ᠴᠤᠷᠪᠤᠭ᠎ᠠ ᠳᠤᠮᠢᠯᠠᠬ᠍ᠰᠠᠨ ᠰᠠᠯᠪᠤᠷᠢ ᠶᠠᠪᠤᠳᠠᠯ ᠬᠦᠢᠴᠡᠳᠭᠡᠬᠦ᠌ ᠤᠯᠠᠨ ᠲᠦᠮᠡᠨ᠎ᠤ ᠡᠷᠡᠭᠦᠯ ᠮᠡᠨᠳᠦ᠍᠎ᠶ᠋ᠢ ᠪᠠᠳᠤᠯᠠᠬᠤ ᠠᠦ᠋ᠲ᠋ᠣᠴᠢᠯᠠᠬᠰᠠᠨ ᠦᠶ᠋ᠯᠡᠴᠢᠯᠡᠭᠡ ᠬᠠᠩᠭᠠᠵᠦ᠍ ᠪᠤᠢ
2021-10-19 11:42:22
ᠵᠣᠬᠢᠶᠠᠭ᠍ᠴᠢ᠄
​ᠱᠢᠨᠡᠪᠢᠯᠢᠭ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 14  ᠎ᠦ ᠡᠳᠦᠷ ᠂ ᠬᠦᠬᠡᠬᠤᠳᠠ ᠵᠢᠨ ᠰᠠᠢᠬᠠᠨ ᠲᠣᠭᠣᠷᠢᠭ᠎ᠤᠨ ᠴᠤᠷᠪᠤᠭ᠎ᠠ ᠲᠣᠮᠢᠯᠠᠭ᠍ᠰᠠᠨ ᠰᠠᠯᠪᠤᠷᠢ᠎ᠶ᠋ᠢᠨ ᠨᠢᠭᠡ ᠥᠷᠲᠡᠭᠡᠴᠢᠯᠡᠭ᠌ᠰᠡᠨ ᠮᠠᠶᠢᠭ᠎ᠤᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠠᠩᠬᠢᠮ  ᠎ᠳᠦ ᠱᠢᠨ᠎ᠡ AED (ᠵᠢᠷᠦᠭᠡ ᠴᠡᠴᠡᠷᠡᠬᠦ᠌ ᠵᠢ ᠠᠦ᠋ᠲ᠋ᠣᠴᠢᠯᠠᠨ ᠪᠠᠢ᠌ᠴᠠᠭᠠᠵᠦ᠍ ᠲᠦᠷᠭᠡᠨ ᠠᠪᠤᠷᠠᠯᠳᠠ ᠬᠢᠬᠦ᠌ ᠲᠦᠬᠦᠬᠡᠷᠦᠮᠵᠢ) ᠮᠠᠰᠢᠨ᠎ᠢ ᠰᠢᠨᠡᠬᠡᠨ ᠤᠬᠰᠠᠷᠠᠵᠦ᠂ ᠳᠤᠰ ᠳᠤᠮᠢᠯᠠᠬᠰᠠᠨ ᠰᠠᠯᠪᠤᠷᠢ᠎ᠳᠤ ᠢᠷᠡᠵᠦ ᠠᠵᠢᠯ ᠶᠠᠪᠤᠳᠠᠯ ᠬᠦᠢᠴᠡᠳᠭᠡᠬᠦ ᠪᠠᠷ ᠢᠷᠡᠭᠰᠡᠨ ᠰᠠᠭᠤᠭᠠᠯᠢ ᠠᠷᠠᠳ ᠡᠴᠡ 《ᠡᠨᠡ ᠲᠥᠬᠥᠭᠡᠷᠦᠮᠵᠢ ᠨᠢᠰᠭᠡᠯ᠎ᠦᠨ ᠪᠠᠭᠤᠳᠠᠯ᠂ ᠮᠠᠰᠢᠨ ᠲᠡᠷᠭᠡᠨ ᠥᠷᠲᠡᠭᠡ ᠵᠡᠷᠬᠡ ᠭᠠᠵᠠᠷ᠎ᠲᠤ ᠪᠠᠢ᠌ᠳᠠᠬ᠎ᠢ ᠤᠯᠵᠦ ᠬᠠᠷᠠᠬᠰᠠᠨ᠂ ᠲᠣᠮᠢᠯᠠᠭ᠍ᠰᠠᠨ ᠰᠠᠯᠪᠤᠷᠢ᠎ᠳᠤ ᠪᠠᠰᠠ ᠪᠠᠢ᠌ᠨ᠎ᠠ ᠭᠡᠵᠦ᠍ ᠪᠣᠳᠣᠵᠤ ᠣᠯᠤᠭ᠍ᠰᠠᠨ ᠦᠭᠡᠢ》 ᠭᠡᠵᠦ ᠰᠤᠨᠢᠭᠤᠴᠢᠯᠠᠨ ᠠᠰᠠᠭᠤᠵᠦ᠂ ᠳᠤᠰ ᠲᠦᠬᠦᠬᠡᠷᠦᠮᠵᠢ ᠵᠢ ᠬᠡᠷᠬᠢᠨ ᠬᠡᠷᠡᠭᠯᠡᠬᠦ᠂ ᠶᠠᠮᠠᠷ ᠦᠢᠯᠡᠳᠦᠯ ᠪᠠᠢᠬᠤ ᠳᠤᠬᠠᠢ ᠨᠠᠷᠢᠨ ᠤᠢᠯᠠᠭᠠᠵᠦ ᠨᠢᠮᠪᠠᠢ ᠠᠰᠠᠭᠤᠨ᠎ᠠ᠃

ᠵᠢᠷᠦᠭᠡ ᠴᠡᠴᠡᠷᠡᠬᠦ᠌ ᠵᠢ ᠠᠦ᠋ᠲ᠋ᠣᠴᠢᠯᠠᠨ ᠪᠠᠢ᠌ᠴᠠᠭᠠᠵᠦ᠍ ᠲᠦᠷᠭᠡᠨ ᠠᠪᠤᠷᠠᠯᠳᠠ ᠬᠢᠬᠦ᠌ ᠲᠦᠬᠦᠬᠡᠷᠦᠮᠵᠢ ᠨᠢ ᠵᠢᠷᠦᠬᠡᠨ ᠴᠤᠬᠢᠯᠭ᠎ᠠ ᠬᠡᠪ᠎ᠤᠨ ᠪᠠᠢ᠌ᠳᠠᠯ ᠵᠢᠡᠨ ᠠᠯᠳᠠᠬ᠍ᠰᠠᠨ᠎ᠢ ᠠᠦ᠋ᠲ᠋ᠣᠴᠢᠯᠠᠨ ᠤᠨᠤᠱᠢᠯᠠᠵᠤ ᠲᠡᠢ᠌ᠯᠬᠦ᠌ ᠪᠦᠬᠡᠳ  ᠴᠠᠬᠢᠯᠭᠠᠨ᠎ᠵᠢᠡᠷ ᠴᠤᠬᠢᠵᠤ ᠲᠦᠭᠦᠮ ᠲᠦᠷᠭᠡᠨ ᠠᠪᠤᠷᠠᠯᠳᠠ ᠬᠢᠳᠡᠭ ᠵᠢᠷᠦᠬᠡ ᠴᠡᠴᠡᠷᠡᠬᠦ ᠵᠢ ᠠᠷᠢᠯᠭᠠᠳᠠᠬ᠃ ᠡᠨᠡ ᠨᠢ ᠮᠡᠷᠬᠡᠵᠢᠯ᠎ᠤᠨ ᠪᠤᠰᠤ ᠬᠦᠮᠦᠰ᠎ᠤᠨ ᠬᠡᠷᠡᠭ᠌ᠯᠡᠵᠦ᠍ ᠲᠡᠢ᠌ᠯᠬᠦ᠌ ᠵᠢᠷᠦᠬᠡᠨ ᠴᠤᠬᠢᠯᠭ᠎ᠠ ᠬᠡᠨᠡᠳᠳᠡ ᠵᠤᠬ᠍ᠰᠤᠬᠤ ᠡᠪᠡᠳᠴᠢᠳᠡᠨ᠎ᠢ ᠲᠦᠷᠭᠡᠨ ᠠᠪᠤᠷᠠᠬᠤ ᠡᠮ ᠡᠮᠨᠡᠯᠬᠡ ᠵᠢᠨ ᠲᠦᠬᠦᠬᠡᠷᠦᠮᠵᠢ ᠪᠤᠯᠤᠨ᠎ᠠ᠃ ᠴᠤᠷᠪᠤᠭ᠎ᠠ ᠲᠣᠮᠢᠯᠠᠭ᠍ᠰᠠᠨ ᠰᠠᠯᠪᠤᠷᠢ ᠪᠣᠯ ᠬᠦᠬᠡᠬᠣᠲᠠ᠎ᠶ᠋ᠢᠨ ᠵᠢᠷᠦᠭᠡ ᠴᠡᠴᠡᠷᠡᠬᠦ᠌ ᠵᠢ ᠠᠦ᠋ᠲ᠋ᠣᠴᠢᠯᠠᠨ ᠪᠠᠢ᠌ᠴᠠᠭᠠᠵᠦ᠍ ᠲᠦᠷᠭᠡᠨ ᠠᠪᠤᠷᠠᠯᠳᠠ ᠬᠢᠬᠦ᠌ ᠲᠦᠬᠦᠬᠡᠷᠦᠮᠵᠢ ᠵᠢ ᠲᠣᠬᠢᠷᠠᠭᠤᠯᠤᠭ᠍ᠰᠠᠨ ᠠᠩᠬᠠᠨ᠎ᠤ ᠲᠣᠮᠢᠯᠠᠭ᠍ᠰᠠᠨ ᠰᠠᠯᠪᠤᠷᠢ ᠪᠣᠯᠤᠨ᠎ᠠ᠃

ᠲᠠᠨᠢᠯᠴᠠᠭᠤᠯᠤᠭ᠍ᠰᠠᠨ᠎ᠢᠶᠠᠷ ᠂ ᠴᠤᠷᠪᠤᠭ᠎ᠠ ᠲᠣᠮᠢᠯᠠᠭ᠍ᠰᠠᠨ ᠰᠠᠯᠪᠤᠷᠢ᠎ᠶ᠋ᠢᠨ ᠬᠠᠷᠢᠶᠠᠲᠤ ᠣᠷᠣᠨ᠎ᠤ ᠲᠠᠯᠠᠪᠠᠶ ᠨᠢ 56 ᠲᠡᠭ᠌ᠰᠢ ᠳᠥᠷᠪᠡᠯᠵᠢᠨ ᠺᠢᠯᠣᠮᠧᠲ᠋ᠷ ᠂ ᠬᠥᠮᠦᠨ ᠠᠮᠠ ᠨᠢ 23 ᠲᠦᠮᠡ ᠪᠠᠢᠵᠤ᠂ ᠨᠢᠭᠡ ᠥᠷᠲᠡᠭᠡᠴᠢᠯᠡᠭ᠌ᠰᠡᠨ ᠮᠠᠶᠢᠭ᠎ᠤᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠣᠭᠣᠷᠢᠭ ᠪᠠᠢᠭᠤᠯᠤᠭ᠍ᠰᠠᠨ᠎ᠤ ᠳᠠᠷᠠᠭ᠎ᠠ᠂ ᠵᠠᠮ ᠬᠠᠷᠢᠯᠴᠠᠭᠠᠨ᠎ᠤ ᠬᠠᠮᠢᠶᠠᠷᠤᠯᠲᠠ ᠂ ᠬᠢᠯᠢ᠎ᠪᠡᠷ ᠣᠷᠣᠵᠤ ᠭᠠᠷᠬᠤ ᠂ ᠬᠣᠲᠠ᠎ᠶ᠋ᠢᠨ ᠬᠠᠮᠢᠶᠠᠷᠤᠯᠲᠠ ᠵᠡᠷᠭᠡ ᠣᠯᠠᠨ ᠵᠦᠶ᠋ᠯ᠎ᠦᠨ ᠲᠤᠬᠠᠢᠯᠠᠭ᠍ᠰᠠᠨ ᠠᠵᠢᠯ᠎ᠤᠨ ᠨᠡᠮᠡᠭ᠌ᠳᠡᠬᠦ᠌᠎ᠶ᠋ᠢ ᠳᠠᠭᠠᠯᠳᠤᠨ ᠠᠵᠢᠯ ᠬᠦᠢᠴᠡᠳᠭᠡᠬᠦ᠌ ᠬᠥᠮᠦᠨ᠎ᠦ ᠲᠣᠭ᠎ᠠ ᠴᠤ᠌ ᠨᠡᠮᠡᠭ᠌ᠳᠡᠪᠡ᠃ ᠤᠳᠤ ᠪᠠᠷᠤᠬ ᠡᠳᠦᠷ ᠪᠤᠯᠭᠠᠨ 200 ᠭᠠᠷᠤᠶ ᠬᠥᠮᠦᠨ ᠡᠯ᠎ᠡ ᠵᠦᠶ᠋ᠯ᠎ᠦᠨ ᠲᠤᠬᠠᠢᠯᠠᠭ᠍ᠰᠠᠨ ᠠᠵᠢᠯ ᠭᠦᠶ᠋ᠴᠡᠳᠭᠡᠬᠦ᠌᠎ᠪᠡᠷ ᠢᠷᠡᠳᠡᠭ᠃ ᠳᠤᠰ ᠲᠣᠮᠢᠯᠠᠭ᠍ᠰᠠᠨ ᠰᠠᠯᠪᠤᠷᠢ ᠠᠵᠢᠯ ᠶᠠᠪᠤᠳᠠᠯ ᠭᠦᠶ᠋ᠴᠡᠳᠭᠡᠬᠦ᠌᠎ᠪᠡᠷ ᠢᠷᠡᠭ᠌ᠰᠡᠨ ᠰᠠᠭᠤᠭᠠᠯᠢ ᠠᠷᠠᠳ ᠎ᠲᠤ ᠲᠥᠬᠥᠮ ᠦᠵᠡᠭᠦᠯᠬᠦ᠌᠎ᠶ᠋ᠢᠨ ᠬᠠᠮᠳᠤ᠂ ᠪᠠᠶ᠎ᠡ ᠵᠢᠨ ᠡᠷᠡᠭᠦᠯ ᠮᠡᠳᠤ᠎ᠵᠢ ᠨᠢ ᠪᠠᠳᠤᠯᠠᠬᠤ ᠵᠢᠨ ᠲᠥᠯᠥᠭᠡ ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠦᠮᠦᠵᠢᠯ᠎ᠤᠨ ᠠᠵᠢᠯᠯᠠᠭ᠎ᠠ᠎ᠲᠠᠶ ᠤᠶᠠᠯᠳᠤᠭᠤᠯᠤᠨ᠂ ᠲᠣᠮᠢᠯᠠᠭ᠍ᠰᠠᠨ ᠰᠠᠯᠪᠤᠷᠢ ᠨᠢ ᠤᠤᠯ᠎ᠤᠨ ᠠᠷᠠᠳ᠎ᠲᠤ ᠲᠥᠬᠥᠮ ᠦᠵᠡᠭᠦᠯᠵᠦ᠍ ᠲᠦᠷᠭᠡᠨ ᠠᠪᠤᠷᠬᠠᠸ᠋ ᠡᠮ ᠤ᠋ᠨ ᠵᠦᠢᠯ ᠬᠠᠩᠭᠠᠬᠤ ᠰᠠᠭᠤᠷᠢᠨ ᠳᠡᠭᠡᠷ᠎ᠡ᠂ ᠵᠢᠷᠦᠭᠡ ᠴᠡᠴᠡᠷᠡᠬᠦ᠌ ᠵᠢ ᠠᠦ᠋ᠲ᠋ᠣᠴᠢᠯᠠᠨ ᠪᠠᠢ᠌ᠴᠠᠭᠠᠵᠦ᠍ ᠲᠦᠷᠭᠡᠨ ᠠᠪᠤᠷᠠᠯᠳᠠ ᠬᠢᠬᠦ᠌ ᠲᠦᠬᠦᠬᠡᠷᠦᠮᠵᠢ ᠵᠢ ᠲᠤᠬᠢᠷᠠᠭᠤᠯᠪᠠ᠃ 《 ᠪᠢᠳᠡ ᠤᠤᠯ ᠨᠢ ᠵᠥᠪᠬᠡᠨ ᠨᠢᠭᠡ ᠪᠦᠯᠦᠭ ᠲᠦᠷᠭᠡᠨ ᠠᠪᠤᠷᠠᠯᠳᠠ᠎ᠵᠢᠨ ᠡᠮ᠎ᠦᠨ ᠵᠦᠶ᠋ᠯ ᠪᠠ ᠱᠠ ᠪᠥᠰ ᠂ ᠰᠫᠢᠷᠲ ᠂ ᠱᠢᠷᠬᠠᠨ᠎ᠤ ᠨᠠᠭᠠᠯᠲᠠ ᠵᠡᠷᠭᠡ ᠡᠮᠴᠢᠯᠡᠭᠡᠨ᠎ᠤ ᠲᠦᠭᠦᠮ ᠬᠡᠷᠡᠭ᠌ᠰᠡᠯ ᠳᠠᠯᠪᠢᠵᠦ᠍ ᠪᠠᠢ᠌ᠪᠠ ᠃ ᠡᠳᠦᠭᠡ ᠵᠠᠷᠢᠮ ᠡᠪᠡᠳᠴᠢᠨ ᠡᠭᠦᠰᠭᠦ ᠨᠣᠷᠮ᠎ᠠ ᠥᠨᠳᠥᠷ ᠪᠠᠢ᠌ᠬᠤ ᠵᠢ ᠪᠤᠳᠤᠯᠬᠢᠯᠠᠵᠤ ᠲᠣᠮᠢᠯᠠᠭ᠍ᠰᠠᠨ ᠰᠠᠯᠪᠤᠷᠢ᠎ᠶ᠋ᠢᠨ ᠬᠢᠨ 〈ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠦᠭ᠌ᠭᠦ〉ᠠᠵᠢᠯᠯᠠᠭ᠎ᠠ ᠲᠡᠶ ᠤᠶᠠᠯᠳᠤᠭᠤᠯᠤᠨ᠂ ᠢᠳᠡᠪᠬᠢᠲᠡᠶ ᠭᠤᠶᠤᠴᠢᠯᠠᠯ ᠭᠠᠷᠭᠠᠵᠤ᠂ ᠡᠨᠡᠬᠦ᠌ ᠠᠦ᠋ᠲ᠋ᠣ᠋ ᠪᠡᠶ᠎ᠡ᠎ᠶ᠋ᠢᠨ ᠭᠠᠳᠠᠨᠠᠬᠢ ᠴᠡᠴᠡᠷᠡᠬᠦ᠌ ᠵᠢ ᠠᠷᠢᠯᠭᠠᠬᠤ ᠲᠦᠬᠦᠬᠡᠷᠦᠮᠵᠢ ᠵᠢ ᠲᠠᠯᠪᠢᠭ᠍ᠰᠠᠨ ᠡᠴᠨ ᠭᠠᠳᠠᠨ᠎ᠠ ᠪᠠᠰᠠ ᠳᠠᠮᠨᠠᠭᠤᠷ ᠂ ᠲᠠᠶᠠᠭ ᠂ ᠬᠦᠷᠳᠦᠲᠦ ᠰᠠᠨᠳᠠᠯᠢ ᠂ ᠲᠤᠰᠠᠯᠠᠬᠤ ᠪᠠᠭᠠᠵᠢ ᠵᠡᠷᠭᠡ᠎ᠶ᠋ᠢ ᠨᠡᠮᠡᠵᠦ᠍ ᠲᠤᠬᠢᠷᠠᠭᠤᠯᠵᠤ ᠂ ᠰᠠᠭᠤᠭᠠᠯᠢ ᠠᠷᠠᠳ᠎ᠤᠨ ᠭᠡᠨᠡᠳᠲᠡ᠎ᠶ᠋ᠢᠨ ᠬᠡᠷᠡᠭ᠌ᠴᠡᠭᠡ᠎ᠳᠦ ᠲᠥᠬᠥᠮ ᠦᠵᠡᠭᠦᠯᠪᠡ》 ᠭᠡᠵᠦ᠍ ᠳᠤᠮᠢᠯᠠᠬᠰᠠᠨ ᠰᠠᠯᠪᠤᠷᠢ ᠵᠢᠨ ᠴᠠᠭ᠍ᠳᠠᠭ᠎ᠠ ᠳᠠᠨᠢᠯᠴᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号