ᠮᠠᠯᠴᠢᠨ ᠲᠠᠷᠢᠶᠠᠴᠢᠨ᠎ᠤ ᠵᠢᠷᠭᠠᠯᠲᠤ ᠠᠮᠢᠳᠤᠷᠠᠯ᠎ᠤᠨ 《ᠵᠠᠯᠠᠭᠤᠷᠴᠢᠨ》 — ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠤᠯᠬᠤ ᠬᠢᠩᠭᠠᠨ ᠠᠢᠮᠠᠭ᠎ᠤᠨ ᠵᠠᠯᠠᠢᠳ ᠬᠤᠱᠢᠭᠤᠨ᠎ᠤ ᠠᠯᠲᠠᠨᠬᠤᠸᠠ ᠭᠠᠴᠠᠭᠠᠨ᠎ᠤ ᠨᠠᠮ᠎ᠤᠨ ᠡᠭᠦᠷ᠎ᠢ ᠲᠡᠮᠳᠡᠭ᠌ᠯᠡᠪᠡ
2021-10-19 09:22:39
ᠵᠣᠬᠢᠶᠠᠭ᠍ᠴᠢ᠄
ᠬᠤᠷᠴᠠ ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

ᠨᠠᠮᠤᠷ᠎ᠤᠨ ᠡᠬᠢ᠎ᠪᠠᠷ᠂ ᠬᠢᠩᠭᠠᠨ ᠠᠢᠮᠠᠭ᠎ᠤᠨ ᠵᠠᠯᠠᠢᠳ ᠬᠤᠱᠢᠭᠤᠨ᠎ᠤ ᠢᠨᠳᠡᠷ ᠪᠠᠯᠭᠠᠰᠤ᠎ᠶ᠋ᠢᠨ ᠠᠯᠳᠠᠨᠬᠤᠸᠠ ᠭᠠᠴᠠᠭᠠᠨ᠎ᠳᠤ ᠬᠦᠷᠬᠦ᠌᠎ᠳᠤ᠂ ᠵᠠᠰᠠᠮᠠᠯ ᠵᠠᠮ ᠳᠦᠷᠪᠡᠨ ᠵᠦᠭ᠎ᠲᠤ ᠰᠦᠯᠵᠢᠯᠳᠦᠨ᠂ ᠴᠡᠪᠡᠷ ᠲᠣᠬᠢᠯᠢᠭ ᠲᠠᠷᠢᠶᠠᠴᠢᠨ ᠠᠢᠯ᠎ᠤᠨ ᠬᠦᠷᠢᠶ᠎ᠡ ᠬᠠᠱᠢᠶ᠎ᠠ ᠬᠤᠪᠢ᠎ᠶ᠋ᠢᠨ ᠭᠠᠳᠠᠨ᠎ᠠ ᠴᠡᠮᠴᠡᠭᠡᠷ ᠬᠠᠷᠠᠭ᠍ᠳᠠᠵᠦ᠍᠂ ᠢᠭ᠍ᠴᠤ ᠰᠠᠬᠤᠯᠢᠭ ᠤᠢ ᠮᠣᠳᠣ᠎ᠨᠢ ᠭᠠᠴᠠᠭᠠᠨ᠎ᠤ ᠠᠷᠠᠳ᠎ᠤᠨ ᠣᠷᠣᠨ ᠰᠠᠭᠤᠴᠠ᠎ᠶ᠋ᠢ ᠣᠨᠴᠠ᠎ᠶ᠋ᠢᠨ ᠦᠵᠡᠰᠭᠦᠯᠡᠩ᠎ᠲᠠᠢ ᠪᠣᠯᠭᠠᠵᠤ᠂ ᠮᠠᠯᠴᠢᠨ ᠲᠠᠷᠢᠶᠠᠴᠢᠨ᠎ᠤ ᠴᠢᠷᠠᠢ᠎ᠳᠤ ᠪᠠᠶᠠᠷ ᠵᠢᠷᠭᠠᠯ᠎ᠤᠨ ᠮᠦᠱᠢᠶᠡᠯ ᠲᠣᠳᠣᠷᠠᠨ᠎ᠠ᠃


QQ图片20211019091335.png


ᠡᠨᠡ ᠬᠦ᠌ ᠦᠵᠡᠮᠵᠢ᠎ᠶ᠋ᠢᠨ ᠣᠷᠣᠨ ᠱᠢᠭ᠋ ᠦᠵᠡᠰᠭᠦᠯᠡᠩᠲᠦ ᠰᠠᠢᠬᠠᠨ ᠭᠠᠴᠠᠭ᠎ᠠ᠎ᠶ᠋ᠢᠨ ᠦᠢᠯᠡᠳᠪᠤᠷᠢᠯᠡᠯ᠎ᠤᠨ ᠠᠷᠭ᠎ᠠ ᠬᠡᠯᠪᠡᠷᠢ᠎ᠨᠢ ᠤᠤᠯ᠎ᠳᠠᠭᠠᠨ ᠲᠠᠩ ᠴᠤᠯᠭᠤᠢ ᠪᠠᠢᠵᠤ᠂ ᠲᠩᠷᠢ᠎ᠶ᠋ᠢᠨ ᠴᠢᠷᠠᠢ ᠬᠠᠷᠠᠵᠤ ᠮᠠᠯ ᠮᠠᠯᠵᠢᠨ ᠲᠠᠷᠢᠶ᠎ᠠ ᠲᠠᠷᠢᠵᠤ᠂ ᠵᠠᠮ ᠬᠠᠷᠢᠯᠴᠠᠭ᠎ᠠ᠂ ᠣᠷᠣᠱᠢᠨ ᠰᠠᠭᠤᠷᠢᠱᠢᠬᠤ ᠣᠷᠴᠢᠨ ᠲᠣᠭᠤᠷᠢᠨ ᠵᠡᠷᠭᠡ ᠰᠠᠭᠤᠷᠢ ᠲᠥᠬᠦᠭᠡᠷᠦᠮᠵᠢ᠎ᠨᠢ ᠶᠡᠭᠡ ᠪᠠᠭᠤᠷᠠᠢ ᠪᠠᠢᠵᠦ᠍᠂ ᠬᠢᠩᠭᠠᠨ ᠠᠢᠮᠠᠭ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠭᠤᠣᠯ ᠲᠠᠯᠠᠪᠤᠷ ᠪᠠᠢᠵᠠᠢ᠃ ᠬᠡᠪᠡᠴᠦ᠍ ᠣᠬᠤᠷᠬᠠᠨ ᠬᠡᠳᠦᠨ ᠵᠢᠯ᠎ᠳᠤ ᠠᠯᠲᠠᠨᠬᠤᠸᠠ ᠭᠠᠴᠠᠭ᠎ᠠ ᠶᠠᠳᠠᠭᠤ᠎ᠠᠴᠠ ᠠᠩᠭᠢᠵᠢᠷᠠᠵᠤ ᠪᠠᠶᠠᠵᠢᠨ ᠴᠢᠨᠡᠭᠡᠯᠢᠭ᠌ᠵᠢᠭ᠌ᠰᠡᠨ᠂ ᠠᠵᠤ ᠦᠢᠯᠡᠰ ᠬᠥᠭ᠌ᠵᠢᠭ᠌ᠰᠡᠨ 《ᠤᠳᠤᠨ ᠭᠠᠴᠠᠭ᠎ᠠ》 ᠪᠤᠯᠵᠤ ᠬᠤᠪᠢᠷᠠᠪᠠ᠃ ᠡᠨᠡ ᠬᠦ᠌ ᠯᠤᠳᠤ ᠶᠡᠭᠡ ᠬᠤᠪᠢᠷᠠᠯᠲᠠ᠎ᠨᠢ ᠭᠠᠴᠠᠭᠠᠨ᠎ᠤ ᠨᠠᠮ᠎ᠤᠨ ᠡᠭᠦᠷ ᠭᠡᠬᠦ᠌ ᠡᠨᠡ ᠬᠦ᠌ 《ᠰᠠᠢᠨ ᠵᠠᠯᠠᠭᠤᠷᠴᠢᠨ》 ᠎ᠠᠴᠠ ᠰᠠᠯᠵᠤ ᠴᠢᠳᠠᠬᠤ ᠦᠬᠡᠢ ᠶᠤᠮ᠃

ᠦᠬᠡᠷ ᠲᠡᠵᠢᠭᠡᠬᠦ᠌ ᠮᠠᠯᠵᠢᠯ᠎ᠤᠨ ᠲᠠᠯᠠᠪᠠᠢ᠂ ᠮᠢᠩᠭᠠᠨ ᠮᠦ᠍᠎ᠶ᠋ᠢᠨ ᠵᠢᠮᠢᠰ᠎ᠤᠨ ᠬᠦᠷᠢᠶᠡᠯᠡᠩ᠂ ᠰᠣᠶᠣᠯ᠎ᠤᠨ ᠠᠭᠤᠳᠠᠮ ᠲᠠᠯᠠᠪᠠᠢ ᠁ ᠲᠦᠷᠦᠯ ᠵᠦᠢᠯ᠎ᠢ ᠨᠢᠭᠡᠳ ᠨᠢᠭᠡ᠎ᠪᠠᠷ ᠨᠠᠢᠳᠠᠪᠤᠷᠢᠵᠢᠭᠤᠯᠤᠨ ᠬᠡᠷᠡᠭ᠌ᠵᠢᠭᠦᠯᠦᠭ᠌ᠰᠡᠨ᠎ᠨᠢ ᠠᠯᠲᠠᠨᠬᠤᠸᠠ ᠭᠠᠴᠠᠭᠠᠨ᠎ᠤ ᠨᠠᠮ᠎ᠤᠨ ᠡᠭᠦᠷ᠎ᠤᠨ ᠨᠠᠮ᠎ᠤᠨ ᠪᠠᠢᠭᠤᠯᠤᠯᠲᠠ᠎ᠪᠠᠷ ᠬᠥᠭ᠌ᠵᠢᠯᠲᠡ᠎ᠶ᠋ᠢ ᠶᠡᠷᠦᠩᠬᠡᠢᠯᠡᠨ ᠤᠳᠤᠷᠢᠳᠴᠤ᠌᠂ ᠵᠣᠬᠢᠶᠠᠨ ᠪᠠᠢᠭᠤᠯᠤᠯᠲᠠ᠂ ᠠᠵᠤ ᠦᠢᠯᠡᠰ᠂ ᠴᠢᠳᠠᠪᠤᠷᠢᠲᠠᠨ᠂ ᠰᠣᠶᠣᠯ ᠪᠠ ᠠᠮᠢ ᠠᠬᠤᠢ᠎ᠪᠠᠷ ᠪᠠᠶᠠᠵᠢᠯ᠎ᠢ ᠲᠠᠢᠴᠢᠯᠠᠨ ᠲᠠᠭᠠᠭᠤᠯᠬᠤ᠎ᠶ᠋ᠢ ᠪᠦᠬᠦ᠌ ᠬᠦᠴᠦᠨ᠎ᠢᠶᠠᠷ ᠠᠬᠢᠭᠤᠯᠤᠭᠠᠳ ᠣᠯᠤᠭ᠍ᠰᠠᠨ ᠦᠷ᠎ᠡ ᠪᠦᠲᠦᠭᠡᠯ ᠪᠠᠢᠵᠤ᠂ ᠨᠠᠮ᠎ᠤᠨ ᠪᠠᠢᠭᠤᠯᠤᠯᠲᠠ᠎ᠶ᠋ᠢᠨ ᠳᠠᠭᠠᠭᠤᠯᠭ᠎ᠠ ᠲᠤᠤᠷ᠎ᠠ ᠠᠯᠳᠠᠨᠬᠤᠸᠠ ᠭᠠᠴᠠᠭᠠᠨ᠎ᠤ ᠲᠦᠷᠰᠦ ᠪᠠᠢᠳᠠᠯ ᠱᠢᠨᠡᠳᠤᠨ ᠬᠤᠪᠢᠷᠠᠭ᠍ᠰᠠᠭᠠᠷ᠃

《ᠪᠢ ᠪᠣᠯ ᠨᠢᠬᠡᠨ ᠠᠬᠠᠮᠠᠳ ᠨᠠᠮ᠎ᠤᠨ ᠭᠡᠱᠢᠭᠦᠨ᠂ 10 ᠭᠠᠷᠤᠶ ᠵᠢᠯ᠎ᠤᠨ ᠦᠬᠡᠷ ᠲᠡᠵᠢᠭᠡᠭ᠌ᠰᠡᠨ ᠲᠤᠷᠱᠢᠯᠭ᠎ᠠ᠎ᠲᠠᠢ ᠶᠤᠮ᠃ ᠪᠢ ᠯᠠᠪᠲᠠᠶ ᠰᠡᠳᠭᠢᠯ ᠳᠡᠯᠪᠢᠨ ᠦᠬᠡᠷ᠎ᠢᠶᠠᠨ ᠰᠠᠢᠲᠤᠷ ᠲᠡᠵᠢᠭᠡᠵᠦ᠍᠂ ᠵᠢᠱ᠌ᠢᠶ᠎ᠡ ᠦᠵᠡᠭᠦᠯᠦᠨ ᠳᠠᠭᠠᠭᠤᠯᠬᠤ ᠦᠢᠯᠡᠳᠦᠯ᠎ᠢᠶᠠᠨ ᠰᠠᠢᠳᠤᠷ ᠪᠠᠳᠠᠷᠠᠭᠤᠯᠵᠤ᠂ ᠣᠯᠠᠨ᠎ᠲᠠᠢ ᠬᠠᠮᠳᠤ ᠮᠠᠯ᠎ᠤᠨ ᠡᠬᠦᠯᠳᠡᠷ᠎ᠢ ᠰᠠᠢᠵᠢᠷᠠᠭᠤᠯᠬᠤ ᠵᠠᠮ᠎ᠢᠶᠠᠷ ᠢᠳᠡᠬᠡᠯ ᠲᠠᠬᠦᠯᠳᠡᠷ ᠵᠠᠮᠨᠠᠨ᠎ᠠ》 ᠬᠡᠵᠤ ᠪᠦᠦ ᠴᠤᠭ᠍ᠯᠠᠭ᠎ᠠ ᠶᠠᠷᠢᠨ᠎ᠠ᠃ ᠲᠡᠷᠡ ᠪᠣᠯ ᠠᠯᠳᠠᠨᠬᠤᠸᠠ ᠭᠠᠴᠠᠭᠠᠨ᠎ᠳᠤ ᠬᠠᠮᠤᠭ᠎ᠤᠨ ᠤᠷᠢᠳ ᠱᠢᠮᠧᠨ᠋ᠳᠡᠷ ᠦᠬᠡᠷ ᠲᠡᠵᠢᠬᠡᠭ᠌ᠰᠡᠨ ᠡᠷᠦᠬᠡ ᠪᠣᠯᠤᠨ᠎ᠠ᠃ ᠲᠡᠭᠦᠨ᠎ᠤ ᠦᠵᠡᠬᠦ᠌᠎ᠪᠠᠷ᠂ ᠨᠠᠮ᠎ᠤᠨ ᠭᠡᠱᠢᠭᠦᠨ ᠪᠡᠶ᠎ᠡ᠎ᠪᠠᠷ᠎ᠢᠶᠠᠨ ᠬᠡᠪ ᠳᠠᠭᠤᠷᠢᠶᠠᠯ ᠦᠵᠡᠬᠦᠯᠦᠨ ᠲᠣᠰᠭᠤᠨ᠎ᠤ ᠠᠷᠠᠳ᠎ᠢ ᠳᠠᠭᠠᠭᠤᠯᠤᠨ ᠬᠠᠮᠳᠤ᠎ᠪᠠᠷ ᠪᠠᠶᠠᠵᠢᠵᠤ᠂ ᠶᠠᠳᠠᠭᠤ ᠬᠦᠴᠢᠷᠳᠡᠯᠲᠡᠢ ᠡᠷᠦᠬᠡ᠎ᠶ᠋ᠢᠨ ᠣᠷᠣᠯᠭ᠎ᠠ᠎ᠶ᠋ᠢ ᠨᠡᠮᠡᠭ᠌ᠳᠡᠭᠦᠯᠬᠦ᠌ ᠪᠣᠯ ᠨᠠᠮ᠎ᠤᠨ ᠭᠡᠱᠢᠭᠦᠨ᠎ᠤ ᠭᠦᠢᠴᠡᠳᠭᠡᠪᠡᠰᠦ ᠵᠣᠬᠢᠬᠤ ᠬᠠᠷᠢᠭᠤᠴᠠᠯᠭ᠎ᠠ ᠪᠤᠯᠬᠤ ᠰᠠᠨ᠃

ᠮᠠᠯ᠎ᠤᠨ ᠡᠭᠦᠯᠳᠡᠷ᠎ᠢ ᠰᠠᠢᠵᠢᠷᠠᠭᠤᠯᠬᠤ ᠲᠦᠷᠦ᠍᠎ᠶ᠋ᠢᠨ ᠪᠤᠳᠤᠯᠭ᠎ᠠ᠎ᠶ᠋ᠢ ᠶᠡᠭᠡ᠎ᠪᠠᠷ ᠤᠬᠠᠭᠤᠯᠵᠤ᠂ ᠨᠠᠮ᠎ᠤᠨ ᠭᠡᠱᠢᠭᠦᠨ ᠲᠦᠷᠦᠭᠦᠯᠡᠨ ᠦᠬᠡᠷ ᠲᠡᠵᠢᠭᠡᠨ᠂ ᠲᠣᠰᠭᠤᠨ᠎ᠤ ᠠᠷᠠᠳ ᠠᠭᠠᠵᠢᠮ᠎ᠢᠶᠠᠷ ᠠᠱᠢᠭ ᠬᠦᠷᠲᠡᠬᠦ᠌ ᠵᠨ ᠤᠯᠠᠮ᠎ᠢᠶᠠᠷ ᠱᠢᠮᠧᠨ᠋ᠳᠡᠷ ᠦᠬᠡᠷ ᠲᠡᠵᠢᠭᠡᠬᠦ᠌᠎ᠶ᠋ᠢᠨ ᠰᠠᠢᠨ᠎ᠢ ᠣᠯᠵᠤ ᠮᠡᠳᠡᠭᠡᠳ ᠬᠤᠢᠨ᠎ᠠ ᠬᠤᠢᠨ᠎ᠠ᠎ᠠᠴᠠ᠎ᠪᠠᠨ ᠲᠡᠵᠢᠭᠡᠨ ᠦᠷᠡᠵᠢᠭᠦᠯᠪᠡ᠃ ᠤᠳᠤ ᠪᠦᠦ ᠴᠤᠭ᠍ᠯᠠᠭ᠎ᠠ᠎ᠶ᠋ᠢᠨ ᠦᠬᠡᠷ ᠦᠰᠦᠭᠡᠳ ᠨᠢᠭᠡᠨᠲᠡ 57 ᠪᠤᠯᠵᠤ᠂ ᠭᠠᠴᠠᠭᠠᠨ᠎ᠤ᠎ᠪᠠᠨ ᠦᠬᠡᠷ ᠲᠡᠵᠢᠭᠡᠬᠦ᠌ ᠲᠤᠮᠤ ᠡᠷᠦᠭᠡ ᠪᠣᠯᠵᠠᠢ᠃

 《ᠠᠵᠤ ᠦᠢᠯᠡᠰ᠎ᠢ ᠬᠥᠭ᠌ᠵᠢᠭᠦᠯᠬᠦ᠌ ᠪᠣᠯ ᠲᠠᠷᠢᠶᠠᠯᠠᠬᠤ ᠡᠷᠦᠬᠡ᠎ᠶ᠋ᠢ ᠳᠠᠢᠴᠢᠯᠠᠬᠤ ᠬᠠᠮᠤᠭ᠎ᠤᠨ ᠪᠦᠲᠦᠮᠵᠢᠲᠡᠶ ᠠᠷᠭ᠎ᠠ ᠵᠠᠮ᠂ ᠣᠷᠣᠯᠭ᠎ᠠ ᠱᠢᠭᠤᠳ ᠨᠡᠮᠡᠭ᠌ᠳᠡᠭᠦᠯᠬᠦ᠌ ᠬᠠᠮᠤᠭ᠎ᠤᠨ ᠰᠠᠢᠨ ᠠᠷᠭ᠎ᠠ ᠬᠡᠯᠪᠡᠷᠢ ᠪᠤᠯᠬᠤ ᠶᠤᠮ》 ᠭᠡᠵᠦ᠍ ᠠᠯᠲᠠᠨᠬᠤᠸᠠ ᠭᠠᠴᠠᠭ᠎ᠠ᠎ᠶ᠋ᠢ ᠳᠠᠭᠠᠭᠠᠴᠢᠯᠠᠨ ᠬᠠᠷᠢᠭᠤᠴᠠᠵᠤ ᠪᠠᠢᠭ᠎ᠠ ᠵᠠᠩ ᠦ᠋ ᠱᠢᠩ ᠶᠠᠷᠢᠵᠦ᠍ ᠪᠠᠢᠯ᠎ᠠ᠃ ᠠᠯᠲᠠᠨᠬᠤᠸᠠ ᠭᠠᠴᠠᠭ᠎ᠠ᠎ᠶ᠋ᠢᠨ ᠮᠠᠯᠴᠢᠨ ᠲᠠᠷᠢᠶᠠᠴᠢᠨ ᠦᠶ᠎ᠡ᠎ᠶ᠋ᠢᠨ ᠦᠶ᠎ᠡ᠎ᠳᠡᠭᠡᠨ ᠤᠯᠠᠮᠵᠢᠯᠠᠯᠲᠤ ᠠᠷᠭ᠎ᠠ᠎ᠪᠠᠷ ᠮᠠᠯ ᠮᠠᠯᠵᠢᠭ᠍ᠰᠠᠭᠠᠷ ᠢᠷᠡᠵᠡᠢ᠂ ᠤᠳᠤ ᠬᠠᠷᠢᠨ ᠴᠠᠭ᠎ᠤᠨ ᠪᠠᠢᠳᠠᠯ᠎ᠤᠨ ᠬᠠᠨᠳᠤᠰᠢ᠎ᠳᠤ ᠵᠤᠬᠢᠴᠠᠨ ᠤᠳᠤᠬᠢᠴᠢᠯᠠᠭ᠍ᠰᠠᠨ ᠮᠠᠯ ᠠᠵᠤ ᠠᠬᠤᠢ᠎ᠶ᠋ᠢ ᠬᠦᠭ᠌ᠵᠢᠬᠦᠯᠬᠦ᠌᠎ᠪᠠᠷ ᠵᠢᠯᠤᠭᠤ ᠰᠤᠩᠭᠠᠨ ᠤᠷᠤᠭ᠍ᠰᠢᠯᠠᠨ᠎ᠠ᠃ ᠠᠵᠤ ᠦᠢᠯᠡᠰ᠎ᠢ ᠬᠥᠭ᠌ᠵᠢᠭᠦᠯᠬᠦ᠌ ᠡᠬᠢᠨ᠎ᠤ ᠦᠶ᠎ᠡ᠎ᠳᠤ᠂ ᠮᠠᠯ᠎ᠤᠨ ᠡᠬᠦᠯᠳᠡᠷ᠎ᠢᠶᠠᠨ ᠲᠦᠢᠯᠪᠤᠷᠢᠲᠠᠢ ᠰᠤᠯᠢᠬᠤ ᠶᠤᠮ ᠦᠦ᠂ ᠡᠰᠡᠬᠦᠯ᠎ᠡ ᠨᠢᠳᠤᠨ ᠡᠮᠤᠨᠡᠬᠢ ᠲᠡᠵᠢᠭᠡᠪᠤᠷᠢ᠎ᠶ᠋ᠢᠨ ᠦᠢᠯᠡᠰ᠎ᠤᠨ ᠬᠥᠭ᠌ᠵᠢᠯᠲᠡ᠎ᠳᠤᠨᠢ ᠲᠤᠯᠭᠠᠷᠠᠭ᠍ᠰᠠᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠶᠤᠮ ᠦᠦ ᠭᠡᠳᠡᠭ᠎ᠲᠤ ᠤᠯᠠᠨ᠎ᠤ ᠰᠠᠨᠠᠯ ᠨᠢᠭᠡᠳᠬᠦ᠌ ᠦᠬᠡᠢ ᠪᠠᠢᠪᠠ᠃

ᠭᠠᠴᠠᠭᠠᠨ᠎ᠤ ᠠᠷᠠᠳ᠎ᠤᠨ ᠰᠡᠳᠭᠢᠯ᠎ᠢ ᠠᠮᠤᠷᠵᠢᠭᠤᠯᠬᠤ᠎ᠶ᠋ᠢᠨ ᠲᠥᠯᠥᠭᠡ᠂ ᠭᠠᠴᠠᠭᠠᠨ᠎ᠤ ᠨᠠᠮ᠎ᠤᠨ ᠡᠭᠦᠷ᠎ᠤᠨ᠎ᠬᠢᠨ ᠮᠠᠯ ᠠᠵᠤ ᠠᠬᠤᠢ᠎ᠶ᠋ᠢᠨ ᠲᠠᠭᠠᠭᠤᠯᠤᠭ᠍ᠴᠢ ᠠᠵᠤ ᠠᠬᠤᠢᠯᠠᠯ ᠪᠤᠯᠬᠤ ᠮᠧᠩ ᠪᠧᠨ ᠺᠣᠮᠫᠠᠨᠢ᠎ᠶ᠋ᠢ ᠣᠷᠣᠭᠤᠯᠤᠨ ᠠᠪᠴᠢᠷᠠᠵᠤ᠂ ᠭᠠᠴᠠᠭᠠᠨ᠎ᠳᠤ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠲᠠᠯᠠᠪᠠᠶ ᠪᠠᠢᠭᠤᠯᠤᠨ ᠲᠡᠷᠢᠭᠦᠨ᠎ᠤ ᠮᠡᠷᠭᠡᠵᠢᠯ ᠪᠠ ᠴᠢᠨᠠᠷ ᠰᠠᠢᠲᠠᠶ ᠲᠥᠷᠥᠯ ᠵᠦᠢᠯ᠎ᠢᠶᠠᠷ ᠠᠵᠤ ᠦᠢᠯᠡᠰ᠎ᠢ ᠲᠠᠰ ᠳᠡᠪᠱᠢᠭᠦᠯᠪᠡ᠃ ᠲᠠᠷᠢᠶᠠᠯᠠᠩ᠎ᠤᠨ ᠪᠠᠩᠬᠢ᠎ᠲᠠᠢ ᠬᠠᠷᠢᠯᠴᠠᠨ 1000 ᠭᠠᠷᠤᠶ ᠲᠦᠮᠡᠨ ᠲᠥᠭᠦᠷᠢᠭ᠎ᠤᠨ ᠦᠬᠡᠷ ᠲᠡᠵᠢᠭᠡᠬᠦ᠌ ᠵᠢᠭᠡᠯᠡᠯᠭᠡ ᠤᠯᠵᠤ᠂ ᠲᠡᠵᠢᠭᠡᠨ ᠦᠷᠡᠵᠢᠭᠦᠯᠬᠦ᠌ ᠴᠢᠳᠠᠪᠤᠷᠢ᠎ᠲᠠᠢ ᠮᠠᠰᠢ ᠣᠯᠠᠨ ᠡᠷᠦᠬᠡ᠎ᠶ᠋ᠢ ᠲᠠᠢᠴᠢᠯᠠᠨ ᠦᠬᠡᠷ ᠲᠡᠵᠢᠭᠡᠬᠦ᠌ ᠠᠵᠤ ᠦᠢᠯᠡᠰ᠎ᠲᠤ ᠢᠳᠡᠪᠬᠢᠳᠠᠢ ᠣᠷᠣᠯᠴᠠᠭᠤᠯᠪᠠ᠃ ᠡᠭᠦᠨ᠎ᠤ ᠬᠠᠮᠲᠤ᠌᠂ ᠱᠠᠩᠨᠠᠯ᠎ᠢᠶᠠᠷ ᠨᠦᠬᠦᠪᠤᠷᠢ᠎ᠶ᠋ᠢ ᠣᠷᠣᠯᠠᠭᠤᠯᠬᠤ ᠬᠡᠯᠪᠡᠷᠢ᠎ᠪᠠᠷ 150 ᠡᠷᠦᠬᠡ᠎ᠶ᠋ᠢᠨ ᠡᠷᠦᠬᠡ ᠪᠦᠷᠢ 80 ᠲᠡᠭ᠌ᠰᠢ ᠳᠥᠷᠪᠡᠯᠵᠢᠨ ᠮᠸᠲᠷ᠎ᠤᠨ ᠪᠠᠷᠢᠮᠵᠢᠶᠠᠲᠤ ᠬᠠᠱᠢᠶ᠎ᠠ ᠰᠠᠷᠠᠪᠴᠢ ᠪᠠᠷᠢᠬᠤ᠎ᠶ᠋ᠢ ᠵᠢᠯᠣᠭᠤᠳᠤᠨ ᠵᠣᠷᠢᠭ᠍ᠵᠢᠭᠤᠯᠵᠤ᠂ ᠲᠡᠵᠢᠭᠡᠨ ᠦᠷᠡᠵᠢᠭᠦᠯᠬᠦ᠌ ᠰᠠᠭᠤᠷᠢ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠭ᠍ᠰᠠᠨ ᠠᠵᠢ᠃ ᠤᠳᠤ ᠠᠯᠲᠠᠨᠬᠤᠸᠠ ᠭᠠᠴᠠᠭᠠᠨ᠎ᠤ 420 ᠡᠷᠦᠬᠡ᠎ᠶ᠋ᠢᠨ ᠳᠣᠲᠣᠷ᠎ᠠ᠎ᠠᠴᠠ 280 ᠡᠷᠦᠬᠡ᠎ᠨᠢ ᠦᠬᠡᠷ ᠲᠡᠵᠢᠭᠡᠵᠤ᠂ ᠲᠡᠵᠢᠭᠡᠵᠤ ᠪᠠᠢᠭ᠎ᠠ ᠦᠬᠡᠷ᠎ᠤᠨ ᠲᠤᠭ᠎ᠠ᠎ᠨᠢ 3000 ᠎ᠶ᠋ᠢ ᠲᠠᠪᠠᠨ᠂ ᠠᠯᠲᠠᠨᠬᠤᠸᠠ᠎ᠶ᠋ᠢᠨ 《ᠦᠬᠡᠷ ᠲᠡᠵᠢᠭᠡᠬᠦ᠌ ᠲᠤᠰᠭᠠᠶ ᠲᠣᠰᠭᠤᠨ》 ᠎ᠤ ᠨᠡᠷ᠎ᠡ ᠠᠯᠳᠠᠷ ᠠᠭᠠᠵᠢᠮ᠎ᠢᠶᠠᠷ ᠮᠠᠨᠳᠤᠭ᠍ᠰᠠᠨ ᠪᠠᠢᠨ᠎ᠠ᠃

ᠮᠠᠯᠴᠢᠨ ᠲᠠᠷᠢᠶᠠᠴᠢᠨ᠎ᠤ ᠣᠯᠠᠨ ᠵᠠᠭᠤᠨ ᠵᠢᠯ ᠳᠠᠪᠳᠠᠭ᠍ᠰᠠᠨ ᠤᠯᠠᠮᠵᠢᠯᠠᠯᠲᠤ ᠲᠡᠵᠢᠭᠡᠨ ᠦᠷᠡᠵᠢᠭᠦᠯᠬᠦ᠌ ᠵᠠᠭ᠍ᠪᠤᠷ᠎ᠤᠨ ᠬᠤᠪᠢᠷᠠᠬᠤ᠎ᠶ᠋ᠢ ᠲᠠᠭᠠᠯᠳᠤᠨ ᠠᠯᠲᠠᠨᠬᠤᠸᠠ ᠭᠠᠴᠠᠭᠠᠨ᠎ᠤ ᠲᠠᠷᠢᠮᠠᠯ᠎ᠤᠨ ᠦᠢᠯᠡᠰ ᠴᠦ᠍ ᠬᠡᠯᠪᠡᠷᠢ᠎ᠪᠠᠨ ᠬᠤᠪᠢᠷᠠᠭᠤᠯᠬᠤ ᠰᠠᠢᠨ ᠲᠣᠬᠢᠶᠠᠯ᠎ᠢ ᠤᠭ᠍ᠳᠤᠨ ᠠᠪᠴᠢᠷᠠᠪᠠ᠃ ᠭᠠᠴᠠᠭᠠᠨ᠎ᠤ 1000 ᠮᠦ᠍᠎ᠶ᠋ᠢᠨ ᠵᠢᠮᠢᠰ ᠲᠡᠭᠦᠬᠦ᠌ ᠬᠦᠷᠢᠶᠡᠯᠡᠩ᠎ᠳᠤ ᠠᠭᠠᠯᠢᠭ ᠠᠯᠢᠮ᠎ᠠ᠂ ᠠᠯᠮᠤᠷᠠᠳ᠂  ᠭᠦᠢᠯᠡᠰᠦ ᠵᠡᠷᠭᠡ 7 ᠵᠦᠢᠯ᠎ᠤᠨ ᠵᠢᠮᠢᠰ᠎ᠤᠨ ᠮᠤᠳᠤ ᠳᠠᠷᠢᠵᠤ᠂ ᠭᠠᠴᠠᠭᠠᠨ᠎ᠤ ᠲᠠᠷᠢᠶᠠᠯᠠᠬᠤ᠎ᠶ᠋ᠢ ᠵᠣᠭ᠍ᠰᠣᠭᠠᠨ ᠮᠤᠳᠤ ᠲᠠᠷᠢᠵᠤ ᠤᠢ᠍ᠢᠵᠢᠭᠤᠯᠤᠭ᠍ᠰᠠᠨ 23 ᠡᠷᠦᠬᠡ᠎ᠳᠤ ᠠᠱᠢᠭ ᠬᠦᠷᠲᠡᠭᠡᠭ᠌ᠰᠡᠨ᠎ᠢᠶᠠᠷ ᠪᠠᠷᠠᠬᠤ ᠥᠬᠡᠶ᠂ ᠭᠠᠴᠠᠭᠠᠨ᠎ᠤ ᠬᠠᠮᠲᠤ᠎ᠶ᠋ᠢᠨ ᠠᠵᠤ ᠠᠬᠤᠢ᠎ᠳᠤ ᠵᠢᠯ ᠪᠦᠷᠢ 10 ᠭᠠᠷᠤᠶ ᠲᠦᠮᠡᠨ ᠲᠥᠭᠦᠷᠢᠭ᠎ᠤᠨ ᠣᠷᠣᠯᠭ᠎ᠠ ᠨᠠᠮᠡᠷᠢᠯᠡᠵᠤ᠂ ᠠᠵᠤ ᠠᠬᠤᠶ ᠪᠠ ᠠᠮᠢ ᠠᠬᠤᠶ᠎ᠶ᠋ᠢᠨ ᠬᠤᠤᠰ ᠦᠷ᠎ᠡ ᠠᠱᠢᠭ᠎ᠢ ᠪᠡᠶᠡᠯᠡᠭᠦᠯᠵᠠᠢ᠃

ᠠᠯᠲᠠᠨᠬᠤᠸᠠ ᠭᠠᠴᠠᠭᠠᠨ᠎ᠤ ᠨᠠᠮ᠎ᠤᠨ ᠡᠭᠦᠷ ᠨᠢᠭᠡ ᠴᠤᠭ᠍ᠴᠠᠵᠢᠭᠤᠯᠤᠨ ᠳᠡᠭᠡᠭ᠌ᠰᠢᠯᠡᠭᠦᠯᠬᠦ᠌ ᠲᠣᠭᠤᠷᠢᠨ᠎ᠳᠤ ᠣᠷᠣᠨ ᠪᠦᠰᠡᠴᠢᠯᠡᠭ᠌ᠰᠡᠨ ᠵᠠᠰᠠᠯᠲᠠ᠎ᠶ᠋ᠢᠨ ᠱᠢᠨ᠎ᠡ᠎ᠶ᠋ᠢ ᠡᠭᠦᠳᠴᠦ᠍᠂ ᠠᠯᠲᠠᠨᠬᠤᠸᠠ ᠭᠠᠴᠠᠭ᠎ᠠ᠎ᠪᠠᠷ ᠭᠤᠤᠯ ᠪᠣᠯᠭᠠᠨ᠂ ᠡᠷᠬᠢᠨ ᠲᠣᠭᠤᠷᠢᠨ᠎ᠤ ᠮᠠᠯᠤᠷᠳᠤ᠂ ᠴᠢᠬᠢᠲᠦ᠍᠂ ᠪᠠᠶᠠᠨᠬᠤᠸᠠ᠂ ᠪᠠᠶᠠᠨ ᠵᠢᠯᠠᠭ᠎ᠠ ᠵᠡᠷᠭᠡ 4 ᠭᠠᠴᠠᠭ᠎ᠠ᠎ᠶ᠋ᠢ ᠳᠠᠢᠴᠢᠯᠠᠨ᠂ ᠨᠠᠮ᠎ᠤᠨ ᠭᠡᠱᠢᠭᠦᠨ ᠬᠠᠮᠲᠤ᠎ᠪᠠᠷ ᠬᠠᠮᠢᠶᠠᠷᠬᠤ᠂ ᠠᠵᠢᠯᠯᠠᠭ᠎ᠠ᠎ᠶ᠋ᠢ ᠬᠠᠮᠳᠤ᠎ᠪᠠᠷ ᠥᠷᠨᠢᠭᠦᠯᠬᠦ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠤᠴᠢᠷ ᠶᠠᠪᠤᠳᠠᠯ᠎ᠢ ᠬᠠᠮᠲᠤ᠎ᠪᠠᠷ ᠵᠥᠪᠳᠡᠯᠴᠡᠬᠦ᠌᠎ᠪᠠᠷ ᠲᠠᠮᠵᠢᠨ ᠣᠷᠣᠨ ᠪᠦᠰᠡᠴᠢᠯᠡᠭ᠌ᠰᠡᠨ ᠠᠷᠠᠳ᠎ᠢ ᠪᠠᠶᠠᠵᠢᠭᠤᠯᠬᠤ ᠨᠠᠮ᠎ᠤᠨ ᠪᠠᠢᠭᠤᠯᠤᠯᠲᠠ᠎ᠶ᠋ᠢᠨ ᠬᠥᠭ᠌ᠵᠢᠯᠲᠡ᠎ᠶ᠋ᠢᠨ ᠪᠠᠢᠷᠢᠱᠢᠯ᠎ᠢ ᠪᠦᠷᠢᠯᠳᠦᠭᠦᠯᠵᠦ᠍᠂ 5 ᠭᠠᠴᠠᠭᠠᠨ᠎ᠤ ᠠᠵᠤ ᠦᠢᠯᠡᠰ ᠥᠷᠨᠢᠨ ᠬᠥᠭ᠌ᠵᠢᠵᠦ᠍᠂ ᠣᠯᠠᠨ ᠲᠦᠮᠡᠨ᠎ᠤ ᠪᠣᠯᠪᠠᠰᠤᠨ᠎ᠤ ᠬᠡᠮᠵᠢᠶ᠎ᠡ ᠦᠳᠲᠡᠷ ᠲᠦᠷᠭᠡᠨ ᠳᠡᠭᠡᠭ᠌ᠰᠢᠯᠡᠵᠦ᠍᠂ ᠣᠶᠤᠨ ᠰᠠᠨᠠᠭᠠᠨ᠎ᠤ ᠳᠦᠷᠰᠦ ᠪᠠᠢᠳᠠᠯ ᠪᠦᠬᠦᠯᠢ ᠴᠣᠭ᠍ᠴᠠ᠎ᠪᠠᠷ᠎ᠢᠶᠠᠨ ᠰᠠᠢᠵᠢᠷᠠᠪᠠ᠃

ᠡᠯ᠎ᠡ ᠵᠦᠢᠯ᠎ᠤᠨ ᠠᠵᠢᠯ ᠦᠢᠯᠡᠰ ᠴᠡᠴᠡᠭ᠌ᠯᠡᠨ ᠬᠥᠭ᠌ᠵᠢᠵᠦ᠍᠂ ᠣᠯᠠᠨ ᠲᠦᠮᠡᠨ᠎ᠤ ᠡᠷᠴᠢ ᠵᠣᠷᠢᠭ ᠨᠠᠩ ᠬᠥᠪᠴᠢᠯᠡᠭ᠌ᠳᠡᠨ᠂ ᠠᠯᠲᠠᠨᠬᠤᠸᠠ ᠭᠠᠴᠠᠭ᠎ᠠ ᠶᠠᠭ ᠬᠠᠮᠲᠤ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠌ ᠲᠠᠭᠠᠭᠠᠮᠠᠭᠠᠢ ᠬᠦᠭ᠌ᠵᠢᠯᠳᠡ᠎ᠶ᠋ᠢᠨ ᠨᠦᠬᠡᠴᠡ ᠬᠦᠴᠦᠨ᠎ᠢᠶᠠᠨ ᠢᠯᠡᠷᠡᠭᠦᠯᠵᠦ᠍ ᠪᠠᠢᠨ᠎ᠠ᠃ 《ᠪᠢᠳᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠦᠲᠦᠭᠡᠯᠴᠢ ᠬᠦᠴᠦᠨ᠂ ᠨᠢᠭ᠍ᠲᠠᠷᠠᠯ᠎ᠤᠨ ᠬᠦᠴᠦᠨ ᠪᠠ ᠳᠠᠢᠴᠢᠨ ᠬᠦᠴᠦᠨ᠎ᠢ ᠦᠷᠭᠦᠯᠵᠢᠯᠡᠨ ᠴᠢᠩᠭᠠᠷᠠᠭᠤᠯᠵᠤ᠂ ᠭᠠᠴᠠᠭᠠᠨ᠎ᠤ ᠠᠷᠠᠳ᠎ᠢ ᠲᠠᠭᠠᠭᠤᠯᠤᠨ ᠣᠨᠴᠠᠯᠢᠭ᠍ᠲᠤ ᠠᠵᠤ ᠦᠢᠯᠡᠰ᠎ᠢ ᠬᠥᠭ᠌ᠵᠢᠭᠦᠯᠵᠦ᠍᠂ ᠠᠵᠤ ᠦᠢᠯᠡᠰ᠎ᠤᠨ ᠬᠦᠭ᠌ᠵᠢᠯ ᠮᠠᠨᠳᠤᠯ᠎ᠪᠠᠷ ᠤᠯᠠᠨ᠎ᠤ ᠤᠷᠤᠯᠭ᠎ᠠ᠎ᠶ᠋ᠢ ᠨᠡᠮᠡᠭ᠌ᠳᠡᠬᠦᠯᠦᠨ᠎ᠠ》 ᠭᠡᠵᠦ᠍ ᠵᠠᠩ ᠡᠤ ᠱᠢᠩ ᠢᠳᠡᠬᠡᠯ ᠲᠠᠬᠦᠯᠳᠡᠷ ᠬᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号