤᠷ᠂ ᠰᠧᠴᠤᠸᠠᠨ᠂ ᠭᠠᠨᠰᠦ᠎ᠶ᠋ᠢᠨ ᠬᠥᠷᠰᠢ ᠵᠡᠷᠭᠡᠯᠡᠳᠡᠭᠡ ᠭᠠᠵᠠᠷ ᠣᠷᠣᠨ᠎ᠤ ᠤᠯᠤᠰ᠎ᠤᠨ ᠠᠮᠢ ᠠᠬᠤᠶ᠎ᠶ᠋ᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠣᠷᠣᠨ᠎ᠢ ᠬᠠᠮᠲᠤ᠎ᠪᠠᠷ ᠪᠠᠢᠭᠤᠯᠬᠤ᠎ᠶ᠋ᠢ ᠳᠡᠮᠵᠢᠨ᠎ᠡ᠃ ᠳᠤᠮᠳᠠᠳᠤ ᠤᠷᠤᠰᠭᠠᠯ᠎ᠤᠨ ᠤᠷᠤᠨ ᠡᠷᠲᠡᠨ᠎ᠤ ᠨᠡᠢᠰᠯᠡᠯ᠂ ᠡᠷᠲᠡᠨ᠎ᠤ ᠬᠤᠳᠠ᠂ ᠡᠷᠲᠡᠨ᠎ᠤ ᠦᠯᠡᠳᠡᠭ᠌ᠳᠡᠯ ᠵᠡᠷᠭᠡ ᠰᠣᠶᠣᠯ ᠢᠷᠭᠡᠨᠱᠢᠯ᠎ᠤᠨ ᠡᠬᠢ ᠪᠠᠶᠠᠯᠢᠭ᠎ᠲᠤ ᠲᠦᠱᠢᠭ᠌ᠯᠡᠵᠦ᠍᠂ ᠣᠷᠣᠨ ᠪᠦᠰᠡ᠎ᠶ᠋ᠢᠨ ᠰᠣᠶᠣᠯ᠎ᠤᠨ ᠣᠨᠴᠠᠯᠢᠭ ᠪᠣᠯᠤᠨ ᠲᠠᠷᠢᠶᠠᠯᠠᠬᠤ ᠰᠣᠶᠣᠯ᠎ᠤᠨ ᠣᠨᠴᠠᠯᠢᠭ᠎ᠢ ᠲᠤᠪᠤᠢᠯᠭᠠᠵᠤ᠂ ᠳᠡᠯᠡᠬᠡᠢ᠎ᠶ᠋ᠢᠨ ᠲᠡᠰ᠎ᠤᠨ ᠲᠡᠦᠬᠡ ᠰᠣᠶᠣᠯ᠎ᠤᠨ ᠵᠢᠭᠤᠯᠴᠢᠯᠠᠯ᠎ᠤᠨ ᠬᠠᠷᠠᠯᠲᠠᠲᠤ ᠣᠷᠣᠨ᠎ᠢ ᠪᠠᠢᠭᠤᠯᠤᠨ᠎ᠠ᠃ ᠲᠤᠤᠷᠠᠳᠤ ᠤᠷᠤᠰᠭᠠᠯ᠎ᠤᠨ ᠤᠷᠤᠨ ᠲᠠᠢᠱᠠᠨ ᠠᠭᠤᠯᠠ᠂ ᠺᠦᠩᠽᠢ᠎ᠶ᠋ᠢᠨ ᠰᠦᠮ᠎ᠡ ᠵᠡᠷᠭᠡ ᠳᠡᠯᠡᠬᠡᠢ᠎ᠶ᠋ᠢᠨ ᠠᠯᠳᠠᠷᠲᠤ ᠰᠣᠶᠣᠯ᠎ᠤᠨ ᠥᠪ᠎ᠤᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ᠎ᠶ᠋ᠢ ᠠᠬᠢᠭᠤᠯᠤᠨ᠎ᠠ᠃ ᠴᠢᠯᠠᠭᠤᠨ ᠠᠭᠤᠶ᠎ᠶ᠋ᠢᠨ ᠰᠣᠶᠣᠯ᠎ᠢ ᠬᠠᠮᠠᠭᠠᠯᠠᠬᠤ ᠡᠷᠴᠢᠮ᠎ᠢᠶᠠᠨ ᠴᠢᠩᠭᠠᠷᠠᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠥᠬᠦᠶ ᠲᠡᠦᠬᠡ ᠰᠣᠶᠣᠯ᠎ᠤᠨ ᠢᠯᠡᠷᠬᠡᠢᠯᠡᠯ ᠪᠠ 《ᠳᠤᠮᠳᠠᠳᠤ ᠤᠯᠤᠰ᠎ᠤᠨ ᠴᠢᠯᠠᠭᠤᠨ ᠠᠭᠤᠶ》 ᠶ᠋ᠢᠨ ᠰᠣᠶᠣᠯ᠎ᠤᠨ ᠨᠠᠷᠠᠲᠤ ᠲᠥᠷᠥᠯ ᠲᠡᠮᠳᠡᠭ᠌ᠲᠦ᠎ᠶ᠋ᠢ ᠪᠣᠶ ᠪᠣᠯᠭᠠᠨ᠎ᠠ᠃ ᠱᠠᠨᠰᠢ ᠭᠠᠨᠰᠦ ᠨᠢᠩᠱᠢᠶᠠ᠎ᠶ᠋ᠢᠨ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠂ ᠤᠯᠠᠭᠠᠨ ᠴᠡᠷᠢᠭ᠎ᠤᠨ ᠤᠷᠳᠤ ᠵᠠᠮ᠎ᠤᠨ ᠠᠶᠠᠨ ᠲᠠᠢᠨ᠎ᠤ ᠱᠤᠭᠤᠮ᠂ ᠪᠠᠷᠠᠭᠤᠨ ᠵᠠᠮ᠎ᠤᠨ ᠴᠡᠷᠢᠭ᠎ᠤᠨ ᠪᠠᠷᠠᠭᠤᠨᠰᠢ ᠳᠠᠢᠯᠠᠬᠤ ᠱᠤᠭᠤᠮ᠂ ᠯᠢᠦᠢ ᠯᠢᠶᠠᠩ ᠱᠠᠨ᠎ᠤ ᠬᠤᠪᠢᠰᠭᠠᠯ᠎ᠤᠨ ᠰᠠᠭᠤᠷᠢᠨ ᠭᠠᠵᠠᠷ᠂ ᠨᠠᠨᠯᠢᠶᠠᠩ᠎ᠤᠨ ᠬᠤᠪᠢᠰᠭᠠᠯ᠎ᠤᠨ ᠰᠠᠭᠤᠷᠢᠨ ᠭᠠᠵᠠᠷ᠂ ᠢ ᠮᠧᠩ᠎ᠤᠨ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ ᠵᠡᠷᠭᠡ᠎ᠳᠤ ᠲᠦᠱᠢᠭ᠌ᠯᠡᠨ ᠬᠤᠪᠢᠰᠭᠠᠯ᠎ᠤᠨ ᠵᠢᠭᠤᠯᠴᠢᠯᠠᠯ᠎ᠤᠨ ᠬᠤᠩᠬᠢᠯ᠎ᠢ ᠪᠠᠢᠭᠤᠯᠤᠨ᠎ᠠ᠃ ᠬᠠᠳᠤᠨ ᠭᠤᠣᠯ᠎ᠤᠨ ᠰᠠᠪᠠ ᠭᠠᠵᠠᠷ᠎ᠤᠨ ᠺᠢᠨᠣ᠋ ᠲᠧᠯᠸᠢᠰ᠂ ᠤᠷᠠᠯᠢᠭ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠴᠠᠭ ᠦᠶ᠎ᠡ᠎ᠶ᠋ᠢᠨ ᠣᠨᠴᠠᠯᠢᠭ᠎ᠲᠠᠢ ᠨᠢᠭᠡ ᠪᠦᠯᠦᠭ ᠰᠣᠳᠣᠨ ᠪᠦᠲᠦᠭᠡᠯ᠎ᠢ ᠪᠤᠢ ᠪᠤᠯᠭᠠᠨ᠎ᠠ᠃
ᠠᠷᠪᠠᠨ ᠭᠤᠷᠪᠠᠳᠤᠭᠠᠷ ᠪᠦᠯᠦᠭ ᠠᠷᠠᠳ᠎ᠤᠨ ᠠᠮᠢᠳᠤᠷᠠᠯ᠎ᠤᠨ ᠳᠤᠲᠠᠭᠤᠳᠠᠯ ᠪᠠ ᠪᠠᠭᠤᠷᠠᠢ ᠲᠠᠯ᠎ᠠ᠎ᠶ᠋ᠢ ᠨᠥᠬᠦᠪᠥᠷᠢᠯᠡᠨ᠎ᠡ
ᠳᠡᠭᠡᠳᠦ ᠳᠤᠮᠳᠠ ᠤᠷᠤᠰᠭᠠᠯ᠎ᠤᠨ ᠬᠠᠷᠠᠬᠠᠨ ᠬᠦᠭ᠌ᠵᠢᠭᠡᠳᠤᠢ ᠭᠠᠵᠠᠷ ᠣᠷᠣᠨ᠎ᠢᠶᠠᠷ ᠭᠤᠣᠯᠳᠠᠯᠭ᠎ᠠ ᠪᠣᠯᠭᠠᠵᠤ᠂ ᠠᠵᠢᠯ ᠣᠯᠵᠤ ᠦᠢᠯᠡᠰ ᠪᠤᠰᠭᠠᠬᠤ᠎ᠶ᠋ᠢ ᠤᠯᠠᠨ ᠠᠷᠭ᠎ᠠ ᠵᠠᠮ᠎ᠢᠶᠠᠷ ᠠᠬᠢᠭᠤᠯᠵᠤ᠂ ᠲᠦᠭᠡᠮᠡᠯ ᠬᠠᠷᠠᠭᠠᠯᠵᠠᠯᠳᠤ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠦᠢᠯᠡᠰ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠬᠠᠩᠭᠠᠯᠭ᠎ᠠ᠎ᠶ᠋ᠢᠨ ᠴᠢᠳᠠᠪᠤᠷᠢ ᠪᠣᠯᠤᠨ ᠲᠦᠪᠱᠢᠨ᠎ᠢ ᠳᠡᠭᠡᠭ᠌ᠰᠢᠯᠡᠭᠦᠯᠵᠦ᠍᠂ ᠠᠷᠠᠳ᠎ᠤᠨ ᠠᠮᠢᠳᠤᠷᠠᠯ᠎ᠢ ᠤᠯᠠᠮ ᠴᠢᠨᠠᠭ᠍ᠰᠢᠳᠠ ᠪᠠᠲᠤᠯᠠᠨ ᠰᠠᠢᠵᠢᠷᠠᠭᠤᠯᠵᠤ᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ᠎ᠢ ᠨᠡᠮᠡᠭ᠌ᠳᠡᠭᠦᠯᠦᠨ᠎ᠡ᠃
ᠨᠢᠭᠡᠳᠦᠭᠡᠷ ᠬᠡᠰᠡᠭ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠦᠨᠳᠦ ᠶᠡᠭᠡ ᠬᠡᠷᠡᠭ᠎ᠢ ᠠᠷᠭᠠᠴᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
ᠤᠷᠢᠳᠴᠢᠯᠠᠨ ᠰᠡᠷᠭᠡᠢᠯᠡᠬᠦ᠌᠎ᠪᠠᠷ ᠭᠤᠣᠯ ᠪᠣᠯᠭᠠᠬᠤ᠂ ᠰᠡᠷᠭᠡᠢᠯᠡᠨ ᠵᠠᠰᠠᠬᠤ ᠬᠠᠮᠵᠢᠯᠴᠠᠭ᠎ᠠ᠎ᠶ᠋ᠢ ᠪᠠᠷᠢᠮᠲᠠᠯᠠᠵᠤ᠂ ᠪᠦᠬᠦ᠌ ᠰᠠᠪᠠ ᠭᠠᠵᠠᠷ᠎ᠤᠨ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠡᠷᠡᠭ᠎ᠤᠨ ᠪᠠᠴᠢᠮ ᠪᠠᠢᠳᠠᠯ᠎ᠢ ᠠᠷᠭᠠᠴᠠᠭᠠᠬᠤ ᠲᠣᠭ᠍ᠲᠠᠴᠠ᠎ᠶ᠋ᠢ ᠪᠠᠢᠭᠤᠯᠵᠤ᠂ ᠬᠠᠯᠳᠠᠪᠤᠷᠢᠲᠤ ᠡᠪᠡᠳᠴᠢᠨ᠎ᠢ ᠪᠠᠢᠴᠠᠭᠠᠬᠤ᠂ ᠬᠢᠨᠠᠨ ᠬᠡᠮᠵᠢᠵᠦ᠍ ᠵᠠᠳᠠᠯᠬᠤ᠂ ᠮᠡᠳᠡᠭᠡ ᠵᠠᠩᠭᠢ᠎ᠶ᠋ᠢ ᠮᠡᠳᠡᠭ᠌ᠳᠡᠬᠦ᠂ ᠰᠡᠷᠭᠡᠢᠯᠡᠨ ᠡᠵᠡᠮᠳᠡᠵᠦ᠍ ᠠᠪᠤᠷᠠᠨ ᠵᠠᠰᠠᠬᠤ᠂ ᠡᠬᠢ ᠪᠠᠶᠠᠯᠢᠭ᠎ᠢ ᠲᠤᠬᠢᠷᠠᠭᠤᠯᠬᠤ ᠵᠡᠷᠭᠡ᠎ᠶ᠋ᠢ ᠬᠠᠮᠵᠢᠯᠴᠠᠭᠤᠯᠤᠨ ᠬᠤᠯᠪᠣᠭᠠᠯᠠᠬᠤ᠎ᠶ᠋ᠢ ᠪᠡᠶᠡᠯᠡᠭᠦᠯᠵᠦ᠍᠂ ᠪᠦᠬᠦ᠌ ᠲᠠᠯ᠎ᠠ᠎ᠶ᠋ᠢᠨ ᠲᠣᠣᠷᠵᠢᠭᠤᠯᠤᠭ᠍ᠰᠠᠨ ᠰᠡᠷᠭᠡᠢᠯᠡᠯᠲᠡ᠎ᠶ᠋ᠢᠨ ᠱᠤᠭᠤᠮ᠎ᠢ ᠪᠠᠬᠢᠵᠢᠭᠦᠯᠵᠦ᠍᠂ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠣᠷ᠎ᠢ ᠨᠢᠭ᠍ᠲᠠ ᠰᠦᠯᠵᠢᠨ᠎ᠡ᠃ ᠬᠠᠲᠤᠨ ᠭᠤᠣᠯ᠎ᠤᠨ ᠰᠠᠪᠠ ᠭᠠᠵᠠᠷ᠎ᠤᠨ ᠡᠪᠡᠳᠴᠢᠨ ᠡᠮᠭᠡᠭ᠎ᠢ ᠰᠡᠷᠭᠡᠢᠯᠡᠨ ᠬᠢᠵᠠᠭᠠᠷᠯᠠᠬᠤ ᠱᠢᠰᠲ᠋ᠧᠮ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠬᠠᠯᠳᠠᠪᠤᠷᠢᠲᠤ ᠡᠪᠡᠳᠴᠢᠨ᠎ᠤ ᠡᠪᠡᠳᠴᠢᠨ ᠡᠭᠦᠰᠭᠡᠭ᠌ᠴᠢ᠂ ᠡᠷᠡᠭᠦᠯ ᠮᠡᠨᠳᠦ᠎ᠶ᠋ᠢᠨ ᠬᠤᠣᠷ ᠬᠦᠨᠦᠭᠡᠯᠲᠦ ᠬᠦᠴᠦᠨ ᠵᠦᠢᠯ ᠵᠡᠷᠭᠡ᠎ᠶ᠋ᠢ ᠱᠢᠯᠭᠠᠨ ᠪᠠᠢᠴᠠᠭᠠᠵᠤ ᠱᠢᠯᠭᠠᠨ ᠬᠡᠮᠵᠢᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠬᠦᠨᠳᠦ ᠶᠡᠭᠡ ᠭᠡᠨᠡᠳᠲᠡ ᠡᠭᠦᠰᠭᠦ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠡᠷᠡᠭ᠎ᠤᠨ ᠡᠮᠴᠢᠯᠡᠭᠡᠨ᠎ᠤ ᠡᠮᠨᠡᠨ ᠠᠪᠤᠷᠠᠬᠤ ᠱᠢᠰᠲ᠋ᠧᠮ᠎ᠢ ᠪᠦᠷᠢᠨᠱᠢᠬᠦᠯᠵᠦ᠍᠂ ᠬᠥᠮᠦᠨ ᠠᠮᠠ᠎ᠶ᠋ᠢᠨ ᠬᠡᠪᠴᠢᠶ᠎ᠡ᠂ ᠨᠥᠯᠥᠭᠡᠯᠡᠬᠦ᠌ ᠣᠷᠣᠨ ᠪᠦᠰᠡ ᠪᠠ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠳᠠᠷᠤᠯᠲᠠ ᠶᠣᠰᠣᠭᠠᠷ᠂ ᠬᠦᠨᠳᠦ ᠶᠡᠭᠡ ᠬᠢᠵᠢᠭ᠎ᠤᠨ ᠪᠠᠢᠳᠠᠯ᠎ᠤᠨ ᠡᠮᠨᠡᠨ ᠠᠪᠤᠷᠠᠬᠤ ᠰᠠᠭᠤᠷᠢᠨ᠎ᠢ ᠪᠠᠢᠭᠤᠯᠵᠤ᠂ ᠬᠠᠲᠤᠨ ᠭᠤᠤᠯ ᠳᠠᠭᠠᠤ᠎ᠶ᠋ᠢᠨ ᠮᠤᠵᠢ ᠬᠤᠲᠠ ᠱᠢᠶᠠᠨ ᠭᠤᠷᠪᠠᠨ ᠱᠠᠲᠤᠨ᠎ᠤ ᠬᠦᠨᠳᠦ ᠡᠪᠡᠳᠴᠢᠲᠡᠨ᠎ᠢ ᠬᠠᠷᠠᠭᠠᠯᠵᠠᠨ ᠬᠠᠮᠠᠭᠠᠯᠠᠬᠤ ᠡᠪᠡᠳᠴᠢᠲᠡᠨ᠎ᠤ ᠲᠣᠭᠤᠷᠢᠭ (ICU) ᠤᠨ ᠡᠮᠨᠡᠨ ᠠᠪᠤᠷᠠᠬᠤ ᠲᠦᠬᠦᠭᠡᠷᠦᠮᠵᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠂ ᠬᠢᠲᠠᠳ ᠡᠮᠨᠡᠯᠭᠡ᠎ᠶ᠋ᠢᠨ ᠬᠤᠷᠢᠶ᠎ᠠ᠎ᠶ᠋ᠢᠨ ᠪᠠᠴᠢᠮ ᠪᠠᠢᠳᠠᠯ᠎ᠢ ᠠᠷᠭᠠᠴᠠᠬᠤ ᠪᠠ ᠡᠮᠨᠡᠨ ᠠᠪᠤᠷᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠱᠠᠲᠤ ᠳᠠᠪᠬᠤᠷᠭ᠎ᠠ ᠰᠠᠯᠪᠤᠷᠢ ᠬᠤᠪᠢᠶᠠᠨ ᠬᠤᠲᠠ᠎ᠶ᠋ᠢᠨ ᠬᠠᠯᠳᠠᠪᠤᠷᠢᠲᠤ ᠡᠪᠡᠳᠴᠢᠨ᠎ᠢ ᠡᠮᠨᠡᠨ ᠠᠪᠤᠷᠠᠬᠤ ᠱᠢᠰᠲ᠋ᠧᠮ᠎ᠤᠨ ᠪᠠᠢᠭᠤᠯᠤᠯᠲᠠ᠎ᠶ᠋ᠢ ᠲᠦᠯᠬᠢᠨ ᠠᠬᠢᠭᠤᠯᠵᠤ᠂ ᠬᠠᠲᠤᠨ ᠭᠤᠣᠯ ᠳᠠᠭᠠᠤ ᠣᠷᠣᠨ ᠬᠤᠲᠠ᠎ᠶ᠋ᠢᠨ ᠱᠠᠲᠤᠨ᠎ᠳᠤ ᠬᠠᠯᠳᠠᠪᠤᠷᠢᠲᠤ ᠡᠪᠡᠳᠴᠢᠨ᠎ᠤ ᠡᠮᠨᠡᠯᠭᠡ᠎ᠶ᠋ᠢᠨ ᠬᠤᠷᠢᠶ᠎ᠠ ᠨᠡᠢᠳᠡᠮ ᠪᠦᠷᠬᠦᠬᠦ᠌᠎ᠶ᠋ᠢ ᠪᠡᠶᠡᠯᠡᠭᠦᠯᠦᠨ᠂ ᠱᠢᠶᠠᠨ᠎ᠤ ᠱᠠᠲᠤᠨ᠎ᠤ ᠡᠮᠨᠡᠯᠭᠡ᠎ᠶ᠋ᠢᠨ ᠬᠤᠷᠢᠶᠠᠨ᠎ᠤ ᠬᠠᠯᠳᠠᠪᠤᠷᠢᠲᠤ ᠡᠪᠡᠳᠴᠢᠨ᠎ᠤ ᠰᠠᠯᠠᠭ᠎ᠠ ᠪᠠ ᠬᠠᠷᠢᠴᠠᠩᠭᠤᠢ ᠪᠡᠶ᠎ᠡ᠎ᠪᠠᠨ ᠳᠠᠭᠠᠭᠠᠭ᠍ᠰᠠᠨ ᠬᠠᠯᠳᠠᠪᠤᠷᠢᠲᠤ ᠡᠪᠡᠳᠴᠢᠨ᠎ᠢ ᠡᠮᠨᠡᠨ ᠵᠠᠰᠠᠬᠤ ᠭᠠᠵᠠᠷ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠵᠠᠷᠴᠢᠮ ᠳᠡᠭᠡᠷ᠎ᠡ᠎ᠪᠠᠨ ᠪᠡᠶ᠎ᠡ᠎ᠪᠠᠨ ᠳᠠᠭᠠᠭᠠᠭ᠍ᠰᠠᠨ ᠬᠠᠯᠳᠠᠪᠤᠷᠢᠲᠤ ᠡᠪᠡᠳᠴᠢᠨ᠎ᠤ ᠡᠮᠨᠡᠯᠭᠡ᠎ᠶ᠋ᠢᠨ ᠬᠤᠷᠢᠶ᠎ᠠ᠎ᠶ᠋ᠢ ᠱᠢᠨ᠎ᠡ᠎ᠪᠠᠷ ᠪᠠᠢᠭᠤᠯᠬᠤ᠎ᠶ᠋ᠢ ᠵᠣᠷᠢᠭ᠍ᠵᠢᠭᠤᠯᠬᠤ ᠦᠭᠡᠢ᠃ ᠡᠩᠬᠡ ᠲᠠᠢᠪᠤᠡᠭ ᠴᠠᠭ ᠦᠶ᠎ᠡ ᠪᠠ ᠪᠠᠢᠯᠳᠤᠭᠠᠨ᠎ᠤ ᠴᠠᠭ ᠦᠶ᠎ᠡ᠎ᠶ᠋ᠢᠨ ᠬᠡᠷᠡᠭ᠌ᠯᠡᠭᠡ᠎ᠶ᠋ᠢ ᠤᠶᠠᠯᠳᠤᠭᠤᠯᠬᠤ᠎ᠶ᠋ᠢ ᠪᠠᠷᠢᠮᠳᠠᠯᠠᠬᠤ ᠤᠳᠤᠷᠢᠳᠤᠮᠵᠢ ᠶᠣᠰᠣᠭᠠᠷ᠂ ᠴᠢᠬᠤᠯᠠ ᠡᠮᠴᠢᠯᠡᠭᠡᠨ᠎ᠤ ᠡᠳ᠋ ᠪᠣᠳᠠᠰ᠎ᠤᠨ ᠨᠥᠭᠡᠴᠡ᠎ᠶ᠋ᠢ ᠰᠠᠢᠲᠤᠷ ᠬᠢᠨ᠎ᠡ᠃ ᠴᠢᠩᠭᠡᠯᠢᠭ ᠡᠮᠨᠡᠯᠭᠡ᠎ᠶ᠋ᠢᠨ ᠬᠤᠷᠢᠶ᠎ᠠ᠎ᠶ᠋ᠢ ᠥᠭᠡᠷᠡᠴᠢᠯᠡᠨ ᠪᠠᠢᠭᠤᠯᠤᠭ᠍ᠰᠠᠨ ᠲᠤᠷᠱᠢᠯᠭ᠎ᠠ᠎ᠪᠠᠷ ᠲᠣᠯᠢ ᠪᠣᠯᠭᠠᠵᠤ᠂ ᠲᠣᠮᠣ ᠬᠡᠯᠪᠡᠷᠢ᠎ᠶ᠋ᠢᠨ ᠲᠠᠯᠠᠪᠤᠷ ᠣᠷᠳᠣᠨ ᠵᠡᠷᠭᠡ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ᠂ ᠲᠡᠭᠦᠨ᠎ᠢ ᠡᠮᠨᠡᠨ ᠠᠪᠤᠷᠠᠬᠤ ᠲᠤᠰᠠᠭᠠᠷᠯᠠᠬᠤ ᠡᠭᠦᠷᠭᠡ᠎ᠶ᠋ᠢ ᠡᠭᠦᠷᠭᠡᠯᠡᠬᠦ᠌ ᠨᠥᠬᠦᠴᠡᠯ᠎ᠲᠠᠢ ᠪᠣᠯᠭᠠᠨ᠎ᠠ᠃ ᠬᠠᠳᠤᠨ ᠭᠤᠣᠯ᠎ᠤᠨ ᠰᠠᠪᠠ ᠭᠠᠵᠠᠷ᠎ᠤᠨ ᠬᠢᠲᠠᠳ ᠡᠮ ᠡᠮᠨᠡᠯᠭᠡ᠎ᠶ᠋ᠢᠨ ᠤᠯᠠᠮᠵᠢᠯᠠᠯ ᠪᠣᠯᠤᠨ ᠤᠨᠴᠠᠯᠢᠬ᠍ᠳᠤ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠬᠢᠲᠠᠳ ᠧᠦ᠋ᠷᠣᠫᠠ ᠡᠮᠨᠡᠯᠭᠡ᠎ᠶ᠋ᠢ ᠤᠶᠠᠯᠳᠤᠭᠤᠯᠤᠭ᠍ᠰᠠᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠣᠭ᠍ᠲᠠᠴᠠ᠎ᠶ᠋ᠢ ᠪᠠᠢᠭᠤᠯᠤᠨ᠎ᠠ᠃
ᠬᠤᠶᠠᠳᠤᠭᠠᠷ ᠬᠡᠰᠡᠭ ᠰᠤᠷᠭᠠᠨ ᠬᠥᠮᠦᠵᠢᠯ ᠡᠮ ᠡᠮᠨᠡᠯᠭᠡ᠎ᠶ᠋ᠢᠨ ᠦᠢᠯᠡᠰ᠎ᠤᠨ ᠬᠥᠭ᠌ᠵᠢᠯᠲᠡ᠎ᠶ᠋ᠢ ᠲᠦᠷᠭᠡᠳᠭᠡᠨ᠎ᠡ
ᠨᠠᠩ ᠢᠯᠡᠭᠦᠦ ᠬᠠᠷᠠᠭᠠᠯᠵᠠᠯ ᠦᠵᠡᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠳᠡᠭᠡᠳᠦ ᠳᠤᠮᠳᠠ ᠤᠷᠤᠰᠭᠠᠯ᠎ᠤᠨ ᠭᠠᠵᠠᠷ ᠣᠷᠣᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠰᠤᠷᠭᠠᠭᠤᠯᠢ ᠡᠷᠭᠢᠯᠡᠬᠦ᠌ ᠨᠥᠬᠦᠴᠡᠯ᠎ᠢ ᠰᠠᠢᠵᠢᠷᠠᠭᠤᠯᠬᠤ᠎ᠶ᠋ᠢ ᠳᠡᠮᠵᠢᠨ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠪᠠᠭ᠍ᠰᠢ᠎ᠶ᠋ᠢᠨ ᠳᠤᠮᠳᠠᠴᠢ ᠴᠠᠯᠢᠩ᠎ᠤᠨ ᠣᠷᠣᠯᠭ᠎ᠠ᠎ᠶ᠋ᠢ ᠲᠤᠬᠠᠶ᠎ᠶ᠋ᠢᠨ ᠭᠠᠵᠠᠷ᠎ᠤᠨ ᠠᠯᠪᠠᠲᠠᠨ᠎ᠤ ᠳᠤᠮᠳᠠᠴᠢ ᠬᠢᠷᠢ ᠲᠦᠪᠱᠢᠨ᠎ᠠᠴᠠ ᠳᠤᠤᠷ᠎ᠠ ᠪᠠᠢᠯᠭᠠᠬᠤ ᠥᠬᠡᠶ ᠱᠠᠭᠠᠷᠳᠠᠯᠭ᠎ᠠ᠎ᠶ᠋ᠢ ᠦᠨᠡᠨ ᠬᠦ᠌ ᠨᠠᠢᠳᠠᠪᠤᠷᠢᠵᠢᠭᠤᠯᠤᠨ᠎ᠠ᠃ ᠬᠠᠲᠤᠨ ᠭᠤᠤᠯ ᠳᠠᠭᠠᠤ᠎ᠶ᠋ᠢᠨ ᠭᠠᠵᠠᠷ ᠣᠷᠣᠨ᠎ᠤ ᠶᠡᠭᠡ ᠳᠡᠭᠡᠳᠦ ᠰᠤᠷᠭᠠᠭᠤᠯᠢ᠎ᠨᠤᠭᠤᠳ᠎ᠤᠨ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ᠂ ᠤᠰᠤ ᠡᠯᠡᠰᠦ᠎ᠶ᠋ᠢ ᠲᠣᠬᠢᠷᠠᠭᠤᠯᠤᠨ ᠡᠵᠡᠮᠳᠡᠬᠦ᠂ ᠬᠥᠷᠥᠰᠥ᠍ ᠱᠢᠷᠣᠶ᠎ᠶ᠋ᠢ ᠬᠠᠮᠠᠭᠠᠯᠠᠬᠤ᠂ ᠤᠰᠤᠨ᠎ᠤ ᠡᠬᠢ ᠪᠠᠶᠠᠯᠢᠭ᠎ᠢ ᠠᠱᠢᠭ᠍ᠯᠠᠬᠤ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ ᠵᠡᠷᠭᠡ ᠪᠠᠴᠢᠮ ᠬᠡᠷᠡᠭ᠌ᠴᠡᠭᠡ᠎ᠲᠠᠢ ᠬᠦᠷᠢᠶ᠎ᠡ ᠴᠠᠷᠠᠭ᠎ᠠ᠎ᠶ᠋ᠢᠨ ᠲᠣᠭᠤᠷᠢᠨ᠎ᠳᠤ ᠨᠢᠭᠡ ᠪᠦᠯᠦᠭ ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠢᠨᠵᠧᠨᠧᠷᠢᠩ᠎ᠤᠨ ᠬᠡᠷᠡᠭ᠌ᠯᠡᠭᠡᠨ᠎ᠤ ᠬᠢᠴᠢᠶᠡᠯ ᠲᠥᠷᠥᠯ᠎ᠢ ᠳᠣᠭᠢᠷᠠᠭᠤᠯᠬᠤ᠎ᠶ᠋ᠢ ᠳᠡᠮᠵᠢᠨ᠎ᠡ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠡᠷᠴᠢᠮ᠎ᠢ ᠨᠡᠮᠡᠭ᠌ᠳᠡᠭᠦᠯᠵᠦ᠍᠂ ᠦᠨᠳᠦᠰᠦᠨ ᠱᠠᠲᠤᠨ᠎ᠤ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠨ᠂ ᠬᠡᠦᠬᠡᠳ᠎ᠤᠨ ᠭᠤᠣᠯᠳᠠᠯᠭ᠎ᠠ᠎ᠲᠠᠢ ᠡᠪᠡᠳᠴᠢᠨ ᠡᠮᠭᠡᠭ᠎ᠢ ᠰᠡᠷᠭᠡᠢᠯᠡᠨ ᠡᠷᠡᠭᠦᠯᠵᠢᠭᠦᠯᠬᠦ᠌᠎ᠶ᠋ᠢ ᠴᠢᠩᠭᠠᠷᠠᠭᠤᠯᠤᠨ᠎ᠠ᠃ ᠬᠠᠲᠤᠨ ᠭᠤᠤᠯ᠎ᠤᠨ ᠰᠠᠪᠠ ᠭᠠᠵᠠᠷ᠎ᠤᠨ ᠥᠨᠳᠦᠷᠯᠢᠭ᠎ᠤᠨ ᠡᠪᠡᠳᠴᠢᠨ᠂ ᠣᠷᠣᠨ ᠨᠤᠲᠤᠭ᠎ᠤᠨ ᠡᠪᠡᠳᠴᠢᠨ᠎ᠢ ᠰᠡᠷᠭᠡᠢᠯᠡᠨ ᠵᠠᠰᠠᠬᠤ ᠲᠥᠪ᠎ᠢ ᠪᠠᠢᠭᠤᠯᠤᠨ᠎ᠠ᠃ 《ᠬᠠᠲᠤᠨ ᠭᠤᠣᠯ᠎ᠤᠨ ᠨᠡᠷᠡᠲᠦ ᠡᠮᠴᠢ》 ᠬᠢᠲᠠᠳ ᠡᠮ ᠡᠮᠨᠡᠯᠭᠡ᠎ᠶ᠋ᠢᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠬᠢᠲᠠᠳ ᠡᠮ ᠡᠮᠨᠡᠯᠭᠡ᠎ᠶ᠋ᠢᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠶᠡᠷᠦᠩᠬᠡᠢᠯᠡᠭ᠌ᠰᠡᠨ ᠵᠢᠱ᠌ᠢᠶ᠎ᠡ ᠦᠵᠡᠭᠦᠯᠬᠦ᠌ ᠣᠷᠣᠨ᠎ᠢ ᠪᠠᠢᠭᠤᠯᠤᠨ᠎ᠠ᠃ ᠤᠯᠤᠰ᠎ᠢᠶᠠᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠬᠥᠳᠡᠯᠭᠡᠭᠡᠨ᠎ᠢ ᠥᠷᠭᠡᠨ ᠳᠡᠯᠭᠡᠷ ᠥᠷᠨᠢᠭᠦᠯᠦᠨ᠎ᠡ᠃
ᠭᠤᠷᠪᠠᠳᠤᠭᠠᠷ ᠬᠡᠰᠡᠭ ᠠᠷᠠᠳ᠎ᠤᠨ ᠠᠮᠢᠳᠤᠷᠠᠯ᠎ᠤᠨ ᠦᠨᠳᠦᠰᠦᠨ ᠪᠠᠳᠤᠯᠠᠭ᠎ᠠ᠎ᠶ᠋ᠢᠨ ᠴᠢᠳᠠᠪᠤᠷᠢ᠎ᠶ᠋ᠢ ᠴᠢᠩᠭᠠᠤᠨᠬᠠᠨ᠎ᠠ
ᠠᠷᠭ᠎ᠠ ᠪᠦᠬᠦᠨ᠎ᠢ ᠰᠦᠪᠡᠭ᠌ᠴᠢᠯᠡᠵᠦ᠍ ᠪᠠᠢᠭᠠᠳ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠵᠦ᠍᠂ ᠭᠤᠣᠯᠳᠠᠯᠭ᠎ᠠ᠎ᠲᠠᠢ ᠠᠵᠢᠯ ᠲᠦᠷᠦᠯ᠂ ᠭᠤᠣᠯᠳᠠᠯᠭ᠎ᠠ᠎ᠲᠠᠢ ᠬᠥᠮᠦᠰ᠎ᠲᠤ ᠠᠵᠢᠯ ᠣᠯᠭᠤᠬᠤ ᠳᠡᠮᠵᠢᠯᠭᠡ ᠦᠵᠡᠭᠦᠯᠬᠦ᠌᠎ᠪᠠᠨ ᠴᠢᠩᠭᠠᠳᠭᠠᠨ᠂ ᠠᠷᠭ᠎ᠠ ᠬᠡᠮᠵᠢᠶ᠎ᠡ ᠠᠪᠴᠤ᠌ ᠪᠠᠢᠭᠠᠳ ᠶᠡᠭᠡ ᠳᠡᠭᠡᠳᠦ ᠰᠤᠷᠭᠠᠭᠤᠯᠢ᠎ᠠᠴᠠ ᠲᠡᠭᠦᠰᠦᠭ᠌ᠰᠡᠨ ᠤᠶᠤᠲᠠᠳ᠎ᠤᠨ ᠬᠠᠳᠤᠨ ᠭᠤᠣᠯ᠎ᠤᠨ ᠠᠮᠢ ᠠᠬᠤᠢ᠎ᠶ᠋ᠢ ᠬᠠᠮᠠᠭᠠᠯᠠᠬᠤ ᠦᠢᠯᠡᠰ᠎ᠲᠤ ᠣᠷᠣᠯᠴᠠᠬᠤ᠎ᠶ᠋ᠢ ᠲᠠᠲᠠᠵᠤ᠂ ᠴᠡᠷᠢᠭ᠎ᠠᠴᠠ ᠬᠠᠯᠠᠭ᠍ᠳᠠᠭ᠍ᠰᠠᠳ᠂ ᠨᠤᠲᠤᠭ᠎ᠲᠠᠭᠠᠨ ᠪᠤᠴᠠᠭ᠍ᠰᠠᠨ ᠬᠥᠯᠥᠰᠥᠨ ᠠᠵᠢᠯᠴᠢᠳ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠂ ᠬᠥᠳᠡᠭᠡ ᠲᠣᠰᠭᠤᠨ᠎ᠤ ᠵᠢᠭᠤᠯᠴᠢᠯᠠᠯ ᠵᠡᠷᠭᠡ ᠬᠦᠷᠢᠶᠡᠨ᠎ᠳᠤ ᠠᠵᠢᠯ ᠣᠯᠵᠤ ᠦᠢᠯᠡᠰ ᠪᠤᠰᠭᠠᠬᠤ᠎ᠶ᠋ᠢ ᠳᠡᠮᠵᠢᠨ᠂ ᠮᠣᠳᠣ ᠲᠠᠷᠢᠵᠤ ᠣᠢᠵᠢᠭᠤᠯᠬᠤ᠂ ᠰᠠᠭᠤᠷᠢ ᠲᠥᠬᠦᠭᠡᠷᠦᠮᠵᠢ᠂ ᠪᠣᠬᠢᠷᠲᠤᠯ᠎ᠢ ᠵᠠᠰᠠᠬᠤ ᠵᠡᠷᠭᠡ ᠴᠢᠬᠤᠯᠠ ᠶᠡᠭᠡ ᠢᠨᠵᠧᠨᠧᠷᠢᠩ᠎ᠤᠨ ᠲᠤᠬᠠᠢ᠎ᠶ᠋ᠢᠨ ᠭᠠᠵᠠᠷ᠎ᠤᠨ ᠠᠵᠢᠯ ᠣᠯᠭᠤᠯᠲᠠ᠎ᠶ᠋ᠢ ᠳᠠᠢᠴᠢᠯᠠᠬᠤ ᠦᠢᠯᠡᠳᠦᠯ᠎ᠢ ᠪᠠᠳᠠᠷᠠᠭᠤᠯᠤᠨ᠎ᠠ᠃ ᠡᠷᠦᠬᠡ ᠠᠮᠠ᠎ᠶ᠋ᠢᠨ ᠲᠠᠩᠰᠠ᠂ ᠭᠠᠵᠠᠷ ᠱᠢᠷᠣᠶ᠂ ᠨᠡᠢᠭᠡᠮ᠎ᠤᠨ ᠪᠠᠲᠤᠯᠠᠭ᠎ᠠ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠬᠠᠲᠤᠨ ᠭᠤᠤᠯ ᠳᠠᠭᠠᠤ᠎ᠶ᠋ᠢᠨ ᠭᠠᠵᠠᠷ ᠣᠷᠣᠨ᠎ᠤ ᠬᠥᠳᠡᠯᠮᠦᠷᠢ ᠬᠦᠴᠦᠨ᠎ᠤ ᠱᠢᠨᠵᠢᠶᠠᠩ᠂ ᠲᠥᠪᠡᠳ᠂ ᠬᠥᠬᠡᠨᠠᠭᠤᠷ ᠵᠡᠷᠭᠡ ᠬᠢᠯᠢ ᠬᠢᠵᠠᠭᠠᠷ᠂ ᠥᠨᠳᠦᠷᠯᠢᠭ ᠣᠷᠣᠨ᠎ᠳᠤ ᠣᠴᠢᠵᠤ ᠠᠵᠢᠯ ᠣᠯᠵᠤ ᠠᠳᠠᠯ ᠦᠢᠯᠡᠰ ᠪᠤᠰᠭᠠᠬᠤ᠎ᠶ᠋ᠢ ᠬᠥᠲᠥᠯᠦᠨ ᠵᠢᠯᠣᠭᠤᠳᠤᠨ᠎ᠠ᠃ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠬᠦ᠌ ᠲᠣᠭ᠍ᠲᠠᠭ᠍ᠰᠠᠨ ᠡᠮᠨᠡᠯᠭᠡ᠎ᠶ᠋ᠢᠨ ᠬᠤᠷᠢᠶᠠᠨ᠎ᠤ ᠬᠠᠮᠤᠷᠬᠤ ᠬᠡᠪᠴᠢᠶ᠎ᠡ᠎ᠶ᠋ᠢ ᠡᠮᠬᠢ ᠵᠢᠷᠤᠮ᠎ᠲᠠᠢ᠎ᠪᠠᠷ ᠥᠷᠭᠡᠳᠭᠡᠨ᠎ᠡ᠃ ᠬᠤᠲᠠ ᠬᠥᠳᠡᠭᠡ᠎ᠶ᠋ᠢᠨ ᠨᠡᠢᠭᠡᠮ᠎ᠤᠨ ᠠᠪᠤᠷᠠᠨ ᠲᠤᠰᠠᠯᠠᠬᠤ ᠱᠢᠰᠲ᠋ᠧᠮ᠎ᠢ ᠨᠢᠭᠡᠳᠦᠯᠲᠡᠶ ᠲᠥᠯᠥᠪᠯᠡᠵᠦ᠍᠂ ᠭᠡᠷ᠎ᠲᠡᠭᠡᠨ ᠬᠤᠴᠣᠷᠤᠭ᠍ᠰᠠᠨ ᠬᠡᠦᠬᠡᠳ᠂ ᠭᠤᠤᠨᠢ ᠪᠡᠯᠪᠡᠰᠦᠨ ᠨᠠᠰᠤᠲᠠᠢᠴᠤᠳ᠂ ᠵᠡᠮᠳᠡᠭ᠌ᠴᠦᠳ᠂ ᠭᠠᠭ᠍ᠴᠠ ᠬᠡᠦᠬᠡᠳ᠎ᠢᠶᠠᠨ ᠠᠯᠳᠠᠭ᠍ᠰᠠᠨ ᠭᠡᠷ ᠪᠦᠯᠢ ᠵᠡᠷᠭᠡ ᠪᠠᠭᠤᠷᠠᠢᠴᠤᠤᠯᠢ ᠬᠠᠯᠠᠮᠵᠢᠯᠠᠨ ᠬᠠᠢᠷᠠᠯᠠᠬᠤ ᠦᠢᠯᠡᠴᠢᠯᠡᠭᠡᠨᠢ ᠰᠠᠢᠲᠤᠷ ᠬᠢᠨ᠎ᠡ᠃
ᠳᠥᠷᠪᠡᠳᠦᠭᠡᠷ ᠬᠡᠰᠡᠭ ᠤᠨᠴᠠ ᠲᠦᠷᠦᠯ᠎ᠤᠨ ᠭᠠᠵᠠᠷ ᠣᠷᠣᠨ᠎ᠤ ᠬᠥᠭ᠌ᠵᠢᠯᠲᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
ᠳᠡᠭᠡᠳᠦ ᠳᠤᠮᠳᠠ ᠤᠷᠤᠰᠭᠠᠯ᠎ᠤᠨ ᠦᠨᠳᠦᠰᠦᠲᠡᠨ᠎ᠤ ᠭᠠᠵᠠᠷ ᠣᠷᠣᠨ᠂ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠂ ᠠᠮᠢ ᠠᠬᠤᠢ ᠬᠡᠪᠡᠷᠡᠭ ᠭᠠᠵᠠᠷ ᠣᠷᠣᠨ ᠵᠡᠷᠭᠡ᠎ᠪᠠᠷ ᠭᠤᠣᠯᠳᠠᠯᠭ᠎ᠠ ᠪᠤᠯᠭᠠᠨ᠂ ᠪᠦᠬᠦ᠌ ᠲᠠᠯ᠎ᠠ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠣᠯᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠢ ᠵᠣᠯᠭᠠᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠦᠷ᠎ᠡ ᠪᠦᠲᠦᠭᠡᠯ᠎ᠢ ᠪᠠᠬᠢᠵᠢᠭᠦᠯᠦᠨ᠂ ᠶᠠᠳᠠᠭᠤ᠎ᠠᠴᠠ ᠠᠩᠭᠢᠵᠢᠷᠠᠭ᠍ᠰᠠᠨ ᠤᠯᠠᠨ ᠲᠦᠮᠡᠨ᠎ᠤ ᠴᠢᠨᠡᠭᠡᠯᠢᠭ ᠨᠡᠢᠭᠡᠮ᠎ᠳᠤ ᠤᠷᠤᠬᠤ᠎ᠶ᠋ᠢ ᠪᠦᠬᠦ᠌ ᠬᠦᠴᠦᠨ᠎ᠢᠶᠠᠷ ᠠᠬᠢᠭᠤᠯᠤᠨ᠎ᠠ᠃ ᠣᠨᠴᠠᠯᠢᠭ᠍ᠲᠤ ᠳᠠᠪᠠᠭᠤᠯᠢᠭ ᠠᠵᠤ ᠦᠢᠯᠡᠰ᠎ᠢ ᠣᠨᠣᠪᠴᠢᠲᠠᠶ ᠲᠡᠳᠬᠦᠨ ᠬᠥᠭ᠌ᠵᠢᠭᠦᠯᠵᠦ᠍᠂ ᠨᠢᠭᠡ ᠪᠦᠯᠦᠭ ᠲᠠᠭᠠᠭᠤᠯᠤᠬ᠍ᠴᠢ ᠠᠵᠤ ᠠᠬᠤᠢᠯᠠᠯ᠎ᠤᠨ ᠬᠦᠭ᠌ᠵᠢᠨ ᠪᠤᠵᠠᠭᠠᠢᠷᠠᠬᠤ᠎ᠶ᠋ᠢ ᠳᠡᠮᠵᠢᠨ᠎ᠡ᠃ ᠳᠡᠭᠡᠳᠦ ᠳᠤᠮᠳᠠ ᠤᠷᠤᠰᠭᠠᠯ᠎ᠤᠨ ᠣᠨᠳᠣᠣ ᠭᠠᠵᠠᠷ ᠨᠡᠭᠦᠯᠭᠡᠨ ᠶᠠᠳᠠᠭᠤ᠎ᠶ᠋ᠢ ᠲᠡᠳᠬᠦᠭ᠌ᠰᠡᠨ᠎ᠤ ᠳᠠᠷᠠᠭᠠᠬᠢ ᠬᠠᠪᠰᠤᠷᠤᠨ ᠲᠡᠳᠬᠦᠬᠦ᠌ ᠡᠷᠴᠢᠮ᠎ᠢᠶᠠᠨ ᠴᠢᠩᠭᠠᠷᠠᠭᠤᠯᠵᠤ᠂ ᠵᠡᠭᠦᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠬᠠᠮᠵᠢᠯᠴᠠᠭ᠎ᠠ᠂ ᠠᠵᠢᠯ ᠲᠦᠷᠦᠯ᠎ᠤᠨ ᠱᠢᠰᠲ᠋ᠧᠮ᠎ᠢᠶᠠᠷ ᠲᠤᠰᠠᠯᠠᠬᠤ᠂ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠵᠡᠷᠭᠡ ᠠᠵᠢᠯ᠎ᠢ ᠦᠷᠭᠦᠯᠵᠢᠯᠡᠨ ᠰᠠᠢᠲᠤᠷ ᠬᠢᠨ᠎ᠠ᠃ ᠠᠵᠢᠯ ᠣᠯᠭᠤᠬᠤ ᠶᠠᠪᠤᠳᠠᠯ᠎ᠢᠶᠠᠷ ᠲᠡᠳᠬᠦᠮᠵᠢ᠎ᠶ᠋ᠢ ᠣᠷᠣᠯᠠᠭᠤᠯᠬᠤ ᠶᠠᠪᠤᠳᠠᠯ᠎ᠢ ᠶᠡᠭᠡ᠎ᠪᠠᠷ ᠬᠡᠷᠡᠭ᠌ᠵᠢᠭᠦᠯᠵᠦ᠍᠂ ᠪᠦᠲᠦᠭᠡᠨ ᠪᠠᠢᠭᠤᠯᠤᠯᠲᠠ᠎ᠶ᠋ᠢᠨ ᠬᠡᠪᠴᠢᠶ᠎ᠡ᠂ ᠲᠡᠳᠬᠦᠬᠦ᠌ ᠠᠷᠭ᠎ᠠ ᠮᠠᠶᠢᠭ ᠪᠣᠯᠤᠨ ᠠᠱᠢᠭ ᠬᠦᠷᠲᠡᠬᠦ᠌ ᠡᠲᠡᠭᠡᠳ᠎ᠢ ᠥᠷᠭᠡᠳᠭᠡᠨ᠎ᠡ᠃ ᠱᠢᠨ᠎ᠡ ᠴᠠᠭ ᠦᠶ᠎ᠡ᠎ᠶ᠋ᠢᠨ ᠱᠠᠨᠰᠢ ᠭᠠᠨᠰᠦ ᠨᠢᠩᠱᠢᠶᠠ᠎ᠶ᠋ᠢᠨ ᠬᠤᠪᠢᠰᠭᠠᠯ᠎ᠤᠨ ᠬᠠᠭᠤᠴᠢᠨ ᠰᠠᠭᠤᠷᠢᠨ᠎ᠢ ᠬᠥᠭ᠌ᠵᠢᠭᠦᠯᠦᠨ ᠮᠠᠨᠳᠤᠭᠤᠯᠬᠤ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ ᠬᠡᠷᠡᠭ᠌ᠵᠢᠭᠦᠯᠦᠨ᠎ᠡ᠃
ᠠᠷᠪᠠᠨ ᠳᠥᠷᠪᠡᠳᠦᠭᠡᠷ ᠪᠦᠯᠦᠭ ᠥᠭᠡᠷᠡᠴᠢᠯᠡᠯᠲᠡ ᠨᠡᠭᠡᠭᠡᠯᠲᠡ᠎ᠶ᠋ᠢᠨ ᠠᠯᠬᠤᠭ᠎ᠠ᠎ᠶ᠋ᠢ ᠲᠦᠷᠭᠡᠳᠭᠡᠨ᠎ᠡ
ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠪᠠ ᠨᠡᠭᠡᠭᠡᠯᠲᠡ᠎ᠶ᠋ᠢ ᠥᠷᠭᠡᠳᠭᠡᠬᠦ᠌᠎ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠳᠠᠯᠠᠨ᠂ ᠡᠬᠢ ᠪᠠᠶᠠᠯᠢᠭ᠎ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ᠎ᠤᠨ ᠱᠢᠢᠳᠪᠤᠷᠢᠯᠡᠭ᠌ᠴᠢ ᠴᠢᠨᠠᠷᠲᠠᠶ ᠦᠢᠯᠡᠳᠣᠯ᠎ᠢ ᠭᠦᠢᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠦᠢᠯᠡᠳᠣᠯ᠎ᠢ ᠨᠠᠩ ᠰᠠᠢᠲᠤᠷ ᠪᠠᠳᠠᠷᠠᠭᠤᠯᠤᠨ᠂ ᠬᠠᠲᠤᠨ ᠭᠤᠤᠯ᠎ᠤᠨ ᠶᠡᠷᠦᠩᠬᠡᠢᠯᠡᠭ᠌ᠰᠡᠨ ᠵᠠᠰᠠᠯᠲᠠ᠎ᠶ᠋ᠢᠨ ᠱᠢᠰᠲ᠋ᠧᠮ ᠪᠣᠯᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠳᠣᠲᠣᠭᠠᠳᠤ ᠭᠠᠳᠠᠭᠠᠳᠤ᠎ᠶ᠋ᠢ ᠵᠡᠷᠭᠡ᠎ᠪᠠᠷ ᠬᠠᠷᠠᠭᠠᠯᠵᠠᠭ᠍ᠰᠠᠨ᠂ ᠡᠬᠡ ᠬᠠᠭᠤᠷᠠᠶ ᠲᠡᠯᠡᠶ ᠬᠤᠯᠪᠣᠭᠠᠯᠠᠨ ᠬᠥᠳᠡᠯᠦᠯᠴᠡᠭ᠌ᠰᠡᠨ᠂ ᠵᠡᠭᠦᠨ ᠪᠠᠷᠠᠭᠤᠨ ᠬᠠᠷᠢᠯᠴᠠᠨ ᠬᠠᠪᠰᠤᠷᠤᠯᠴᠠᠭ᠍ᠰᠠᠨ᠂ ᠣᠯᠠᠨ ᠴᠢᠭ᠌ᠯᠡᠯ᠎ᠢᠶᠠᠷ ᠵᠡᠷᠭᠡ᠎ᠪᠠᠷ ᠤᠷᠤᠭ᠍ᠰᠢᠯᠠᠭ᠍ᠰᠠᠨ ᠬᠠᠲᠤᠨ ᠭᠤᠤᠯ᠎ᠤᠨ ᠰᠠᠪᠠ ᠭᠠᠵᠠᠷ᠎ᠤᠨ ᠨᠡᠭᠡᠭᠡᠯᠲᠡ᠎ᠶ᠋ᠢᠨ ᠱᠢᠨ᠎ᠡ ᠪᠠᠢᠷᠢᠱᠢᠯ᠎ᠢ ᠲᠦᠷᠭᠡᠳᠭᠡᠨ ᠪᠠᠢᠭᠤᠯᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃
ᠨᠢᠭᠡᠳᠦᠭᠡᠷ ᠬᠡᠰᠡᠭ ᠬᠠᠲᠤᠨ ᠭᠤᠣᠯ᠎ᠤᠨ ᠰᠠᠪᠠ ᠭᠠᠵᠠᠷ᠎ᠤᠨ ᠬᠠᠮᠢᠶᠠᠷᠤᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ
ᠲᠥᠪ᠎ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠰᠠᠯᠠᠭ᠎ᠠ ᠮᠥᠴᠢᠷ ᠬᠠᠪᠰᠤᠷᠤᠨ ᠬᠠᠮᠵᠢᠯᠴᠠᠬᠤ᠂ ᠬᠠᠷᠢᠶ᠎ᠠ ᠣᠷᠣᠨ᠎ᠳᠤᠨᠢ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ᠂ ᠡᠯ᠎ᠡ ᠲᠠᠯ᠎ᠠ᠎ᠶ᠋ᠢᠨ᠎ᠬᠢᠨ᠎ᠢ ᠰᠠᠢᠳᠤᠷ ᠵᠣᠯᠭᠠᠯᠴᠠᠭᠤᠯᠬᠤ ᠬᠠᠮᠢᠶᠠᠷᠤᠯᠲᠠ᠎ᠶ᠋ᠢᠨ ᠲᠦᠷᠢᠮ᠎ᠢ ᠪᠤᠢ ᠪᠣᠯᠭᠠᠵᠤ᠂ ᠨᠢᠭᠡᠳᠦᠯᠲᠡᠢ ᠵᠢᠷᠤᠵᠤ ᠲᠥᠯᠥᠪᠯᠡᠬᠦ᠂ ᠨᠢᠭᠡᠳᠦᠯᠲᠡᠢ ᠲᠦᠷᠦ᠎ᠶ᠋ᠢᠨ ᠪᠤᠳᠤᠯᠭ᠎ᠠ᠎ᠶ᠋ᠢᠨ ᠪᠠᠷᠢᠮᠵᠢᠶ᠎ᠠ ᠲᠣᠭ᠍ᠲᠠᠭᠠᠬᠤ᠂ ᠠᠮᠢ ᠠᠬᠤᠢ᠎ᠶ᠋ᠢ ᠬᠠᠮᠵᠢᠯᠴᠠᠨ ᠬᠠᠮᠠᠭᠠᠯᠠᠬᠤ᠂ ᠶᠡᠷᠦᠩᠬᠡᠢᠯᠡᠨ ᠬᠢᠨᠠᠨ ᠬᠠᠮᠢᠶᠠᠷᠴᠤ᠌ ᠬᠠᠤᠯᠢ ᠬᠡᠷᠡᠭ᠌ᠵᠢᠭᠦᠯᠬᠦ᠌᠎ᠶ᠋ᠢ ᠪᠡᠶᠡᠯᠡᠭᠦᠯᠦᠨ᠎ᠡ᠃ ᠰᠠᠪᠠ ᠭᠠᠵᠠᠷ᠎ᠤᠨ ᠬᠠᠮᠢᠶᠠᠷᠤᠯᠲᠠ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠤᠨ᠂ ᠵᠠᠰᠠᠭ ᠵᠠᠬᠢᠷᠭ᠎ᠠ ᠪᠠ ᠠᠵᠢᠯ ᠦᠢᠯᠡᠰ᠎ᠢ ᠰᠠᠯᠭᠠᠬᠤ᠂ ᠠᠵᠢᠯ ᠦᠢᠯᠡᠰ ᠪᠠ ᠠᠵᠤ ᠠᠬᠤᠢᠯᠠᠯ᠎ᠢ ᠰᠠᠯᠭᠠᠬᠤ᠂ ᠬᠠᠮᠢᠶᠠᠷᠬᠤ ᠪᠠ ᠡᠷᠬᠢᠯᠡᠬᠦ᠌᠎ᠶ᠋ᠢ ᠰᠠᠯᠭᠠᠬᠤ᠎ᠶ᠋ᠢ ᠠᠬᠢᠭᠤᠯᠵᠤ᠂ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠬᠠᠳᠤᠨ ᠭᠤᠣᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ᠎ᠤᠨ ᠪᠦᠬᠦ᠌ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠂ ᠬᠢᠨᠠᠨ ᠬᠡᠮᠵᠢᠬᠦ᠂ ᠲᠤᠬᠢᠷᠠᠭᠤᠯᠬᠤ᠂ ᠬᠢᠨᠠᠯᠲᠠ ᠲᠠᠯᠪᠢᠬᠤ ᠵᠡᠷᠭᠡ ᠲᠠᠯ᠎ᠠ᠎ᠶ᠋ᠢᠨ ᠡᠭᠦᠷᠭᠡ ᠴᠢᠳᠠᠪᠬᠢ᠎ᠶ᠋ᠢ ᠴᠢᠩᠭᠠᠳᠭᠠᠨ᠂ ᠭᠤᠣᠯ ᠤᠷᠤᠰᠭᠠᠯ ᠪᠠ ᠰᠠᠯᠪᠤᠷᠢ ᠤᠷᠤᠰᠭᠠᠯ᠎ᠤᠨ ᠬᠢᠨᠠᠯᠲᠠ ᠬᠠᠮᠢᠶᠠᠷᠤᠯᠲᠠ᠎ᠶ᠋ᠢᠨ 《ᠨᠢᠭᠡ ᠲᠣᠣᠷ》 ᠢ ᠪᠦᠬᠦᠨ᠎ᠢ ᠪᠦᠷᠬᠦᠬᠦᠯᠬᠦ᠌᠎ᠶ᠋ᠢ ᠪᠡᠶᠡᠯᠡᠭᠦᠯᠦᠨ᠎ᠡ᠃ ᠬᠠᠲᠤᠨ ᠭᠤᠤᠯ ᠳᠠᠭᠠᠤ᠎ᠶ᠋ᠢᠨ ᠡᠯ᠎ᠡ ᠮᠤᠵᠢ ᠣᠷᠣᠨ᠎ᠳᠤ ᠨᠠᠩ ᠣᠯᠠᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠂ ᠣᠷᠴᠢᠨ ᠲᠣᠭᠤᠷᠢᠨ᠎ᠤ ᠬᠠᠮᠠᠭᠠᠯᠠᠯᠲᠠ᠂ ᠤᠰᠤ ᠠᠷᠪᠢᠯᠠᠨ ᠬᠡᠷᠡᠭ᠌ᠯᠡᠬᠦ᠌ ᠪᠠ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠵᠡᠷᠭᠡ ᠬᠠᠮᠢᠶᠠᠷᠤᠯᠲᠠ᠎ᠶ᠋ᠢᠨ ᠡᠭᠦᠷᠭᠡ ᠴᠢᠳᠠᠪᠬᠢ ᠣᠯᠭᠤᠵᠤ᠂ ᠰᠠᠪᠠ ᠭᠠᠵᠠᠷ᠎ᠢ ᠵᠠᠰᠠᠬᠤ ᠡᠷᠬᠡ ᠬᠠᠷᠢᠭᠤᠴᠠᠯᠭ᠎ᠠ᠎ᠶ᠋ᠢ ᠨᠢᠭᠡᠳᠦᠯᠲᠡᠶ ᠪᠣᠯᠭᠠᠨ᠎ᠠ᠃ ᠪᠦᠬᠦ᠌ ᠰᠠᠪᠠ ᠭᠠᠵᠠᠷ᠎ᠤᠨ ᠠᠮᠢ ᠠᠬᠤᠢ᠎ᠶ᠋ᠢᠨ ᠣᠷᠴᠢᠨ ᠨᠥᠬᠦᠴᠡᠯ᠎ᠤᠨ ᠬᠠᠤᠯᠢ ᠬᠡᠷᠡᠭ᠌ᠵᠢᠭᠦᠯᠦᠯᠲᠡ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠣᠷᠣᠨ ᠪᠦᠰᠡ ᠠᠯᠤᠰᠯᠠᠨ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠠᠤᠯᠢ ᠬᠡᠷᠡᠭ᠌ᠵᠢᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠪᠦᠬᠦ᠌ ᠰᠠᠪᠠ ᠭᠠᠵᠠᠷ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢᠨ 《ᠨᠢᠭᠡ ᠱᠤᠭᠤᠮ》 ᠤᠨ ᠰᠠᠭᠠᠳ ᠦᠭᠡᠢ ᠨᠡᠪᠲᠡᠷᠡᠬᠦ᠌᠎ᠶ᠋ᠢ ᠪᠡᠶᠡᠯᠡᠭᠦᠯᠦᠨ᠎ᠡ᠃ ᠰᠠᠪᠠ ᠭᠠᠵᠠᠷ᠎ᠤᠨ ᠭᠡᠨᠡᠳᠲᠡ ᠡᠭᠦᠰᠭᠦ ᠬᠡᠷᠡᠭ᠎ᠤᠨ ᠪᠠᠴᠢᠮ ᠪᠠᠢᠳᠠᠯ᠎ᠢ ᠠᠷᠭᠠᠴᠠᠬᠤ ᠲᠥᠰᠦᠯ᠎ᠤᠨ ᠱᠢᠰᠲ᠋ᠧᠮ᠎ᠢ ᠪᠠᠢᠭᠤᠯᠵᠤ᠂ ᠠᠮᠢ ᠠᠬᠤᠶ ᠣᠷᠴᠢᠨ ᠲᠣᠭᠤᠷᠢᠨ᠎ᠤ ᠪᠠᠴᠢᠮ ᠪᠠᠢᠳᠠᠯ᠎ᠢ ᠠᠷᠭᠠᠴᠠᠨ ᠱᠢᠢᠳᠪᠤᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠠᠮᠢ ᠠᠬᠤᠢ᠎ᠶ᠋ᠢᠨ ᠬᠠᠮᠠᠭᠠᠯᠠᠯᠲᠠ᠂ ᠪᠣᠬᠢᠷᠲᠤᠯ᠎ᠢ ᠰᠡᠷᠭᠡᠢᠯᠡᠨ ᠵᠠᠰᠠᠬᠤ᠂ ᠤᠰᠤ ᠠᠷᠪᠢᠯᠠᠬᠤ᠂ ᠬᠥᠷᠥᠰᠥ᠍ ᠱᠢᠷᠣᠢ᠎ᠶ᠋ᠢ ᠬᠠᠮᠠᠭᠠᠯᠠᠬᠤ ᠵᠡᠷᠭᠡ ᠬᠠᠷᠠᠯᠲᠠᠲᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠬᠠᠮᠤᠭ᠎ᠤᠨ ᠴᠢᠩᠭ᠎ᠠ ᠦᠢᠯᠡᠳᠪᠦᠷᠢᠯᠡᠯ ᠪᠦᠳᠦᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠎ᠡ᠃
ᠬᠤᠶᠠᠳᠤᠭᠠᠷ ᠬᠡᠰᠡᠭ ᠠᠮᠢ ᠠᠬᠤᠢ᠎ᠶ᠋ᠢᠨ ᠦᠢᠯᠡᠳᠬᠦᠨ᠎ᠤ ᠦᠷᠲᠡᠭ᠎ᠢ ᠪᠡᠶᠡᠯᠡᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ
ᠭᠤᠯᠳᠤ ᠴᠢᠭ᠌ᠯᠡᠯ ᠬᠢᠭᠡᠳ ᠬᠥᠨᠳᠡᠯᠡᠨ ᠴᠢᠭ᠌ᠯᠡᠯ᠂ ᠨᠥᠬᠦᠪᠥᠷᠢ ᠬᠢᠭᠡᠳ ᠲᠥᠯᠥᠪᠦᠷᠢ᠂ ᠵᠠᠰᠠᠭ᠎ᠤᠨ ᠣᠷᠳᠣᠨ ᠬᠢᠭᠡᠳ ᠵᠠᠬ᠎ᠠ ᠳᠡᠯᠭᠡᠭᠦᠷ᠎ᠢ ᠣᠷᠭᠠᠨᠢᠭ᠎ᠢᠶᠠᠷ ᠤᠶᠠᠯᠳᠤᠭᠤᠯᠤᠭ᠍ᠰᠠᠨ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠦᠢᠯᠡᠳᠬᠦᠨ᠎ᠤ ᠥᠷᠲᠡᠭ᠎ᠢ ᠪᠡᠶᠡᠯᠡᠭᠦᠯᠬᠦ᠌ ᠲᠣᠭ᠍ᠲᠠᠴᠠ᠎ᠶ᠋ᠢ ᠪᠠᠢᠭᠤᠯᠤᠨ᠎ᠠ᠃ ᠲᠥᠪ᠎ᠤᠨ ᠡᠳ᠋᠎ᠤᠨ ᠵᠠᠰᠠᠭ᠎ᠠᠴᠠ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠱᠠᠩᠨᠠᠯ ᠨᠥᠬᠦᠪᠥᠷᠢ᠎ᠶ᠋ᠢᠨ ᠲᠤᠰᠭᠠᠶ ᠪᠠᠯᠠ ᠮᠥᠩᠭᠦ᠎ᠶ᠋ᠢ ᠪᠠᠢᠭᠤᠯᠵᠤ᠂ ᠠᠮᠢ ᠠᠬᠤᠶ᠎ᠶ᠋ᠢᠨ ᠬᠠᠮᠠᠭᠠᠯᠠᠯᠲᠠ ᠰᠠᠢᠨ᠂ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠭ᠌ᠰᠡᠨ ᠦᠷ᠎ᠡ ᠪᠦᠲᠦᠮᠵᠢ᠎ᠪᠠᠷ ᠰᠠᠢᠨ ᠭᠠᠵᠠᠷ ᠣᠷᠣᠨ᠎ᠢ ᠱᠠᠩᠨᠠᠬᠤ᠎ᠳᠤ ᠲᠤᠰᠭᠠᠢᠯᠠᠨ ᠬᠡᠷᠡᠭ᠌ᠯᠡᠨ᠂ ᠠᠮᠢ ᠠᠬᠤᠶ᠎ᠶ᠋ᠢᠨ ᠴᠢᠳᠠᠮᠵᠢ ᠴᠢᠬᠤᠯᠠ᠂ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠳᠤᠲᠠᠭᠤᠳᠠᠯ ᠣᠯᠠᠨ ᠭᠠᠵᠠᠷ ᠣᠷᠣᠨ᠎ᠳᠤ ᠨᠥᠬᠦᠪᠥᠷᠢ ᠣᠯᠭᠤᠨ᠎ᠠ᠃ ᠣᠷᠣᠨ ᠨᠤᠲᠤᠭ᠎ᠤᠨ᠎ᠬᠢᠨ᠎ᠤ ᠤᠰᠤᠨ᠎ᠤ ᠬᠡᠮᠵᠢᠶ᠎ᠡ᠂ ᠤᠰᠤᠨ᠎ᠤ ᠴᠢᠨᠠᠷ᠎ᠢᠶᠠᠷ ᠨᠥᠬᠦᠪᠥᠷᠢ ᠥᠭ᠌ᠬᠦ ᠦᠨᠳᠦᠰᠦᠯᠡᠯ ᠪᠣᠯᠭᠠᠬᠤ᠎ᠶ᠋ᠢ ᠵᠣᠷᠢᠭ᠍ᠵᠢᠭᠤᠯᠵᠤ᠂ ᠬᠠᠳᠤᠨ ᠭᠤᠣᠯ᠎ᠤᠨ ᠭᠤᠣᠯ ᠤᠷᠤᠰᠭᠠᠯ ᠪᠠ ᠭᠤᠣᠯ ᠪᠣᠯᠬᠤ ᠰᠠᠯᠪᠤᠷᠢ ᠤᠷᠤᠰᠭᠠᠯ᠎ᠤᠨ ᠬᠥᠨᠳᠡᠯᠡᠨ ᠴᠢᠭ᠌ᠯᠡᠯ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠥᠭ᠌ᠬᠦ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠸᠧᠢ ᠾᠧ ᠭᠤᠣᠯ᠂ ᠱᠢᠷᠠᠬᠠᠢᠭᠤᠤᠯ ᠵᠡᠷᠭᠡ ᠴᠢᠬᠤᠯᠠ ᠰᠠᠯᠪᠤᠷᠢ ᠤᠷᠤᠰᠭᠠᠯ᠎ᠤᠨ ᠬᠥᠨᠳᠡᠯᠡᠨ ᠴᠢᠭ᠌ᠯᠡᠯ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠥᠭ᠌ᠬᠦ ᠲᠣᠭ᠍ᠲᠠᠴᠠ᠎ᠶ᠋ᠢᠨ ᠲᠤᠷᠱᠢᠯᠲᠠ᠎ᠶ᠋ᠢ ᠥᠷᠨᠢᠭᠦᠯᠵᠦ᠍᠂ ᠲᠥᠪ᠎ᠤᠨ ᠡᠳ᠋᠎ᠤᠨ ᠵᠠᠰᠠᠭ᠎ᠠᠴᠠ ᠬᠦᠳᠦᠯᠦᠨ ᠵᠢᠯᠣᠭᠤᠳᠭᠤ ᠪᠡᠯᠡ ᠮᠥᠩᠭᠦ᠌ ᠲᠤᠬᠢᠷᠠᠭᠤᠯᠤᠨ ᠳᠡᠮᠵᠢᠯᠭᠡ ᠦᠵᠡᠭᠦᠯᠦᠨ᠎ᠡ᠃ ᠬᠠᠳᠤᠨ ᠭᠤᠣᠯ ᠳᠠᠭᠠᠤ᠎ᠶ᠋ᠢᠨ ᠭᠤᠣᠯᠳᠠᠯᠭ᠎ᠠ᠎ᠲᠠᠢ ᠠᠮᠢ ᠠᠬᠤᠢ᠎ᠶ᠋ᠢᠨ ᠴᠢᠳᠠᠮᠵᠢ᠎ᠶ᠋ᠢᠨ ᠣᠷᠣᠨ᠎ᠳᠤ ᠠᠮᠢ ᠠᠬᠤᠢ᠎ᠶ᠋ᠢᠨ ᠶᠡᠷᠦᠩᠬᠡᠢᠯᠡᠭ᠌ᠰᠡᠨ ᠨᠥᠬᠦᠪᠥᠷᠢ᠎ᠶ᠋ᠢᠨ ᠲᠤᠷᠱᠢᠯᠲᠠ᠎ᠶ᠋ᠢᠨ ᠴᠡᠭ᠎ᠢ ᠬᠡᠷᠡᠭ᠌ᠵᠢᠭᠦᠯᠦᠨ᠎ᠡ᠃ ᠣᠷᠣᠨ ᠨᠤᠲᠤᠭ᠎ᠤᠨ᠎ᠬᠢᠨ᠎ᠤ ᠠᠮᠢ ᠠᠬᠤᠢ᠎ᠶ᠋ᠢᠨ ᠦᠢᠯᠡᠳᠬᠦᠨ᠎ᠤ ᠦᠷᠳᠡᠭ᠎ᠤᠨ ᠲᠣᠭᠠᠴᠠᠭ᠎ᠠ ᠬᠢᠵᠦ᠍ ᠬᠡᠮᠵᠢᠬᠦ᠌᠎ᠶ᠋ᠢ ᠰᠦᠪᠡᠭ᠌ᠴᠢᠯᠡᠨ ᠥᠷᠨᠢᠭᠦᠯᠬᠦ᠌᠎ᠶ᠋ᠢ ᠲᠡᠮᠵᠢᠵᠤ᠂ ᠶᠡᠷᠦᠩᠬᠡᠢᠯᠡᠭ᠌ᠰᠡᠨ ᠠᠮᠢ ᠠᠬᠤᠢ᠎ᠶ᠋ᠢᠨ ᠨᠥᠬᠦᠪᠥᠷᠢ᠎ᠶ᠋ᠢ ᠪᠠᠷᠢᠮᠵᠢᠶᠠᠵᠢᠭᠤᠯᠬᠤ᠂ ᠬᠡᠷᠡᠭ᠌ᠯᠡᠬᠦ᠂ ᠵᠠᠬ᠎ᠠ ᠳᠡᠯᠭᠡᠭᠦᠷᠴᠢᠯᠡᠬᠦ᠌᠎ᠶ᠋ᠢ ᠠᠯᠬᠤᠮ ᠠᠯᠬᠤᠮ᠎ᠢᠶᠠᠷ ᠠᠬᠢᠭᠤᠯᠤᠨ᠎ᠠ᠃ ᠪᠣᠬᠢᠷᠲᠤᠯ᠎ᠢ ᠭᠠᠳᠠᠭ᠍ᠰᠢᠯᠠᠭᠤᠯᠬᠤ ᠡᠷᠬᠡ ᠵᠡᠷᠭᠡ᠎ᠶ᠋ᠢᠨ ᠠᠩᠬᠠᠨ᠎ᠤ ᠬᠤᠪᠢᠶᠠᠷᠢᠯᠠᠯᠲᠠ ᠬᠢᠭᠡᠳ ᠮᠤᠵᠢ ᠠᠯᠤᠰᠯᠠᠨ ᠠᠷᠠᠯᠵᠢᠶᠠᠯᠠᠬᠤ ᠲᠦᠷᠢᠮ᠎ᠢ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠴᠡᠭ᠎ᠢᠶᠠᠷ ᠨᠡᠢᠳᠡᠮ᠎ᠢ ᠳᠠᠢᠴᠢᠯᠠᠨ ᠣᠯᠠᠨ ᠡᠱᠢᠵᠢᠭ᠌ᠰᠡᠨ ᠠᠮᠢ ᠠᠬᠤᠶ᠎ᠶ᠋ᠢᠨ ᠨᠥᠬᠦᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠦᠷᠢᠯᠳᠦᠭᠦᠯᠦᠨ᠎ᠡ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠣᠷᠴᠢᠨ ᠲᠣᠭᠤᠷᠢᠨ᠎ᠢ ᠡᠪᠳᠡᠵᠦ᠍ ᠬᠤᠬᠢᠷᠠᠭᠤᠯᠤᠭ᠍ᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠲᠦᠷᠢᠮ᠎ᠢ ᠨᠠᠩ ᠴᠢᠩᠭ᠎ᠠ ᠬᠡᠷᠡᠭ᠌ᠵᠢᠭᠦᠯᠦᠨ᠂ ᠠᠮᠢ ᠠᠬᠤᠶ᠎ᠶ᠋ᠢᠨ ᠪᠦᠲᠦᠭᠡᠭ᠌ᠳᠡᠬᠦᠨ᠎ᠤ ᠥᠷᠲᠡᠭ᠎ᠲᠤ ᠲᠦᠱᠢᠭ᠌ᠯᠡᠨ ᠲᠣᠭᠠᠴᠠᠭ᠎ᠠ ᠬᠢᠵᠦ᠍᠂ ᠠᠮᠢ ᠠᠬᠤᠶ ᠣᠷᠴᠢᠨ ᠲᠣᠭᠤᠷᠢᠨ᠎ᠤ ᠬᠤᠬᠢᠷᠠᠯ᠎ᠢ ᠦᠨᠡᠯᠡᠨ ᠵᠢᠱ᠌ᠢᠬᠦ᠌᠎ᠶ᠋ᠢ ᠥᠷᠨᠢᠭᠦᠯᠦᠨ᠂ ᠠᠮᠢ ᠠᠬᠤᠶ ᠣᠷᠴᠢᠨ ᠲᠣᠭᠤᠷᠢᠨ᠎ᠢ ᠡᠪᠳᠡᠵᠦ᠍ ᠬᠠᠤᠯᠢ᠎ᠠᠴᠠ ᠵᠥᠷᠢᠴᠡᠭ᠌ᠰᠡᠨ ᠥᠪᠡᠷ᠎ᠤᠨ ᠥᠷᠲᠡᠭ᠎ᠢ ᠳᠡᠭᠡᠭ᠌ᠰᠢᠯᠡᠭᠦᠯᠦᠨ᠎ᠡ᠃
ᠭᠤᠷᠪᠠᠳᠤᠭᠠᠷ ᠬᠡᠰᠡᠭ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢᠨ ᠡᠷᠴᠢᠮ᠎ᠢ ᠴᠢᠩᠭᠠᠷᠠᠭᠤᠯᠤᠨ᠎ᠠ
ᠬᠠᠲᠤᠨ ᠭᠤᠤᠯ ᠳᠠᠭᠠᠤ᠎ᠶ᠋ᠢᠨ ᠡᠯ᠎ᠡ ᠮᠤᠵᠢ ᠣᠷᠣᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠬᠦᠴᠦᠯᠡᠨ ᠱᠢᠯᠢᠳᠡᠭ᠌ᠵᠢᠭᠦᠯᠵᠦ᠍᠂ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢᠨ ᠨᠠᠷᠢᠨ ᠳᠠᠩᠰᠠ᠎ᠶ᠋ᠢ ᠲᠣᠭ᠍ᠲᠠᠭᠠᠨ᠂ ᠲᠦᠷᠦᠯ ᠳᠠᠷᠠᠭᠠᠯᠠᠨ ᠠᠬᠢᠭᠤᠯᠤᠨ ᠨᠠᠢᠳᠠᠪᠤᠷᠢᠵᠢᠭᠤᠯᠤᠨ᠎ᠠ᠃ 《ᠲᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠲᠡᠷᠢᠭᠦᠨ᠎ᠤ ᠲᠤᠷᠱᠢᠯᠭ᠎ᠠ ᠠᠷᠭ᠎ᠠ ᠬᠢᠳᠡᠯ᠎ᠢ ᠪᠦᠬᠦ᠌ ᠲᠠᠯ᠎ᠠ᠎ᠪᠠᠷ ᠲᠤᠯᠢᠳᠠᠨ ᠬᠠᠭᠤᠯᠪᠤᠷᠢᠯᠠᠨ᠂ 《ᠨᠢᠭᠡ ᠯᠡ ᠤᠳᠠᠭ᠎ᠠ ᠭᠦᠶᠦᠯᠭᠡᠬᠦ᠌》 ᠥᠭᠡᠷᠡᠴᠢᠯᠡᠯᠲᠡ᠎ᠶ᠋ᠢ ᠭᠦᠨᠵᠡᠭᠡᠢ ᠠᠬᠢᠭᠤᠯᠵᠤ᠂ ᠥᠨᠳᠥᠷ ᠪᠦᠲᠦᠮᠵᠢᠲᠡᠢ ᠳᠥᠭᠦᠮ ᠳᠥᠲᠡ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠣᠷᠴᠢᠨ ᠨᠥᠬᠦᠴᠡᠯ᠎ᠢ ᠪᠤᠢ ᠪᠣᠯᠭᠠᠨ᠎ᠠ᠃ ᠬᠠᠲᠤᠨ ᠭᠤᠤᠯ ᠳᠠᠭᠠᠤ᠎ᠶ᠋ᠢᠨ ᠡᠯ᠎ᠡ ᠮᠤᠵᠢ ᠣᠷᠣᠨ᠎ᠤ ᠡᠨᠧᠷᠭᠢ᠂ ᠥᠩᠭᠡᠲᠦ ᠲᠡᠮᠦᠷᠯᠢᠭ᠂ ᠲᠣᠨᠤᠭ ᠲᠥᠬᠦᠭᠡᠷᠦᠮᠵᠢ ᠦᠢᠯᠡᠳᠬᠦ᠌ ᠵᠡᠷᠭᠡ ᠬᠦᠷᠢᠶᠡᠨ᠎ᠳᠠᠬᠢ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠬᠤᠯᠢᠮᠠᠭ ᠥᠮᠴᠢᠯᠡᠯ᠎ᠤᠨ ᠲᠦᠷᠢᠮ᠎ᠤᠨ ᠥᠭᠡᠷᠡᠴᠢᠯᠡᠯᠲᠡ᠎ᠶ᠋ᠢᠨ ᠲᠥᠰᠦᠯ᠎ᠢ ᠰᠤᠳᠤᠯᠤᠨ ᠲᠣᠭ᠍ᠲᠠᠭᠠᠵᠤ᠂ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢᠨ ᠡᠯ᠎ᠡ ᠲᠥᠷᠥᠯ᠎ᠤᠨ ᠲᠤᠷᠱᠢᠯᠲᠠ᠎ᠶ᠋ᠢᠨ ᠴᠡᠭ᠎ᠤᠨ ᠬᠠᠲᠤᠨ ᠭᠤᠤᠯ᠎ᠤᠨ ᠰᠠᠪᠠ ᠭᠠᠵᠠᠷ᠎ᠲᠤ ᠤᠷᠢᠳ᠎ᠢᠶᠠᠷ ᠬᠡᠷᠡᠭ᠌ᠵᠢᠭᠦᠯᠦᠨ ᠤᠷᠢᠳ᠎ᠢᠶᠠᠷ ᠲᠤᠷᠱᠢᠬᠤ᠎ᠪᠠᠷ ᠳᠡᠮᠵᠢᠨ᠂ ᠭᠠᠭ᠍ᠴᠠᠭᠠᠷ ᠡᠵᠡᠮᠱᠢᠬᠦ᠌ ᠠᠵᠢᠯ ᠲᠥᠷᠥᠯ᠎ᠤᠨ ᠥᠭᠡᠷᠡᠴᠢᠯᠡᠯᠲᠡ᠎ᠶ᠋ᠢ ᠲᠥᠷᠥᠯ ᠬᠤᠪᠢᠶᠠᠨ ᠬᠡᠷᠡᠭ᠌ᠵᠢᠭᠦᠯᠦᠨ᠎ᠡ᠃ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠳᠤ ᠬᠠᠤᠯᠢ ᠶᠣᠰᠣᠭᠠᠷ ᠡᠷᠬᠡ ᠲᠡᠭ᠌ᠰᠢ᠎ᠪᠠᠷ ᠬᠠᠨᠳᠤᠨ᠂ ᠭᠠᠳᠠᠭᠤᠷᠴᠢᠯᠠᠬᠤ ᠴᠢᠨᠠᠷᠲᠠᠶ ᠲᠣᠭ᠍ᠲᠠᠭᠠᠯ ᠪᠠ ᠠᠷᠭ᠎ᠠ ᠬᠢᠳᠡᠯ᠎ᠢ ᠪᠥᠬᠦ᠌ ᠲᠠᠯ᠎ᠠ᠎ᠪᠠᠷ ᠢᠯᠭᠠᠷᠠᠭᠤᠯᠵᠤ᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ ᠵᠢᠴᠢ ᠠᠷᠠᠳ᠎ᠤᠨ ᠳᠤᠮᠳᠠᠬᠢ ᠬᠥᠷᠥᠩᠭᠡ᠎ᠶ᠋ᠢ ᠢᠳᠡᠪᠬᠢᠲᠡᠶ᠎ᠪᠠᠷ ᠲᠠᠲᠠᠵᠤ ᠪᠠᠯᠠ ᠣᠷᠣᠭᠤᠯᠤᠨ ᠠᠵᠤ ᠦᠢᠯᠡᠰ᠎ᠢ ᠬᠥᠭ᠌ᠵᠢᠭᠦᠯᠦᠨ᠎ᠡ᠃ ᠣᠨᠴᠠ ᠵᠥᠪᠱᠢᠶᠡᠷᠡᠭ᠌ᠰᠡᠨ ᠡᠵᠡᠩᠨᠡᠯᠲᠡ᠎ᠶ᠋ᠢᠨ ᠠᠷᠭ᠎ᠠ ᠮᠠᠶᠢᠭ᠎ᠢ ᠰᠦᠪᠡᠭ᠌ᠴᠢᠯᠡᠵᠦ᠍᠂ ᠬᠢᠷᠢ ᠲᠡᠩᠴᠡᠭ᠌ᠰᠡᠨ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢ ᠣᠷᠣᠭᠤᠯᠤᠨ ᠠᠪᠴᠢᠷᠠᠵᠤ ᠨᠥᠬᠦᠴᠡᠯ᠎ᠲᠠᠢ ᠰᠠᠯᠪᠤᠷᠢ ᠤᠷᠤᠰᠭᠠᠯ᠎ᠤᠨ ᠭᠤᠤᠯ᠎ᠤᠨ ᠬᠡᠰᠡᠭ᠎ᠲᠤ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ ᠪᠠ ᠣᠷᠴᠢᠨ ᠲᠣᠭᠤᠷᠢᠨ᠎ᠤ ᠬᠠᠮᠠᠭᠠᠯᠠᠯᠲᠠ ᠬᠢᠨ᠎ᠡ᠃ ᠬᠠᠲᠤᠨ ᠭᠤᠣᠯ᠎ᠤᠨ ᠰᠠᠪᠠ ᠭᠠᠵᠠᠷ᠎ᠤᠨ ᠴᠢᠬᠤᠯᠠ ᠡᠯᠧᠮᠧᠨ᠋ᠲ᠎ᠤᠨ ᠵᠠᠬ᠎ᠠ ᠳᠡᠯᠭᠡᠭᠦᠷ᠎ᠢ ᠨᠢᠭᠡ ᠴᠤᠭ᠍ᠴᠠᠵᠢᠭᠤᠯᠬᠤ ᠪᠠᠢᠭᠤᠯᠤᠯᠲᠠ᠎ᠶ᠋ᠢ ᠴᠢᠩᠭᠠᠳᠭᠠᠵᠤ᠂ ᠭᠠᠵᠠᠷ ᠱᠢᠷᠣᠢ᠂ ᠡᠨᠧᠷᠭᠢ ᠵᠡᠷᠭᠡ ᠴᠢᠬᠤᠯᠠ ᠡᠯᠧᠮᠧᠨ᠋ᠲ᠎ᠤᠨ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢ ᠠᠬᠢᠭᠤᠯᠤᠨ᠂ ᠴᠢᠬᠤᠯᠠ ᠡᠯᠧᠮᠧᠨ᠋ᠲ᠎ᠤᠨ ᠦᠨ᠎ᠡ ᠬᠠᠩᠰᠢ᠎ᠶ᠋ᠢᠨ ᠪᠦᠷᠢᠯᠳᠦᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠡᠬᠢ ᠪᠠᠶᠠᠯᠢᠭ᠎ᠤᠨ ᠲᠤᠬᠢᠷᠠᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃
ᠲᠦᠷᠪᠡᠲᠦᠭᠡᠷ ᠬᠡᠰᠡᠭ 《ᠨᠢᠭᠡ ᠪᠦᠰᠡ ᠨᠢᠭᠡ ᠵᠠᠮ》 ᠢ ᠬᠠᠮᠲᠣ᠎ᠪᠠᠷ ᠪᠦᠲᠦᠭᠡᠨ ᠪᠠᠢᠭᠤᠯᠬᠤ᠎ᠳᠤ ᠬᠦᠨᠵᠡᠭᠡᠢ ᠠᠭᠤᠰᠣᠯᠴᠠᠨ᠎ᠠ
ᠬᠠᠲᠤᠨ ᠭᠤᠤᠯ ᠳᠠᠭᠠᠤ ᠬᠠᠮᠢᠶ᠎ᠠ ᠪᠥᠬᠦᠶ ᠮᠤᠵᠢ ᠣᠷᠣᠨ᠎ᠤ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠲᠣᠭᠤᠷᠢᠬ᠎ᠤᠨ ᠪᠥᠲᠥᠭᠡᠨ ᠪᠠᠢᠭᠤᠯᠤᠯᠲᠠ᠎ᠶ᠋ᠢ ᠥᠨᠳᠥᠷ ᠲᠦᠪᠱᠢᠨ ᠥᠨᠳᠥᠷ ᠪᠠᠷᠢᠮᠵᠢᠶ᠎ᠠ᠎ᠪᠠᠷ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡᠳᠤ ᠨᠠᠩ ᠶᠡᠭᠡ ᠡᠵᠡᠨ ᠮᠡᠳᠡᠬᠦ᠌ ᠡᠷᠬᠡ ᠣᠯᠭᠤᠨ᠎ᠠ᠃ ᠰᠢ ᠠᠨ᠂ ᠵᠧᠩᠵᠧᠦ᠂ ᠵᠢᠨᠠᠨ ᠵᠡᠷᠭᠡ ᠬᠠᠲᠤᠨ ᠭᠤᠤᠯ ᠳᠠᠭᠠᠤ ᠲᠣᠮᠣ ᠬᠤᠲᠠ᠎ᠳᠤ ᠣᠯᠠᠨ ᠤᠯᠤᠰ᠎ᠤᠨ ᠲᠦᠷᠢᠮ᠎ᠳᠤ ᠵᠣᠯᠭᠠᠯᠴᠠᠬ᠍ᠰᠠᠨ ᠪᠠᠷᠢᠮᠵᠢᠶ᠎ᠠ ᠪᠠᠢᠭᠤᠯᠵᠤ᠂ ᠪᠠᠯᠠ ᠣᠷᠣᠭᠤᠯᠤᠯᠲᠠ ᠠᠷᠠᠯᠵᠢᠶ᠎ᠠ᠎ᠶ᠋ᠢᠨ ᠳᠥᠭᠦᠮᠴᠢᠯᠡᠯᠲᠡ᠎ᠶ᠋ᠢ ᠲᠦᠷᠭᠡᠳᠭᠡᠨ᠂ ᠪᠥᠬᠦ᠌ ᠪᠥᠮᠪᠥᠷᠴᠡᠭ᠎ᠤᠨ ᠴᠢᠨᠠᠷ ᠰᠠᠢᠲᠠᠶ ᠬᠦᠴᠦᠨ ᠵᠦᠢᠯ᠎ᠢ ᠲᠡᠳᠡᠨ ᠠᠪᠴᠢᠷᠠᠵᠤ ᠬᠤᠷᠠᠮᠲᠣᠭᠤᠯᠬᠤ ᠪᠠᠢᠭᠤᠯᠤᠮᠵᠢ ᠲᠣᠭ᠍ᠲᠠᠴᠠ᠎ᠶ᠋ᠢ ᠪᠠᠢᠭᠤᠯᠵᠦ᠍᠂ ᠣᠯᠠᠨ ᠤᠯᠤᠰ᠎ᠤᠨ ᠬᠠᠷᠢᠯᠴᠠᠭᠠᠨ᠎ᠤ ᠴᠢᠳᠠᠮᠵᠢ᠎ᠶ᠋ᠢ ᠴᠢᠩᠭᠠᠷᠠᠭᠤᠯᠤᠨ᠂ ᠬᠠᠲᠤᠨ ᠭᠤᠤᠯ᠎ᠤᠨ ᠰᠠᠪᠠ ᠭᠠᠵᠠᠷ᠎ᠤᠨ ᠭᠠᠳᠠᠭ᠍ᠰᠢ ᠨᠡᠭᠡᠭᠡᠯᠲᠡ ᠬᠢᠬᠦ᠌ ᠣᠷᠣᠨ᠎ᠢ ᠪᠠᠢᠭᠤᠯᠤᠨ᠎ᠠ᠃ ᠳᠡᠭᠡᠳᠦ ᠳᠤᠮᠳᠠ ᠤᠷᠤᠰᠭᠠᠯ ᠲᠠᠭᠠᠣ ᠮᠤᠵᠢ ᠣᠷᠣᠨ᠎ᠤ ᠲᠣᠷᠭᠠᠨ ᠵᠠᠮ᠎ᠤᠨ ᠠᠵᠤ ᠠᠬᠤᠢ᠎ᠶ᠋ᠢᠨ ᠪᠦᠰᠡ᠎ᠶ᠋ᠢᠨ ᠴᠢᠬᠤᠯᠠ ᠵᠠᠮ ᠨᠡᠪᠲᠡᠷᠡᠯᠭᠡ᠂ ᠵᠠᠩᠭᠢᠯᠠᠭ᠎ᠠ᠎ᠶ᠋ᠢᠨ ᠴᠡᠭ᠎ᠤᠨ ᠦᠢᠯᠡᠳᠦᠯ ᠪᠠ ᠠᠵᠤ ᠠᠬᠤᠢ ᠲᠡᠦᠬᠡ ᠰᠣᠶᠣᠯ ᠵᠡᠷᠭᠡ ᠶᠡᠷᠦᠩᠬᠡᠢᠯᠡᠭ᠌ᠰᠡᠨ ᠳᠠᠪᠠᠭᠤᠯᠢᠭ᠎ᠢ ᠪᠠᠳᠠᠷᠠᠭᠤᠯᠵᠤ᠂ ᠳᠣᠲᠣᠭᠠᠳᠤ ᠬᠠᠭᠤᠷᠠᠢ᠎ᠶ᠋ᠢᠨ ᠨᠡᠭᠡᠭᠡᠯᠲᠡᠲᠦ ᠥᠨᠳᠦᠷᠯᠢᠭ ᠣᠷᠣᠨ᠎ᠢ ᠪᠤᠢ ᠪᠣᠯᠭᠠᠵᠤ᠂ ᠳᠤᠮᠳᠠ ᠠᠽᠢᠶ᠎ᠠ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠲᠤ ᠨᠡᠪᠲᠡᠷᠡᠬᠦ᠌ ᠵᠠᠮ ᠱᠤᠭᠤᠮ᠂ ᠠᠷᠠᠯᠵᠢᠶ᠎ᠠ ᠬᠤᠳᠠᠯᠳᠤᠭ᠎ᠠ ᠪᠠᠷᠠᠭᠠᠨ᠎ᠤ ᠭᠦᠢᠯᠭᠡᠭᠡ᠎ᠶ᠋ᠢᠨ ᠬᠦᠢᠰᠦ᠂ ᠠᠵᠤ ᠦᠢᠯᠡᠰ ᠪᠠ ᠬᠥᠮᠦᠨ ᠰᠣᠶᠣᠯ᠎ᠤᠨ ᠰᠣᠯᠢᠯᠴᠠᠭᠠᠨ᠎ᠤ ᠴᠢᠬᠤᠯᠠ ᠰᠠᠭᠤᠷᠢᠨ᠎ᠢ ᠲᠦᠷᠭᠡᠪᠴᠢᠯᠡᠨ ᠪᠤᠢ ᠪᠣᠯᠭᠠᠨ᠎ᠠ᠃ ᠬᠠᠲᠤᠨ ᠭᠤᠤᠯ᠎ᠤᠨ ᠰᠠᠪᠠ ᠭᠠᠵᠠᠷ᠎ᠤᠨ ᠬᠠᠮᠢᠶ᠎ᠠ ᠪᠥᠬᠦᠶ ᠮᠤᠵᠢ ᠣᠷᠣᠨ᠎ᠤ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢ ᠴᠢᠨᠠᠷ ᠰᠠᠢᠲᠠᠶ ᠨᠡᠪᠲᠡᠷᠡᠭᠦᠯᠬᠦ᠌᠎ᠶ᠋ᠢ ᠳᠡᠮᠵᠢᠵᠦ᠍᠂ ᠡᠮᠬᠢ ᠵᠢᠷᠤᠮ ᠥᠬᠡᠶ ᠬᠥᠭ᠌ᠵᠢᠬᠦ᠌ ᠪᠠ ᠬᠡᠲᠦᠷᠬᠡᠶ ᠥᠷᠢᠰᠥᠯᠳᠦᠬᠦ᠌᠎ᠶ᠋ᠢ ᠴᠡᠭ᠌ᠴᠡᠯᠡᠨ ᠵᠠᠰᠠᠬᠤ ᠪᠠ ᠰᠡᠷᠭᠡᠢᠯᠡᠵᠦ᠍᠂ ᠰᠢ ᠠᠨ᠂ ᠵᠧᠩᠵᠸᠦ ᠵᠡᠷᠭᠡ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡᠨ᠎ᠤ ᠬᠦᠢᠰᠦ ᠬᠤᠲᠠ᠎ᠶ᠋ᠢ ᠪᠤᠢᠵᠢᠭᠤᠯᠵᠤ᠂ ᠵᠢᠱᠢᠶᠠᠨ᠎ᠤ ᠭᠠᠯᠲᠤ ᠲᠡᠷᠭᠡᠨ᠎ᠳᠤ ᠲᠦᠱᠢᠭ᠌ᠯᠡᠬᠦ᠌ ᠭᠠᠳᠠᠭᠠᠳᠤ ᠨᠡᠭᠡᠭᠡᠯᠳᠡ᠎ᠶ᠋ᠢᠨ ᠬᠡᠯᠪᠡᠷᠢ᠎ᠶ᠋ᠢᠨ ᠠᠵᠤ ᠠᠬᠤᠶ᠎ᠶ᠋ᠢ ᠬᠥᠭ᠌ᠵᠢᠭᠦᠯᠦᠨ᠎ᠡ᠃ ᠬᠠᠲᠤᠨ ᠭᠤᠤᠯ ᠳᠠᠭᠠᠤ ᠮᠤᠵᠢ ᠣᠷᠣᠨ᠎ᠳᠤ ᠲᠠᠷᠢᠶᠠᠯᠠᠩ᠎ᠤᠨ ᠭᠠᠳᠠᠭᠠᠳᠤ ᠨᠡᠭᠡᠭᠡᠯᠲᠡ ᠬᠢᠬᠦ᠌ ᠬᠠᠮᠲᠤᠷᠠᠯᠴᠠᠭᠠᠨ᠎ᠤ ᠲᠤᠷᠱᠢᠯᠲᠠ᠎ᠶ᠋ᠢᠨ ᠣᠷᠣᠨ᠎ᠢ ᠱᠢᠨ᠎ᠡ᠎ᠪᠠᠷ ᠡᠳᠦᠶ ᠲᠡᠳᠦᠶ ᠪᠠᠢᠭᠤᠯᠵᠤ᠂ 《ᠨᠢᠭᠡ ᠪᠦᠰᠡ ᠨᠢᠭᠡ ᠵᠠᠮ》 ᠤᠨ ᠤᠯᠤᠰ᠎ᠤᠳ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠂ ᠪᠣᠳᠠᠲᠤ ᠬᠦᠴᠦᠨ᠎ᠲᠠᠢ ᠠᠵᠤ ᠠᠬᠤᠢᠯᠠᠯ᠎ᠤᠨ ᠭᠠᠳᠠᠭᠠᠳᠤ᠎ᠳᠤ ᠦᠢᠯᠡᠳᠪᠤᠷᠢᠯᠡᠵᠦ᠍ ᠪᠣᠯᠪᠠᠰᠤᠷᠠᠭᠤᠯᠬᠤ ᠰᠠᠭᠤᠷᠢᠨ ᠪᠠᠢᠭᠤᠯᠬᠤ᠎ᠶ᠋ᠢ ᠳᠡᠮᠵᠢᠨ᠎ᠡ᠃
ᠲᠠᠪᠣᠲᠣᠭᠠᠷ ᠬᠡᠰᠡᠭ ᠣᠷᠣᠨ ᠪᠦᠰᠡ᠎ᠶ᠋ᠢᠨ ᠬᠤᠭᠤᠷᠣᠨᠲᠣᠬᠢ ᠨᠡᠭᠡᠭᠡᠯᠳᠡ ᠬᠢᠵᠤ ᠬᠠᠮᠲᠣᠷᠠᠯᠴᠠᠬᠤ ᠲᠣᠬ᠍ᠲᠠᠴᠠᠶ᠋ᠢ ᠲᠡᠬᠦᠯᠲᠡᠷᠵᠢᠬᠦᠯᠦᠨ᠎ᠡ
ᠬᠥᠬᠡᠨᠠᠭᠤᠷ᠂ ᠰᠧᠴᠤᠸᠠᠨ᠂ ᠭᠠᠨᠰᠦ᠎ᠶ᠋ᠢᠨ ᠬᠥᠷᠰᠢ ᠵᠡᠷᠭᠡᠯᠡᠳᠡᠭᠡ ᠭᠠᠵᠠᠷ ᠣᠷᠣᠨ᠎ᠤ ᠤᠰᠤᠨ᠎ᠤ ᠡᠬᠢ ᠰᠤᠷᠪᠤᠯᠵᠢ᠎ᠶ᠋ᠢ ᠬᠠᠳᠠᠭᠠᠯᠠᠬᠤ ᠪᠠ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌᠎ᠶ᠋ᠢ ᠬᠠᠮᠵᠢᠯᠴᠠᠨ ᠠᠬᠢᠭᠤᠯᠵᠤ᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢ ᠬᠠᠮᠠᠭᠠᠯᠠᠬᠤ ᠪᠠ ᠤᠰᠤᠨ᠎ᠤ ᠡᠬᠢ ᠰᠤᠷᠪᠤᠯᠵᠢ᠎ᠶ᠋ᠢ ᠬᠠᠳᠠᠭᠠᠯᠠᠬᠤ ᠲᠥᠪ ᠣᠷᠣᠨ᠎ᠢ ᠪᠦᠲᠦᠭᠡᠨ ᠪᠠᠢᠭᠤᠯᠤᠨ᠎ᠠ᠃ ᠭᠠᠨᠰᠦ᠂ ᠬᠥᠬᠡᠨᠠᠭᠤᠷ᠎ᠤᠨ ᠬᠠᠮᠲᠤ᠎ᠪᠠᠷ ᠴᠢ ᠯᠢᠶᠠᠨ ᠱᠠᠨ ᠠᠭᠤᠯᠠᠨ᠎ᠤ ᠠᠮᠢ ᠠᠬᠤᠶ᠎ᠶ᠋ᠢ ᠰᠡᠷᠭᠦᠭᠡᠬᠦ᠌ ᠪᠠ ᠬᠠᠲᠤᠨ ᠭᠤᠣᠯ᠎ᠤᠨ ᠳᠡᠭᠡᠳᠦ ᠤᠷᠤᠰᠭᠠᠯ᠎ᠤᠨ ᠮᠥᠰᠥᠲᠦᠯᠭᠡ᠎ᠶ᠋ᠢᠨ ᠰᠦᠷᠦᠭ᠌ᠵᠢᠯ᠎ᠢ ᠬᠠᠮᠠᠭᠠᠯᠠᠬᠤ᠎ᠶ᠋ᠢ ᠳᠡᠮᠵᠢᠨ᠎ᠡ᠃ ᠱᠠᠨᠰᠢ᠂ ᠨᠢᠩᠱᠢᠶᠠ᠂ ᠥᠪᠥᠷ ᠮᠣᠩᠭᠤᠯ᠎ᠤᠨ ᠬᠥᠷᠰᠢ ᠵᠡᠷᠭᠡᠯᠡᠳᠡᠭᠡ ᠭᠠᠵᠠᠷ ᠣᠷᠣᠨ᠎ᠢ ᠬᠥᠲᠥᠯᠥᠨ ᠵᠢᠯᠣᠭᠤᠳᠴᠤ᠌᠂ ᠡᠨᠧᠷᠭᠢ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠥᠭ᠌ᠵᠢᠯᠲᠡ᠎ᠶ᠋ᠢᠨ ᠪᠠᠢᠷᠢᠱᠢᠭᠤᠯᠤᠯ᠎ᠢ ᠨᠢᠭᠡᠳᠦᠯᠲᠡᠶ ᠲᠥᠯᠥᠪᠯᠡᠵᠦ᠍᠂ ᠠᠮᠢ ᠠᠬᠤᠶ᠎ᠶ᠋ᠢᠨ ᠣᠷᠴᠢᠨ ᠲᠣᠭᠤᠷᠢᠨ᠎ᠢ ᠬᠠᠮᠲᠤ᠎ᠪᠠᠷ ᠬᠠᠮᠠᠭᠠᠯᠠᠬᠤ ᠪᠠ ᠤᠰᠤᠨ᠎ᠤ ᠪᠣᠬᠢᠷᠲᠤᠯ᠎ᠢ ᠬᠠᠮᠲᠤ᠎ᠪᠠᠷ ᠵᠠᠰᠠᠬᠤ᠎ᠶ᠋ᠢ ᠴᠢᠩᠭᠠᠳᠭᠠᠨ᠎ᠠ᠃ ᠱᠠᠨᠰᠢ᠂ ᠱᠠᠨ ᠰᠢ᠎ᠶ᠋ᠢᠨ ᠱᠢᠷ᠎ᠠ ᠬᠥᠷᠥᠰᠥᠲᠦ ᠥᠨᠳᠦᠷᠯᠢᠭ᠎ᠤᠨ ᠠᠭᠤᠯᠵᠠᠷ ᠣᠷᠣᠨ᠎ᠤ ᠬᠠᠮᠵᠢᠯᠴᠠᠭ᠎ᠠ᠎ᠶ᠋ᠢ ᠴᠢᠩᠭᠠᠳᠭᠠᠵᠤ᠂ ᠬᠠᠲᠤᠨ ᠭᠤᠣᠯ ᠱᠠᠨ ᠰᠢ ᠱᠠᠨᠰᠢ᠎ᠶ᠋ᠢᠨ ᠶᠡᠭᠡ ᠬᠠᠪᠴᠢᠯ᠎ᠤᠨ ᠠᠮᠢ ᠠᠬᠤᠢ᠎ᠶ᠋ᠢᠨ ᠣᠷᠴᠢᠨ ᠨᠥᠬᠦᠴᠡᠯ᠎ᠢ ᠬᠠᠮᠲᠤ᠎ᠪᠠᠷ ᠬᠠᠮᠠᠭᠠᠯᠠᠨ᠎ᠠ᠃ ᠱᠠᠨ ᠰᠢ ᠱᠠᠨᠰᠢ ᠾᠧᠨᠠᠨ ᠬᠠᠲᠤᠨ ᠭᠤᠤᠯ᠎ᠤᠨ ᠠᠯᠲᠠᠨ ᠭᠤᠷᠪᠠᠯᠵᠢᠨ ᠣᠷᠣᠨ᠎ᠤ ᠠᠵᠤ ᠠᠬᠤᠶ᠎ᠶ᠋ᠢᠨ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠵᠧᠩ (ᠵᠧᠤ) ᠯᠦᠸᠧ (ᠶᠠᠩ) ᠰᠢ (ᠠᠨ) ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠠᠮᠲᠤᠷᠠᠯᠴᠠᠭᠠᠨ᠎ᠤ ᠪᠦᠰᠡ᠎ᠶ᠋ᠢ ᠪᠠᠢᠭᠤᠯᠵᠤ᠂ ᠱᠠᠨ ᠰᠢ ᠱᠠᠨᠰᠢ ᠥᠪᠥᠷ ᠮᠣᠩᠭᠤᠯ (ᠱᠢᠨ ᠢᠦᠶ ᠧ) ᠵᠡᠷᠭᠡ ᠮᠤᠵᠢ ᠣᠷᠣᠨ ᠠᠯᠤᠰᠯᠠᠭ᠍ᠰᠠᠨ ᠬᠠᠮᠲᠤᠷᠠᠯᠴᠠᠭ᠎ᠠ᠎ᠶ᠋ᠢ ᠠᠬᠢᠭᠤᠯᠤᠨ᠎ᠠ᠃ ᠱᠠᠨ ᠰᠢ᠂ ᠥᠪᠥᠷ ᠮᠣᠩᠭᠤᠯ᠂ ᠱᠠᠨᠳᠦ᠋ᠩᠢ ᠳᠡᠮᠵᠢᠵᠦ᠍ ᠪᠠᠢᠭᠠᠳ ᠪᠡᠭᠡᠵᠢᠩ ᠲᠢᠶᠠᠨᠵᠢᠨ ᠾᠧᠪᠧᠶ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠭᠦᠨᠵᠡᠭᠡᠶ ᠵᠣᠯᠭᠠᠭᠤᠯᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠮᠥᠩᠭᠦᠨ ᠬᠦᠢᠯᠭᠡᠭᠡᠨ᠂ ᠱᠢᠨ᠎ᠡ᠎ᠪᠠᠷ ᠮᠠᠨᠲᠣᠬ᠍ᠰᠠᠨ ᠠᠵᠤ ᠦᠢᠯᠡᠰ᠂ ᠡᠨᠧᠷᠭᠢ ᠵᠡᠷᠭᠡ᠎ᠶ᠋ᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠡᠮᠦᠨᠡᠲᠦ᠎ᠶ᠋ᠢᠨ ᠤᠰᠤ᠎ᠶ᠋ᠢ ᠤᠮᠠᠷᠠᠰᠢ ᠲᠠᠲᠠᠬᠤ ᠳᠤᠮᠳᠠ ᠱᠤᠭᠤᠮ᠎ᠤᠨ ᠢᠨᠵᠧᠨᠧᠷᠢᠩ᠎ᠤᠨ ᠤᠰᠤ ᠭᠥᠷᠳᠡᠬᠦ᠌ ᠣᠷᠣᠨ ᠬᠢᠭᠡᠳ ᠤᠰᠤᠨ ᠰᠤᠷᠪᠤᠯᠵᠢ᠎ᠶ᠋ᠢᠨ ᠣᠷᠣᠨ᠎ᠤ ᠠᠵᠢᠯ ᠲᠥᠷᠥᠯ᠎ᠢᠶᠠᠷ᠎ᠢᠶᠠᠨ ᠬᠠᠮᠵᠢᠯᠴᠠᠬᠤ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠬᠠᠳᠤᠨ ᠭᠤᠣᠯ᠎ᠤᠨ ᠰᠠᠪᠠ ᠭᠠᠵᠠᠷ ᠬᠢᠭᠡᠳ ᠬᠥᠬᠡᠮᠥ᠋ᠷᠡᠨ᠎ᠤ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠬᠠᠮᠲᠤᠷᠠᠯᠴᠠᠭ᠎ᠠ᠎ᠶ᠋ᠢ ᠠᠬᠢᠭᠤᠯᠵᠤ᠂ ᠭᠤᠷᠪᠠᠨ ᠮᠥᠷᠡᠨ᠎ᠤ ᠡᠬᠢ᠂ ᠴᠢᠨᠯᠢᠩ ᠳᠠᠪᠠᠭ᠎ᠠ᠂ ᠷᠦᠸᠧ ᠡᠯ ᠭᠠᠢ ᠨᠤᠭᠤ ᠭᠠᠵᠠᠷ ᠵᠡᠷᠭᠡ ᠰᠠᠪᠠ ᠭᠠᠵᠠᠷ ᠠᠯᠤᠰᠯᠠᠭ᠍ᠰᠠᠨ ᠭᠤᠣᠯᠳᠠᠯᠭ᠎ᠠ᠎ᠲᠠᠢ ᠠᠮᠢ ᠠᠬᠤᠢ᠎ᠶ᠋ᠢᠨ ᠴᠢᠳᠠᠮᠵᠢ᠎ᠶ᠋ᠢᠨ ᠣᠷᠣᠨ᠎ᠢ ᠬᠠᠮᠵᠢᠯᠴᠠᠨ ᠬᠠᠮᠠᠭᠠᠯᠠᠬᠤ ᠪᠠ ᠰᠡᠷᠭᠦᠭᠡᠬᠦ᠌᠎ᠶ᠋ᠢ ᠬᠡᠷᠡᠭ᠌ᠵᠢᠭᠦᠯᠵᠦ᠍᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠲᠦᠷᠦ᠎ᠶ᠋ᠢᠨ ᠪᠤᠳᠤᠯᠭ᠎ᠠ᠂ ᠲᠦᠷᠦᠯ ᠵᠦᠢᠯ᠂ ᠲᠣᠭ᠍ᠲᠠᠴᠠ᠎ᠶ᠋ᠢᠨ ᠬᠤᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠠᠮᠢ ᠠᠬᠤᠢ᠎ᠶ᠋ᠢ ᠬᠠᠮᠠᠭᠠᠯᠠᠬᠤ᠎ᠪᠠᠷ ᠤᠷᠢᠲᠠᠯ ᠪᠣᠯᠭᠠᠵᠤ ᠰᠠᠪᠠ ᠭᠠᠵᠠᠷ ᠠᠯᠤᠰᠯᠠᠭ᠍ᠰᠠᠨ ᠠᠵᠤ ᠦᠢᠯᠡᠰ᠎ᠤᠨ ᠱᠢᠯᠵᠢᠯᠲᠡ᠎ᠶ᠋ᠢ ᠵᠣᠬᠢᠰᠲᠠᠢ ᠬᠦᠳᠦᠯᠦᠨ ᠵᠢᠯᠣᠭᠤᠳᠤᠨ᠎ᠠ᠃
ᠠᠷᠪᠠᠨ ᠲᠠᠪᠣᠲᠣᠭᠠᠷ ᠪᠦᠯᠦᠭ ᠲᠦᠯᠦᠪᠵᠢᠬᠦᠯᠭᠡ ᠬᠡᠷᠡᠭ᠌ᠵᠢᠬᠦᠯᠦᠯᠲᠡᠶ᠋ᠢ ᠠᠬᠢᠭᠤᠯᠣᠨ᠎ᠠ
ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠪᠣᠯ ᠨᠢᠭᠡᠨ ᠴᠢᠬᠤᠯᠠ ᠶᠡᠭᠡ ᠱᠢᠰᠲ᠋ᠧᠮᠲᠦ ᠢᠨᠵᠧᠨᠧᠷᠢᠩ ᠮᠥᠨ᠂ ᠬᠤᠯᠪᠣᠭ᠍ᠳᠠᠬᠤ ᠭᠠᠵᠠᠷ ᠣᠷᠣᠨ ᠥᠷᠭᠡᠨ᠂ ᠬᠥᠮᠦᠨ ᠠᠮᠠ ᠣᠯᠠᠨ᠂ ᠡᠭᠦᠷᠭᠡ ᠨᠦᠰᠡᠷ ᠬᠦᠨᠳᠦ ᠪᠥᠭᠡᠳ ᠪᠡᠷᠬᠡ ᠬᠠᠲᠠᠭᠤᠵᠢᠯᠲᠠᠶ ᠶᠤᠮ᠃ ᠴᠢᠳᠠᠯ᠎ᠤᠨ ᠬᠢᠷᠢ᠎ᠪᠠᠷ᠎ᠢᠶᠠᠨ ᠴᠢᠷᠮᠠᠢᠬᠤ᠂ ᠴᠢᠳᠠᠯ᠎ᠤᠨ᠎ᠢᠶᠠᠨ ᠬᠢᠷᠢ᠎ᠪᠠᠷ ᠬᠢᠬᠦ᠌ ᠵᠠᠷᠴᠢᠮ᠎ᠢ ᠪᠠᠷᠢᠮᠲᠠᠯᠠᠵᠤ᠂ ᠬᠢᠬᠦ᠌ ᠶᠣᠰᠣᠲᠠᠢ ᠵᠦᠢᠯ᠎ᠢ ᠬᠢᠬᠦ᠌ ᠪᠠ ᠬᠢᠬᠦ᠌ ᠦᠭᠡᠢ ᠵᠦᠢᠯ᠂ ᠤᠷᠢᠳ᠎ᠢᠶᠠᠷ ᠬᠢᠬᠦ᠌ ᠪᠠ ᠰᠡᠭᠦᠯᠡᠷ ᠬᠢᠬᠦ᠂ ᠲᠦᠷᠭᠡᠨ ᠬᠢᠬᠦ᠌ ᠪᠠ ᠠᠯᠭᠤᠷ ᠬᠢᠬᠦ᠌ ᠬᠠᠷᠢᠴᠠᠭ᠎ᠠ᠎ᠶ᠋ᠢ ᠰᠠᠢᠲᠤᠷ ᠡᠵᠡᠮᠳᠡᠵᠦ᠍᠂ ᠱᠠᠲᠤ ᠦᠶ᠎ᠡ ᠪᠦᠷᠢ᠎ᠶ᠋ᠢᠨ ᠭᠤᠣᠯ ᠵᠥᠷᠢᠴᠡᠯ ᠪᠠ ᠵᠥᠷᠢᠴᠡᠯ᠎ᠤᠨ ᠭᠤᠣᠯ ᠲᠠᠯ᠎ᠠ᠎ᠶ᠋ᠢ ᠠᠳᠭᠤᠵᠤ᠂ ᠣᠳᠣᠬᠠᠨ᠎ᠤ ᠪᠠᠴᠢᠮ ᠱᠠᠭᠠᠷᠳᠠᠭ᠍ᠳᠠᠵᠤ ᠪᠠᠢᠭ᠎ᠠ ᠲᠦᠷᠦ᠎ᠶ᠋ᠢᠨ ᠪᠤᠳᠤᠯᠭ᠎ᠠ᠂ ᠢᠨᠵᠧᠨᠧᠷᠢᠩ ᠪᠠ ᠲᠦᠷᠦᠯ ᠵᠦᠢᠯ᠎ᠳᠠᠬᠢ ᠲᠤᠯᠭᠠᠮ ᠰᠡᠳᠭᠢᠯᠭᠡ ᠪᠠ ᠬᠠᠷᠢᠭᠤᠴᠠᠯᠭᠠᠲᠣ ᠰᠡᠳᠭᠢᠯᠭᠡ᠎ᠪᠠᠨ ᠴᠢᠩᠭᠠᠳᠭᠠᠵᠤ᠂ ᠲᠦᠷᠭᠡᠨ ᠠᠬᠢᠭᠤᠯᠵᠤ᠂ ᠡᠷᠲᠡᠬᠡᠨ ᠦᠷ᠎ᠡ ᠪᠦᠲᠦᠮᠵᠢ ᠭᠠᠷᠭᠠᠬᠤ ᠬᠡᠷᠡᠭ᠌ᠲᠡᠢ; ᠣᠷᠳᠣ ᠬᠤᠭᠤᠴᠠᠭ᠎ᠠ᠎ᠪᠠᠷ ᠠᠬᠢᠭᠤᠯᠬᠤ ᠴᠢᠬᠤᠯᠠᠲᠠᠶ ᠠᠵᠢᠯ᠎ᠢ ᠤᠳᠠᠭᠠᠨ ᠳᠠᠭᠠᠭᠠᠮᠠᠭᠠᠶ ᠬᠢᠵᠦ᠍᠂ ᠨᠢᠭᠡ ᠨᠢᠭᠡ ᠠᠯᠬᠤᠮ᠎ᠢᠶᠠᠷ ᠵᠠᠯᠭᠠᠨ ᠬᠢᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠪᠣᠳᠠᠲᠤ ᠠᠬᠤᠶ ᠪᠣᠯᠭᠠᠨ ᠬᠤᠪᠢᠷᠠᠭᠤᠯᠬᠤ ᠬᠡᠷᠡᠭ᠌ᠲᠡᠶ᠃
ᠨᠢᠭᠡᠲᠦᠭᠡᠷ ᠬᠡᠰᠡᠭ ᠨᠠᠮ᠎ᠤᠨ ᠲᠦᠪᠯᠡᠷᠡᠩᠬᠦᠢ ᠨᠢᠭᠡᠲᠦᠯᠲᠡᠢ ᠣᠲᠣᠷᠢᠲᠣᠯᠭ᠎ᠠ᠎ᠶ᠋ᠢ ᠪᠠᠷᠢᠮᠲᠠᠯᠠᠨ᠎ᠠ
ᠨᠠᠮ᠎ᠤᠨ ᠤᠳᠤᠷᠢᠳᠤᠯᠭ᠎ᠠ᠎ᠶ᠋ᠢ ᠢᠮᠠᠭ᠍ᠲᠠ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭ᠍ᠴᠤᠭ᠎ᠠ᠎ᠳᠤ ᠲᠤᠭᠤᠱᠢᠯᠠᠭᠤᠯᠤᠨ᠎ᠠ᠃ ᠨᠠᠮ᠎ᠤᠨ ᠤᠯᠤᠰ ᠲᠦᠷᠦ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠤᠪᠢᠰᠭᠠᠯᠲᠣ ᠰᠣᠶᠣᠯ ᠢᠯᠠᠩᠭᠤᠶ᠎ᠠ ᠶᠠᠨ ᠠᠨ᠎ᠤ ᠵᠣᠷᠢᠭ ᠰᠠᠨᠠᠭ᠎ᠠ᠂ ᠵᠢᠶᠤᠤ ᠢᠦᠢ ᠯᠦ᠍᠎ᠶ᠋ᠢᠨ ᠵᠣᠷᠢᠭ ᠰᠠᠨᠠᠭ᠎ᠠ᠎ᠪᠠᠷ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠬᠥᠮᠦᠵᠢᠭᠦᠯᠵᠦ᠍᠂ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠵᠤ᠂ ᠠᠵᠢᠯ᠎ᠤᠨ ᠰᠤᠷᠲᠠᠯ᠎ᠢᠶᠠᠨ ᠰᠠᠢᠵᠢᠷᠠᠭᠤᠯᠵᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ᠃ ᠨᠠᠮ᠎ᠤᠨ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠬᠦ᠂ ᠡᠯ᠎ᠡ ᠲᠠᠯ᠎ᠠ᠎ᠶ᠋ᠢ ᠵᠣᠬᠢᠴᠠᠭᠤᠯᠣᠨ ᠤᠳᠤᠷᠢᠳᠭᠤ ᠭᠤᠣᠯᠯᠠᠭ᠍ᠴᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠥᠪ ᠴᠢᠭ᠌ᠯᠡᠯ᠎ᠢ ᠬᠡᠵᠢᠶᠡᠲᠡ ᠪᠠᠲᠤᠯᠠᠬᠤ ᠬᠡᠷᠡᠭ᠌ᠲᠡᠢ᠃ ᠬᠠᠲᠤᠨ ᠭᠤᠣᠯ ᠳᠠᠭᠠᠤ ᠡᠯ᠎ᠡ ᠮᠤᠵᠢ ᠣᠷᠣᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ᠎ᠬᠢᠨ ᠤᠯᠤᠰ ᠲᠦᠷᠦ᠎ᠶ᠋ᠢ ᠡᠷᠬᠢᠮᠯᠡᠬᠦ᠌ ᠦᠨᠳᠤᠷᠴᠡ᠂ ᠭᠤᠣᠯᠳᠠᠯᠭ᠎ᠠ᠎ᠶ᠋ᠢ ᠠᠳᠭᠤᠬᠤ ᠨᠠᠷᠢᠯᠢᠭ᠍ᠴᠠ᠂ ᠡᠴᠦᠰ᠎ᠲᠤᠨᠢ ᠲᠤᠯᠲᠠᠯ᠎ᠠ ᠠᠳᠭᠤᠬᠤ ᠭᠦᠨᠴᠡ᠎ᠠᠴᠠ ᠨᠠᠮ᠎ᠤᠨ ᠲᠥᠪ ᠬᠤᠷᠢᠶ᠎ᠠ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠡᠷᠡᠮᠡᠬᠡᠢᠯᠡᠨ ᠤᠷᠤᠭ᠍ᠰᠢᠯᠠᠵᠤ᠂ ᠪᠣᠳᠠᠲᠠᠢ ᠠᠵᠢᠯᠯᠠᠵᠤ ᠱᠢᠷᠭᠠᠭᠤ ᠲᠡᠮᠡᠴᠡᠵᠦ᠍᠂ ᠲᠤᠰ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠤ ᠳᠤᠷᠠᠳᠤᠭ᠍ᠰᠠᠨ ᠬᠠᠷᠠᠯᠲᠠ ᠡᠭᠦᠷᠭᠡ ᠪᠣᠯᠤᠨ ᠲᠦᠷᠦ᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠲᠡᠷᠡ ᠶᠣᠰᠣᠭᠠᠷ᠎ᠨᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠬᠡᠷᠡᠭ᠌ᠲᠡᠢ᠃
