ᠠᠯᠳᠠᠨ ᠪᠠᠳᠠᠭ
ᠨᠡᠢᠭᠡᠮ ᠵᠢᠷᠤᠮ᠎ᠤᠨ ᠭᠤᠣᠯᠯᠠᠭ᠍ᠴᠢ ᠥᠷᠲᠡᠭ᠎ᠤᠨ ᠦᠵᠡᠯᠲᠡ᠎ᠶ᠋ᠢ ᠪᠤᠢᠵᠢᠭᠤᠯᠤᠨ ᠪᠠᠳᠠᠷᠠᠭᠤᠯᠬᠤ᠎ᠳᠤ ᠡᠷᠬᠡᠪᠰᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠳᠤ ᠰᠠᠭᠤᠷᠢᠯᠠᠬᠤ ᠬᠡᠷᠡᠭ᠌ᠲᠡᠢ᠃ ᠪᠠᠲᠤ ᠪᠠᠬᠢ ᠭᠤᠣᠯᠯᠠᠭ᠍ᠴᠢ ᠥᠷᠲᠡᠭ᠎ᠤᠨ ᠦᠵᠡᠯᠲᠡ ᠶᠡᠷᠦ᠎ᠨᠢ ᠦᠨᠳᠦᠰᠦ ᠰᠠᠭᠤᠷᠢ᠎ᠲᠠᠢ ᠪᠠᠢᠳᠠᠭ᠃ ᠤᠯᠠᠮᠵᠢᠯᠠᠯ᠎ᠢᠶᠠᠨ ᠲᠠᠶᠠᠭ᠍ᠳᠠᠵᠤ᠂ ᠦᠨᠳᠦᠰᠦ᠎ᠪᠠᠨ ᠠᠯᠳᠠᠬᠤ᠎ᠨᠢ ᠳᠠᠷᠤᠢ ᠥᠪᠡᠷ᠎ᠤᠨ ᠤᠶᠤᠨ ᠰᠠᠨᠠᠭᠠᠨ᠎ᠤ ᠠᠮᠢᠨ ᠰᠤᠳᠠᠰᠤ᠎ᠪᠠᠨ ᠲᠠᠰᠤᠯᠤᠭ᠍ᠰᠠᠨ᠎ᠲᠠᠢ ᠠᠳᠠᠯᠢ ᠶᠤᠮ᠃ ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠪᠣᠯ ᠮᠠᠨ᠎ᠤ ᠳᠡᠯᠡᠬᠡᠶ᠎ᠶ᠋ᠢᠨ ᠰᠣᠶᠣᠯ᠎ᠤᠨ ᠳᠠᠪᠠᠯᠭᠠᠨ᠎ᠳᠤ ᠯᠠᠪᠳᠠᠭᠤᠨ ᠵᠤᠭ᠍ᠰᠤᠬᠤᠶ᠋ᠢᠨ ᠪᠠᠲᠤ ᠰᠠᠭᠤᠷᠢ ᠮᠥᠨ᠃
— ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠤᠯᠤᠰ ᠲᠦᠷᠦ᠎ᠶ᠋ᠢᠨ ᠲᠣᠪᠴᠢᠶᠠᠨ᠎ᠤ ᠠᠷᠪᠠᠨ ᠭᠤᠷᠪᠠᠳᠤᠭᠠᠷ ᠤᠳᠠᠭᠠᠨ᠎ᠤ ᠬᠠᠮᠲᠤ᠎ᠶ᠋ᠢᠨ ᠰᠤᠷᠤᠯᠴᠠᠯᠭ᠎ᠠ ᠳᠡᠭᠡᠷ᠎ᠡ ᠬᠡᠯᠡᠭ᠌ᠰᠡᠨ ᠶᠠᠷᠢᠶ᠎ᠠ᠎ᠠᠴᠠ ᠠᠪᠤᠪᠠ
(2014 ᠣᠨ᠎ᠤ 2 ᠰᠠᠷ᠎ᠠ᠎ᠶ᠋ᠢᠨ 24 ᠤ ᠡᠳᠦᠷ)
ᠡᠷᠲᠡᠨ᠎ᠠᠴᠠ ᠣᠳᠣ ᠪᠣᠯᠲᠠᠯ᠎ᠠ ᠨᠠᠰᠤᠲᠠᠢᠴᠤᠳ᠎ᠤᠨ ᠪᠠᠶᠡᠷ ᠪᠣᠯ ᠮᠠᠨ᠎ᠤ ᠤᠯᠤᠰ᠎ᠤᠨ ᠴᠢᠬᠤᠯᠠ ᠤᠯᠠᠮᠵᠢᠯᠠᠯᠲᠤ ᠪᠠᠶᠠᠷ᠎ᠤᠨ ᠡᠳᠦᠷ᠎ᠤᠨ ᠨᠢᠭᠡ ᠪᠤᠯᠤᠨ᠎ᠠ᠃ ᠡᠷᠲᠡᠨ᠎ᠤ ᠨᠠᠰᠤᠲᠠᠢᠴᠤᠳ᠎ᠤᠨ ᠪᠠᠶᠠᠷ᠎ᠤᠨ ᠡᠳᠦᠷ ᠳᠡᠭᠡᠳᠦᠰ᠎ᠢᠶᠠᠨ ᠲᠠᠬᠢᠬᠤ᠂ ᠥᠨᠳᠥᠷ᠎ᠲᠤ ᠠᠪᠠᠷᠢᠬᠤ᠂ ᠨᠠᠮᠤᠷ᠎ᠤᠨ ᠬᠤᠷᠢᠶᠠᠯᠲᠠ᠎ᠶ᠋ᠢᠨ ᠦᠷ᠎ᠡ ᠵᠢᠮᠢᠰ᠎ᠢᠶᠠᠨ ᠭᠠᠳᠠᠨ᠎ᠠ ᠬᠠᠲᠠᠭᠠᠬᠤ ᠵᠡᠷᠭᠡ ᠠᠷᠠᠳ᠎ᠤᠨ ᠵᠠᠩᠱᠢᠯ ᠪᠠᠢᠭ᠍ᠰᠠᠨ ᠪᠥᠭᠡᠳ ᠣᠳᠣ ᠬᠦᠷᠲᠡᠯ᠎ᠡ ᠬᠠᠳᠠᠭᠠᠯᠠᠭ᠍ᠳᠠᠭ᠍ᠰᠠᠭᠠᠷ ᠪᠠᠢᠨ᠎ᠠ᠃ 2006 ᠣᠨ᠎ᠳᠤ᠂ ᠨᠠᠰᠤᠲᠠᠢᠴᠤᠳ᠎ᠤᠨ ᠪᠠᠶᠠᠷ᠎ᠢ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠠᠩᠬᠠᠨ᠎ᠤ ᠪᠦᠯᠦᠭ᠎ᠤᠨ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠡᠷᠡᠰ᠎ᠲᠤ ᠣᠷᠣᠭᠤᠯᠵᠠᠶ᠃
ᠴᠠᠭ ᠦᠶ᠎ᠡ᠎ᠶ᠋ᠢᠨ ᠬᠥᠭ᠌ᠵᠢᠯᠲᠡ᠎ᠶ᠋ᠢ ᠳᠠᠭᠠᠯᠳᠤᠨ᠂ ᠡᠨᠡ ᠬᠦ᠌ ᠪᠠᠶᠠᠷ᠎ᠤᠨ ᠡᠳᠦᠷ ᠣᠳᠣᠬᠠᠨ᠎ᠳᠤ ᠨᠠᠰᠤᠲᠠᠨ᠎ᠢᠶᠠᠨ ᠬᠦᠨᠳᠦᠯᠡᠬᠦ᠌ ᠱᠢᠨ᠎ᠡ ᠠᠭᠤᠯᠤᠭ᠍ᠳᠠᠬᠤᠨ᠎ᠲᠠᠢ ᠪᠣᠯᠵᠠᠶ᠃ 1989 ᠣᠨ᠎ᠳᠤ ᠮᠠᠨ᠎ᠤ ᠤᠯᠤᠰ ᠪᠢᠯᠢᠭ᠎ᠤᠨ ᠤᠯᠠᠷᠢᠯ᠎ᠤᠨ ᠶᠢᠰᠦᠨ ᠰᠠᠷ᠎ᠠ᠎ᠶ᠋ᠢᠨ ᠶᠢᠰᠦ᠎ᠨᠢ ᠨᠠᠰᠤᠲᠠᠢᠴᠤᠳ᠎ᠤᠨ ᠪᠠᠶᠠᠷ᠎ᠤᠨ ᠡᠳᠦᠷ᠂ ᠨᠠᠰᠤᠳᠠᠨ᠎ᠢᠶᠠᠨ ᠬᠦᠨᠳᠦᠯᠡᠬᠦ᠌ ᠪᠠᠶᠠᠷ᠎ᠤᠨ ᠡᠳᠦᠷ᠎ᠢᠶᠠᠷ ᠲᠣᠭ᠍ᠲᠠᠭᠠᠪᠠ; 2012 ᠣᠨ᠎ᠳᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠱᠢᠨ᠎ᠡ᠎ᠪᠠᠷ ᠵᠠᠰᠠᠪᠤᠷᠢ ᠣᠷᠣᠭᠤᠯᠤᠭ᠍ᠰᠠᠨ 《ᠨᠠᠰᠤᠲᠠᠢᠴᠤᠳ᠎ᠤᠨ ᠡᠷᠬᠡ ᠠᠱᠢᠭ᠎ᠢ ᠪᠠᠲᠤᠯᠠᠬᠤ ᠬᠠᠤᠯᠢ》 ᠶ᠋ᠢ ᠪᠠᠲᠤᠯᠠᠵᠤ᠂ ᠠᠩᠬ᠎ᠠ ᠤᠳᠠᠭ᠎ᠠ ᠬᠠᠤᠯᠢ ᠴᠠᠭᠠᠵᠠ᠎ᠶ᠋ᠢᠨ ᠬᠡᠯᠪᠡᠷᠢ᠎ᠪᠠᠷ ᠵᠢᠯ ᠪᠦᠷᠢ᠎ᠶ᠋ᠢᠨ ᠪᠢᠯᠢᠭ᠎ᠤᠨ ᠤᠯᠠᠷᠢᠯ᠎ᠤᠨ ᠶᠢᠰᠦᠨ ᠰᠠᠷ᠎ᠠ᠎ᠶ᠋ᠢᠨ ᠱᠢᠨ᠎ᠡ᠎ᠶ᠋ᠢᠨ ᠶᠢᠰᠦ᠎ᠨᠢ ᠨᠠᠰᠤᠲᠠᠢᠴᠤᠳ᠎ᠤᠨ ᠪᠠᠶᠠᠷ᠎ᠤᠨ ᠡᠳᠦᠷ᠎ᠢᠶᠠᠷ ᠲᠣᠭ᠍ᠲᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠨᠠᠰᠤᠲᠠᠨ᠎ᠢᠶᠠᠨ ᠬᠦᠨᠳᠦᠯᠡᠬᠦ᠂ ᠨᠠᠰᠤᠲᠠᠨ᠎ᠢᠶᠠᠨ ᠠᠰᠠᠷᠠᠬᠤ᠂ ᠨᠠᠰᠤᠲᠠᠨ᠎ᠢᠶᠠᠨ ᠬᠠᠪᠰᠤᠷᠬᠤ ᠤᠯᠠᠮᠵᠢᠯᠠᠯᠲᠤ ᠰᠠᠢᠬᠠᠨ ᠰᠤᠷᠲᠠᠯ᠎ᠢ ᠪᠠᠳᠠᠷᠠᠭᠤᠯᠬᠤ᠎ᠪᠠᠷ ᠵᠤᠷᠢᠭ᠍ᠰᠠᠨ ᠪᠠᠢᠨ᠎ᠠ᠃

ᠨᠠᠰᠤᠲᠠᠢᠴᠤᠳ᠎ᠤᠨ ᠪᠠᠶᠠᠷ᠎ᠢ ᠤᠯᠠᠮᠵᠢᠯᠠᠬᠤ᠎ᠶ᠋ᠢᠨ ᠳᠤᠮᠳᠠ ᠬᠥᠭ᠌ᠵᠢᠭᠦᠯᠵᠦ᠍᠂ ᠬᠥᠭ᠌ᠵᠢᠭᠦᠯᠬᠦ᠌᠎ᠶ᠋ᠢᠨ ᠳᠤᠮᠳᠠ ᠤᠯᠠᠮᠵᠢᠯᠠᠬ᠍ᠰᠠᠭᠠᠷ ᠢᠷᠡᠭ᠌ᠰᠡᠨ ᠶᠤᠮ᠃
ᠲᠠᠩ ᠤᠯᠤᠰ᠎ᠤᠨ ᠦᠶ᠎ᠡ᠎ᠳᠤ ᠶᠢᠰᠦᠨ ᠰᠠᠷ᠎ᠠ᠎ᠶ᠋ᠢᠨ ᠶᠢᠰᠦᠨ᠎ᠤ ᠡᠳᠦᠷ᠎ᠢ ᠬᠤᠤᠰ ᠶᠢᠰᠦᠨ᠎ᠤ ᠪᠠᠶᠠᠷ᠎ᠤᠨ ᠡᠳᠦᠷ᠎ᠢᠶᠠᠷ ᠲᠤᠭ᠍ᠲᠠᠭᠠᠵᠠᠢ
ᠬᠤᠤᠰ ᠶᠢᠰᠤᠨᠤ ᠪᠠᠶᠠᠷ ᠬᠡᠵᠢᠶ᠎ᠡ ᠡᠭᠦᠰᠦᠭ᠌ᠰᠡᠨ ᠪᠤᠢ᠂ ᠶᠠᠮᠠᠷ ᠢᠷᠡᠯᠲᠡ᠎ᠲᠠᠢ ᠪᠤᠢ? ᠶᠠᠭᠤᠨ᠎ᠳᠤ ᠵᠢᠯ ᠪᠦᠷᠢ᠎ᠶ᠋ᠢᠨ ᠶᠢᠰᠦᠨ ᠰᠠᠷ᠎ᠠ᠎ᠶ᠋ᠢᠨ ᠶᠢᠰᠦᠨ᠎ᠤ ᠡᠳᠦᠷ᠎ᠢ ᠬᠤᠤᠰ ᠶᠢᠰᠦᠨ᠎ᠤ ᠪᠠᠶᠠᠷ᠎ᠢᠶᠠᠷ ᠲᠣᠭ᠍ᠲᠠᠭᠠᠭ᠍ᠰᠠᠨ ᠪᠤᠢ? ᠥᠪᠥᠷ ᠮᠣᠩᠭᠤᠯ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠳᠡᠳ᠋ ᠰᠤᠳᠤᠯᠤᠭ᠍ᠴᠢ ᠯᠢᠦ ᠴᠦᠨ ᠽᠢ ᠶᠢᠰᠦᠨ ᠰᠠᠷ᠎ᠠ᠎ᠶ᠋ᠢᠨ ᠶᠢᠰᠦᠨ᠎ᠤ ᠪᠠᠶᠠᠷ᠎ᠤᠨ ᠡᠭᠦᠰᠦᠯ ᠪᠠ ᠢᠷᠡᠯᠳᠡ᠎ᠶ᠋ᠢᠨ ᠲᠤᠬᠠᠢ ᠲᠠᠢᠯᠪᠤᠷᠢᠯᠠᠨ ᠶᠠᠷᠢᠨ᠎ᠠ᠃ 《ᠡᠷᠲᠡᠨ᠎ᠤ ᠦᠶ᠎ᠡ᠎ᠳᠤ᠂ ᠮᠠᠨ᠎ᠤ ᠤᠯᠤᠰ᠎ᠤᠨ ᠲᠤᠭ᠎ᠠ ᠠᠷᠭ᠎ᠠ ᠪᠢᠯᠢᠭ᠎ᠤᠨ ᠢᠯᠭᠠᠭ᠎ᠠ᠎ᠲᠠᠢ᠂ ᠶᠢᠰᠦ ᠪᠤᠯ ᠠᠷᠭ᠎ᠠ ᠲᠤᠭ᠎ᠠ ᠪᠠᠢᠵᠤ᠂ ᠳᠠᠩ ᠲᠣᠭᠠᠨ᠎ᠤ ᠬᠠᠮᠤᠭ᠎ᠤᠨ ᠶᠡᠭᠡ ᠲᠤᠭ᠎ᠠ ᠪᠤᠯᠤᠨ᠎ᠠ᠂ ᠡᠢᠮᠦ᠎ᠠᠴᠠ ᠣᠷᠳᠣ ᠤᠳᠠᠭᠠᠨ᠂ ᠣᠷᠳᠣ ᠨᠠᠰᠤᠯᠠᠬᠤ ᠭᠡᠰᠡᠨ ᠤᠳᠭ᠎ᠠ᠎ᠲᠠᠢ᠃ ᠪᠢᠯᠢᠭ᠎ᠤᠨ ᠤᠯᠠᠷᠢᠯ᠎ᠤᠨ ᠶᠢᠰᠦᠨ ᠰᠠᠷ᠎ᠠ᠎ᠶ᠋ᠢᠨ ᠱᠢᠨ᠎ᠡ᠎ᠶ᠋ᠢᠨ ᠶᠢᠰᠦᠨ᠎ᠤ ᠡᠳᠦᠷ ᠬᠤᠶᠠᠷ ᠶᠢᠰᠦ ᠳᠠᠪᠬᠤᠴᠠᠵᠤ᠂ ᠬᠤᠤᠰ ᠶᠢᠰᠦᠨ᠎ᠤ ᠡᠳᠦᠷ ᠭᠡᠳᠡᠭ》 ᠭᠡᠵᠦ᠍ ᠯᠢᠦ ᠴᠦᠨ ᠽᠢ ᠶᠠᠷᠢᠨ᠎ᠠ᠃ ᠶᠢᠰᠦᠨ ᠰᠠᠷ᠎ᠠ᠎ᠶ᠋ᠢᠨ ᠶᠢᠰᠦᠨ᠎ᠤ ᠪᠠᠶᠠᠷ᠎ᠤᠨ ᠡᠬᠢ ᠡᠭᠦᠰᠦᠯ᠎ᠢ ᠴᠢᠨ ᠤᠯᠤᠰ᠎ᠠᠴᠠ ᠡᠮᠦᠨᠡᠬᠢ ᠦᠶ᠎ᠡ ᠬᠦᠷᠲᠡᠯ᠎ᠡ ᠮᠥᠷᠳᠡᠵᠦ᠍ ᠪᠣᠯᠤᠨ᠎ᠠ᠂ ᠲᠤᠬᠠᠶ᠎ᠶ᠋ᠢᠨ ᠦᠶ᠎ᠡ᠎ᠳᠤ ᠨᠠᠮᠤᠷ᠎ᠤᠨ ᠶᠢᠰᠦᠨ ᠰᠠᠷ᠎ᠠ᠎ᠶ᠋ᠢᠨ ᠡᠯᠪᠡᠭ ᠬᠤᠷᠢᠶᠠᠯᠲᠠ᠎ᠶ᠋ᠢᠨ ᠦᠶ᠎ᠡ᠎ᠳᠤ ᠲᠩᠷᠢ ᠲᠠᠬᠢᠬᠤ᠂ ᠳᠡᠭᠡᠳᠦᠰ᠎ᠢᠶᠠᠨ ᠳᠠᠬᠢᠬᠤ ᠠᠵᠢᠯᠯᠠᠭ᠎ᠠ ᠬᠢᠵᠦ᠍ ᠪᠠᠢᠵᠠᠢ᠃ 《ᠭᠤᠷᠪᠠᠨ ᠤᠯᠤᠰ᠎ᠤᠨ ᠣᠢᠶ᠎ᠠ᠎ᠳᠤ ᠶᠢᠰᠦᠨ ᠰᠠᠷ᠎ᠠ᠎ᠶ᠋ᠢᠨ ᠶᠢᠰᠦᠨ᠎ᠤ ᠪᠠᠶᠠᠷ᠎ᠤᠨ ᠲᠤᠬᠠᠶ ᠲᠡᠮᠳᠡᠭ᠌ᠯᠡᠯ᠎ᠲᠠᠢ ᠪᠣᠯᠵᠠᠶ》 ᠭᠡᠵᠦ᠍ ᠯᠢᠦ ᠴᠦᠨ ᠽᠢ ᠶᠠᠷᠢᠨ᠎ᠠ᠃ ᠬᠠᠷᠢᠨ ᠸᠧᠶᠶ᠋ᠢᠨᠤ ᠦᠶ᠎ᠡ ᠪᠣᠯᠬᠤ᠎ᠳᠤ᠂ ᠶᠢᠰᠦᠨ ᠰᠠᠷ᠎ᠠ᠎ᠶ᠋ᠢᠨ ᠱᠢᠨ᠎ᠡ᠎ᠶ᠋ᠢᠨ ᠶᠢᠰᠦᠨ᠎ᠳᠤ ᠪᠠᠰᠠ ᠤᠳᠪᠠᠯᠠ ᠰᠣᠨᠢᠷᠬᠠᠬᠤ᠂ ᠠᠷᠢᠬᠢ ᠤᠤᠭᠤᠬᠤ ᠵᠠᠩᠱᠢᠯ᠎ᠲᠠᠢ ᠪᠣᠯᠵᠠᠶ᠃ ᠲᠠᠩ ᠤᠯᠤᠰ᠎ᠤᠨ ᠦᠶ᠎ᠡ᠎ᠳᠤ ᠬᠦᠷᠦᠭᠡᠳ ᠶᠢᠰᠦᠨ ᠰᠠᠷ᠎ᠠ᠎ᠶ᠋ᠢᠨ ᠱᠢᠨ᠎ᠡ᠎ᠶ᠋ᠢᠨ ᠶᠢᠰᠦ᠎ᠨᠢ ᠬᠤᠤᠰ ᠶᠢᠰᠦᠨ᠎ᠤ ᠪᠠᠶᠠᠷ ᠭᠡᠵᠦ᠍ ᠵᠢᠩᠬᠢᠨᠢ᠎ᠪᠠᠷ ᠲᠣᠭ᠍ᠲᠠᠭᠠᠪᠠ᠃
ᠯᠢᠦ ᠴᠦᠨ ᠽᠢᠶ᠋ᠢᠨ ᠶᠠᠷᠢᠬᠤ᠎ᠪᠠᠷ᠂ ᠡᠭᠦᠨ᠎ᠠᠴᠠ ᠬᠤᠢᠰᠢ ᠲᠥᠷᠥ᠍ ᠭᠦᠷᠦᠨ᠂ ᠠᠷᠠᠳ ᠢᠷᠭᠡᠳ ᠬᠠᠮᠲᠤ᠎ᠪᠠᠷ ᠶᠢᠰᠦᠨ ᠰᠠᠷ᠎ᠠ᠎ᠶ᠋ᠢᠨ ᠶᠢᠰᠦᠨ᠎ᠤ ᠪᠠᠶᠠᠷ᠎ᠢ ᠪᠡᠯᠭᠡᠯᠡᠬᠦ᠌᠎ᠶ᠋ᠢᠨ ᠬᠠᠮᠲᠤ ᠪᠠᠶᠠᠷ᠎ᠤᠨ ᠡᠳᠦᠷ᠎ᠤᠨ ᠬᠤᠭᠤᠴᠠᠭᠠᠨ᠎ᠳᠤ ᠥᠨᠳᠥᠷ᠎ᠲᠤ ᠠᠪᠠᠷᠢᠬᠤ᠂ ᠵᠢᠭᠤᠯᠴᠢᠯᠠᠬᠤ᠂ ᠳᠠᠢᠯᠠᠯᠭ᠎ᠠ ᠬᠢᠬᠦ᠌ ᠪᠠ ᠣᠯᠠᠨ ᠶᠠᠩᠵᠤ᠎ᠶ᠋ᠢᠨ ᠵᠤᠭ᠎ᠠ ᠴᠡᠩᠭᠡᠯ᠎ᠤᠨ ᠠᠵᠢᠯᠯᠠᠭ᠎ᠠ ᠥᠷᠨᠢᠭᠦᠯᠬᠦ᠌ ᠪᠣᠯᠪᠠ᠃ ᠮᠢᠩ᠂ ᠴᠢᠩ ᠤᠯᠤᠰ᠎ᠤᠨ ᠦᠶ᠎ᠡ᠎ᠳᠤ ᠶᠢᠰᠦᠨ ᠰᠠᠷ᠎ᠠ᠎ᠶ᠋ᠢᠨ ᠶᠢᠰᠦᠨ᠎ᠤ ᠪᠠᠶᠠᠷ᠎ᠤᠨ ᠵᠠᠩ ᠦᠢᠯᠡ᠎ᠶ᠋ᠢᠨ ᠠᠵᠢᠯᠯᠠᠭ᠎ᠠ ᠮᠥᠨ ᠯᠡ ᠤᠯᠠᠮᠵᠢᠯᠠᠭ᠍ᠳᠠᠨ ᠳᠡᠯᠭᠡᠷᠡᠭ᠌ᠰᠡᠨ ᠭᠡᠨ᠎ᠡ᠃
ᠣᠳᠣ ᠶᠢᠰᠦᠨ ᠰᠠᠷ᠎ᠠ᠎ᠶ᠋ᠢᠨ ᠶᠢᠰᠦᠨ᠎ᠤ ᠪᠠᠶᠠᠷ᠎ᠢ ᠲᠡᠮᠲᠡᠭ᠌ᠯᠡᠬᠦ᠌ᠳᠤ ᠴᠢᠯᠥᠭᠡ ᠲᠠᠯᠪᠢᠬᠤ ᠦᠭᠡᠢ᠃ ᠲᠡᠦᠬᠡᠨ ᠮᠠᠲ᠋ᠧᠷᠢᠶᠠᠯ᠎ᠳᠤ ᠲᠡᠮᠳᠡᠭ᠌ᠯᠡᠭ᠌ᠰᠡᠨ᠎ᠢᠶᠠᠷ᠂ ᠰᠦᠩ ᠤᠯᠤᠰ᠎ᠤᠨ ᠶᠢᠰᠦᠨ ᠰᠠᠷ᠎ᠠ᠎ᠶ᠋ᠢᠨ ᠶᠢᠰᠦᠨ᠎ᠤ ᠪᠠᠶᠠᠷ ᠪᠣᠯ ᠬᠠᠷᠢᠨ ᠬᠠᠤᠯᠢ᠎ᠪᠠᠷ ᠲᠣᠭ᠍ᠲᠠᠭᠠᠭ᠍ᠰᠠᠨ ᠠᠮᠠᠷᠠᠯᠲᠠ ᠪᠠᠢᠵᠠᠢ᠃ ᠰᠦᠩ ᠱᠸᠠᠽᠦᠡᠭ ᠬᠠᠭᠠᠨ ᠰᠠᠭᠤᠷᠢᠨ᠎ᠳᠤ ᠰᠠᠭᠤᠭ᠍ᠰᠠᠨᠤ ᠳᠠᠷᠠᠭ᠎ᠠ ᠶᠢᠰᠦᠨ ᠰᠠᠷ᠎ᠠ᠎ᠶ᠋ᠢᠨ ᠶᠢᠰᠦᠨ᠎ᠤ ᠪᠠᠶᠠᠷ᠎ᠤᠨ ᠠᠮᠠᠷᠠᠯᠲᠠ᠎ᠶ᠋ᠢᠨ ᠬᠤᠭᠤᠴᠠᠭ᠎ᠠ᠎ᠶ᠋ᠢ ᠬᠤᠶᠠᠷ ᠡᠳᠦᠷ ᠪᠤᠯᠭᠠᠨ ᠤᠷᠲᠤᠳᠭᠠᠪᠠ᠃
ᠱᠢᠨ᠎ᠡ ᠴᠠᠭ ᠦᠶ᠎ᠡ᠎ᠶ᠋ᠢᠨ ᠨᠠᠰᠤᠳᠠᠢᠴᠤᠳ᠎ᠤᠨ ᠪᠠᠶᠠᠷᠲᠤ ᠨᠠᠰᠤᠳᠠᠨ᠎ᠢᠶᠠᠨ ᠬᠦᠨᠳᠦᠯᠡᠬᠦ᠌ ᠠᠷᠭ᠎ᠠ ᠪᠠᠷᠢᠯ ᠤᠯᠠᠨ ᠣᠨ ᠰᠠᠷ᠎ᠠ ᠤᠷᠴᠢᠵᠤ᠂ ᠴᠠᠭ ᠦᠶ᠎ᠡ ᠬᠤᠪᠢᠷᠠᠵᠦ᠍ ᠯᠡ ᠪᠠᠢᠨ᠎ᠠ᠃
ᠰᠦᠩ ᠾᠧ ᠫᠢᠩ ᠪᠤᠯ ᠥᠪᠥᠷ ᠮᠣᠩᠭᠤᠯ᠎ᠤᠨ ᠨᠡᠷ᠎ᠡ ᠬᠦᠨᠳᠦᠲᠦ ᠵᠠᠭᠤᠴᠢᠯᠠᠭᠤᠷ᠎ᠤᠨ ᠬᠥᠮᠦᠨ᠂ ᠰᠣᠶᠣᠯ ᠵᠢᠭᠤᠯᠴᠢᠯᠠᠯ᠎ᠤᠨ ᠲᠤᠰᠭᠠᠶ ᠮᠡᠷᠭᠡᠵᠢᠯᠲᠡᠨ ᠪᠤᠯᠤᠨ᠎ᠠ᠃ 2020 ᠣᠨ᠎ᠳᠤ᠂ ᠬᠥᠬᠡᠬᠤᠲᠠ᠎ᠶ᠋ᠢᠨ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠤᠨ ᠳᠡᠮᠵᠢᠯᠭᠡ᠎ᠪᠠᠷ ᠲᠡᠷᠡ ᠬᠥᠬᠡᠬᠤᠲᠠ᠎ᠶ᠋ᠢᠨ ᠬᠡᠳᠦᠨ ᠪᠠᠢᠭᠤᠯᠤᠮᠵᠢ᠎ᠲᠠᠢ ᠬᠠᠮᠲᠤᠷᠠᠨ᠂ 《ᠪᠦᠯᠬᠦᠮᠳᠡᠯ᠎ᠤᠨ ᠠᠶᠠᠰ ᠴᠢᠪᠬᠠᠳᠠᠭ᠍ᠰᠠᠨ ᠨᠠᠰᠤᠲᠠᠢᠴᠤᠳ᠎ᠤᠨ ᠪᠠᠶᠠᠷ — 〈ᠴᠡᠯᠡᠭᠡᠷ ᠲᠠᠯ᠎ᠠ᠎ᠶ᠋ᠢᠨ ᠦᠨᠦᠷ ᠠᠮᠳᠠ〉》 ᠨᠠᠰᠤᠲᠠᠨ᠎ᠢᠶᠠᠨ ᠬᠦᠨᠳᠦᠯᠡᠬᠦ᠌ ᠠᠵᠢᠯᠯᠠᠭ᠎ᠠ᠎ᠶ᠋ᠢ ᠬᠠᠮᠲᠤ᠎ᠪᠠᠷ ᠲᠥᠰᠦᠪᠯᠡᠨ ᠡᠷᠬᠢᠯᠡᠪᠡ᠃
《ᠮᠠᠨ᠎ᠤ ᠠᠵᠢᠯᠯᠠᠭ᠎ᠠ 3 ᠡᠳᠦᠷ ᠶᠠᠪᠤᠭ᠍ᠳᠠᠵᠤ᠂ 2020 ᠣᠨ᠎ᠤ 10 ᠰᠠᠷ᠎ᠠ᠎ᠶ᠋ᠢᠨ 23 ᠤ ᠡᠳᠦᠷ᠎ᠠᠴᠠ 10 ᠰᠠᠷ᠎ᠠ᠎ᠶ᠋ᠢᠨ 25 ᠤ ᠡᠳᠦᠷ ᠳᠠᠷᠤᠢ ᠨᠠᠰᠤᠲᠠᠢᠴᠤᠳ᠎ᠤᠨ ᠪᠠᠶᠠᠷ᠎ᠤᠨ ᠡᠳᠦᠷ ᠪᠣᠯᠲᠠᠯ᠎ᠠ ᠶᠠᠪᠤᠭ᠍ᠳᠠᠵᠠᠢ᠃ ᠠᠵᠢᠯᠯᠠᠭ᠎ᠠ᠎ᠶ᠋ᠢᠨ ᠬᠤᠭᠤᠴᠠᠭᠠᠨ᠎ᠳᠤ᠂ 65 ᠨᠠᠰᠤᠨ᠎ᠠᠴᠠ ᠳᠡᠭᠡᠭ᠌ᠰᠢᠬᠢ ᠨᠠᠰᠤᠲᠠᠢᠴᠤᠳ ᠦᠨ᠎ᠡ ᠲᠦᠯᠦᠪᠦᠷᠢ ᠥᠬᠡᠶ᠎ᠪᠠᠷ ᠨᠠᠰᠤᠲᠠᠨ᠎ᠢᠶᠠᠨ ᠬᠦᠨᠳᠦᠯᠡᠬᠦ᠌ ᠬᠤᠭᠤᠯᠠ᠎ᠶ᠋ᠢ ᠠᠮᠲᠠᠯᠠᠵᠤ᠂ ᠠᠯᠪᠠᠨ ᠵᠢᠷᠤᠮ᠎ᠤᠨ ᠡᠮᠴᠢᠯᠡᠭᠡ ᠬᠢᠯᠭᠡᠨ᠂ ᠠᠯᠪᠠᠨ ᠵᠢᠷᠤᠮ᠎ᠤᠨ ᠲᠣᠭ᠍ᠯᠠᠯᠲᠠ᠎ᠶ᠋ᠢ ᠰᠣᠨᠢᠷᠬᠠᠵᠤ ᠪᠣᠯᠤᠨ᠎ᠠ》 ᠭᠡᠵᠦ᠍ ᠰᠦᠩ ᠾᠧ ᠫᠢᠩ ᠬᠡᠯᠡᠨ᠎ᠡ᠃ ᠠᠵᠢᠯᠯᠠᠭ᠎ᠠ᠎ᠶ᠋ᠢᠨ ᠦᠶ᠎ᠡ᠎ᠳᠤ ᠨᠠᠰᠤᠲᠠᠢᠴᠤᠳ᠎ᠤᠨ ᠪᠠᠶᠠᠷᠲᠤ ᠶᠢᠰᠦᠨ ᠰᠠᠷ᠎ᠠ᠎ᠶ᠋ᠢᠨ ᠶᠢᠰᠦᠨ᠎ᠤ ᠪᠣᠭᠤᠷᠰᠤᠭ ᠢᠳᠡᠬᠦ᠂ ᠤᠳᠪᠠᠯᠠ᠎ᠶ᠋ᠢᠨ ᠠᠷᠢᠬᠢ ᠤᠤᠭᠤᠬᠤ ᠵᠡᠷᠭᠡ ᠵᠠᠩ ᠳᠠᠳᠭᠠᠯ᠎ᠢ ᠦᠨᠳᠦᠰᠦᠯᠡᠨ᠂ ᠬᠥᠬᠡᠬᠤᠲᠠ᠎ᠶ᠋ᠢᠨ ᠪᠣᠳᠠᠲᠤ ᠪᠠᠢᠳᠠᠯ᠎ᠲᠠᠢ ᠤᠶᠠᠯᠳᠤᠭᠤᠯᠵᠤ᠂ ᠨᠠᠰᠤᠲᠠᠨ᠎ᠢᠶᠠᠨ ᠬᠦᠨᠳᠦᠯᠡᠬᠦ᠌ ᠬᠤᠭᠤᠯᠠᠨ᠎ᠳᠤ ᠲᠠᠯ᠎ᠠ ᠨᠤᠲᠤᠭ᠎ᠤᠨ ᠴᠢᠨᠠᠭ᠍ᠰᠠᠨ ᠬᠤᠨᠢᠨ ᠮᠢᠬ᠎ᠠ᠂ ᠲᠣᠰᠣᠨ᠎ᠳᠤ ᠬᠠᠭᠠᠷᠢᠭ᠍ᠰᠠᠨ ᠪᠤᠤᠪᠤ᠂ ᠲᠣᠭ᠍ᠲᠠᠬᠤ ᠱᠢᠶᠠᠨ᠎ᠤ ᠹᠧᠨᠲ᠋ᠢᠶᠤᠤᠷ᠎ᠲᠠᠢ ᠱᠥᠯᠥ᠍᠂ ᠬᠤᠨᠢᠨ ᠮᠢᠬ᠎ᠠ᠎ᠲᠠᠢ ᠰᠠᠭᠠᠭ᠎ᠤᠨ ᠭᠤᠯᠢᠷ᠎ᠤᠨ ᠾᠧᠯᠧ᠂ ᠲᠣᠭ᠍ᠲᠠᠬᠤ ᠱᠢᠶᠠᠨ᠎ᠤ ᠳᠠᠷᠠᠰᠤ᠂ ᠬᠡᠪ᠎ᠤᠨ ᠴᠠᠶ ᠵᠡᠷᠭᠡ ᠢᠳᠡᠭᠡᠨ ᠤᠮᠳᠠᠭᠠᠨ᠎ᠢ ᠬᠠᠩᠭᠠᠵᠠᠢ᠃ ᠲᠤᠬᠠᠢ᠎ᠶ᠋ᠢᠨ ᠲᠠᠯᠠᠪᠠᠢ᠎ᠳᠤ ᠡᠯ ᠷᠧᠨ᠎ᠲᠠᠢ ᠵᠦᠴᠦᠭᠡ᠂ ᠱᠠᠨ ᠰᠢ ᠵᠦᠴᠦᠭᠡ᠂ ᠠᠭᠤᠳᠠᠮ ᠲᠠᠯᠠᠪᠠᠢ᠎ᠶ᠋ᠢᠨ ᠪᠥᠵᠢᠭ᠂ ᠵᠡᠭᠡᠯᠢ᠎ᠶ᠋ᠢᠨ ᠪᠥᠵᠢᠭ ᠵᠡᠷᠭᠡ ᠲᠣᠭ᠍ᠯᠠᠯᠲᠠ ᠭᠠᠷᠭᠠᠵᠤ᠂ ᠪᠠᠰᠠ ᠬᠢᠲᠠᠳ ᠮᠣᠩᠭᠤᠯ ᠧᠦ᠋ᠷᠣᠫᠠ ᠡᠮᠨᠡᠯᠭᠡ᠎ᠶ᠋ᠢᠨ ᠲᠤᠰᠭᠠᠢ ᠮᠡᠷᠭᠡᠵᠢᠯᠲᠡᠳ ᠦᠨ᠎ᠡ ᠲᠥᠯᠥᠪᠦᠷᠢ ᠦᠭᠡᠢ᠎ᠪᠠᠷ ᠨᠠᠰᠤᠲᠠᠢᠴᠤᠳ᠎ᠲᠤ ᠪᠡᠶ᠎ᠡ᠎ᠶ᠋ᠢᠨ ᠪᠠᠢᠴᠠᠭᠠᠯᠲᠠ ᠬᠢᠵᠦ᠍ ᠥᠭ᠌ᠪᠡ᠃
ᠪᠦᠬᠦ᠋ᠢᠯᠡ ᠠᠵᠢᠯᠯᠠᠭ᠎ᠠ ᠠᠭᠤᠯᠭ᠎ᠠ᠎ᠪᠠᠷ ᠪᠠᠶᠠᠯᠢᠭ ᠪᠦᠭᠡᠳ ᠣᠯᠠᠨ ᠲᠦᠮᠡᠨ᠎ᠲᠠᠢ ᠣᠢᠷᠠᠳᠴᠤ᠌᠂ ᠮᠠᠰᠢ ᠰᠠᠢᠨ ᠦᠷ᠎ᠡ ᠪᠦᠲᠦᠮᠵᠢ ᠣᠯᠵᠠᠶ᠃
