ᠯᠦᠩ ᠴᠠᠩ ᠪᠠᠯᠭᠠᠰᠤᠨ᠎ᠤ ᠠᠯᠠᠱᠢᠨ ᠡᠯᠵᠢᠭᠡ ᠲᠡᠵᠢᠭᠡᠨ ᠦᠷᠡᠵᠢᠭᠦᠯᠬᠦ᠌ ᠤ ᠵᠢᠯᠡᠰ ᠴᠡᠴᠡᠭ᠌ᠯᠠᠨ ᠬᠦᠭ᠌ᠵᠢᠵᠤ ᠪᠤᠢ
2021-10-18 10:41:53
ᠵᠣᠬᠢᠶᠠᠭ᠍ᠴᠢ᠄
ᠱᠢᠤᠸᠠᠢ ᠯᠠᠶ
ᠣᠩᠱᠢᠭ᠍ᠰᠠᠨ ᠣᠳᠠᠭ᠎ᠠ᠄
★★★☆☆

《ᠵᠦᠢᠷ ᠦᠭᠡᠨ᠎ᠳᠤ 〈ᠲᠩᠷᠢ ᠳᠡᠭᠡᠷᠡᠬᠢ ᠯᠣᠣ᠎ᠶ᠋ᠢᠨ ᠮᠢᠬ᠎ᠠ᠂ ᠭᠠᠵᠠᠷ ᠳᠣᠣᠷᠠᠬᠢ ᠡᠯᠵᠢᠭᠡᠨ ᠮᠢᠬ᠎ᠠ〉 ᠭᠡᠳᠡᠭ᠂ ᠯᠣᠣ᠎ᠶ᠋ᠢᠨ ᠮᠢᠬ᠎ᠠ ᠶᠠᠮᠠᠷ ᠠᠮᠲᠠᠲᠠᠢ᠎ᠶ᠋ᠢ ᠪᠢᠳᠡ ᠮᠡᠳᠡᠬᠦ᠌ ᠦᠭᠡᠢ᠂ ᠭᠡᠪᠡᠴᠦ᠍ ᠡᠯᠵᠢᠭᠡᠨ ᠮᠢᠬ᠎ᠠ ᠦᠨᠡᠬᠡᠷ ᠠᠮᠳᠠᠳᠠᠢ!》 ᠬᠡᠵᠤ ᠯᠢ ᠲᠢᠩ ᠼᠠᠢ ᠨᠢᠭᠡ ᠬᠡᠰᠡᠭ ᠵᠢᠶᠠᠩᠨᠠᠭ᠍ᠰᠠᠨ ᠡᠯᠵᠢᠭᠡᠨ ᠮᠢᠬ᠎ᠠ ᠰᠠᠪᠬᠠᠯᠠᠨ ᠠᠮᠠᠨ᠎ᠳᠠᠭᠠᠨ ᠬᠢᠵᠦ᠍᠂ ᠳᠠᠬᠢᠨ ᠬᠤᠨᠳᠠᠭ᠎ᠠ᠎ᠪᠠᠨ ᠡᠷᠬᠦᠵᠤ ᠠᠮᠳᠠᠷᠬᠠᠨ ᠱᠢᠮᠠᠨ᠎ᠠ᠃

62 ᠨᠠᠰᠤᠲᠠᠢ ᠯᠢ ᠲᠢᠩ ᠼᠠᠢ᠎ᠶ᠋ᠢᠨ ᠴᠢᠷᠠᠢ᠎ᠨᠢ ᠭᠡᠷᠡᠯ ᠲᠠᠳᠠᠵᠤ᠂ ᠴᠣᠩᠬᠤᠨ ᠭᠠᠳᠠᠨᠠᠬᠢ ᠡᠯᠵᠢᠭᠡᠨ ᠬᠠᠱᠢᠶ᠎ᠠ ᠤᠷᠤᠭᠤ᠎ᠪᠠᠨ ᠬᠠᠷᠠᠵᠤ ᠢᠨᠢᠶᠡᠮᠰᠦᠭ᠌ᠯᠡᠨ᠎ᠡ᠃ ᠲᠡᠨᠳᠡ ᠨᠢᠬᠡ ᠲᠤᠳᠠᠷᠠᠢ ᠳᠤᠭ᠍ᠯᠠᠵᠦ᠍ ᠪᠠ ᠵᠢᠪᠠ᠃ 《ᠡᠨᠡ ᠳᠤᠳᠠᠷᠠᠢ ᠨᠢᠬᠡ ᠰᠠᠷ᠎ᠠ ᠪᠤᠯᠵᠤ ᠪᠠ ᠵᠢᠨ᠎ᠠ᠂ ᠳᠠᠬᠢᠭᠠᠳ 4 ᠰᠠᠷ᠎ᠠ ᠢᠯᠡᠭᠦᠦ ᠲᠡᠵᠢᠭᠡᠪᠡᠯ ᠬᠤᠳᠠᠯᠳᠤᠴᠢᠬᠠᠨ᠎ᠠ᠂ ᠣᠲᠣ᠎ᠶ᠋ᠢᠨ ᠵᠠᠬ᠎ᠠ ᠳᠡᠯᠭᠡᠭᠦᠷ᠎ᠤᠨ ᠦᠨ᠎ᠡ ᠬᠠᠩᠰᠢ᠎ᠪᠠᠷ ᠪᠤᠳᠤᠪᠠᠯ ᠨᠠᠭᠠᠳᠤ ᠵᠠᠬ᠎ᠠ᠎ᠳᠠᠭᠠᠨ ᠲᠠᠪᠤ ᠵᠢᠷᠭᠤᠭᠠᠨ ᠮᠢᠩᠭᠠᠨ ᠲᠥᠭᠦᠷᠢᠭ᠎ᠢᠶᠠᠷ ᠬᠤᠳᠠᠯᠳᠤᠨ᠎ᠠ᠃ ᠬᠠᠷ᠎ᠠ ᠡᠯᠵᠢᠭᠡ᠎ᠶ᠋ᠢ ᠲᠡᠵᠢᠭᠡᠬᠦ᠌᠎ᠳᠤ ᠬᠢᠯᠪᠠᠷ᠂ ᠠᠮᠠᠷᠬᠠᠨ ᠡᠪᠡᠳᠴᠢᠯᠡᠳᠡᠭ ᠦᠭᠡᠶ᠂ ᠪᠤᠢᠵᠢᠯᠲᠠ᠎ᠨᠢ ᠲᠦᠷᠭᠡᠨ᠂ ᠵᠣᠬᠢᠴᠠᠬᠤ ᠴᠢᠳᠠᠪᠤᠷᠢ᠎ᠨᠢ ᠴᠢᠩᠭ᠎ᠠ᠂ ᠡᠮ᠎ᠡ ᠡᠯᠵᠢᠭᠡ ᠳᠤᠮᠳᠠᠴᠢ᠎ᠪᠠᠷ ᠵᠢᠯ᠎ᠳᠤ ᠨᠢᠭᠡ ᠳᠤᠳᠠᠷᠠ ᠵᠢᠯᠠᠳᠠᠬ》 ᠭᠡᠵᠦ᠍ ᠯᠢ ᠨᠠᠰᠤᠳᠠᠨ ᠶᠠᠷᠢᠵᠤ ᠪᠠᠢᠯ᠎ᠠ᠃

ᠯᠢ ᠲᠢᠩ ᠼᠠᠢ᠎ᠶ᠋ᠢᠨ᠎ᠬᠢᠨ ᠤᠯᠠᠭᠠᠨᠬᠠᠳᠠ ᠬᠤᠲᠠ᠎ᠶ᠋ᠢᠨ ᠪᠠᠭᠠᠷᠢᠨ ᠵᠡᠭᠦᠨ ᠬᠤᠱᠢᠭᠤᠨ᠎ᠤ ᠯᠦᠩ ᠴᠠᠩ ᠪᠠᠯᠭᠠᠰᠤᠨ᠎ᠤ ᠵᠢᠶᠠᠩ ᠵᠢᠶᠠ ᠸᠠᠨ ᠲᠣᠰᠭᠤᠨ᠎ᠳᠤ ᠰᠠᠭᠤᠵᠤ᠂ ᠡᠬᠡᠨᠡᠷ᠎ᠨᠢ ᠣᠯᠠᠨ ᠵᠢᠯ ᠡᠪᠡᠳᠴᠢᠨ ᠡᠮᠭᠡᠭ᠎ᠲᠤ ᠨᠡᠷᠪᠡᠭ᠌ᠳᠡᠵᠦ᠍᠂ 2014 ᠣᠨ᠎ᠳᠤ ᠲᠡᠳᠡᠨ᠎ᠤ᠎ᠬᠢᠨ ᠲᠠᠩᠰᠠᠯᠠᠵᠤ ᠺᠠᠷᠳ᠋ᠯᠠᠬ᠍ᠰᠠᠨ ᠶᠠᠳᠠᠭᠤ ᠬᠦᠴᠢᠷᠳᠡᠯᠲᠡᠶ ᠡᠷᠦᠬᠡ ᠪᠤᠯᠤᠬ᠍ᠰᠠᠨ᠎ᠤ ᠳᠠᠷᠠᠭ᠎ᠠ᠂ ᠬᠤᠶᠠᠭᠤᠯᠠ᠎ᠪᠠᠨ ᠤᠯᠤᠰ᠎ᠤᠨ ᠬᠦᠨᠳᠦ ᠡᠪᠡᠳᠴᠢᠨ᠎ᠤ ᠠᠪᠤᠷᠠᠨ ᠲᠤᠰᠠᠯᠠᠯᠲᠠ᠂ ᠨᠤᠷᠠᠬᠤ ᠠᠶᠤᠯᠲᠠᠶ ᠬᠡᠷ ᠪᠠᠢᠱᠢᠩ᠎ᠢ ᠱᠢᠨᠡᠳᠭᠡᠨ ᠵᠠᠰᠠᠬᠤ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠳᠤᠯᠠᠪᠤᠷᠢ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢ ᠭᠥᠷᠳᠡᠪᠡ᠃

2016 ᠣᠨ᠎ᠳᠤ ᠲᠡᠳᠡᠨ᠎ᠤ᠎ᠬᠢᠨ ᠲᠣᠭ᠍ᠲᠠᠭᠤᠨ᠎ᠢᠶᠠᠷ ᠶᠠᠳᠠᠭᠤ᠎ᠠᠴᠠ ᠠᠩᠭᠢᠵᠢᠷᠠᠭ᠍ᠰᠠᠨ ᠪᠣᠯᠪᠠᠴᠤ᠌ ᠶᠠᠳᠠᠭᠤ᠎ᠠᠴᠠ ᠠᠩᠬᠢᠵᠢᠷᠠᠬᠤ ᠲᠦᠷᠤ᠎ᠶ᠋ᠢᠨ ᠪᠤᠳᠤᠯᠭ᠎ᠠ᠎ᠠᠴᠠ ᠰᠠᠯᠤᠭ᠍ᠰᠠᠨ ᠦᠭᠡᠢ᠂ 2017 ᠣᠨ᠎ᠳᠤ᠂ ᠯᠢ ᠲᠢᠩ ᠼᠠᠢ ᠲᠦᠷᠤᠯ ᠵᠦᠢᠯ᠎ᠤᠨ 2 ᠡᠯᠵᠢᠭᠡ ᠣᠯᠵᠤ᠂ 4 ᠵᠢᠯ᠎ᠤᠨ ᠲᠤᠷᠰᠢ᠂ ᠵᠢᠯ ᠪᠦᠷᠢ 1 ᠎ᠠᠴᠠ 2 ᠳᠤᠳᠠᠷᠠᠢ ᠨᠡᠮᠡᠭ᠌ᠳᠡᠳᠡᠭ ᠪᠠ ᠵᠢᠪᠠ᠃ 《ᠡᠨᠡ ᠵᠢᠯ᠎ᠤᠨ ᠠᠯᠠᠱᠢᠨ ᠡᠯᠵᠢᠭᠡᠨ᠎ᠤ ᠦᠨ᠎ᠡ ᠨᠢᠳᠤᠨᠤᠨ᠎ᠤ᠎ᠬᠢ᠎ᠲᠠᠢ ᠬᠠᠷᠢᠴᠠᠭᠤᠯᠪᠠᠯ ᠪᠠᠰᠠ 4 ᠎ᠠᠴᠠ 6 ᠲᠥᠭᠦᠷᠢᠭ ᠥᠰᠴᠠᠢ᠂ ᠮᠢᠨᠦ᠍ ᠠᠮᠢᠳᠤᠷᠠᠯ ᠶᠠᠪᠤᠬᠤ ᠲᠤᠲᠤᠮ ᠪᠠᠶᠠᠨ ᠴᠢᠨᠡᠭᠡᠯᠢᠭ ᠪᠣᠯᠵᠣ ᠪᠠᠢᠨ᠎ᠠ!》 ᠬᠡᠵᠤ ᠯᠢ ᠲᠢᠩ ᠼᠠᠢ ᠪᠠᠶᠠᠷᠯᠠᠨ ᠶᠠᠷᠢᠵᠤ ᠪᠠ ᠵᠢᠪᠠ᠃

ᠵᠢᠶᠠᠩ ᠵᠢᠶᠠ ᠸᠠᠨ ᠲᠣᠰᠭᠤᠨ᠎ᠳᠤ 325 ᠡᠷᠦᠬᠡ᠂ 637 ᠬᠥᠮᠦᠨ ᠠᠮᠠ᠎ᠲᠠᠢ᠂ ᠡᠷᠦᠬᠡ ᠪᠦᠷᠢ ᠡᠯᠵᠢᠭᠡ ᠲᠡᠵᠢᠭᠡᠵᠦ᠍᠂ ᠨᠡᠷ᠎ᠡ ᠨᠢᠳᠡᠷ᠎ᠲᠡᠭᠡᠨ ᠨᠡᠢᠴᠡᠭ᠌ᠰᠡᠨ ᠠᠯᠠᠱᠢᠨ ᠡᠯᠵᠢᠭᠡ ᠲᠡᠵᠢᠭᠡᠨ ᠦᠷᠡᠵᠢᠭᠦᠯᠬᠦ᠌ ᠲᠤᠰᠭᠠᠶ ᠲᠣᠰᠭᠤᠨ ᠪᠣᠯᠵᠠᠢ᠃ 《ᠮᠠᠨ᠎ᠤ ᠲᠣᠰᠭᠤᠨ᠎ᠤ ᠠᠷᠠᠳ ᠡᠯᠵᠢᠭᠡ ᠲᠡᠵᠢᠭᠡᠬᠦ᠌᠎ᠠᠴᠠ ᠭᠠᠳᠠᠨ᠎ᠠ ᠪᠠᠰᠠ ᠬᠤᠨᠢ᠂ ᠦᠬᠡᠷ ᠲᠡᠵᠢᠬᠡᠵᠤ᠂ ᠲᠠᠷᠢᠶ᠎ᠠ ᠲᠠᠷᠢᠵᠤ᠂ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ ᠵᠢᠯ ᠳᠠᠷᠠᠭᠠᠯᠠᠨ ᠨᠡᠮᠡᠭ᠌ᠳᠡᠵᠦ᠍ ᠪᠠᠢᠨ᠎ᠠ》 ᠭᠡᠵᠦ᠍ ᠲᠣᠰᠭᠤᠨ᠎ᠤ ᠨᠠᠮ᠎ᠤᠨ ᠡᠭᠦᠷ᠎ᠤᠨ ᠱᠦᠵᠢ ᠵᠠᠩ ᠱᠢᠶᠤᠤ ᠯᠢ ᠰᠤᠷᠪᠤᠯᠵᠢᠯᠠᠭ᠍ᠴᠢ᠎ᠳᠤ ᠬᠡᠯᠡᠪᠡ᠃

ᠯᠦᠩ ᠴᠠᠩ ᠲᠣᠰᠭᠤᠨ᠎ᠤ ᠱ᠌ᠢ ᠳ᠋ᠡ ᠶᠦᠩ ᠪᠣᠯ ᠬᠤᠯᠠ ᠤ ᠵᠢᠷ᠎ᠠ᠎ᠳᠠᠭᠠᠨ ᠠᠯᠳᠠᠷᠱᠢᠭ᠍ᠰᠠᠨ ᠪᠠᠶᠠᠵᠢᠯ᠎ᠤᠨ ᠴᠢᠳᠠᠪᠤᠷᠢᠲᠠᠨ ᠶᠤᠮ᠂ ᠲᠡᠭᠦᠨ᠎ᠤ ᠠᠯᠠᠱᠢᠨ ᠡᠯᠵᠢᠭᠡ ᠲᠡᠵᠢᠭᠡᠨ ᠦᠷᠡᠵᠢᠭᠦᠯᠬᠦ᠌ ᠰᠠᠭᠤᠷᠢᠨ᠎ᠳᠤ᠂ 260 ᠭᠠᠷᠤᠢ ᠪᠡᠶ᠎ᠡ ᠪᠢᠯᠳᠠᠷ ᠲᠤᠮᠤ ᠡᠯᠵᠢᠭᠡ ᠨᠡᠷᠡᠨ᠎ᠳᠤ ᠡᠭᠡᠭᠡᠬᠦ᠌ ᠪᠤᠶᠤ ᠡᠪᠡᠰᠦ ᠪᠣᠷᠳᠤᠭ᠎ᠠ ᠢᠳᠡᠵᠦ᠍᠂ ᠪᠠᠢᠨ ᠪᠠᠢᠨ ᠦᠨᠳᠦᠷ ᠲᠠᠭᠤᠨ᠎ᠢᠶᠠᠷ ᠡᠬᠡᠭ᠌ᠯᠠᠵᠤ ᠪᠠ ᠵᠢᠪᠠ᠃  《ᠡᠯᠵᠢᠭᠡ ᠪᠠ ᠲᠤᠳᠠᠷᠠᠢ᠎ᠶ᠋ᠢ ᠬᠠᠭᠠᠰ ᠵᠢᠯ ᠣᠷᠴᠢᠮ ᠪᠣᠷᠳᠣᠨ ᠲᠠᠷᠭᠤᠯᠠᠭᠤᠯᠵᠤ᠂ ᠡᠪᠡᠰᠦ ᠪᠣᠷᠳᠤᠭ᠎ᠠ ᠵᠡᠷᠭᠡ ᠲᠡᠵᠢᠭᠡᠨ ᠦᠷᠡᠵᠢᠭᠦᠯᠬᠦ᠌ ᠥᠪᠡᠷ᠎ᠤᠨ ᠥᠷᠲᠡᠭ᠎ᠢ ᠭᠠᠷᠭᠠᠪᠠᠯ᠂ ᠨᠢᠬᠡ ᠡᠯᠵᠢᠬᠡ᠎ᠠᠴᠠ 1000 ᠲᠥᠭᠦᠷᠢᠭ᠎ᠠᠴᠠ 3000 ᠲᠥᠭᠦᠷᠢᠭ ᠣᠷᠴᠢᠮ᠎ᠤᠨ ᠴᠡᠪᠡᠷ ᠤᠷᠤᠯᠭ᠎ᠠ ᠤᠯᠤᠨ᠎ᠠ᠃ ᠮᠠᠨ᠎ᠤ᠎ᠬᠢᠨ ᠵᠢᠯ᠎ᠳᠤ 1000 ᠠᠯᠠᠱᠢᠨ ᠡᠯᠵᠢᠭᠡ ᠬᠤᠳᠠᠯᠳᠤᠵᠤ᠂ ᠵᠢᠯ᠎ᠤᠨ ᠴᠡᠪᠡᠷ ᠣᠷᠣᠯᠭ᠎ᠠ ᠵᠠᠭᠤ ᠱᠢᠬᠠᠮ ᠲᠦᠮᠡᠨ ᠲᠥᠭᠦᠷᠢᠭ᠎ᠲᠤ ᠬᠦᠷᠴᠤ᠌ ᠪᠠ ᠵᠢᠨ᠎ᠠ》 ᠬᠡᠵᠤ ᠲᠡᠷᠡ ᠬᠠᠱᠢᠶᠠᠨ᠎ᠤ ᠭᠠᠳᠠᠨ᠎ᠠ ᠵᠣᠭ᠍ᠰᠣᠵᠤ ᠰᠤᠷᠪᠤᠯᠵᠢᠯᠠᠭ᠍ᠴᠢ᠎ᠳᠤ ᠬᠤᠷᠤᠭᠤ ᠲᠠᠷᠤᠨ ᠠᠵᠤ ᠠᠬᠤᠢ᠎ᠶ᠋ᠢᠨ ᠲᠠᠩᠰᠠ ᠪᠤᠳᠤᠵᠤ ᠦᠭ᠌ᠪᠠ᠃

ᠡᠯᠵᠢᠭᠡ ᠲᠡᠵᠢᠭᠡᠭ᠌ᠰᠡᠨ 20 ᠭᠠᠷᠤᠢ ᠵᠢᠯ᠎ᠳᠤ᠂ ᠱ᠌ᠢ ᠳ᠋ᠡ ᠶᠦᠩ᠎ᠤᠨ᠎ᠬᠢᠨ ᠥᠩᠭᠡᠷᠡᠭ᠌ᠰᠡᠨ᠎ᠳᠤ 50 ᠲᠡᠭ᠌ᠰᠢ ᠳᠥᠷᠪᠡᠯᠵᠢᠨ ᠮᠧᠲᠷ ᠬᠦᠷᠬᠦ᠌ ᠦᠭᠡᠢ 3 ᠲᠠᠰᠤᠯᠭ᠎ᠠ ᠵᠢᠵᠢᠭ ᠱᠢᠪᠠᠷ ᠪᠠᠢᠱᠢᠩ᠎ᠲᠠᠢ ᠪᠠᠢᠭ᠍ᠰᠠᠨ᠎ᠠᠴᠠ᠎ᠪᠠᠨ 8 ᠲᠠᠰᠤᠯᠭ᠎ᠠ ᠠᠭᠤᠵᠢᠮ ᠰᠠᠷᠠᠭᠤᠯ ᠲᠤᠮᠤ ᠸᠠᠭᠠᠷ᠎ᠤᠨ ᠪᠠᠢᠱᠢᠩ᠎ᠲᠠᠢ ᠪᠣᠯᠵᠠᠢ; ᠨᠢᠭᠡ ᠭᠤᠷᠪᠠᠨ ᠬᠦᠷᠳᠦᠲᠦ ᠮᠠᠱᠢᠨ ᠲᠡᠷᠭᠡ᠎ᠲᠠᠢ ᠪᠠᠢᠭ᠍ᠰᠠᠨ᠎ᠠᠴᠠ᠎ᠪᠠᠨ ᠬᠤᠶᠠᠷ ᠬᠡᠭᠡᠷᠠᠯᠠᠨ ᠠᠶᠠᠯᠠᠬᠤ ᠮᠠᠱᠢᠨ ᠲᠡᠷᠭᠡ᠎ᠲᠠᠢ ᠪᠣᠯᠵᠠᠢ; 30 ᠲᠡᠭ᠌ᠰᠢ ᠳᠥᠷᠪᠡᠯᠵᠢᠨ ᠮᠧᠲᠷ᠎ᠤᠨ ᠳᠥᠭᠦᠮᠬᠡᠨ ᠡᠯᠵᠢᠭᠡᠨ ᠬᠠᠱᠢᠶ᠎ᠠ᠎ᠲᠠᠢ ᠪᠠᠢᠭ᠍ᠰᠠᠨ᠎ᠠᠴᠠ᠎ᠪᠠᠨ ᠰᠠᠭᠤᠷᠢ ᠲᠥᠬᠦᠭᠡᠷᠦᠮᠵᠢ ᠪᠦᠷᠢᠨ ᠳᠦᠬᠦᠷ᠂ 10 ᠭᠠᠷᠤᠢ ᠮᠦ᠍ ᠭᠠᠵᠠᠷ ᠡᠵᠡᠯᠡᠭ᠌ᠰᠡᠨ ᠥᠩᠭᠡᠲᠦ ᠪᠤᠯᠤᠳ᠎ᠤᠨ ᠰᠠᠷᠠᠪᠴᠢᠳᠤ ᠬᠠᠱᠢᠶ᠎ᠠ᠎ᠲᠠᠢ ᠪᠣᠯᠵᠠᠢ; ᠤᠤᠯ᠎ᠤᠨ 5 ᠲᠦᠮᠡᠨ ᠲᠥᠭᠦᠷᠢᠭ᠎ᠤᠨ ᠦᠷᠢ᠎ᠲᠠᠢ ᠪᠠᠢᠭ᠍ᠰᠠᠨ᠎ᠠᠴᠠ᠎ᠪᠠᠨ ᠣᠲᠣ ᠪᠠᠩᠬᠢ᠎ᠶ᠋ᠢᠨ ᠺᠠᠷᠲ᠎ᠲᠠᠬᠢ ᠲᠤᠭ᠎ᠠ᠎ᠨᠢ ᠲᠠᠰᠤᠷᠠᠯᠲᠠ ᠥᠬᠡᠶ ᠨᠡᠮᠡᠭ᠌ᠳᠡᠵᠦ᠍ ᠪᠠᠢᠨ᠎ᠠ ᠁

