ᠤᠯᠤᠰ᠎ᠤᠨ ᠬᠦᠭ᠌ᠵᠢᠭᠦᠯᠦᠯᠳᠡ ᠪᠠ ᠦᠭᠡᠷᠡᠴᠢᠯᠡᠯᠳᠡ᠎ᠶ᠋ᠢᠨ ᠵᠦᠪᠯᠡᠯ ᠮᠠᠨ᠎ᠤ ᠤᠷᠤᠨ᠎ᠳᠤ 850 ᠲᠦᠮᠡᠨ ᠲᠦᠭᠦᠷᠢᠭ᠎ᠤᠨ ᠲᠤᠰᠭᠠᠢ ᠪᠡᠯᠡ ᠮᠦᠩᠬᠦ᠌ ᠪᠠᠭᠤᠯᠭᠠᠪᠠ
2021-10-19 09:32:56
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ ᠤᠯᠤᠰ᠎ᠤᠨ ᠬᠦᠭ᠌ᠵᠢᠭᠦᠯᠦᠯᠳᠡ ᠪᠠ ᠦᠭᠡᠷᠡᠴᠢᠯᠡᠯᠳᠡ᠎ᠶ᠋ᠢᠨ ᠵᠦᠪᠯᠡᠯ᠎ᠠᠴᠠ ᠮᠠᠨ᠎ᠤ ᠤᠷᠤᠨ᠎ᠤ 2021 ᠤᠨ᠎ᠤ ᠲᠦᠭᠡᠮᠡᠯ ᠬᠠᠷᠠᠭᠠᠯᠵᠠᠯ᠎ᠤᠨ ᠴᠢᠨᠠᠷᠳᠠᠢ ᠬᠡᠦᠬᠡᠳ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠲᠤᠰᠭᠠᠢ ᠲᠦᠷᠦᠯ ᠵᠦᠢᠯ᠎ᠳᠤ ᠲᠦᠪ᠎ᠤᠨ ᠲᠦᠰᠦᠪ᠎ᠤᠨ ᠲᠤᠳᠤᠷᠠᠬᠢ ᠪᠡᠯᠡ ᠤᠷᠤᠭᠤᠯᠤᠯᠳᠠ᠎ᠶ᠋ᠢᠨ 850 ᠲᠦᠮᠡᠨ ᠲᠦᠭᠦᠷᠢᠭ᠎ᠤᠨ ᠪᠡᠯᠡ ᠮᠦᠩᠬᠦ᠌ ᠪᠠᠭᠤᠯᠭᠠᠵᠤ᠂ ᠬᠡᠦᠬᠡᠳ᠎ᠤᠨ ᠠᠰᠠᠷᠠᠮᠵᠢ᠎ᠶ᠋ᠢᠨ 7 ᠲᠦᠷᠦᠯ ᠵᠦᠢᠯ᠎ᠤᠨ ᠪᠦᠲᠦᠭᠡᠨ ᠪᠠᠢᠭᠤᠯᠤᠯᠳᠠ᠎ᠶ᠋ᠢ ᠳᠡᠮᠵᠢᠬᠦ᠌᠎ᠪᠠᠷ ᠪᠤᠯᠪᠠ᠃

ᠡᠨᠡ ᠬᠦ᠌ ᠲᠤᠰᠭᠠᠢ ᠪᠡᠯᠡ ᠮᠦᠩᠬᠦ᠌᠎ᠶ᠋ᠢ ᠪᠠᠭᠤᠯᠭᠠᠭ᠍ᠰᠠᠨ᠎ᠤ ᠵᠤᠷᠢᠯᠭ᠎ᠠ ᠪᠤᠯ 3 ᠨᠠᠰᠤᠨ᠎ᠠᠴᠠ ᠳᠤᠷᠤᠭ᠍ᠰᠢᠬᠢ ᠨᠢᠯᠬ᠎ᠠ ᠪᠠᠭ᠎ᠠ ᠬᠡᠦᠬᠡᠳ᠎ᠤᠨ ᠲᠦᠭᠡᠮᠡᠯ ᠬᠠᠷᠠᠭᠠᠯᠵᠠᠯ᠎ᠤᠨ ᠴᠢᠨᠠᠷᠳᠠᠢ ᠠᠰᠠᠷᠠᠮᠵᠢ᠎ᠶ᠋ᠢᠨ ᠦᠢᠯᠡᠴᠢᠯᠡᠭᠡᠨ᠎ᠤ ᠪᠦᠲᠦᠮᠵᠢᠳᠠᠢ ᠬᠠᠩᠭᠠᠯᠭ᠎ᠠ᠎ᠶ᠋ᠢ ᠴᠢᠩᠭᠠᠳᠭᠠᠵᠤ᠂ ᠲᠦᠪ᠎ᠤᠨ ᠲᠦᠰᠦᠪ᠎ᠤᠨ ᠲᠤᠳᠤᠷᠠᠬᠢ ᠪᠡᠯᠡ ᠤᠷᠤᠭᠤᠯᠤᠯᠳᠠ᠎ᠶ᠋ᠢᠨ ᠵᠢᠱ᠌ᠢᠶ᠎ᠠ ᠦᠵᠡᠭᠦᠯᠤᠨ ᠳᠠᠢᠴᠢᠯᠠᠬᠤ ᠦᠢᠯᠡᠳᠦᠯ ᠪᠠ ᠵᠠᠰᠠᠭ᠎ᠤᠨ ᠤᠷᠳᠤᠨ᠎ᠤ ᠬᠦᠲᠦᠯᠦᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠤᠨ᠂ ᠨᠡᠢᠭᠡᠮ᠎ᠤᠨ ᠬᠦᠴᠦᠨ᠎ᠤ ᠤᠷᠤᠯᠴᠠᠬᠤ ᠢᠳᠡᠪᠬᠢᠵᠢᠯ᠎ᠢ ᠬᠦᠭ᠌ᠵᠢᠭᠡᠬᠦ᠌᠎ᠶ᠋ᠢᠨ ᠲᠦᠯᠦᠭᠡ ᠶᠤᠮ᠃ ᠦᠪᠡᠷᠳᠡᠭᠡᠨ ᠵᠠᠰᠠᠬᠤ ᠤᠷᠤᠨ᠎ᠤ ᠬᠦᠭ᠌ᠵᠢᠭᠦᠯᠦᠯᠳᠡ ᠪᠠ ᠦᠭᠡᠷᠡᠴᠢᠯᠡᠯᠳᠡ᠎ᠶ᠋ᠢᠨ ᠵᠦᠪᠯᠡᠯ᠎ᠤᠨ᠎ᠬᠢᠨ ᠵᠤᠬᠢᠶᠠᠨ ᠪᠠᠢᠭᠤᠯᠵᠤ ᠵᠤᠬᠢᠴᠠᠭᠤᠯᠬᠤ ᠠᠵᠢᠯ᠎ᠢ ᠰᠠᠢᠳᠦᠷ ᠬᠢᠵᠦ᠍᠂ ᠡᠬᠢ ᠪᠠᠶᠠᠯᠢᠭ᠎ᠢ ᠨᠢᠭᠡᠳᠦᠯᠳᠠᠢ ᠲᠦᠯᠦᠪᠵᠢᠭᠦᠯᠦᠨ ᠳᠤᠬᠢᠷᠠᠭᠤᠯᠵᠤ᠂ ᠪᠡᠯᠡ ᠤᠷᠤᠭᠤᠯᠬᠤ ᠲᠦᠯᠦᠪᠯᠡᠭᠡ᠎ᠶ᠋ᠢ ᠴᠠᠭ ᠲᠤᠬᠠᠢ᠎ᠳᠤᠨᠢ ᠨᠠᠢᠳᠠᠪᠤᠷᠢᠵᠢᠭᠤᠯᠤᠨ᠂ ᠲᠦᠷᠦᠯ ᠵᠦᠢᠯ᠎ᠤᠨ ᠳᠤᠭ᠍ᠳᠠᠭ᠍ᠰᠠᠨ ᠬᠤᠭᠤᠴᠠᠭᠠᠨ᠎ᠳᠤ ᠪᠠᠷᠢᠯᠭ᠎ᠠ ᠳᠠᠭᠤᠰᠭᠤ᠎ᠶ᠋ᠢ ᠪᠠᠳᠤᠯᠠᠨ᠂ ᠨᠢᠯᠬ᠎ᠠ ᠪᠠᠭ᠎ᠠ ᠬᠡᠦᠬᠡᠳ᠎ᠲᠠᠢ ᠭᠡᠷ ᠪᠦᠯᠢ᠎ᠶ᠋ᠢᠨ᠎ᠬᠢᠨ᠎ᠤ ᠬᠡᠦᠬᠡᠳ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠱᠠᠭᠠᠷᠳᠠᠯᠭ᠎ᠠ᠎ᠶ᠋ᠢ ᠴᠢᠨᠠᠭ᠍ᠰᠢᠳᠠ ᠬᠠᠩᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号