ᠦᠨᠡᠨ᠎ᠳᠡᠭᠡᠨ ᠨᠠᠰᠤᠲᠠᠨ᠎ᠢᠶᠠᠨ ᠬᠦᠨᠳᠦᠯᠡᠵᠦ᠍ ᠲᠥᠷᠥᠯ ᠰᠠᠳᠤᠨ᠎ᠢᠶᠠᠨ ᠠᠴᠢᠯᠠᠬᠤ᠎ᠨᠢ ᠵᠥᠪᠬᠡᠨ ᠨᠠᠰᠤᠲᠠᠨ᠎ᠢ ᠮᠥᠷᠥ᠍ ᠪᠦᠲᠦᠨ ᠭᠡᠳᠡᠰᠦ ᠴᠠᠳᠭᠤᠯᠠᠩ᠂ ᠡᠷᠡᠭᠦᠯ ᠴᠢᠭᠢᠷᠠᠭ ᠶᠠᠪᠤᠭᠤᠯᠬᠤ ᠯᠡ ᠲᠡᠳᠦᠶ ᠪᠢᠰᠢ᠂ ᠪᠠᠰᠠ ᠲᠡᠳᠡᠨ᠎ᠢ ᠴᠠᠭ ᠦᠶ᠎ᠡ᠎ᠶ᠋ᠢᠨ ᠬᠥᠭ᠌ᠵᠢᠯᠲᠡ᠎ᠶ᠋ᠢ ᠲᠠᠭᠠᠵᠤ᠂ ᠣᠳᠣ ᠦᠶ᠎ᠡ᠎ᠶ᠋ᠢᠨ ᠠᠮᠢᠳᠤᠷᠠᠯ᠎ᠤᠨ ᠳᠥᠭᠦᠮ ᠳᠥᠲᠡ᠎ᠶ᠋ᠢ ᠡᠳ᠋ᠯᠡᠭᠦᠯᠬᠦ᠌ ᠬᠡᠷᠡᠭ᠌ᠲᠡᠶ᠃ ᠪᠤᠭᠤᠲᠤ ᠬᠤᠲᠠ᠎ᠳᠤ ᠰᠠᠭᠤᠵᠤ ᠪᠠᠢᠭ᠎ᠠ ᠰᠥᠩ ᠠᠪᠠᠭ᠍ᠠᠶ 2018 ᠣᠨ᠎ᠳᠤ ᠬᠤᠷᠢᠮᠯᠠᠭ᠍ᠰᠠᠨᠤ ᠳᠠᠷᠠᠭ᠎ᠠ᠂ ᠵᠢᠯ ᠪᠦᠷᠢ᠎ᠶ᠋ᠢᠨ ᠨᠠᠰᠤᠲᠠᠢᠴᠤᠳ᠎ᠤᠨ ᠪᠠᠶᠠᠷᠲᠤ ᠡᠵᠢ᠎ᠳᠡᠭᠡᠨ ᠱᠢᠨ᠎ᠡ ᠮᠠᠶᠢᠭ᠎ᠤᠨ ᠪᠡᠯᠡᠭ ᠠᠪᠴᠤ᠌ ᠥᠭ᠌ᠲᠡᠭ᠂ ᠨᠢᠭᠡ᠎ᠳᠤ ᠲᠡᠭᠦᠨ᠎ᠤ ᠠᠴᠢᠯᠠᠯ᠎ᠤᠨ ᠰᠡᠳᠭᠢᠯ᠎ᠢ ᠬᠠᠷᠠᠭᠤᠯᠵᠤ᠂ ᠬᠤᠶᠠᠷ᠎ᠲᠤ ᠴᠠᠭ ᠦᠶ᠎ᠡ᠎ᠠᠴᠠ ᠬᠤᠴᠤᠷᠤᠭᠤᠯᠤᠯ ᠥᠬᠡᠶ ᠡᠵᠢ᠎ᠪᠠᠨ ᠠᠴᠢᠯᠠᠨᠠ᠃ ᠰᠦᠩ ᠠᠪᠠᠭ᠍ᠠᠢ ᠡᠵᠢ᠎ᠳᠡᠭᠡᠨ ᠨᠢᠭᠤᠷ᠎ᠤᠨ ᠲᠤᠰᠤ᠂ ᠴᠠᠬᠢᠯᠭᠠᠨ ᠱᠢᠳᠦᠨ ᠱᠤᠸᠠᠰᠠ᠂ ᠡᠯᠧᠺᠲᠷᠤᠨ ᠰᠤᠨᠤᠰᠭᠠᠭᠤᠷ ᠵᠡᠷᠭᠡ ᠪᠡᠯᠡᠭ᠌ᠯᠡᠵᠦ᠍ ᠪᠠᠶᠠᠷᠯᠠᠭᠤᠯᠳᠠᠭ᠃
ᠱᠢᠨ᠎ᠡ ᠴᠠᠭ ᠦᠶ᠎ᠡ᠎ᠶ᠋ᠢᠨ ᠨᠠᠰᠤᠲᠠᠢᠴᠤᠳ᠎ᠤᠨ ᠪᠠᠶᠠᠷᠲᠤ ᠨᠠᠰᠤᠲᠠᠨ᠎ᠢᠶᠠᠨ ᠬᠦᠨᠳᠦᠯᠡᠵᠦ᠍ ᠲᠥᠷᠥᠯ ᠰᠠᠳᠤᠨ᠎ᠢᠶᠠᠨ ᠠᠴᠢᠯᠠᠬᠤ ᠠᠷᠭ᠎ᠠ ᠬᠡᠯᠪᠡᠷᠢ ᠨᠢᠭᠡᠨᠲᠡ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠵᠤ᠂ ᠪᠣᠯᠪᠠᠰᠤᠨ ᠡᠶ᠎ᠡ ᠵᠣᠬᠢᠴᠠᠩᠭᠤᠶ ᠤᠯᠠᠨ ᠵᠦᠢᠯ᠎ᠤᠨ ᠬᠡᠯᠪᠡᠷᠢ᠎ᠶ᠋ᠢ ᠢᠯᠡᠷᠡᠭᠦᠯᠵᠤ ᠪᠤᠢ᠃
ᠨᠠᠰᠤᠲᠠᠢᠴᠤᠳ᠎ᠤᠨ ᠪᠠᠶᠠᠷ᠎ᠤᠨ ᠰᠣᠶᠣᠯ᠎ᠤᠨ ᠠᠭᠤᠯᠤᠭ᠍ᠳᠠᠬᠤᠨ ᠪᠠᠶᠠᠯᠢᠭ ᠠᠭᠤᠰᠤᠯᠴᠠᠯ ᠭᠦᠨᠵᠡᠭᠡᠢ
ᠰᠦᠩ ᠾᠧ ᠫᠢᠩ᠎ᠤᠨ ᠬᠡᠯᠡᠬᠦ᠌᠎ᠪᠠᠷ᠂ ᠤᠯᠠᠮᠵᠢᠯᠠᠯᠲᠤ ᠪᠠᠶᠠᠷ᠎ᠤᠨ ᠡᠳᠦᠷ ᠭᠠᠵᠠᠷ ᠣᠷᠣᠨ᠂ ᠠᠭᠤᠷ ᠠᠮᠢᠰᠭᠤᠯ᠎ᠤᠨ ᠢᠯᠭᠠᠭ᠎ᠠ᠎ᠠᠴᠠ ᠪᠣᠯᠵᠤ᠂ ᠪᠠᠶᠠᠷ᠎ᠤᠨ ᠡᠳᠦᠷ᠎ᠤᠨ ᠬᠡᠯᠪᠡᠷᠢ᠎ᠨᠢ ᠪᠠᠰᠠ ᠠᠳᠠᠯᠢ ᠦᠭᠡᠢ᠃ ᠵᠠᠩ ᠦᠢᠯᠡ᠎ᠶ᠋ᠢ ᠦᠨᠳᠦᠰᠦᠯᠡᠪᠡᠯ᠂ ᠨᠠᠰᠤᠲᠠᠢᠴᠤᠳ᠎ᠤᠨ ᠪᠠᠶᠠᠷ᠎ᠤᠨ ᠡᠳᠦᠷ ᠡᠮᠦᠨᠡᠲᠦ ᠣᠷᠣᠨ᠎ᠳᠤ ᠬᠥᠮᠦᠰ ᠲᠠᠷᠠᠨᠠᠶ ᠬᠠᠳᠭᠤᠵᠤ᠂ ᠤᠳᠪᠠᠯᠠ᠎ᠶ᠋ᠢᠨ ᠠᠷᠢᠬᠢ ᠤᠤᠭᠤᠨ᠂ ᠶᠢᠰᠦᠨ ᠰᠠᠷ᠎ᠠ᠎ᠶ᠋ᠢᠨ ᠶᠢᠰᠦᠨ᠎ᠤ ᠪᠣᠭᠤᠷᠰᠤᠭ ᠢᠳᠡᠳᠡᠭ᠂ ᠤᠮᠠᠷᠠᠲᠤ ᠣᠷᠣᠨ᠎ᠤ ᠬᠥᠮᠦᠰ ᠢᠯᠠᠩᠭᠤᠶ᠎ᠠ ᠥᠪᠥᠷ ᠮᠣᠩᠭᠤᠯ᠎ᠤᠨ ᠬᠥᠮᠦᠰ ᠲᠤᠰ ᠡᠳᠦᠷ ᠪᠠᠰᠠ ᠪᠣᠭᠤᠷᠰᠤᠭ ᠢᠳᠡᠵᠦ᠍᠂ ᠨᠠᠰᠤᠲᠠᠨ᠎ᠢᠶᠠᠨ ᠬᠦᠨᠳᠦᠯᠡᠨ᠂ ᠥᠨᠳᠥᠷ᠎ᠲᠤ ᠠᠪᠠᠷᠢᠵᠦ᠍ ᠤᠳᠪᠠᠯᠠ ᠰᠣᠨᠢᠷᠬᠠᠨ᠎ᠠ᠃ ᠭᠡᠪᠡᠴᠦ᠍ ᠡᠮᠦᠨᠡᠲᠦ ᠣᠷᠣᠨ᠎ᠳᠤ ᠴᠦ᠍ ᠭᠡᠰᠡᠨ᠂ ᠤᠮᠠᠷᠠᠲᠤ ᠣᠷᠣᠨ᠎ᠳᠤ ᠴᠦ᠍ ᠭᠡᠰᠡᠨ ᠶᠢᠰᠦᠨ ᠰᠠᠷ᠎ᠠ᠎ᠶ᠋ᠢᠨ ᠶᠢᠰᠦᠨ᠎ᠤ ᠪᠠᠶᠠᠷ ᠲᠡᠦᠬᠡᠨ ᠬᠥᠭ᠌ᠵᠢᠯ᠎ᠤᠨ ᠶᠠᠪᠤᠴᠠ᠎ᠳᠤ ᠠᠯᠢ ᠤᠯᠠᠨ ᠵᠠᠩ ᠥᠢᠯᠨ᠎ᠶ᠋ᠢᠨ ᠠᠭᠤᠯᠭ᠎ᠠ ᠪᠠ ᠰᠣᠶᠣᠯ᠎ᠤᠨ ᠠᠭᠤᠯᠤᠭ᠍ᠳᠠᠬᠤᠨ᠎ᠢ ᠠᠭᠤᠰᠭᠠᠭ᠍ᠰᠠᠨ ᠭᠡᠨ᠎ᠡ᠃
