ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠦ ᠬᠦᠮᠦᠵᠢᠯ ᠴᠡᠭ᠌ᠴᠡᠯᠡᠯᠳᠡ ᠵᠢᠨ ᠠᠵᠢᠯᠯᠠᠭ᠎ᠠ ᠵᠢ ᠥᠷᠨᠢᠭᠦᠯᠦᠭ᠌ᠰᠡᠨ᠎ᠡᠴᠡ ᠨᠠᠭᠠᠰᠢ᠂ ᠬᠥᠬᠡᠬᠣᠲᠠ᠎ᠶ᠋ᠢᠨ ᠲᠡᠮᠦᠷ ᠵᠠᠮ᠎ᠤᠨ ᠵᠦᠬᠡᠬᠡᠪᠦᠷᠢ ᠵᠢᠨ ᠪᠠᠢᠴᠠᠭᠠᠬᠤ ᠬᠣᠷᠢᠶ᠎ᠠ 《ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠦᠭ᠌ᠬᠦ》 ᠦᠢᠯᠡᠳᠦᠯᠭᠡ ᠶ᠋ᠢᠨ ᠠᠵᠢᠯᠯᠠᠭ᠎ᠠ ᠥᠷᠨᠢᠭᠦᠯᠬᠦ᠌᠎ᠪᠡᠷ ᠠᠵᠠ ᠲᠣᠬᠢᠶᠠᠯ ᠪᠣᠯᠭᠠᠵᠤ ᠂ ᠲᠤᠬᠠᠢᠯᠠᠭ᠍ᠰᠠᠨ ᠠᠵᠢᠯ᠎ᠲᠠᠶ᠎ᠪᠠᠨ ᠨᠢᠭ᠍ᠲᠠ ᠤᠶᠠᠯᠳᠤᠭᠤᠯᠤᠨ ᠂ ᠬᠠᠤᠯᠢᠵᠢᠯ᠎ᠤᠨ ᠬᠢᠴᠢᠶᠡᠯ ᠢ ᠰᠤᠷᠭᠠᠭᠤᠯᠢ ᠵᠢᠨ ᠬᠦᠷᠢᠶᠡᠨ ᠳ᠋ᠤ ᠬᠦᠷᠭᠡᠬᠦ᠌ ᠪᠡᠷ ᠳᠠᠮᠵᠢᠨ ᠤᠯᠠᠨ ᠲᠦᠮᠡᠨ᠎ᠤ ᠬᠦᠴᠢᠷ ᠵᠣᠪᠠᠭᠤᠷᠢ᠎ᠶ᠋ᠢ ᠦᠨᠡᠨ ᠬᠦ᠌ ᠱᠢᠢᠳᠪᠦᠷᠢᠯᠡᠵᠦ᠍ ᠪᠤᠢ᠃
ᠣᠢᠷ᠎ᠠ᠎ᠳᠤ ᠂ ᠬᠥᠬᠡᠬᠣᠲᠠ᠎ᠶ᠋ᠢᠨ ᠲᠡᠮᠦᠷ ᠵᠠᠮ᠎ᠤᠨ ᠵᠦᠬᠡᠬᠡᠪᠦᠷᠢ ᠵᠢᠨ ᠪᠠᠢᠴᠠᠭᠠᠬᠤ ᠬᠣᠷᠢᠶ᠎ᠠ᠎ᠶ᠋ᠢᠨ 《ᠡᠮᠡᠭ᠌ᠲᠡᠶ ᠪᠠᠢ᠌ᠴᠠᠭᠠᠬ᠍ᠴᠢ ᠲᠤᠱᠢᠶᠠᠯᠳᠠᠨᠤ ᠣᠨᠴᠠᠭᠠᠶ ᠪᠦᠯᠬᠦᠮ》 ᠤ᠋ᠨ ᠬᠢᠨ ᠨᠢᠬᠡᠨ ᠲᠤᠤᠷ᠎ᠠ ᠴᠤᠬ᠍ᠯᠠᠷᠠᠵᠤ᠂ 6 ᠡᠮᠡᠭ᠌ᠳᠡᠢ ᠪᠠᠢ᠌ᠴᠠᠭᠠᠬ᠍ᠴᠢ ᠲᠤᠱᠢᠶᠠᠯᠲᠠᠨ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠦᠨᠳᠦᠰᠦᠲᠡᠨ᠎ᠦ ᠪᠠᠭ᠎ᠠ ᠰᠤᠷᠭᠠᠭᠤᠯᠢ᠎ᠳᠤ ᠬᠦᠷᠴᠦ᠍᠂ ᠬᠡᠦᠬᠡᠳ᠎ᠦᠳ᠎ᠲᠦ ᠬᠠᠤᠯᠢᠵᠢᠯ᠎ᠤᠨ ᠬᠢᠴᠢᠶᠡᠯ ᠤᠷᠤᠪᠠ᠃
ᠤᠯᠠᠨ ᠴᠢᠳᠠᠮᠵᠢᠲᠤ ᠮᠡᠳᠡᠭᠦᠯᠦᠯᠲᠡ᠎ᠶ᠋ᠢᠨ ᠲᠠᠩᠬᠢᠮ᠎ᠳᠦ᠂ ᠪᠠᠢᠴᠠᠭᠠᠬᠤ ᠺᠠᠳ᠋ᠷ ᠴᠠᠭ᠍ᠳᠠᠭ᠎ᠠ᠎ᠨᠠᠷ᠎ᠤᠨ ᠥᠪᠡᠷ᠎ᠢᠶᠡᠨ ᠨᠠᠢᠷᠠᠭᠤᠯᠵᠤ ᠥᠪᠡᠷ᠎ᠢᠶᠡᠨ ᠤᠳᠤᠷᠢᠳᠴᠤ᠌ ᠲᠣᠭ᠍ᠯᠠᠭ᠍ᠰᠠᠨ ᠬᠠᠤᠯᠢ ᠴᠠᠭᠠᠵᠠ᠎ᠶ᠋ᠢᠨ ᠶᠡᠷᠦ᠍᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠵᠢᠵᠢᠭ ᠣᠬᠣᠷ ᠵᠦᠴᠦᠭᠡ ᠪᠠᠨ ᠳᠡᠯᠭᠡᠨ ᠦᠵᠡᠭᠦᠯᠪᠡ᠃ ᠪᠠᠢ᠌ᠴᠠᠭᠠᠬ᠍ᠴᠢ ᠺᠠᠳ᠋ᠷ ᠴᠠᠭ᠍ᠳᠠᠭ᠎ᠠ᠎ᠨᠠᠷ ᠰᠤᠷᠭᠠᠭᠤᠯᠢ ᠵᠢᠨ ᠬᠤᠪᠴᠠᠰᠤ ᠡᠮᠦᠰᠦᠭᠡᠳ ᠂ ᠰᠤᠷᠭᠠᠭᠤᠯᠢ᠎ᠶ᠋ᠢᠨ ᠬᠦᠷᠢᠶᠡᠨ᠎ᠳᠤ ᠭᠠᠷᠤᠭ᠍ᠰᠠᠨ ᠦᠯᠢᠭᠡᠷ᠎ᠢ ᠸᠢᠳᠢᠣ᠋ ᠬᠡᠯᠪᠡᠷᠢ᠎ᠪᠡᠷ ᠲᠤᠮᠤ ᠳᠡᠯᠭᠡᠴᠡ ᠳᠡᠭᠡᠷ᠎ᠡ ᠳᠡᠯᠭᠡᠨ ᠦᠵᠡᠭᠦᠯᠵᠦ᠍᠂ ᠬᠡᠦᠬᠡᠳ᠎ᠦᠳ᠎ᠢ ᠪᠡᠶ᠎ᠡ᠎ᠪᠡᠷ᠎ᠢᠶᠡᠨ ᠥᠩᠭᠡᠷᠡᠭᠦᠯᠦᠭ᠌ᠰᠡᠨ ᠲᠦᠷᠦᠭ᠌ᠳᠡᠯ᠎ᠲᠡᠶ ᠪᠤᠯᠭᠠᠪᠠ᠃
ᠪᠠᠢᠴᠠᠭᠠᠬᠤ ᠺᠠᠳ᠋ᠷ ᠴᠠᠭ᠍ᠳᠠᠭ᠎ᠠ ᠨᠠᠷ ᠠᠮᠢᠳᠤᠯᠢᠭ ᠬᠡᠷᠡᠭ᠎ᠦᠨ ᠵᠢᠱ᠌ᠢᠶ᠎ᠡ᠎ᠲᠡᠶ ᠪᠠᠨ ᠤᠶᠠᠯᠳᠤᠭᠤᠯᠤᠨ᠂ ᠰᠤᠷᠭᠠᠭᠤᠯᠢ᠎ᠶ᠋ᠢᠨ ᠬᠦᠷᠢᠶᠡᠨ᠎ᠦ ᠳᠣᠷᠣᠮᠵᠢᠯᠠᠯ᠎ᠤᠨ ᠬᠤᠤᠷ ᠬᠥᠨᠥᠭᠡᠯ ᠪᠤᠯᠤᠨ ᠰᠤᠷᠭᠠᠭᠤᠯᠢ᠎ᠶ᠋ᠢᠨ ᠬᠦᠷᠢᠶᠡᠨ᠎ᠦ ᠳᠣᠷᠣᠮᠵᠢᠯᠠᠯ᠎ᠢ ᠬᠡᠷᠬᠢᠨ ᠰᠡᠷᠭᠡᠢᠯᠡᠬᠦ᠌ ᠲᠤᠬᠠᠶ ᠲᠣᠳᠣᠷᠬᠠᠢᠯᠠᠨ ᠲᠠᠢᠯᠪᠤᠷᠢᠯᠠᠵᠤ᠂ 《ᠡᠢᠮᠦᠷᠬᠦ᠌ ᠳᠣᠷᠣᠮᠵᠢᠯᠠᠯ᠎ᠢ ᠶᠠᠭᠠᠬᠢᠭ᠍ᠰᠠᠨ ᠴᠤ᠌ ᠭᠠᠷᠭᠠᠵᠤ ᠪᠤᠯᠬᠤ ᠦᠬᠡᠢ᠂ ᠢᠩᠬᠢᠪᠡᠯ ᠯᠠᠪᠳᠠᠢ ᠰᠤᠷᠭᠠᠭᠤᠯᠢ᠎ᠵᠢᠨ ᠪᠤᠯᠪᠠᠰᠤᠨ ᠶᠤᠰᠤ ᠮᠤᠷᠠᠯ᠎ᠢ ᠡᠪᠳᠡᠬᠦ᠌ ᠪᠡᠷ ᠪᠠᠷᠠᠬᠤ ᠦᠭᠡᠢ ᠦᠪᠡᠰᠦᠪᠠᠨ ᠴᠤ᠌ ᠰᠤᠷᠭᠠᠭᠤᠯᠢ᠎ᠵᠢᠨ ᠲᠦᠷᠢᠮ ᠳᠤᠬ᠍ᠳᠠᠭᠠᠯᠢ ᠵᠦᠷᠢᠴᠡᠭ᠌ᠰᠡᠨ ᠱᠢᠢᠳᠭᠡᠯ ᠤᠯᠬᠤ ᠪᠤᠯᠤᠨ᠎ᠠ᠂ ᠡᠷᠬᠡᠪᠰᠢ ᠰᠤᠷᠭᠠᠭᠤᠯᠢ ᠵᠢᠨ ᠬᠦᠷᠢᠶᠡᠨ᠎ᠤ ᠬᠦᠴᠦᠷᠭᠡᠭ᠌ᠯᠡᠯᠢ ᠲᠡᠪᠴᠢᠬᠦ᠌ ᠬᠡᠷᠡᠭ᠌ᠳᠡᠢ》 ᠬᠡᠪᠡ᠃