ᠬᠤᠶᠠᠲᠣᠭᠠᠷ ᠬᠡᠰᠡᠭ ᠬᠠᠣᠯᠢᠵᠢᠯ᠎ᠤᠨ ᠪᠠᠲᠣᠯᠠᠭ᠎ᠠ᠎ᠶ᠋ᠢ ᠴᠢᠩᠭᠠᠳᠭᠠᠨ᠎ᠠ
ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠯᠦᠭᠡ ᠬᠤᠯᠪᠣᠭ᠍ᠳᠠᠬᠤ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠱᠢᠰᠲ᠋ᠧᠮ᠎ᠲᠠᠢ ᠡᠮᠬᠢᠯᠡᠵᠦ᠍᠂ ᠬᠠᠲᠤᠨ ᠭᠤᠤᠯ᠎ᠤᠨ ᠬᠠᠮᠠᠭᠠᠯᠠᠯᠲᠠ ᠵᠠᠰᠠᠯᠲᠠ᠎ᠶ᠋ᠢᠨ ᠬᠠᠤᠯᠢ ᠲᠣᠭ᠍ᠲᠠᠭᠠᠯᠲᠠ᠎ᠶ᠋ᠢᠨ ᠰᠠᠭᠤᠷᠢ ᠴᠢᠨᠠᠷᠲᠠᠶ ᠰᠤᠳᠤᠯᠭᠠᠨ᠎ᠤ ᠠᠵᠢᠯ᠎ᠢ ᠭᠦᠨᠵᠡᠭᠡᠶ ᠥᠷᠨᠢᠭᠦᠯᠵᠦ᠍᠂ ᠬᠠᠤᠯᠢ ᠲᠣᠭ᠍ᠲᠠᠭᠠᠬᠤ ᠠᠵᠢᠯ᠎ᠢ ᠲᠠᠷᠣᠢ᠎ᠳᠤ᠎ᠨᠢ ᠲᠣᠬᠢᠷᠠᠭᠤᠯᠤᠨ ᠡᠬᠢᠯᠡᠭᠦᠯᠵᠦ᠍᠂ ᠬᠠᠲᠤᠨ ᠭᠤᠤᠯ᠎ᠤᠨ ᠬᠠᠮᠠᠭᠠᠯᠠᠯᠲᠠ ᠵᠠᠰᠠᠯᠲᠠ᠎ᠶ᠋ᠢᠨ ᠳᠤᠮᠳᠠᠬᠢ ᠪᠦᠲᠦᠮᠵᠢᠲᠡᠶ ᠨᠡᠢᠳᠡᠮ᠎ᠤᠨ ᠴᠢᠨᠠᠷᠲᠠᠶ ᠲᠥᠷᠥ᠎ᠶ᠋ᠢᠨ ᠪᠣᠳᠣᠯᠭ᠎ᠠ᠂ ᠲᠣᠭ᠍ᠲᠠᠴᠠ᠂ ᠲᠦᠷᠢᠮ ᠵᠡᠷᠭᠡ᠎ᠶ᠋ᠢ ᠬᠠᠤᠯᠢ ᠲᠣᠭ᠍ᠲᠠᠭᠠᠨ ᠨᠤᠲᠠᠯᠠᠨ ᠲᠣᠭ᠍ᠲᠠᠭᠠᠨ᠎ᠠ᠃ ᠠᠮᠢ ᠠᠬᠤᠢ᠎ᠶ᠋ᠢᠨ ᠬᠠᠮᠠᠭᠠᠯᠠᠯᠲᠠ᠎ᠶ᠋ᠢ ᠲᠡᠷᠢᠭᠦᠨ᠎ᠳᠤ ᠲᠠᠯᠪᠢᠬᠤ ᠤᠷᠢᠲᠠᠯ ᠳᠣᠣᠷ᠎ᠠ᠂ ᠬᠠᠤᠯᠢ ᠴᠠᠭᠠᠵᠠ᠎ᠶ᠋ᠢᠨ ᠬᠡᠯᠪᠡᠷᠢ᠎ᠪᠠᠷ ᠡᠯ᠎ᠡ ᠲᠠᠯ᠎ᠠ᠎ᠶ᠋ᠢᠨ ᠡᠷᠬᠡ ᠬᠠᠷᠢᠭᠤᠴᠠᠯᠭ᠎ᠠ᠎ᠶ᠋ᠢᠨ ᠵᠠᠭᠠᠭ᠎ᠢ ᠲᠣᠭ᠍ᠲᠠᠭᠠᠵᠤ᠂ ᠬᠠᠮᠠᠭᠠᠯᠠᠵᠤ ᠵᠠᠰᠠᠬᠤ ᠲᠦᠷᠢᠮ᠎ᠤᠨ ᠱᠢᠰᠲ᠋ᠧᠮ᠎ᠢ ᠲᠣᠳᠣᠷᠬᠠᠢᠯᠠᠵᠤ᠂ ᠬᠠᠳᠤᠨ ᠭᠤᠣᠯ᠎ᠤᠨ ᠬᠠᠮᠠᠭᠠᠯᠠᠯᠲᠠ ᠵᠠᠰᠠᠯᠲᠠ᠎ᠳᠤ ᠨᠥᠯᠥᠭᠡ ᠦᠵᠡᠭᠦᠯᠬᠦ᠌ ᠡᠯ᠎ᠡ ᠲᠦᠷᠦᠯ᠎ᠤᠨ ᠠᠵᠢᠯᠯᠠᠭ᠎ᠠ᠎ᠶ᠋ᠢ ᠵᠢᠷᠤᠮᠵᠢᠭᠤᠯᠤᠨ᠎ᠠ᠃ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠶ᠎ᠳᠤ ᠨᠥᠬᠦᠪᠥᠷᠢᠯᠡᠬᠦ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠱᠢᠭ᠍ᠯᠠᠬᠤ ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠰᠤᠳᠤᠯᠤᠨ ᠲᠣᠭ᠍ᠲᠠᠭᠠᠵᠤ ᠲᠡᠭᠦᠯᠳᠡᠷᠵᠢᠭᠦᠯᠦᠨ᠎ᠡ᠃ ᠬᠠᠲᠤᠨ ᠭᠤᠤᠯ ᠳᠠᠭᠠᠤ ᠮᠤᠵᠢ ᠣᠷᠣᠨ᠎ᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠦᠷᠢᠮ ᠲᠣᠭ᠍ᠲᠠᠭᠠᠯ ᠨᠡᠢᠲᠡᠯᠡᠬᠦ᠌᠎ᠶ᠋ᠢ ᠳᠡᠮᠵᠢᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠬᠠᠤᠯᠢᠵᠢᠯ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃
ᠭᠤᠷᠪᠠᠲᠣᠭᠠᠷ ᠬᠡᠰᠡᠭ ᠣᠯᠣᠰ᠎ᠤᠨ ᠭᠠᠵᠠᠷ ᠱᠢᠷᠣᠢ᠎ᠶ᠋ᠢᠨ ᠵᠠᠰᠠᠯᠲᠠ᠎ᠶ᠋ᠢᠨ ᠴᠢᠲᠠᠪᠣᠷᠢ᠎ᠶ᠋ᠢ ᠴᠢᠩᠭᠠᠤᠨᠬᠠᠨ᠎ᠠ
ᠬᠠᠲᠤᠨ ᠭᠤᠤᠯ᠎ᠤᠨ ᠰᠠᠪᠠ ᠭᠠᠵᠠᠷ ᠵᠢᠴᠢ ᠬᠠᠲᠤᠨ ᠭᠤᠤᠯ ᠳᠠᠭᠠᠤ ᠮᠤᠵᠢᠨᠤᠭᠤᠳᠤᠨ ᠡᠬᠢ ᠪᠠᠶᠠᠯᠢᠭ ᠣᠷᠴᠢᠨ ᠲᠣᠭᠤᠷᠢᠨ᠎ᠤ ᠳᠠᠭᠠᠭᠠᠴᠠ᠎ᠶ᠋ᠢᠨ ᠴᠢᠳᠠᠪᠤᠷᠢ᠎ᠶ᠋ᠢ ᠪᠥᠬᠦ᠌ ᠲᠠᠯ᠎ᠠ᠎ᠪᠠᠷ ᠦᠨᠡᠯᠡᠨ ᠵᠢᠱ᠌ᠢᠵᠦ᠍᠂ ᠠᠮᠢ ᠠᠬᠤᠶ᠂ ᠠᠵᠤ ᠠᠬᠤᠶ᠂ ᠬᠤᠲᠠ᠂ ᠬᠥᠮᠦᠨ ᠠᠮᠠ ᠵᠢᠴᠢ ᠠᠮᠤ ᠪᠤᠳᠠᠭ᠎ᠠ᠂ ᠡᠨᠧᠷᠭᠢ ᠵᠡᠷᠭᠡ᠎ᠶ᠋ᠢᠨ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠣᠷᠣᠨ ᠵᠠᠶ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠨᠢᠭᠡᠳᠦᠯᠲᠡᠶ ᠲᠥᠯᠥᠪᠯᠡᠨ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢ ᠨᠡᠭᠡᠭᠡᠨ ᠬᠥᠭ᠌ᠵᠢᠭᠦᠯᠬᠦ᠌᠎ᠳᠤ ᠳᠣᠭᠢᠷᠠᠬᠤ ᠦᠨᠡᠯᠡᠯᠲᠡ᠎ᠶ᠋ᠢ ᠥᠷᠨᠢᠭᠦᠯᠵᠦ᠍᠂ ᠠᠳᠠᠯᠢ ᠪᠤᠰᠤ ᠭᠠᠵᠠᠷ ᠣᠷᠣᠨ᠎ᠤ ᠨᠡᠭᠡᠭᠡᠨ ᠬᠥᠭ᠌ᠵᠢᠭᠦᠯᠬᠦ᠌ ᠳᠡᠭᠡᠳᠦ ᠬᠢᠵᠠᠭᠠᠷ᠎ᠢ ᠲᠣᠭ᠍ᠲᠠᠭᠠᠨ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢ ᠵᠦᠶ ᠵᠣᠬᠢᠰᠲᠠᠶ ᠨᠡᠭᠡᠭᠡᠨ ᠬᠥᠭ᠌ᠵᠢᠭᠦᠯᠬᠦ᠌ ᠪᠠ ᠥᠨᠳᠥᠷ ᠦᠷ᠎ᠡ ᠪᠦᠲᠦᠮᠵᠢᠲᠡᠶ᠎ᠪᠠᠷ ᠠᠱᠢᠭ᠍ᠯᠠᠵᠤ᠂ ᠬᠠᠲᠤᠨ ᠭᠤᠤᠯ ᠳᠠᠭᠠᠤ ᠨᠡᠭᠡᠭᠡᠨ ᠬᠥᠭ᠌ᠵᠢᠭᠦᠯᠵᠦ᠍ ᠪᠥᠲᠥᠭᠡᠨ ᠪᠠᠢᠭᠤᠯᠬᠤ ᠡᠯ᠎ᠡ ᠲᠥᠷᠥᠯ᠎ᠤᠨ ᠠᠵᠢᠯᠯᠠᠭ᠎ᠠ᠎ᠶ᠋ᠢ ᠴᠢᠩᠭ᠎ᠠ ᠵᠢᠷᠤᠮᠵᠢᠭᠤᠯᠤᠨ᠎ᠠ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠣᠳᠣᠬᠢ ᠪᠠᠢᠳᠠᠯ᠎ᠢ ᠪᠠᠢᠴᠠᠭᠠᠬᠤ᠂ ᠠᠮᠢ ᠠᠬᠤᠶ᠎ᠶ᠋ᠢᠨ ᠲᠦᠭ᠌ᠰᠢᠭᠦᠷᠢ᠎ᠶ᠋ᠢᠨ ᠬᠡᠮ ᠰᠣᠭᠤᠭ᠎ᠢ ᠵᠢᠭ᠍ᠰᠠᠭᠠᠨ ᠪᠠᠢᠴᠠᠭᠠᠬᠤ᠎ᠶ᠋ᠢ ᠵᠣᠬᠢᠶᠠᠨ ᠪᠠᠢᠭᠤᠯᠤᠨ ᠥᠷᠨᠢᠭᠦᠯᠦᠭ᠌ᠰᠡᠨ ᠰᠠᠭᠤᠷᠢᠨ ᠳᠡᠭᠡᠷ᠎ᠡ᠂ ᠠᠮᠢ ᠠᠬᠤᠶ᠎ᠶ᠋ᠢᠨ ᠱᠢᠰᠲ᠋ᠧᠮ᠎ᠤᠨ ᠪᠦᠷᠢᠨ ᠪᠦᠲᠦᠨ ᠴᠢᠨᠠᠷ ᠪᠠ ᠴᠢᠳᠠᠮᠵᠢᠳᠤ ᠴᠢᠨᠠᠷ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠲᠤᠯᠠᠭ᠍ᠰᠠᠨ ᠤᠷᠢᠲᠠᠯ ᠳᠤᠤᠷ᠎ᠠ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠣᠷᠴᠢᠨ ᠲᠣᠭᠤᠷᠢᠨ᠎ᠤ ᠶᠠᠰᠤ ᠴᠢᠨᠠᠷ᠎ᠤᠨ ᠬᠤᠷᠢᠭ᠎ᠠ ᠱᠤᠭᠤᠮ᠂ ᠪᠠᠢᠭᠠᠯᠢ᠎ᠶ᠋ᠢᠨ ᠡᠬᠢ ᠪᠠᠶᠠᠯᠢᠭ᠎ᠤᠨ ᠠᠱᠢᠭ᠍ᠯᠠᠯᠲᠠ᠎ᠶ᠋ᠢᠨ ᠳᠡᠭᠡᠳᠦ ᠱᠤᠭᠤᠮ ᠪᠠ ᠠᠮᠢ ᠠᠬᠤᠶ ᠣᠷᠴᠢᠨ ᠲᠣᠭᠤᠷᠢᠨ᠎ᠤ ᠵᠥᠪᠱᠢᠶᠡᠷᠡᠯ᠎ᠤᠨ ᠨᠠᠷᠢᠨ ᠲᠠᠩᠰᠠ᠎ᠶ᠋ᠢᠨ 《ᠭᠤᠷᠪᠠᠨ ᠱᠤᠭᠤᠮ ᠨᠢᠭᠡ ᠲᠠᠩᠰᠠ》 ᠶ᠋ᠢ ᠨᠠᠢᠷᠠᠭᠤᠯᠤᠨ ᠵᠣᠬᠢᠶᠠᠬᠤ᠎ᠶ᠋ᠢ ᠲᠦᠷᠭᠡᠳᠭᠡᠵᠦ᠍᠂ ᠠᠮᠢ ᠠᠬᠤᠶ ᠣᠷᠴᠢᠨ ᠲᠣᠭᠤᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌ ᠲᠤᠭ᠍ᠳᠠᠴᠠ᠎ᠶ᠋ᠢ ᠪᠠᠢᠭᠤᠯᠤᠨ᠎ᠠ᠃ ᠠᠳᠠᠯᠢ ᠪᠤᠰᠤ ᠤᠰᠤᠨ ᠣᠷᠣᠨ᠎ᠤ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠶ᠋ᠢ ᠵᠣᠬᠢᠰᠲᠠᠢ ᠲᠣᠭ᠍ᠲᠠᠭᠠᠵᠤ᠂ ᠬᠠᠳᠤᠨ ᠭᠤᠣᠯ᠎ᠤᠨ ᠰᠠᠪᠠ ᠭᠠᠵᠠᠷ᠎ᠤᠨ ᠤᠰᠤᠨ᠎ᠤ ᠴᠢᠳᠠᠮᠵᠢ᠎ᠶ᠋ᠢᠨ ᠣᠷᠣᠨ᠎ᠤ ᠬᠤᠪᠢᠶᠠᠷᠢᠯᠠᠯ᠎ᠢ ᠲᠡᠭᠦᠯᠳᠡᠷᠵᠢᠭᠦᠯᠦᠨ᠎ᠡ᠃ ᠬᠠᠲᠤᠨ ᠭᠤᠣᠯ᠎ᠤᠨ ᠭᠤᠣᠯ ᠤᠷᠤᠰᠭᠠᠯ ᠪᠠ ᠭᠤᠣᠯ ᠪᠣᠯᠬᠤ ᠰᠠᠯᠪᠤᠷᠢ ᠤᠷᠤᠰᠭᠠᠯ᠂ ᠨᠠᠭᠤᠷ ᠴᠥᠭᠦᠷᠥᠮ᠎ᠤᠨ ᠤᠰᠤᠨ᠎ᠤ ᠠᠮᠢ ᠠᠬᠤᠢ᠎ᠶ᠋ᠢᠨ ᠣᠷᠣᠨ ᠵᠠᠢ᠎ᠶ᠋ᠢᠨ ᠵᠠᠰᠠᠯᠲᠠ᠎ᠶ᠋ᠢ ᠴᠢᠩᠭᠠᠳᠭᠠᠵᠤ᠂ ᠣᠷᠣᠰᠭᠠᠯ᠎ᠤᠨ ᠡᠷᠭᠢ ᠱᠤᠭᠤᠮ᠎ᠤᠨ ᠡᠷᠬᠡ᠎ᠶ᠋ᠢ ᠨᠤᠲᠠᠯᠠᠵᠦ᠍ ᠵᠠᠭᠠᠭ᠍ᠯᠠᠨ ᠲᠣᠭ᠍ᠲᠠᠭᠠᠬᠤ᠎ᠶ᠋ᠢ ᠥᠷᠨᠢᠭᠦᠯᠬᠦ᠌᠎ᠶ᠋ᠢᠨ ᠬᠠᠮᠲᠤ ᠬᠡᠷᠡᠭ᠌ᠴᠡᠭᠡ᠎ᠶ᠋ᠢᠨ ᠬᠠᠮᠢᠶᠠᠷᠤᠯᠲᠠ ᠡᠵᠡᠮᠳᠡᠯ᠎ᠢ ᠴᠢᠩᠳᠠᠯᠠᠵᠤ᠂ ᠤᠰᠤᠨ᠎ᠤ ᠲᠠᠯᠠᠪᠠᠢ᠎ᠶ᠋ᠢ ᠪᠠᠭᠠᠰᠭᠠᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠨ᠎ᠠ᠃
ᠲᠦᠷᠪᠡᠲᠦᠭᠡᠷ ᠬᠡᠰᠡᠭ ᠲᠦᠯᠦᠪᠵᠢᠬᠦᠯᠬᠡ ᠲᠦᠷᠦ᠎ᠶ᠋ᠢᠨ ᠪᠣᠲᠣᠯᠭ᠎ᠠ᠎ᠶ᠋ᠢᠨ ᠱᠢᠰᠲ᠋ᠧᠮ᠎ᠢ ᠲᠡᠬᠦᠯᠲᠡᠷᠵᠢᠬᠦᠯᠦᠨ᠎ᠠ