ᠨᠠᠰᠤᠲᠠᠢᠴᠤᠳ᠎ᠤᠨ ᠪᠠᠶᠠᠷ ᠮᠠᠰᠢ ᠣᠯᠠᠨ ᠨᠡᠷ᠎ᠡ᠎ᠲᠠᠢ᠂ ᠪᠠᠰᠠ ᠤᠳᠪᠠᠯᠠ ᠴᠡᠴᠡᠭ᠎ᠤᠨ ᠪᠠᠶᠠᠷ ᠭᠡᠳᠡᠭ᠃ ᠾᠧᠨᠠᠨ ᠮᠤᠵᠢ᠎ᠶ᠋ᠢᠨ ᠱᠠᠩ ᠼᠠᠢ ᠱᠢᠶᠠᠨ ᠪᠣᠯ ᠳᠤᠮᠳᠠᠳᠤ ᠤᠯᠤᠰ᠎ᠤᠨ ᠨᠠᠰᠤᠲᠠᠢᠴᠤᠳ᠎ᠤᠨ ᠪᠠᠶᠠᠷ᠎ᠤᠨ ᠰᠣᠶᠣᠯ᠎ᠤᠨ ᠨᠤᠲᠤᠭ ᠪᠣᠯᠤᠨ᠎ᠠ᠂ 《ᠳᠤᠮᠳᠠᠳᠤ ᠤᠯᠤᠰ · ᠱᠠᠩ ᠼᠠᠢ᠎ᠶ᠋ᠢᠨ ᠶᠢᠰᠦᠨ ᠰᠠᠷ᠎ᠠ᠎ᠶ᠋ᠢᠨ ᠶᠢᠰᠦᠨ᠎ᠤ ᠰᠣᠶᠣᠯ᠎ᠤᠨ ᠨᠠᠢᠷ》 2003 ᠣᠨ᠎ᠠᠴᠠ ᠡᠬᠢᠯᠡᠭᠡᠳ᠂ ᠣᠳᠣ ᠪᠣᠯᠲᠠᠯ᠎ᠠ ᠨᠢᠭᠡᠨᠲᠡ 18 ᠬᠤᠭᠤᠴᠠᠭ᠎ᠠ ᠶᠠᠪᠤᠭ᠍ᠳᠠᠵᠠᠶ᠃ ᠵᠢᠯ ᠪᠦᠷᠢ᠎ᠶ᠋ᠢᠨ ᠠᠵᠢᠯᠯᠠᠭ᠎ᠠ᠎ᠳᠤ 《ᠨᠠᠰᠤᠲᠠᠨ᠎ᠢᠶᠠᠨ ᠬᠦᠨᠳᠦᠯᠡᠬᠦ᠌》 ᠠᠭᠤᠯᠭ᠎ᠠ᠎ᠶ᠋ᠢ ᠤᠷᠤᠭᠤᠯᠳᠠᠭ᠃ ᠲᠡᠦᠬᠡᠨ ᠲᠡᠮᠳᠡᠭ᠌ᠯᠡᠯ᠎ᠳᠤ᠂ ᠸᠧᠶ᠎ᠶ᠋ᠢᠨ ᠤᠯᠤᠰ᠎ᠤᠨ ᠦᠶ᠎ᠡ᠎ᠳᠤ ᠤᠳᠪᠠᠯᠠ ᠰᠣᠨᠢᠷᠬᠠᠬᠤ ᠵᠠᠩ ᠦᠢᠯᠡ ᠳᠡᠯᠭᠡᠷᠡᠵᠡᠢ᠂ ᠱᠠᠩ ᠼᠠᠢ ᠱᠢᠶᠠᠨ ᠠᠯᠢ ᠡᠷᠲᠡ ᠡᠮᠦᠨᠡᠲᠦ ᠤᠮᠠᠷᠠᠲᠤ ᠲᠥᠷᠥ᠎ᠶ᠋ᠢᠨ ᠤᠮᠠᠷᠠᠲᠤ ᠸᠧᠶ ᠤᠯᠤᠰ᠎ᠤᠨ ᠦᠶ᠎ᠡ᠎ᠳᠤ ᠱᠢᠶᠠᠨᠪᠢ ᠦᠨᠳᠦᠰᠦᠲᠡᠨ ᠳᠤᠮᠳᠠᠳᠤ ᠣᠷᠣᠨ᠎ᠳᠤ ᠰᠠᠭᠤᠷᠢᠱᠢᠭᠠᠳ ᠤᠳᠪᠠᠯᠠ ᠰᠣᠨᠢᠷᠬᠠᠬᠤ ᠵᠠᠩ ᠦᠢᠯᠡ ᠳᠠᠬᠢᠨ ᠳᠡᠯᠭᠡᠷᠡᠵᠡᠶ᠃ ᠡᠭᠦᠨ᠎ᠠᠴᠠ ᠬᠤᠢᠰᠢ ᠶᠢᠰᠦᠨ ᠰᠠᠷ᠎ᠠ᠎ᠶ᠋ᠢᠨ ᠶᠢᠰᠦᠨ᠎ᠤ ᠪᠠᠶᠠᠷ᠎ᠤᠨ ᠦᠶ᠎ᠡ᠎ᠳᠤ ᠤᠳᠪᠠᠯᠠ ᠰᠣᠨᠢᠷᠬᠠᠬᠤ ᠵᠠᠩ ᠦᠢᠯᠡ ᠳᠡᠯᠭᠡᠷᠡᠭᠡᠳ᠂ ᠤᠮᠠᠷᠠᠲᠤ᠎ᠶ᠋ᠢᠨ ᠰᠣᠶᠣᠯ ᠪᠠ ᠳᠤᠮᠳᠠᠳᠤ ᠣᠷᠣᠨ᠎ᠤ ᠰᠣᠶᠣᠯ᠎ᠤᠨ ᠠᠭᠤᠰᠤᠯᠴᠠᠯ᠎ᠢ ᠬᠠᠷᠠᠭᠤᠯᠪᠠ᠃
ᠰᠦᠩ ᠡᡁᠧ ᠫᠢᠩ᠎ᠤᠨ ᠦᠵᠡᠬᠦ᠌᠎ᠪᠠᠷ᠂ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠡᠯ᠎ᠡ ᠭᠠᠵᠠᠷ᠎ᠤᠨ᠎ᠬᠢᠨ ᠡᠯ᠎ᠡ ᠵᠦᠢᠯ᠎ᠤᠨ ᠤᠯᠠᠮᠵᠢᠯᠠᠯᠲᠤ ᠪᠠᠶᠠᠷ᠎ᠤᠨ ᠡᠳᠦᠷ ᠡᠷᠬᠢᠯᠡᠬᠦ᠌᠎ᠳᠡᠭᠡᠨ ᠱᠢᠨ᠎ᠡ᠎ᠶ᠋ᠢ ᠡᠭᠦᠳᠦᠨ ᠬᠥᠭ᠌ᠵᠢᠭᠦᠯᠵᠦ᠍᠂ ᠠᠭᠤᠯᠭ᠎ᠠ᠎ᠪᠠᠨ ᠪᠠᠶᠠᠯᠢᠭ᠍ᠵᠢᠭᠤᠯᠬᠤ ᠬᠡᠷᠡᠭ᠌ᠲᠡᠢ ᠭᠡᠨ᠎ᠡ᠃ ᠡᠨᠡ ᠵᠢᠯ᠎ᠤᠨ ᠨᠠᠰᠤᠲᠠᠢᠴᠤᠳ᠎ᠤᠨ ᠪᠠᠶᠠᠷᠲᠤ ᠮᠥᠨ ᠬᠦ᠌ ᠠᠵᠢᠯᠯᠠᠭ᠎ᠠ ᠥᠷᠨᠢᠭᠦᠯᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠲᠤᠷ ᠬᠢᠭ᠌ᠰᠡᠨ ᠪᠠᠢᠳᠠᠯ ᠳᠣᠣᠷ᠎ᠠ᠂ ᠠᠵᠢᠯᠯᠠᠭ᠎ᠠ᠎ᠶ᠋ᠢᠨ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠦᠨ᠎ᠡ ᠭᠡᠵᠠᠢ᠃
ᠥᠨᠳᠥᠷ᠎ᠲᠤ ᠠᠪᠠᠷᠢᠨ ᠦᠵᠡᠮᠵᠢ ᠰᠣᠨᠢᠷᠬᠠᠵᠤ ᠱᠢᠨ᠎ᠡ ᠠᠮᠢᠳᠤᠷᠠᠯ᠎ᠢᠶᠠᠨ ᠮᠠᠭ᠍ᠲᠠᠨ ᠳᠠᠭᠤᠯᠠᠨ᠎ᠠ
ᠨᠠᠰᠤᠲᠠᠢᠴᠤᠳ᠎ᠤᠨ ᠪᠠᠶᠠᠷ᠎ᠤᠨ ᠡᠳᠦᠷ ᠥᠨᠳᠥᠷ᠎ᠲᠤ ᠠᠪᠠᠷᠢᠬᠤ ᠵᠠᠩᠱᠢᠯ ᠡᠷᠲᠡᠨ᠎ᠠᠴᠠ ᠪᠠᠢᠭ᠍ᠰᠠᠨ ᠶᠤᠮ᠂ ᠭᠡᠲᠡᠯ᠎ᠡ ᠨᠠᠰᠤᠲᠠᠢᠴᠤᠳ᠎ᠤᠨ ᠪᠠᠶᠠᠷ᠎ᠤᠨ ᠡᠳᠦᠷ ᠶᠠᠭᠤᠨ᠎ᠳᠤ ᠥᠨᠳᠥᠷ᠎ᠲᠤ ᠠᠪᠠᠷᠢᠬᠤ ᠪᠣᠶ?
