ᠥᠪᠥᠷ ᠮᠣᠩᠭᠤᠯ ᠬᠠᠤᠯᠢ ᠲᠣᠭ᠍ᠲᠠᠭᠠᠵᠤ ᠨᠤᠲᠤᠭ ᠪᠡᠯᠴᠢᠭᠡᠷ᠎ᠤᠨ ᠠᠮᠢ ᠠᠬᠤᠶ ᠣᠷᠴᠢᠨ ᠲᠣᠭᠤᠷᠢᠨ᠎ᠢ ᠬᠠᠮᠠᠭᠠᠯᠠᠵᠤ ᠪᠠᠢᠨ᠎ᠡ
2021-10-02 09:43:54
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠱᠢᠨᠬᠤᠸᠠ ᠬᠤᠷᠢᠶᠠᠨ᠎ᠤ ᠬᠥᠬᠡᠬᠤᠲᠠ᠎ᠶ᠋ᠢᠨ 10 ᠰᠠᠷ᠎ᠠ᠎ᠶ᠋ᠢᠨ 1 ᠎ᠤ ᠴᠠᠬᠢᠯᠭᠠᠨ ᠮᠡᠳᠡᠭᠡ (ᠰᠤᠷᠪᠤᠯᠵᠢᠯᠠᠭ᠍ᠴᠢ ᠯᠢ ᠶᠦᠨ ᠫᠢᠩ ᠾᠧᠦ ᠸᠧᠶ ᠢ) ᠰᠤᠷᠪᠤᠯᠵᠢᠯᠠᠭ᠍ᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠠᠴᠠ ᠣᠢᠯᠠᠭᠠᠭ᠍ᠰᠠᠨ᠎ᠢᠶᠠᠷ᠂ 10 ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠨ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠢ ᠲᠡᠩᠴᠡᠭᠦᠷᠢᠲᠡᠶ ᠪᠠᠢᠯᠭᠠᠬᠤ ᠪᠠ ᠪᠡᠯᠴᠢᠭᠡᠷᠯᠡᠭᠦᠯᠬᠦ᠌᠎ᠶ᠋ᠢ ᠴᠠᠭᠠᠵᠠᠯᠠᠵᠤ ᠰᠡᠯᠭᠦᠨ ᠮᠠᠯᠵᠢᠬᠤ ᠲᠦᠷᠢᠮ》 ᠎ᠢ ᠬᠡᠷᠡᠭ᠌ᠵᠢᠭᠦᠯᠵᠦ᠍᠂ ᠥᠪᠥᠷ ᠮᠣᠩᠭᠤᠯ᠎ᠤᠨ ᠨᠤᠲᠤᠭ ᠪᠡᠯᠴᠢᠭᠡᠷ᠎ᠢ ᠬᠠᠤᠯᠢ ᠶᠣᠰᠣᠭᠠᠷ ᠬᠠᠮᠠᠭᠠᠯᠠᠬᠤ᠂ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠬᠤ᠂ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠥᠨᠢᠳᠡ ᠦᠷᠭᠦᠯᠵᠢᠯᠡᠨ ᠠᠱᠢᠬ᠍ᠯᠠᠬᠤ᠎ᠶ᠋ᠢ ᠠᠬᠢᠭᠤᠯᠬᠤ᠎ᠪᠠᠷ ᠪᠠᠢᠨ᠎ᠠ᠃

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠠᠤᠯᠢ ᠲᠦᠷᠢᠮ᠎ᠤᠨ ᠠᠵᠢᠯ᠎ᠤᠨ ᠵᠥᠪᠯᠡᠯ᠎ᠤᠨ ᠳᠡᠳ᠋ ᠡᠷᠬᠢᠯᠡᠭ᠌ᠴᠢ᠎ᠶ᠋ᠢᠨ ᠭᠦᠸᠧ ᠬᠤᠶ᠂ ᠲᠣᠰ ᠲᠦᠷᠢᠮ᠎ᠨᠢ ᠨᠤᠲᠤᠭ ᠪᠡᠯᠴᠢᠭᠡᠷ᠎ᠢ ᠬᠡᠷᠡᠭ᠌ᠯᠡᠭ᠌ᠴᠢ᠂ ᠨᠤᠲᠤᠭ ᠪᠡᠯᠴᠢᠭᠡᠷ᠎ᠢ ᠳᠠᠭᠠᠭᠠᠴᠢᠯᠠᠨ ᠡᠵᠡᠩᠨᠡᠭ᠌ᠴᠢ᠎ᠶ᠋ᠢᠨ ᠨᠤᠲᠤᠭ ᠪᠡᠯᠴᠢᠭᠡᠷ᠎ᠢ ᠬᠠᠮᠠᠭᠠᠯᠠᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠳᠣᠪᠤᠢᠯᠭᠠᠵᠤ᠂ ᠨᠤᠲᠤᠭ ᠪᠡᠯᠴᠢᠭᠡᠷ᠎ᠢ ᠬᠡᠷᠡᠭ᠌ᠯᠡᠭ᠌ᠴᠢ᠂ ᠨᠤᠲᠤᠭ ᠪᠡᠯᠴᠢᠭᠡᠷ᠎ᠢ ᠳᠠᠭᠠᠭᠠᠴᠢᠯᠠᠨ ᠡᠵᠡᠩᠨᠡᠭ᠌ᠴᠢ ᠪᠣᠯ ᠨᠤᠲᠤᠭ ᠪᠡᠯᠴᠢᠭᠡᠷ᠎ᠢ ᠬᠠᠮᠠᠭᠠᠯᠠᠬᠤ ᠭᠤᠤᠯ ᠴᠣᠭ᠍ᠴᠠ ᠮᠥᠨ᠂ ᠨᠤᠲᠤᠭ ᠪᠡᠯᠴᠢᠭᠡᠷ᠎ᠢ ᠬᠠᠤᠯᠢ ᠶᠣᠰᠣᠭᠠᠷ ᠬᠠᠮᠠᠭᠠᠯᠠᠬᠤ ᠪᠠ ᠵᠦᠶ ᠵᠣᠬᠢᠰᠲᠠᠶ ᠠᠱᠢᠬ᠍ᠯᠠᠵᠤ᠂ ᠮᠠᠯ ᠪᠡᠯᠴᠢᠭᠡᠷ᠎ᠢ ᠲᠡᠩᠴᠡᠭᠦᠷᠢᠲᠡᠶ ᠪᠠᠢᠯᠭᠠᠬᠤ ᠪᠠ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠰᠡᠯᠭᠦᠨ ᠮᠠᠯᠵᠢᠬᠤ ᠲᠦᠷᠢᠮ᠎ᠢ ᠵᠢᠷᠤᠮᠯᠠᠵᠤ᠂ ᠨᠤᠲᠤᠭ ᠪᠡᠯᠴᠢᠭᠡᠷ᠎ᠢ ᠬᠠᠮᠠᠭᠠᠯᠠᠬᠤ ᠡᠭᠦᠷᠭᠡ᠎ᠪᠠᠨ ᠭᠦᠶᠴᠡᠳᠭᠡᠬᠦ᠌ ᠬᠡᠷᠡᠭ᠌ᠲᠡᠶ ᠭᠡᠵᠦ᠍ ᠲᠣᠭ᠍ᠲᠠᠭᠠᠵᠠᠶ᠃

ᠶᠢᠨ ᠭᠦᠸᠧ ᠬᠤᠢ᠂ ᠲᠤᠰ ᠲᠦᠷᠢᠮ᠎ᠤᠨ ᠲᠣᠭ᠍ᠲᠠᠭᠠᠯ᠎ᠢ ᠦᠨᠳᠦᠰᠦᠯᠡᠨ᠂ ᠥᠪᠥᠷ ᠮᠣᠩᠭᠤᠯ ᠮᠠᠯ ᠪᠡᠯᠴᠢᠭᠡᠷ᠎ᠤᠨ ᠲᠡᠩᠴᠡᠭᠦᠷᠢ᠎ᠶ᠋ᠢ ᠪᠠᠲᠤᠯᠠᠬᠤ ᠪᠠ ᠪᠡᠯᠴᠢᠭᠡᠷᠯᠡᠭᠦᠯᠬᠦ᠌᠎ᠶ᠋ᠢ ᠴᠠᠭᠠᠵᠠᠯᠠᠵᠤ ᠪᠡᠯᠴᠢᠭᠡᠷ᠎ᠢ ᠰᠡᠷᠭᠦᠭᠡᠬᠦ᠌ ᠤᠯᠠᠨ ᠡᠱᠢᠵᠢᠭ᠌ᠰᠡᠨ ᠨᠥᠬᠦᠪᠥᠷᠢ᠎ᠶ᠋ᠢᠨ ᠲᠣᠭ᠍ᠲᠡᠴᠡ᠎ᠶ᠋ᠢ ᠪᠠᠢᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠦᠷ᠎ᠡ ᠪᠦᠲᠦᠮᠵᠢ᠎ᠶ᠋ᠢ ᠨᠥᠬᠦᠪᠥᠷᠢ ᠱᠠᠩᠨᠠᠯ᠎ᠤᠨ ᠪᠡᠯᠡ ᠮᠥᠩᠭᠦ᠎ᠶ᠋ᠢᠨ ᠬᠤᠪᠢᠶᠠᠷᠢᠯᠠᠯᠲᠠ᠎ᠲᠠᠢ ᠬᠤᠯᠪᠣᠭ᠍ᠳᠠᠭᠤᠯᠬᠤ ᠤᠷᠮᠠᠱᠢᠭᠤᠯᠤᠨ ᠬᠢᠵᠠᠭᠠᠷᠯᠠᠬᠤ ᠲᠦᠷᠦ᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠨᠤᠲᠤᠭ ᠪᠡᠯᠴᠢᠭᠡᠷ᠎ᠤᠨ ᠠᠮᠢ ᠠᠬᠤᠢ᠎ᠶ᠋ᠢᠨ ᠬᠠᠮᠠᠭᠠᠯᠠᠭ᠍ᠴᠢ᠎ᠳᠤ ᠨᠥᠬᠦᠪᠥᠷᠢ ᠣᠯᠭᠤᠬᠤ᠂ ᠬᠤᠬᠢᠷᠠᠭᠤᠯᠤᠬ᠍ᠴᠢ ᠬᠠᠷᠢᠭᠤᠴᠠᠨ ᠲᠥᠯᠥᠪᠦᠷᠢ ᠥᠭ᠌ᠬᠦ ᠲᠦᠷᠢᠮ᠎ᠢ ᠴᠢᠩᠭ᠎ᠠ ᠬᠡᠷᠡᠭ᠌ᠵᠢᠭᠦᠯᠪᠡ᠃