ᠳᠠᠭᠤᠤ ᠬᠥᠭ᠌ᠵᠢᠮ᠎ᠦᠨ ᠳᠠᠭᠤᠨ᠎ᠢ ᠳᠠᠭᠠᠯᠳᠤᠨ᠂ ᠲᠤᠮᠤ ᠳᠡᠯᠭᠡᠴᠨ ᠳᠡᠭᠡᠷ᠎ᠡ ᠪᠠᠢᠴᠠᠭᠠᠬᠤ ᠺᠠᠳ᠋ᠷ ᠴᠠᠭ᠍ᠳᠠᠭ᠎ᠠ᠎ᠶ᠋ᠢᠨ ᠱᠢᠩᠭᠡᠭᠡᠭ᠌ᠰᠡᠨ ᠰᠤᠷᠭᠠᠭᠤᠯᠢ᠎ᠶ᠋ᠢᠨ ᠬᠦᠷᠢᠶᠡᠨ᠎ᠦ ᠲᠤᠷᠤᠮᠵᠢᠯᠠᠯ ᠬᠦᠴᠦᠷᠭᠡᠭ᠌ᠯᠡᠯᠢ ᠰᠡᠷᠭᠡᠢᠯᠡᠬᠦ᠌ ᠭᠠᠷᠤᠨ ᠬᠤᠷᠤᠭᠤᠨ᠎ᠤ ᠲᠠᠮᠢᠷ᠎ᠤᠨ ᠬᠢᠴᠢᠶᠡᠯ ᠢᠯᠡᠷᠡᠯ᠎ᠡ᠃ ᠪᠠᠢᠴᠠᠭᠠᠬᠤ ᠺᠠᠳ᠋ᠷ ᠴᠠᠭ᠍ᠳᠠᠭ᠎ᠠ᠎ᠨᠠᠷ ᠪᠠᠰᠠ ᠬᠣᠢᠨ᠎ᠠ ᠬᠣᠢᠨ᠎ᠠ ᠡᠴᠨ ᠪᠠᠨ ᠲᠠᠢ᠌ᠰᠠᠨ ᠳᠡᠭᠡᠷ᠎ᠡ ᠭᠠᠷᠴᠤ᠌ ᠂ ᠵᠠᠷᠢᠮ ᠨᠢ ᠬᠡᠦᠬᠡᠳ᠎ᠦᠨ ᠳᠤᠮᠳᠠ ᠬᠦᠷᠴᠦ᠍ ᠂ ᠲᠡᠳᠡᠨ᠎ᠲᠡᠶ ᠬᠠᠮᠲᠤ ᠪᠠᠶᠠᠷ ᠬᠥᠷ᠎ᠲᠡᠶ ᠪᠡᠷ ᠭᠠᠷᠤᠨ ᠬᠤᠷᠤᠭᠤᠨ᠎ᠤ ᠬᠥᠳᠡᠯᠭᠡᠭᠡᠨ ᠬᠢᠬᠦ᠌᠎ᠵᠢᠨ ᠬᠠᠮᠳᠤ᠂ ᠪᠠᠢᠴᠠᠭᠠᠬᠤ ᠺᠠᠳ᠋ᠷ ᠴᠠᠭ᠍ᠳᠠᠭ᠎ᠠ᠎ᠨᠠᠷ 《ᠵᠠᠯᠠᠭᠤᠴᠤᠳ ᠪᠠᠭᠠᠴᠤᠳ᠎ᠤᠨ ᠬᠠᠤᠯᠢᠵᠢᠯ᠎ᠤᠨ ᠬᠥᠮᠦᠵᠢᠯ᠎ᠦᠨ ᠤᠬᠠᠭᠤᠯᠭ᠎ᠠ᠎ᠶ᠋ᠢᠨ ᠭᠠᠷ ᠳᠡᠪᠲᠡᠷ》 (ᠪᠠᠭ᠎ᠠ ᠰᠤᠷᠭᠠᠭᠤᠯᠢ᠎ᠶ᠋ᠢᠨ ᠬᠡᠪᠯᠡᠯ ) ᠢ᠋ ᠬᠡᠦᠬᠡᠳ᠎ᠤᠳ᠎ᠲᠤ ᠪᠡᠯᠡᠭ ᠪᠤᠯᠭᠠᠨ ᠬᠦᠷᠬᠡᠪᠡ᠃