ᠲᠤᠰ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠠᠮᠢ ᠠᠬᠤᠶ᠎ᠶ᠋ᠢ ᠬᠠᠮᠠᠭᠠᠯᠠᠬᠤ ᠪᠠ ᠰᠡᠷᠭᠦᠭᠡᠬᠦ᠂ ᠣᠷᠴᠢᠨ ᠲᠣᠭᠤᠷᠢᠨ᠎ᠢ ᠬᠠᠮᠠᠭᠠᠯᠠᠬᠤ ᠬᠢᠭᠡᠳ ᠪᠣᠬᠢᠷᠲᠤᠯ᠎ᠢ ᠵᠠᠰᠠᠬᠤ᠂ ᠤᠰᠤᠨ᠎ᠤ ᠠᠮᠤᠷ ᠲᠦᠪᠱᠢᠨ᠎ᠢ ᠪᠠᠲᠤᠯᠠᠬᠤ᠂ ᠰᠣᠶᠣᠯ᠎ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ᠂ ᠰᠠᠭᠤᠷᠢ ᠲᠦᠬᠦᠭᠡᠷᠦᠮᠵᠢ᠎ᠶ᠋ᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠭᠦᠯᠬᠦ᠂ ᠡᠨᠧᠷᠭᠢ᠎ᠶ᠋ᠢᠨ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠭᠦᠯᠬᠦ᠂ ᠬᠠᠲᠤᠨ ᠭᠤᠤᠯ᠎ᠤᠨ ᠰᠣᠶᠣᠯ᠎ᠤᠨ ᠴᠡᠴᠡᠷᠯᠢᠭ᠎ᠢ ᠲᠥᠯᠥᠪᠵᠢᠭᠦᠯᠵᠦ᠍ ᠪᠦᠲᠦᠭᠡᠨ ᠪᠠᠢᠭᠤᠯᠬᠤ ᠵᠡᠷᠭᠡ ᠲᠤᠰᠭᠠᠶ ᠵᠦᠢᠯ᠎ᠤᠨ ᠲᠥᠯᠥᠪᠵᠢᠭᠦᠯᠭᠡ᠎ᠶ᠋ᠢ ᠵᠣᠬᠢᠶᠠᠨ ᠪᠠᠢᠭᠤᠯᠤᠨ ᠨᠠᠢᠷᠠᠭᠤᠯᠤᠨ ᠵᠣᠬᠢᠶᠠᠵᠤ᠂ ᠪᠦᠷᠢᠨ ᠲᠥᠬᠦᠷ ᠲᠥᠷᠥ᠎ᠶ᠋ᠢᠨ ᠪᠣᠳᠣᠯᠭ᠎ᠠ ᠪᠠ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠰᠤᠳᠤᠯᠤᠨ ᠨᠡᠢᠲᠡᠯᠡᠵᠦ᠍᠂ 《1 + N + X》 ᠲᠥᠯᠥᠪᠵᠢᠭᠦᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠲᠤᠭ᠍ᠳᠠᠯᠴᠠᠭ᠎ᠠ᠎ᠶ᠋ᠢ ᠪᠤᠶ ᠪᠣᠯᠭᠠᠨ᠎ᠠ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠰᠠᠭᠤᠷᠢ ᠮᠥᠩᠭᠦ᠎ᠶ᠋ᠢ ᠰᠤᠳᠤᠯᠤᠨ ᠪᠠᠢᠭᠤᠯᠤᠨ᠎ᠠ᠃ ᠬᠠᠲᠤᠨ ᠭᠤᠤᠯ ᠳᠠᠭᠠᠤ ᠡᠯ᠎ᠡ ᠮᠤᠵᠢ ᠣᠷᠣᠨ ᠲᠣᠰ ᠭᠠᠵᠠᠷ ᠣᠷᠣᠨ᠎ᠤ᠎ᠪᠠᠨ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠲᠥᠯᠥᠪᠵᠢᠭᠦᠯᠭᠡ ᠵᠢᠴᠢ ᠬᠡᠷᠡᠭ᠌ᠵᠢᠭᠦᠯᠬᠦ᠌ ᠲᠥᠰᠦᠯ᠎ᠢ ᠰᠤᠳᠤᠯᠤᠨ ᠲᠣᠭ᠍ᠲᠠᠭᠠᠵᠤ᠂ ᠲᠣᠰ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠤ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢ ᠨᠠᠷᠢᠯᠢᠬ᠍ᠵᠢᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ᠃ ᠬᠠᠲᠤᠨ ᠭᠤᠤᠯ ᠳᠠᠭᠠᠤ ᠡᠯ᠎ᠡ ᠮᠤᠵᠢ ᠣᠷᠣᠨ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠥᠷᠥᠯ ᠵᠦᠢᠯ᠎ᠢ ᠠᠬᠢᠭᠤᠯᠬᠤ ᠲᠣᠭ᠍ᠲᠠᠴᠠ᠎ᠶ᠋ᠢ ᠪᠠᠢᠭᠤᠯᠵᠤ᠂ ᠠᠮᠢ ᠠᠬᠤᠶ᠎ᠶ᠋ᠢ ᠰᠡᠷᠭᠦᠭᠡᠬᠦ᠂ ᠪᠣᠬᠢᠷᠲᠤᠯ᠎ᠢ ᠰᠡᠷᠭᠡᠢᠯᠡᠨ ᠵᠠᠰᠠᠬᠤ᠂ ᠬᠥᠷᠥᠰᠥ᠍ ᠱᠢᠷᠣᠶ᠎ᠶ᠋ᠢ ᠬᠠᠮᠠᠭᠠᠯᠠᠬᠤ᠂ ᠤᠰᠤ ᠠᠷᠪᠢᠯᠠᠵᠤ ᠬᠤᠷᠣᠭ᠍ᠳᠠᠭᠤᠯᠤᠯ᠎ᠢ ᠪᠠᠭᠠᠰᠭᠠᠬᠤ᠂ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ᠂ ᠠᠵᠤ ᠦᠢᠯᠡᠰ᠎ᠤᠨ ᠪᠦᠲᠦᠴᠡ᠎ᠶ᠋ᠢ ᠳᠣᠭᠢᠷᠠᠭᠤᠯᠬᠤ ᠵᠡᠷᠭᠡ ᠬᠦᠷᠢᠶ᠎ᠡ ᠴᠠᠷᠠᠭ᠎ᠠ᠎ᠶ᠋ᠢᠨ ᠲᠣᠭᠤᠷᠢᠨ᠎ᠳᠤ ᠪᠠᠯᠠ ᠳᠣᠭᠢᠷᠠᠭᠤᠯᠬᠤ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠴᠦ᠍᠂ ᠭᠠᠵᠠᠷ ᠬᠡᠷᠡᠭ᠌ᠯᠡᠬᠦ᠂ ᠣᠷᠴᠢᠨ ᠲᠣᠭᠤᠷᠢᠨ᠎ᠢ ᠦᠨᠡᠯᠡᠨ ᠵᠢᠱ᠌ᠢᠬᠦ᠌ ᠵᠡᠷᠭᠡ ᠡᠮᠦᠨᠡᠬᠢ ᠬᠤᠭᠤᠴᠠᠭᠠᠨ᠎ᠤ ᠠᠵᠢᠯ᠎ᠢ ᠢᠳᠡᠪᠬᠢᠲᠡᠶ ᠰᠠᠢᠲᠤᠷ ᠬᠢᠵᠦ᠍᠂ ᠨᠢᠭᠡ ᠪᠦᠯᠦᠭ᠎ᠢ ᠨᠥᠭᠡᠴᠡᠯᠡᠬᠦ᠂ ᠨᠢᠭᠡ ᠪᠦᠯᠦᠭ᠎ᠢ ᠡᠬᠢᠯᠡᠭᠦᠯᠬᠦ᠂ ᠨᠢᠭᠡ ᠪᠦᠯᠦᠭ᠎ᠢ ᠪᠥᠲᠥᠭᠡᠨ ᠪᠠᠢᠭᠤᠯᠬᠤ᠂ ᠨᠢᠭᠡ ᠪᠦᠯᠦᠭ᠎ᠢ ᠪᠠᠷᠢᠯᠭ᠎ᠠ ᠳᠠᠭᠤᠰᠭᠠᠬᠤ᠎ᠶ᠋ᠢ ᠪᠡᠶᠡᠯᠡᠭᠦᠯᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠳᠤᠮᠳᠠᠬᠢ ᠴᠢᠬᠤᠯᠠ ᠶᠡᠭᠡ ᠲᠥᠷᠥᠯ ᠵᠦᠢᠯ᠎ᠤᠨ ᠵᠠᠩᠭᠢᠯᠠᠭ᠎ᠠ᠎ᠶ᠋ᠢᠨ ᠦᠢᠯᠡᠳᠣᠯ᠎ᠢ ᠪᠠᠳᠠᠷᠠᠭᠤᠯᠤᠨ᠎ᠠ᠃ ᠲᠤᠰ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢ ᠬᠡᠷᠡᠭ᠌ᠵᠢᠭᠦᠯᠬᠦ᠌ ᠶᠠᠪᠤᠴᠠ᠎ᠳᠤ ᠬᠤᠯᠪᠣᠭ᠍ᠳᠠᠬᠤ ᠴᠢᠬᠤᠯᠠ ᠶᠡᠭᠡ ᠤᠴᠢᠷ ᠶᠠᠪᠤᠳᠠᠯ᠂ ᠴᠢᠬᠤᠯᠠ ᠲᠥᠷᠥ᠎ᠶ᠋ᠢᠨ ᠪᠣᠳᠣᠯᠭ᠎ᠠ ᠪᠣᠯᠤᠨ ᠭᠤᠣᠯᠳᠠᠯᠭ᠎ᠠ᠎ᠲᠠᠢ ᠲᠥᠷᠥᠯ ᠵᠦᠢᠯ᠎ᠢ ᠲᠣᠭ᠍ᠲᠠᠭᠠᠭ᠍ᠰᠠᠨ ᠳᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠱᠢᠶᠡᠷᠡᠭᠦᠯᠬᠦ᠌ ᠬᠡᠷᠡᠭ᠌ᠲᠡᠶ᠃
ᠲᠠᠪᠣᠲᠣᠭᠠᠷ ᠬᠡᠰᠡᠭ ᠠᠵᠢᠯ᠎ᠤᠨ ᠲᠣᠬ᠍ᠲᠠᠴᠠᠶ᠋ᠢ ᠪᠠᠢᠭᠤᠯᠣᠨ ᠲᠡᠬᠦᠯᠲᠡᠷᠵᠢᠬᠦᠯᠦᠨ᠎ᠡ
ᠲᠥᠪ᠎ᠠᠴᠠ ᠨᠢᠭᠡᠳᠦᠯᠲᠡᠶ ᠲᠥᠯᠥᠪᠯᠡᠬᠦ᠂ ᠮᠤᠵᠢ᠎ᠠᠴᠠ ᠶᠡᠷᠦᠩᠬᠡᠶ ᠬᠠᠷᠢᠭᠤᠴᠠᠯᠭ᠎ᠠ᠎ᠶ᠋ᠢ ᠬᠠᠷᠢᠭᠤᠴᠠᠬᠤ᠂ ᠬᠤᠲᠠ ᠱᠢᠶᠠᠨ ᠨᠠᠢᠳᠠᠪᠤᠷᠢᠵᠢᠭᠤᠯᠬᠤ ᠠᠵᠢᠯ᠎ᠤᠨ ᠲᠣᠭ᠍ᠲᠠᠴᠠ᠎ᠶ᠋ᠢ ᠪᠠᠷᠢᠮᠲᠠᠯᠠᠨ᠎ᠠ᠃ ᠲᠥᠪ᠎ᠠᠴᠠ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠤᠳᠤᠷᠢᠳᠭᠤ ᠳᠤᠭᠤᠢᠯᠠᠩ ᠪᠠᠢᠭᠤᠯᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠵᠢᠭᠦᠯᠦᠯᠲᠡ᠎ᠶ᠋ᠢ ᠪᠥᠬᠦ᠌ ᠲᠠᠯ᠎ᠠ᠎ᠪᠠᠷ ᠵᠢᠯᠣᠭᠤᠳᠴᠤ᠌᠂ ᠪᠥᠬᠦ᠌ ᠰᠠᠪᠠ ᠭᠠᠵᠠᠷ᠎ᠤᠨ ᠴᠢᠬᠤᠯᠠ ᠶᠡᠭᠡ ᠲᠥᠯᠥᠪᠵᠢᠭᠦᠯᠭᠡ᠂ ᠴᠢᠬᠤᠯᠠ ᠶᠡᠭᠡ ᠲᠥᠷᠥ᠎ᠶ᠋ᠢᠨ ᠪᠣᠳᠣᠯᠭ᠎ᠠ᠂ ᠴᠢᠬᠤᠯᠠ ᠶᠡᠭᠡ ᠲᠥᠷᠥᠯ ᠵᠦᠢᠯ ᠪᠠ ᠣᠨ᠎ᠤ ᠠᠵᠢᠯ᠎ᠤᠨ ᠲᠣᠬᠢᠷᠠᠭᠤᠯᠤᠯᠲᠠ᠎ᠶ᠋ᠢ ᠬᠢᠨᠠᠨ ᠵᠥᠪᠯᠡᠵᠦ᠍᠂ ᠣᠷᠣᠨ ᠪᠦᠰᠡ ᠠᠯᠤᠰᠯᠠᠭ᠍ᠰᠠᠨ ᠴᠢᠬᠤᠯᠠ ᠶᠡᠭᠡ ᠠᠰᠠᠭᠤᠳᠠᠯ᠎ᠢ ᠵᠣᠬᠢᠴᠠᠭᠤᠯᠤᠨ ᠱᠢᠢᠳᠪᠤᠷᠢᠯᠡᠨᠡ᠃ ᠤᠳᠤᠷᠢᠳᠭᠤ ᠳᠤᠭᠤᠢᠯᠠᠩ᠎ᠤᠨ ᠠᠯᠪᠠᠨ ᠭᠡᠷ᠎ᠢ ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠎ᠳᠤ ᠪᠠᠢᠭᠤᠯᠵᠤ᠂ ᠤᠳᠤᠷᠢᠳᠭᠤ ᠳᠤᠭᠤᠢᠯᠠᠩ᠎ᠤᠨ ᠡᠳᠦᠷ ᠲᠤᠲᠤᠮ᠎ᠤᠨ ᠠᠵᠢᠯ᠎ᠢ ᠡᠭᠦᠷᠭᠡᠯᠡᠨ᠎ᠡ᠃ ᠬᠠᠲᠤᠨ ᠭᠤᠤᠯ ᠳᠠᠭᠠᠤ ᠡᠯ᠎ᠡ ᠮᠤᠵᠢ ᠣᠷᠣᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠵᠢᠯ᠎ᠤᠨ ᠲᠣᠭ᠍ᠲᠠᠴᠠ᠎ᠪᠠᠨ ᠲᠡᠭᠦᠯᠳᠡᠷᠵᠢᠭᠦᠯᠵᠦ᠍᠂ ᠵᠣᠬᠢᠶᠠᠨ ᠪᠠᠢᠭᠤᠯᠵᠤ ᠳᠠᠢᠴᠢᠯᠠᠬᠤ ᠪᠠ ᠠᠬᠢᠭᠤᠯᠤᠨ ᠬᠡᠷᠡᠭ᠌ᠵᠢᠭᠦᠯᠬᠦ᠌᠎ᠶ᠋ᠢ ᠴᠢᠩᠭᠠᠳᠭᠠᠬᠤ ᠬᠡᠷᠡᠭ᠌ᠲᠡᠶ᠃ ᠬᠤᠯᠪᠣᠭ᠍ᠳᠠᠯ ᠪᠥᠬᠦᠶ ᠬᠤᠲᠠ ᠱᠢᠶᠠᠨ ᠠᠵᠢᠯ᠎ᠤᠨ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠵᠤ᠂ ᠠᠵᠢᠯ᠎ᠤᠨ ᠲᠥᠰᠦᠯ᠎ᠢᠶᠠᠨ ᠨᠠᠷᠢᠯᠢᠬ᠍ᠵᠢᠭᠤᠯᠵᠤ᠂ ᠨᠠᠢᠳᠠᠪᠤᠷᠢᠵᠢᠭᠤᠯᠤᠯᠲᠠ᠎ᠶ᠋ᠢ ᠨᠢᠭᠡᠳ ᠨᠢᠭᠡ᠎ᠪᠠᠷ ᠰᠠᠢᠲᠤᠷ ᠠᠳᠭᠤᠬᠤ ᠬᠡᠷᠡᠭ᠌ᠲᠡᠶ᠃ ᠲᠥᠪ᠎ᠤᠨ ᠡᠯ᠎ᠡ ᠬᠤᠯᠪᠣᠭ᠍ᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ᠂ ᠵᠢᠭᠠᠨ ᠵᠢᠯᠣᠭᠤᠳᠴᠤ᠌ ᠦᠢᠯᠡᠴᠢᠯᠡᠬᠦ᠌᠎ᠪᠠᠨ ᠴᠢᠩᠭᠠᠳᠭᠠᠵᠤ᠂ ᠬᠦᠴᠦᠲᠡᠶ ᠳᠡᠮᠵᠢᠯᠭᠡ ᠦᠵᠡᠭᠦᠯᠬᠦ᠌ ᠬᠡᠷᠡᠭ᠌ᠲᠡᠶ᠃ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠬᠠᠲᠤᠨ ᠭᠤᠣᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠳᠤᠷᠢᠳᠭᠤ ᠳᠤᠭᠤᠢᠯᠠᠩ᠎ᠤᠨ ᠠᠵᠢᠯ᠎ᠳᠤ ᠲᠤᠯᠭᠠᠭᠤᠷᠢᠯᠠᠬᠤ ᠪᠠᠲᠤᠯᠠᠭ᠎ᠠ ᠬᠠᠩᠭᠠᠨ᠎ᠠ᠃ ᠤᠳᠤᠷᠢᠳᠭᠤ ᠳᠤᠭᠤᠢᠯᠠᠩ᠎ᠤᠨ ᠠᠯᠪᠠᠨ ᠬᠡᠷ ᠲᠣᠰ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠬᠡᠷᠡᠭ᠌ᠵᠢᠭᠦᠯᠦᠯᠲᠡ᠎ᠶ᠋ᠢ ᠮᠥᠷᠳᠡᠨ ᠵᠠᠳᠠᠯᠬᠤ᠎ᠪᠠᠨ ᠴᠢᠩᠭᠠᠳᠭᠠᠵᠤ᠂ ᠲᠥᠷᠥ᠎ᠶ᠋ᠢᠨ ᠪᠣᠳᠣᠯᠭ᠎ᠠ᠎ᠶ᠋ᠢ ᠰᠤᠳᠤᠯᠬᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠱᠠᠯᠠᠪᠳᠠᠭᠤᠯᠤᠨ ᠨᠠᠢᠳᠠᠪᠤᠷᠢᠵᠢᠭᠤᠯᠬᠤ ᠵᠡᠷᠭᠡ ᠠᠵᠢᠯ᠎ᠢ ᠰᠠᠢᠲᠤᠷ ᠬᠢᠵᠦ᠍᠂ 2025 ᠣᠨ᠎ᠠᠴᠠ ᠡᠮᠦᠨ᠎ᠡ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠢᠯᠡᠳᠲᠡ ᠠᠬᠢᠴᠠ᠎ᠲᠠᠢ ᠪᠣᠯᠭᠠᠬᠤ᠎ᠶ᠋ᠢ ᠪᠠᠲᠤᠯᠠᠬᠤ ᠬᠡᠷᠡᠭ᠌ᠲᠡᠶ᠃ ᠴᠢᠬᠤᠯᠠ ᠶᠡᠭᠡ ᠤᠴᠢᠷ ᠶᠠᠪᠤᠳᠠᠯ᠎ᠢ ᠴᠠᠭ ᠲᠤᠬᠠᠢᠳᠤᠨᠢ ᠨᠠᠮ᠎ᠤᠨ ᠲᠥᠪ ᠬᠤᠷᠢᠶ᠎ᠠ᠂ ᠲᠦᠷᠦ᠎ᠶ᠋ᠢᠨ ᠶᠠᠪᠤᠳᠠᠯ᠎ᠤᠨ ᠬᠤᠷᠢᠶ᠎ᠠ᠎ᠳᠤ ᠮᠡᠳᠡᠭᠦᠯᠬᠦ᠌ ᠬᠡᠷᠡᠭ᠌ᠲᠡᠢ᠃