ᠰᠤᠷᠪᠤᠯᠵᠢᠯᠠᠭ᠍ᠴᠢ ᠬᠥᠬᠡᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶᠠᠨ᠎ᠤ
ᠱᠢᠨ᠎ᠡ ᠬᠤᠲᠠ ᠲᠣᠭᠤᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶᠠᠨ᠎ᠤ ᠴᠠᠬᠢᠯᠭᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ᠌ ᠲᠥᠪ᠎ᠠᠴᠠ ᠣᠢᠯᠠᠭᠠᠭ᠍ᠰᠠᠨ᠎ᠢᠶᠠᠷ᠂ 7 ᠰᠠᠷ᠎ᠠ᠎ᠶ᠋ᠢᠨ 15 ᠤ ᠡᠳᠦᠷ᠎ᠠᠴᠠ ᠣᠲᠣ ᠪᠣᠯᠲᠠᠯ᠎ᠠ ᠲᠣᠰ ᠬᠤᠪᠢᠶᠠᠷᠢ ᠲᠣᠪᠴᠢᠶ᠎ᠠ 1673 ᠵᠤᠷᠪᠤᠰ
ᠰᠡᠷᠡᠮᠵᠢᠯᠡᠭᠦᠯᠬᠦ᠌ ᠵᠠᠷᠯᠢᠭ ᠲᠤᠰᠴᠤ᠌᠂ 1673 ᠣᠯᠠᠨ ᠲᠦᠮᠡᠨ᠎ᠤ ᠴᠠᠬᠢᠯᠭᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠳᠤ ᠤᠨᠠᠬᠤ᠎ᠠᠴᠠ
ᠵᠠᠢᠯᠠᠰᠭᠢᠭᠦᠯᠪᠠ᠃
ᠣᠢᠯᠠᠭᠠᠭ᠍ᠰᠠᠨ᠎ᠢᠶᠠᠷ᠂ ᠱᠢᠨ᠎ᠡ ᠬᠤᠲᠠ ᠲᠣᠭᠤᠷᠢᠭ᠎ᠤᠨ ᠳᠣᠲᠣᠭᠠᠳᠤ᠎ᠶ᠋ᠢ ᠬᠠᠮᠠᠭᠠᠯᠠᠬᠤ
ᠬᠤᠪᠢᠶᠠᠷᠢ ᠲᠣᠪᠴᠢᠶ᠎ᠠ᠎ᠶ᠋ᠢᠨ ᠴᠠᠬᠢᠯᠭᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ᠌ ᠲᠥᠪ
ᠪᠠᠢᠭᠤᠯᠤᠭ᠍ᠳᠠᠭ᠍ᠰᠠᠨ᠎ᠠᠴᠠ ᠨᠠᠭᠠᠰᠢ᠂ ᠴᠠᠬᠢᠯᠭᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠤᠨ ᠬᠡᠷᠡᠭ᠎ᠢ
ᠢᠳᠡᠪᠬᠢᠲᠡᠶ ᠠᠷᠭᠠᠴᠠᠭᠠᠵᠤ᠂ ᠪᠠᠯᠠ ᠮᠥᠩᠭᠦ᠌ ᠥᠭ᠌ᠬᠦ᠎ᠶ᠋ᠢ ᠪᠠᠴᠢᠮ ᠵᠣᠭ᠍ᠰᠣᠭᠠᠬᠤ᠎ᠪᠠᠷ ᠳᠠᠮᠵᠢᠭᠤᠯᠤᠨ᠂
ᠣᠯᠠᠨ ᠲᠦᠮᠡᠨ᠎ᠤ 1869 ᠲᠦᠮᠡᠨ ᠲᠥᠭᠦᠷᠢᠭ᠎ᠤᠨ ᠠᠵᠤ
ᠠᠬᠤᠶ᠎ᠶ᠋ᠢᠨ ᠬᠤᠬᠢᠷᠠᠯ᠎ᠢ ᠡᠭᠡᠭᠦᠯᠦᠨ ᠠᠪᠴᠢᠷᠠᠵᠤ᠂ ᠣᠳᠣᠬᠠᠨ᠎ᠳᠤ ᠪᠠᠯᠠ ᠮᠥᠩᠭᠦ᠌ ᠪᠤᠴᠠᠭᠠᠬᠤ ᠠᠵᠢᠯ᠎ᠢ
ᠶᠠᠭ ᠴᠢᠷᠮᠠᠢᠨ ᠠᠬᠢᠭᠤᠯᠵᠤ ᠪᠠᠢᠨ᠎ᠠ᠃ ᠴᠠᠭ᠍ᠳᠠᠭᠠᠨ᠎ᠤ ᠶᠠᠪᠤᠳᠠᠯ᠎ᠤᠨ ᠲᠣᠮᠣ ᠳ᠋ᠠᠢᠲ᠋ᠠ᠎ᠶ᠋ᠢᠨ ᠡᠯ᠎ᠡ
ᠲᠥᠷᠥᠯ᠎ᠤᠨ ᠲᠠᠪᠴᠠᠩ᠎ᠢᠶᠠᠷ ᠳᠠᠮᠵᠢᠭᠤᠯᠤᠨ ᠮᠡᠬᠡᠯᠡᠭ᠌ᠴᠢᠶ᠋ᠢᠨ ᠮᠡᠬᠡᠯᠡᠬᠦ᠌ ᠠᠵᠢᠯᠯᠠᠭ᠎ᠠ ᠬᠢᠬᠦ᠌
ᠦᠶ᠎ᠡ᠎ᠳᠤ ᠬᠤᠬᠢᠷᠠᠯ ᠠᠮᠰᠠᠭ᠍ᠴᠢ᠎ᠳᠤ ᠳᠠᠮᠵᠢᠭᠤᠯᠤᠭ᠍ᠰᠠᠨ ᠪᠠᠩᠬᠢ᠎ᠶ᠋ᠢᠨ ᠺᠠᠷᠲ᠂ ᠰᠦᠯᠵᠢᠶᠡᠨ᠎ᠤ ᠬᠠᠶᠢᠭ᠎ᠢ
ᠰᠤᠳᠤᠯᠤᠨ ᠮᠠᠭᠠᠳᠯᠠᠵᠤ᠂ ᠴᠠᠬᠢᠯᠭᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠤᠨ ᠪᠥᠬᠦ᠌ ᠬᠡᠯᠬᠢᠶ᠎ᠡ᠎ᠶ᠋ᠢᠨ
ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ᠎ᠳᠤ ᠪᠡᠷᠬᠡ ᠠᠰᠠᠭᠤᠳᠠᠯ᠎ᠢ ᠱᠢᠢᠳᠪᠦᠷᠢᠯᠡᠪᠡ᠃ ᠱᠢᠨ᠎ᠡ ᠬᠤᠲᠠ
ᠲᠣᠭᠤᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ ᠡᠨᠡ ᠵᠢᠯ᠎ᠠᠴᠠ ᠨᠠᠭᠠᠰᠢ᠂ 《ᠬᠤᠶᠠᠷ ᠺᠠᠷᠲ》᠎ᠪᠠᠷ ᠲᠠᠮᠵᠢᠭᠤᠯᠤᠨ ᠰᠦᠯᠵᠢᠶᠡᠨ᠎ᠤ ᠶᠠᠯᠠᠲᠤ ᠠᠵᠢᠯᠯᠠᠭ᠎ᠠ᠎ᠶ᠋ᠢ ᠬᠠᠪᠰᠤᠷᠤᠭ᠍ᠰᠠᠨ 90 ᠶᠠᠯ᠎ᠠ᠎ᠶ᠋ᠢᠨ ᠰᠡᠵᠢᠭ᠌ᠳᠡᠨ᠎ᠳᠤ ᠴᠣᠬᠢᠯᠲᠠ
ᠥᠭ᠌ᠴᠦ᠂ ᠴᠠᠬᠢᠯᠭᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠤᠨ ᠦᠨᠳᠦᠰᠦ ᠰᠤᠷᠪᠤᠯᠵᠢ᠎ᠶ᠋ᠢ ᠲᠠᠰᠤᠯᠬᠤ᠎ᠳᠤ
ᠴᠢᠬᠤᠯᠠ ᠦᠢᠯᠡᠳᠦᠯ ᠦᠵᠡᠭᠦᠯᠦᠭ᠌ᠰᠡᠨ ᠪᠠᠢᠨ᠎ᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号