ᠦᠪᠡᠷᠲᠡᠭᠡᠨ ᠵᠠᠰᠭᠠᠤ ᠤᠷᠤᠨ᠎ᠤ ᠠᠵᠢᠯᠴᠢᠨ᠎ᠤ ᠶᠡᠷᠦᠩᠬᠡᠢ ᠡᠪᠯᠡᠯ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠭᠦ》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠪᠥᠬᠦ᠌ ᠲᠠᠯ᠎ᠠ᠎ᠪᠠᠷ ᠠᠬᠢᠭᠤᠯᠬᠤ᠎ᠶ᠋ᠢᠨ
ᠲᠥᠯᠥᠭᠡ᠂ ᠲᠦᠷᠦᠭᠦᠭᠡᠨ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠭᠤ
ᠳᠤᠭᠤᠢᠯᠠᠩ᠎ᠤᠨ ᠥᠷᠭᠡᠳᠭᠡᠭ᠌ᠰᠡᠨ ᠬᠤᠷᠠᠯ ᠵᠢᠴᠢ
ᠲᠠᠪᠤᠳᠤᠭᠠᠷ ᠤᠳᠠᠭ᠎ᠠ᠎ᠶ᠋ᠢᠨ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ᠃
ᠬᠤᠷᠠᠯ᠎ᠠᠴᠠ᠂ ᠡᠯ᠎ᠡ ᠨᠢᠭᠡᠴᠢ᠎ᠶ᠋ᠢᠨ᠎ᠬᠢᠨ ᠪᠣᠳᠠᠲᠤ ᠶᠠᠪᠤᠳᠠᠯ ᠭᠦᠢᠴᠡᠳᠭᠡᠬᠦ᠌ ᠲᠥᠷᠥᠯ ᠵᠦᠢᠯ᠎ᠤᠨ ᠨᠠᠷᠢᠨ ᠲᠠᠩᠰᠠ᠎ᠶ᠋ᠢ
ᠨᠠᠷᠢᠨ ᠬᠢᠨᠠᠮᠠᠭᠠᠶ ᠡᠮᠬᠢᠯᠡᠨ ᠲᠡᠭᠦᠯᠳᠡᠷᠵᠢᠭᠦᠯᠵᠦ᠍᠂ ᠣᠯᠠᠨ ᠲᠦᠮᠡᠨ᠎ᠤ ᠬᠢᠨᠠᠯᠲᠠ᠎ᠶ᠋ᠢ ᠬᠦᠯᠢᠶᠡᠬᠦ᠌
ᠬᠡᠷᠡᠭ᠌ᠲᠡᠶ᠃ ᠡᠯ᠎ᠡ ᠲᠦᠷᠦᠭᠦᠯᠡᠨ ᠬᠢᠬᠦ᠌ ᠰᠠᠯᠠᠭ᠎ᠠ ᠮᠥᠴᠢᠷ ᠪᠣᠯᠤᠨ ᠬᠠᠷᠢᠭᠤᠴᠠᠯᠭᠠᠲᠤ
ᠨᠢᠭᠡᠴᠢ᠎ᠶ᠋ᠢᠨ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠶ
ᠲᠥᠯᠥᠪᠵᠢᠭᠦᠯᠵᠦ᠍᠂ ᠡᠭᠦᠷᠭᠡᠯᠡᠵᠦ᠍ ᠪᠠᠢᠭ᠎ᠠ ᠲᠥᠷᠥᠯ ᠵᠦᠢᠯ᠎ᠤᠨ ᠨᠠᠷᠢᠨ ᠲᠠᠩᠰᠠ᠎ᠶ᠋ᠢᠨ ᠡᠭᠦᠷᠭᠡ᠎ᠪᠠᠨ
ᠴᠢᠨᠠᠷ ᠰᠠᠢᠲᠠᠶ ᠪᠡᠶᠡᠯᠡᠭᠦᠯᠵᠦ᠍᠂ 《ᠪᠢ ᠣᠯᠠᠨ ᠲᠦᠮᠡᠨ᠎ᠳᠤ
ᠪᠣᠳᠠᠲᠤ ᠶᠠᠪᠤᠳᠠᠯ ᠬᠢᠵᠦ᠍ ᠦᠭ᠌ᠬᠦ》 ᠦᠢᠯᠡᠳᠦᠯᠭᠡ᠎ᠶ᠋ᠢᠨ
ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠦᠨᠡᠨ ᠪᠣᠳᠠᠲᠠᠶ ᠠᠵᠢᠯ᠎ᠤᠨ ᠦᠷ᠎ᠡ
ᠪᠦᠲᠦᠮᠵᠢ᠎ᠪᠠᠷ ᠣᠯᠠᠨ ᠲᠦᠮᠡᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ
ᠲᠦᠪᠱᠢᠨ᠎ᠤ ᠲᠥᠷᠥᠭ᠌ᠳᠡᠯ᠎ᠢ ᠴᠢᠷᠮᠠᠢᠨ ᠳᠡᠭᠡᠭ᠌ᠰᠢᠯᠡᠭᠦᠯᠬᠦ᠌ ᠬᠡᠷᠡᠭ᠌ᠲᠡᠶ; ᠦᠪᠡᠷᠲᠡᠭᠡᠨ ᠵᠠᠰᠭᠠᠤ ᠤᠷᠤᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠡᠯ᠎ᠡ
ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ᠎ᠬᠢᠨ ᠠᠵᠢᠯᠳᠠᠨ ᠠᠵᠢᠯᠴᠢᠨ ᠲᠦᠮᠡᠨ᠎ᠲᠠᠢ ᠨᠢᠭ᠍ᠲᠠ ᠬᠠᠷᠢᠯᠴᠠᠬᠤ
ᠪᠠ ᠲᠡᠳᠡᠨ᠎ᠳᠤ ᠦᠢᠯᠡᠴᠢᠯᠡᠬᠦ᠌᠎ᠶ᠋ᠢ ᠪᠣᠳᠠᠲᠠᠢ ᠶᠠᠪᠤᠳᠠᠯ ᠬᠢᠬᠦ᠌ ᠦᠨᠳᠦᠰᠦᠨ ᠭᠠᠷᠳᠠᠴᠠ ᠪᠣᠯᠭᠠᠵᠤ᠂
ᠠᠵᠢᠯ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ ᠱᠢᠨ᠎ᠡ ᠰᠡᠳᠭᠢᠬᠦᠢ᠂ ᠱᠢᠨ᠎ᠡ ᠠᠷᠭ᠎ᠠ ᠪᠠᠷᠢᠯ᠂ ᠱᠢᠨ᠎ᠡ ᠮᠡᠷᠭᠡᠵᠢᠯ᠎ᠢ
ᠬᠡᠷᠡᠭ᠌ᠯᠡᠵᠦ᠍᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ
ᠬᠢᠵᠦ᠍ ᠥᠭ᠌ᠬᠦ》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠰᠠᠢᠲᠤᠷ
ᠥᠷᠨᠢᠭᠦᠯᠵᠦ᠍᠂ ᠠᠷᠭᠠᠴᠠᠭᠠᠬᠤ ᠦᠵᠡᠯ ᠰᠠᠨᠠᠭ᠎ᠠ᠎ᠶ᠋ᠢ ᠢᠯᠠᠨ ᠳᠠᠪᠠᠵᠤ᠂ ᠬᠡᠯᠪᠡᠷᠢᠴᠢ ᠦᠵᠡᠯ᠎ᠢ ᠲᠡᠪᠴᠢᠬᠦ᠌
ᠬᠡᠷᠡᠭ᠌ᠲᠡᠢ; ᠦᠪᠡᠷᠲᠡᠭᠡᠨ ᠵᠠᠰᠭᠠᠤ ᠤᠷᠤᠨ᠎ᠤ ᠠᠵᠢᠯᠴᠢᠨ᠎ᠤ
ᠶᠡᠷᠦᠩᠬᠡᠢ ᠡᠪᠯᠡᠯ᠎ᠤᠨ 《ᠠᠷᠪᠠᠨ ᠬᠤᠶᠠᠷ ᠵᠦᠢᠯ》 ᠪᠣᠳᠠᠲᠤ ᠬᠡᠷᠡᠭ᠎ᠤᠨ ᠲᠥᠷᠥᠯ ᠵᠦᠢᠯ᠎ᠤᠨ ᠨᠠᠷᠢᠨ ᠬᠠᠭᠤᠳᠠᠰᠤ ᠵᠢᠴᠢ ᠨᠠᠮ᠎ᠤᠨ
ᠤᠳᠤᠷᠢᠳᠭᠤ ᠳᠤᠭᠤᠢᠯᠠᠩ᠎ᠤᠨ ᠤᠳᠤᠷᠢᠳᠭᠤ ᠪᠠᠭ᠎ᠤᠨ ᠪᠦᠷᠢᠯᠳᠦᠬᠦᠨ᠎ᠤ ᠨᠡᠢᠭᠡᠮ ᠲᠣᠭᠤᠷᠢᠭ᠎ᠢ ᠳᠠᠭᠠᠭᠠᠴᠢᠯᠠᠨ
ᠠᠪᠴᠤ᠌ ᠬᠠᠷᠢᠯᠴᠠᠬᠤ᠂ ᠬᠠᠪᠰᠤᠷᠤᠨ ᠲᠡᠳᠬᠦᠬᠦ᠌ ᠠᠵᠢᠯ᠎ᠢ ᠦᠪᠡᠷᠲᠡᠭᠡᠨ ᠵᠠᠰᠭᠠᠤ ᠤᠷᠤᠨ᠎ᠤ ᠠᠵᠢᠯᠴᠢᠨ᠎ᠤ
ᠶᠡᠷᠦᠩᠬᠡᠢ ᠡᠪᠯᠡᠯ᠎ᠤᠨ ᠱᠠᠯᠠᠪᠲᠠᠭᠤᠯᠤᠨ ᠭᠦᠢᠴᠡᠳᠭᠡᠬᠦ᠌
ᠡᠬᠡ ᠲᠠᠩᠰᠠ᠎ᠶ᠋ᠢᠨ ᠬᠠᠮᠢᠶᠠᠷᠤᠯᠲᠠ᠎ᠳᠤ ᠣᠷᠣᠭᠤᠯᠵᠤ᠂ ᠱᠠᠯᠠᠪᠲᠠᠭᠤᠯᠤᠨ ᠵᠢᠯᠣᠭᠤᠳᠭᠤ᠎ᠶ᠋ᠢ ᠴᠢᠩᠭᠠᠳᠭᠠᠵᠤ᠂
ᠶᠠᠪᠤᠳᠠᠯ ᠪᠦᠬᠦᠨ᠎ᠢ ᠨᠠᠢᠳᠠᠪᠤᠷᠢᠵᠢᠭᠤᠯᠵᠤ᠂ ᠶᠠᠪᠤᠳᠠᠯ ᠪᠣᠯᠭᠠᠨ᠎ᠳᠤ ᠬᠠᠷᠢᠭᠤᠯᠲᠠ ᠥᠭ᠌ᠬᠦ᠎ᠶ᠋ᠢ
ᠪᠠᠲᠤᠯᠠᠬᠤ ᠬᠡᠷᠡᠭ᠌ᠲᠡᠶ ᠬᠡᠵᠦ᠍ ᠴᠢᠬᠤᠯᠠᠴᠢᠯᠠᠪᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号