ᠯᠢᠦ ᠴᠦᠨ ᠽᠢᠶ᠋ᠢᠨ ᠬᠡᠯᠡᠬᠦ᠌᠎ᠪᠠᠷ᠂ ᠬᠠᠨ ᠤᠯᠤᠰ᠎ᠤᠨ ᠦᠶ᠎ᠡ᠎ᠶ᠋ᠢᠨ ᠬᠤᠸᠠᠨ ᠵᠢᠩ ᠶᠢᠰᠦᠨ ᠰᠠᠷ᠎ᠠ᠎ᠶ᠋ᠢᠨ ᠶᠢᠰᠦᠨ᠎ᠤ ᠡᠳᠦᠷ ᠥᠩᠭᠡᠲᠦ ᠬᠠᠪᠲᠠᠭ᠎ᠠ᠎ᠳᠠᠭᠠᠨ ᠲᠠᠷᠠᠨᠠᠶ ᠬᠢᠵᠦ᠍᠂ ᠥᠨᠳᠥᠷ᠎ᠲᠤ ᠠᠪᠠᠷᠢᠨ ᠤᠳᠪᠠᠯᠠ ᠴᠡᠴᠡᠭ᠎ᠤᠨ ᠠᠷᠢᠬᠢ ᠤᠤᠭᠤᠭᠠᠳ ᠭᠠᠶ ᠭᠠᠮᠱᠢᠭ᠎ᠠᠴᠠ ᠵᠠᠢᠯᠠᠵᠠᠢ᠃ ᠤᠷᠤᠢ ᠪᠤᠯᠤᠭᠠᠳ ᠭᠡᠷ᠎ᠲᠡᠭᠡᠨ ᠬᠠᠷᠢᠬᠤ᠎ᠳᠤ ᠳᠠᠬᠢᠶ᠎ᠠ᠂ ᠨᠣᠬᠠᠶ᠂ ᠦᠬᠡᠷ᠂ ᠬᠤᠨᠢ᠎ᠨᠢ ᠦᠬᠦᠭᠡᠳ᠂ ᠭᠡᠷ᠎ᠤᠨ᠎ᠬᠢᠨ᠎ᠨᠢ ᠬᠠᠷᠢᠨ ᠠᠮᠤᠷ ᠲᠠᠢᠪᠤᠩ ᠪᠠᠢᠵᠠᠢ᠃ ᠢᠩᠭᠢᠭᠡᠳ ᠶᠢᠰᠦᠨ ᠰᠠᠷ᠎ᠠ᠎ᠶ᠋ᠢᠨ ᠱᠢᠨ᠎ᠡ᠎ᠶ᠋ᠢᠨ ᠶᠢᠰᠦᠨ᠎ᠳᠤ ᠲᠠᠷᠠᠨᠠᠢ᠎ᠶ᠋ᠢᠨ ᠴᠢᠬᠢ ᠬᠠᠳᠭᠤᠨ᠂ ᠤᠳᠪᠠᠯᠠ᠎ᠶ᠋ᠢᠨ ᠠᠷᠢᠬᠢ ᠤᠤᠭᠤᠬᠤ ᠵᠠᠩᠱᠢᠯ ᠦᠯᠡᠳᠡᠵᠡᠢ᠃
ᠠᠯᠢ ᠵᠦᠢᠯ᠎ᠤᠨ ᠬᠡᠯᠡᠯᠭᠡ᠎ᠨᠢ ᠴᠦ᠍ ᠭᠡᠰᠡᠨ ᠨᠠᠰᠤᠲᠠᠢᠴᠤᠳ᠎ᠤᠨ ᠪᠠᠶᠠᠷ᠎ᠤᠨ ᠡᠳᠦᠷ ᠥᠨᠳᠥᠷ᠎ᠲᠤ ᠭᠠᠷᠪᠠᠯ 《ᠭᠠᠶ ᠪᠠᠷᠴᠢᠳ᠎ᠢ ᠠᠷᠢᠯᠭᠠᠨ᠎ᠠ》 ᠭᠡᠳᠡᠭ᠎ᠢ ᠬᠠᠷᠠᠭᠤᠯᠵᠤ ᠪᠠᠢᠨ᠎ᠠ ᠭᠡᠵᠦ᠍ ᠬᠥᠬᠡᠬᠤᠲᠠ᠎ᠶ᠋ᠢᠨ ᠱᠢᠨ᠎ᠡ ᠬᠤᠲᠠ ᠲᠣᠭᠤᠷᠢᠭ᠎ᠤᠨ ᠵᠣᠬᠢᠶᠠᠯᠴᠢᠳ᠎ᠤᠨ ᠡᠪᠯᠡᠯ᠎ᠤᠨ ᠵᠥᠪᠯᠡᠭ᠌ᠴᠢ ᠭᠤᠤ᠎ᠶ᠋ᠢᠨ ᠬᠦᠶ ᠶᠠᠷᠢᠵᠦ᠍ ᠪᠠᠢᠯ᠎ᠠ᠃
ᠭᠤᠤ᠎ᠶ᠋ᠢᠨ ᠬᠦᠶ᠎ᠶ᠋ᠢᠨ ᠬᠡᠯᠡᠬᠦ᠌᠎ᠪᠠᠷ᠂ ᠵᠢᠯ ᠪᠦᠷᠢ᠎ᠶ᠋ᠢᠨ ᠨᠠᠰᠤᠳᠠᠢᠴᠤᠳ᠎ᠤᠨ ᠪᠠᠶᠠᠷ᠎ᠤᠨ ᠦᠶ᠎ᠡ᠎ᠳᠤ᠂ ᠲᠡᠷᠡ ᠶᠡᠷᠦ᠎ᠳᠡᠭᠡᠨ ᠠᠷᠠᠳ᠎ᠤᠨ ᠵᠠᠩ ᠦᠢᠯᠡ᠂ ᠬᠡᠷᠡᠯ ᠵᠢᠷᠤᠭ᠎ᠤᠨ ᠪᠠᠭ᠍ᠠᠲᠠᠳ᠎ᠲᠠᠢ ᠬᠠᠮᠲᠤ ᠳᠠᠯᠠᠨ ᠬᠠᠷ᠎ᠠ ᠠᠭᠤᠯᠠᠨ᠎ᠳᠤ ᠭᠠᠷᠴᠤ᠌ ᠭᠡᠷᠡᠯ ᠵᠢᠷᠤᠭ ᠲᠠᠲᠠᠲᠠᠭ᠂ ᠡᠨᠡ᠎ᠨᠢ ᠡᠷᠲᠡᠨ᠎ᠤ ᠵᠠᠩ ᠦᠢᠯᠡ᠎ᠶ᠋ᠢ ᠤᠯᠠᠮᠵᠢᠯᠠᠨ ᠦᠨᠳᠦᠷ᠎ᠲᠤ ᠭᠠᠷᠴᠤ᠌ ᠦᠵᠡᠮᠵᠢ ᠰᠤᠨᠢᠷᠬᠠᠨ᠂ ᠥᠯᠵᠡᠢ ᠪᠡᠯᠭᠡ᠎ᠲᠠᠢ ᠪᠤᠯᠬᠤ᠎ᠶ᠋ᠢ ᠬᠦᠰᠡᠭ᠌ᠰᠡᠨ ᠲᠡᠳᠦᠢ ᠦᠭᠡᠢ ᠠᠭᠤᠯᠠᠨ ᠣᠷᠣᠶ ᠳᠡᠭᠡᠷ᠎ᠡ᠎ᠠᠴᠠ ᠠᠯᠤᠰ᠎ᠢ ᠪᠡᠷᠡᠯᠡᠬᠤᠳᠤ ᠨᠠᠯᠠᠭᠠᠷ ᠨᠠᠮᠤᠷ᠎ᠤᠨ ᠰᠠᠢᠬᠠᠨ ᠦᠵᠡᠮᠵᠢ ᠰᠡᠳᠭᠢᠯ ᠰᠡᠷᠭᠦᠭᠡᠮᠠ ᠰᠠᠢᠬᠠᠨ᠎ᠠᠴᠠ ᠪᠤᠯᠵᠠᠢ᠃
