ᠥᠪᠥᠷ ᠮᠣᠩᠭᠤᠯ᠎ᠤᠨ ᠴᠠᠭ᠍ᠳᠠᠭ᠎ᠠ᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠣᠨᠣᠯ᠎ᠤᠨ ᠮᠡᠳᠡᠯᠭᠡ᠎ᠶ᠋ᠢᠨ ᠱᠢᠯᠭᠠᠯᠲᠠ ᠦᠷᠨᠢᠬᠦᠯᠪᠡ
2021-10-18 10:41:38
ᠵᠣᠬᠢᠶᠠᠭ᠍ᠴᠢ᠄
​ ᠱᠢᠨᠡᠪᠢᠯᠢᠭ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ᠎ᠤᠨ ᠴᠠᠬ᠍ᠳᠠᠭ᠎ᠠ᠎ᠶ᠋ᠢᠨ ᠠᠵᠢᠯ ᠮᠡᠷᠬᠡᠵᠢᠯ᠎ᠤᠨ ᠳᠡᠭᠡᠳᠦ ᠰᠤᠷᠭᠠᠭᠤᠯᠢ᠎ᠶ᠋ᠢᠨ ᠡᠩᠨᠡᠭᠡ᠎ᠶ᠋ᠢᠨ ᠬᠥᠮᠦᠵᠢᠯ ᠴᠡᠭ᠌ᠴᠡᠯᠡᠯᠲᠡ᠎ᠶ᠋ᠢᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠵᠤ᠂ ᠬᠥᠮᠦᠵᠢᠯ ᠴᠡᠭ᠌ᠴᠡᠯᠡᠯᠲᠡ᠎ᠶ᠋ᠢᠨ ᠦᠷ᠎ᠡ ᠪᠦᠲᠦᠭᠡᠯ᠎ᠢ ᠴᠢᠨᠠᠬ᠍ᠰᠢᠳᠠ ᠪᠠᠬᠢᠵᠢᠭᠦᠯᠬᠦ᠌᠎ᠶ᠋ᠢᠨ ᠲᠥᠯᠥᠭᠡ᠂ ᠤᠢ᠍ᠢᠷ᠎ᠠ᠎ᠳᠤ᠂ ᠥᠪᠥᠷ ᠮᠣᠩᠭᠤᠯ᠎ᠤᠨ ᠴᠠᠭ᠍ᠳᠠᠭ᠎ᠠ᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ ᠡᠩᠨᠡᠭᠡ᠎ᠶ᠋ᠢᠨ ᠬᠥᠮᠦᠵᠢᠯ ᠴᠡᠭ᠌ᠴᠡᠯᠡᠯᠲᠡ᠎ᠶ᠋ᠢᠨ ᠣᠨᠣᠯ᠎ᠤᠨ ᠮᠡᠳᠡᠯᠭᠡ᠎ᠶ᠋ᠢᠨ ᠱᠢᠯᠭᠠᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠡ᠃

ᠲᠣᠰ ᠤᠳᠠᠭᠠᠨ᠎ᠤ ᠱᠢᠯᠭᠠᠯᠲᠠ᠎ᠨᠢ ᠱᠢᠯᠭᠠᠯᠲᠠ᠎ᠶ᠋ᠢᠨ ᠶᠠᠪᠤᠴᠠ᠎ᠶ᠋ᠢ ᠴᠢᠩᠭ᠎ᠠ ᠵᠢᠷᠤᠮᠯᠠᠨ ᠶᠠᠪᠤᠭ᠍ᠳᠠᠭᠤᠯᠵᠤ᠂ ᠱᠢᠯᠭᠠᠯᠲᠠ᠎ᠶ᠋ᠢᠨ ᠠᠭᠤᠯᠭ᠎ᠠ᠎ᠨᠢ ᠭᠤᠤᠯᠳᠠᠭᠤ ᠬᠤᠶᠠᠳᠤᠭᠠᠷ ᠪᠦᠯᠦᠭ᠎ᠤᠨ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠮᠡᠳᠡᠪᠡᠯ ᠵᠣᠬᠢᠬᠤ ᠬᠠᠮᠢᠶ᠎ᠠ ᠪᠥᠬᠦᠶ ᠮᠡᠳᠡᠯᠭᠡ᠎ᠶ᠋ᠢᠨ ᠭᠤᠤᠯᠳᠠᠯᠭ᠎ᠠ᠎ᠶ᠋ᠢᠨ ᠲᠣᠭᠤᠷᠢᠨ᠎ᠳᠤ ᠶᠠᠪᠤᠬ᠍ᠳᠠᠪᠠ᠃ ᠱᠢᠯᠭᠠᠯᠲᠠ᠎ᠶ᠋ᠢᠨ ᠰᠡᠳᠦᠪ᠎ᠤᠨ ᠬᠡᠯᠪᠡᠷᠢ᠎ᠨᠢ ᠮᠠᠭᠠᠳᠯᠠᠬᠤ ᠰᠡᠳᠦᠪ᠂ ᠳᠥᠭᠦᠮ ᠬᠠᠷᠢᠭᠤᠯᠬᠤ ᠰᠡᠳᠦᠪ᠂ ᠰᠤᠩᠭᠤᠬᠤ ᠰᠡᠳᠦᠪ ᠭᠤᠷᠪᠠᠨ ᠲᠥᠷᠥᠯ ᠪᠠᠢᠵᠤ᠂ 《ᠭᠤᠷᠪᠠᠨ ᠭᠤᠭ᠍ᠴᠤᠭ᠎ᠠ》᠂ 《ᠳᠥᠷᠪᠡᠨ ᠡᠭᠦᠷᠭᠡ》᠂ 《ᠳᠥᠷᠪᠡᠨ ᠤᠬᠠᠮᠰᠠᠷ》 ᠵᠡᠷᠭᠡ ᠠᠭᠤᠯᠭ᠎ᠠ᠎ᠶ᠋ᠢ ᠭᠤᠤᠯᠳᠠᠯᠭ᠎ᠠ᠎ᠲᠠᠢ ᠲᠤᠪᠤᠢᠯᠭᠠᠪᠠ᠃ ᠪᠠᠰᠠ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ ᠂ ᠰᠢ᠎ᠶ᠋ᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠡᠷᠭᠡ᠎ᠶ᠋ᠢ ᠬᠠᠮᠤᠷᠤᠨ ᠪᠠᠭ᠍ᠳᠠᠭᠠᠵᠤ᠂ ᠠᠭᠤᠯᠭ᠎ᠠ᠎ᠪᠠᠷ ᠪᠠᠶᠠᠯᠢᠭ᠂ ᠬᠠᠨᠳᠤᠯᠭᠠᠲᠤ ᠴᠢᠨᠠᠷ᠎ᠢᠶᠠᠷ ᠴᠢᠩᠭ᠎ᠠ ᠪᠤᠯᠪᠠ᠃

ᠱᠢᠯᠭᠠᠭᠤᠯᠤᠬ᠍ᠴᠢᠳ ᠱᠢᠯᠭᠠᠯᠲᠠ᠎ᠶ᠋ᠢᠨ ᠲᠠᠯᠠᠪᠤᠷ᠎ᠤᠨ ᠰᠠᠬᠢᠯᠭ᠎ᠠ ᠪᠠᠲᠤ᠎ᠶ᠋ᠢ ᠴᠢᠩᠭ᠎ᠠ ᠵᠢᠷᠤᠮᠯᠠᠨ ᠰᠠᠬᠢᠵᠤ᠂ ᠣᠪᠣᠷ᠎ᠢᠶᠠᠨ ᠲᠥᠪ ᠪᠣᠯᠭᠠᠨ᠂ ᠰᠡᠳᠦᠪ᠎ᠢᠶᠠᠨ ᠨᠠᠷᠢᠨ ᠬᠢᠨᠠᠮᠠᠭᠠᠶ ᠬᠠᠷᠢᠭᠤᠯᠵᠤ᠂ ᠴᠥᠮ ᠲᠣᠭ᠍ᠲᠠᠭ᠍ᠰᠠᠨ ᠴᠠᠭ᠎ᠤᠨ ᠳᠣᠲᠣᠷ᠎ᠠ ᠱᠢᠯᠭᠠᠯᠲᠠ᠎ᠶ᠋ᠢ ᠪᠡᠶᠡᠯᠡᠭᠦᠯᠪᠡ᠃ ᠲᠣᠰ ᠤᠳᠠᠭᠠᠨ᠎ᠤ ᠬᠥᠮᠦᠵᠢᠯ ᠴᠡᠭ᠌ᠴᠡᠯᠡᠯᠲᠡ᠎ᠶ᠋ᠢᠨ ᠮᠡᠳᠡᠯᠭᠡ᠎ᠶ᠋ᠢᠨ ᠱᠢᠯᠭᠠᠯᠲᠠ᠎ᠨᠢ ᠳᠡᠭᠡᠳᠦ ᠰᠤᠷᠭᠠᠭᠤᠯᠢ᠎ᠶ᠋ᠢᠨ ᠪᠠᠭ᠍ᠰᠢ ᠠᠵᠢᠯᠲᠠᠨ ᠠᠵᠢᠯᠴᠢᠨ᠎ᠤ ᠬᠥᠮᠦᠵᠢᠯ ᠴᠡᠭ᠌ᠴᠡᠯᠡᠯᠲᠡ᠎ᠶ᠋ᠢᠨ ᠮᠡᠳᠡᠪᠡᠰᠦ ᠵᠣᠬᠢᠬᠤ ᠮᠡᠳᠡᠯᠭᠡ᠎ᠶ᠋ᠢᠨ ᠴᠡᠭ᠎ᠢ ᠡᠵᠡᠮᠱᠢᠭ᠌ᠰᠡᠨ ᠪᠠ ᠣᠢᠯᠠᠭᠠᠭ᠍ᠰᠠᠨ ᠪᠠᠢᠳᠠᠯ᠎ᠢ ᠪᠥᠬᠦ᠌ ᠲᠠᠯ᠎ᠠ᠎ᠪᠠᠷ ᠱᠢᠯᠭᠠᠨ ᠪᠠᠢᠴᠠᠭᠠᠵᠤ᠂ ᠪᠠᠭ᠍ᠰᠢ ᠠᠵᠢᠯᠲᠠᠨ ᠠᠵᠢᠯᠴᠢᠨ᠎ᠤ ᠰᠤᠷᠤᠯᠴᠠᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ᠎ᠢ ᠳᠡᠭᠡᠭ᠌ᠰᠢᠯᠡᠭᠦᠯᠦᠨ᠂ ᠪᠠᠢᠩᠭᠤ ᠰᠤᠷᠤᠯᠴᠠᠵᠤ ᠪᠠᠢᠩᠭᠤ ᠱᠢᠨᠡᠳᠭᠡᠬᠦ᠌᠎ᠶ᠋ᠢ ᠠᠬᠢᠭᠤᠯᠵᠤ᠂ ᠱᠢᠯᠭᠠᠯᠲᠠ᠎ᠪᠠᠷ ᠰᠤᠷᠤᠯᠴᠠᠯᠭ᠎ᠠ᠎ᠶ᠋ᠢ ᠠᠬᠢᠭᠤᠯᠬᠤ᠂ ᠰᠤᠷᠤᠯᠴᠠᠯᠭ᠎ᠠ᠎ᠪᠠᠷ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠣᠷᠢᠯᠭ᠎ᠠ᠎ᠳᠤ ᠬᠦᠷᠴᠦ᠍᠂ ᠪᠠᠭ᠍ᠰᠢ ᠠᠵᠢᠯᠲᠠᠨ ᠠᠵᠢᠯᠴᠢᠨ᠎ᠤ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠴᠢᠬᠤᠯᠠ ᠶᠡᠭᠡ ᠠᠴᠢ ᠬᠤᠯᠪᠣᠭ᠍ᠳᠠᠯ᠎ᠤᠨ ᠲᠤᠬᠠᠶ ᠲᠠᠨᠢᠯᠲᠠ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠱᠢᠯᠭᠠᠨ ᠪᠠᠢᠴᠠᠭᠠᠵᠤ᠂ ᠬᠥᠮᠦᠵᠢᠯ ᠴᠡᠭ᠌ᠴᠡᠯᠡᠯᠲᠡ᠎ᠳᠤ ᠪᠠᠲᠤ ᠪᠠᠬᠢ ᠦᠵᠡᠯ ᠰᠠᠨᠠᠭᠠᠨ᠎ᠤ ᠰᠠᠭᠤᠷᠢ ᠪᠠ ᠣᠨᠣᠯ᠎ᠤᠨ ᠰᠠᠭᠤᠷᠢ᠎ᠶ᠋ᠢ ᠲᠠᠯᠪᠢᠵᠤ ᠥᠭ᠌ᠭᠦᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号