ᠱ᠌ᠢ ᠳ᠋ᠡ ᠶᠦᠩ᠎ᠤᠨ ᠠᠮᠵᠢᠯᠲᠠ ᠣᠯᠤᠭ᠍ᠰᠠᠨ᠎ᠨᠢ ᠪᠦᠬᠦ᠌ ᠲᠣᠰᠭᠤᠨ᠎ᠤ ᠬᠥᠮᠦᠰ ᠵᠢᠴᠢ ᠡᠷᠬᠢᠨ ᠲᠣᠭᠤᠷᠢᠨ᠎ᠤ ᠮᠠᠰᠢ ᠤᠯᠠᠨ ᠲᠣᠰᠭᠤᠨ᠎ᠤ ᠠᠷᠠᠳ᠎ᠢ ᠳᠠᠭᠠᠭᠤᠯᠤᠨ ᠠᠯᠠᠱᠢᠨ ᠡᠯᠵᠢᠭᠡ ᠲᠡᠵᠢᠭᠡᠨ ᠦᠷᠡᠵᠢᠭᠦᠯᠬᠦ᠌ ᠪᠤᠯᠭᠠᠪᠠ᠃ ᠠᠯᠠᠱᠢᠨ ᠡᠯᠵᠢᠭᠡ᠎ᠶ᠋ᠢᠨ ᠠᠷᠠᠯᠵᠢᠶᠠᠨ᠎ᠤ ᠬᠡᠮᠵᠢᠶ᠎ᠡ ᠵᠢᠯ ᠳᠠᠷᠠᠭᠠᠯᠠᠨ ᠥᠷᠭᠡᠳᠬᠦ᠌᠎ᠶ᠋ᠢ ᠳᠠᠭᠠᠯᠳᠤᠨ᠂ 1 ᠲᠣᠮᠣ ᠬᠡᠯᠪᠡᠷᠢ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠠᠢᠭᠤᠯᠬᠤ ᠶᠠᠪᠤᠳᠠᠯ ᠲᠤᠯᠭᠠᠮ ᠱᠠᠭᠠᠷᠳᠠᠭ᠍ᠳᠠᠵᠠᠢ᠃ 2010 ᠣᠨ᠎ᠳᠤ᠂ 160 ᠲᠦᠮᠡᠨ ᠲᠥᠭᠦᠷᠢᠭ᠎ᠤᠨ ᠪᠡᠯᠡ ᠣᠷᠣᠭᠤᠯᠵᠤ᠂ 50 ᠭᠠᠷᠤᠶ ᠮᠦ᠍ ᠭᠠᠵᠠᠷ ᠡᠵᠡᠯᠡᠭ᠌ᠰᠡᠨ ᠸᠠᠩ ᠯᠦᠩ ᠠᠮᠢᠳᠤ ᠮᠠᠯ᠎ᠤᠨ ᠠᠷᠠᠯᠵᠢᠶᠠᠨ᠎ᠤ ᠵᠠᠬ᠎ᠠ ᠳᠡᠯᠭᠡᠭᠦᠷ ᠯᠦᠩ ᠴᠠᠩ ᠪᠠᠯᠭᠠᠰᠤᠨ᠎ᠤ ᠱᠤᠸᠠᠩ ᠱᠧᠩ ᠲᠣᠰᠭᠤᠨ᠎ᠳᠤ ᠪᠠᠢᠭᠤᠯᠤᠭ᠍ᠳᠠᠵᠤ᠂ ᠵᠠᠬ᠎ᠠ ᠳᠡᠯᠭᠡᠭᠦᠷ᠎ᠲᠠᠬᠢ ᠠᠯᠠᠱᠢᠨ ᠡᠯᠵᠢᠭᠡ ᠠᠷᠠᠯᠵᠢᠶᠠᠯᠠᠬᠤ ᠲᠣᠭᠤᠷᠢᠭ᠂ ᠡᠪᠡᠰᠦ ᠪᠣᠷᠳᠣᠭᠠᠨ᠎ᠤ ᠬᠥᠮᠥᠷᠭᠡ᠂ ᠢᠳᠡᠭᠡᠨ ᠤᠮᠳᠠᠭᠠᠨ᠂ ᠬᠤᠨᠤᠭ ᠵᠡᠷᠭᠡ ᠲᠥᠬᠦᠭᠡᠷᠦᠮᠵᠢ᠎ᠨᠢ ᠪᠦᠷᠢᠨ ᠪᠣᠯᠵᠠᠶ᠃ ᠲᠣᠰ ᠠᠷᠠᠯᠵᠢᠶᠠᠨ᠎ᠤ ᠵᠠᠬ᠎ᠠ ᠳᠡᠯᠭᠡᠭᠦᠷ᠎ᠨᠢ ᠰᠠᠷ᠎ᠠ ᠪᠦᠷᠢ ᠨᠡᠢᠲᠡ 12 ᠠᠷᠠᠯᠵᠢᠶᠠᠨ᠎ᠤ ᠡᠳᠦᠷ᠎ᠲᠠᠢ ᠪᠠᠢᠵᠤ᠂ ᠭᠢᠷᠢᠨ᠂ ᠱᠠᠨᠳᠦ᠋ᠩ᠂ ᠪᠡᠭᠡᠵᠢᠩ᠂ ᠾᠧᠪᠸᠢ᠂ ᠾᠧᠨᠠᠨ᠂ ᠵᠢᠶᠠᠩᠰᠢ ᠵᠡᠷᠭᠡ 10 ᠭᠠᠷᠤᠶ ᠮᠤᠵᠢ ᠬᠤᠲᠠ᠎ᠶ᠋ᠢ ᠬᠠᠮᠤᠷᠴᠤ᠌᠂ ᠠᠯᠠᠱᠢᠨ ᠡᠯᠵᠢᠭᠡ᠎ᠶ᠋ᠢᠨ ᠵᠢᠯ᠎ᠤᠨ ᠠᠷᠠᠯᠵᠢᠶᠠᠨ᠎ᠤ ᠬᠡᠮᠵᠢᠶ᠎ᠡ᠎ᠨᠢ 12 ᠲᠦᠮᠡ᠎ᠳᠤ ᠬᠦᠷᠳᠡᠭ᠃

ᠰᠤᠷᠪᠤᠯᠵᠢᠯᠠᠭ᠍ᠴᠢ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠢᠷᠡᠬᠦ᠌᠎ᠳᠤ᠂ ᠨᠢᠭᠡᠨ ᠬᠠᠷ᠎ᠠ ᠴᠢᠷᠠᠶ᠎ᠲᠠᠢ᠂ ᠳᠤᠮᠳᠠ᠎ᠶ᠋ᠢᠨ ᠪᠡᠶ᠎ᠡ᠎ᠲᠠᠢ᠂ ᠮᠠᠷᠢᠶᠠᠯᠢᠭ ᠬᠥᠳᠡᠭᠡ᠎ᠶ᠋ᠢᠨ ᠪᠦᠰᠡᠬᠦᠢ ᠡᠯᠵᠢᠭᠡ ᠫᠠᠨᠽᠠᠯᠠᠭ᠍ᠴᠢ᠎ᠲᠠᠢ ᠦᠨ᠎ᠡ ᠬᠠᠩᠰᠢ ᠪᠤᠯᠢᠶᠠᠯᠳᠤᠵᠤ ᠪᠠᠢᠬᠤ᠎ᠶ᠋ᠢ ᠣᠯᠵᠤ ᠬᠠᠷᠠᠪᠠ᠂ ᠲᠡᠭᠦᠨ᠎ᠤ ᠬᠦᠩᠭᠢᠨᠡᠮ᠎ᠡ ᠬᠤᠭᠤᠯᠠᠢ᠎ᠨᠢ ᠮᠠᠰᠢ ᠣᠯᠠᠨ ᠭᠠᠳᠠᠨᠠᠬᠢ ᠬᠤᠳᠠᠯᠳᠤᠭᠠᠴᠢᠨ᠎ᠤ ᠠᠩᠬᠠᠷᠤᠯ᠎ᠢ ᠲᠠᠲᠠᠵᠤ ᠪᠠᠢᠯ᠎ᠠ᠃ ᠲᠡᠭᠦᠨ᠎ᠢ ᠯᠢᠦ ᠱᠦᠸᠧ ᠶᠢᠩ ᠭᠡᠳᠡᠭ᠂ ᠲᠤᠰᠭᠠᠶ ᠠᠯᠠᠱᠢᠨ ᠡᠯᠵᠢᠭᠡ᠎ᠶ᠋ᠢᠨ ᠦᠨ᠎ᠡ ᠵᠠᠰᠠᠭ᠍ᠴᠢ ᠪᠤᠯᠤᠨ᠎ᠠ᠃ ᠠᠷᠠᠯᠵᠢᠶᠠᠨ᠎ᠤ ᠡᠳᠦᠷ ᠪᠦᠷᠢ ᠲᠡᠭᠦᠨ᠎ᠤ ᠭᠠᠷ᠎ᠢᠶᠠᠷ ᠳᠠᠮᠵᠢᠭ᠍ᠰᠠᠨ ᠠᠯᠠᠱᠢᠨ ᠡᠯᠵᠢᠭᠡ 50 ᠭᠠᠷᠤᠶ ᠪᠠᠢᠳᠠᠭ᠃ ᠲᠡᠷᠡ ᠡᠷ᠎ᠡ ᠨᠥᠬᠦᠷ᠎ᠲᠠᠢ᠎ᠪᠠᠨ ᠠᠯᠠᠱᠢᠨ ᠡᠯᠵᠢᠭᠡ᠎ᠶ᠋ᠢᠨ ᠦᠨ᠎ᠡ ᠵᠠᠰᠠᠭ᠍ᠴᠢ ᠪᠣᠯᠣᠭᠠᠳ ᠨᠢᠭᠡᠨᠲᠡ 5 ᠵᠢᠯ ᠪᠣᠯᠵᠤ᠂ ᠭᠡᠷ ᠪᠦᠯᠢ᠎ᠶ᠋ᠢᠨ ᠵᠢᠯ᠎ᠤᠨ ᠣᠷᠣᠯᠭ᠎ᠠ᠎ᠨᠢ ᠲᠠᠪᠢ ᠵᠢᠷᠠᠨ ᠲᠦᠮᠡᠨ ᠲᠥᠭᠦᠷᠢᠭ ᠬᠦᠷᠪᠡ᠃ ᠰᠦᠯᠵᠢᠶᠡᠨ᠎ᠤ ᠲᠧᠭ᠌ᠨᠢᠭ ᠮᠡᠷᠭᠡᠵᠢᠯ ᠬᠥᠳᠡᠭᠡ ᠲᠣᠰᠭᠤᠨ᠎ᠳᠤ ᠦᠳᠲᠡᠷ ᠲᠦᠷᠭᠡᠨ ᠬᠥᠭ᠌ᠵᠢᠬᠦ᠌᠎ᠶ᠋ᠢ ᠳᠠᠭᠠᠯᠳᠤᠨ᠂ ᠯᠢᠦ ᠱᠦᠸᠧ ᠶᠢᠩ ᠴᠦ᠍ 《ᠰᠦᠯᠵᠢᠶᠡᠨ᠎ᠤ ᠠᠯᠠᠱᠢᠨ ᠡᠯᠵᠢᠭᠡ᠎ᠶ᠋ᠢᠨ ᠦᠨ᠎ᠡ ᠵᠠᠰᠠᠭ᠍ᠴᠢ》 ᠪᠣᠯᠵᠣ᠂ ᠰᠦᠯᠵᠢᠶᠡᠨ ᠳᠡᠭᠡᠷ᠎ᠡ ᠠᠯᠠᠱᠢᠨ ᠡᠯᠵᠢᠭᠡ ᠬᠤᠳᠠᠯᠳᠤᠵᠤ᠂ ᠠᠯᠠᠱᠢᠨ ᠡᠯᠵᠢᠭᠡ᠎ᠶ᠋ᠢᠨ ᠠᠷᠠᠯᠵᠢᠶ᠎ᠠ᠎ᠳᠤ ᠪᠠᠰᠠ ᠨᠢᠭᠡ ᠴᠣᠩᠬᠤ ᠨᠡᠭᠡᠭᠡᠵᠦ᠍ ᠥᠭ᠌ᠴᠡᠶ᠃

ᠣᠳᠣᠬᠠᠨ ᠪᠣᠯᠲᠠᠯ᠎ᠠ᠂ ᠯᠦᠩ ᠴᠠᠩ ᠪᠠᠯᠭᠠᠰᠤᠨ᠎ᠳᠤ ᠨᠢᠭᠡᠨᠲᠡ 4 ᠠᠯᠠᠱᠢᠨ ᠡᠯᠵᠢᠭᠡ ᠲᠡᠵᠢᠭᠡᠨ ᠦᠷᠡᠵᠢᠭᠦᠯᠬᠦ᠌ ᠲᠤᠰᠭᠠᠶ ᠲᠣᠰᠭᠤᠨ᠂ 5 ᠭᠤᠤᠯᠳᠠᠯᠭ᠎ᠠ᠎ᠲᠠᠢ ᠠᠯᠠᠱᠢᠨ ᠡᠯᠵᠢᠭᠡ ᠲᠡᠵᠢᠭᠡᠨ ᠦᠷᠡᠵᠢᠭᠦᠯᠬᠦ᠌ ᠲᠠᠯᠠᠪᠠᠶ᠂ 11 ᠠᠯᠠᠱᠢᠨ ᠡᠯᠵᠢᠭᠡ᠎ᠶ᠋ᠢᠨ ᠡᠭᠦᠯᠳᠡᠷ ᠰᠠᠢᠵᠢᠷᠠᠭᠤᠯᠬᠤ ᠴᠡᠭ ᠪᠠᠢᠵᠤ᠂ ᠪᠥᠬᠦ᠌ ᠪᠠᠯᠭᠠᠰᠤᠨ᠎ᠤ ᠠᠯᠠᠱᠢᠨ ᠡᠯᠵᠢᠭᠡ᠎ᠶ᠋ᠢᠨ ᠲᠤᠭ᠎ᠠ 1.8 ᠲᠦᠮᠡ᠎ᠳᠤ ᠬᠦᠷᠴᠦ᠍᠂ ᠠᠯᠠᠱᠢᠨ ᠡᠯᠵᠢᠭᠡ᠎ᠶ᠋ᠢᠨ ᠦᠨ᠎ᠡ ᠵᠠᠰᠠᠭ᠍ᠴᠢ 140 ᠭᠠᠷᠤᠶ ᠬᠥᠮᠦᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号