《ᠪᠢᠳᠡ ᠠᠭᠤᠯᠠᠨ᠎ᠳᠤ ᠠᠪᠠᠷᠢᠬᠤ ᠵᠠᠮ᠎ᠳᠠᠭᠠᠨ ᠠᠭᠤᠯᠠᠷᠬᠠᠭ ᠣᠷᠣᠨ᠎ᠤ ᠠᠢᠯ ᠲᠣᠰᠭᠤᠨ᠎ᠲᠠᠢ ᠲᠠᠭᠠᠷᠠᠯᠳᠤᠳᠠᠭ᠂ ᠡᠲᠡᠭᠡᠷ ᠠᠢᠯ ᠲᠣᠰᠭᠤᠨ᠎ᠳᠤ ᠡᠷᠲᠡᠨ᠎ᠤ ᠰᠣᠶᠣᠯ᠎ᠤᠨ ᠦᠯᠡᠳᠡᠭ᠌ᠳᠡᠯ ᠪᠠ ᠰᠤᠶᠤᠯ ᠢᠷᠭᠡᠨᠱᠢᠯ ᠬᠠᠳᠠᠭᠠᠯᠠᠭ᠍ᠳᠠᠵᠤ ᠪᠠᠢᠳᠠᠭ᠂ ᠡᠨᠡ᠎ᠨᠢ ᠶᠠᠭ ᠮᠠᠨᠳᠤ ᠮᠠᠲ᠋ᠧᠷᠢᠶᠠᠯ ᠪᠤᠯᠵᠤ᠂ ᠬᠠᠷᠠᠭ᠎ᠠ᠎ᠪᠠᠨ ᠥᠷᠭᠡᠳᠭᠡᠨ᠂ ᠰᠠᠨᠠᠭ᠎ᠠ ᠰᠡᠳᠭᠢᠯ᠎ᠢᠶᠠᠨ ᠠᠭᠤᠵᠢᠷᠠᠭᠤᠯᠬᠤ ᠮᠥᠷᠲᠡᠭᠡᠨ ᠪᠠᠰᠠ ᠠᠷᠠᠳ᠎ᠤᠨ ᠵᠠᠩ ᠦᠢᠯᠡ᠎ᠶ᠋ᠢ ᠣᠢᠯᠠᠭᠠᠵᠤ᠂ ᠬᠡᠷᠡᠯ ᠵᠢᠷᠤᠭ᠎ᠤᠨ ᠪᠣᠷᠣ ᠮᠠᠲ᠋ᠧᠷᠢᠶᠠᠯ᠎ᠢ ᠪᠠᠶᠠᠯᠢᠭ᠍ᠵᠢᠭᠤᠯᠤᠨ᠂ ᠵᠣᠬᠢᠶᠠᠨ ᠪᠦᠲᠦᠭᠡᠬᠦ᠌ ᠠᠪᠢᠶᠠᠰ ᠪᠢᠯᠢᠭ᠎ᠢ ᠬᠥᠭ᠌ᠵᠢᠭᠡᠵᠦ᠍᠂ ᠰᠡᠳᠭᠢᠯ ᠰᠠᠨᠠᠭ᠎ᠠ ᠬᠠᠨᠤᠮᠵᠢᠲᠠᠶ ᠪᠠᠢᠨ᠎ᠠ》 ᠭᠡᠵᠦ᠍ ᠭᠤᠤ᠎ᠶ᠋ᠢᠨ ᠬᠦᠶ ᠢᠨᠢᠶᠡᠭ᠌ᠰᠡᠭᠡᠷ ᠶᠠᠷᠢᠨ᠎ᠠ᠃ ᠥᠨᠳᠥᠷ᠎ᠲᠤ ᠠᠪᠠᠷᠢᠨ ᠮᠠᠲ᠋ᠧᠷᠢᠶᠠᠯ ᠴᠤᠭ᠍ᠯᠠᠭᠤᠯᠬᠤ᠎ᠳᠠᠭᠠᠨ ᠳᠤᠷᠠᠨ ᠪᠠ ᠪᠢᠴᠢᠯᠭᠡ᠎ᠪᠠᠷ ᠡᠬᠡ ᠭᠠᠵᠠᠷ᠎ᠤᠨ ᠡᠯᠪᠡᠭ ᠬᠤᠷᠢᠶᠠᠯᠲᠠ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢ ᠬᠠᠷᠠᠭᠤᠯᠵᠤ᠂ ᠴᠠᠭ ᠦᠶ᠎ᠡ᠎ᠶ᠋ᠢᠨ ᠬᠥᠳᠡᠭᠡ ᠲᠣᠰᠭᠤᠨ᠎ᠤ ᠱᠢᠨ᠎ᠡ ᠬᠤᠪᠢᠷᠠᠯᠲᠠ᠂ ᠲᠠᠷᠢᠶᠠᠴᠢᠳ᠎ᠤᠨ ᠱᠢᠨ᠎ᠡ ᠳᠦᠷᠰᠦ ᠪᠠᠢᠳᠠᠯ᠎ᠢ ᠮᠠᠭ᠍ᠲᠠᠨ ᠳᠠᠭᠤᠯᠠᠨ᠎ᠠ᠃
ᠬᠡᠳᠦᠨ ᠵᠢᠯ᠎ᠤᠨ ᠲᠤᠷᠰᠢ᠂ ᠥᠨᠳᠥᠷ᠎ᠲᠤ ᠠᠪᠠᠷᠢᠨ ᠮᠠᠲ᠋ᠧᠷᠢᠶᠠᠯ ᠴᠤᠭ᠍ᠯᠠᠭᠤᠯᠬᠤ᠎ᠪᠠᠷ ᠳᠡᠮᠵᠢᠨ᠂ ᠭᠤᠤ᠎ᠶ᠋ᠢᠨ ᠭᠦᠢ ᠨᠠᠢᠵᠠ ᠨᠠᠷ᠎ᠲᠠᠢ᠎ᠪᠠᠨ ᠡᠯ᠎ᠡ ᠵᠦᠢᠯ᠎ᠤᠨ ᠲᠠᠪᠴᠠᠩ᠎ᠳᠤ ᠣᠯᠠᠨ ᠰᠠᠢᠬᠠᠨ ᠵᠣᠬᠢᠶᠠᠯ ᠵᠢᠷᠤᠭ ᠨᠡᠢᠲᠡᠯᠡᠵᠦ᠍᠂ ᠳᠠᠯᠠᠨ ᠬᠠᠷ᠎ᠠ ᠠᠭᠤᠯᠠ ᠳᠠᠭᠠᠤ ᠡᠯ᠎ᠡ ᠲᠣᠰᠭᠤᠨ᠎ᠤ ᠠᠷᠠᠳ᠎ᠤᠨ ᠵᠠᠩ ᠦᠢᠯᠡ᠎ᠶ᠋ᠢᠨ ᠦᠵᠡᠮᠵᠢ ᠪᠠ ᠠᠭᠤᠯᠠ ᠤᠰᠤᠨ᠎ᠤ ᠰᠦᠷᠯᠢᠭ ᠰᠠᠢᠬᠠᠨ᠎ᠢ ᠢᠯᠡᠷᠡᠭᠦᠯᠪᠡ᠃

ᠤᠳᠪᠠᠯᠠ ᠴᠡᠴᠡᠭ ᠰᠣᠨᠢᠷᠬᠠᠨ᠎ᠠ᠃
(ᠵᠢᠷᠤᠭ᠎ᠢ ᠰᠦᠯᠵᠢᠶ᠎ᠡ᠎ᠠᠴᠠ ᠠᠪᠤᠪᠠ)

《ᠴᠡᠯᠡᠭᠡᠷ ᠲᠠᠯ᠎ᠠ᠎ᠶ᠋ᠢᠨ ᠦᠨᠦᠷ ᠠᠮᠳᠠ》 ᠨᠠᠰᠤᠲᠠᠢᠴᠤᠳ᠎ᠢ ᠬᠦᠨᠳᠦᠯᠡᠬᠦ᠌ ᠭᠠᠷᠠᠭ᠎ᠤᠨ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠢ᠎ᠶ᠋ᠢᠨ ᠠᠷᠠᠳ᠎ᠤᠨ ᠵᠠᠩ ᠦᠢᠯᠡ᠎ᠶ᠋ᠢᠨ ᠲᠣᠭ᠍ᠯᠠᠯᠲᠠ᠃

ᠨᠠᠰᠤᠲᠠᠢᠴᠤᠳ᠎ᠲᠤ ᠲᠤᠭ᠍ᠲᠠᠬᠤ ᠱᠢᠶᠠᠨ᠎ᠤ ᠳᠠᠷᠠᠰᠤ᠎ᠶ᠋ᠢ ᠪᠠᠷᠢᠵᠤ ᠪᠠᠢᠭ᠎ᠠ᠎ᠨᠢ᠃
《ᠤᠮᠠᠷᠠᠲᠤ᠎ᠶ᠋ᠢᠨ ᠱᠢᠨ᠎ᠡ ᠰᠣᠨᠢᠨ》 ᠤ ᠰᠤᠷᠪᠤᠯᠵᠢᠯᠠᠭ᠍ᠴᠢ ᠨᠢᠦ ᠲᠢᠶᠠᠨ ᠵᠢᠶᠠ ᠰᠡᠭᠦᠳᠡᠷᠯᠡᠪᠡ