ᠨᠠᠮ᠎ᠤᠨ ᠲᠡᠦᠭᠡ᠎ᠶ᠋ᠢᠨ ᠰᠤᠷᠤᠯᠴᠠᠯᠭ᠎ᠠ ᠬᠦᠮᠦᠵᠢᠯ᠎ᠤᠨ ᠠᠵᠢᠯᠯᠠᠭ᠎ᠠ᠎ᠶ᠋ᠢ ᠦᠷᠨᠢᠬᠦᠯᠦᠭ᠌ᠰᠡᠨ᠎ᠠᠴᠠ ᠨᠠᠭᠠᠰᠢ᠂ ᠬᠥᠬᠡᠬᠤᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠪᠥᠬᠦ᠌ ᠬᠤᠲᠠ᠎ᠶ᠋ᠢᠨ ᠡᠯ᠎ᠡ ᠬᠤᠱᠢᠭᠤ ᠱᠢᠶᠠᠨ ᠲᠣᠭᠤᠷᠢᠭ᠎ᠲᠤ 《ᠡᠷᠡᠭᠦᠯ ᠮᠡᠨᠳᠦ᠎ᠶ᠋ᠢᠨ ᠲᠦᠷᠭᠡᠨ ᠲᠡᠷᠭᠡ᠎ᠶ᠋ᠢ ᠨᠡᠢᠭᠡᠮ ᠲᠣᠭᠤᠷᠢᠭ᠎ᠲᠤ ᠣᠷᠣᠭᠤᠯᠬᠤ》 ᠠᠵᠢᠯᠯᠠᠭ᠎ᠠ᠎ᠶ᠋ᠢ ᠤᠷᠢᠳ ᠬᠤᠵᠢᠳ 6 ᠤᠳᠠᠭ᠎ᠠ ᠥᠷᠨᠢᠭᠦᠯᠵᠦ᠍ ᠤᠯᠠᠨ ᠲᠦᠮᠡᠨ᠎ᠤ ᠮᠠᠭ᠍ᠳᠠᠭᠠᠯ ᠲᠠᠭᠠᠱᠢᠶᠠᠯ᠎ᠢ ᠤᠯᠵᠤ ᠪᠠᠢᠨ᠎ᠠ᠃
《ᠡᠷᠡᠭᠦᠯ ᠮᠡᠨᠳᠦ᠎ᠶ᠋ᠢᠨ ᠲᠦᠷᠭᠡᠨ ᠲᠡᠷᠭᠡ》 ᠶ᠋ᠢ ᠨᠡᠢᠭᠡᠮ ᠲᠣᠭᠤᠷᠢᠭ᠎ᠲᠤ ᠣᠷᠣᠭᠤᠯᠬᠤ ᠠᠵᠢᠯᠯᠠᠭ᠎ᠠ᠎ᠨᠢ ᠲᠤᠰᠭᠠᠶ ᠮᠡᠷᠭᠡᠵᠢᠯ᠎ᠤᠨ ᠵᠢᠯᠣᠭᠤᠳᠣᠯᠭ᠎ᠠ᠎ᠪᠠᠷ ᠳᠠᠮᠵᠢᠭᠤᠯᠤᠨ ᠨᠡᠢᠭᠡᠮ ᠲᠣᠭᠤᠷᠢᠭ᠎ᠤᠨ ᠥᠷᠭᠡᠨ ᠣᠯᠠᠨ ᠰᠠᠭᠤᠭᠠᠯᠢ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠬᠠᠮᠰᠠᠷ᠎ᠢ ᠳᠡᠭᠡᠭ᠌ᠰᠢᠯᠡᠭᠦᠯᠵᠦ᠍᠂ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ ᠠᠷᠭ᠎ᠠ᠎ᠶ᠋ᠢ ᠡᠵᠡᠮᠱᠢᠬᠦᠯᠵᠦ᠍᠂ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠭ᠍ᠰᠠᠨ᠎ᠠᠴᠠ ᠪᠣᠯᠤᠭ᠍ᠰᠠᠨ ᠪᠠᠶᠠᠷ ᠪᠠᠶᠠᠰᠤᠯ᠎ᠢ ᠭᠦᠢᠴᠡᠳ ᠡᠳ᠋ᠯᠡᠭᠦᠯᠪᠡ᠃
ᠠᠵᠢᠯᠯᠠᠭ᠎ᠠ᠎ᠨᠢ ᠬᠦᠬᠡᠬᠤᠲᠠ᠎ᠶ᠋ᠢᠨ ᠪᠡᠶ᠎ᠡ᠎ᠶ᠋ᠢᠨ ᠲᠠᠮᠢᠷ᠎ᠤᠨ ᠠᠵᠢᠯ᠎ᠤᠨ ᠱᠢᠨᠵᠢᠯᠡᠬᠦ᠌ ᠤᠬᠠᠭᠠᠨᠴᠢᠯᠠᠭ᠍ᠰᠠᠨ᠂ ᠪᠠᠷᠢᠮᠵᠢᠶᠠᠵᠢᠭ᠍ᠰᠠᠨ᠂ ᠬᠡᠪᠴᠢᠶᠡᠵᠢᠭ᠌ᠰᠡᠨ ᠬᠥᠭ᠌ᠵᠢᠯᠲᠡ᠎ᠶ᠋ᠢ ᠢᠳᠡᠪᠬᠢᠲᠡᠶ ᠠᠬᠢᠭᠤᠯᠵᠤ᠂ ᠨᠡᠢᠭᠡᠮ ᠲᠣᠭᠤᠷᠢᠭ᠎ᠤᠨ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠦᠢᠯᠡᠴᠢᠯᠡᠭᠡᠨ᠎ᠤ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠨ ᠲᠡᠭᠦᠯᠳᠡᠷᠵᠢᠭᠦᠯᠵᠦ᠍᠂ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠦᠢᠯᠡᠴᠢᠯᠡᠭᠡᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠣᠯᠠᠨ ᠲᠦᠮᠡᠨ᠎ᠤ ᠪᠡᠶ᠎ᠡ ᠮᠠᠬᠠᠪᠣᠳ᠎ᠤᠨ ᠬᠡᠪ ᠪᠤᠯᠪᠠᠰᠤᠷᠠᠯ᠎ᠢ ᠳᠡᠭᠡᠭ᠌ᠰᠢᠯᠡᠭᠦᠯᠬᠦ᠌᠎ᠶ᠋ᠢᠨ ᠬᠠᠮᠲᠤ᠌᠂ ᠪᠥᠬᠦ᠌ ᠠᠷᠠᠳ᠎ᠢᠶᠠᠷ᠎ᠢᠶᠠᠨ ᠣᠷᠣᠯᠴᠠᠬᠤ ᠤᠢ᠍ᠢᠯᠠᠭᠠᠭ᠍ᠳᠠᠬᠤᠨ ᠪᠠ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ ᠠᠷᠭ᠎ᠠ᠎ᠶ᠋ᠢ ᠲᠦᠭᠡᠮᠡᠯᠵᠢᠬᠦᠯᠪᠡ᠃