《ᠪᠠᠭᠠᠴᠤᠳ ᠪᠢᠳᠡᠨ᠎ᠤ ᠬᠦᠴᠦᠷᠬᠡᠭ ᠲᠠᠭᠤᠨ》
2021-10-18 10:43:40
ᠵᠣᠬᠢᠶᠠᠭ᠍ᠴᠢ᠄
​ ᠪᠢᠯᠢᠭ᠌ᠪᠡᠭᠠᠳᠤᠷ
ᠣᠩᠱᠢᠭ᠍ᠰᠠᠨ ᠣᠳᠠᠭ᠎ᠠ᠄
★★★☆☆

4151306_lity_1634485280115_m.jpg


10 ᠰᠠᠷ᠎ᠠ᠎ᠶ᠋ᠢᠨ 13 ᠎ᠤ ᠡᠳᠦᠷ᠂ 《ᠨᠠᠮ ᠮᠠᠨᠢ ᠰᠠᠨᠠᠭ᠎ᠠ ᠠᠮᠤᠷ ᠪᠠᠢᠭᠠᠷᠠᠢ᠂ ᠤᠯᠤᠰ᠎ᠢᠶᠠᠨ ᠬᠦᠴᠦᠷᠬᠡᠭ᠌ᠵᠢᠭᠦᠯᠬᠦ᠌᠎ᠳᠤ ᠪᠢ ᠪᠤᠢ》 — ᠱᠢᠯᠢ᠎ᠶ᠋ᠢᠨ ᠭᠤᠤᠯ ᠠᠢᠮᠠᠭ᠎ᠤᠨ ᠪᠠᠭᠠᠴᠤᠳ᠎ᠤᠨ ᠬᠤᠱᠢᠭᠤᠴᠢ ᠠᠩᠭᠢ᠎ᠶ᠋ᠢᠨ ᠲᠤᠮᠳᠠᠳᠤ ᠤᠯᠤᠰ᠎ᠤᠨ ᠪᠠᠭᠠᠴᠤᠳ᠎ᠤᠨ ᠬᠤᠱᠢᠭᠤᠴᠢ ᠠᠩᠭᠢ ᠪᠠᠢᠭᠤᠯᠤᠭ᠍ᠳᠠᠭ᠍ᠰᠠᠨ 72 ᠵᠢᠯ᠎ᠤᠨ ᠤᠢ᠎ᠶ᠋ᠢ ᠪᠡᠯᠭᠡᠯᠡᠬᠦ᠌ ᠵᠢᠱ᠌ᠢᠶ᠎ᠡ ᠦᠵᠡᠭᠦᠯᠬᠦ᠌ ᠭᠤᠤᠯ ᠰᠡᠳᠦᠪᠳᠤ ᠡᠳᠦᠷᠯᠢᠭ᠎ᠤᠨ ᠠᠵᠢᠯᠯᠠᠭ᠎ᠠ ᠠᠪᠠᠭ᠎ᠠ ᠬᠤᠱᠢᠭᠤᠨ᠎ᠳᠤ ᠶᠠᠪᠤᠭ᠍ᠳᠠᠵᠤ᠂ 《7 · 1》 ᠎ᠤ ᠭᠠᠪᠢᠶᠠᠨ ᠲᠡᠮᠳᠡᠭ ᠬᠦᠷᠳᠡᠭ᠌ᠴᠢ ᠲᠢᠩ · ᠪᠡᠭᠠᠳᠤᠷ᠎ᠢ ᠤᠷᠢᠵᠤ ᠪᠠᠭᠠᠴᠤᠳ᠎ᠤᠨ ᠬᠤᠱᠢᠭᠤᠴᠢ ᠠᠩᠭᠢ᠎ᠶ᠋ᠢᠨ ᠲᠦᠯᠦᠭᠡᠯᠡᠭ᠌ᠴᠢᠳ᠎ᠲᠤ ᠬᠢᠴᠢᠶᠡᠯ ᠤᠷᠤᠭᠤᠯᠵᠠᠢ᠃

ᠲᠢᠩ · ᠪᠡᠭᠠᠳᠤᠷ᠂ ᠲᠡᠬᠦᠨ᠎ᠤ ᠡᠴᠢᠬᠡ ᠲᠢᠩ ᠮᠤᠤ ᠵᠠᠩᠵᠤᠨ᠎ᠤ ᠬᠤᠪᠢᠰᠭᠠᠯ᠎ᠤᠨ ᠦᠢᠯᠡ ᠶᠠᠪᠤᠳᠠᠯ ᠪᠤᠯᠤᠨ ᠦᠪᠡᠷ᠎ᠤᠨ ᠦᠡᠭ᠌ᠭᠡᠷᠡᠯᠳᠡ᠎ᠪᠠᠨ ᠡᠷᠭᠢᠴᠡᠭᠦᠯᠬᠦ᠌᠎ᠪᠠᠷ ᠲᠠᠮᠵᠢᠠ᠂ ᠬᠢᠯᠢ ᠬᠢᠵᠠᠭᠠᠷ᠎ᠤᠨ ᠮᠠᠯᠵᠢᠬᠤ ᠤᠷᠤᠨ᠎ᠤ ᠠᠮᠢ ᠠᠬᠤᠢ᠎ᠶ᠋ᠢᠨ ᠬᠠᠮᠠᠭᠠᠯᠠᠯᠳᠠ᠂ ᠠᠵᠤ ᠠᠬᠤᠢ᠎ᠶ᠋ᠢᠨ ᠬᠦᠭ᠌ᠵᠢᠯᠳᠡ᠂ ᠮᠠᠯᠴᠢᠳ᠎ᠤᠨ ᠠᠮᠢᠳᠤᠷᠠᠯ᠎ᠤᠨ ᠴᠢᠨᠡᠭᠡᠯᠢᠭ᠌ᠵᠢᠯ᠎ᠤᠨ ᠲᠤᠬᠠᠢ ᠡᠷᠢᠯᠬᠢᠯᠡᠯ ᠰᠦᠪᠡᠭ᠌ᠴᠢᠯᠡᠯ᠎ᠤᠨ ᠦᠯᠢᠭᠡᠷ ᠤᠴᠠᠷᠠᠯ᠎ᠢᠶᠠᠨ ᠪᠢᠴᠢᠬᠠᠨ ᠰᠤᠷᠤᠭ᠍ᠴᠢᠳ᠎ᠲᠤ ᠲᠡᠯᠭᠡᠨ ᠶᠠᠷᠢᠵᠤ ᠦᠭ᠌ᠭᠦᠭ᠌ᠰᠡᠨ ᠪᠠᠢᠨ᠎ᠠ᠃

ᠠᠪᠠᠭ᠎ᠠ ᠬᠤᠱᠢᠭᠤᠨ᠎ᠤ ᠬᠤᠶᠠᠳᠤᠭᠠᠷ ᠪᠠᠭ᠎ᠠ ᠰᠤᠷᠭᠠᠭᠤᠯᠢ᠎ᠶ᠋ᠢᠨ ᠲᠠᠪᠤᠳᠤᠭᠠᠷ ᠤᠨ᠎ᠤ 154 ᠠᠩᠭᠢ᠎ᠶ᠋ᠢᠨ ᠰᠤᠷᠤᠭ᠍ᠴᠢ ᠪᠠᠢ ᠾᠦᠢ᠄ 《ᠲᠢᠩ · ᠪᠡᠭᠠᠳᠤᠷ ᠡᠪᠦᠭᠡ᠎ᠶ᠋ᠢᠨ ᠬᠢᠴᠢᠶᠡᠯ᠎ᠢ ᠰᠤᠨᠤᠰᠤᠭᠠᠳ ᠪᠢ ᠲᠤᠮᠳᠠᠳᠤ᠎ᠶ᠋ᠢᠨ ᠬᠦᠮᠦᠨ ᠪᠤᠯᠤᠭ᠍ᠰᠠᠨ᠎ᠳᠠᠭᠠᠨ ᠲᠦᠢᠯ᠎ᠤᠨ ᠶᠡᠭᠡ᠎ᠪᠠᠷ ᠤᠮᠤᠭ᠍ᠰᠢᠨ ᠵᠤᠷᠢᠭ᠍ᠵᠢᠵᠤ᠂ ᠪᠠᠰᠠ ᠢᠷᠠᠭᠤ ᠠᠯᠳᠠᠷᠳᠠᠢ ᠪᠠᠭᠠᠴᠤᠳ᠎ᠤᠨ ᠬᠤᠱᠢᠭᠤᠴᠢ ᠠᠩᠭᠢ᠎ᠶ᠋ᠢᠨ ᠭᠡᠱᠢᠭᠦᠨ ᠪᠤᠯᠤᠭ᠍ᠰᠠᠨ᠎ᠳᠠᠭᠠᠨ ᠤᠮᠤᠭ᠍ᠰᠢᠵᠤ ᠪᠠᠢᠨ᠎ᠠ᠂ ᠬᠤᠢᠱᠢᠳᠠ ᠰᠤᠷᠤᠯᠭ᠎ᠠ ᠬᠢᠴᠢᠶᠡᠯ᠎ᠳᠡᠭᠡᠨ ᠱᠢᠮᠳᠠᠨ ᠴᠢᠷᠮᠠᠢᠵᠤ᠂ ᠨᠡᠢᠭᠡᠮ ᠨᠡᠢᠳᠡ᠎ᠳᠤ ᠬᠡᠷᠡᠭ᠌ᠴᠡᠭᠡ᠎ᠲᠠᠢ ᠬᠦᠮᠦᠨ ᠪᠤᠯᠬᠤ᠎ᠪᠠᠷ ᠴᠢᠷᠮᠠᠢᠨ᠎ᠡ》 ᠭᠡᠵᠥ᠍ ᠶᠡᠷᠢᠨ᠎ᠠ᠃ ᠲᠤᠰ ᠤᠳᠠᠭᠠᠨ᠎ᠤ ᠠᠵᠢᠯᠯᠠᠭ᠎ᠠ᠎ᠳᠤ᠂ ᠪᠠᠭᠠᠴᠤᠳ᠎ᠤᠨ ᠬᠤᠱᠢᠭᠤᠴᠢ ᠠᠩᠭᠢ᠎ᠶ᠋ᠢᠨ ᠭᠡᠱᠢᠭᠦᠳ ᠬᠠᠮᠳᠤ᠎ᠪᠠᠷ ᠬᠤᠱᠢᠭᠤᠴᠢ ᠠᠩᠭᠢ᠎ᠶ᠋ᠢᠨ ᠲᠠᠭᠤᠤ᠎ᠪᠠᠨ ᠬᠠᠨᠭ᠌ᠭᠢᠨᠠᠳᠠᠯ᠎ᠠ ᠲᠠᠭᠤᠯᠠᠵᠤ᠂ ᠡᠬᠡ ᠤᠯᠤᠰ᠂ ᠠᠷᠠᠳ ᠲᠦᠮᠡᠨ᠎ᠢᠶᠠᠨ ᠬᠠᠢᠷᠠᠯᠠᠵᠤ᠂ ᠡᠪ ᠬᠠᠮᠳᠤ ᠶᠤᠰᠤᠨ᠎ᠤ ᠵᠠᠯᠭᠠᠮᠵᠢᠯᠠᠭ᠍ᠴᠢ ᠪᠤᠯᠬᠤ ᠤᠮᠤᠭ ᠵᠤᠷᠢᠭ᠎ᠢᠶᠠᠨ ᠢᠯᠡᠳᠭᠡᠵᠡᠬᠡᠯ᠎ᠠ᠃

ᠲᠢᠩ · ᠪᠡᠭᠠᠳᠤᠷ ᠪᠠᠭᠠᠴᠤᠳ᠎ᠤᠨ ᠬᠤᠱᠢᠭᠤᠴᠢ ᠠᠩᠭᠢ᠎ᠶ᠋ᠢᠨ ᠲᠦᠯᠦᠭᠡᠯᠡᠭ᠌ᠴᠢᠳ᠎ᠲᠤ 《ᠠᠨᠠᠷ᠎ᠤᠨ ᠦᠷ᠎ᠡ ᠭᠠᠪᠢᠶᠠᠨ ᠲᠡᠮᠳᠡᠭ》 ᠪᠠ 《ᠪᠢᠴᠢᠬᠠᠨ ᠬᠤᠱᠢᠭᠤᠴᠢ ᠲᠡᠮᠳᠡᠭ》 ᠵᠡᠭᠦᠯᠭᠡᠵᠥ᠍ ᠪᠠᠢᠭ᠎ᠠ᠎ᠨᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号