ᠥᠪᠥᠷ ᠮᠣᠩᠭᠤᠯ᠄ ᠬᠦᠨᠳᠦ ᠨᠣᠴᠢᠲᠠᠶ ᠲᠠᠴᠢᠷᠳᠠᠭ᠍ᠰᠠᠨ ᠡᠯᠡᠰᠦᠷᠬᠡᠭ᠌ᠵᠢᠭ᠌ᠰᠡᠨ ᠨᠤᠲᠤᠭ ᠪᠡᠯᠴᠢᠭᠡᠷ᠂ ᠪᠡᠯᠴᠢᠭᠡᠷᠯᠡᠭᠦᠯᠬᠦ᠌᠎ᠳᠤ ᠳᠣᠭᠢᠷᠠᠬᠤ ᠥᠬᠡᠶ ᠳᠤᠮᠳᠠ ᠬᠡᠮᠵᠢᠶᠡᠨ᠎ᠤ ᠲᠠᠴᠢᠷᠳᠠᠭ᠍ᠰᠠᠨ ᠡᠯᠡᠰᠦᠷᠬᠡᠭ᠌ᠵᠢᠭ᠌ᠰᠡᠨ ᠨᠤᠲᠤᠭ ᠪᠡᠯᠴᠢᠭᠡᠷ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ ᠪᠠ ᠴᠢᠬᠤᠯᠠ ᠨᠤᠭᠤ ᠭᠠᠵᠠᠷ᠎ᠤᠨ ᠨᠤᠲᠤᠭ ᠪᠡᠯᠴᠢᠭᠡᠷ ᠵᠢᠴᠢ ᠪᠤᠰᠤᠳ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠴᠢᠬᠤᠯᠠᠲᠠᠶ ᠨᠤᠲᠤᠭ ᠪᠡᠯᠴᠢᠭᠡᠷ᠎ᠢ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠣᠷᠣᠨ᠎ᠳᠤ ᠣᠷᠣᠭᠤᠯᠤᠨ᠎ᠡ; ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠣᠷᠣᠨ᠎ᠢ 5 ᠵᠢᠯ ᠪᠦᠷᠢ᠎ᠳᠤ ᠨᠢᠭᠡ ᠤᠳᠠᠭ᠎ᠠ ᠵᠠᠭᠠᠭ᠍ᠯᠠᠨ ᠲᠣᠭ᠍ᠲᠠᠭᠠᠨ᠎ᠠ; ᠤᠷᠭᠤᠮᠠᠯ᠎ᠤᠨ ᠬᠤᠴᠢᠯᠭ᠎ᠠ᠎ᠶ᠋ᠢ ᠪᠦᠲᠦᠮᠵᠢᠲᠡᠶ ᠰᠡᠷᠭᠦᠭᠡᠭ᠌ᠰᠡᠨ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠣᠷᠣᠨ᠎ᠤ ᠨᠤᠲᠤᠭ ᠪᠡᠯᠴᠢᠭᠡᠷ᠎ᠢ ᠮᠠᠯ ᠪᠡᠯᠴᠢᠭᠡᠷ᠎ᠢ ᠲᠡᠩᠴᠡᠭᠦᠷᠢᠲᠡᠶ ᠪᠠᠢᠯᠭᠠᠬᠤ ᠣᠷᠣᠨ ᠪᠣᠯᠭᠠᠨ ᠲᠣᠬᠢᠷᠠᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠪᠡᠯᠴᠢᠭᠡᠷᠯᠡᠭᠦᠯᠦᠨ ᠠᠱᠢᠬ᠍ᠯᠠᠨ᠎ᠠ ᠭᠡᠵᠤ ᠲᠤᠳᠤᠷᠬᠠᠢ ᠲᠤᠬ᠍ᠳᠠᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号